ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠦᠢᠯᠡᠴᠢᠯᠡᠭᠡᠨ᠎ᠤ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-10-31

    ᠭᠠᠳᠠᠭᠰᠢ ᠭᠠᠷᠬᠤ᠎ᠳᠤ᠂ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ ᠪᠣᠯ ᠪᠢᠳᠡᠨ᠎ᠤ ᠵᠢᠭᠤᠯᠴᠢᠯᠠᠯ᠎ᠤᠨ ᠳᠤᠮᠳᠠ ᠴᠢᠬᠤᠯᠠ ᠠᠮᠠᠷᠠᠬᠤ ᠭᠠᠵᠠᠷ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠨᠡᠩ ᠲᠠᠭ᠋ᠠᠯᠠᠮᠵᠢᠲᠠᠢ ᠶᠠᠪᠤᠵᠤ ᠰᠠᠭᠤᠬᠤ ᠣᠢ᠌ᠯᠠᠭ᠋ᠠᠯᠲᠠ ᠵᠢ ᠬᠠᠩᠭ᠋ᠠᠬᠤ ᠵᠢᠨ ᠲᠥᠯᠥᠭᠡ ᠴᠢᠷᠮᠠᠢ᠌ᠭᠰᠠᠭ᠋ᠠᠷ ᠢᠷᠡᠪᠡ᠃
    ᠥᠨᠥᠳᠦᠷ ᠣᠯᠠᠨ᠎ᠢ ᠳᠠᠭ᠋ᠠᠭᠤᠯᠵᠤ ᠲᠡᠳᠡᠨ᠎ᠤ ᠬᠥᠳᠡᠯᠭᠡᠭᠡᠨ᠎ᠤ ᠲᠤᠬᠠᠶ ᠵᠢᠨ ᠲᠠᠯᠠᠪᠠᠢ ᠵᠢ ᠦᠵᠡᠶ᠎ᠡ!

202410311556.png


    ᠰᠤᠮᠤᠨ ᠠᠭᠤᠯᠠ ᠵᠢᠨ ᠦᠢᠯᠡᠴᠢᠯᠡᠭᠡᠨ᠎ᠤ ᠲᠣᠭᠣᠷᠢᠭ 
    10 ᠳ᠋ᠤᠭ᠋ᠠᠷ ᠰᠠᠷ᠎ᠠ ᠵᠢᠨ 16᠎ᠤ ᠡᠳᠦᠷ ᠨᠢᠭᠡᠳᠦᠭᠡᠷ ᠰᠠᠯᠪᠤᠷᠢ ᠠᠩᠭᠢ ᠵᠢᠨ ᠠᠷᠪᠠᠨ ᠨᠢᠭᠡᠳᠦᠭᠡᠷ ᠶᠡᠬᠡ ᠠᠩᠭᠢ ᠰᠤᠮᠤᠨ ᠠᠭᠤᠯᠠ ᠵᠢᠨ ᠦᠢᠯᠡᠴᠢᠯᠡᠭᠡᠨ᠎ᠤ ᠲᠣᠭᠣᠷᠢᠭ᠎ᠲᠤ ᠪᠠᠢ᠌ᠴᠠᠭ᠋ᠠᠯᠲᠠ ᠥᠷᠨᠢᠭᠦᠯᠪᠡ 

202410311557.png

 
    ᠶᠠ ᠬᠠ ᠭ᠋ᠸᠦ ᠦᠢᠯᠡᠴᠢᠯᠡᠭᠡᠨ᠎ᠤ ᠲᠣᠭᠣᠷᠢᠭ
    10 ᠳ᠋ᠤᠭ᠋ᠠᠷ ᠰᠠᠷ᠎ᠠ ᠵᠢᠨ 3᠎ᠤ ᠡᠳᠦᠷ ᠭᠤᠷᠪᠠᠳᠤᠭ᠋ᠠᠷ ᠰᠠᠯᠪᠤᠷᠢ ᠠᠩᠭᠢ ᠵᠢᠨ ᠠᠷᠪᠠᠨ ᠨᠢᠭᠡᠳᠦᠭᠡᠷ ᠶᠡᠬᠡ ᠠᠩᠭᠢ ᠶᠠ ᠬᠠ ᠭ᠋ᠸᠦ ᠦᠢᠯᠡᠴᠢᠯᠡᠭᠡᠨ᠎ᠤ ᠲᠣᠭᠣᠷᠢᠭ᠎ᠲᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠥᠷᠨᠢᠭᠦᠯᠪᠡ

