ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
ᠨᠡᠶ᠋ᠢᠲᠡᠯᠡᠭᠰᠡᠨ ᠴᠠᠭ᠄ 2024-11-13

     11 ᠳ᠋ᠦ᠍ᠭᠡᠷ ᠰᠠᠷ᠎ᠠ ᠵᠢᠨ 6᠎ᠤ ᠡᠳᠦᠷ᠂ 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠲᠥᠷᠥᠯ ᠵᠦᠢᠯ᠎ᠤᠨ ᠭᠣᠤᠯ ᠬᠥᠭᠥᠷᠭᠡ ᠵᠢᠨ 11 ᠲᠤᠯᠭ᠋ᠠᠭᠤᠷᠢ ᠪᠦᠬᠦᠨ ᠵᠶ᠋ᠡᠷ ᠵᠶ᠋ᠡᠨ ᠤᠷᠤᠭᠰᠢᠲᠠᠶ᠎ᠪᠠᠷ 《ᠤᠰᠤᠨ᠎ᠠᠴᠠ ᠭᠠᠷᠴᠤ ᠢᠷᠡᠵᠦ》᠂ ᠡᠨᠡ᠎ᠨᠢ ᠶᠡᠬᠡ ᠬᠥᠭᠥᠷᠭᠡ ᠵᠢᠨ ᠪᠥᠲᠥᠭᠡᠨ ᠪᠠᠢ᠌ᠭᠤᠯᠤᠯᠲᠠ ᠰᠢᠨ᠎ᠡ ᠠᠬᠢᠴᠠ᠎ᠲᠠᠢ ᠪᠣᠯᠤᠭᠰᠠᠨ᠎ᠢ ᠬᠠᠷᠠᠭᠤᠯᠵᠤ ᠪᠠᠢ᠌ᠨ᠎ᠠ᠃

