ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠤᠯᠠᠭᠠᠨᠬᠠᠳᠠ ᠬᠤᠲᠠ᠎ᠶ᠋ᠢᠨ ᠠᠩᠬᠠᠳᠠᠭ᠍ᠴᠢ ᠪᠦᠯᠦᠭ ᠴᠤᠯ ᠴᠠᠬᠢᠯᠭᠠᠨ ᠬᠥᠳᠡᠯᠭᠡᠭᠦᠷᠲᠦ ᠨᠡᠢᠲᠡ᠎ᠶ᠋ᠢᠨ ᠮᠠᠱᠢᠨ ᠲᠡᠷᠭᠡ᠎ᠶ᠋ᠢ ᠲᠤᠱᠢᠶᠠᠨ ᠦᠭᠪᠡ
ᠨᠡᠶ᠋ᠢᠲᠡᠯᠡᠭᠰᠡᠨ ᠴᠠᠭ᠄ 2025-12-17

ᠣᠢᠷ᠎ᠠ᠎ᠳᠤ᠂ ᠤᠯᠠᠭᠠᠨᠬᠠᠳᠠ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠩᠬᠠᠳᠠᠭ᠍ᠴᠢ ᠪᠦᠯᠦᠭ 130 ᠰᠠᠥᠷᠢ ᠰᠢᠨ᠎ᠡ ᠮᠠᠶᠢᠭ᠋᠎ᠤᠨ ᠴᠤᠯ ᠴᠠᠬᠢᠯᠭᠠᠨ ᠬᠥᠳᠡᠯᠭᠡᠭᠦᠷᠲᠦ ᠨᠡᠶ᠋ᠢᠲᠡ᠎ᠶᠢᠨ ᠮᠠᠰᠢᠨ ᠲᠡᠷᠭᠡ᠎ᠶᠢ ᠵᠢᠩᠬᠢᠨᠢ᠎ᠪᠡᠷ ᠭᠥᠯᠢᠶᠡᠨ ᠠᠪᠤᠪᠠ᠃ ᠣᠢᠯᠠᠭᠠᠭ᠍ᠰᠠᠨ᠎ᠢᠶᠠᠷ᠂ ᠣᠢᠷ᠎ᠠ᠎ᠳᠤ ᠪᠠᠰᠠ 60 ᠰᠠᠥᠷᠢ ᠴᠤᠯ ᠴᠠᠬᠢᠯᠭᠠᠨ ᠬᠥᠳᠡᠯᠭᠡᠭᠦᠷᠲᠦ ᠨᠡᠢᠲᠡ᠎ᠶ᠋ᠢᠨ ᠮᠠᠱᠢᠨ ᠲᠡᠷᠭᠡ᠎ᠶ᠋ᠢ ᠪᠦᠯᠦᠭ ᠤᠳᠠᠭ᠎ᠠ ᠬᠤᠪᠢᠶᠠᠨ ᠤᠯᠠᠭᠠᠨᠬᠠᠳᠠ᠎ᠳᠤ ᠣᠷᠣᠭᠤᠯᠬᠤ ᠪᠣᠯᠤᠨ᠎ᠠ᠃

