ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
216 ᠮᠤᠵᠢ ᠵᠢᠨ ᠵᠠᠮ᠎ᠤᠨ ᠮᠸᠩ ᠰᠢ᠎ᠠᠴᠠ ᠴᠢ ᠫᠠᠨ ᠵᠢᠩ ᠬᠥᠷᠬᠥ ᠬᠡᠰᠡᠭ᠎ᠤᠨ ᠵᠠᠰᠠᠮᠠᠯ ᠵᠠᠮ ᠵᠢᠩᠬᠢᠨᠢ᠎ᠪᠠᠷ ᠲᠡᠷᠭᠡ ᠨᠡᠪᠲᠡᠷᠡᠪᠡ
ᠨᠡᠶ᠋ᠢᠲᠡᠯᠡᠭᠰᠡᠨ ᠴᠠᠭ᠄ 2024-10-18

20241018-1.jpg

    ᠣᠢ᠌ᠷ᠎ᠠ᠎ᠳᠤ᠂ 216 ᠮᠤᠵᠢ ᠵᠢᠨ ᠵᠠᠮ᠎ᠤᠨ ᠮᠸᠩ ᠰᠢ᠎ᠠᠴᠠ ᠴᠢ ᠫᠠᠨ ᠵᠢᠩ ᠬᠥᠷᠬᠥ ᠬᠡᠰᠡᠭ                (K0+000-K65+440)᠎ᠤᠨ ᠵᠠᠰᠠᠮᠠᠯ ᠵᠠᠮ ᠵᠢᠩᠬᠢᠨᠢ᠎ᠪᠠᠷ ᠲᠡᠷᠭᠡ ᠨᠡᠪᠲᠡᠷᠡᠪᠡ᠃

20241018-2.jpg


    ᠲᠤᠰ ᠲᠦᠷᠦᠯ ᠵᠦᠢ᠍ᠯ᠎ᠤᠨ ᠪᠦᠬᠦ ᠤᠷᠳᠤ᠎ᠨᠢ 65 ᠺᠢᠯᠣᠮᠧᠲᠷ᠂ ᠶᠡᠷᠦᠩᠬᠡᠢ ᠪᠡᠯᠡ ᠣᠷᠣᠭᠤᠯᠤᠯᠲᠠ᠎ᠨᠢ 2.3 ᠳ᠋ᠦᠩᠰᠢᠭᠤᠷ ᠲᠥᠭᠥᠷᠢᠭ᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ — ᠴᠢ ᠫᠠᠨ ᠵᠢᠩ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠤᠨ ᠮᠸᠩ ᠰᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠬᠣᠯᠪᠣᠬᠤ ᠭᠣᠣᠯ ᠵᠠᠮ ᠪᠣᠯᠤᠨ᠎ᠠ᠃ ᠲᠥᠷᠥᠯ ᠵᠦᠢᠯ᠎ᠳᠤ ᠤᠤᠯ᠎ᠤᠨ ᠭᠤᠷᠪᠠᠳᠤᠭ᠋ᠠᠷ ᠳᠡᠰ᠎ᠤᠨ ᠵᠠᠰᠠᠮᠠᠯ ᠵᠠᠮ᠎ᠤᠨ ᠮᠡᠷᠭᠡᠵᠢᠯ᠎ᠤᠨ ᠪᠠᠷᠢᠮᠵᠢᠶ᠎ᠠ ᠵᠢ ᠬᠡᠷᠡᠭᠯᠡᠵᠦ᠂ ᠵᠢᠷᠤᠭᠯᠠᠨ ᠲᠥᠯᠥᠪᠯᠡᠭᠰᠡᠨ ᠬᠤᠷᠳᠤᠴᠠ᠎ᠨᠢ ᠴᠠᠭ ᠪᠦᠷᠢ 40 ᠺᠢᠯᠣᠮᠧᠲᠷ ᠪᠣᠯᠤᠨ᠎ᠠ᠃ ᠲᠡᠭᠦᠨ᠎ᠤ ᠲᠡᠷᠭᠡ ᠨᠡᠪᠲᠡᠷᠡᠭᠰᠡᠨ᠎ᠨᠢ ᠠᠮᠢᠳᠤᠷᠠᠯ᠎ᠳᠤ ᠳᠥᠭᠥᠮ ᠠᠪᠴᠢᠷᠠᠭᠰᠠᠨ ᠵᠶ᠋ᠠᠷ ᠪᠠᠷᠠᠬᠤ ᠦᠭᠡᠢ ᠲᠤᠬᠠᠶ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ᠎ᠳᠤ ᠪᠠᠰᠠ ᠴᠢᠬᠤᠯᠠ ᠶᠡᠬᠡ ᠨᠥᠯᠥᠭᠡ ᠦᠵᠡᠭᠦᠯᠪᠡ᠃

20241018-3.jpg


    ᠨᠢᠭᠡ᠎ᠳᠤ᠂ ᠬᠣᠶᠠᠷ ᠬᠦᠷᠢᠶᠡᠯᠡᠩ ᠲᠣᠭᠣᠷᠢᠭ᠎ᠤᠨ ᠬᠣᠭᠣᠷᠣᠨᠳᠣᠬᠢ ᠵᠠᠮ ᠬᠠᠷᠢᠯᠴᠠᠭ᠋ᠠᠨ᠎ᠤ ᠨᠥᠬᠥᠴᠡᠯ᠎ᠢ ᠰᠠᠢ᠌ᠵᠢᠷᠠᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃
    ᠬᠣᠶᠠᠷ᠎ᠲᠤ᠂ ᠲᠤᠬᠠᠶ ᠵᠢᠨ ᠭᠠᠵᠠᠷ᠎ᠤᠨ ᠵᠠᠮ ᠳᠠᠭ᠋ᠠᠤ ᠵᠢᠨ ᠮᠠᠯᠴᠢᠳ ᠶᠠᠪᠤᠵᠤ ᠰᠠᠭᠤᠬᠤ ᠠᠰᠠᠭᠤᠳᠠᠯ᠎ᠢ ᠲᠤᠢ᠌ᠯ᠎ᠤᠨ ᠶᠡᠬᠡ᠎ᠪᠠᠷ ᠰᠠᠢ᠌ᠵᠢᠷᠠᠭᠤᠯᠪᠠ᠃
    ᠭᠤᠷᠪᠠ᠎ᠳᠤ᠂ ᠵᠠᠰᠠᠮᠠᠯ ᠵᠠᠮ᠎ᠤᠨ ᠲᠡᠭᠡᠭᠡᠪᠦᠷᠢ ᠵᠢᠨ ᠴᠢᠳᠠᠮᠵᠢ ᠵᠢ ᠳᠡᠭᠡᠭᠰᠢᠯᠡᠭᠦᠯᠵᠦ᠂ ᠤᠮᠠᠷᠠᠲᠤ ᠵᠢᠨ ᠨᠡᠭᠦᠷᠡᠰᠦ ᠵᠢ ᠡᠮᠦᠨᠡᠰᠢ ᠲᠡᠭᠡᠭᠡᠪᠦᠷᠢᠯᠡᠬᠦ ᠵᠠᠰᠠᠮᠠᠯ ᠵᠠᠮ᠎ᠤᠨ ᠲᠡᠭᠡᠭᠡᠪᠦᠷᠢ ᠵᠢᠨ ᠲᠣᠣᠷ᠎ᠤᠨ ᠪᠠᠢ᠌ᠷᠢᠰᠢᠯ᠎ᠢ ᠰᠢᠯᠢᠳᠡᠭᠵᠢᠭᠦᠯᠦᠨ᠂ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃
     ᠳᠥᠷᠪᠡ᠎ᠳᠤ᠂ ᠣᠷᠣᠨ ᠪᠦᠰᠡ ᠵᠢᠨ ᠳᠣᠲᠣᠷᠠᠬᠢ ᠠᠵᠤ ᠠᠬᠤᠢ ᠵᠢᠨ ᠬᠥᠭᠵᠢᠯᠲᠡ ᠵᠢ ᠲᠦᠷᠭᠡᠳᠬᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠦᠢᠯᠡᠴᠢᠯᠡᠭᠡᠨ᠎ᠤ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠥᠬᠥ ᠱᠤᠭᠤᠮ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠯᠲᠡ᠎ᠳᠤ ᠣᠷᠣᠭᠤᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ 24 ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠭᠣᠤᠯ ᠴᠣᠭᠴᠠ ᠵᠢ ᠪᠠᠢ᠌ᠭᠤᠯᠤᠨ ᠳᠠᠭᠤᠰᠬᠠᠵᠤ ᠭᠣᠤᠯᠳᠠᠯᠭ᠎ᠠ᠎ᠲᠠᠢ ᠲᠥᠷᠥᠯ ᠵᠦᠢᠯ᠎ᠨᠢ ᠴᠢᠨᠠᠷ ᠰᠠᠢ᠌ᠲᠠᠶ ᠬᠥᠭᠵᠢᠯᠲᠡ ᠵᠢᠨ ᠰᠠᠭᠤᠷᠢ ᠵᠢ ᠪᠠᠲᠤᠳᠬᠠᠪᠠ
G0616 ᠭᠠᠭᠴᠠᠮᠣᠳᠣ᠎ᠠᠴᠠ ᠬᠠᠯᠢᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ ᠲᠡᠷᠭᠡ ᠨᠡᠪᠲᠡᠷᠡᠪᠡ
 
            