ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠤᠰᠬᠠᠶ ᠠᠵᠢᠯᠯᠠᠭ᠎ᠠ! ᠬᠢᠩᠭ᠋ᠠᠨ ᠠᠢ᠌ᠮᠠᠭ᠄ ᠵᠠᠮ ᠬᠠᠷᠢᠯᠴᠠᠭ᠋ᠠᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠰᠢᠯᠢᠳᠡᠭᠵᠢᠭᠦᠯᠵᠦ ᠪᠦᠬᠦ ᠣᠷᠣᠨ ᠪᠦᠰᠡ ᠵᠢᠨ ᠵᠢᠭᠤᠯᠴᠢᠯᠠᠯ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2024-05-29

    ᠣᠢ᠌ᠷ᠎ᠠ᠎ᠳᠤ᠂ ᠬᠢᠩᠭ᠋ᠠᠨ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠨ ᠳᠥᠷᠪᠡᠳᠦᠭᠡᠷ ᠰᠠᠯᠪᠤᠷᠢ ᠠᠩᠭᠢ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠢᠩᠭ᠋ᠠᠨ ᠬᠤᠪᠢᠶᠠᠷᠢ ᠺᠣᠮᠫᠠᠨᠢ ᠪᠥᠬᠥ ᠠᠢ᠌ᠮᠠᠭ᠎ᠤᠨ ᠬᠡᠪᠴᠢᠶᠡᠨ᠎ᠳᠤ ᠵᠠᠰᠠᠮᠠᠯ ᠵᠠᠮ᠎ᠤᠨ ᠶᠠᠪᠤᠵᠤ ᠰᠠᠭᠤᠬᠤ ᠦᠢᠯᠡᠴᠢᠯᠡᠭᠡ ᠵᠢ ᠰᠢᠯᠢᠳᠡᠭᠵᠢᠭᠦᠯᠬᠦ ᠵᠢᠴᠢ ᠵᠠᠰᠠᠮᠠᠯ ᠵᠠᠮ ᠲᠡᠮᠦᠷ ᠵᠠᠮ᠎ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠬᠠᠮᠲᠤᠷᠠᠨ ᠥᠷᠨᠢᠭᠦᠯᠵᠦ᠂ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠦᠢᠯᠡᠴᠢᠯᠡᠭᠡᠨ᠎ᠤ ᠴᠢᠳᠠᠪᠤᠷᠢ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠩᠭ᠋ᠠᠨ ᠠᠢ᠌ᠮᠠᠭ᠎ᠤᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠰᠠᠢ᠌ᠨ ᠰᠠᠢ᠌ᠬᠠᠨ ᠳᠦᠷᠢ ᠲᠥᠷᠬᠦ ᠵᠢ ᠢᠯᠡᠷᠡᠭᠦᠯᠪᠡ᠃

96.jpg


     ᠲᠤᠬᠠᠶ ᠵᠢᠨ ᠤᠯᠠᠷᠢᠯ᠎ᠤᠨ ᠵᠢᠭᠤᠯᠴᠢᠯᠠᠯ᠎ᠤᠨ ᠶᠠᠪᠤᠵᠤ ᠰᠠᠭᠤᠬᠤ ᠣᠨᠴᠠᠯᠢᠭ ᠪᠠ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠦᠵᠡᠮᠵᠢ ᠵᠢᠨ ᠣᠷᠣᠨ᠎ᠳᠤ ᠨᠡᠪᠲᠡᠷᠡᠬᠦ ᠵᠢᠭᠤᠯᠴᠢᠯᠠᠯ᠎ᠤᠨ ᠵᠠᠰᠠᠮᠠᠯ ᠵᠠᠮ᠂ ᠭᠣᠤᠯ ᠱᠤᠭᠤᠮ᠎ᠤᠨ ᠵᠠᠰᠠᠮᠠᠯ ᠵᠠᠮ᠎ᠤᠨ ᠪᠠᠢ᠌ᠳᠠᠯ᠎ᠢ ᠳᠡᠭᠡᠭᠰᠢᠯᠡᠭᠦᠯᠵᠦ᠂ G12᠂ G5511 ᠵᠡᠷᠭᠡ ᠳᠡᠭᠡᠳᠦ ᠬᠤᠷᠳᠤ ᠵᠢᠨ ᠵᠠᠰᠠᠮᠠᠯ ᠵᠠᠮ ᠵᠢᠴᠢ G331᠂ G207᠂ G302 ᠵᠡᠷᠭᠡ ᠤᠯᠤᠰ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠎ᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠡᠪᠳᠡᠭᠳᠡᠭᠰᠡᠨ ᠬᠠᠯᠬᠠᠪᠴᠢ ᠬᠠᠪᠲᠠᠰᠤ᠂ ᠲᠡᠮᠳᠡᠭ ᠫᠠᠢ᠌ᠰᠠ ᠵᠢ ᠰᠣᠯᠢᠵᠤ᠂ ᠬᠥᠭᠥᠷᠭᠡ ᠵᠢᠨ ᠡᠯ᠎ᠡ ᠪᠦᠲᠦᠴᠡ ᠤᠭᠰᠠᠷᠠᠭ᠎ᠠ ᠲᠣᠨᠣᠭ᠎ᠢ ᠪᠠᠢ᠌ᠴᠠᠭ᠋ᠠᠨ᠂ ᠪᠡᠬᠢᠵᠢᠭᠦᠯᠬᠦ ᠪᠠ ᠠᠷᠢᠯᠭ᠋ᠠᠵᠤ᠂ ᠵᠠᠰᠠᠮᠠᠯ ᠵᠠᠮ᠎ᠤᠨ ᠵᠠᠮ᠎ᠤᠨ ᠪᠠᠢ᠌ᠳᠠᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠡᠢ᠃ ᠣᠳᠣᠬᠠᠨ᠎ᠳᠤ ᠵᠠᠮ᠎ᠤᠨ ᠭᠠᠳᠠᠷᠭᠤ ᠵᠢᠨ ᠵᠠᠪᠰᠠᠷ᠎ᠢ ᠴᠢᠳᠬᠤᠭᠰᠠᠨ᠎ᠨᠢ ᠨᠡᠢ᠌ᠲᠡ 33.9 ᠲᠦᠮᠡᠨ ᠨᠢᠭᠡᠴᠢ ᠮᠧᠲᠷ᠂ ᠵᠠᠮ᠎ᠤᠨ ᠭᠠᠳᠠᠷᠭᠤ ᠵᠢᠨ ᠬᠣᠩᠭᠢᠯ᠎ᠢ 1805 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠭᠰᠠᠨ ᠪᠠ ᠳᠡᠪᠢᠰᠴᠦ᠂ 4376 