ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ G7 ᠪᠡᠭᠡᠵᠢᠩ᠎ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠠᠷᠠᠭ᠋ᠠᠨ᠎ᠤ ᠲᠡᠷᠭᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠵᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠵᠠᠮ ᠲᠡᠭᠡᠭᠡᠪᠦᠷᠢ ᠵᠢᠨ ᠠᠮᠤᠷ ᠲᠦᠪᠰᠢᠨ ᠪᠠ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠤᠨ ᠲᠣᠭᠲᠠᠭᠤᠨ ᠪᠠᠶ᠋ᠢᠬᠤ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠪᠠ᠃



ᠲᠤᠰᠬᠠᠶ ᠠᠵᠢᠯᠯᠠᠭ᠋ᠠᠨ᠎ᠤ ᠳᠤᠭᠤᠶ᠋ᠢᠯᠠᠩ᠎ᠨᠢ ᠲᠡᠷᠭᠡ ᠵᠣᠭᠰᠣᠭ᠋ᠠᠬᠤ ᠲᠣᠭᠤᠷᠢᠭ᠂ ᠦᠢ᠍ᠯᠡᠴᠢᠯᠡᠭᠡᠨ᠎ᠤ ᠲᠣᠭᠤᠷᠢᠭ᠎ᠲᠤ ᠠᠮᠢᠳᠤᠯᠢᠭ ᠬᠤᠷᠢᠭ᠎ᠠ ᠭᠠᠷᠭ᠋ᠠᠵᠤ᠂ ᠡᠵᠡᠨ᠎ᠡ ᠬᠤᠰᠢᠭᠤᠨ᠎ᠤ ᠦᠢ᠍ᠯᠡᠴᠢᠯᠡᠭᠡᠨ᠎ᠤ ᠲᠣᠭᠤᠷᠢᠭ᠎ᠲᠤ ᠲᠦᠷ ᠴᠠᠭ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠴᠡᠭ ᠭᠠᠷᠭ᠋ᠠᠵᠤ᠂ 24 ᠴᠠᠭ ᠲᠠᠰᠤᠯᠳᠠᠭᠤᠯᠬᠤ ᠥᠬᠡᠶ ᠪᠠᠶ᠋ᠢᠴᠠᠭ᠋ᠠᠨ ᠬᠡᠮᠵᠢᠯᠲᠡ ᠪᠠ ᠬᠠᠤᠯᠢ ᠬᠡᠷᠡᠭᠵᠢᠭᠦᠯᠬᠦ ᠠᠵᠢᠯ᠎ᠢ ᠥᠷᠨᠢᠭᠦᠯᠪᠡ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤᠰᠬᠠᠶ ᠠᠵᠢᠯᠯᠠᠭ᠎ᠠ᠎ᠳᠤ ᠨᠡᠶ᠋ᠢᠲᠡ 1600 ᠭᠠᠷᠤᠶ ᠬᠥᠮᠦᠨ ᠤᠳᠠᠭ᠎ᠠ᠂ 1200 ᠭᠠᠷᠤᠶ ᠲᠡᠷᠭᠡ ᠤᠳᠠᠭ᠎ᠠ ᠣᠷᠣᠯᠴᠠᠵᠤ᠂ ᠨᠡᠶ᠋ᠢᠲᠡ 85300 ᠭᠠᠷᠤᠶ ᠲᠡᠷᠭᠡ ᠬᠥᠰᠬᠡ ᠵᠢ ᠪᠠᠶ᠋ᠢᠴᠠᠭ᠋ᠠᠵᠤ᠂ ᠬᠠᠤᠯᠢ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠵᠢᠨ ᠲᠡᠷᠭᠡ ᠬᠥᠰᠬᠡ ᠪᠠ ᠬᠠᠤᠯᠢ᠎ᠠᠴᠠ ᠵᠥᠷᠢᠴᠡᠨ ᠬᠡᠯᠪᠡᠷᠢ ᠵᠢ ᠥᠭᠡᠷᠡᠴᠢᠯᠡᠨ ᠤᠭᠰᠠᠷᠠᠭᠰᠠᠨ 391 ᠲᠡᠷᠭᠡ ᠬᠥᠰᠬᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠨ᠎ᠳᠤ ᠵᠠᠭᠤᠨ ᠲᠣᠨ ᠸᠠᠩ 75 ᠪᠣᠶ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠎ᠨᠢ G7 ᠪᠡᠭᠡᠵᠢᠩ᠎ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠠᠤᠯᠢ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ ᠦᠢ᠍ᠯᠡ ᠠᠵᠢᠯᠯᠠᠭ᠎ᠠ᠎ᠳᠤ ᠬᠦᠴᠦᠲᠡᠶ ᠴᠣᠬᠢᠯᠲᠠ ᠥᠭᠴᠦ᠂ ᠠᠷᠠᠳ ᠣᠯᠠᠨ᠎ᠤ ᠥᠨᠳᠥᠷ ᠪᠦᠲᠦᠮᠵᠢᠲᠡᠶ᠂ ᠳᠥᠭᠦᠮ ᠳᠥᠲᠡ᠂ ᠰᠠᠭ᠋ᠠᠳ ᠥᠬᠡᠶ ᠶᠠᠪᠤᠵᠤ ᠰᠠᠭᠤᠬᠤ᠎ᠳᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