ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠣᠷᠳᠣᠰ᠄ ᠳᠤᠯᠠᠭ᠋ᠠᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠪᠣᠬᠢᠷᠲᠤᠯ ᠥᠬᠡᠶ ᠣᠶᠤᠨᠴᠢ ᠠᠶᠠᠯᠠᠯ ᠵᠶ᠋ᠠᠨ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-11-11

 11 ᠳ᠋ᠦ᠍ᠭᠡᠷ ᠰᠠᠷ᠎ᠠ ᠵᠢᠨ 6᠎ᠤ ᠡᠳᠦᠷ᠎ᠠᠴᠠ 7᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠭᠣᠤᠯᠯᠠᠨ ᠡᠷᠭᠢᠯᠡᠭᠰᠡᠨ 《ᠮᠢᠨᠦ ᠨᠡᠢ᠌ᠲᠡ ᠵᠢᠨ ᠮᠠᠰᠢᠨ ᠲᠡᠷᠭᠡ ᠮᠢᠨᠤ ᠬᠣᠲᠠ》 ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠣᠷᠳᠣᠰ ᠬᠣᠲᠠ᠎ᠳᠤ ᠶᠠᠪᠤᠭᠳᠠᠪᠠ᠃ ᠠᠵᠢᠯᠯᠠᠭ᠎ᠠ᠎ᠨᠢ ᠲᠤᠬᠠᠶ ᠵᠢᠨ ᠭᠠᠵᠠᠷ᠎ᠲᠤ ᠲᠡᠷᠭᠡᠨ᠎ᠳᠤ ᠰᠠᠭᠤᠵᠤ ᠪᠡᠶᠡᠴᠢᠯᠡᠨ ᠣᠢ᠌ᠯᠠᠭ᠋ᠠᠬᠤ ᠪᠠ ᠰᠠᠭᠤᠭ᠋ᠠᠯᠢ ᠠᠷᠠᠳ᠎ᠢ ᠰᠤᠷᠪᠤᠯᠵᠢᠯᠠᠬᠤ᠎ᠪᠠᠷ ᠳᠠᠮᠵᠢᠭᠤᠯᠤᠨ᠂ ᠲᠤᠬᠠᠶ ᠵᠢᠨ ᠭᠠᠵᠠᠷ᠎ᠤᠨ ᠪᠣᠬᠢᠷᠲᠤᠯ ᠥᠬᠡᠶ ᠣᠶᠤᠨᠴᠢ ᠨᠡᠢ᠌ᠲᠡ ᠵᠢᠨ ᠮᠠᠰᠢᠨ ᠲᠡᠷᠭᠡᠨ᠎ᠤ ᠠᠵᠢᠯᠯᠠᠭ᠋ᠠᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠭᠦᠨᠵᠡᠭᠡᠶ ᠰᠤᠷᠪᠤᠯᠵᠢᠯᠠᠪᠠ᠃

ᠣᠳᠣᠬᠠᠨ᠎ᠳᠤ᠂ ᠤᠷᠳᠤᠰ ᠬᠤᠳᠠ ᠵᠢᠨ ᠲᠥᠪ ᠬᠤᠳᠠ ᠵᠢᠨ ᠲᠣᠭᠣᠷᠢᠭ᠎ᠲᠤ ᠨᠢᠭᠡᠨᠲᠡ ᠪᠦᠷᠢᠨ ᠲᠦᠬᠦᠷ ᠨᠡᠢ᠌ᠲᠡ ᠵᠢᠨ ᠮᠠᠰᠢᠨ ᠲᠡᠷᠭᠡᠨ᠎ᠤ ᠲᠣᠣᠷ᠎ᠢ ᠪᠠᠢ᠌ᠭᠤᠯᠵᠤ᠂ 110 ᠵᠣᠷᠪᠣᠰ ᠬᠤᠳᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠱᠤᠭᠤᠮ ᠪᠣᠯᠤᠨ 1692 ᠨᠡᠢ᠌ᠲᠡ ᠵᠢᠨ ᠮᠠᠰᠢᠨ ᠲᠡᠷᠭᠡᠨ᠎ᠤ ᠦᠷᠳᠡᠭᠡ᠎ᠲᠠᠢ ᠪᠤᠯᠵᠤ᠂ ᠵᠢᠯ᠎ᠤᠨ ᠡᠵᠡᠩᠨᠡᠯᠲᠡ ᠵᠢᠨ ᠵᠠᠮ᠎ᠤᠨ ᠤᠷᠳᠤ᠎ᠨᠢ 5807 ᠲᠦᠮᠡᠨ ᠺᠢᠯᠣᠮᠧᠲᠷ᠎ᠲᠤ ᠬᠦᠷᠴᠦ᠂ ᠡᠳᠦᠷ ᠪᠦᠷᠢ ᠳᠤᠮᠳᠠᠴᠢ᠎ᠪᠠᠷ 16 ᠲᠦᠮᠡᠨ ᠺᠢᠯᠣᠮᠧᠲᠷ ᠠᠶᠠᠯᠠᠨ᠂ ᠵᠢᠯ᠎ᠳᠤ 4660 ᠲᠦᠮᠡᠨ ᠠᠶᠠᠨᠴᠢᠳ᠎ᠢ ᠵᠥᠭᠡᠭᠡᠪᠦᠷᠢᠯᠡᠵᠦ ᠪᠠᠢ᠌ᠨ᠎ᠠ᠃ ᠡᠨᠡ ᠬᠦ᠌ ᠰᠠᠭᠤᠷᠢᠨ ᠳᠡᠭᠡᠷ᠎ᠡ᠂ ᠭᠣᠣᠯ ᠬᠤᠳᠠ ᠲᠣᠭᠣᠷᠢᠭ᠎ᠤᠨ ᠨᠡᠢ᠌ᠲᠡ ᠵᠢᠨ ᠮᠠᠰᠢᠨ ᠲᠡᠷᠭᠡ ᠨᠢᠭᠡᠨᠲᠡ 100% ᠵᠢᠨ ᠴᠤᠯᠤ ᠴᠠᠬᠢᠯᠭ᠋ᠠᠨ ᠬᠥᠳᠡᠯᠭᠡᠭᠦᠷ᠎ᠢ ᠪᠡᠶᠡᠯᠡᠭᠦᠯᠵᠦ᠂ ᠬᠤᠳᠠ ᠵᠢᠨ ᠤᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠪᠣᠬᠢᠷᠲᠤᠯ ᠦᠬᠡᠢ᠂ ᠰᠢᠨ᠎ᠡ ᠵᠢ ᠡᠭᠦᠳᠬᠦ᠂ ᠰᠡᠳᠬᠢᠯ᠎ᠢ ᠳᠤᠯᠠᠭ᠋ᠠᠴᠠᠭᠤᠯᠬᠤ ᠬᠥᠭᠵᠢᠯᠲᠡ ᠵᠢᠨ ᠰᠢᠨ᠎ᠡ ᠱᠠᠲᠤᠨ᠎ᠳᠤ ᠪᠦᠬᠦ ᠲᠠᠯ᠎ᠠ᠎ᠪᠠᠷ ᠣᠷᠣᠬᠤ ᠵᠢ ᠠᠬᠢᠭᠤᠯᠪᠠ᠃

ᠡᠨᠡ ᠵᠢᠯ᠎ᠠᠴᠠ ᠨᠠᠭ᠋ᠠᠰᠢ᠂ ᠣᠷᠳᠣᠰ ᠬᠣᠲᠠ ᠨᠡᠢ᠌ᠲᠡ ᠵᠢᠨ ᠮᠠᠰᠢᠨ ᠲᠡᠷᠭᠡᠨ᠎ᠤ ᠴᠢᠨᠠᠷ ᠰᠠᠢ᠌ᠲᠠᠶ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠪᠤᠳᠤᠭ᠋ᠠᠷ ᠦᠶ᠎ᠡ ᠵᠢᠨ ᠤᠶᠤᠨᠲᠤ AI ᠲᠣᠭ᠋ᠠᠴᠢᠯᠠᠭᠰᠠᠨ ᠨᠡᠢ᠌ᠲᠡ ᠵᠢᠨ ᠮᠠᠰᠢᠨ ᠲᠡᠷᠭᠡᠨ᠎ᠤ ᠤᠶᠤᠨᠲᠤ ᠲᠠᠪᠴᠠᠩ᠎ᠢ ᠪᠠᠢ᠌ᠭᠤᠯᠵᠤ᠂ ᠵᠢᠯᠣᠭᠣᠴᠢ ᠵᠢᠨ ᠠᠵᠢᠯ᠎ᠤᠨ ᠪᠠᠢ᠌ᠷᠢ᠎ᠳᠤ᠎ᠪᠠᠨ ᠭᠠᠷᠬᠤ᠎ᠠᠴᠠ ᠡᠮᠦᠨᠡᠬᠢ ᠪᠠᠢ᠌ᠴᠠᠭ᠋ᠠᠯᠲᠠ᠂ ᠵᠠᠮ᠎ᠤᠨ ᠠᠮᠤᠷ ᠲᠦᠪᠰᠢᠨ᠎ᠤ ᠤᠷᠢᠳᠴᠢᠯᠠᠭᠰᠠᠨ ᠰᠡᠷᠡᠮᠵᠢᠯᠡᠭᠦᠯᠦᠯ᠂ 360  ᠎ᠤᠨ ᠲᠣᠭᠣᠷᠢᠨ ᠦᠵᠡᠬᠦ ᠠᠮᠤᠷ ᠲᠦᠪᠰᠢᠨ᠎ᠤ ᠬᠢᠨᠠᠨ ᠬᠡᠮᠵᠢᠯᠲᠡ ᠵᠡᠷᠭᠡ ᠣᠯᠠᠨ ᠳᠠᠪᠬᠤᠷ ᠴᠢᠳᠠᠮᠵᠢ ᠵᠢ ᠬᠤᠷᠠᠮᠳᠤᠭᠤᠯᠵᠤ᠂ ᠠᠶᠠᠨᠴᠢᠳ᠂ ᠲᠡᠷᠭᠡ ᠬᠥᠰᠬᠡ᠂ ᠲᠠᠯᠠᠪᠤᠷ ᠥᠷᠲᠡᠭᠡᠨ᠎ᠤ ᠲᠥᠬᠥᠭᠡᠷᠦᠮᠵᠢ ᠪᠣᠯᠤᠨ ᠵᠠᠮ ᠬᠠᠷᠢᠯᠴᠠᠭ᠋ᠠᠨ᠎ᠤ ᠣᠷᠴᠢᠨ ᠲᠣᠭᠣᠷᠢᠨ᠎ᠤ ᠲᠣᠭ᠎ᠠ ᠪᠠᠷᠢᠮᠲᠠ ᠵᠢᠨ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠵᠦ᠂ ᠲᠤᠬᠠᠶ ᠵᠢᠨ ᠭᠠᠵᠠᠷ᠎ᠲᠤ ᠪᠠᠰᠠ 16 ᠵᠤᠷᠪᠤᠰ ᠰᠤᠷᠤᠭᠴᠢ ᠵᠢᠨ ᠵᠠᠬᠢᠶᠠᠯᠠᠭ᠎ᠠ ᠵᠢᠨ ᠵᠠᠮ ᠱᠤᠭᠤᠮ᠂ 9 ᠵᠣᠷᠪᠤᠰ ᠠᠵᠢᠯ᠎ᠳᠤ ᠭᠠᠷᠬᠤ ᠱᠤᠭᠤᠮ᠂ 7 ᠵᠤᠷᠪᠤᠰ ᠨᠠᠰᠤᠲᠠᠢ᠌ᠴᠤᠳ᠎ᠲᠤ ᠲᠣᠬᠢᠷᠠᠬᠤ ᠵᠠᠮ ᠱᠤᠭᠤᠮ᠂ ᠵᠢᠴᠢ 10 ᠵᠤᠷᠪᠤᠰ ᠡᠯ᠎ᠡ ᠲᠥᠷᠥᠯ᠎ᠤᠨ ᠭᠣᠤᠯ ᠰᠡᠳᠦᠪᠲᠦ ᠵᠢᠱ᠌ᠢᠶ᠎ᠡ ᠦᠵᠡᠭᠦᠯᠬᠦ ᠱᠤᠭᠤᠮ᠎ᠢ ᠨᠡᠪᠲᠡᠷᠡᠭᠦᠯᠵᠦ᠂ ᠡᠭᠦᠨ᠎ᠤ ᠬᠠᠮᠲᠤ 14 ᠵᠤᠷᠪᠤᠰ ᠬᠦᠷᠢᠶᠡᠯᠡᠩ ᠲᠣᠭᠣᠷᠢᠭ᠎ᠤᠨ ᠵᠠᠮ ᠱᠤᠭᠤᠮ᠂ 15 ᠵᠣᠷᠪᠣᠰ ᠦᠵᠡᠮᠵᠢ ᠵᠢᠨ ᠣᠷᠣᠨ᠎ᠤ ᠱᠤᠭᠤᠮ ᠪᠠ 12 ᠵᠣᠷᠪᠣᠰ ᠰᠥᠨᠢ ᠵᠢᠨ ᠡᠭᠡᠯᠵᠢ ᠵᠢᠨ ᠱᠤᠭᠤᠮ᠎ᠢ ᠪᠠᠢ᠌ᠷᠢᠯᠠᠭᠤᠯᠵᠤ᠂ ᠳᠤᠯᠠᠭ᠋ᠠᠨ ᠬᠣᠲᠠ ᠵᠢᠨ ᠨᠡᠢ᠌ᠲᠡ ᠵᠢᠨ ᠮᠠᠰᠢᠨ ᠲᠡᠷᠭᠡ ᠵᠢ ᠨᠠᠩ ᠰᠠᠭ᠋ᠠᠳ ᠦᠭᠡᠢ᠂ ᠠᠮᠤᠷ ᠲᠦᠪᠰᠢᠨ᠂ ᠬᠠᠯᠠᠭᠤᠨ ᠳᠤᠯᠠᠭ᠋ᠠᠨ ᠦᠢᠯᠡᠴᠢᠯᠡᠭᠡ᠎ᠪᠠᠷ ᠬᠣᠲᠠ ᠵᠢᠨ ᠠᠷᠠᠳ᠎ᠤᠨ ᠡᠳᠦᠷ ᠲᠤᠲᠤᠮ᠎ᠤᠨ ᠶᠠᠪᠤᠵᠤ ᠰᠠᠭᠤᠬᠤ᠎ᠳᠤ ᠬᠦᠴᠦᠨ ᠴᠢᠳᠠᠯ ᠨᠡᠮᠡᠷᠢᠯᠡᠪᠡ᠃

ᠢᠷᠡᠯᠲᠡ᠄ ᠪᠧᠨ ᠲᠧᠩ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            