
11 ᠳ᠋ᠦ᠍ᠭᠡᠷ ᠰᠠᠷ᠎ᠠ᠎ᠶ᠋ᠢᠨ 18 ᠤ ᠡᠳᠦᠷ᠂ 305 ᠤᠯᠤᠰ᠎ᠤᠨ ᠵᠠᠮ᠎ᠤᠨ ᠬᠦᠨᠳᠡᠯᠡᠨ᠎ᠠᠴᠠ ᠪᠠᠶᠠᠨᠬᠤᠸᠠ ᠬᠦᠷᠬᠦ᠌ ᠬᠡᠰᠡᠭ᠎ᠲᠤ ᠵᠠᠰᠠᠮᠠᠯ ᠵᠠᠮ ᠲᠡᠷᠭᠡ ᠨᠡᠪᠲᠡᠷᠡᠵᠦ ᠲᠤᠷᠱᠢᠨ ᠠᠵᠢᠯᠯᠠᠭᠤᠯᠪᠠ᠃
ᠲᠣᠰ ᠲᠥᠷᠥᠯ ᠵᠦᠢᠯ᠎ᠤᠨ ᠪᠥᠬᠦ᠌ ᠣᠷᠳᠣᠨ᠎ᠢ 48.233 ᠺᠢᠯᠣᠮᠧᠲᠷ᠂ ᠡᠬᠢᠯᠡᠯᠲᠡ᠎ᠶ᠋ᠢᠨ ᠴᠡᠭ᠎ᠨᠢ ᠪᠠᠷᠠᠭᠤᠨ ᠦᠵᠦᠮᠦᠴᠢᠨ ᠬᠤᠱᠢᠭᠤᠨ᠎ᠤ ᠬᠦᠨᠳᠡᠯᠡᠨ᠂ ᠰᠠᠷᠠᠭᠤᠯ ᠪᠣᠯᠠᠭ᠂ ᠦᠷ᠎ᠦᠨ ᠲᠤᠶᠠᠭ᠎ᠠ᠂ ᠬᠠᠨ ᠠᠭᠤᠯᠠ ᠨᠡᠢᠭᠡᠮ ᠲᠣᠭᠤᠷᠢᠭ᠂ ᠡᠷᠳᠡᠨᠢᠪᠤᠯᠠᠭ᠂ ᠪᠠᠶᠠᠨᠬᠤᠸᠠ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢᠶᠠᠷ ᠥᠩᠭᠡᠷᠡᠨ᠂ ᠲᠡᠭᠦᠰᠭᠡᠯ᠎ᠤᠨ ᠴᠡᠭ᠎ᠨᠢ ᠪᠠᠶᠠᠨᠬᠤᠸᠠ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠲᠠᠪᠤᠳᠤᠭᠠᠷ ᠵᠠᠮ ᠬᠢᠭᠡᠳ ᠤᠯᠤᠰ᠎ᠤᠨ ᠵᠠᠮ᠎ᠤᠨ 207 ᠱᠤᠭᠤᠮ᠎ᠤᠨ ᠲᠡᠭ᠌ᠰᠢ ᠭᠠᠵᠠᠷ ᠪᠣᠯᠤᠨ᠎ᠠ᠃ ᠡᠭᠦᠨ᠎ᠳᠤ ᠱᠢᠯᠢ᠎ᠶ᠋ᠢᠨ ᠭᠤᠣᠯ ᠠᠢᠮᠠᠭ᠎ᠤᠨ ᠬᠢᠵᠠᠭᠠᠷᠲᠤ 47.879 ᠺᠢᠯᠣᠮᠧᠲᠷ᠂ ᠤᠯᠠᠭᠠᠨᠬᠠᠳᠠ ᠬᠤᠲᠠ᠎ᠶ᠋ᠢᠨ ᠬᠢᠵᠠᠭᠠᠷᠲᠤ 0.354 ᠺᠢᠯᠣᠮᠧᠲᠷ ᠪᠣᠢ᠃ ᠵᠠᠰᠠᠮᠠᠯ ᠵᠠᠮ᠎ᠢ ᠬᠤᠶᠠᠳᠤᠭᠠᠷ ᠳᠡᠰ᠎ᠤᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠥᠲᠥᠭᠡᠨ ᠪᠠᠢᠭᠤᠯᠵᠤ᠂ ᠲᠦᠯᠦᠪᠯᠡᠭᠰᠡᠨ ᠴᠠᠭ᠎ᠤᠨ ᠬᠤᠷᠳᠤᠴᠠ᠎ᠨᠢ 80 ᠺᠢᠯᠣᠮᠧᠲᠷ᠂ ᠲᠦᠢᠮᠣ ᠲᠥᠰᠦᠪ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 4.65 ᠳ᠋ᠦᠩᠱᠢᠭᠤᠷ ᠲᠥᠭᠦᠷᠢᠭ ᠪᠣᠯᠤᠨ᠎ᠠ᠃
ᠡᠨᠡ ᠬᠦ᠌ ᠵᠠᠰᠠᠮᠠᠯ ᠵᠠᠮ᠎ᠨᠢ ᠱᠢᠯᠢ᠎ᠶ᠋ᠢᠨ ᠭᠤᠤᠯ ᠠᠢᠮᠠᠭ ᠬᠢᠭᠡᠳ ᠤᠯᠠᠭᠠᠨᠬᠠᠳᠠ ᠬᠤᠲᠠ᠎ᠶ᠋ᠢ ᠬᠤᠯᠪᠣᠵᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠴᠢᠬᠤᠯᠠ ᠵᠠᠮ ᠬᠠᠷᠢᠯᠴᠠᠭᠠᠨ᠎ᠤ ᠭᠤᠤᠯ ᠱᠤᠭᠤᠮ ᠪᠣᠯᠵᠣ᠂ ᠲᠡᠷᠭᠡ ᠨᠡᠪᠲᠡᠷᠡᠭ᠌ᠰᠡᠨ᠎ᠤ ᠳᠠᠷᠠᠭ᠎ᠠ ᠵᠠᠮ ᠳᠠᠭᠠᠤ᠎ᠶ᠋ᠢᠨ ᠮᠠᠯᠴᠢᠳ᠎ᠤᠨ 《 ᠶᠠᠪᠤᠵᠦ ᠰᠠᠭᠤᠬᠤ᠎ᠳᠤ ᠬᠦᠴᠢᠷ᠂ ᠵᠦᠭᠡᠭᠡᠪᠦᠷᠢᠯᠡᠬᠦ᠎ᠳᠤ ᠬᠦᠴᠢᠷ》 ᠪᠠᠢᠬᠤ ᠲᠡᠤᠬᠡ᠎ᠶ᠋ᠢ ᠲᠦᠢᠯᠪᠤᠷᠢᠲᠠᠶ ᠡᠴᠦᠰᠯᠡᠭᠦᠯᠦᠭ᠌ᠰᠡᠨᠢᠶᠠᠷ ᠪᠠᠷᠠᠬᠤ ᠥᠬᠡᠶ᠂ ᠬᠤᠶᠠᠷ ᠭᠠᠵᠠᠷ᠎ᠤᠨ ᠣᠷᠣᠨ ᠪᠦᠰᠡ᠎ᠶ᠋ᠢᠨ ᠬᠤᠯᠪᠣᠭ᠎ᠠ᠎ᠶ᠋ᠢ ᠴᠢᠩᠭᠠᠳᠭᠠᠵᠤ᠂ ᠤᠮᠠᠷᠠᠲᠤ᠎ᠶ᠋ᠢᠨ ᠡᠨᠧᠷᠭᠢ᠎ᠶ᠋ᠢᠨ ᠰᠠᠭᠤᠷᠢᠨ ᠭᠠᠵᠠᠷ᠎ᠤᠨ ᠲᠡᠯᠡᠶ ᠳᠠᠭᠠᠤ᠎ᠶ᠋ᠢᠨ ᠭᠠᠷᠠᠮ᠎ᠲᠠᠢ ᠬᠤᠯᠪᠣᠯᠳᠤᠭ᠍ᠰᠠᠨ ᠥᠨᠳᠥᠷ ᠪᠦᠲᠦᠮᠵᠢᠲᠡᠶ ᠲᠡᠭᠡᠭᠡᠪᠦᠷᠢ᠎ᠶ᠋ᠢᠨ ᠬᠤᠯᠪᠣᠭᠠᠰᠤ᠎ᠶ᠋ᠢ ᠨᠠᠩ ᠰᠠᠢᠲᠤᠷ ᠪᠠᠢᠭᠤᠯᠵᠤ᠂ ᠣᠷᠣᠨ ᠪᠦᠰᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠲᠦᠷᠭᠡᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠪᠡ᠃
《ᠤᠯᠤᠰ᠎ᠤᠨ ᠵᠠᠰᠠᠮᠠᠯ ᠵᠠᠮ᠎ᠤᠨ ᠲᠣᠣᠷ᠎ᠤᠨ ᠲᠥᠯᠦᠪᠵᠢᠭᠦᠯᠭᠡ》 ᠶ᠋ᠢᠨ ᠡᠩ᠎ᠤᠨ ᠤᠯᠤᠰ᠎ᠤᠨ ᠵᠠᠮ᠎ᠤᠨ 60 ᠵᠣᠷᠪᠤᠰ ᠵᠡᠭᠦᠨ ᠪᠠᠷᠠᠭᠤᠨ ᠬᠥᠨᠳᠡᠯᠡᠨ ᠱᠤᠭᠤᠮ᠎ᠤᠨ ᠨᠢᠭᠡ ᠪᠣᠯᠤᠭ᠍ᠰᠠᠨ᠎ᠤ ᠬᠤᠪᠢ᠎ᠳᠤ᠂ 305 ᠤᠯᠤᠰ᠎ᠤᠨ ᠵᠠᠮ᠎ᠨᠢ ᠯᠢᠶᠣᠤᠨᠢᠩ ᠮᠤᠵᠢ᠎ᠶ᠋ᠢᠨ ᠵᠤᠸᠠᠩ ᠡᠾᠸ᠎ᠠᠴᠠ ᠡᠬᠢᠯᠡᠵᠦ᠍᠂ ᠪᠠᠷᠠᠭᠤᠨ ᠦᠵᠦᠮᠦᠴᠢᠨ ᠬᠤᠱᠢᠭᠤᠨ᠎ᠤ ᠪᠠᠶᠠᠨᠬᠤᠸᠠ᠎ᠪᠠᠷ ᠲᠡᠭᠦᠰᠭᠡᠵᠦ᠂ ᠮᠠᠨ᠎ᠤ ᠤᠯᠤᠰ᠎ᠤᠨ ᠤᠮᠠᠷᠠᠲᠤ᠎ᠶ᠋ᠢᠨ ᠨᠡᠭᠦᠷᠡᠰᠦᠨ᠎ᠤ ᠰᠠᠭᠤᠷᠢᠨ ᠭᠠᠵᠠᠷ ( ᠪᠠᠶᠠᠨᠬᠤᠸᠠ ᠨᠡᠭᠦᠷᠡᠰᠦᠨ᠎ᠤ ᠠᠢ ᠰᠠᠪᠠ ) ᠪᠣᠯᠣᠨ ᠳᠠᠯᠠᠢ ᠳᠠᠭᠠᠤ ᠭᠠᠷᠠᠮ ( ᠵᠢᠨᠵᠧᠦ ᠭᠠᠷᠠᠮ᠂ ᠫᠠᠨ ᠵᠢᠨ ᠭᠠᠷᠠᠮ᠂ ᠶᠢᠩᠺᠧᠦ ᠭᠠᠷᠠᠮ ᠪᠠ ᠵᠤᠸᠠᠩ ᠾᠧ ᠭᠠᠷᠠᠮ ) ᠲᠠᠢ ᠪᠦᠲᠦᠮᠵᠢᠲᠡᠢ ᠵᠣᠯᠭᠠᠭᠤᠯᠬᠤ ᠭᠤᠣᠯ ᠪᠣᠯᠬᠤ ᠲᠡᠭᠡᠭᠡᠪᠦᠷᠢ᠎ᠶ᠋ᠢᠨ ᠵᠠᠮ ᠪᠣᠯᠣᠨ᠎ᠠ᠃ ᠡᠭᠦᠨ᠎ᠳᠤ᠂ ᠭᠦᠨᠳᠡᠯᠡᠨ᠎ᠠᠴᠠ ᠪᠠᠶᠠᠨᠬᠤᠸᠠ ᠬᠦᠷᠬᠦ᠌ ᠵᠠᠰᠠᠮᠠᠯ ᠵᠠᠮ ᠪᠣᠯ 305 ᠤᠯᠤᠰ᠎ᠤᠨ ᠵᠠᠮ᠎ᠤᠨ ᠡᠴᠦᠰ᠎ᠤᠨ ᠵᠠᠮ᠎ᠤᠨ ᠬᠡᠰᠡᠭ ᠪᠣᠯᠤᠨ᠎ᠠ᠂ ᠱᠢᠯᠢ᠎ᠶ᠋ᠢᠨ ᠭᠤᠤᠯ ᠠᠢᠮᠠᠭ᠎ᠤᠨ 《ᠲᠠᠪᠤᠨ ᠬᠥᠨᠳᠡᠯᠡᠨ ᠲᠠᠪᠤᠨ ᠭᠤᠯᠳᠤ》 ᠵᠠᠰᠠᠮᠠᠯ ᠵᠠᠮ᠎ᠤᠨ ᠲᠣᠤᠷ᠎ᠤᠨ ᠭᠤᠤᠯ ᠨᠢᠷᠤᠭᠤᠨ᠎ᠤ ᠳᠣᠲᠣᠷᠠᠬᠢ 《ᠬᠤᠶᠠᠷ ᠬᠥᠨᠳᠡᠯᠡᠨ》 ᠤ ᠵᠠᠩᠭᠢᠯᠠᠭ᠎ᠠ᠎ᠶ᠋ᠢᠨ ᠪᠦᠷᠢᠯᠳᠦᠯ᠎ᠤᠨ ᠬᠡᠰᠡᠭ ᠪᠣᠯᠤᠨ᠎ᠠ᠂ ᠮᠥᠨ ᠴᠦ᠍ ᠱᠢᠯᠢ᠎ᠶ᠋ᠢᠨ ᠭᠤᠤᠯ ᠠᠢᠮᠠᠭ ᠬᠢᠭᠡᠳ ᠤᠯᠠᠭᠠᠨᠬᠠᠳᠠ ᠬᠤᠲᠠ᠎ᠶ᠋ᠢᠨ ᠠᠵᠤ ᠠᠬᠤᠶ᠎ᠶ᠋ᠢᠨ ᠬᠤᠯᠪᠣᠯᠳᠤᠨ ᠨᠡᠪᠲᠡᠷᠡᠯᠴᠡᠬᠦ᠌ ᠪᠠ ᠡᠬᠢ ᠪᠠᠶᠠᠯᠢᠭ᠎ᠢ ᠭᠠᠳᠠᠭ᠍ᠰᠢ ᠭᠠᠷᠭᠠᠬᠤ ᠭᠤᠤᠯ ᠵᠠᠮ᠎ᠤᠨ ᠨᠢᠭᠡ ᠪᠣᠯᠤᠨ᠎ᠠ᠂ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ᠎ᠨᠢ ᠣᠷᠣᠨ ᠪᠦᠰᠡ᠎ᠶ᠋ᠢᠨ ᠵᠠᠮ᠎ᠤᠨ ᠲᠣᠤᠷ᠎ᠤᠨ ᠪᠦᠬᠦᠯᠢ ᠴᠣᠭ᠍ᠴᠠ᠎ᠶ᠋ᠢᠨ ᠦᠷ᠎ᠡ ᠠᠱᠢᠭ᠎ᠢ ᠪᠠᠳᠠᠷᠠᠭᠤᠯᠬᠤ ᠵᠢᠴᠢ ᠵᠠᠮ ᠳᠠᠭᠠᠤ᠎ᠶ᠋ᠢᠨ ᠭᠠᠵᠠᠷ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢ ᠬᠦᠴᠦᠲᠡᠶ ᠠᠬᠢᠭᠤᠯᠬᠤ ᠪᠣᠯᠤᠨ᠎ᠠ᠃