ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠡᠯᠪᠡᠷᠢ᠎ᠨᠢ ᠣᠯᠠᠨ ᠶᠠᠩᠵᠤ ᠵᠢᠨ! ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ᠎ᠤᠨ ᠠᠵᠢᠯᠯᠠᠭ᠎ᠠ ᠵᠢᠨ ᠡᠮᠬᠢᠳᠭᠡᠯ
ᠨᠡᠶ᠋ᠢᠲᠡᠯᠡᠭᠰᠡᠨ ᠴᠠᠭ᠄ 2024-06-20

202406201722.jpg

 

    6 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠭᠣᠤᠯᠯᠠᠨ ᠡᠷᠭᠢᠯᠡᠵᠦ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠳᠠᠭ᠋ᠠᠭ᠋ᠠᠴᠢᠯᠠᠨ ᠡᠷᠭᠢᠯᠡᠭᠰᠡᠨ 2024 ᠣᠨ᠎ᠤ 《ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ》᠎ᠤᠨ ᠠᠵᠢᠯᠯᠠᠭ᠎ᠠ G6 ᠪᠡᠭᠡᠵᠢᠩ᠎ᠠᠴᠠ ᠲᠥᠪᠡᠳ ᠬᠥᠷᠬᠥ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠬᠠᠷᠠᠠᠤᠰᠤ ᠨᠠᠭᠤᠷ᠎ᠤᠨ ᠦᠢᠯᠡᠴᠢᠯᠡᠭᠡᠨ᠎ᠤ ᠲᠣᠭᠣᠷᠢᠭ᠎ᠲᠤ ᠶᠠᠪᠤᠭᠳᠠᠪᠠ᠃

形式多样!安全宣传咨询日活动集锦来啦.png
    ᠲᠣᠰ ᠤᠳᠠᠭ᠋ᠠᠨ᠎ᠤ ᠠᠵᠢᠯᠯᠠᠭ᠎ᠠ᠎ᠨᠢ ᠡᠨᠡ ᠵᠢᠯ᠎ᠤᠨ ᠠᠶᠦᠯᠭᠦᠢ ᠦᠢᠯᠡᠳᠪᠦᠷᠢᠯᠡᠯ᠎ᠤᠨ ᠰᠠᠷ᠎ᠠ ᠵᠢᠨ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂  ᠬᠦᠮᠥᠨ ᠪᠦᠬᠦᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠴᠢᠳᠠᠬᠤ — ᠰᠠᠭ᠋ᠠᠳ ᠥᠬᠡᠶ ᠨᠡᠪᠲᠡᠷᠡᠬᠦ ᠵᠠᠮ》᠎ᠤᠨ ᠭᠣᠤᠯ ᠰᠡᠳᠦᠪ᠎ᠤᠨ ᠲᠣᠭᠣᠷᠢᠨ᠎ᠳᠤ᠂ ᠵᠢᠯᠣᠭᠣᠴᠢ ᠪᠠ ᠠᠶᠠᠨᠴᠢᠳ᠎ᠲᠤ ᠠᠶᠦᠯᠭᠦᠢ ᠦᠢᠯᠡᠳᠪᠦᠷᠢᠯᠡᠯ᠎ᠤᠨ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠠᠮᠤᠷ ᠲᠦᠪᠰᠢᠨ᠎ᠤ ᠬᠡᠷᠡᠭ᠎ᠤᠨ ᠵᠢᠱ᠌ᠢᠶ᠎ᠡ ᠵᠢ ᠲᠠᠢ᠌ᠯᠪᠤᠷᠢᠯᠠᠨ᠂ ᠭᠠᠯ ᠰᠡᠷᠭᠡᠢ᠌ᠯᠡᠯᠲᠡ ᠵᠢᠨ ᠰᠣᠷᠢᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ 《ᠤᠷᠤᠢ᠌ᠯᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》᠎ᠤᠨ ᠪᠠᠭ᠋ᠠᠵᠢ ᠬᠡᠷᠡᠭᠰᠡᠯ᠎ᠢ ᠳᠡᠯᠭᠡᠨ ᠦᠵᠡᠭᠦᠯᠬᠦ ᠵᠢᠴᠢ ᠠᠮᠤᠷ ᠲᠦᠪᠰᠢᠨ᠎ᠤ ᠬᠠᠷᠢᠯᠴᠠᠨ ᠦᠢᠯᠡᠳᠦᠯᠴᠡᠬᠦ ᠲᠣᠭᠯᠠᠭ᠋ᠠᠮ ᠵᠡᠷᠭᠡ ᠠᠵᠢᠯᠯᠠᠭ᠎ᠠ ᠵᠢ ᠥᠷᠨᠢᠭᠦᠯᠵᠦ᠂ ᠵᠢᠯᠣᠭᠤᠴᠢ ᠪᠠ ᠠᠶᠠᠨᠴᠢᠳ᠎ᠢ ᠤᠬᠠᠭᠤᠯᠤᠨ ᠬᠥᠲᠥᠯᠦᠨ ᠵᠢᠯᠣᠭᠤᠳᠬᠤ᠎ᠪᠠᠷ ᠳᠠᠮᠵᠢᠭᠤᠯᠤᠨ ᠠᠮᠤᠷ ᠲᠦᠪᠰᠢᠨ᠎ᠤ ᠦᠵᠡᠯ ᠤᠬᠠᠮᠰᠠᠷ᠎ᠢ ᠴᠢᠩᠭ᠋ᠠᠳᠬᠠᠵᠤ᠂ ᠠᠮᠤᠷ ᠲᠦᠪᠰᠢᠨ᠎ᠤ ᠬᠡᠪ ᠴᠢᠨᠠᠷ᠎ᠢ ᠳᠡᠭᠡᠭᠰᠢᠯᠡᠭᠦᠯᠵᠦ᠂ ᠨᠡᠢ᠌ᠭᠡᠮ ᠳᠠᠶᠠᠭ᠋ᠠᠷ ᠵᠶ᠋ᠠᠨ ᠠᠮᠤᠷ ᠲᠦᠪᠰᠢᠨ᠎ᠢ ᠠᠩᠬᠠᠷᠬᠤ᠂ ᠠᠮᠢ ᠨᠠᠰᠤ ᠵᠢ ᠬᠠᠯᠠᠮᠵᠢᠯᠠᠨ ᠬᠠᠢ᠌ᠷᠠᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃

20240623.jpg

20240624.jpg

20240625.jpg

20240626.jpg

20240627.jpg


ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠴᠡᠭᠡ ᠪᠣᠭᠣᠮᠲᠠ ᠵᠢᠨ ᠣᠯᠠᠨ ᠤᠯᠤᠰ᠎ᠤᠨ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 10.85%᠎ᠪᠠᠷ ᠨᠡᠮᠡᠭᠳᠡᠪᠡ
ᠣᠨᠴᠠᠭ᠋ᠠᠶ ᠴᠠᠭ ᠠᠭᠤᠷ ᠪᠠ ᠪᠠᠢ᠌ᠭ᠋ᠠᠯᠢ ᠵᠢᠨ ᠭᠠᠮᠰᠢᠭ᠎ᠢ ᠠᠷᠭ᠋ᠠᠴᠠᠭ᠋ᠠᠬᠤ᠎ᠨᠢ ᠠᠵᠢᠯ ᠲᠥᠷᠥᠯ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ 
 
            