ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠤᠭᠤᠲᠤ᠎ᠠᠴᠠ ᠳ᠋ᠦᠩᠱ᠌ᠧᠩ ᠬᠦᠷᠬᠦ ᠬᠡᠰᠡᠭ᠎ᠤᠨ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠢᠨᠵᠧᠨᠧᠷᠢᠩ ᠤᠳᠠᠯ ᠦᠭᠡᠢ ᠠᠵᠢᠯ ᠳᠠᠭᠤᠰᠬᠤ᠎ᠪᠠᠷ ᠪᠠᠢ᠌ᠨ᠎ᠠ
ᠨᠡᠶ᠋ᠢᠲᠡᠯᠡᠭᠰᠡᠨ ᠴᠠᠭ᠄ 2024-09-05

202409051738.jpg

    ᠪᠤᠭᠤᠲᠤ᠎ᠠᠴᠠ ᠮᠤᠤᠮᠢᠩ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠪᠤᠭᠤᠲᠤ᠎ᠠᠴᠠ ᠳ᠋ᠦᠩᠱ᠌ᠧᠩ ᠬᠦᠷᠬᠦ ᠬᠡᠰᠡᠭ᠎ᠤᠨ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠢᠨᠵᠧᠨᠧᠷᠢᠩ᠎ᠤᠨ ᠪᠤᠭᠤᠲᠤ ᠵᠢᠨ ᠪᠠᠷᠠᠭᠤᠨ ᠬᠣᠯᠪᠣᠬᠤ ᠱᠤᠭᠤᠮ᠎ᠤᠨ ᠪᠦᠲᠦᠭᠡᠨ ᠪᠠᠢ᠌ᠭᠤᠯᠬᠤ ᠵᠠᠮ᠎ᠤᠨ ᠤᠷᠲᠤ᠎ᠨᠢ 46.493 ᠺᠢᠯᠣᠮᠧᠲᠷ ᠪᠠᠢ᠌ᠵᠤ᠂ ᠬᠣᠣᠰ ᠴᠢᠭᠯᠡᠯᠲᠦ ᠳᠥᠷᠪᠡᠨ ᠲᠡᠷᠭᠡᠨ ᠵᠠᠮ᠎ᠲᠠᠢ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠵᠤ᠂ ᠪᠤᠭᠤᠲᠤ᠎ᠠᠴᠠ ᠯᠠᠨᠵᠧᠦ ᠬᠦᠷᠬᠦ ᠲᠡᠮᠦᠷ ᠵᠠᠮ᠎ᠤᠨ ᠳᠡᠭᠡᠭᠦᠷ ᠠᠯᠤᠰᠯᠠᠭᠰᠠᠨ ᠬᠥᠭᠥᠷᠭᠡ ᠵᠢ 8 ᠳ᠋ᠤᠭ᠋ᠠᠷ ᠰᠠᠷ᠎ᠠ ᠵᠢᠨ 28᠎ᠤ ᠡᠳᠦᠷ᠎ᠤᠨ ᠥᠷᠯᠥᠭᠡ ᠵᠢᠨ 1 ᠴᠠᠭ 55 ᠮᠢᠨᠦ᠋ᠲ᠎ᠲᠤ ᠡᠬᠢᠯᠡᠨ ᠡᠷᠭᠢᠭᠦᠯᠵᠦ᠂ ᠭᠣᠣᠯ᠎ᠢ ᠨᠡᠪᠲᠡᠯᠬᠦ ᠮᠠᠶᠢᠭ᠎ᠤᠨ ᠦᠯᠢᠭᠦᠷ᠎ᠤᠨ ᠲᠠᠲᠠᠯᠲᠠ ᠳᠣᠣᠷ᠎ᠠ᠂ ᠪᠠᠴᠢᠮ ᠪᠥᠭᠡᠳ ᠡᠮᠬᠢ ᠵᠢᠷᠤᠮ᠎ᠲᠠᠢ ᠠᠵᠢᠯᠯᠠᠬᠤ᠎ᠪᠠᠷ ᠳᠠᠮᠵᠢᠨ᠂ ᠪᠤᠭᠤᠲᠤ᠎ᠠᠴᠠ ᠯᠠᠨᠵᠧᠦ ᠬᠦᠷᠬᠦ ᠲᠡᠮᠦᠷ ᠵᠠᠮ᠎ᠤᠨ ᠳᠡᠭᠡᠭᠦᠷ ᠠᠯᠤᠰᠯᠠᠭᠰᠠᠨ ᠬᠥᠭᠥᠷᠭᠡ ᠵᠢᠨ 13 ᠳ᠋ᠤᠭ᠋ᠠᠷ ᠲᠤᠯᠭ᠋ᠠᠭᠤᠷᠢ ᠵᠢ 75.8 ᠭ᠋ᠷᠠᠳᠦ᠋ᠰ ᠡᠷᠭᠢᠭᠦᠯᠵᠦ᠂ T ᠪᠦᠲᠦᠴᠡᠲᠦ ᠨᠢᠷᠤᠭᠤ ᠵᠢ ᠡᠷᠭᠢᠭᠦᠯᠵᠦ ᠲᠠᠭᠤᠰᠬᠠᠨ᠂ ᠣᠨᠣᠪᠴᠢᠲᠠᠢ ᠪᠠᠢ᠌ᠷᠢᠯᠠᠭᠤᠯᠵᠤ᠂ ᠣᠨᠣᠴᠠᠲᠠᠢ ᠵᠣᠯᠭ᠋ᠠᠭᠤᠯᠵᠠᠢ᠃
    ᠲᠣᠰ ᠤᠳᠠᠭ᠎ᠠ ᠵᠢᠨ ᠡᠷᠭᠢᠭᠦᠯᠦᠭᠰᠡᠨ ᠪᠤᠭᠤᠲᠤ᠎ᠠᠴᠠ ᠯᠠᠨᠵᠧᠦ ᠬᠥᠷᠬᠥ ᠲᠡᠮᠦᠷ ᠵᠠᠮ᠎ᠤᠨ ᠳᠡᠭᠡᠭᠦᠷ ᠠᠯᠤᠰᠯᠠᠭᠰᠠᠨ ᠬᠥᠭᠥᠷᠭᠡ ᠵᠢᠨ ᠣᠷᠳᠣ ᠵᠢ 110 ᠮᠧᠲᠷ ᠪᠠᠢ᠌ᠵᠤ᠂ ᠡᠷᠭᠢᠭᠦᠯᠦᠭᠰᠡᠨ ᠪᠡᠶ᠎ᠡ ᠵᠢᠨ ᠬᠦᠨᠳᠦ᠎ᠨᠢ 13000 ᠲᠣᠨ᠎ᠢ ᠳᠠᠪᠠᠵᠠᠶ᠃ ᠲᠥᠷᠥᠯ ᠵᠦᠢᠯ᠎ᠢ ᠪᠥᠲᠥᠭᠡᠨ ᠪᠠᠢ᠌ᠭᠤᠯᠤᠭᠰᠠᠨ ᠨᠢᠭᠡᠴᠢ᠎ᠠᠴᠠ ᠲᠣᠭ᠎ᠠ ᠪᠠᠷᠢᠮᠲᠠ ᠵᠢ ᠪᠠᠢ᠌ᠴᠠᠭ᠋ᠠᠨ ᠬᠡᠮᠵᠢᠵᠦ ᠪᠤᠳᠤᠬᠤ ᠵᠢ ᠴᠢᠩᠭ᠋ᠠᠷᠠᠭᠤᠯᠵᠤ᠂ ᠴᠠᠭ ᠲᠤᠬᠠᠶ᠎ᠳᠤ᠎ᠨᠢ ᠬᠢᠨᠠᠨ ᠬᠡᠮᠵᠢᠬᠦ ᠵᠢᠨ ᠬᠠᠮᠲᠤ ᠡᠷᠭᠢᠭᠦᠯᠬᠦ ᠬᠤᠷᠳᠤᠴᠠ ᠵᠢᠴᠢ ᠵᠣᠭᠰᠣᠭ᠋ᠠᠬᠤ ᠣᠷᠣᠨ ᠪᠠᠢ᠌ᠷᠢ ᠵᠢ ᠣᠶᠤᠨᠴᠢ᠎ᠪᠠᠷ ᠳᠣᠭᠢᠷᠠᠭᠤᠯᠤᠨ᠂ ᠡᠷᠭᠢᠭᠦᠯᠬᠦ ᠶᠠᠪᠤᠴᠠ ᠵᠢ 《ᠮᠢᠯᠢᠮᠧᠲᠷ ᠲᠠᠰ》᠎ᠤᠨ ᠣᠨᠣᠪᠴᠢ ᠵᠢᠨ ᠬᠡᠮᠵᠢᠶ᠎ᠡ᠎ᠳᠤ ᠬᠦᠷᠦᠭᠦᠯᠬᠦ ᠵᠢ ᠪᠡᠲᠤᠯᠠᠪᠠ᠃ ᠪᠤᠭᠤᠲᠤ᠎ᠠᠴᠠ ᠯᠠᠨᠵᠧᠦ ᠬᠦᠷᠬᠦ ᠲᠡᠮᠦᠷ ᠵᠠᠮ᠎ᠤᠨ ᠳᠡᠭᠡᠭᠦᠷ ᠠᠯᠤᠰᠯᠠᠭᠰᠠᠨ ᠬᠥᠭᠥᠷᠭᠡ ᠵᠢ ᠡᠷᠭᠢᠭᠦᠯᠬᠦ ᠳᠠᠭᠤᠰᠬᠤ ᠵᠢ ᠳᠠᠭ᠋ᠠᠯᠳᠤᠨ᠂ ᠪᠤᠭᠤᠲᠤ ᠵᠢᠨ ᠪᠠᠷᠠᠭᠤᠨ ᠬᠣᠯᠪᠣᠬᠤ ᠱᠤᠭᠤᠮ᠎ᠤᠨ ᠬᠠᠮᠤᠭ ᠡᠴᠦᠰ᠎ᠤᠨ ᠡᠵᠡᠮᠳᠡᠬᠦ ᠢᠨᠵᠧᠨᠧᠷᠢᠩ᠎ᠤᠨ ᠭᠣᠣᠯ ᠴᠣᠭᠴᠠ ᠵᠢ ᠳᠠᠭᠤᠰᠬᠠᠵᠤ᠂ ᠲᠦᠷᠦᠯ ᠵᠦᠢ᠍ᠯ᠎ᠢ 11 ᠳ᠋ᠦ᠍ᠭᠡᠷ ᠰᠠᠷ᠎ᠠ ᠵᠢᠨ ᠰᠡᠭᠦᠯᠴᠢ᠎ᠪᠠᠷ ᠪᠠᠷᠢᠯᠭ᠎ᠠ ᠲᠤᠰᠢᠶᠠᠬᠤ᠎ᠪᠠᠷ ᠲᠥᠯᠥᠪᠯᠡᠵᠦ ᠪᠠᠢ᠌ᠨ᠎ᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
216 ᠮᠤᠵᠢ ᠵᠢᠨ ᠵᠠᠮ᠎ᠤᠨ ᠮᠸᠩ ᠰᠢ᠎ᠠᠴᠠ ᠴᠢ ᠫᠠᠨ ᠵᠢᠩ ᠬᠥᠷᠬᠥ ᠬᠡᠰᠡᠭ᠎ᠤᠨ ᠵᠠᠰᠠᠮᠠᠯ ᠵᠠᠮ ᠵᠢᠩᠬᠢᠨᠢ᠎ᠪᠠᠷ ᠲᠡᠷᠭᠡ ᠨᠡᠪᠲᠡᠷᠡᠪᠡ
ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠦᠢᠯᠡᠴᠢᠯᠡᠭᠡᠨ᠎ᠤ ᠲᠣᠭᠣᠷᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠳ᠋ᠸᠩᠺᠸᠤ ᠵᠢᠨ ᠬᠠᠳᠤᠨ ᠭᠣᠣᠯ᠎ᠤᠨ ᠶᠡᠬᠡ ᠬᠥᠭᠥᠷᠭᠡ ᠰᠢᠨ᠎ᠡ ᠠᠬᠢᠴᠠ᠎ᠲᠠᠢ ᠪᠣᠯᠪᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠢᠨᠢᠩ᠎ᠠᠴᠠ ᠲᠦᠩᠯᠢᠶᠣᠤ ᠬᠥᠷᠬᠥ ᠲᠡᠮᠦᠷ ᠵᠠᠮ᠎ᠤᠨ ᠪᠥᠬᠥ ᠱᠤᠭᠤᠮ᠎ᠤᠨ ᠴᠠᠬᠢᠯᠭ᠋ᠠᠨᠵᠢᠭᠤᠯᠤᠯᠲᠠ ᠵᠢ ᠨᠡᠪᠲᠡᠷᠡᠭᠦᠯᠵᠦ ᠡᠵᠡᠩᠨᠡᠯᠲᠡ᠎ᠳᠤ ᠣᠷᠣᠭᠤᠯᠪᠠ
 
            