ᠵᠠᠮ ᠬᠠᠷᠢᠯᠴᠠᠭ᠋ᠠᠨ᠎ᠤ ᠲᠡᠮᠳᠡᠭ᠎ᠢ ᠰᠡᠯᠪᠢᠨ ᠵᠠᠰᠠᠵᠤ ᠤᠭᠰᠠᠷᠠᠨ᠂ 144 ᠨᠢᠭᠡᠴᠢ ᠮᠧᠲᠷ ᠳᠣᠯᠭᠢᠶᠠᠨ᠎ᠤ ᠬᠡᠯᠪᠡᠷᠢ ᠵᠢᠨ ᠬᠠᠯᠬᠠᠪᠴᠢ ᠬᠡᠷᠡᠰᠬᠡ ᠵᠢ ᠰᠡᠯᠪᠢᠨ ᠵᠠᠰᠠᠪᠠ; G621 ᠱᠤᠭᠤᠮ᠎ᠤᠨ ᠷᠠᠰᠢᠶᠠᠨ᠎ᠤ ᠦᠵᠡᠮᠵᠢ ᠵᠢᠨ ᠣᠷᠣᠨ᠎ᠳᠤ ᠨᠡᠪᠲᠡᠷᠡᠬᠦ ᠵᠠᠰᠠᠮᠠᠯ ᠵᠠᠮ᠎ᠤᠨ ᠵᠤᠭ᠋ᠠᠴᠠᠭᠰᠠᠳ᠎ᠤᠨ ᠲᠥᠪᠯᠡᠷᠡᠭᠦᠯᠵᠦ ᠲᠠᠷᠬᠠᠭ᠋ᠠᠬᠤ ᠲᠥᠪ᠎ᠲᠤ ᠬᠠᠮᠠᠭ᠋ᠠᠯᠠᠯᠲᠠ ᠬᠢᠬᠦ ᠵᠢᠨ ᠬᠠᠮᠲᠤ ᠲᠡᠮᠳᠡᠭ ᠫᠠᠢ᠌ᠰᠠ ᠨᠡᠮᠡᠵᠦ ᠲᠠᠯᠪᠢᠵᠠᠢ; G111 ᠱᠤᠭᠤᠮ ᠬᠢᠭᠡᠳ ᠲᠦᠩᠯᠢᠶᠣᠤ ᠵᠢᠨ ᠠᠭᠤᠯᠵᠠᠷ᠎ᠲᠠᠬᠢ ᠬᠢᠩᠭ᠋ᠠᠨ ᠠᠢ᠌ᠮᠠᠭ᠎ᠤᠨ ᠭᠠᠵᠠᠷ ᠣᠷᠣᠨ᠎ᠤ ᠰᠣᠶᠣᠯ᠎ᠢ ᠤᠬᠠᠭᠤᠯᠬᠤ ᠲᠠᠬᠢᠯᠭ᠎ᠠ ᠵᠢᠨ ᠣᠪᠣᠭ᠎ᠠ ᠪᠠ ᠥᠯᠵᠡᠢ᠌ᠲᠦ ᠴᠢᠯᠠᠭᠤᠨ ᠬᠥᠰᠢᠶ᠎ᠡ ᠵᠢ ᠰᠡᠯᠪᠢᠨ ᠵᠠᠰᠠᠵᠤ᠂ ᠨᠡᠢ᠌ᠲᠡ ᠵᠢᠨ ᠵᠣᠷᠯᠣᠩ᠂ ᠲᠡᠷᠭᠡᠨ ᠵᠣᠭᠰᠣᠭ᠋ᠠᠯ ᠪᠠ ᠵᠠᠳᠠᠭ᠋ᠠᠢ ᠳᠠᠭᠳᠤ ᠵᠡᠷᠭᠡ ᠦᠢᠯᠡᠴᠢᠯᠡᠭᠡᠨ᠎ᠤ ᠲᠦᠭᠦᠭᠡᠷᠦᠮᠵᠢ ᠵᠢ ᠵᠠᠰᠠᠪᠠ; ᠣᠢ᠌ᠷ᠎ᠠ᠎ᠳᠤ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ G302᠂ S203 ᠵᠡᠷᠭᠡ ᠵᠠᠮ ᠵᠶ᠋ᠠᠷ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠨᠡᠪᠲᠡᠷᠡᠬᠦ ᠵᠠᠰᠠᠮᠠᠯ ᠵᠠᠮ᠎ᠳᠤ ᠵᠢᠭᠤᠯᠴᠢᠯᠠᠯ᠎ᠤᠨ ᠲᠡᠮᠳᠡᠭ ᠫᠠᠢ᠌ᠰᠠ ᠨᠡᠮᠡᠵᠦ ᠲᠣᠬᠢᠷᠠᠭᠤᠯᠬᠤ ᠠᠵᠢᠯ᠎ᠢ ᠬᠠᠮᠲᠤ᠎ᠪᠠᠷ ᠠᠬᠢᠭᠤᠯᠬᠤ ᠪᠣᠯᠤᠨ᠎ᠠ᠃

97.jpg

98.jpg

99.jpg