ᠣᠢᠯᠠᠭᠠᠭ᠍ᠰᠠᠨ᠎ᠢᠶᠠᠷ᠂ ᠤᠯᠠᠮᠵᠢᠯᠠᠯᠲᠤ ᠲᠡᠷᠭᠡᠨ ᠬᠡᠯᠪᠡᠷᠢ᠎ᠲᠠᠢ ᠬᠠᠷᠢᠴᠠᠭᠤᠯᠪᠠᠯ᠂ ᠱᠢᠨ᠎ᠡ ᠮᠠᠶᠢᠭ᠋᠎ᠤᠨ ᠨᠡᠢᠲᠡ᠎ᠶ᠋ᠢᠨ ᠮᠠᠱᠢᠨ ᠲᠡᠷᠭᠡ ᠨᠢ ᠳᠤᠤᠷ᠎ᠠ ᠱᠠᠯᠠ ᠲᠠᠢ᠂ ᠬᠣᠢ᠌ᠨᠠᠬᠢ ᠦᠩᠭᠡᠢ᠌ᠮᠡᠯ ᠵᠠᠢ ᠨᠢ ᠬᠦᠮᠦᠨᠴᠢ ᠵᠢᠷᠤᠭ ᠲᠥᠯᠥᠪᠯᠡᠭᠡ᠎ᠶ᠋ᠢ ᠬᠡᠷᠡᠭ᠌ᠯᠡᠵᠦ᠍᠂ ᠨᠠᠰᠤᠲᠠᠢᠴᠤᠳ᠂ ᠬᠡᠦᠬᠡᠳ ᠵᠢᠴᠢ ᠶᠠᠪᠤᠵᠤ ᠰᠠᠭᠤᠬᠤ᠎ᠳᠤ ᠳᠥᠭᠥᠮ ᠦᠭᠡᠢ ᠠᠶᠠᠨᠴᠢᠳ᠎ᠤᠨ ᠲᠡᠷᠭᠡᠨ᠎ᠳᠦ ᠭᠠᠷᠬᠤ ᠪᠠ ᠪᠠᠭᠤᠬᠤ ᠪᠣᠱᠣᠭ᠎ᠠ᠎ᠶᠢ ᠲᠤᠢᠯ᠎ᠤᠨ ᠶᠡᠬᠡ᠎ᠪᠡᠷ ᠪᠠᠭᠤᠷᠠᠭᠤᠯᠵᠤ᠂ ᠶᠠᠪᠤᠵᠤ ᠰᠠᠭᠤᠬᠤ ᠠᠮᠤᠷ ᠲᠦᠪᠱᠢᠨ ᠪᠠ ᠳᠥᠭᠦᠮ ᠳᠥᠲᠡ ᠴᠢᠨᠠᠷ᠎ᠢ ᠤᠯᠠᠮ ᠨᠢᠭᠡ ᠠᠯᠬᠤᠮ ᠪᠠᠲᠤᠯᠠᠵᠤ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠲᠠᠰᠤᠷᠠᠯᠲᠠ ᠥᠬᠡᠶ ᠴᠢᠩᠭᠠᠷᠠᠭᠤᠯᠤᠨ᠂ 《ᠥᠲᠡᠭᠦᠰ ᠨᠢᠯᠬᠠᠰ》 ᠎ᠤᠨ ᠲᠦᠭᠡᠮᠡᠯ ᠬᠠᠷᠠᠭᠠᠯᠵᠠᠯ᠎ᠤᠨ ᠦᠢᠯᠡᠴᠢᠯᠡᠭᠡ᠎ᠶ᠋ᠢ ᠴᠢᠩᠭᠠᠳᠭᠠᠪᠠ᠃ ᠲᠡᠷᠭᠡ ᠬᠥᠰᠭᠡ᠎ᠳᠦ ᠺᠣᠳ᠋᠎ᠱᠢᠷᠪᠢᠵᠦ᠍ ᠲᠣᠭᠠᠴᠠᠭ᠎ᠠ ᠬᠢᠬᠦ᠂ NFC ᠺᠠᠷᠲ ᠵᠤᠷᠠᠬᠤ᠂ ᠴᠠᠭ ᠲᠤᠬᠠᠶ᠎ᠳᠦ ᠨᠢ ᠥᠷᠲᠡᠭᠡᠨ᠎ᠳᠤ ᠬᠦᠷᠬᠦ᠎ᠶᠢ ᠰᠠᠨᠠᠭᠤᠯᠬᠤ ᠵᠡᠷᠭᠡ ᠣᠶᠤᠨᠴᠢ ᠦᠢᠯᠡᠴᠢᠯᠡᠭᠡᠨ᠎ᠤ ᠱᠢᠰᠲ᠋ᠧᠮ᠎ᠢ ᠠᠴᠢᠵᠤ᠂ ