ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 2024 ᠣᠨ᠎ᠤ ᠬᠠᠭ᠋ᠠᠰ ᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-08-12

    8 ᠳ᠋ᠤᠭ᠋ᠠᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 2024 ᠣᠨ᠎ᠤ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠭ᠋ᠠᠰ ᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠰᠤᠷᠤᠯᠴᠠᠨ ᠲᠤᠭᠤᠰᠢᠯᠠᠭᠤᠯᠵᠤ᠂ ᠳᠡᠭᠡᠷ᠎ᠡ ᠬᠠᠭ᠋ᠠᠰ ᠵᠢᠯ᠎ᠤᠨ ᠠᠵᠢᠯ ᠵᠶ᠋ᠠᠨ ᠳ᠋ᠦᠩᠨᠡᠨ᠂ ᠳᠣᠤᠷ᠎ᠠ ᠬᠠᠭ᠋ᠠᠰ ᠵᠢᠯ᠎ᠤᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠣᠤ ᠱ᠌ᠢ ᠴᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

202408121821.jpg


    ᠭᠤᠤ ᠱ᠌ᠢ ᠴᠢᠨ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ ᠨᠠᠢ᠍ᠮᠠᠳᠤᠭ᠋ᠠᠷ ᠪᠦᠬᠦᠳᠡ ᠬᠤᠷᠠᠯ ᠵᠢᠴᠢ ᠪᠦᠬᠦ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠭ᠋ᠠᠰ ᠵᠢᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠤ ᠬᠣᠯᠪᠣᠭᠳᠠᠬᠤ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠦᠬᠦ ᠲᠠᠯ᠎ᠠ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠰᠢᠨ᠎ᠡ ᠵᠠᠮ᠎ᠢ ᠨᠡᠭᠡᠭᠡᠬᠦ᠂ ᠳᠤᠮᠳᠠ ᠲᠥᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠭᠤᠤ ᠱ᠌ᠢ ᠴᠢᠨ᠂ ᠳᠣᠣᠷ᠎ᠠ ᠬᠠᠭ᠋ᠠᠰ ᠵᠢᠯ᠎ᠤᠨ ᠪᠦᠬᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠬᠦ᠎ᠳᠤ᠂ ᠡᠷᠬᠡᠪᠰᠢ ᠥᠭᠡᠷᠡᠴᠢᠯᠡᠯᠲᠡ ᠪᠠ ᠬᠥᠭᠵᠢᠯᠲᠡ ᠵᠢᠨ ᠬᠣᠶᠠᠷ ᠡᠭᠦᠷᠭᠡ ᠵᠢᠨ ᠲᠣᠭᠣᠷᠢᠨ᠎ᠳᠤ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠨᠢᠭᠡ᠎ᠳᠤ᠂ ᠠᠶᠤᠯᠭᠦᠢ ᠦᠢ᠍ᠯᠡᠳᠪᠦᠷᠢᠯᠡᠯ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠰᠠᠬᠢᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠲᠣᠭᠲᠠᠭᠤᠨ ᠡᠷᠭᠢᠯᠲᠡ ᠵᠢ ᠪᠠᠲᠤᠯᠠᠬᠤ ᠬᠡᠷᠡᠭᠲᠡᠢ᠃ ᠬᠣᠶᠠᠷ᠎ᠲᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠠᠭᠤᠷᠠᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠤ ᠦᠢᠯᠡᠰ᠎ᠢ ᠲᠦᠷᠭᠡᠳᠬᠡᠨ ᠬᠦᠭᠵᠢᠭᠦᠯᠬᠦ ᠬᠡᠷᠡᠭᠲᠡᠢ᠃ ᠭᠤᠷᠪᠠ᠎ᠳᠤ᠂ ᠶᠡᠷᠦᠩᠬᠡᠢ᠌ᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠶᠡᠷᠦᠩᠬᠡᠢ᠌ᠯᠡᠨ ᠵᠠᠬᠢᠷᠴᠤ᠂ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠵᠠᠮ ᠬᠠᠷᠢᠯᠴᠠᠭ᠎ᠠ ᠲᠡᠭᠡᠭᠡᠪᠦᠷᠢ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠥᠨᠵᠡᠭᠡᠢ᠌ᠷᠡᠭᠦᠯᠬᠦ ᠬᠡᠷᠡᠭᠲᠡᠢ᠃ ᠳᠥᠷᠪᠡ᠎ᠳᠤ᠂ ᠦᠢᠯᠡᠴᠢᠯᠡᠭᠡᠨ᠎ᠤ ᠶᠠᠰᠤ ᠴᠢᠨᠠᠷ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ᠎ᠤ ᠲᠤᠰᠬᠠᠯ ᠲᠣᠪᠣᠢ᠌ᠮ᠎ᠠ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠦ᠂ ᠠᠷᠠᠳ ᠣᠯᠠᠨ᠎ᠤ ᠶᠠᠪᠤᠵᠤ ᠰᠠᠭᠤᠬᠤ ᠬᠡᠷᠡᠭᠴᠡᠭᠡ ᠵᠢ ᠲᠠᠰᠤᠷᠠᠯᠲᠠ ᠥᠬᠡᠶ ᠬᠠᠩᠭ᠋ᠠᠵᠤ ᠪᠠᠶᠠᠯᠢᠭᠵᠢᠭᠤᠯᠬᠤ ᠬᠡᠷᠡᠭᠲᠡᠢ᠃ ᠲᠠᠪᠤ᠎ᠳᠤ᠂ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭ᠋ᠠᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ ᠬᠡᠷᠡᠭᠲᠡᠢ᠃ ᠵᠢᠷᠭᠤᠭ᠎ᠠ᠎ᠳᠤ᠂ ᠮᠡᠳᠡᠭᠡ ᠵᠠᠩᠭᠢ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠲᠤᠯᠤᠭ᠎ᠠ᠎ᠳᠤ᠂ ᠠᠵᠢᠯ᠎ᠤᠨ ᠰᠤᠷᠲᠠᠯ ᠵᠶ᠋ᠠᠨ ᠰᠠᠢ᠌ᠵᠢᠷᠠᠭᠤᠯᠵᠤ᠂ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠤᠯᠠᠨ ᠲᠦᠮᠡᠨ᠎ᠤ ᠬᠠᠵᠠᠭᠤ᠎ᠳᠠᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠬᠡᠷᠡᠭᠲᠡᠢ᠃ ᠨᠠᠢᠮᠠ᠎ᠳᠤ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠬᠡᠮᠵᠢᠬᠦ ᠵᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠠᠷᠭ᠋ᠠᠴᠠᠭ᠋ᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
    ᠬᠤᠷᠠᠯ᠎ᠠᠴᠠ ᠠᠶᠤᠯᠭᠦᠶ ᠦᠢᠯᠡᠳᠪᠦᠷᠢᠯᠡᠯ᠂ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ᠂ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ᠂ ᠵᠠᠮ ᠬᠠᠷᠢᠯᠴᠠᠭ᠋ᠠᠨ᠎ᠤ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢ᠌ᠭᠤᠯᠤᠯᠲᠠ᠂ ᠪᠠᠯᠠ ᠮᠥᠩᠭᠥ ᠵᠢᠨ ᠬᠡᠷᠡᠭᠵᠢᠭᠦᠯᠦᠯᠲᠡ ᠬᠡᠷᠡᠭᠯᠡᠯᠲᠡ᠂ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠬᠠᠮᠢᠶᠠᠷᠤᠯᠲᠠ ᠵᠡᠷᠭᠡ ᠭᠣᠤᠯᠳᠠᠯᠭ᠎ᠠ᠎ᠲᠠᠢ ᠠᠵᠢᠯ᠎ᠤᠨ ᠪᠠᠢ᠌ᠳᠠᠯ᠎ᠢ ᠵᠠᠷᠯᠠᠨ ᠮᠡᠳᠡᠭᠳᠡᠵᠦ᠂ ᠣᠷᠣᠰᠢᠵᠤ ᠪᠠᠢ᠌ᠭ᠎ᠠ ᠠᠰᠠᠭᠤᠳᠠᠯ᠎ᠢ ᠵᠠᠳᠠᠯᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠃
    ᠬᠤᠷᠠᠯ᠎ᠢ ᠸᠢᠳᠢᠣ᠋ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠪᠠ᠃ ᠬᠥᠬᠡᠬᠣᠲᠠ ᠪᠠᠢ᠌ᠭ᠎ᠠ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠣᠭᠣᠷᠢᠨ ᠪᠠᠢ᠌ᠴᠠᠭ᠋ᠠᠭᠴᠢ᠂ ᠲᠢᠩᠬᠢᠮ᠎ᠤᠨ ᠶᠡᠷᠦᠩᠬᠡᠶ ᠢᠨᠵᠧᠨᠧᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ (ᠪᠦᠯᠦᠭᠯᠡᠯ) ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠳᠡᠭᠡᠳᠤ ᠬᠤᠷᠳᠤ ᠵᠢᠨ ᠲᠡᠮᠦᠷ ᠵᠠᠮ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠭᠣᠤᠯ ᠬᠤᠷᠠᠯ᠎ᠤᠨ ᠲᠠᠯᠠᠪᠠᠶ ᠵᠢᠨ ᠬᠤᠷᠠᠯ᠎ᠳᠤ ᠣᠷᠣᠯᠴᠠᠪᠠ᠃ ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠬᠤᠪᠢᠶᠠᠷᠢ ᠬᠤᠷᠠᠯ᠎ᠤᠨ ᠲᠠᠯᠠᠪᠠᠢ ᠵᠢᠨ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠤᠭᠤᠲᠤ᠎ᠠᠴᠠ ᠳ᠋ᠦᠩᠱ᠌ᠧᠩ ᠬᠦᠷᠬᠦ ᠬᠡᠰᠡᠭ᠎ᠤᠨ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠢᠨᠵᠧᠨᠧᠷᠢᠩ ᠤᠳᠠᠯ ᠦᠭᠡᠢ ᠠᠵᠢᠯ ᠳᠠᠭᠤᠰᠬᠤ᠎ᠪᠠᠷ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
216 ᠮᠤᠵᠢ ᠵᠢᠨ ᠵᠠᠮ᠎ᠤᠨ ᠮᠸᠩ ᠰᠢ᠎ᠠᠴᠠ ᠴᠢ ᠫᠠᠨ ᠵᠢᠩ ᠬᠥᠷᠬᠥ ᠬᠡᠰᠡᠭ᠎ᠤᠨ ᠵᠠᠰᠠᠮᠠᠯ ᠵᠠᠮ ᠵᠢᠩᠬᠢᠨᠢ᠎ᠪᠠᠷ ᠲᠡᠷᠭᠡ ᠨᠡᠪᠲᠡᠷᠡᠪᠡ
ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠦᠢᠯᠡᠴᠢᠯᠡᠭᠡᠨ᠎ᠤ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
 
            