ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠠᠮᠲᠤᠷᠠᠨ ᠠᠵᠢᠯᠯᠠᠵᠤ ᠬᠠᠮᠲᠤᠷᠠᠨ ᠬᠦᠳᠡᠯᠦᠯᠴᠡᠬᠦ᠎ᠪᠠᠨ ᠴᠢᠩᠭ᠋ᠠᠷᠠᠭᠤᠯᠤᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠬᠥᠯᠥᠨ ᠪᠣᠶ᠋ᠢᠷ᠎ᠲᠠᠬᠢ ᠬᠤᠪᠢᠶᠠᠷᠢ ᠺᠣᠮᠫᠠᠨᠢ᠎ᠨᠢ ᠲᠣᠣᠷ ᠰᠦᠯᠵᠢᠶ᠎ᠡ ᠵᠢ ᠵᠠᠪᠳᠤᠨ ᠵᠠᠰᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2020-11-10




     11 ᠳ᠋ᠦ᠍ᠭᠡᠷ ᠰᠠᠷ᠎ᠠ ᠵᠢᠨ 3᠎ᠤ ᠦᠳᠡ ᠵᠢᠨ ᠡᠮᠦᠨᠡᠬᠢ 11 ᠴᠠᠭ᠎ᠲᠤ᠂ G10 ᠰᠤᠹᠸᠨ᠎ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠤᠭᠤᠲᠤ᠎ᠠᠴᠠ ᠦᠪᠡᠷ ᠮᠣᠩᠭᠤᠯ ᠬᠢᠭᠡᠳ ᠬᠠᠷᠠᠮᠦ᠋ᠷᠡᠨ᠎ᠤ ᠵᠠᠭ᠋ᠠᠭ ᠬᠦᠷᠬᠦ ᠵᠠᠮ᠎ᠤᠨ ᠬᠡᠰᠡᠭ᠎ᠲᠤ ᠭᠡᠨᠡᠳᠲᠡ᠎ᠪᠠᠷ ᠰᠦᠯᠵᠢᠶᠡᠨ᠎ᠤ ᠰᠠᠭ᠋ᠠᠲᠠᠯ ᠭᠠᠷᠴᠤ᠂ ᠬᠥᠯᠥᠨ ᠪᠣᠢ᠌ᠷ᠎ᠲᠠᠬᠢ ᠬᠤᠪᠢᠶᠠᠷᠢ ᠺᠣᠮᠫᠠᠨᠢ ᠵᠢᠨ ᠮᠠᠰᠢᠨ ᠴᠠᠬᠢᠯᠭ᠋ᠠᠨ᠎ᠢ ᠰᠡᠯᠪᠢᠨ ᠵᠠᠰᠠᠬᠤ ᠡᠭᠡᠯᠵᠢ ᠳᠤᠭᠤᠶ᠋ᠢᠯᠠᠩ᠎ᠨᠢ ᠵᠠᠪᠳᠤᠨ ᠵᠠᠰᠠᠬᠤ ᠡᠭᠦᠷᠭᠡ ᠵᠢ ᠪᠠᠴᠢᠮ ᠭᠦᠢ᠍ᠴᠡᠳᠬᠡᠵᠦ᠂ ᠲᠡᠷᠡ ᠳᠠᠷᠤᠶ᠎ᠳᠤ᠎ᠨᠢ ᠬᠢᠩᠭ᠋ᠠᠨ ᠳᠠᠪᠠᠭ᠎ᠠ ᠦᠢ᠍ᠯᠡᠴᠢᠯᠡᠭᠡᠨ᠎ᠤ ᠲᠣᠭᠤᠷᠢᠭ᠎ᠤᠨ ᠲᠤᠬᠠᠶ ᠵᠢᠨ ᠲᠠᠯᠠᠪᠤᠷ᠎ᠲᠤ ᠬᠦᠷᠴᠦ᠂ ᠲᠣᠰ ᠭᠠᠵᠠᠷ᠎ᠤᠨ ᠭᠡᠷᠡᠯᠯᠢᠭ ᠳᠡᠭᠡᠰᠦᠨ᠎ᠳᠤ ᠪᠥᠬᠥ ᠲᠠᠯ᠎ᠠ ᠵᠢᠨ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ ᠦᠷᠨᠢᠭᠦᠯᠪᠡ᠃ ᠣᠯᠠᠨ ᠲᠠᠯ᠎ᠠ ᠵᠢᠨ ᠴᠢᠷᠮᠠᠶ᠋ᠢᠯᠭ᠎ᠠ᠎ᠪᠠᠷ ᠳᠠᠮᠵᠢᠨ᠂ 17 ᠴᠠᠭ 21 ᠮᠢᠨᠦ᠋ᠲ᠎ᠲᠤ ᠬᠢᠩᠭ᠋ᠠᠨ ᠳᠠᠪᠠᠭ᠎ᠠ ᠦᠢ᠍ᠯᠡᠴᠢᠯᠡᠭᠡᠨ᠎ᠤ ᠲᠣᠭᠣᠷᠢᠭ᠎ᠤᠨ ᠶᠠᠪᠠᠭ᠋ᠠᠨ ᠬᠥᠮᠦᠨ᠎ᠤ ᠨᠡᠪᠲᠡᠷᠡᠬᠦ ᠵᠠᠮ᠎ᠤᠨ ᠭᠣᠯᠳᠤᠩ᠎ᠳᠤ ᠨᠢᠭᠡᠳᠦᠭᠡᠷ ᠰᠠᠭ᠋ᠠᠳ᠎ᠤᠨ ᠴᠡᠭ᠎ᠢ ᠡᠷᠢᠵᠦ ᠣᠯᠤᠭᠰᠠᠨ ᠪᠣᠯᠪᠠᠴᠤ ᠵᠠᠰᠠᠨ ᠰᠡᠷᠭᠦᠭᠡᠬᠦ᠎ᠪᠠᠷ ᠳᠠᠮᠵᠢᠭ᠋ᠠᠳ ᠰᠦᠯᠵᠢᠶ᠎ᠡ ᠵᠢ ᠮᠥᠨ ᠯᠡ ᠰᠡᠷᠭᠦᠭᠡᠳᠦᠶ ᠪᠠᠢ᠌ᠪᠠ᠃ ᠳᠠᠷᠠᠭ᠎ᠠ᠎ᠨᠢ ᠪᠤᠰᠤᠳ ᠰᠠᠭ᠋ᠠᠳ᠎ᠤᠨ ᠴᠡᠭ᠎ᠲᠤ ᠪᠠᠶ᠋ᠢᠴᠠᠭ᠋ᠠᠯᠲᠠ ᠬᠢᠬᠦ ᠶᠠᠪᠤᠴᠠ᠎ᠳᠤ᠂ ᠬᠢᠩᠭ᠋ᠠᠨ ᠳᠠᠪᠠᠭ᠎ᠠ ᠦᠢ᠍ᠯᠡᠴᠢᠯᠡᠭᠡᠨ᠎ᠤ ᠲᠣᠭᠣᠷᠢᠭ᠎ᠤᠨ K1056+100 ᠲᠡᠭᠡᠭᠡᠰᠢ ᠳᠣᠷᠣᠭᠰᠢ ᠶᠠᠪᠤᠬᠤ ᠵᠠᠮ ᠵᠢᠨ ᠳᠤᠮᠳᠠ ᠭᠠᠷ ᠬᠤᠳᠳᠤᠭ᠎ᠤᠨ ᠬᠡᠰᠡᠭ᠎ᠲᠤ ᠭᠡᠷᠡᠯᠯᠢᠭ ᠳᠡᠭᠡᠰᠦᠨ᠎ᠤ ᠲᠠᠰᠤᠯᠳᠠᠯ᠎ᠤᠨ ᠴᠡᠭ᠎ᠢ ᠢᠯᠡᠷᠡᠭᠦᠯᠦᠭᠰᠡᠨ ᠮᠥᠷᠲᠡᠭᠡᠨ ᠵᠠᠪᠳᠤᠨ ᠵᠠᠰᠠᠬᠤ ᠦᠶ᠎ᠡ᠎ᠳᠤ 1.5 ᠮᠧᠲᠷ᠎ᠤᠨ ᠭᠦᠨ ᠬᠤᠳᠳᠤᠭ ᠳᠣᠲᠣᠷ᠎ᠠ ᠨᠢᠭᠡ ᠬᠡᠭᠡᠷ᠎ᠡ ᠵᠢᠨ ᠦᠨᠡᠭᠡ ᠪᠠᠶ᠋ᠢᠬᠤ ᠵᠢ ᠣᠯᠵᠤ ᠮᠡᠳᠡᠪᠡ᠃ ᠮᠠᠰᠢᠨ ᠴᠠᠬᠢᠯᠭ᠋ᠠᠨ᠎ᠢ ᠰᠡᠯᠪᠢᠨ ᠵᠠᠰᠠᠬᠤ ᠲᠤᠰᠬᠠᠶ ᠲᠤᠰᠢᠶᠠᠯᠲᠠᠨ᠎ᠠᠴᠠ ᠬᠠᠮᠤᠭ᠎ᠤᠨ ᠲᠡᠷᠢᠭᠦᠨ᠎ᠳᠤ ᠬᠠᠷᠢᠶᠠᠲᠤ ᠭᠠᠵᠠᠷ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠ ᠵᠠᠮ᠎ᠤᠨ ᠶᠠᠪᠤᠳᠠᠯ᠎ᠤᠨ ᠳᠥᠷᠪᠡᠳᠦᠭᠡᠷ ᠶᠡᠬᠡ ᠠᠩᠭᠢ᠎ᠲᠠᠢ ᠬᠠᠷᠢᠯᠴᠠᠬᠤ ᠵᠢᠨ ᠬᠠᠮᠲᠤ ᠬᠠᠮᠢᠶ᠎ᠠ ᠪᠦᠬᠦᠢ ᠪᠠᠶ᠋ᠢᠳᠠᠯ᠎ᠢ ᠮᠡᠳᠡᠭᠦᠯᠪᠡ᠃ ᠪᠦᠷᠦᠶ ᠲᠠᠰᠤᠷᠠᠬᠤ᠎ᠠᠴᠠ ᠪᠣᠯᠵᠤ ᠠᠪᠤᠷᠠᠬᠤ ᠠᠵᠢᠯ᠎ᠢ ᠨᠥᠯᠦᠭᠡᠯᠡᠭᠰᠡᠨ ᠮᠦᠷᠲᠡᠭᠡᠨ ᠦᠨᠡᠭᠡ ᠠᠶᠤᠵᠤ ᠰᠣᠴᠢᠭᠰᠠᠨ᠎ᠠᠴᠠ ᠪᠣᠯᠵᠤ ᠮᠠᠰᠢ ᠴᠢᠩᠭ᠎ᠠ ᠳᠠᠭ᠋ᠠᠷᠢᠯᠲᠠ ᠵᠢᠨ ᠴᠢᠨᠠᠷ᠎ᠲᠠᠢ ᠪᠠᠢ᠌ᠵᠤ᠂ ᠠᠪᠤᠷᠠᠯᠲᠠ ᠬᠢᠬᠦ᠎ᠪᠠᠨ ᠲᠦᠷ ᠵᠣᠭᠰᠤᠪᠠ᠃
     11 ᠳ᠋ᠦ᠍ᠭᠡᠷ ᠰᠠᠷ᠎ᠠ ᠵᠢᠨ 4᠎ᠤ ᠦᠳᠡ ᠵᠢᠨ ᠡᠮᠦᠨ᠎ᠡ᠂ ᠬᠤᠪᠢᠶᠠᠷᠢ ᠺᠣᠮᠫᠠᠨᠢ ᠵᠢᠨ ᠮᠠᠰᠢᠨ ᠴᠠᠬᠢᠯᠭ᠋ᠠᠨ᠎ᠢ ᠰᠡᠯᠪᠢᠨ ᠵᠠᠰᠠᠬᠤ ᠲᠤᠰᠬᠠᠶ ᠲᠤᠰᠢᠶᠠᠯᠲᠠᠨ᠎ᠠᠴᠠ ᠬᠠᠷᠢᠶᠠᠲᠤ ᠭᠠᠵᠠᠷ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠵᠢᠴᠢ ᠵᠠᠮ᠎ᠤᠨ ᠶᠠᠪᠤᠳᠠᠯ᠎ᠤᠨ ᠶᠡᠬᠡ ᠠᠩᠭᠢ᠎ᠲᠠᠢ ᠬᠠᠮᠲᠤᠷᠠᠨ ᠬᠤᠳᠳᠤᠭ ᠳᠣᠲᠣᠷᠠᠬᠢ ᠵᠡᠷᠯᠢᠭ ᠦᠨᠡᠭᠡ ᠵᠢ ᠠᠪᠤᠷᠠᠨ ᠲᠤᠰᠠᠯᠠᠬᠤ ᠠᠵᠢᠯ ᠥᠷᠨᠢᠭᠦᠯᠵᠦ᠂ ᠬᠠᠭ᠋ᠠᠰ ᠴᠠᠭ ᠭᠠᠷᠤᠶ ᠵᠢᠨ ᠴᠢᠷᠮᠠᠢ᠌ᠯᠲᠠ᠎ᠪᠠᠷ ᠳᠠᠮᠵᠢᠨ᠂ ᠠᠪᠤᠷᠠᠨ ᠲᠤᠰᠠᠯᠠᠬᠤ ᠠᠵᠢᠯᠲᠠᠨ᠎ᠨᠢ ᠬᠠᠬᠢᠷ ᠬᠦᠢ᠍ᠲᠡᠨ᠎ᠳᠤ ᠬᠡᠭᠡᠷ᠎ᠡ ᠵᠢᠨ ᠦᠨᠡᠭᠡ ᠵᠢ ᠠᠮᠵᠢᠯᠲᠠ᠎ᠲᠠᠢ᠎ᠪᠠᠷ ᠠᠪᠤᠷᠠᠨ ᠭᠠᠷᠭ᠋ᠠᠵᠤ᠂ ᠨᠠᠷᠢᠨ ᠬᠢᠨᠠᠮᠠᠭ᠋ᠠᠶ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ ᠠᠮᠤᠷ ᠲᠦᠪᠰᠢᠨ ᠭᠠᠵᠠᠷ ᠬᠦᠷᠭᠡᠵᠦ ᠠᠮᠢᠳᠤ᠎ᠪᠠᠷ᠎ᠨᠢ ᠲᠠᠯᠪᠢᠬᠤ ᠵᠢᠨ ᠬᠠᠮᠲᠤ ᠬᠤᠪᠢᠶᠠᠷᠢ ᠺᠣᠮᠫᠠᠨᠢ ᠵᠢᠨ ᠮᠠᠰᠢᠨ ᠴᠠᠬᠢᠯᠭ᠋ᠠᠨ᠎ᠢ ᠰᠡᠯᠪᠢᠨ ᠵᠠᠰᠠᠬᠤ ᠲᠤᠰᠬᠠᠶ ᠲᠤᠰᠢᠶᠠᠯᠲᠠᠨ᠎ᠠᠴᠠ ᠬᠤᠳᠳᠤᠭ ᠳᠣᠲᠣᠷᠠᠬᠢ ᠭᠡᠷᠡᠯᠯᠢᠭ ᠳᠡᠭᠡᠰᠦᠨ᠎ᠤ ᠲᠠᠰᠤᠯᠳᠠᠯ᠎ᠤᠨ ᠴᠡᠭ᠎ᠢ ᠴᠠᠭ ᠲᠤᠬᠠᠶ᠎ᠳᠤ᠎ᠨᠢ ᠬᠠᠶ᠋ᠢᠯᠤᠭᠤᠯᠤᠨ ᠵᠠᠯᠭ᠋ᠠᠪᠠ᠃ G10 ᠰᠤᠹᠸᠨ᠎ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠤᠭᠤᠲᠤ᠎ᠠᠴᠠ ᠦᠪᠡᠷ ᠮᠣᠩᠭᠤᠯ ᠬᠢᠭᠡᠳ ᠬᠠᠷᠠᠮᠦ᠋ᠷᠡᠨ᠎ᠤ ᠵᠠᠭ᠋ᠠᠭ ᠬᠦᠷᠬᠦ ᠵᠠᠮ᠎ᠤᠨ ᠬᠡᠰᠡᠭ᠎ᠤᠨ ᠰᠦᠯᠵᠢᠶ᠎ᠡ᠎ᠨᠢ 11 ᠴᠠᠭ 56 ᠮᠢᠨᠦ᠋ᠲ᠎ᠲᠤ ᠬᠡᠪ᠎ᠤᠨ ᠪᠠᠶ᠋ᠢᠳᠠᠯ᠎ᠳᠠᠭᠠᠨ ᠣᠷᠤᠪᠠ᠃
      ᠡᠨᠡ ᠤᠳᠠᠭ᠋ᠠᠨ᠎ᠤ ᠭᠡᠷᠡᠯᠯᠢᠭ ᠳᠡᠭᠡᠰᠦᠨ᠎ᠤ ᠰᠠᠭ᠋ᠠᠲᠠᠯ᠎ᠢ ᠵᠠᠪᠳᠤᠨ ᠵᠠᠰᠠᠬᠤ ᠠᠵᠢᠯ ᠳᠤᠮᠳᠠ᠂ ᠬᠥᠯᠥᠨ ᠪᠣᠢ᠌ᠷ᠎ᠤᠨ ᠬᠤᠪᠢᠶᠠᠷᠢ ᠺᠣᠮᠫᠠᠨᠢ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠵᠶ᠋ᠠᠨ ᠴᠠᠭ ᠲᠤᠬᠠᠶ᠎ᠳᠤ᠎ᠨᠢ ᠡᠬᠢᠯᠡᠭᠦᠯᠵᠦ᠂ ᠬᠠᠮᠲᠤᠷᠠᠨ ᠠᠵᠢᠯᠯᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠳᠠᠢ᠌ᠴᠢᠯᠠᠵᠤ᠂ ᠬᠠᠷᠢᠶᠠᠲᠤ ᠭᠠᠵᠠᠷ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ᠂ ᠵᠠᠮ᠎ᠤᠨ ᠶᠠᠪᠤᠳᠠᠯ᠎ᠤᠨ ᠳᠦᠷᠪᠡᠳᠦᠭᠡᠷ ᠶᠡᠬᠡ ᠠᠩᠭᠢ ᠵᠢᠨ ᠬᠦᠴᠦᠨ᠎ᠲᠠᠢ ᠬᠠᠮᠵᠢᠯᠴᠠᠵᠤ᠂ ᠵᠡᠷᠯᠢᠭ ᠠᠮᠢᠲᠠᠨ᠎ᠢ ᠬᠠᠮᠠᠭ᠋ᠠᠯᠠᠬᠤ ᠵᠢᠨ ᠬᠠᠮᠲᠤ ᠲᠤᠰ ᠤᠳᠠᠭ᠋ᠠᠨ᠎ᠤ ᠵᠠᠪᠳᠤᠨ ᠵᠠᠰᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃

ᠢᠷᠡᠯᠲᠡ᠄ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ᠎ᠤᠨ᠎ᠬᠢᠨ ᠴᠠᠰᠤ ᠠᠷᠢᠯᠭ᠋ᠠᠨ ᠰᠠᠭ᠋ᠠᠳ ᠦᠭᠡᠢ ᠨᠡᠪᠲᠡᠷᠡᠭᠦᠯᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠡ
ᠦᠪᠦᠷ ᠮᠣᠩᠭᠤᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠣᠷᠢᠶ᠎ᠠ᠎ᠠᠴᠠ ᠨᠠᠮ᠎ᠤᠨ ᠭᠡᠰᠢᠭᠦᠨ ᠡᠯᠰᠡᠬᠦ ᠡᠲᠡᠭᠡᠳ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠮᠣᠩᠭᠣᠯ ᠤᠯᠤᠰ᠎ᠠᠴᠠ ᠬᠠᠨᠳᠢᠪᠯᠠᠭᠰᠠᠨ ᠲᠦᠷᠦᠭᠦᠤ ᠪᠦᠯᠦᠭ᠎ᠤᠨ 12000 ᠬᠣᠨᠢ ᠵᠢ ᠬᠤᠪᠸᠢ ᠵᠦᠭ ᠡᠬᠢᠯᠡᠨ ᠲᠡᠭᠡᠭᠡᠪᠦᠷᠢᠯᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠎ᠠᠴᠠ ᠮᠢᠩᠭ᠋ᠠᠨ ᠭᠠᠵᠠᠷ᠎ᠤᠨ ᠠᠶᠠᠯᠠᠯ᠎ᠢ᠎ᠨᠢ ᠬᠠᠮᠠᠭ᠋ᠠᠯᠠᠪᠠ
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠶ᠋ᠢᠯᠤᠮᠵᠢ
ᠪᠦᠬᠦ ᠪᠥᠮᠪᠥᠷᠴᠡᠭ᠎ᠤᠨ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
 
            