202410311558.png


    ᠳ᠋ᠠᠪᠠᠨ ᠦᠢᠯᠡᠴᠢᠯᠡᠭᠡᠨ᠎ᠤ ᠲᠣᠭᠣᠷᠢᠭ
    10 ᠳ᠋ᠤᠭ᠋ᠠᠷ ᠰᠠᠷ᠎ᠠ ᠵᠢᠨ 3᠎ᠤ ᠡᠳᠦᠷ ᠵᠢᠷᠭᠤᠳᠤᠭ᠋ᠠᠷ ᠰᠠᠯᠪᠤᠷᠢ ᠠᠩᠭᠢ ᠵᠢᠨ ᠲᠠᠪᠤᠳᠤᠭ᠋ᠠᠷ ᠶᠡᠬᠡ ᠠᠩᠭᠢ ᠳ᠋ᠠᠪᠠᠨ ᠦᠢᠯᠡᠴᠢᠯᠡᠭᠡᠨ᠎ᠤ ᠲᠣᠭᠣᠷᠢᠭ᠎ᠤᠨ ᠴᠠᠬᠢᠯᠭ᠋ᠠᠨ ᠴᠡᠨᠡᠭᠯᠡᠬᠦ ᠦᠢᠯᠡᠴᠢᠯᠡᠭᠡ᠎ᠳᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠥᠷᠨᠢᠭᠦᠯᠪᠡ

202410311559.png

  
    ᠰᠢᠩ ᠾᠧ ᠦᠢᠯᠡᠴᠢᠯᠡᠭᠡᠨ᠎ᠤ ᠲᠣᠭᠣᠷᠢᠭ
    9 ᠳ᠋ᠦ᠍ᠭᠡᠷ ᠰᠠᠷ᠎ᠠ ᠵᠢᠨ 19᠎ᠤ ᠡᠳᠦᠷ ᠨᠠᠢᠮᠠᠳᠤᠭ᠋ᠠᠷ ᠰᠠᠯᠪᠤᠷᠢ ᠠᠩᠭᠢ ᠵᠢᠨ ᠬᠣᠶᠠᠳᠤᠭ᠋ᠠᠷ ᠶᠡᠬᠡ ᠠᠩᠭᠢ ᠰᠢᠩ ᠾᠧ ᠦᠢᠯᠡᠴᠢᠯᠡᠭᠡᠨ᠎ᠤ ᠲᠣᠭᠣᠷᠢᠭ᠎ᠲᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠥᠷᠨᠢᠭᠦᠯᠪᠡ

202410311560.png

  
    ᠯᠢᠨᠾᠧ ᠦᠢ᠍ᠯᠡᠴᠢᠯᠡᠭᠡᠨ᠎ᠤ ᠲᠣᠭᠣᠷᠢᠭ
   10 ᠳ᠋ᠤᠭ᠋ᠠᠷ ᠰᠠᠷ᠎ᠠ ᠵᠢᠨ 4᠎ᠤ ᠡᠳᠦᠷ ᠠᠷᠪᠠᠳᠤᠭ᠋ᠠᠷ ᠰᠠᠯᠪᠤᠷᠢ ᠠᠩᠭᠢ ᠵᠢᠨ ᠲᠠᠪᠤᠳᠤᠭ᠋ᠠᠷ ᠶᠡᠬᠡ ᠠᠩᠭᠢ ᠯᠢᠨᠾᠧ ᠦᠢᠯᠡᠴᠢᠯᠡᠭᠡᠨ᠎ᠤ ᠲᠣᠭᠣᠷᠢᠭ᠎ᠲᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠥᠷᠨᠢᠭᠦᠯᠪᠡ
    ᠣᠢ᠌ᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠠᠵᠢᠯ ᠲᠥᠷᠥᠯ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠪᠥᠬᠥ ᠣᠷᠣᠨ᠎ᠤ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ (ᠲᠡᠷᠭᠡ ᠵᠣᠭᠰᠣᠬᠤ ᠲᠣᠭᠣᠷᠢᠭ)᠎ᠤᠨ ᠡᠵᠡᠩᠨᠡᠯᠲᠡ ᠬᠠᠮᠢᠶᠠᠷᠤᠯᠲᠠ ᠵᠢᠨ ᠲᠦᠪᠰᠢᠨ᠎ᠢ ᠴᠢᠩᠭ᠋ᠠᠳᠬᠠᠬᠤ᠂ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠴᠢᠬᠤᠯᠠ ᠡᠭᠦᠷᠭᠡ ᠪᠣᠯᠭ᠋ᠠᠵᠤ᠂ ᠠᠷᠠᠳ ᠣᠯᠠᠨ᠎ᠤ ᠶᠠᠪᠤᠵᠤ ᠰᠠᠭᠤᠬᠤ᠎ᠳᠤ ᠪᠥᠬᠥ ᠬᠦᠴᠦᠨ ᠵᠶ᠋ᠡᠷ ᠰᠠᠢ᠌ᠲᠤᠷ ᠦᠢᠯᠡᠴᠢᠯᠡᠪᠡ᠃
    ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠎ᠨᠢ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ (ᠲᠡᠷᠭᠡ ᠵᠣᠭᠰᠣᠬᠤ ᠲᠣᠭᠣᠷᠢᠭ)᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠰᠢᠯᠭ᠋ᠠᠨ ᠦᠨᠡᠯᠡᠬᠦ ᠪᠠᠷᠢᠮᠵᠢᠶ᠎ᠠ》᠎ᠲᠠᠢ ᠴᠢᠩᠭ᠎ᠠ ᠬᠠᠷᠢᠴᠠᠭᠤᠯᠵᠤ᠂ ᠢᠳᠡᠭᠡᠨ ᠤᠮᠳᠠᠭ᠋ᠠᠨ᠂ ᠬᠡᠲᠦ ᠳᠡᠯᠭᠡᠭᠦᠷ᠂ ᠲᠣᠰᠣ ᠨᠡᠮᠡᠬᠦ (ᠬᠡᠢ)᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ ᠵᠡᠷᠭᠡ ᠦᠢᠯᠡᠴᠢᠯᠡᠭᠡᠨ᠎ᠤ ᠪᠠᠢ᠌ᠳᠠᠯ᠎ᠳᠤ ᠪᠠᠢ᠌ᠩᠭᠤᠵᠢᠭᠰᠠᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠦᠷᠨᠢᠭᠦᠯᠪᠡ᠃ ᠠᠰᠠᠭᠤᠳᠠᠯ᠎ᠢ ᠣᠯᠵᠤ ᠮᠡᠳᠡᠮᠡᠭᠴᠡ ᠴᠠᠭ ᠲᠤᠬᠠᠶ᠎ᠳᠤ᠎ᠨᠢ ᠱᠠᠯᠠᠪᠳᠠᠭᠤᠯᠤᠨ ᠴᠡᠭᠴᠡᠯᠡᠨ ᠰᠠᠢ᠌ᠵᠢᠷᠠᠭᠤᠯᠵᠤ᠂ ᠦᠢᠯᠡᠴᠢᠯᠡᠭᠡᠨ᠎ᠤ ᠬᠢᠷᠢ ᠲᠦᠪᠰᠢᠨ ᠵᠶ᠋ᠡᠨ ᠲᠠᠰᠤᠷᠠᠯᠲᠠ ᠥᠬᠡᠶ ᠳᠡᠭᠡᠭᠰᠢᠯᠡᠭᠦᠯᠪᠡ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠥᠬᠥ ᠱᠤᠭᠤᠮ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠯᠲᠡ᠎ᠳᠤ ᠣᠷᠣᠭᠤᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ 24 ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠭᠣᠤᠯ ᠴᠣᠭᠴᠠ ᠵᠢ ᠪᠠᠢ᠌ᠭᠤᠯᠤᠨ ᠳᠠᠭᠤᠰᠬᠠᠵᠤ ᠭᠣᠤᠯᠳᠠᠯᠭ᠎ᠠ᠎ᠲᠠᠢ ᠲᠥᠷᠥᠯ ᠵᠦᠢᠯ᠎ᠨᠢ ᠴᠢᠨᠠᠷ ᠰᠠᠢ᠌ᠲᠠᠶ ᠬᠥᠭᠵᠢᠯᠲᠡ ᠵᠢᠨ ᠰᠠᠭᠤᠷᠢ ᠵᠢ ᠪᠠᠲᠤᠳᠬᠠᠪᠠ
G0616 ᠭᠠᠭᠴᠠᠮᠣᠳᠣ᠎ᠠᠴᠠ ᠬᠠᠯᠢᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ ᠲᠡᠷᠭᠡ ᠨᠡᠪᠲᠡᠷᠡᠪᠡ
ᠥᠪᠥᠷ ᠮᠣᠩᠭᠣᠯ᠎ᠤᠨ ᠵᠠᠮ ᠬᠠᠷᠢᠯᠴᠠᠭ᠎ᠠ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠪᠠ
 
            