
11 ᠳ᠋ᠦ᠍ᠭᠡᠷ ᠰᠠᠷ᠎ᠠ ᠵᠢᠨ 21᠎ᠤ ᠡᠳᠦᠷ᠎ᠤᠨ 10᠄ 20 ᠴᠠᠭ᠎ᠲᠤ᠂ ᠱᠣᠤ ᠱᠠᠨ 4 ᠬᠡᠯᠪᠡᠷᠢ ᠵᠢᠨ ᠴᠠᠬᠢᠯᠭ᠋ᠠᠨ ᠬᠦᠴᠦᠨ᠎ᠤ ᠪᠤᠬ᠎ᠠ ᠲᠡᠷᠭᠡ᠎ᠪᠠᠷ ᠴᠢᠷᠦᠭᠰᠡᠨ ᠨᠢᠭᠡ ᠪᠠᠷᠠᠭ᠋ᠠᠨ᠎ᠤ ᠭᠠᠯᠲᠤ ᠲᠡᠷᠭᠡ ᠮᠥᠩᠭᠥᠨᠲᠠᠯᠠ ᠥᠷᠲᠡᠭᠡ᠎ᠠᠴᠠ ᠠᠯᠭᠤᠷᠬᠠᠨ ᠭᠠᠷᠴᠤ᠂ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠮᠥᠩᠭᠥᠨᠲᠠᠯᠠᠠᠴᠠ ᠳ᠋ᠠᠪᠠᠨ ᠬᠥᠷᠬᠥ ᠬᠡᠰᠡᠭ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠯᠲᠡ᠎ᠳᠤ ᠣᠷᠣᠭᠤᠯᠪᠠ᠃ ᠢᠩᠭᠢᠭᠡᠳ ᠵᠢᠨᠢᠩ᠎ᠠᠴᠠ ᠲᠦᠩᠯᠢᠶᠣᠤ ᠬᠦᠷᠬᠦ ᠲᠡᠮᠦᠷ ᠵᠠᠮ᠎ᠤᠨ ᠪᠦᠬᠦ ᠱᠤᠭᠤᠮ᠎ᠨᠢ ᠴᠠᠬᠢᠯᠭ᠋ᠠᠨᠵᠢᠯᠲᠠ ᠵᠢᠨ ᠴᠠᠭ ᠦᠶ᠎ᠡ᠎ᠳᠤ ᠣᠷᠣᠪᠠ᠃

2024 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ᠂ ᠴᠠᠬᠢᠯᠭ᠋ᠠᠨ ᠬᠦᠴᠦᠨ᠎ᠤ ᠪᠤᠬ᠎ᠠ ᠲᠡᠷᠭᠡ᠎ᠪᠠᠷ ᠴᠢᠷᠦᠭᠰᠡᠨ ᠨᠢᠭᠡᠨ ᠪᠠᠷᠠᠭ᠋ᠠᠨ᠎ᠤ ᠲᠡᠭᠡᠭᠡᠪᠦᠷᠢ ᠵᠢᠨ ᠭᠠᠯᠲᠤ ᠲᠡᠷᠭᠡ ᠥᠪᠥᠷ ᠮᠣᠩᠭᠣᠯ᠎ᠤᠨ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠭᠠᠯᠳᠠᠰᠤᠲᠠᠢ ᠷᠠᠰᠢᠶᠠᠨ ᠶᠡᠬᠡ ᠬᠥᠭᠥᠷᠭᠡ ᠳᠡᠭᠡᠷ᠎ᠡ ᠠᠶᠠᠯᠠᠵᠤ ᠪᠠᠢ᠌ᠭ᠎ᠠ᠎ᠨᠢ᠃
