ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠲᠠᠢ ᠽᠢ ᠴᠧᠩ᠎ᠠᠴᠠ ᠰᠢᠯᠢᠩᠬᠣᠲᠠ ᠬᠦᠷᠬᠦ ᠲᠡᠮᠦᠷ ᠵᠠᠮ᠎ᠤᠨ ᠰᠢᠯᠢᠩᠬᠣᠲᠠ ᠥᠷᠲᠡᠭᠡᠨ᠎ᠤ ᠪᠣᠯᠣᠳ ᠪᠦᠲᠦᠴᠡ᠎ᠲᠠᠢ ᠱᠠᠲᠤᠲᠤ ᠬᠥᠭᠥᠷᠭᠡ ᠵᠢ ᠨᠡᠢ᠌ᠯᠡᠭᠦᠯᠪᠡ
ᠨᠡᠶ᠋ᠢᠲᠡᠯᠡᠭᠰᠡᠨ ᠴᠠᠭ᠄ 2025-10-20

10 ᠳ᠋ᠤᠭ᠋ᠠᠷ ᠰᠠᠷ᠎ᠠ ᠵᠢᠨ 13᠎ᠤ ᠡᠳᠦᠷ᠂᠎ᠲᠠᠢ ᠽᠢ ᠴᠧᠩ᠎ᠠᠴᠠ ᠰᠢᠯᠢᠩᠬᠣᠲᠠ ᠬᠥᠷᠬᠥ ᠲᠡᠮᠦᠷ ᠵᠠᠮ᠎ᠤᠨ ᠰᠢᠯᠢᠩᠬᠣᠲᠠ ᠥᠷᠲᠡᠭᠡ ᠵᠢᠨ ᠪᠣᠯᠣᠳ ᠪᠦᠲᠦᠴᠡ᠎ᠲᠠᠢ ᠱᠤᠭᠤᠮ ᠠᠯᠤᠰᠯᠠᠬᠤ ᠱᠠᠲᠤᠲᠤ ᠬᠥᠭᠥᠷᠭᠡ᠎ᠨᠢ ᠠᠭ᠋ᠠᠷ ᠳᠡᠭᠡᠷᠡᠬᠢ ᠣᠨᠣᠪᠴᠢᠲᠠᠶ ᠨᠡᠢ᠌ᠯᠡᠯᠲᠡ ᠵᠢ ᠠᠮᠵᠢᠯᠲᠠ᠎ᠲᠠᠢ ᠪᠡᠶᠡᠯᠡᠭᠦᠯᠵᠦ᠂᠎ᠲᠠᠢ ᠽᠢ ᠴᠧᠩ᠎ᠠᠴᠠ ᠰᠢᠯᠢᠩᠬᠣᠲᠠ ᠬᠦᠷᠬᠦ ᠲᠡᠮᠦᠷ ᠵᠠᠮ᠎ᠤᠨ ᠥᠪᠥᠷ ᠮᠣᠩᠭᠣᠯ᠎ᠳᠠᠬᠢ ᠬᠡᠰᠡᠭ᠎ᠤᠨ ᠬᠠᠮᠤᠭ᠎ᠤᠨ ᠶᠡᠬᠡ ᠥᠷᠲᠡᠭᠡ ᠵᠢᠨ ᠬᠡᠷ ᠪᠠᠢ᠌ᠰᠢᠩ᠎ᠢ ᠥᠭᠡᠷᠡᠴᠢᠯᠡᠨ ᠵᠠᠰᠠᠬᠤ ᠢᠨᠵᠧᠨᠧᠷᠢᠩ ᠵᠠᠩᠭᠢᠯᠠᠭ᠎ᠠ ᠵᠢᠨ ᠴᠢᠨᠠᠷᠲᠠᠶ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢ᠌ᠨ᠎ᠠ᠃