     ᠬᠢᠩᠭ᠋ᠠᠨ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠢᠩᠭ᠋ᠠᠨ ᠬᠤᠪᠢᠶᠠᠷᠢ ᠺᠣᠮᠫᠠᠨᠢ᠎ᠲᠠᠢ ᠬᠠᠮᠲᠤᠷᠠᠨ ᠬᠠᠷᠢᠶ᠎ᠠ ᠣᠷᠣᠨ᠎ᠤ ᠳᠣᠲᠣᠷᠠᠬᠢ ᠳᠡᠭᠡᠳᠦ ᠬᠤᠷᠳᠤ ᠵᠢᠨ ᠵᠠᠰᠠᠮᠠᠯ ᠵᠠᠮ ᠪᠠ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠎ᠲᠤ ᠪᠥᠬᠥ ᠲᠠᠯ᠎ᠠ᠎ᠪᠠᠷ ᠨᠠᠷᠢᠨ ᠨᠢᠮᠪᠠᠶ ᠵᠢᠭᠰᠠᠭ᠋ᠠᠨ ᠪᠠᠢ᠌ᠴᠠᠭ᠋ᠠᠬᠤ ᠠᠵᠢᠯ ᠥᠷᠨᠢᠭᠦᠯᠪᠡ᠃ ᠦᠢ᠍ᠯᠡᠴᠢᠯᠡᠭᠡᠨ᠎ᠤ ᠲᠣᠭᠣᠷᠢᠭ᠎ᠤᠨ ᠬᠠᠲᠠᠭᠤ ᠬᠡᠷᠡᠭᠰᠡᠯ᠎ᠤᠨ ᠲᠦᠭᠦᠭᠡᠷᠣᠮᠵᠢ ᠵᠢ ᠭᠣᠣᠯᠳᠠᠯᠭ᠎ᠠ᠎ᠲᠠᠢ ᠲᠡᠭᠦᠯᠳᠡᠷᠵᠢᠭᠦᠯᠵᠦ᠂ ᠲᠡᠷᠭᠡ ᠵᠣᠭᠰᠣᠬᠤ ᠲᠣᠭᠣᠷᠢᠭ᠂ ᠠᠷᠢᠭᠤᠨ ᠴᠡᠪᠡᠷ᠎ᠤᠨ ᠲᠠᠰᠤᠯᠭ᠎ᠠ᠂ ᠬᠠᠷᠰᠢ ᠰᠠᠭ᠋ᠠᠳ ᠦᠭᠡᠶ ᠲᠦᠭᠦᠭᠡᠷᠣᠮᠵᠢ᠂ ᠤᠰᠤ ᠬᠠᠯᠠᠭ᠋ᠠᠭᠤᠷ ᠵᠢᠴᠢ ᠴᠠᠬᠢᠯᠭ᠋ᠠᠨ ᠴᠡᠨᠡᠭᠯᠡᠬᠦ ᠱᠣᠩ ᠵᠡᠷᠭᠡ ᠲᠦᠭᠦᠭᠡᠷᠤᠮᠵᠢ ᠵᠢᠨ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠵᠤ᠂ ᠣᠯᠠᠨ ᠲᠦᠮᠡᠨ᠎ᠤ ᠶᠠᠪᠤᠵᠤ ᠰᠠᠭᠤᠬᠤ᠎ᠳᠤ ᠠᠮᠠᠷᠠᠬᠤ᠂ ᠲᠣᠰᠣ ᠨᠡᠮᠡᠬᠦ᠂ ᠵᠣᠷᠯᠣᠩ᠎ᠳᠤ ᠣᠷᠣᠬᠤ ᠪᠠ ᠰᠢᠨ᠎ᠡ ᠡᠨᠧᠷᠭᠢ ᠵᠢᠨ ᠲᠡᠷᠭᠡ ᠬᠥᠰᠬᠡ ᠵᠢᠨ ᠴᠠᠬᠢᠯᠭ᠋ᠠᠨ ᠴᠡᠨᠡᠭᠯᠡᠬᠦ᠂ ᠡᠮᠴᠢᠯᠡᠭᠡᠨ᠎ᠤ ᠲᠦᠷᠭᠡᠨ ᠠᠪᠤᠷᠠᠬᠤ ᠵᠡᠷᠭᠡ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠵᠤ᠂ ᠦᠢ᠍ᠯᠡᠴᠢᠯᠡᠭᠡᠨ᠎ᠤ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠂ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠪᠠ᠃ ᠡᠭᠦᠨ᠎ᠤ ᠬᠠᠮᠲᠤ᠂  《ᠬᠢᠩᠭ᠋ᠠᠨ》 ᠲᠥᠷᠥᠯ ᠲᠡᠮᠳᠡᠭ᠎ᠤᠨ ᠣᠨᠴᠠᠯᠢᠭᠲᠤ ᠦᠢᠯᠡᠴᠢᠯᠡᠭᠡ ᠵᠢ ᠬᠦᠴᠦᠯᠡᠨ ᠪᠣᠶ ᠪᠣᠯᠭ᠋ᠠᠵᠤ᠂ ᠮᠠᠰᠢᠨ ᠲᠡᠷᠭᠡᠨ᠎ᠤ ᠴᠤᠪᠤᠷᠠᠯ᠂ ᠠᠶᠠᠨᠴᠢᠳ᠎ᠤᠨ ᠴᠤᠪᠤᠷᠠᠯ᠎ᠤᠨ ᠪᠠᠢ᠌ᠳᠠᠯ ᠵᠢᠴᠢ ᠪᠣᠳᠠᠲᠠᠶ ᠡᠵᠡᠩᠨᠡᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠪᠠᠷᠠᠭ᠋ᠠᠨ᠎ᠤ ᠭᠦᠢ᠍ᠯᠭᠡᠭᠡ ᠵᠢ ᠳᠣᠭᠢᠷᠠᠭᠤᠯᠤᠨ ᠬᠦᠷᠭᠡᠬᠦ᠂ ᠠᠶᠠᠨᠴᠢᠳ᠎ᠤᠨ ᠵᠥᠭᠡᠭᠡᠪᠦᠷᠢ ᠵᠢ ᠵᠠᠯᠭ᠋ᠠᠨ ᠵᠠᠯᠭ᠋ᠠᠯᠳᠤᠭᠤᠯᠬᠤ᠂ ᠵᠢᠭᠤᠯᠴᠢᠯᠠᠯ᠎ᠢ ᠲᠥᠪᠯᠡᠷᠡᠭᠦᠯᠦᠨ ᠲᠠᠷᠬᠠᠭ᠋ᠠᠬᠤ᠂ ᠵᠢᠭᠤᠯᠴᠢᠯᠠᠯ᠎ᠤᠨ ᠯᠠᠪᠯᠠᠭ᠎ᠠ ᠥᠭᠬᠦ ᠵᠢᠴᠢ ᠲᠠᠷᠢᠶᠠᠯᠠᠩ ᠲᠤᠰᠠᠯᠠᠬᠤ ᠠᠵᠤ ᠠᠬᠤᠶ ᠵᠢᠨ ᠪᠦᠲᠦᠭᠡᠭᠳᠡᠬᠦᠨ᠎ᠤ ᠪᠣᠷᠣᠯᠠᠭᠤᠯᠭ᠎ᠠ ᠵᠡᠷᠭᠡ ᠤᠷᠲᠤᠳᠬᠠᠭᠰᠠᠨ ᠦᠢᠯᠡᠴᠢᠯᠡᠭᠡ ᠵᠢ ᠢᠳᠡᠪᠬᠢᠲᠡᠶ ᠰᠦᠪᠡᠭᠴᠢᠯᠡᠵᠦ᠂ ᠦᠢᠯᠡᠴᠢᠯᠡᠭᠡᠨ᠎ᠤ ᠲᠣᠭᠣᠷᠢᠭ᠎ᠲᠤ ᠲᠦᠰᠢᠭᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠲᠠᠪᠴᠠᠩ ᠪᠠᠢ᠌ᠭᠤᠯᠬᠤ ᠵᠢ ᠵᠣᠷᠢᠭᠵᠢᠭᠤᠯᠵᠤ᠂ ᠦᠢᠯᠡᠴᠢᠯᠡᠭᠡᠨ᠎ᠤ ᠲᠣᠭᠣᠷᠢᠭ᠎ᠤᠨ  《+ ᠰᠣᠶᠣᠯ ᠵᠢᠭᠤᠯᠴᠢᠯᠠᠯ》᠂  《+ ᠠᠷᠠᠯᠵᠢᠶ᠎ᠠ ᠬᠤᠳᠠᠯᠳᠤᠭ᠎ᠠ》᠂     《+ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ》᠂  《+ ᠠᠵᠤ ᠦᠢᠯᠡᠰ》᠎ᠤᠨ ᠪᠥᠲᠥᠭᠡᠨ ᠪᠠᠢ᠌ᠭᠤᠯᠤᠯᠲᠠ ᠵᠢ ᠥᠷᠨᠢᠭᠦᠯᠵᠦ᠂ ᠨᠡᠢ᠌ᠭᠡᠮ᠎ᠤᠨ ᠦᠷ᠎ᠡ ᠠᠰᠢᠭ ᠪᠠ ᠠᠵᠤ ᠠᠬᠤᠶ ᠵᠢᠨ ᠦᠷ᠎ᠡ ᠠᠰᠢᠭ᠎ᠤᠨ ᠬᠣᠤᠰ ᠠᠰᠢᠭ᠎ᠢ ᠪᠡᠶᠡᠯᠡᠭᠦᠯᠵᠡᠢ᠃

