ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠬᠣᠯᠪᠣᠭᠳᠠᠯ ᠪᠥᠬᠥᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2024-06-04

     5 ᠳ᠋ᠤᠭ᠋ᠠᠷ ᠰᠠᠷ᠎ᠠ ᠵᠢᠨ 31᠎ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠣᠤ ᠱ᠌ᠢ ᠴᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ       《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠪᠥᠲᠥᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ 2024 ᠣᠨ᠎ᠤ 《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠨ ᠭᠠᠵᠠᠷ᠎ᠤᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃

202406041121.jpg


     ᠬᠤᠷᠠᠯ᠎ᠠᠴᠠ᠂ ᠪᠦᠬᠦ ᠠᠵᠢᠯ ᠲᠦᠷᠦᠯ᠎ᠤᠨ᠎ᠬᠢᠨ᠎ᠢ ᠵᠣᠬᠢᠶᠠᠨ ᠪᠠᠢ᠌ᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ 《ᠲᠦᠷᠪᠡᠨ ᠰᠠᠢ᠍ᠢ᠍ᠨ ᠬᠥᠳᠡᠭᠡ ᠲᠣᠰᠬᠣᠨ᠎ᠤ ᠵᠠᠮ》᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠤᠯᠠᠮ ᠴᠢᠨᠠᠭᠰᠢᠳᠠ ᠭᠦᠨᠵᠡᠭᠡᠢ ᠰᠤᠷᠤᠯᠴᠠᠵᠤ᠂ ᠨᠡᠪᠳᠡᠷᠡᠳᠡᠯ᠎ᠡ ᠣᠢ᠌ᠯᠠᠭ᠋ᠠᠵᠤ᠂ ᠪᠣᠳᠠᠲᠠᠢ᠌ᠵᠢᠭᠤᠯᠬᠤ ᠬᠡᠷᠡᠭᠲᠡᠢ᠃ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠣᠳᠣᠬᠢ ᠪᠠᠢ᠌ᠳᠠᠯ᠎ᠳᠤ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠨ ᠰᠤᠳᠤᠯᠤᠯᠲᠠ ᠬᠢᠬᠦ ᠵᠢ ᠵᠣᠬᠢᠶᠠᠨ ᠪᠠᠢ᠌ᠭᠤᠯᠵᠤ᠂ ᠰᠠᠭᠤᠷᠢ ᠲᠣᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠨ᠂ ᠳᠤᠲᠠᠭᠤᠳᠠᠯ ᠵᠶ᠋ᠠᠨ ᠣᠨᠣᠪᠴᠢᠲᠠᠶ ᠡᠷᠢᠵᠦ᠂ ᠲᠥᠯᠥᠪᠵᠢᠭᠦᠯᠭᠡ ᠵᠢ ᠰᠠᠢ᠌ᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠠᠵᠢᠯ᠎ᠢ ᠲᠥᠯᠥᠪᠯᠡᠭᠡ᠎ᠲᠠᠢ᠂ ᠠᠯᠬᠤᠮ ᠳᠠᠷᠠᠭ᠎ᠠ᠎ᠲᠠᠢ᠎ᠪᠠᠷ ᠰᠠᠢ᠌ᠲᠤᠷ ᠬᠢᠬᠦ ᠬᠡᠷᠡᠭᠲᠡᠶ᠃ 《ᠨᠠᠢᠮᠠᠨ ᠶᠡᠬᠡ ᠳᠡᠭᠡᠭᠰᠢᠯᠡᠭᠦᠯᠬᠦ ᠠᠵᠢᠯᠯᠠᠭ᠎ᠠ》 ᠵᠢ ᠬᠡᠷᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠣᠷᠣᠨ᠎ᠤ ᠠᠬᠢᠭᠤᠯᠬᠤ ᠲᠥᠰᠦᠯ᠎ᠢ ᠤᠷᠢᠳᠴᠢᠯᠠᠨ ᠲᠥᠰᠦᠪᠯᠡᠨ ᠰᠤᠳᠤᠯᠵᠤ᠂ ᠦᠷᠭᠦᠯᠵᠢᠯᠡᠨ ᠬᠦᠴᠦᠯᠡᠵᠦ᠂ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠡᠯ᠎ᠡ ᠵᠦᠢᠯ᠎ᠤᠨ ᠠᠵᠢᠯ᠎ᠢ ᠰᠠᠢ᠌ᠲᠤᠷ ᠠᠳᠬᠤᠬᠤ ᠬᠡᠷᠡᠭᠲᠡᠶ᠃ ᠮᠠᠨ᠎ᠤ ᠣᠷᠣᠨ᠎ᠤ       《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠠᠷᠪᠠᠨ ᠵᠢᠯ᠎ᠤᠨ ᠪᠥᠲᠥᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠳ᠋ᠦᠩᠨᠡᠨ ᠤᠬᠠᠭᠤᠯᠬᠤ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠰᠤᠳᠤᠯᠤᠨ ᠬᠡᠷᠡᠭᠯᠡᠬᠦ ᠲᠦᠪᠰᠢᠨ ᠵᠶ᠋ᠡᠨ ᠳᠡᠭᠡᠭᠰᠢᠯᠡᠭᠦᠯᠵᠦ᠂ 《ᠪᠡᠭᠡᠵᠢᠩ᠎ᠳᠤ ᠣᠴᠢᠵᠤ ᠶᠠᠮᠤᠨ᠎ᠳᠤ ᠬᠦᠷᠬᠦ》 ᠡᠷᠴᠢᠮ ᠵᠶ᠋ᠡᠨ ᠴᠢᠩᠭ᠋ᠠᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ ᠵᠢᠨ ᠬᠣᠶᠠᠷ ᠵᠢᠯ᠎ᠤᠨ ᠡᠯ᠎ᠡ ᠵᠦᠢᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠵᠤ᠂ 《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠳᠥᠷᠪᠡᠨ ᠰᠠᠶ᠋ᠢᠨ ᠬᠥᠳᠡᠭᠡ ᠲᠣᠰᠬᠤᠨ᠎ᠤ ᠵᠠᠮ》᠎ᠤᠨ ᠠᠷᠪᠠᠨ ᠵᠢᠯ᠎ᠤᠨ ᠣᠢ — 《ᠳᠥᠷᠪᠡᠨ ᠰᠠᠶ᠋ᠢᠨ ᠬᠥᠳᠡᠭᠡ ᠲᠣᠰᠬᠤᠨ᠎ᠤ ᠵᠠᠮ》᠎ᠤᠨ ᠪᠦᠬᠦ ᠤᠯᠤᠰ᠎ᠤᠨ ᠵᠢᠱ᠌ᠢᠶ᠎ᠡ ᠦᠵᠡᠭᠦᠯᠬᠦ ᠰᠢᠶᠠᠨ — ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤ
ᠬᠡᠯᠪᠡᠷᠢ᠎ᠨᠢ ᠣᠯᠠᠨ ᠶᠠᠩᠵᠤ ᠵᠢᠨ! ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ᠎ᠤᠨ ᠠᠵᠢᠯᠯᠠᠭ᠎ᠠ ᠵᠢᠨ ᠡᠮᠬᠢᠳᠭᠡᠯ
ᠴᠡᠭᠡ ᠪᠣᠭᠣᠮᠲᠠ ᠵᠢᠨ ᠣᠯᠠᠨ ᠤᠯᠤᠰ᠎ᠤᠨ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 10.85%᠎ᠪᠠᠷ ᠨᠡᠮᠡᠭᠳᠡᠪᠡ
ᠣᠨᠴᠠᠭ᠋ᠠᠶ ᠴᠠᠭ ᠠᠭᠤᠷ ᠪᠠ ᠪᠠᠢ᠌ᠭ᠋ᠠᠯᠢ ᠵᠢᠨ ᠭᠠᠮᠰᠢᠭ᠎ᠢ ᠠᠷᠭ᠋ᠠᠴᠠᠭ᠋ᠠᠬᠤ᠎ᠨᠢ ᠠᠵᠢᠯ ᠲᠥᠷᠥᠯ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ 
 
            