202411121730.jpg


    ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ᠎ᠨᠢ ᠪᠠᠶᠠᠨᠨᠠᠭᠤᠷ ᠬᠤᠳᠠ ᠵᠢᠨ ᠳ᠋ᠸᠩᠺᠸᠤ ᠰᠢᠶᠠᠨ ᠪᠣᠯᠤᠨ ᠤᠷᠳᠤᠰ ᠬᠤᠳᠠ ᠵᠢᠨ ᠬᠠᠩᠭᠢᠨ ᠬᠣᠰᠢᠭᠤᠨ᠎ᠤ ᠬᠠᠳᠤᠨ ᠭᠣᠣᠯ᠎ᠤᠨ ᠬᠣᠶᠠᠷ ᠡᠷᠭᠢ ᠵᠢ ᠰᠤᠨᠳᠠᠯᠠᠵᠤ᠂ ᠭᠣᠣᠯ ᠬᠥᠭᠥᠷᠭᠡ ᠵᠢᠨ ᠪᠦᠬᠦ ᠤᠷᠳᠤ᠎ᠨᠢ 3098 ᠮᠧᠲᠷ ᠪᠠᠢ᠌ᠵᠤ᠂ ᠭᠣᠣᠯ ᠬᠥᠭᠥᠷᠭᠡ ᠵᠢᠨ ᠳᠡᠭᠡᠳᠦ ᠬᠡᠰᠡᠭ᠎ᠤᠨ ᠪᠦᠲᠦᠴᠡ᠎ᠳᠤ ᠳᠣᠯᠭᠢᠶᠠᠨ ᠬᠡᠯᠪᠡᠷᠢᠲᠦ ᠪᠤᠯᠤᠳ ᠬᠠᠪᠲᠠᠰᠤ ᠵᠢᠨ ᠤᠷᠢᠳᠴᠢᠯᠠᠭᠰᠠᠨ ᠬᠤᠪᠢᠷᠠᠭ᠋ᠠᠭᠳᠠᠯ᠎ᠤᠨ ᠬᠦᠴᠦᠯᠡᠴᠡ᠎ᠲᠠᠢ ᠪᠸᠲ᠋ᠤᠨ ᠦᠷᠭᠦᠯᠵᠢᠯᠡᠭᠰᠡᠨ ᠨᠢᠷᠤᠭᠤ ᠵᠢ ᠬᠡᠷᠡᠭᠯᠡᠵᠦ᠂ ᠭᠣᠣᠯ ᠬᠥᠭᠥᠷᠭᠡ ᠵᠢᠨ ᠲᠤᠤᠷᠠᠳᠤ ᠬᠡᠰᠡᠭ᠎ᠤᠨ ᠪᠦᠲᠦᠴᠡ ᠵᠢᠨ ᠬᠥᠭᠥᠷᠭᠡ ᠵᠢᠨ ᠲᠤᠯᠭ᠋ᠠᠭᠤᠷᠢ᠎ᠳᠤ ᠳᠦᠷᠪᠡᠯᠵᠢᠨ ᠬᠥᠨᠳᠡᠢ ᠲᠤᠯᠭ᠋ᠠᠭᠤᠷᠢ ᠵᠢ ᠬᠡᠷᠡᠭᠯᠡᠵᠦ᠂ ᠭᠣᠣᠯ ᠲᠤᠯᠭ᠋ᠠᠭᠤᠷᠢ᠎ᠳᠤ ᠪᠦᠬᠦᠯᠢ ᠴᠣᠭᠴᠠᠲᠤ ᠮᠠᠶᠢᠭ᠎ᠤᠨ ᠬᠦᠨᠳᠡᠢ ᠲᠠᠪᠴᠠᠩ᠎ᠢ ᠬᠡᠷᠡᠭᠯᠡᠵᠦ᠂ ᠰᠢᠯᠵᠢᠯᠲᠡ ᠵᠢᠨ ᠲᠤᠯᠭ᠋ᠠᠭᠤᠷᠢ᠎ᠲᠤ ᠰᠠᠯᠭ᠋ᠠᠬᠤ ᠮᠠᠶᠢᠭ᠎ᠤᠨ ᠬᠦᠨᠳᠡᠢ ᠲᠠᠪᠴᠠᠩ᠎ᠢ ᠬᠡᠷᠡᠭᠯᠡᠵᠦ᠂ ᠲᠤᠯᠭ᠋ᠠᠭᠤᠷᠢ᠎ᠳᠤ ᠴᠥᠮ ᠮᠥᠰᠥ ᠬᠠᠭ᠋ᠠᠯᠠᠬᠤ ᠦᠨᠴᠦᠭ᠂ ᠴᠢᠳᠬᠤᠮᠠᠯ ᠪᠠᠭ᠋ᠠᠨ᠎ᠠ ᠵᠢᠨ ᠰᠠᠭᠤᠷᠢ ᠵᠢ ᠲᠤᠬᠢᠷᠠᠭᠤᠯᠪᠠ᠃

 

202411121731.jpg

    ᠪᠥᠲᠥᠭᠡᠨ ᠪᠠᠢ᠌ᠭᠤᠯᠤᠯᠲᠠ ᠵᠢᠨ ᠶᠠᠪᠤᠴᠠ᠎ᠳᠤ᠂ 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠲᠥᠷᠥᠯ ᠵᠦᠢᠯ᠎ᠤᠨ ᠪᠥᠬᠥ ᠬᠥᠮᠦᠰ ᠪᠡᠷᠬᠡ ᠵᠢ ᠳᠤᠭᠤᠯᠤᠨ ᠡᠷᠡᠯᠬᠡᠭᠯᠡᠨ ᠤᠷᠤᠭᠰᠢᠯᠠᠵᠤ᠂ ᠬᠠᠲᠤᠨ ᠭᠣᠤᠯ᠎ᠤᠨ ᠣᠯᠠᠨ ᠤᠳᠠᠭ᠋ᠠᠨ᠎ᠤ ᠦᠶᠡᠷ᠎ᠤᠨ ᠣᠷᠭᠢᠯ᠎ᠤᠨ ᠵᠠᠭ᠋ᠠᠭ ᠬᠢᠵᠠᠭ᠋ᠠᠷ᠎ᠢ ᠳᠠᠪᠠᠵᠤ ᠪᠠᠷᠢᠯᠭ᠎ᠠ ᠵᠢᠨ ᠠᠵᠢᠯ᠎ᠤᠨ ᠶᠠᠪᠤᠴᠠ᠎ᠳᠠᠬᠢ ᠣᠷᠴᠢᠨ ᠲᠣᠭᠣᠷᠢᠨ ᠤᠰᠤᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠥᠨᠳᠥᠷ ᠪᠠ ᠭᠠᠵᠠᠷ ᠰᠢᠨᠵᠢᠯᠡᠭᠡᠨ᠎ᠤ ᠨᠥᠬᠥᠴᠡᠯ ᠪᠤᠳᠤᠯᠢᠶᠠᠨᠲᠠᠶ᠂ ᠰᠠᠪᠠ ᠭᠠᠵᠠᠷ᠎ᠤᠨ ᠳᠣᠲᠣᠷᠠᠬᠢ ᠤᠯᠠᠷᠢᠯ᠎ᠤᠨ ᠴᠢᠨᠠᠷᠲᠠᠶ ᠬᠤᠷ᠎ᠠ ᠲᠣᠨᠣᠳᠠᠰᠤ ᠣᠯᠠᠨ᠎ᠠᠴᠠ ᠪᠣᠯᠤᠭᠰᠠᠨ ᠪᠠᠷᠢᠯᠭ᠎ᠠ ᠵᠢᠨ ᠠᠵᠢᠯ᠎ᠤᠨ ᠬᠦᠴᠢᠷᠳᠡᠯ ᠶᠡᠬᠡ ᠵᠡᠷᠭᠡ ᠠᠰᠢᠭ ᠥᠬᠡᠶ ᠨᠥᠯᠥᠭᠡ ᠵᠢ ᠢᠯᠡᠨ ᠳᠠᠪᠠᠵᠤ᠂ 104 ᠡᠳᠦᠷ᠎ᠤᠨ ᠰᠢᠷᠭ᠋ᠠᠭᠤ ᠬᠠᠲᠠᠭᠤᠵᠢᠯᠲᠠᠶ ᠲᠡᠮᠡᠴᠡᠯ ᠵᠶ᠋ᠡᠷ ᠳᠡᠮᠵᠢᠨ᠂ ᠨᠡᠢ᠌ᠲᠡ 1.09 ᠲᠦᠮᠡᠨ ᠲᠥᠷᠪᠡᠯᠵᠢᠨ ᠪᠸᠲ᠋ᠤᠨ᠎ᠢ ᠴᠢᠳᠬᠤᠵᠤ᠂ ᠡᠴᠦᠰ᠎ᠲᠤ᠎ᠪᠠᠨ 4 ᠡᠳᠦᠷ ᠤᠷᠢᠳᠴᠢᠯᠠᠨ ᠭᠣᠤᠯ ᠬᠥᠭᠥᠷᠭᠡ ᠵᠢᠨ 11 ᠲᠤᠯᠭ᠋ᠠᠭᠤᠷᠢ ᠵᠢᠨ 《ᠣᠰᠣᠨ᠎ᠠᠴᠠ ᠭᠠᠷᠭ᠋ᠠᠬᠤ》 ᠡᠭᠦᠷᠭᠡ ᠵᠢ ᠪᠡᠶᠡᠯᠡᠭᠦᠯᠪᠡ᠃