100.jpg

101.jpg


    ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠬᠠᠷᠢᠶ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ᠎ᠲᠠᠢ ᠬᠠᠮᠲᠤᠷᠠᠨ ᠵᠠᠮ᠎ᠤᠨ ᠶᠠᠪᠤᠳᠠᠯ᠎ᠢ ᠲᠣᠭᠣᠷᠢᠨ ᠪᠠᠢ᠌ᠴᠠᠭ᠋ᠠᠬᠤ ᠵᠢᠴᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯᠯᠠᠭ᠎ᠠ ᠵᠢ ᠥᠷᠨᠢᠭᠦᠯᠵᠦ᠂ ᠬᠠᠷᠢᠶ᠎ᠠ ᠪᠥᠬᠥᠶ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ᠂ ᠠᠷᠠᠴᠢᠯᠠᠨ ᠬᠠᠮᠠᠭ᠋ᠠᠯᠠᠵᠤ ᠪᠠᠢ᠌ᠭ᠎ᠠ ᠠᠵᠤ ᠠᠬᠤᠢ᠌ᠯᠠᠯ᠂ ᠵᠠᠮ᠎ᠳᠤ ᠬᠣᠯᠪᠣᠭᠳᠠᠭᠰᠠᠨ ᠪᠠᠷᠢᠯᠭ᠎ᠠ ᠵᠢᠨ ᠠᠵᠢᠯ᠂ ᠦᠢᠯᠡᠴᠢᠯᠡᠭᠡᠨ᠎ᠤ ᠲᠣᠭᠣᠷᠢᠭ᠂ ᠰᠦᠢᠳᠬᠡᠯ ᠬᠤᠷᠢᠶᠠᠬᠤ ᠥᠷᠲᠡᠭᠡ ᠵᠢᠴᠢ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ᠎ᠳᠤ ᠭᠣᠤᠯᠳᠠᠯᠭ᠎ᠠ᠎ᠲᠠᠢ᠎ᠪᠠᠷ ᠴᠢᠩᠭ᠎ᠠ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠬᠢᠵᠦ᠂ ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠢᠶᠠᠷᠤᠨ ᠡᠵᠡᠮᠳᠡᠬᠦ ᠵᠢ ᠦᠨᠡᠨ ᠬᠦ᠌ ᠴᠢᠩᠭ᠋ᠠᠳᠬᠠᠨ᠂ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠠᠷᠢᠶ᠎ᠠ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠠᠢ᠌ᠳᠠᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢ᠌ᠬᠤ ᠵᠢ ᠬᠠᠮᠠᠭ᠋ᠠᠯᠠᠵᠠᠢ᠃ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠨᠡᠢ᠌ᠲᠡ 6.6 ᠲᠦᠮᠡᠨ ᠲᠡᠷᠭᠡ ᠬᠥᠰᠬᠡ ᠵᠢ ᠪᠠᠢ᠌ᠴᠠᠭ᠋ᠠᠨ ᠬᠡᠮᠵᠢᠵᠦ᠂ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠵᠢᠨ ᠲᠡᠷᠭᠡ ᠬᠥᠰᠬᠡ ᠵᠢ 170 ᠭᠠᠷᠤᠶ ᠤᠳᠠᠭ᠎ᠠ ᠢᠯᠡᠷᠡᠭᠦᠯᠵᠦ᠂ ᠪᠠᠷᠠᠭ᠎ᠠ ᠪᠠᠭᠤᠯᠭ᠋ᠠᠭᠰᠠᠨ ᠬᠦᠨᠳᠦ᠎ᠨᠢ 1.8 ᠲᠦᠮᠡ ᠭᠠᠷᠤᠶ ᠲᠣᠨ᠎ᠳᠤ ᠬᠦᠷᠴᠦ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠰᠡᠨ ᠨᠣᠷᠮ᠎ᠠ᠎ᠨᠢ 0.26%᠎ᠳᠤ ᠪᠠᠲᠤᠯᠠᠵᠠᠢ; ᠠᠶᠤᠯ ᠲᠦᠭᠰᠢᠭᠦᠷᠢ ᠵᠢᠨ ᠭᠠᠮᠰᠢᠭ᠎ᠤᠨ ᠳᠠᠯᠳᠠ ᠬᠡᠮ᠎ᠢ ᠲᠤᠢ᠌ᠯ᠎ᠤᠨ ᠣᠨᠣᠪᠴᠢᠲᠠᠶ᠎ᠪᠠᠷ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠵᠠᠰᠠᠮᠠᠯ ᠵᠠᠮ᠎ᠤᠨ ᠰᠠᠭᠤᠷᠢ ᠲᠦᠭᠦᠭᠡᠷᠤᠮᠵᠢ ᠵᠡᠷᠭᠡ᠎ᠳᠤ ᠭᠣᠤᠯᠳᠠᠯᠭ᠎ᠠ᠎ᠲᠠᠢ ᠪᠡᠶ᠎ᠡ ᠵᠢᠨ ᠪᠠᠢ᠌ᠴᠠᠭ᠋ᠠᠯᠲᠠ ᠵᠢᠨ ᠮᠠᠶᠢᠭ᠂ ᠨᠠᠷᠢᠯᠢᠭ ᠵᠢᠭᠰᠠᠭ᠋ᠠᠨ ᠪᠠᠢ᠌ᠴᠠᠭ᠋ᠠᠯᠲᠠ ᠬᠢᠬᠦ ᠵᠢᠨ ᠬᠠᠮᠲᠤ ᠦᠶᠡᠷ᠎ᠤᠨ ᠬᠤᠭᠤᠴᠠᠭ᠎ᠠ᠎ᠠᠴᠠ ᠡᠮᠦᠨᠡᠬᠢ ᠠᠷᠠᠴᠢᠯᠠᠨ ᠬᠠᠮᠠᠭ᠋ᠠᠯᠠᠵᠤ ᠲᠣᠭᠣᠷᠢᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠵᠦ᠂ ᠪᠣᠳᠠᠲᠤ ᠪᠠᠢ᠌ᠳᠠᠯ᠎ᠢ ᠦᠨᠳᠦᠰᠦᠯᠡᠨ ᠠᠶᠤᠯ ᠲᠦᠭᠰᠢᠭᠦᠷᠢ ᠵᠢᠨ ᠳᠠᠯᠳᠠ ᠬᠡᠮ᠎ᠳᠤ ᠰᠡᠷᠡᠮᠵᠢᠯᠡᠭᠦᠯᠬᠦ ᠲᠣᠨᠣᠭᠯᠠᠯ ᠪᠠᠢ᠌ᠷᠢᠯᠠᠭᠤᠯᠬᠤ ᠪᠠ ᠲᠦᠷ ᠴᠠᠭ ᠰᠡᠷᠭᠡᠢ᠌ᠯᠡᠨ ᠬᠠᠮᠠᠭ᠋ᠠᠯᠠᠬᠤ᠂ ᠰᠡᠷᠭᠡᠢ᠌ᠯᠡᠨ ᠬᠠᠮᠠᠭ᠋ᠠᠯᠠᠬᠤ ᠲᠣᠤᠷ ᠨᠡᠮᠡᠵᠦ ᠪᠠᠢ᠌ᠷᠢᠯᠠᠭᠤᠯᠬᠤ ᠵᠡᠷᠭᠡ ᠠᠷᠭ᠎ᠠ ᠬᠡᠮᠵᠢᠶ᠎ᠡ ᠵᠢ ᠠᠪᠴᠠᠶ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠬᠣᠯᠪᠣᠭᠳᠠᠯ ᠪᠥᠬᠥᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
《ᠳᠥᠷᠪᠡᠨ ᠰᠠᠶ᠋ᠢᠨ ᠬᠥᠳᠡᠭᠡ ᠲᠣᠰᠬᠤᠨ᠎ᠤ ᠵᠠᠮ》᠎ᠤᠨ ᠠᠷᠪᠠᠨ ᠵᠢᠯ᠎ᠤᠨ ᠣᠢ — 《ᠳᠥᠷᠪᠡᠨ ᠰᠠᠶ᠋ᠢᠨ ᠬᠥᠳᠡᠭᠡ ᠲᠣᠰᠬᠤᠨ᠎ᠤ ᠵᠠᠮ》᠎ᠤᠨ ᠪᠦᠬᠦ ᠤᠯᠤᠰ᠎ᠤᠨ ᠵᠢᠱ᠌ᠢᠶ᠎ᠡ ᠦᠵᠡᠭᠦᠯᠬᠦ ᠰᠢᠶᠠᠨ — ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤ
ᠬᠡᠯᠪᠡᠷᠢ᠎ᠨᠢ ᠣᠯᠠᠨ ᠶᠠᠩᠵᠤ ᠵᠢᠨ! ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ᠎ᠤᠨ ᠠᠵᠢᠯᠯᠠᠭ᠎ᠠ ᠵᠢᠨ ᠡᠮᠬᠢᠳᠭᠡᠯ
ᠴᠡᠭᠡ ᠪᠣᠭᠣᠮᠲᠠ ᠵᠢᠨ ᠣᠯᠠᠨ ᠤᠯᠤᠰ᠎ᠤᠨ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 10.85%᠎ᠪᠠᠷ ᠨᠡᠮᠡᠭᠳᠡᠪᠡ
ᠣᠨᠴᠠᠭ᠋ᠠᠶ ᠴᠠᠭ ᠠᠭᠤᠷ ᠪᠠ ᠪᠠᠢ᠌ᠭ᠋ᠠᠯᠢ ᠵᠢᠨ ᠭᠠᠮᠰᠢᠭ᠎ᠢ ᠠᠷᠭ᠋ᠠᠴᠠᠭ᠋ᠠᠬᠤ᠎ᠨᠢ ᠠᠵᠢᠯ ᠲᠥᠷᠥᠯ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ 
 
            