ᠣᠢ᠌ᠯᠠᠭ᠋ᠠᠭᠰᠠᠨ ᠵᠶ᠋ᠠᠷ᠂ ᠱᠤᠭᠤᠮ ᠠᠯᠤᠰᠯᠠᠬᠤ ᠱᠠᠲᠤᠲᠤ ᠬᠥᠭᠥᠷᠭᠡ᠎ᠨᠢ ᠰᠢᠯᠢᠩᠬᠣᠲᠠ ᠥᠷᠲᠡᠭᠡ ᠵᠢᠨ ᠨᠢᠭᠡ ᠦᠷᠲᠡᠭᠡᠨ ᠲᠠᠢ᠌ᠰᠠ ᠵᠢ ᠦᠭᠡᠷᠡᠴᠢᠯᠡᠬᠦ 《ᠵᠠᠩᠭᠢᠯᠠᠭ᠎ᠠ ᠵᠢᠨ ᠪᠠᠷᠢᠯᠭ᠎ᠠ》 ᠪᠠᠢ᠌ᠵᠤ᠂ ᠱᠤᠭᠤᠮ ᠠᠯᠤᠰᠯᠠᠬᠤ ᠱᠠᠲᠤᠲᠤ ᠬᠥᠭᠥᠷᠭᠡ ᠵᠢᠨ ᠪᠦᠬᠦᠯᠢ ᠴᠣᠭᠴᠠ ᠵᠢᠨ ᠪᠦᠲᠦᠴᠡ ᠵᠢᠨ ᠪᠥᠬᠥ ᠣᠷᠳᠣ᠎ᠨᠢ 65.3 ᠮᠧᠲᠷ᠂ ᠥᠷᠭᠡᠨ᠎ᠨᠢ 9.4 ᠮᠧᠲᠷ᠂ ᠭᠤᠷᠪᠠᠨ ᠬᠡᠰᠡᠭ ᠬᠤᠪᠢᠶᠠᠨ ᠪᠠᠷᠢᠵᠤ ᠪᠣᠶ᠃ ᠲᠣᠰ ᠤᠳᠠᠭ᠋ᠠᠨ᠎ᠤ ᠳᠡᠭᠦᠵᠢᠯᠡᠨ ᠤᠭᠰᠠᠷᠠᠬᠤ ᠬᠣᠶᠠᠳᠤᠭ᠋ᠠᠷ ᠬᠡᠰᠡᠭ᠎ᠤᠨ ᠱᠠᠲᠤᠲᠤ ᠬᠥᠭᠥᠷᠭᠡ ᠵᠢᠨ ᠣᠷᠳᠣ᠎ᠨᠢ 24.3 ᠮᠧᠲᠷ᠂ ᠳᠡᠭᠦᠵᠢᠯᠡᠨ ᠡᠷᠭᠦᠬᠦ ᠬᠦᠨᠳᠦ᠎ᠨᠢ ᠪᠠᠷᠤᠭ 90 ᠲᠣᠨ ᠪᠠᠢ᠌ᠵᠤ᠂ 4 ᠵᠤᠷᠪᠤᠰ ᠡᠵᠡᠩᠨᠡᠯᠲᠡ ᠵᠢᠨ ᠱᠤᠭᠤᠮ᠎ᠢ ᠬᠥᠨᠳᠡᠯᠡᠨ ᠵᠶ᠋ᠡᠷ ᠰᠤᠨᠳᠠᠯᠠᠵᠤ᠂ ᠳᠡᠭᠦᠵᠢᠯᠡᠨ ᠤᠭᠰᠠᠷᠠᠬᠤ ᠪᠠᠢ᠌ᠳᠠᠯ ᠳᠣᠤᠷ᠎ᠠ ᠨᠢᠭᠡᠨᠲᠡ ᠤᠭᠰᠠᠷᠠᠭᠰᠠᠨ ᠨᠢᠭᠡᠳᠦᠭᠡᠷ ᠬᠡᠰᠡᠭ᠎ᠤᠨ ᠱᠠᠲᠤᠲᠤ ᠬᠥᠭᠥᠷᠭᠡ᠎ᠲᠠᠢ ᠣᠨᠣᠪᠴᠢᠲᠠᠶ᠎ᠪᠠᠷ ᠵᠣᠯᠭ᠋ᠠᠭᠤᠯᠬᠤ ᠵᠢᠴᠢ ᠠᠭ᠋ᠠᠷ ᠳᠡᠭᠡᠷ᠎ᠡ ᠭᠠᠩᠨᠠᠨ ᠵᠠᠯᠭ᠋ᠠᠬᠤ ᠠᠵᠢᠯ᠎ᠢ ᠪᠡᠶᠡᠯᠡᠭᠦᠯᠵᠦ᠂ ᠱᠤᠭᠤᠮ ᠠᠯᠤᠰᠯᠠᠨ ᠠᠵᠢᠯᠯᠠᠬᠤ ᠠᠮᠤᠷ ᠲᠦᠪᠰᠢᠨ᠎ᠢ ᠬᠠᠮᠢᠶᠠᠷᠤᠨ ᠡᠵᠡᠮᠳᠡᠬᠦ᠎ᠳᠤ ᠬᠦᠴᠢᠷ᠂ ᠳᠡᠭᠦᠵᠢᠯᠡᠨ ᠵᠣᠯᠭ᠋ᠠᠭᠤᠯᠬᠤ ᠨᠠᠷᠢᠯᠢᠭᠴᠠ ᠵᠢᠨ ᠱᠠᠭ᠋ᠠᠷᠳᠠᠯᠭ᠎ᠠ ᠥᠨᠳᠥᠷ᠂ ᠥᠨᠳᠥᠷ ᠠᠭ᠋ᠠᠷ᠎ᠲᠤ ᠭᠠᠩᠨᠠᠨ ᠵᠣᠯᠭ᠋ᠠᠭᠤᠯᠬᠤ ᠶᠠᠰᠤ ᠴᠢᠨᠠᠷ᠎ᠢ ᠴᠢᠩᠭ᠎ᠠ ᠡᠵᠡᠮᠳᠡᠬᠦ ᠵᠡᠷᠭᠡ ᠣᠯᠠᠨ ᠳᠠᠪᠬᠤᠷ ᠥᠷᠢᠰᠥᠯᠳᠦᠭᠡᠨ᠎ᠳᠤ ᠲᠤᠯᠭ᠋ᠠᠷᠠᠵᠤ᠂ ᠪᠠᠷᠢᠯᠭ᠎ᠠ ᠵᠢᠨ ᠠᠵᠢᠯ᠎ᠤᠨ ᠬᠦᠴᠢᠷ᠎ᠤᠨ ᠬᠡᠮᠵᠢᠶ᠎ᠡ ᠪᠣᠯᠤᠨ ᠠᠮᠤᠷ ᠲᠦᠪᠰᠢᠨ᠎ᠤ ᠠᠶᠤᠯ ᠲᠦᠭᠰᠢᠭᠦᠷᠢ᠎ᠨᠢ ᠴᠥᠮ ᠲᠥᠷᠥᠯ ᠵᠦᠢᠯ᠎ᠢ ᠪᠥᠲᠥᠭᠡᠨ ᠪᠠᠢ᠌ᠭᠤᠯᠤᠭᠰᠠᠨ᠎ᠠᠴᠠ ᠨᠠᠭ᠋ᠠᠰᠢᠬᠢ ᠥᠨᠳᠥᠷ ᠲᠦᠪᠰᠢᠨ᠎ᠳᠤ ᠬᠦᠷᠪᠡ᠃

ᠲᠣᠰ ᠤᠳᠠᠭ᠋ᠠᠨ᠎ᠤ ᠱᠠᠲᠤᠲᠤ ᠬᠥᠭᠥᠷᠭᠡ ᠵᠢ ᠳᠡᠭᠦᠵᠢᠯᠡᠨ ᠤᠭᠰᠠᠷᠠᠬᠤ ᠠᠵᠢᠯ ᠤᠷᠤᠭᠰᠢᠲᠠᠶ ᠳᠠᠭᠤᠰᠴᠤ᠂ ᠰᠢᠯᠢᠩᠬᠣᠲᠠ ᠥᠷᠲᠡᠭᠡ ᠵᠢᠨ ᠥᠷᠲᠡᠭᠡᠨ ᠬᠡᠷ ᠪᠠᠢ᠌ᠰᠢᠩ᠎ᠤᠨ ᠬᠣᠶᠠᠳᠤᠭ᠋ᠠᠷ ᠱᠠᠲᠤᠨ᠎ᠤ ᠪᠥᠲᠥᠭᠡᠨ ᠪᠠᠢ᠌ᠭᠤᠯᠤᠯᠲᠠ᠎ᠳᠤ ᠬᠤᠷᠳᠤᠳᠬᠠᠬᠤ ᠳᠠᠷᠤᠪᠴᠢ ᠵᠢ ᠳᠠᠷᠤᠵᠤ᠂ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠠᠶᠠᠨᠴᠢᠳ᠎ᠤᠨ ᠵᠠᠮ ᠠᠯᠤᠰᠯᠠᠨ ᠰᠣᠯᠢᠵᠤ ᠰᠠᠭᠤᠬᠤ 《ᠲᠣᠭᠣᠷᠢᠵᠤ ᠶᠠᠪᠤᠬᠤ᠂ ᠴᠠᠭ ᠵᠠᠷᠤᠴᠠᠭᠤᠯᠬᠤ》 ᠡᠪᠡᠷᠰᠢᠶᠡᠯ ᠴᠡᠭ᠎ᠢ ᠲᠤᠢ᠌ᠯᠪᠤᠷᠢᠲᠠᠶ ᠰᠢᠢᠳᠪᠦᠷᠢᠯᠡᠵᠦ᠂ 《ᠥᠷᠲᠡᠭᠡᠨ ᠳᠣᠲᠣᠷ᠎ᠠ ᠲᠦᠷᠭᠡᠨ ᠨᠡᠪᠲᠡᠷᠡᠬᠦ》 ᠵᠢ ᠪᠡᠶᠡᠯᠡᠭᠦᠯᠬᠦ ᠪᠣᠯᠤᠨ᠎ᠠ᠃ ᠎

ᠲᠠᠢ ᠽᠢ ᠴᠧᠩ᠎ᠠᠴᠠ ᠰᠢᠯᠢᠩᠬᠣᠲᠠ ᠬᠦᠷᠬᠦ ᠲᠡᠮᠦᠷ ᠵᠠᠮ ᠪᠣᠯ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠡᠮᠦᠷ ᠵᠠᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠭᠣᠤᠯᠳᠠᠯᠭ᠎ᠠ᠎ᠲᠠᠢ ᠲᠥᠷᠥᠯ ᠵᠦᠢᠯ ᠪᠣᠯᠤᠨ᠎ᠠ᠂ ᠥᠪᠥᠷ ᠮᠣᠩᠭᠣᠯ᠎ᠤᠨ ᠬᠡᠰᠡᠭ᠎ᠨᠢ 2022 ᠣᠨ᠎ᠤ 12 ᠳ᠋ᠤᠭ᠋ᠠᠷ ᠰᠠᠷ᠎ᠠ ᠵᠢᠨ 8᠎ᠤ ᠡᠳᠦᠷ ᠪᠠᠷᠢᠯᠭ᠎ᠠ ᠡᠬᠢᠯᠡᠵᠦ᠂ ᠾᠧᠪᠧᠶ ᠵᠢᠨ ᠬᠡᠰᠡᠭ᠎ᠲᠠᠢ ᠵᠡᠷᠭᠡ᠎ᠪᠠᠷ ᠨᠡᠪᠲᠡᠷᠡᠭᠰᠡᠨ᠎ᠤ ᠳᠠᠷᠠᠭ᠎ᠠ ᠰᠢᠯᠢ ᠵᠢᠨ ᠭᠣᠤᠯ ᠠᠢ᠌ᠮᠠᠭ ᠪᠣᠯᠤᠨ ᠴᠢᠭᠤᠯᠤᠯᠲᠤ ᠬᠠᠭ᠋ᠠᠯᠭ᠎ᠠ ᠵᠢᠨ ᠬᠣᠢ᠌ᠲᠤ ᠬᠡᠰᠡᠭ᠎ᠤᠨ ᠭᠠᠵᠠᠷ ᠣᠷᠣᠨ᠎ᠤ ᠪᠡᠭᠡᠵᠢᠩ᠎ᠳᠤ ᠣᠷᠣᠬᠤ ᠠᠶᠠᠨᠴᠢᠳ᠎ᠤᠨ ᠲᠦᠷᠭᠡᠨ ᠨᠡᠪᠲᠡᠷᠡᠬᠦ ᠵᠠᠮ᠎ᠢ ᠪᠦᠷᠢᠯᠳᠦᠭᠦᠯᠬᠦ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            