ᠣᠢ᠌ᠯᠠᠭ᠋ᠠᠭᠰᠠᠨ ᠵᠶ᠋ᠠᠷ᠂ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ ᠪᠣᠯ ᠮᠠᠨ᠎ᠤ ᠤᠯᠤᠰ᠎ᠤᠨ ᠵᠡᠭᠦᠨ ᠬᠣᠢ᠌ᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢ᠌ᠲᠤ ᠣᠷᠣᠨ᠎ᠢ ᠬᠣᠯᠪᠣᠭᠰᠠᠨ ᠴᠢᠬᠤᠯᠠ ᠲᠡᠮᠦᠷ ᠵᠠᠮ᠎ᠤᠨ ᠭᠣᠤᠯ ᠱᠤᠭᠤᠮ ᠪᠠᠢ᠌ᠵᠤ᠂ ᠥᠪᠥᠷ ᠮᠣᠩᠭᠣᠯ᠎ᠤᠨ ᠤᠯᠠᠭ᠋ᠠᠨᠴᠠᠪ᠂ ᠰᠢᠯᠢ ᠵᠢᠨ ᠭᠣᠤᠯ᠂ ᠤᠯᠠᠭ᠋ᠠᠨᠬᠠᠳᠠ᠂ ᠲᠦᠩᠯᠢᠶᠣᠤ 4 ᠠᠢ᠌ᠮᠠᠭ ᠬᠣᠲᠠ ᠵᠢᠨ 13 ᠬᠣᠰᠢᠭᠤ ᠰᠢᠶᠠᠨ ᠵᠶ᠋ᠠᠷ ᠥᠩᠭᠡᠷᠡᠨ᠂ ᠪᠠᠷᠠᠭᠤᠨᠰᠢ᠎ᠪᠠᠨ ᠪᠡᠭᠡᠵᠢᠩ᠎ᠠᠴᠠ ᠪᠣᠭᠣᠲᠣ ᠬᠦᠷᠬᠦ᠂ ᠵᠢᠨᠢᠩ᠎ᠠᠴᠠ ᠡᠷᠢᠶᠡᠨ ᠬᠥᠷᠬᠥ ᠲᠡᠮᠦᠷ ᠵᠠᠮ᠎ᠲᠠᠢ ᠵᠠᠯᠭ᠋ᠠᠯᠳᠤᠵᠤ᠂ ᠵᠡᠭᠦᠨᠰᠢ᠎ᠪᠠᠨ ᠲᠦᠩᠯᠢᠶᠣᠤ ᠵᠢᠨ ᠬᠦᠢᠰᠦ᠎ᠳᠤ ᠵᠠᠯᠭ᠋ᠠᠨ ᠣᠷᠣᠭᠤᠯᠵᠤ᠂ 1995 ᠣᠨ᠎ᠤ 12 ᠳ᠋ᠤᠭ᠋ᠠᠷ ᠰᠠᠷ᠎ᠠ᠎ᠳᠤ ᠪᠠᠢ᠌ᠭᠤᠯᠵᠤ ᠲᠠᠭᠤᠰᠬᠠᠨ ᠲᠡᠷᠭᠡ ᠨᠡᠪᠲᠡᠷᠡᠵᠦ᠂ ᠤᠤᠯ᠎ᠨᠢ ᠲᠠᠩ ᠱᠤᠭᠤᠮ᠎ᠤᠨ ᠴᠠᠬᠢᠯᠭ᠋ᠠᠨᠵᠢᠭᠤᠯᠤᠯᠲᠠ ᠵᠢᠨ ᠪᠤᠰᠤ ᠲᠡᠮᠦᠷ ᠵᠠᠮ ᠪᠠᠢ᠌ᠵᠤ᠂ ᠪᠥᠬᠥ ᠣᠷᠳᠣᠨ᠎ᠢ 943 ᠺᠢᠯᠣᠮᠧᠲᠷ ᠪᠠᠢ᠌ᠳᠠᠭ᠃
ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠨᠢ ᠥᠪᠥᠷ ᠮᠣᠩᠭᠣᠯ᠎ᠤᠨ ᠥᠨᠳᠥᠷᠯᠢᠭ᠂ ᠶᠡᠬᠡ ᠬᠢᠩᠭ᠋ᠠᠨ ᠳᠠᠪᠠᠭ᠎ᠠ ᠵᠢᠨ ᠠᠭᠤᠯᠠ ᠨᠢᠷᠤᠭᠤ ᠪᠠ ᠶᠠᠨᠱ᠌ᠠᠨ ᠠᠭᠤᠯᠠ ᠨᠢᠷᠤᠭᠤ ᠵᠢ ᠨᠡᠪᠲᠡᠯᠦᠨ ᠭᠠᠷᠴᠤ᠂ ᠭᠠᠵᠠᠷ᠎ᠤᠨ ᠨᠥᠬᠥᠴᠡᠯ ᠪᠠ ᠭᠠᠵᠠᠷ᠎ᠤᠨ ᠪᠠᠢ᠌ᠴᠠ ᠵᠢᠨ ᠣᠷᠴᠢᠨ ᠲᠣᠭᠣᠷᠢᠨ᠎ᠨᠢ ᠪᠤᠳᠤᠯᠢᠶᠠᠨᠲᠠᠶ ᠪᠠᠢ᠌ᠵᠤ᠂ ᠪᠢᠷᠠᠭᠤ᠎ᠠᠴᠠ ᠳ᠋ᠠᠪᠠᠨ ᠬᠥᠷᠬᠥ ᠬᠡᠰᠡᠭ᠎ᠤᠨ ᠬᠡᠰᠡᠭ ᠭᠠᠵᠠᠷ᠎ᠤᠨ ᠠᠶᠠᠨᠳᠠᠭ᠋ᠠᠨ᠎ᠤ ᠭᠤᠯᠳᠤ ᠨᠠᠯᠠᠤ᠎ᠨᠢ 20‰ᠳᠤ ᠬᠦᠷᠴᠦ᠂ ᠪᠠᠢ᠌ᠭᠤᠯᠤᠭᠰᠠᠨ ᠡᠬᠢᠨ᠎ᠤ ᠦᠶ᠎ᠡ᠎ᠳᠤ ᠮᠤᠷᠤᠶ ᠰᠠᠷᠤᠶ᠎ᠪᠠᠷ ᠲᠣᠭᠣᠷᠢᠵᠦ ᠶᠠᠪᠤᠬᠤ᠎ᠪᠠᠷ ᠵᠢᠷᠤᠭ ᠲᠥᠯᠥᠪᠯᠡᠬᠦ ᠠᠷᠭ᠎ᠠ ᠮᠠᠶᠢᠭ᠎ᠢ ᠠᠪᠴᠤ ᠭᠠᠯᠲᠤ ᠲᠡᠷᠭᠡᠨ᠎ᠤ ᠥᠭᠡᠳᠡ ᠵᠠᠮ ᠶᠠᠪᠤᠬᠤ ᠵᠢ ᠪᠡᠶᠡᠯᠡᠭᠦᠯᠪᠡ᠃

ᠭᠠᠯᠲᠤ ᠲᠡᠷᠭᠡ᠎ᠨᠢ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠢᠷᠠᠭᠤ ᠵᠢᠨ ᠣᠨᠴᠠ ᠶᠡᠬᠡ ᠬᠥᠭᠥᠷᠭᠡ ᠳᠡᠭᠡᠷ᠎ᠡ ᠠᠶᠠᠯᠠᠵᠤ ᠪᠠᠢ᠌ᠭ᠎ᠠ᠎ᠨᠢ᠃
ᠲᠠᠰᠤᠷᠠᠯᠲᠠ ᠥᠬᠡᠶ ᠨᠡᠮᠡᠭᠳᠡᠵᠦ ᠪᠠᠢ᠌ᠭ᠎ᠠ ᠲᠡᠭᠡᠭᠡᠪᠦᠷᠢ ᠵᠢᠨ ᠬᠡᠮᠵᠢᠶ᠎ᠡ ᠵᠢᠨ ᠬᠡᠷᠡᠭᠴᠡᠭᠡ ᠵᠢ ᠬᠠᠩᠭ᠋ᠠᠵᠤ᠂ ᠥᠪᠥᠷ ᠮᠣᠩᠭᠣᠯ᠎ᠤᠨ ᠳᠤᠮᠳᠠ ᠪᠠ ᠵᠡᠭᠦᠨ ᠬᠡᠰᠡᠭ᠎ᠤᠨ ᠭᠠᠵᠠᠷ ᠣᠷᠣᠨ᠎ᠤ ᠵᠠᠮ᠎ᠤᠨ ᠲᠣᠤᠷ᠎ᠤᠨ ᠪᠠᠢ᠌ᠷᠢᠰᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠥᠯᠥᠭᠡ᠂ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠢ 2020 ᠣᠨ᠎ᠤ 4 ᠳ᠋ᠦ᠍ᠭᠡᠷ ᠰᠠᠷ᠎ᠠ᠎ᠳᠤ ᠴᠠᠬᠢᠯᠭ᠋ᠠᠨᠵᠢᠭᠤᠯᠬᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠡᠬᠢᠯᠡᠭᠦᠯᠵᠦ᠂ ᠳᠤᠮᠳᠠᠳᠤ ᠤᠯᠤᠰ᠎ᠤᠨ ᠲᠡᠮᠦᠷ ᠵᠠᠮ᠎ᠤᠨ ᠴᠠᠬᠢᠯᠭ᠋ᠠᠨᠵᠢᠭᠤᠯᠤᠯᠲᠠ ᠵᠢᠨ ᠲᠣᠪᠴᠢᠶ᠎ᠠ᠎ᠠᠴᠠ ᠲᠥᠷᠥᠬᠦᠯᠡᠠ ᠪᠠᠷᠢᠯᠭ᠎ᠠ ᠡᠬᠢᠯᠡᠭᠦᠯᠦᠨ ᠥᠭᠡᠷᠡᠴᠢᠯᠡᠵᠦ᠂ ᠬᠡᠰᠢᠭᠲᠡᠨ᠎ᠤ ᠨᠦᠬᠡᠨ ᠵᠠᠮ᠂ ᠪᠢᠷᠠᠭᠤ ᠵᠢᠨ ᠨᠦᠬᠡᠨ ᠵᠠᠮ ᠵᠡᠷᠭᠡ 7 ᠨᠦᠬᠡᠨ ᠵᠠᠮ ᠪᠠ ᠭᠠᠯᠳᠠᠰᠤᠲᠠᠢ ᠷᠠᠰᠢᠶᠠᠨ ᠶᠡᠬᠡ ᠬᠥᠭᠥᠷᠭᠡ᠂ ᠳᠣᠯᠣᠨ ᠨᠠᠭᠤᠷ᠎ᠤᠨ ᠣᠨᠴᠠ ᠶᠡᠬᠡ ᠬᠥᠭᠥᠷᠭᠡ ᠵᠡᠷᠭᠡ 29 ᠬᠥᠭᠥᠷᠭᠡ ᠵᠢ ᠰᠢᠨ᠎ᠡ᠎ᠪᠠᠷ ᠪᠠᠢ᠌ᠭᠤᠯᠵᠤ᠂ ᠶᠡᠬᠡ ᠮᠤᠷᠤᠶ ᠱᠤᠭᠤᠮ᠎ᠤᠨ ᠵᠠᠮ᠎ᠤᠨ ᠬᠡᠰᠡᠭ᠎ᠢ 《ᠠᠰᠯᠠᠭᠤᠯᠵᠤ》᠂ ᠠᠶᠠᠨᠳᠠᠭ᠋ᠠᠨ᠎ᠤ ᠭᠤᠯᠳᠤ ᠨᠠᠯᠠᠤ ᠵᠢ ᠥᠩᠭᠡᠷᠡᠭᠰᠡᠨ᠎ᠤ ᠬᠠᠮᠤᠭ᠎ᠤᠨ ᠶᠡᠬᠡ 20 ‰ ᠪᠠᠢ᠌ᠭᠰᠠᠨ᠎ᠠᠴᠠ᠎ᠨᠢ ᠬᠠᠮᠤᠭ᠎ᠤᠨ ᠶᠡᠬᠡ᠎ᠳᠤ᠎ᠪᠠᠨ 13 ‰ᠠᠴᠠ ᠬᠡᠲᠦᠷᠡᠭᠦᠯᠵᠦ ᠪᠣᠯᠬᠤ ᠥᠬᠡᠶ ᠪᠣᠯᠭ᠋ᠠᠵᠤ᠂ ᠭᠠᠯᠲᠤ ᠲᠡᠷᠭᠡ᠎ᠨᠢ ᠮᠤᠷᠤᠶ ᠰᠠᠷᠤᠶ᠎ᠪᠠᠷ ᠲᠣᠭᠣᠷᠢᠵᠦ ᠶᠠᠪᠤᠬᠤ ᠴᠢᠬᠤᠯᠠ ᠦᠭᠡᠢ ᠪᠣᠯᠵᠤ᠂ ᠠᠶᠠᠨᠴᠢᠳ ᠪᠠ ᠪᠠᠷᠠᠭ᠎ᠠ ᠵᠢᠨ ᠭᠠᠯᠲᠤ ᠲᠡᠷᠭᠡᠨ᠎ᠤ ᠠᠶᠠᠯᠠᠬᠤ ᠬᠤᠷᠳᠤᠴᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠵᠢᠨᠢᠩ᠎ᠠᠴᠠ ᠲᠦᠩᠯᠢᠶᠣᠤ ᠬᠦᠷᠬᠦ ᠲᠡᠮᠦᠷ ᠵᠠᠮ ᠪᠣᠯ ᠥᠪᠥᠷ ᠮᠣᠩᠭᠣᠯ᠎ᠤᠨ ᠵᠡᠭᠦᠨ ᠬᠡᠰᠡᠭ᠂ ᠥᠪᠥᠷ ᠮᠣᠩᠭᠣᠯ᠎ᠤᠨ ᠪᠠᠷᠠᠭᠤᠨ ᠬᠡᠰᠡᠭ ᠣᠷᠣᠨ᠎ᠢ ᠬᠣᠯᠪᠣᠬᠤ ᠴᠢᠬᠤᠯᠠ ᠲᠡᠮᠦᠷ ᠵᠠᠮ᠎ᠤᠨ ᠨᠡᠪᠲᠡᠷᠡᠬᠦ ᠵᠠᠮ ᠪᠣᠯᠤᠨ᠎ᠠ᠃ ᠨᠢᠭᠡᠨᠲᠡ ᠪᠠᠢ᠌ᠭ᠎ᠠ ᠴᠠᠬᠢᠯᠭ᠋ᠠᠨᠵᠢᠭᠤᠯᠬᠤ ᠥᠭᠡᠷᠡᠴᠢᠯᠡᠯᠲᠡ ᠵᠢᠨ ᠪᠣᠳᠠᠲᠤ ᠪᠠᠢ᠌ᠳᠠᠯ᠎ᠳᠤ ᠴᠢᠭᠯᠡᠭᠦᠯᠦᠨ᠂ ᠬᠡᠪ᠎ᠤᠨ ᠲᠡᠭᠡᠭᠡᠪᠦᠷᠢ ᠵᠢᠨ ᠵᠣᠬᠢᠶᠠᠨ ᠪᠠᠢ᠌ᠭᠤᠯᠤᠯᠲᠠ ᠵᠢᠨ ᠨᠥᠯᠥᠭᠡ ᠵᠢ ᠪᠠᠭ᠋ᠠᠰᠬᠠᠬᠤ ᠵᠢᠨ ᠲᠥᠯᠥᠭᠡ᠂ ᠲᠡᠮᠦᠷ ᠵᠠᠮ᠎ᠤᠨ ᠰᠠᠯᠠᠭ᠎ᠠ ᠮᠥᠴᠢᠷ᠎ᠤᠳ ᠪᠠᠷᠢᠯᠭ᠎ᠠ ᠵᠢᠨ ᠲᠥᠰᠦᠯ ᠵᠶ᠋ᠡᠨ ᠰᠢᠯᠢᠳᠡᠭᠵᠢᠭᠦᠯᠵᠦ᠂ ᠡᠯ᠎ᠡ ᠵᠦᠢᠯ᠎ᠤᠨ ᠠᠮᠤᠷ ᠲᠦᠪᠰᠢᠨ᠎ᠢ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠬᠡᠷᠡᠭᠵᠢᠭᠦᠯᠦᠨ᠂ ᠲᠤᠰᠬᠠᠶ ᠬᠦᠴᠦᠨ ᠲᠣᠮᠢᠯᠠᠵᠤ ᠭᠣᠤᠯᠳᠠᠯᠭ᠎ᠠ᠎ᠲᠠᠢ ᠠᠵᠢᠯᠯᠠᠬᠤ᠂ ᠠᠮᠤᠷ ᠲᠦᠪᠰᠢᠨ᠎ᠢ ᠰᠡᠷᠭᠡᠢ᠌ᠯᠡᠨ ᠬᠠᠮᠠᠭ᠋ᠠᠯᠠᠬᠤ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠳᠠᠭ᠋ᠠᠭ᠋ᠠᠴᠢᠯᠠᠨ ᠡᠵᠡᠮᠳᠡᠭᠦᠯᠵᠦ᠂ ᠲᠡᠮᠦᠷ ᠵᠠᠮ᠂ ᠴᠠᠬᠢᠯᠭ᠋ᠠᠨ ᠬᠠᠩᠭ᠋ᠠᠬᠤ᠂ ᠴᠢᠮᠡᠭᠡ ᠬᠣᠯᠪᠣᠭ᠎ᠠ ᠵᠢᠨ ᠳᠣᠬᠢᠶ᠎ᠠ ᠵᠡᠷᠭᠡ ᠲᠤᠰᠬᠠᠶ ᠲᠥᠬᠥᠭᠡᠷᠦᠮᠵᠢ ᠵᠢ ᠪᠠᠢ᠌ᠴᠠᠭ᠋ᠠᠨ ᠬᠡᠮᠵᠢᠵᠦ ᠰᠢᠯᠭ᠋ᠠᠨ ᠠᠪᠬᠤ ᠪᠠ ᠴᠢᠳᠠᠮᠵᠢ ᠵᠢᠨ ᠦᠨᠡᠯᠡᠨ ᠵᠢᠱ᠌ᠢᠯᠲᠡ ᠬᠢᠬᠦ ᠵᠢ ᠬᠢᠨᠠᠮᠠᠭ᠋ᠠᠶ ᠵᠣᠬᠢᠶᠠᠨ ᠪᠠᠢ᠌ᠭᠤᠯᠵᠤ᠂ ᠪᠠᠷᠢᠯᠭ᠎ᠠ ᠵᠢᠨ ᠠᠬᠢᠴᠠ ᠵᠢ ᠬᠤᠭᠤᠴᠠᠭ᠎ᠠ ᠶᠣᠰᠣ᠎ᠪᠠᠷ ᠪᠡᠶᠡᠯᠡᠭᠦᠯᠬᠦ ᠵᠢᠨ ᠬᠠᠮᠲᠤ ᠨᠢᠭᠡᠨᠲᠡ ᠪᠠᠢ᠌ᠭ᠎ᠠ ᠱᠤᠭᠤᠮ᠎ᠤᠨ ᠠᠮᠤᠷ ᠲᠦᠪᠰᠢᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠪᠠ᠃
ᠣᠷᠣᠨ ᠬᠤᠪᠢᠶᠠᠵᠤ ᠪᠠᠷᠢᠯᠭ᠎ᠠ ᠪᠠᠷᠢᠬᠤ᠂ ᠬᠡᠰᠡᠭ ᠬᠤᠪᠢᠶᠠᠨ ᠨᠡᠪᠲᠡᠷᠡᠭᠦᠯᠦᠨ ᠡᠵᠡᠩᠨᠡᠬᠦ ᠠᠷᠭ᠎ᠠ ᠬᠡᠯᠪᠡᠷᠢ᠎ᠪᠠᠷ᠂ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠵᠢᠨᠢᠩ᠎ᠠᠴᠠ ᠬᠠᠭᠤᠷᠠᠢ ᠬᠦᠷᠢᠶ᠎ᠡ ᠬᠥᠷᠬᠥ ᠬᠡᠰᠡᠭ᠎ᠢ 2023 ᠣᠨ᠎ᠤ 2 ᠳ᠋ᠤᠭ᠋ᠠᠷ ᠰᠠᠷ᠎ᠠ᠎ᠳᠤ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ᠂ ᠬᠠᠭᠤᠷᠠᠢ ᠬᠦᠷᠢᠶ᠎ᠡ᠎ᠠᠴᠠ ᠮᠥᠩᠭᠦᠨᠲᠠᠯ᠎ᠠ ᠬᠥᠷᠬᠥ ᠬᠡᠰᠡᠭ᠎ᠢ 2023 ᠣᠨ᠎ᠤ 11 ᠳ᠋ᠦ᠍ᠭᠡᠷ ᠰᠠᠷ᠎ᠠ᠎ᠳᠤ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ᠂ ᠳ᠋ᠠᠪᠠᠨ᠎ᠠᠴᠠ ᠵᠢᠷᠢᠮ ᠬᠥᠷᠬᠥ ᠬᠡᠰᠡᠭ᠎ᠢ 2024 ᠣᠨ᠎ᠤ 10 ᠳ᠋ᠤᠭ᠋ᠠᠷ ᠰᠠᠷ᠎ᠠ᠎ᠳᠤ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠪᠡ᠃ ᠣᠳᠣᠬᠠᠨ᠎ᠳᠤ᠂ ᠪᠥᠬᠥ ᠱᠤᠭᠤᠮ᠎ᠳᠤ ᠨᠡᠢ᠌ᠲᠡ 35 ᠲᠡᠷᠭᠡᠨ ᠥᠷᠲᠡᠭᠡ ᠲᠣᠬᠢᠷᠠᠭᠤᠯᠵᠤ᠂ ᠡᠭᠦᠨ᠎ᠳᠤ ᠯᠢᠨᠰᠢ᠂ ᠭᠠᠯᠳᠠᠰᠤᠳᠠᠢ ᠪᠣᠯᠤᠨ ᠪᠢᠷᠠᠭᠤ ᠵᠢᠨ ᠪᠠᠷᠠᠭᠤᠨᠳᠠᠬᠢ 3 ᠲᠡᠷᠭᠡᠨ ᠥᠷᠲᠡᠭᠡ᠎ᠨᠢ ᠰᠢᠨ᠎ᠡ᠎ᠪᠠᠷ ᠪᠠᠢ᠌ᠭᠤᠯᠤᠭᠰᠠᠨ ᠥᠷᠲᠡᠭᠡ ᠪᠣᠯᠣᠨ᠎ᠠ᠃

2024 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ᠂ ᠴᠠᠬᠢᠯᠭ᠋ᠠᠨ ᠬᠦᠴᠦᠨ᠎ᠤ ᠪᠤᠬ᠎ᠠ ᠲᠡᠷᠭᠡ ᠵᠢᠨ ᠴᠢᠷᠦᠭᠰᠡᠨ ᠪᠠᠷᠠᠭ᠋ᠠᠨ᠎ᠤ ᠭᠠᠯᠲᠤ ᠲᠡᠷᠭᠡ ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ ᠵᠶ᠋ᠡᠷ ᠠᠶᠠᠯᠠᠵᠤ ᠪᠠᠢ᠌ᠭ᠎ᠠ᠎ᠨᠢ᠃
ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠥᠬᠥ ᠱᠤᠭᠤᠮ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠭᠰᠡᠨ᠎ᠨᠢ᠂ ᠬᠥᠷᠰᠢ ᠵᠡᠷᠭᠡᠯᠡᠳᠡᠭᠡ ᠵᠠᠮ᠎ᠤᠨ ᠲᠣᠤᠷ᠎ᠤᠨ ᠴᠢᠷᠬᠦ ᠬᠥᠳᠡᠯᠭᠡᠬᠦ ᠬᠦᠴᠦᠨ᠎ᠲᠠᠢ ᠢᠵᠢᠯᠢᠰᠢᠭᠦᠯᠬᠦ᠂ ᠱᠤᠭᠤᠮ ᠠᠯᠤᠰᠯᠠᠭᠰᠠᠨ ᠭᠠᠯᠲᠤ ᠲᠡᠷᠭᠡᠨ᠎ᠤ ᠲᠡᠭᠡᠭᠡᠪᠦᠷᠢ ᠵᠢᠨ ᠰᠢᠭᠤᠳ ᠨᠡᠪᠲᠡᠷᠡᠬᠦ ᠵᠢ ᠪᠡᠶᠡᠯᠡᠭᠦᠯᠪᠡ᠃ ᠨᠡᠪᠲᠡᠷᠡᠬᠦ ᠵᠠᠮ᠎ᠤᠨ ᠵᠥᠭᠡᠭᠡᠪᠦᠷᠢᠯᠡᠬᠦ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠵᠦ᠂ ᠠᠶᠠᠨᠴᠢᠳ᠎ᠤᠨ ᠭᠠᠯᠲᠤ ᠲᠡᠷᠭᠡ 2025 ᠣᠨ᠎ᠤ 1 ᠳ᠋ᠦ᠍ᠭᠡᠷ ᠰᠠᠷ᠎ᠠ᠎ᠳᠤ ᠠᠶᠠᠯᠠᠬᠤ ᠵᠢᠷᠤᠭ᠎ᠪᠠᠨ ᠲᠣᠬᠢᠷᠠᠭᠤᠯᠤᠭᠰᠠᠨ᠎ᠤ ᠳᠠᠷᠠᠭ᠎ᠠ ᠴᠠᠭ᠎ᠤᠨ ᠬᠤᠷᠳᠤᠴᠠ ᠵᠢ 65 ᠺᠢᠯᠣᠮᠧᠲᠷ᠎ᠠᠴᠠ 120 ᠺᠢᠯᠣᠮᠧᠲᠷ ᠪᠣᠯᠲᠠᠯ᠎ᠠ ᠳᠡᠭᠡᠭᠰᠢᠯᠡᠭᠦᠯᠵᠦ᠂ ᠬᠥᠬᠡᠬᠣᠲᠠ᠎ᠠᠴᠠ ᠲᠦᠩᠯᠢᠶᠣᠤ ᠬᠥᠷᠬᠥ ᠠᠶᠠᠨᠴᠢᠳ᠎ᠤᠨ ᠭᠠᠯᠲᠤ ᠲᠡᠷᠭᠡᠨ᠎ᠤ ᠠᠶᠠᠯᠠᠬᠤ ᠴᠠᠭ᠎ᠨᠢ ᠶᠡᠬᠡ᠎ᠪᠠᠷ ᠪᠣᠭᠣᠨᠢᠰᠬᠤ ᠪᠣᠯᠤᠨ᠎ᠠ; ᠵᠢᠯ᠎ᠤᠨ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠵᠢ ᠥᠩᠭᠡᠷᠡᠭᠰᠡᠨ᠎ᠤ 3600 ᠲᠦᠮᠡᠨ ᠲᠣᠨ ᠪᠠᠢ᠌ᠭᠰᠠᠨ᠎ᠠᠴᠠ 8000 ᠭᠠᠷᠤᠢ ᠲᠦᠮᠡᠨ ᠲᠣᠨ ᠪᠣᠯᠭ᠋ᠠᠨ ᠳᠡᠭᠡᠭᠰᠢᠯᠡᠭᠦᠯᠵᠦ᠂ ᠲᠠᠰᠤᠷᠠᠯᠳᠠ ᠦᠭᠡᠢ ᠨᠡᠮᠡᠭᠳᠡᠵᠦ ᠪᠠᠢ᠌ᠭ᠎ᠠ ᠲᠡᠭᠡᠭᠡᠪᠦᠷᠢ ᠵᠢᠨ ᠬᠡᠮᠵᠢᠶᠡᠨ᠎ᠤ ᠬᠡᠷᠡᠭᠴᠡᠭᠡ ᠵᠢ ᠬᠠᠩᠭ᠋ᠠᠨ᠂ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠪᠠ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠤᠯᠤᠰ᠎ᠤᠨ ᠪᠠᠢ᠌ᠯᠳᠤᠬᠤ ᠪᠤᠳᠤᠯᠭ᠎ᠠ᠎ᠳᠤ ᠦᠢ᠍ᠯᠡᠴᠢᠯᠡᠬᠦ ᠵᠢ ᠲᠦᠷᠭᠡᠳᠬᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