ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ 24 ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠭᠣᠤᠯ ᠴᠣᠭᠴᠠ ᠵᠢ ᠪᠠᠢ᠌ᠭᠤᠯᠤᠨ ᠳᠠᠭᠤᠰᠬᠠᠵᠤ ᠭᠣᠤᠯᠳᠠᠯᠭ᠎ᠠ᠎ᠲᠠᠢ ᠲᠥᠷᠥᠯ ᠵᠦᠢᠯ᠎ᠨᠢ ᠴᠢᠨᠠᠷ ᠰᠠᠢ᠌ᠲᠠᠶ ᠬᠥᠭᠵᠢᠯᠲᠡ ᠵᠢᠨ ᠰᠠᠭᠤᠷᠢ ᠵᠢ ᠪᠠᠲᠤᠳᠬᠠᠪᠠ
ᠨᠡᠶ᠋ᠢᠲᠡᠯᠡᠭᠰᠡᠨ ᠴᠠᠭ᠄ 2024-12-26

     ᠡᠪᠦᠯ᠎ᠤᠨ ᠤᠯᠠᠷᠢᠯ᠎ᠤᠨ ᠥᠪᠥᠷ ᠮᠣᠩᠭᠣᠯ᠎ᠤᠨ ᠵᠠᠷᠤᠳ ᠲᠠᠯ᠎ᠠ ᠨᠤᠲᠤᠭ᠎ᠲᠤ᠂ ᠦᠦᠷ᠎ᠤᠨ ᠲᠤᠶᠠᠭ᠎ᠠ ᠨᠠᠮ ᠵᠢᠮ ᠲᠠᠯ᠎ᠠ ᠨᠤᠲᠤᠭ᠎ᠲᠤ ᠤᠶᠠᠬᠠᠨ ᠤᠯᠠᠭ᠋ᠠᠨ ᠥᠩᠭᠡ᠎ᠪᠠᠷ ᠴᠢᠮᠡᠵᠡᠶ᠃ G5511 ᠴᠠᠪᠢᠨᠲᠠᠯ᠎ᠠ᠎ᠠᠴᠠ ᠰᠤᠭᠤᠲᠤ ᠬᠦᠷᠬᠦ ᠵᠠᠰᠠᠮᠠᠯ ᠵᠠᠮ ᠵᠶ᠋ᠡᠷ᠂ ᠦᠨᠢᠶᠡᠨ ᠰᠦ᠂ ᠡᠪᠡᠰᠦ ᠲᠡᠭᠡᠭᠡᠭᠰᠡᠨ ᠮᠠᠰᠢᠨ ᠲᠡᠷᠭᠡ ᠳᠠᠪᠬᠢᠭᠤᠯᠤᠨ ᠥᠩᠭᠡᠷᠡᠵᠦ᠂ ᠡᠪᠦᠯ᠎ᠤᠨ ᠨᠠᠮ ᠰᠡᠯᠡᠭᠦᠨ ᠴᠠᠰᠤᠲᠤ ᠲᠠᠯ᠎ᠠ ᠵᠢ ᠮᠠᠰᠢ ᠠᠮᠢᠵᠢᠷᠠᠯ᠎ᠤᠨ ᠬᠦᠴᠦᠨ᠎ᠲᠠᠢ ᠪᠣᠯᠭ᠋ᠠᠪᠠ᠃ ᠡᠨᠳᠡ ᠥᠭᠡᠷᠡᠴᠢᠯᠡᠨ  ᠪᠠᠢ᠌ᠭᠤᠯᠤᠭᠰᠠᠨ ᠵᠠᠮ᠎ᠤᠨ ᠬᠡᠰᠡᠭ᠎ᠤᠨ 78 ᠺᠢᠯᠣᠮᠧᠲᠷ᠎ᠤᠨ ᠪᠠᠷᠢᠯᠭ᠎ᠠ ᠵᠢ ᠰᠠᠶᠢᠬᠠᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠬᠡᠰᠡᠭ᠎ᠤᠨ  ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠪᠥᠬᠥ ᠱᠤᠭᠤᠮ᠎ᠢ ᠦᠨᠳᠦᠰᠦᠨ᠎ᠳᠡᠭᠡᠨ ᠨᠡᠪᠲᠡᠷᠡᠭᠦᠯᠪᠡ᠃

1226-1.jpg


    G5511 ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ 