202411121732.jpg


     110 ᠤᠯᠤᠰ᠎ᠤᠨ ᠵᠠᠮ᠎ᠤᠨ ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠵᠢᠨ ᠲᠦᠷᠦᠯ ᠵᠦᠢ᠍ᠯ᠎ᠨᠢ ᠤᠯᠤᠰ᠎ᠤᠨ ᠵᠠᠰᠠᠮᠠᠯ ᠵᠠᠮ᠎ᠤᠨ ᠲᠣᠣᠷ᠎ᠤᠨ ᠲᠥᠯᠥᠪᠵᠢᠭᠦᠯᠭᠡ ᠪᠠᠢ᠌ᠷᠢᠰᠢᠭᠤᠯᠤᠯᠲᠠ ᠵᠢ ᠨᠠᠢ᠌ᠳᠠᠪᠤᠷᠢᠵᠢᠭᠤᠯᠬᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠱᠤᠭᠤᠮ᠎ᠤᠨ ᠵᠠᠰᠠᠮᠠᠯ ᠵᠠᠮ᠎ᠤᠨ ᠲᠣᠣᠷ᠎ᠢ ᠲᠡᠭᠦᠯᠳᠡᠷᠵᠢᠭᠦᠯᠬᠦ᠂ ᠣᠷᠣᠨ ᠪᠦᠰᠡ ᠵᠢᠨ ᠭᠣᠣᠯ ᠱᠤᠭᠤᠮ᠎ᠤᠨ ᠵᠠᠮ᠎ᠤᠨ ᠲᠣᠣᠷ᠎ᠤᠨ ᠨᠡᠪᠲᠡᠷᠡᠬᠦ ᠴᠢᠳᠠᠪᠤᠷᠢ ᠪᠠ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠲᠦᠷᠦᠯ ᠵᠦᠢ᠍ᠯ᠎ᠤᠨ ᠪᠠᠢ᠌ᠭ᠎ᠠ ᠭᠠᠵᠠᠷ᠎ᠤᠨ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠎ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠠᠳᠤᠨ ᠭᠣᠣᠯ ᠳᠠᠭ᠋ᠠᠤ ᠵᠢᠨ ᠰᠠᠪᠠ ᠭᠠᠵᠠᠷ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠥᠮ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠥᠬᠥ ᠱᠤᠭᠤᠮ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠯᠲᠡ᠎ᠳᠤ ᠣᠷᠣᠭᠤᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ 24 ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠭᠣᠤᠯ ᠴᠣᠭᠴᠠ ᠵᠢ ᠪᠠᠢ᠌ᠭᠤᠯᠤᠨ ᠳᠠᠭᠤᠰᠬᠠᠵᠤ ᠭᠣᠤᠯᠳᠠᠯᠭ᠎ᠠ᠎ᠲᠠᠢ ᠲᠥᠷᠥᠯ ᠵᠦᠢᠯ᠎ᠨᠢ ᠴᠢᠨᠠᠷ ᠰᠠᠢ᠌ᠲᠠᠶ ᠬᠥᠭᠵᠢᠯᠲᠡ ᠵᠢᠨ ᠰᠠᠭᠤᠷᠢ ᠵᠢ ᠪᠠᠲᠤᠳᠬᠠᠪᠠ
G0616 ᠭᠠᠭᠴᠠᠮᠣᠳᠣ᠎ᠠᠴᠠ ᠬᠠᠯᠢᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ ᠲᠡᠷᠭᠡ ᠨᠡᠪᠲᠡᠷᠡᠪᠡ
ᠥᠪᠥᠷ ᠮᠣᠩᠭᠣᠯ᠎ᠤᠨ ᠵᠠᠮ ᠬᠠᠷᠢᠯᠴᠠᠭ᠎ᠠ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠪᠠ
ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠢ ᠪᠥᠬᠥ ᠬᠦᠴᠦᠨ ᠵᠶ᠋ᠡᠷ ᠵᠶ᠋ᠡᠨ ᠳᠥᠯᠭᠢᠨ ᠠᠬᠢᠭᠤᠯᠵᠤ ᠪᠠᠢ᠌ᠨ᠎ᠠ
 
            