ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
ᠨᠡᠶ᠋ᠢᠲᠡᠯᠡᠭᠰᠡᠨ ᠴᠠᠭ᠄ 2024-09-25

     9 ᠳ᠋ᠦ᠍ᠭᠡᠷ ᠰᠠᠷ᠎ᠠ ᠵᠢᠨ 21᠎ᠤ ᠡᠳᠦᠷ᠂ 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠭᠣᠤᠯ ᠬᠥᠭᠥᠷᠭᠡ ᠵᠢᠨ ᠠᠩᠬᠠᠳᠠᠭᠴᠢ ᠲᠤᠯᠭ᠋ᠠᠭᠤᠷ ᠪᠠᠭ᠋ᠠᠨ᠎ᠠ ᠵᠢ ᠠᠮᠵᠢᠯᠲᠠ᠎ᠲᠠᠢ᠎ᠪᠠᠷ ᠴᠢᠳᠬᠤᠨ ᠳᠠᠭᠤᠰᠬᠠᠪᠠ᠂ ᠡᠨᠡ᠎ᠨᠢ ᠲᠣᠰ ᠲᠥᠷᠥᠯ ᠵᠦᠢᠯ᠎ᠨᠢ ᠳᠡᠭᠡᠳᠦ ᠬᠡᠰᠡᠭ᠎ᠤᠨ ᠪᠦᠲᠦᠴᠡ ᠵᠢᠨ ᠪᠠᠷᠢᠯᠭ᠎ᠠ ᠵᠢᠨ ᠱᠠᠲᠤᠨ᠎ᠳᠤ ᠵᠢᠩᠬᠢᠨᠢ᠎ᠪᠠᠷ ᠣᠷᠣᠭᠰᠠᠨ᠎ᠢ ᠬᠠᠷᠠᠭᠤᠯᠵᠤ ᠪᠠᠢ᠌ᠨ᠎ᠠ᠃

202409251631.jpg


     110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠲᠥᠷᠥᠯ ᠵᠦᠢᠯ᠎ᠤᠨ ᠭᠣᠤᠯ ᠬᠥᠭᠥᠷᠭᠡ ᠵᠢᠨ 11 ᠭᠣᠤᠯ ᠲᠤᠯᠭ᠋ᠠᠭᠤᠷ᠎ᠨᠢ 22 ᠨᠢᠮᠭᠡᠨ ᠬᠠᠨ᠎ᠠ᠎ᠲᠠᠢ ᠬᠥᠨᠳᠡᠶ ᠲᠤᠯᠭ᠋ᠠᠭᠤᠷ ᠵᠢᠷᠤᠵᠤ ᠲᠥᠯᠥᠪᠯᠡᠵᠦ᠂ ᠲᠤᠯᠭ᠋ᠠᠭᠤᠷ ᠪᠠᠭ᠋ᠠᠨ᠎ᠠ ᠵᠢᠨ ᠥᠨᠳᠥᠷ᠎ᠨᠢ 22—26 ᠮᠧᠲᠷ ᠪᠠᠢ᠌ᠳᠠᠭ᠂ ᠲᠣᠰ ᠤᠳᠠᠭ᠎ᠠ  ᠴᠢᠳᠬᠤᠭᠰᠠᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ 36# ᠲᠤᠯᠭ᠋ᠠᠭᠤᠷ ᠵᠢᠨ ᠵᠡᠭᠦᠨ ᠪᠠᠷᠠᠭᠤᠨ ᠬᠣᠶᠠᠷ ᠲᠤᠯᠭ᠋ᠠᠭᠤᠷ ᠪᠠᠭ᠋ᠠᠨ᠎ᠠ ᠵᠢ ᠬᠡᠪ ᠤᠷᠪᠠᠭᠤᠯᠬᠤ ᠠᠷᠭ᠎ᠠ᠎ᠪᠠᠷ ᠪᠠᠷᠢᠵᠤ᠂ ᠨᠡᠢ᠌ᠲᠡ 8 ᠤᠳᠠᠭ᠎ᠠ ᠬᠤᠪᠢᠶᠠᠨ ᠴᠢᠳᠬᠤᠵᠤ ᠳᠠᠭᠤᠰᠬᠠᠵᠠᠶ᠃

202409251632.jpg


     ᠲᠣᠰ ᠤᠳᠠᠭ᠋ᠠᠨ᠎ᠤ ᠴᠢᠳᠬᠤᠬᠤ ᠡᠭᠦᠷᠭᠡ ᠵᠢᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠲᠥᠷᠥᠯ ᠵᠦᠢᠯ᠎ᠤᠨ ᠪᠦᠯᠬᠦᠮ ᠨᠡᠢ᠌ᠲᠡ ᠲᠣᠭᠲᠠᠭᠰᠠᠨ ᠠᠵᠢᠯ᠎ᠤᠨ ᠬᠤᠪᠢᠶᠠᠷᠢᠯᠠᠯ ᠶᠣᠰᠣ᠎ᠪᠠᠷ 36# ᠲᠤᠯᠭ᠋ᠠᠭᠤᠷᠢ ᠵᠢᠨ ᠪᠠᠷᠢᠯᠭ᠎ᠠ ᠵᠢᠨ ᠠᠵᠢᠯ᠎ᠢ ᠠᠮᠤᠷ ᠲᠦᠪᠰᠢᠨ ᠡᠮᠬᠢ ᠵᠢᠷᠤᠮ᠎ᠲᠠᠢ ᠵᠣᠬᠢᠶᠠᠨ ᠪᠠᠢ᠌ᠭᠤᠯᠵᠤ᠂ ᠪᠠᠷᠢᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠡᠭᠦᠨ᠎ᠤ ᠬᠠᠮᠲᠤ᠂ ᠪᠠᠷᠢᠯᠭ᠎ᠠ ᠪᠠᠷᠢᠬᠤ ᠪᠡᠯᠡᠳᠬᠡᠯ᠂ ᠶᠠᠰᠤ ᠴᠢᠨᠠᠷ᠎ᠤᠨ ᠡᠵᠡᠮᠳᠡᠯ᠂ ᠠᠮᠤᠷ ᠲᠦᠪᠰᠢᠨ᠎ᠤ ᠪᠠᠲᠤᠯᠠᠭ᠎ᠠ ᠵᠡᠷᠭᠡ ᠲᠠᠯ᠎ᠠ᠎ᠪᠠᠷ ᠨᠠᠷᠢᠨ ᠨᠢᠭᠲᠠ ᠪᠠᠢ᠌ᠷᠢᠯᠠᠭᠤᠯᠤᠭᠰᠠᠨ᠎ᠠᠴᠠ ᠠᠩᠬᠠᠳᠠᠭᠴᠢ ᠲᠤᠯᠭ᠋ᠠᠭᠤᠷ ᠪᠠᠭ᠋ᠠᠨ᠎ᠠ ᠵᠢ ᠴᠢᠳᠬᠤᠬᠤ ᠡᠭᠦᠷᠭᠡ᠎ᠪᠠᠨ ᠤᠷᠤᠭᠰᠢᠲᠠᠶ ᠪᠡᠶᠡᠯᠡᠭᠦᠯᠵᠦ᠂ ᠣᠨ᠎ᠤ ᠬᠠᠷᠠᠯᠲᠠᠲᠤ ᠡᠭᠦᠷᠭᠡ᠎ᠪᠠᠨ ᠪᠡᠶᠡᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