    《ᠲᠦᠷᠦᠯ ᠵᠦᠢ᠍ᠯ᠎ᠨᠢ ᠡᠵᠡᠩᠨᠡᠬᠦ ᠵᠢᠨ ᠳᠠᠭ᠋ᠠᠤ ᠪᠠᠷᠢᠯᠭ᠎ᠠ ᠡᠬᠢᠯᠡᠭᠦᠯᠬᠦ ᠠᠷᠭ᠎ᠠ ᠬᠡᠯᠪᠡᠷᠢ ᠵᠢ ᠬᠡᠷᠡᠭᠯᠡᠵᠦ᠂ ᠭᠣᠣᠯ ᠱᠤᠭᠤᠮ᠎ᠤᠨ ᠥᠭᠡᠷᠡᠴᠢᠯᠡᠨ ᠪᠠᠢ᠌ᠭᠤᠯᠬᠤ ᠬᠡᠰᠡᠭ᠎ᠲᠤ ᠬᠣᠶᠠᠷ ᠤᠳᠠᠭ᠋ᠠᠨ᠎ᠤ ᠡᠵᠡᠩᠨᠡᠯᠲᠡ ᠵᠢᠨ ᠥᠭᠡᠷᠡᠴᠢᠯᠡᠯᠲᠡ ᠵᠢ ᠥᠩᠭᠡᠷᠡᠭᠦᠯᠵᠦ᠂ ᠠᠯᠢ ᠤᠯᠠᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠪᠦᠬᠦ ᠪᠦᠲᠦᠭᠡᠨ ᠪᠠᠢ᠌ᠭᠤᠯᠤᠭᠴᠢᠳ᠎ᠤᠨ ᠬᠠᠮᠲᠤ ᠵᠢᠨ ᠴᠢᠷᠮᠠᠢ᠌ᠯᠭ᠎ᠠ ᠳᠣᠣᠷ᠎ᠠ ᠤᠷᠤᠭᠰᠢᠲᠠᠢ ᠨᠡᠪᠳᠡᠷᠡᠪᠡ᠃ ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠢ ᠬᠡᠷᠡᠭᠵᠢᠭᠦᠯᠦᠨ ᠪᠠᠢ᠌ᠭᠤᠯᠤᠭᠰᠠᠨ᠎ᠨᠢ ᠣᠷᠣᠨ ᠪᠦᠰᠡ ᠵᠢᠨ ᠳᠣᠲᠣᠷᠠᠬᠢ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ᠂ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ᠂ ᠬᠣᠲᠠ ᠬᠥᠳᠡᠭᠡ ᠵᠢ ᠨᠢᠭᠡ ᠴᠣᠭᠴᠠᠵᠢᠭᠤᠯᠬᠤ ᠪᠦᠲᠦᠭᠡᠨ ᠪᠠᠢ᠌ᠭᠤᠯᠤᠯᠲᠠ ᠵᠡᠷᠭᠡ᠎ᠳᠤ ᠴᠢᠬᠤᠯᠠ ᠠᠬᠢᠭᠤᠯᠬᠤ ᠦᠢ᠍ᠯᠡᠳᠦᠯ᠎ᠲᠠᠢ ᠪᠠᠢ᠌ᠵᠤ᠂ ᠡᠬᠢ ᠪᠠᠶᠠᠯᠢᠭ᠎ᠤᠨ ᠨᠡᠭᠡᠭᠡᠯᠲᠡ᠂ ᠵᠠᠮ ᠳᠠᠭ᠋ᠠᠤ ᠵᠢᠨ ᠠᠵᠤ ᠠᠬᠤᠶ᠂ ᠵᠢᠭᠤᠯᠴᠢᠯᠠᠯ ᠵᠢᠴᠢ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠪᠡᠬᠢᠵᠢᠭᠦᠯᠬᠦ ᠪᠠ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠎ᠳᠤ ᠴᠢᠬᠤᠯᠠ ᠠᠬᠢᠭᠤᠯᠬᠤ ᠦᠢ᠍ᠯᠡᠳᠦᠯ᠎ᠲᠠᠢ ᠶᠤᠮ᠃》 ᠭᠡᠵᠦ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢᠨ ᠬᠤᠪᠢᠶᠠᠷᠢ ᠺᠣᠮᠫᠠᠨᠢ ᠵᠢᠨ ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠠᠯᠪᠠᠨ ᠬᠡᠷ᠎ᠤᠨ ᠶᠡᠷᠦᠩᠬᠡᠶ ᠢᠨᠵᠧᠨᠧᠷ ᠸᠠᠩ ᠹᠸᠩ ᠴᠦᠨ ᠬᠡᠯᠡᠪᠡ᠃
