

10 ᠳ᠋ᠤᠭ᠋ᠠᠷ ᠰᠠᠷ᠎ᠠ ᠵᠢᠨ 25᠎ᠤ ᠡᠳᠦᠷ᠂ ᠤᠯᠤᠰ᠎ᠤᠨ ᠵᠠᠮ᠎ᠤᠨ 213 ᠱᠤᠭᠤᠮ᠎ᠤᠨ ᠰᠠᠨᠰᠠᠷ᠎ᠤᠨ ᠠᠶᠠᠯᠠᠯ᠎ᠤᠨ ᠵᠠᠮ᠎ᠤᠨ ᠲᠡᠷᠭᠡ ᠨᠡᠪᠲᠡᠷᠡᠬᠦ ᠶᠣᠰᠣᠯᠠᠯ ᠥᠪᠥᠷ ᠮᠣᠩᠭᠣᠯ ᠭᠠᠨᠰᠦ ᠵᠢᠨ ᠵᠠᠭ᠋ᠠᠭ᠎ᠤᠨ ᠵᠠᠮ᠎ᠤᠨ ᠬᠡᠰᠡᠭ᠎ᠲᠤ ᠶᠠᠪᠤᠭᠳᠠᠪᠠ᠃
ᠤᠯᠤᠰ᠎ᠤᠨ ᠵᠠᠰᠠᠮᠠᠯ ᠵᠠᠮ᠎ᠤᠨ ᠲᠣᠣᠷ᠎ᠤᠨ ᠲᠥᠯᠥᠪᠵᠢᠭᠦᠯᠭᠡ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠲᠤᠰ ᠵᠠᠰᠠᠮᠠᠯ ᠵᠠᠮ᠎ᠤᠨ ᠪᠦᠬᠦ ᠤᠷᠳᠤᠨᠢ 71 ᠺᠢᠯᠣᠮᠧᠲᠷ ᠪᠠᠢ᠌ᠵᠤ᠂ ᠶᠡᠷᠦᠩᠬᠡᠢ ᠵᠠᠮ ᠱᠤᠭᠤᠮ᠎ᠨᠢ ᠬᠣᠢ᠌ᠨ᠎ᠠ᠎ᠠᠴᠠ ᠡᠮᠦᠨᠡᠰᠢ᠎ᠪᠠᠨ ᠴᠢᠭᠯᠡᠯ᠎ᠲᠠᠢ᠂ ᠭᠠᠨᠰᠤ ᠵᠢᠨ ᠰᠠᠨᠰᠠᠷ᠎ᠤᠨ ᠠᠶᠠᠯᠠᠯ᠎ᠤᠨ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠾᠧᠢ ᠾᠧ ᠶᠡᠬᠡ ᠬᠥᠭᠥᠷᠭᠡ ᠵᠢᠨ ᠵᠡᠭᠦᠨ ᠡᠷᠭᠢ ᠵᠢᠨ ᠬᠥᠭᠥᠷᠭᠡ ᠵᠢᠨ ᠦᠵᠦᠭᠦᠷ᠎ᠲᠠᠢ ᠵᠠᠯᠭ᠋ᠠᠯᠳᠤᠨᠠ᠃
ᠤᠯᠤᠰ᠎ᠤᠨ ᠵᠠᠮ᠎ᠤᠨ 213 ᠱᠤᠭᠤᠮ᠎ᠤᠨ ᠰᠠᠨᠰᠠᠷ᠎ᠤᠨ ᠠᠶᠠᠯᠠᠯ᠎ᠤᠨ ᠵᠠᠮ᠎ᠨᠢ 2024 ᠣᠨ᠎ᠤ 4 ᠳ᠋ᠦ᠍ᠭᠡᠷ ᠰᠠᠷ᠎ᠠ᠎ᠳᠤ ᠪᠠᠷᠢᠯᠭ᠎ᠠ ᠡᠬᠢᠯᠡᠭᠰᠡᠨ᠎ᠠᠴᠠ ᠨᠠᠭ᠋ᠠᠰᠢ᠂ ᠮᠢᠩᠭ᠎ᠠ ᠰᠢᠬᠠᠮ ᠪᠥᠲᠥᠭᠡᠨ ᠪᠠᠢ᠌ᠭᠤᠯᠤᠭᠴᠢ ᠡᠯᠡᠰᠦᠨ ᠴᠥᠯ ᠭᠣᠪᠢ᠎ᠳᠤ ᠣᠷᠣᠵᠤ᠂ ᠡᠯᠡᠰᠦ ᠰᠢᠭᠤᠷᠭ᠎ᠠ᠎ᠲᠠᠢ ᠲᠡᠮᠡᠴᠡᠵᠦ᠂ ᠠᠭ᠋ᠠᠭᠢᠮ᠎ᠠ ᠬᠠᠯᠠᠭᠤᠨ᠎ᠲᠠᠢ ᠲᠡᠮᠡᠴᠡᠵᠦ᠂ ᠵᠢᠯ ᠭᠠᠷᠤᠶ ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠥᠩᠭᠡᠷᠡᠭᠡᠵᠦ᠂ ᠤᠷᠢᠳ ᠬᠣᠵᠢᠳ ᠡᠵᠡᠩᠨᠡᠯᠲᠡ ᠵᠢᠨ ᠲᠥᠬᠥᠮ ᠵᠠᠮ᠂ ᠵᠠᠮ᠎ᠤᠨ ᠰᠠᠭᠤᠷᠢ ᠵᠢᠨ ᠰᠢᠷᠣᠶ ᠴᠢᠯᠠᠭᠤ᠂ ᠬᠠᠷ᠎ᠠ ᠵᠠᠮ᠎ᠤᠨ ᠭᠠᠳᠠᠷᠭᠤ ᠵᠢ ᠳᠡᠪᠢᠰᠬᠦ ᠵᠡᠷᠭᠡ ᠵᠠᠩᠭᠢᠯᠠᠭ᠎ᠠ ᠵᠢᠨ ᠴᠡᠭ᠎ᠤᠨ ᠪᠠᠷᠢᠯᠭ᠎ᠠ ᠵᠢᠨ ᠡᠭᠦᠷᠭᠡ ᠵᠢ ᠪᠡᠶᠡᠯᠡᠭᠦᠯᠵᠦ᠂ 2025 ᠣᠨ᠎ᠤ 10 ᠳ᠋ᠤᠭ᠋ᠠᠷ ᠰᠠᠷ᠎ᠠ ᠵᠢᠨ 19᠎ᠤ ᠡᠳᠦᠷ ᠭᠣᠤᠯ ᠱᠤᠭᠤᠮ᠎ᠢ ᠪᠦᠬᠦᠨ᠎ᠢ ᠨᠡᠪᠲᠡᠷᠡᠭᠦᠯᠪᠡ᠃ ᠪᠦᠲᠦᠭᠡᠨ ᠪᠠᠢ᠌ᠭᠤᠯᠤᠯᠲᠠ ᠵᠢᠨ ᠳᠤᠮᠳᠠ᠂ ᠡᠯ᠎ᠡ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠢ᠎ᠨᠦᠭᠦᠳ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠨ᠂ ᠳᠠᠪᠬᠤᠷ ᠳᠠᠪᠬᠤᠷ ᠬᠦᠴᠢᠷ ᠪᠡᠷᠬᠡᠰᠢᠶᠡᠯ᠎ᠢ ᠴᠢᠷᠮᠠᠢ᠌ᠨ ᠢᠯᠠᠨ ᠳᠠᠪᠠᠵᠤ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠨᠤᠭᠤᠷᠠᠰᠢ ᠦᠭᠡᠶ ᠲᠡᠮᠡᠴᠡᠬᠦ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠤᠨ᠂ ᠡᠯ᠎ᠡ ᠵᠦᠢ᠍ᠯ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠲᠣᠰ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ᠎ᠨᠢ ᠰᠠᠨᠰᠠᠷ᠎ᠤᠨ ᠠᠶᠠᠯᠠᠯ᠎ᠤᠨ ᠬᠠᠷᠪᠤᠯᠲᠠ ᠵᠢᠨ ᠲᠥᠪ᠎ᠤᠨ ᠬᠥᠭᠵᠢᠯᠲᠡ ᠵᠢ ᠲᠦᠷᠭᠡᠳᠬᠡᠬᠦ ᠴᠠᠭ ᠦᠶ᠎ᠡ ᠵᠢᠨ ᠬᠦᠨᠳᠦ ᠡᠭᠦᠷᠭᠡ ᠪᠠ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠠᠭᠤᠤ ᠶᠡᠬᠡ ᠬᠦᠰᠡᠯ ᠵᠡᠭᠦᠳᠦ ᠵᠢ ᠠᠴᠢᠶᠠᠯᠠᠵᠤ᠂ ᠥᠪᠥᠷ ᠮᠣᠩᠭᠣᠯ ᠭᠠᠨᠰᠦ ᠬᠣᠶᠠᠷ ᠭᠠᠵᠠᠷ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠯᠠᠭᠤᠨ ᠬᠦᠰᠡᠯ ᠡᠷᠡᠮᠡᠯᠵᠡᠯ᠎ᠢ ᠠᠴᠢᠶᠠᠯᠠᠵᠤ᠂ ᠥᠪᠥᠷ ᠮᠣᠩᠭᠣᠯ ᠭᠠᠨᠰᠦ ᠬᠣᠶᠠᠷ ᠮᠤᠵᠢ ᠣᠷᠣᠨ᠎ᠤ ᠵᠠᠮ᠎ᠤᠨ ᠲᠣᠤᠷ᠎ᠤᠨ ᠨᠥᠬᠥᠴᠡᠯ ᠪᠠ ᠨᠡᠪᠲᠡᠷᠡᠬᠦ ᠶᠠᠰᠤ ᠴᠢᠨᠠᠷ᠎ᠢ ᠶᠡᠬᠡ᠎ᠪᠠᠷ ᠰᠠᠢ᠌ᠵᠢᠷᠠᠭᠤᠯᠵᠤ᠂ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠨᠠᠩ ᠰᠠᠢ᠌ᠲᠤᠷ ᠠᠬᠢᠭᠤᠯᠤᠭᠰᠠᠨ ᠵᠶ᠋ᠠᠷ ᠪᠠᠷᠠᠬᠤ ᠥᠬᠡᠶ ᠪᠠᠰᠠ ᠰᠠᠨᠰᠠᠷ᠎ᠤᠨ ᠠᠶᠠᠯᠠᠯ᠎ᠤᠨ ᠦᠢᠯᠡᠰ᠎ᠲᠤ ᠦᠢᠯᠡᠴᠢᠯᠡᠬᠦ᠂ ᠴᠡᠷᠢᠭ ᠠᠷᠠᠳ᠎ᠤᠨ ᠠᠭᠤᠰᠤᠯᠴᠠᠯ᠎ᠢ ᠨᠡᠮᠡᠭᠳᠡᠭᠦᠯᠬᠦ᠎ᠳᠤ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