202409251633.jpg


     110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠣᠯ᠎ᠤᠨ ᠣᠨᠴᠠ ᠶᠡᠬᠡ ᠬᠥᠭᠥᠷᠭᠡ ᠵᠢᠨ ᠵᠠᠰᠠᠮᠠᠯ ᠵᠠᠮ᠎ᠤᠨ ᠢᠨᠵᠧᠨᠧᠷᠢᠩ ᠪᠣᠯ 《ᠤᠯᠤᠰ᠎ᠤᠨ ᠵᠠᠰᠠᠮᠠᠯ ᠵᠠᠮ᠎ᠤᠨ ᠲᠣᠣᠷ᠎ᠤᠨ ᠲᠥᠯᠥᠪᠵᠢᠭᠦᠯᠭᠡ》 (2013        ᠣᠨ — 2030 ᠣᠨ) ᠵᠢᠨ ᠡᠩ᠎ᠤᠨ ᠤᠯᠤᠰ᠎ᠤᠨ ᠵᠠᠮ᠎ᠤᠨ G110 ᠱᠤᠭᠤᠮ᠎ᠤᠨ ᠪᠡᠭᠡᠵᠢᠩ᠎ᠠᠴᠠ ᠴᠢᠩ ᠲᠦᠩ ᠰᠢᠶᠠ ᠬᠦᠷᠬᠦ ᠵᠠᠰᠠᠮᠠᠯ ᠵᠠᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠥᠷᠥᠯ ᠵᠦᠢᠯ ᠪᠠᠢ᠌ᠭᠤᠯᠤᠭᠳᠠᠭᠰᠠᠨ᠎ᠤ ᠳᠠᠷᠠᠭ᠎ᠠ᠂ ᠤᠯᠤᠰ᠎ᠤᠨ ᠵᠠᠰᠠᠮᠠᠯ ᠵᠠᠮ᠎ᠤᠨ ᠲᠣᠤᠷ᠎ᠤᠨ ᠲᠥᠯᠥᠪᠵᠢᠭᠦᠯᠭᠡ ᠪᠠᠢ᠌ᠷᠢᠰᠢᠭᠤᠯᠤᠯᠲᠠ ᠵᠢ ᠨᠠᠢ᠌ᠳᠠᠪᠤᠷᠢᠵᠢᠭᠤᠯᠬᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯ ᠱᠤᠭᠤᠮ᠎ᠤᠨ ᠵᠠᠰᠠᠮᠠᠯ ᠵᠠᠮ᠎ᠤᠨ ᠲᠣᠤᠷ᠎ᠢ ᠲᠡᠭᠦᠯᠳᠡᠷᠵᠢᠭᠦᠯᠬᠦ᠂ ᠣᠷᠣᠨ ᠪᠦᠰᠡ ᠵᠢᠨ ᠭᠣᠤᠯ ᠱᠤᠭᠤᠮ᠎ᠤᠨ ᠲᠣᠤᠷ᠎ᠤᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠲᠥᠷᠥᠯ ᠵᠦᠢᠯ᠎ᠤᠨ ᠪᠠᠢ᠌ᠭ᠎ᠠ ᠭᠠᠵᠠᠷ᠎ᠤᠨ ᠵᠢᠭᠤᠯᠴᠢᠯᠠᠯ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠎ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠬᠠᠲᠤᠨ ᠭᠣᠤᠯ ᠳᠠᠭ᠋ᠠᠤ ᠵᠢᠨ ᠰᠠᠪᠠ ᠭᠠᠵᠠᠷ᠎ᠤᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠴᠥᠮ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
216 ᠮᠤᠵᠢ ᠵᠢᠨ ᠵᠠᠮ᠎ᠤᠨ ᠮᠸᠩ ᠰᠢ᠎ᠠᠴᠠ ᠴᠢ ᠫᠠᠨ ᠵᠢᠩ ᠬᠥᠷᠬᠥ ᠬᠡᠰᠡᠭ᠎ᠤᠨ ᠵᠠᠰᠠᠮᠠᠯ ᠵᠠᠮ ᠵᠢᠩᠬᠢᠨᠢ᠎ᠪᠠᠷ ᠲᠡᠷᠭᠡ ᠨᠡᠪᠲᠡᠷᠡᠪᠡ
ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠦᠢᠯᠡᠴᠢᠯᠡᠭᠡᠨ᠎ᠤ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠥᠬᠥ ᠱᠤᠭᠤᠮ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠯᠲᠡ᠎ᠳᠤ ᠣᠷᠣᠭᠤᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ 24 ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠭᠣᠤᠯ ᠴᠣᠭᠴᠠ ᠵᠢ ᠪᠠᠢ᠌ᠭᠤᠯᠤᠨ ᠳᠠᠭᠤᠰᠬᠠᠵᠤ ᠭᠣᠤᠯᠳᠠᠯᠭ᠎ᠠ᠎ᠲᠠᠢ ᠲᠥᠷᠥᠯ ᠵᠦᠢᠯ᠎ᠨᠢ ᠴᠢᠨᠠᠷ ᠰᠠᠢ᠌ᠲᠠᠶ ᠬᠥᠭᠵᠢᠯᠲᠡ ᠵᠢᠨ ᠰᠠᠭᠤᠷᠢ ᠵᠢ ᠪᠠᠲᠤᠳᠬᠠᠪᠠ
 
            