     ᠬᠠᠷᠠᠴᠠ᠎ᠪᠠᠨ ᠪᠠᠷᠠᠭᠤᠨᠰᠢ ᠬᠣᠶᠠᠷ ᠮᠢᠩᠭ᠋ᠠᠨ ᠺᠢᠯᠣᠮᠧᠲᠷ ᠬᠣᠯᠠ ᠵᠢᠨ ᠭᠠᠭᠴᠠᠮᠤᠳᠤ ᠪᠣᠭᠣᠮᠲᠠ᠎ᠳᠤ ᠰᠢᠯᠵᠢᠭᠦᠯᠦᠶ᠎ᠡ᠃ AGV ᠵᠢᠯᠣᠭᠣᠴᠢ ᠦᠭᠡᠢ ᠲᠡᠷᠭᠡ᠎ᠨᠢ ᠮᠣᠩᠭᠣᠯ ᠤᠯᠤᠰ᠎ᠠᠴᠠ ᠭᠠᠷᠤᠭᠰᠠᠨ ᠨᠡᠭᠦᠷᠡᠰᠦ ᠵᠢ ᠳᠦᠭᠦᠷᠲᠡᠯ᠎ᠡ ᠲᠡᠭᠡᠭᠡᠳ ᠮᠥᠷᠯᠡᠨ ᠬᠢᠯᠢ᠎ᠪᠠᠷ ᠣᠷᠣᠵᠤ ᠢᠷᠡᠵᠦ᠂ ᠪᠣᠭᠣᠮᠲᠠ ᠵᠢ ᠬᠣᠯᠪᠣᠭᠰᠠᠨ G0616 ᠭᠠᠭᠴᠠᠮᠤᠳᠤ᠎ᠠᠴᠠ ᠬᠠᠯᠢᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠲᠦᠷᠦᠯ ᠵᠦᠢ᠍ᠯ᠎ᠨᠢ ᠠᠰᠢᠭᠯᠠᠯᠲᠠ᠎ᠳᠤ ᠣᠷᠣᠬᠤ᠎ᠪᠠᠷ ᠪᠠᠢ᠌ᠵᠤ᠂ ᠳᠠᠭ᠋ᠠᠯᠲᠠ ᠪᠠᠷᠢᠯᠭ᠎ᠠ᠂ ᠠᠶᠦᠯᠭᠦᠢ ᠬᠠᠮᠠᠭ᠋ᠠᠯᠠᠯᠲᠠ ᠵᠢᠨ ᠪᠠᠷᠢᠯᠭ᠎ᠠ ᠵᠡᠷᠭᠡ ᠪᠦᠬᠦ ᠵᠦᠢ᠍ᠯ᠎ᠤᠨ ᠪᠡᠯᠡᠳᠬᠡᠯ ᠠᠵᠢᠯ ᠡᠮᠬᠢ ᠴᠡᠭᠴᠡ᠎ᠲᠠᠢ ᠶᠠᠪᠤᠭᠳᠠᠵᠤ ᠪᠠᠢ᠌ᠨ᠎ᠠ᠃

1226-2.jpg


    G0616 ᠭᠠᠭᠴᠠᠮᠤᠳᠤ᠎ᠠᠴᠠ ᠬᠠᠯᠢᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ
    ᠭᠠᠭᠴᠠᠮᠣᠳᠣ ᠪᠣᠭᠣᠮᠲᠠ᠎ᠨᠢ ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠬᠢᠯᠢ᠎ᠳᠤ ᠪᠠᠢ᠌ᠷᠢᠯᠠᠵᠤ᠂ ᠮᠠᠨ᠎ᠤ ᠤᠯᠤᠰ᠎ᠤᠨ ᠨᠢᠭᠡᠳᠦᠭᠡᠷ ᠲᠥᠷᠥᠯ᠎ᠤᠨ ᠬᠠᠭᠤᠷᠠᠶ ᠵᠠᠮ᠎ᠤᠨ ᠪᠣᠭᠣᠮᠲᠠ᠂ ᠴᠢᠬᠤᠯᠠ ᠡᠨᠧᠷᠭᠢ ᠵᠢᠨ ᠭᠠᠳᠠᠭ᠋ᠠᠳᠤ᠎ᠠᠴᠠ ᠣᠷᠣᠭᠤᠯᠬᠤ ᠵᠠᠮ ᠪᠠᠢ᠌ᠵᠤ᠂ ᠪᠥᠬᠥ ᠤᠯᠤᠰ᠎ᠤᠨ ᠠᠩᠬᠠᠳᠠᠭᠴᠢ AGV ᠵᠢᠯᠣᠭᠣᠴᠢ ᠥᠬᠡᠶ ᠲᠡᠷᠭᠡ ᠵᠢ ᠬᠢᠯᠢ ᠠᠯᠤᠰᠯᠠᠭᠰᠠᠨ ᠲᠡᠭᠡᠭᠡᠪᠦᠷᠢ᠎ᠳᠤ ᠬᠡᠷᠡᠭᠯᠡᠭᠰᠡᠨ ᠪᠣᠭᠣᠮᠲᠠ᠂ ᠥᠪᠥᠷ ᠮᠣᠩᠭᠣᠯ᠎ᠤᠨ ᠪᠣᠭᠣᠮᠲᠠ᠎ᠪᠠᠷ ᠥᠩᠭᠡᠷᠡᠬᠦ ᠬᠡᠮᠵᠢᠶ᠎ᠡ ᠪᠠ ᠠᠷᠠᠯᠵᠢᠶᠠᠨ᠎ᠤ ᠲᠣᠭ᠎ᠠ᠎ᠪᠠᠷ ᠬᠠᠮᠤᠭ᠎ᠤᠨ ᠶᠡᠬᠡ ᠵᠠᠰᠠᠮᠠᠯ ᠵᠠᠮ᠎ᠤᠨ ᠪᠣᠭᠣᠮᠲᠠ᠂ ᠮᠠᠨ᠎ᠤ ᠤᠯᠤᠰ᠎ᠤᠨ ᠬᠢᠯᠢ ᠳᠠᠭ᠋ᠠᠤ ᠮᠤᠵᠢ ᠣᠷᠣᠨ᠎ᠤ ᠪᠠᠷᠠᠭ᠎ᠠ ᠥᠩᠭᠡᠷᠡᠬᠦ ᠬᠡᠮᠵᠢᠶ᠎ᠡ᠎ᠪᠠᠷ ᠬᠠᠮᠤᠭ᠎ᠤᠨ ᠶᠡᠬᠡ ᠵᠠᠰᠠᠮᠠᠯ ᠵᠠᠮ᠎ᠤᠨ ᠪᠣᠭᠣᠮᠲᠠ ᠪᠣᠯᠤᠨ᠎ᠠ᠃ ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠳᠠᠷᠤᠭ᠎ᠠ ᠵᠢᠶᠠ ᠵᠧᠨ ᠬᠤᠸᠠ᠄ 《G0616 ᠭᠠᠭᠴᠠᠮᠤᠳᠤ᠎ᠠᠴᠠ ᠬᠠᠯᠢᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ ᠪᠣᠯ ᠭᠠᠭᠴᠠᠮᠤᠳᠤ᠎ᠠᠴᠠ ᠮᠤᠨᠠ ᠠᠭᠤᠯᠠ ᠬᠥᠷᠬᠥ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ ᠪᠠᠢ᠌ᠵᠤ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠵᠠᠮ ᠳᠠᠭ᠋ᠠᠤ ᠵᠢᠨ ᠣᠯᠠᠨ ᠲᠦᠮᠡᠨ᠎ᠤ ᠶᠠᠪᠤᠵᠤ ᠰᠠᠭᠤᠬᠤ᠎ᠳᠤ ᠨᠠᠩ ᠣᠯᠠᠨ ᠲᠥᠬᠥᠮ ᠦᠵᠡᠭᠦᠯᠵᠦ᠂ ᠭᠠᠭᠴᠠᠮᠤᠳᠤ ᠪᠣᠭᠣᠮᠲᠠ ᠵᠢᠨ ᠪᠥᠲᠥᠭᠡᠨ ᠪᠠᠢ᠌ᠭᠤᠯᠤᠯᠲᠠ ᠪᠠ ᠬᠢᠯᠢ ᠵᠢᠨ ᠴᠡᠴᠡᠭᠯᠡᠯ ᠬᠥᠭᠵᠢᠯ᠎ᠢ ᠠᠬᠢᠭᠤᠯᠬᠤ᠎ᠪᠠᠷ ᠪᠠᠷᠠᠬᠤ ᠥᠬᠡᠶ᠂ ᠨᠠᠩ ᠴᠤ᠌ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠣᠤᠷ᠎ᠤᠨ ᠪᠠᠢ᠌ᠷᠢᠰᠢᠯ᠎ᠢ ᠲᠡᠭᠦᠯᠳᠡᠷᠵᠢᠭᠦᠯᠬᠦ᠂ ᠬᠢᠯᠢ ᠬᠢᠵᠠᠭ᠋ᠠᠷ᠎ᠤᠨ ᠲᠣᠭᠲᠠᠭᠤᠨ᠎ᠢ ᠬᠠᠮᠠᠭ᠋ᠠᠯᠠᠬᠤ᠂ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ ᠵᠢ ᠪᠥᠲᠥᠭᠡᠨ ᠪᠠᠢ᠌ᠭᠤᠯᠬᠤ᠂ ᠪᠠᠷᠠᠭᠤᠨ ᠣᠷᠣᠨ᠎ᠤ ᠡᠬᠡ ᠬᠠᠭᠤᠷᠠᠶ ᠲᠡᠯᠡᠶ ᠵᠢᠨ ᠰᠢᠨ᠎ᠡ ᠨᠡᠪᠲᠡᠷᠡᠬᠦ ᠵᠠᠮ᠎ᠤᠨ ᠪᠥᠲᠥᠭᠡᠨ ᠪᠠᠢ᠌ᠭᠤᠯᠤᠯᠲᠠ᠎ᠳᠤ ᠦᠢᠯᠡᠴᠢᠯᠡᠬᠦ ᠵᠡᠷᠭᠡ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃》 ᠭᠡᠵᠡᠢ᠃
     ᠵᠠᠮ ᠬᠠᠷᠢᠯᠴᠠᠭ᠋ᠠᠨ᠎ᠤ ᠴᠢᠬᠤᠯᠠ ᠶᠡᠬᠡ ᠪᠠᠷᠢᠯᠭ᠎ᠠ ᠪᠣᠯ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠬᠡᠮᠵᠢᠶ᠎ᠡ ᠵᠢ ᠢᠯᠡᠷᠡᠭᠦᠯᠬᠦ ᠪᠡᠯᠭᠡ ᠲᠡᠮᠳᠡᠭ᠎ᠤᠨ ᠨᠢᠭᠡ ᠪᠣᠯᠬᠤ ᠪᠥᠭᠡᠳ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠴᠢᠬᠤᠯᠠ ᠬᠥᠲᠥᠯᠥᠨ ᠳᠠᠭ᠋ᠠᠭᠤᠯᠬᠤ ᠦᠢᠯᠡᠳᠦᠯ᠎ᠲᠠᠢ ᠶᠤᠮ᠃ ᠵᠢᠯ᠎ᠤᠨ ᠡᠴᠦᠰ᠎ᠲᠤ᠂ ᠥᠪᠥᠷ ᠮᠣᠩᠭᠣᠯ᠎ᠤᠨ ᠡᠯ᠎ᠡ ᠭᠣᠣᠯᠳᠠᠯᠭ᠎ᠠ᠎ᠲᠠᠢ ᠪᠠᠷᠢᠯᠭ᠎ᠠ ᠵᠢᠨ ᠲᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠲᠠ ᠵᠢᠨ ᠰᠠᠢ᠍ᠢ᠍ᠨ ᠴᠢᠮᠡᠭᠡ ᠲᠠᠰᠤᠷᠠᠭ᠎ᠠ ᠦᠭᠡᠢ ᠦᠷᠭᠦᠯᠵᠢᠯᠡᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠷᠭᠦᠯᠵᠢᠯᠡᠨ ᠬᠦᠴᠦᠨ ᠨᠡᠮᠡᠷᠢᠯᠡᠬᠦ ᠪᠣᠯᠣᠨ᠎ᠠ᠃
     12 ᠳ᠋ᠤᠭ᠋ᠠᠷ ᠰᠠᠷ᠎ᠠ ᠵᠢᠨ 19᠎ᠤ ᠡᠳᠦᠷ᠂ S43 ᠨᠢᠰᠬᠡᠯ᠎ᠤᠨ ᠪᠠᠭᠤᠳᠠᠯ᠎ᠤᠨ ᠳᠡᠭᠡᠳᠤ ᠬᠤᠷᠳᠤ ᠵᠢᠨ ᠵᠠᠰᠠᠮᠠᠯ ᠵᠠᠮ ᠭᠣᠤᠯ ᠴᠣᠭᠴᠠ ᠵᠢᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠪᠥᠭᠡᠳ ᠠᠵᠢᠯ ᠲᠤᠰᠢᠶᠠᠵᠤ ᠰᠢᠯᠭ᠋ᠠᠨ ᠠᠪᠬᠤ ᠵᠢ ᠥᠩᠭᠡᠷᠡᠭᠡᠪᠡ᠃ ᠲᠣᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠨᠢ ᠬᠥᠬᠡᠬᠣᠲᠠ ᠪᠤᠭᠤᠲᠤ ᠣᠷᠳᠣᠰ ᠦᠬᠠᠶ ᠵᠢᠨ 2 ᠴᠠᠭ᠎ᠤᠨ ᠵᠠᠰᠠᠮᠠᠯ ᠵᠠᠮ᠎ᠤᠨ ᠲᠣᠭᠣᠷᠢᠭ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠨᠡ ᠵᠢᠯ᠂ ᠪᠠᠰᠠ G331 ᠯᠥᠸᠸ ᠭᠦ᠋ ᠾᠧ᠎ᠠᠴᠠ ᠡᠩᠬᠡᠬᠠᠳᠠ ᠬᠦᠷᠬᠦ᠂ G207 ᠤᠰᠤᠨ ᠴᠥᠭᠥᠷᠥᠮ᠎ᠠᠴᠠ ᠾᠦᠸᠸ ᠽᠢ ᠯᠢᠶᠠᠩ ᠬᠦᠷᠬᠦ ᠵᠡᠷᠭᠡ ᠤᠯᠤᠰ ᠮᠤᠵᠢ ᠵᠢᠨ ᠭᠣᠣᠯ ᠱᠤᠭᠤᠮ᠎ᠤᠨ 《ᠮᠤᠬᠤᠷ ᠵᠠᠮ》᠎ᠤᠨ ᠪᠠᠷᠢᠯᠭ᠎ᠠ ᠵᠢ ᠵᠡᠷᠭᠡ᠎ᠪᠠᠷ ᠬᠡᠷᠡᠭᠵᠢᠭᠦᠯᠵᠦ᠂ ᠳᠣᠲᠣᠭ᠋ᠠᠳᠤ᠎ᠳᠤ᠎ᠪᠠᠨ ᠨᠡᠪᠳᠡᠷᠡᠵᠤ ᠭᠠᠳᠠᠭ᠋ᠠᠳᠤ᠎ᠲᠠᠢ ᠬᠣᠯᠪᠣᠭ᠋ᠠᠯᠠᠬᠤ ᠵᠢ ᠪᠡᠶᠡᠯᠡᠭᠦᠯᠬᠦ᠂ ᠵᠠᠮ᠎ᠤᠨ ᠲᠣᠣᠷ᠎ᠤᠨ ᠪᠦᠬᠦᠯᠢ ᠴᠣᠭᠴᠠ ᠵᠢᠨ ᠴᠢᠳᠠᠮᠵᠢ ᠵᠢ ᠪᠠᠳᠠᠷᠠᠭᠤᠯᠬᠤ ᠪᠠ ᠣᠷᠣᠨ ᠪᠦᠰᠡ ᠵᠢᠨ ᠠᠵᠤ ᠠᠬᠤᠢ ᠵᠢ ᠨᠢᠭᠡ ᠴᠤᠬ᠍ᠴᠠᠵᠢᠭᠤᠯᠤᠨ ᠬᠥᠭᠵᠢᠭᠦᠯᠬᠦ᠎ᠳᠤ ᠲᠤᠢ᠌ᠯ᠎ᠤᠨ ᠴᠢᠬᠤᠯᠠ ᠦᠢ᠍ᠯᠡᠳᠦᠯ᠎ᠲᠠᠢ ᠶᠤᠮ᠃

1226-3.jpg


    S43 ᠬᠥᠬᠡᠬᠣᠲᠠ ᠵᠢᠨ ᠨᠢᠰᠬᠡᠯ᠎ᠤᠨ ᠪᠠᠭᠤᠳᠠᠯ᠎ᠤᠨ ᠳᠡᠭᠡᠳᠤ ᠬᠤᠷᠳᠤ ᠵᠢᠨ ᠵᠠᠰᠠᠮᠠᠯ ᠵᠠᠮ
    ᠣᠢ᠌ᠯᠠᠭ᠋ᠠᠭᠰᠠᠨ ᠵᠶ᠋ᠠᠷ᠂ ᠣᠳᠣᠬᠠᠨ ᠪᠣᠯᠲᠠᠯ᠎ᠠ᠂ G1817 ᠪᠠᠶᠠᠨᠬᠤᠳᠳᠤᠭ᠎ᠠᠴᠠ ᠪᠠᠶᠠᠨᠬᠣᠲᠠ ᠬᠥᠷᠬᠥ ᠵᠡᠷᠭᠡ 8 ᠤᠯᠤᠰ᠎ᠤᠨ ᠳᠡᠭᠡᠳᠤ ᠬᠤᠷᠳᠤ ᠵᠢᠨ ᠵᠠᠰᠠᠮᠠᠯ ᠵᠠᠮ᠂ ᠣᠷᠣᠨ ᠨᠤᠲᠤᠭ᠎ᠤᠨ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠂ 16 ᠡᠩ᠎ᠤᠨ ᠤᠯᠤᠰ ᠮᠤᠵᠢ ᠵᠢᠨ ᠭᠣᠤᠯ ᠱᠤᠭᠤᠮ᠎ᠤᠨ ᠲᠥᠷᠥᠯ ᠵᠦᠢᠯ᠎ᠤᠨ ᠭᠣᠤᠯ ᠴᠣᠭᠴᠠ ᠵᠢ ᠪᠠᠢ᠌ᠭᠤᠯᠤᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ᠎ᠤ ᠳᠡᠭᠡᠳᠤ ᠬᠤᠷᠳᠤ ᠵᠢᠨ ᠵᠠᠰᠠᠮᠠᠯ ᠵᠠᠮ᠎ᠢ ᠵᠡᠭᠦᠨᠰᠢ ᠪᠠᠷᠠᠭᠤᠨᠰᠢ ᠨᠡᠪᠲᠡᠷᠡᠬᠦ᠂ ᠠᠢ᠌ᠮᠠᠭ ᠬᠣᠲᠠ ᠬᠠᠷᠢᠯᠴᠠᠨ ᠨᠡᠪᠲᠡᠷᠡᠬᠦ᠂ ᠭᠣᠤᠯᠳᠠᠯᠭ᠎ᠠ᠎ᠲᠠᠢ ᠪᠣᠭᠣᠮᠲᠠ ᠵᠢᠨ ᠳᠡᠭᠡᠳᠤ ᠬᠤᠷᠳᠤ ᠵᠢᠨ ᠵᠠᠰᠠᠮᠠᠯ ᠵᠠᠮ᠎ᠢ ᠵᠠᠯᠭ᠋ᠠᠵᠤ ᠨᠡᠪᠲᠡᠷᠡᠭᠦᠯᠬᠦ ᠵᠢ ᠪᠡᠶᠡᠯᠡᠭᠦᠯᠵᠦ᠂ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠠᠮᠢᠵᠢᠷᠠᠯ᠎ᠤᠨ ᠬᠦᠴᠦᠨ ᠨᠡᠮᠡᠷᠢᠯᠡᠪᠡ᠃

1226-4.jpg


    G1817 ᠪᠠᠶᠠᠨᠬᠤᠳᠳᠤᠭ᠎ᠠᠴᠠ ᠪᠠᠶᠠᠨᠬᠣᠲᠠ ᠬᠥᠷᠬᠥ ᠳᠡᠭᠡᠳᠦ ᠬᠤᠷᠳᠤ ᠵᠢᠨ ᠵᠠᠰᠠᠮᠠᠯ ᠵᠠᠮ
    ᠡᠨᠡ 24 ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢ᠍ᠯ᠎ᠨᠢ ᠬᠥᠬᠡᠬᠣᠲᠠ᠂ ᠣᠷᠳᠣᠰ ᠬᠣᠲᠠ᠂ ᠬᠥᠯᠥᠨ ᠪᠤᠢ᠌ᠷ ᠬᠣᠲᠠ᠂ ᠲᠦᠩᠯᠢᠶᠣᠤ ᠬᠣᠲᠠ ᠵᠡᠷᠭᠡ 10 ᠠᠢ᠌ᠮᠠᠭ ᠬᠣᠲᠠ᠎ᠲᠠᠢ ᠬᠣᠯᠪᠣᠭᠳᠠᠨ᠎ᠠ᠃
    《ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢᠯ᠎ᠤᠨ ᠴᠡᠭ ᠣᠯᠠᠨ ᠱᠤᠭᠤᠮ ᠣᠷᠳᠣ ᠬᠡᠪᠴᠢᠶ᠎ᠡ ᠥᠷᠭᠡᠨ᠂ ᠪᠠᠷᠢᠯᠭ᠎ᠠ ᠵᠢᠨ ᠬᠤᠭᠤᠴᠠᠭ᠎ᠠ ᠬᠠᠷᠢᠴᠠᠩᠭᠤᠶ ᠲᠥᠪᠯᠡᠷᠡᠭᠰᠡᠨ ᠵᠡᠷᠭᠡ ᠠᠰᠢᠭ ᠥᠬᠡᠶ ᠬᠦᠴᠦᠨ ᠵᠦᠢᠯ᠎ᠤᠨ ᠡᠮᠦᠨ᠎ᠡ᠂ ᠪᠢᠳᠡ ᠲᠥᠷᠥᠯ ᠵᠦᠢᠯ᠎ᠢ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠢ᠌ᠭᠤᠯᠤᠨ ᠠᠬᠢᠭᠤᠯᠵᠤ᠂ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠪᠠᠷᠢᠯᠭ᠎ᠠ ᠵᠢᠨ ᠠᠵᠢᠯ᠎ᠤᠨ ᠰᠢᠵᠢᠷ ᠠᠯᠲᠠᠨ ᠬᠤᠭᠤᠴᠠᠭ᠎ᠠ ᠵᠢ ᠵᠠᠪᠳᠤᠨ ᠠᠳᠬᠤᠵᠤ᠂ ᠪᠥᠲᠥᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠢ ᠵᠢ ᠵᠣᠬᠢᠴᠠᠭᠤᠯᠤᠨ ᠠᠵᠢᠯᠲᠠᠨ ᠮᠠᠰᠢᠨ ᠲᠥᠬᠥᠭᠡᠷᠦᠮᠵᠢ ᠵᠢᠨ ᠣᠷᠣᠭᠤᠯᠤᠯᠲᠠ ᠵᠢ ᠨᠡᠮᠡᠭᠳᠡᠭᠦᠯᠦᠨ᠂ ᠴᠠᠭ᠎ᠢ ᠠᠮᠵᠢᠨ ᠠᠬᠢᠴᠠ ᠵᠢ ᠲᠦᠷᠭᠡᠳᠬᠡᠵᠦ᠂ ᠶᠠᠰᠤ ᠴᠢᠨᠠᠷ᠎ᠢ ᠠᠳᠬᠤᠨ ᠠᠮᠤᠷ ᠲᠦᠪᠰᠢᠨ᠎ᠢ ᠪᠠᠲᠤᠯᠠᠨ᠂ ᠭᠣᠤᠯᠳᠠᠯᠭ᠎ᠠ᠎ᠲᠠᠢ ᠲᠥᠷᠥᠯ ᠵᠦᠢᠯ᠎ᠤᠨ ᠤᠷᠤᠭᠰᠢᠲᠠᠶ ᠠᠭᠢᠬᠤ ᠵᠢ ᠦᠨᠡᠨ ᠬᠦ᠌ ᠪᠠᠲᠤᠯᠠᠵᠤ᠂ ᠵᠠᠮ ᠳᠠᠭ᠋ᠠᠤ ᠵᠢᠨ ᠣᠯᠠᠨ ᠲᠦᠮᠡᠨ᠎ᠤ ᠠᠮᠤᠷ ᠲᠦᠪᠰᠢᠨ ᠳᠥᠭᠥᠮ ᠳᠥᠲᠡ ᠶᠠᠪᠤᠵᠤ ᠰᠠᠭᠤᠬᠤ᠎ᠳᠤ ᠢᠳᠡᠪᠬᠢᠲᠡᠶ ᠦᠢᠯᠡᠴᠢᠯᠡᠵᠦ᠂ ᠣᠷᠣᠨ ᠪᠦᠰᠡ ᠵᠢᠨ ᠠᠵᠤ ᠠᠬᠤᠶ ᠵᠢᠨ ᠬᠥᠭᠵᠢᠯᠲᠡ᠎ᠳᠤ ᠴᠢᠨᠠᠷ ᠰᠠᠢ᠌ᠲᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ ᠬᠠᠩᠭ᠋ᠠᠬᠤ᠎ᠳᠤ ᠬᠦᠴᠦᠨ ᠨᠡᠮᠡᠷᠢᠯᠡᠨ᠎ᠡ᠃》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠵᠠᠩ ᠶᠣᠣ ᠳ᠋ᠦᠩ ᠲᠠᠨᠢᠯᠴᠠᠭᠤᠯᠪᠠ᠃ 
   

ᠢᠷᠡᠯᠲᠡ᠄ ᠠᠷᠠᠳ᠎ᠤᠨ ᠡᠳᠦᠷ᠎ᠤᠨ ᠰᠣᠨᠢᠨ᠎ᠤ ᠬᠡᠷᠡᠭᠯᠡᠭᠴᠢ ᠵᠢᠨ ᠰᠢᠯᠵᠢᠶ᠎ᠡ
          
ᠬᠠᠮᠢᠶ᠎ᠡ ᠪᠦᠬᠦᠢ ᠰᠣᠨᠢᠨ
G0616 ᠭᠠᠭᠴᠠᠮᠣᠳᠣ᠎ᠠᠴᠠ ᠬᠠᠯᠢᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ ᠲᠡᠷᠭᠡ ᠨᠡᠪᠲᠡᠷᠡᠪᠡ
ᠥᠪᠥᠷ ᠮᠣᠩᠭᠣᠯ᠎ᠤᠨ ᠵᠠᠮ ᠬᠠᠷᠢᠯᠴᠠᠭ᠎ᠠ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠪᠠ
ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠢ ᠪᠥᠬᠥ ᠬᠦᠴᠦᠨ ᠵᠶ᠋ᠡᠷ ᠵᠶ᠋ᠡᠨ ᠳᠥᠯᠭᠢᠨ ᠠᠬᠢᠭᠤᠯᠵᠤ ᠪᠠᠢ᠌ᠨ᠎ᠠ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠬᠠᠪᠤᠷ᠎ᠤᠨ ᠴᠠᠭ ᠠᠮᠵᠢᠨ ᠬᠤᠷᠳᠤᠴᠠ᠎ᠪᠠᠨ ᠲᠦᠷᠭᠡᠳᠬᠡᠵᠦ ᠪᠤᠢ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠤᠰᠤ ᠠᠷᠪᠢᠯᠠᠬᠤ ᠠᠵᠢᠯᠯᠠᠭ᠎ᠠ
 
            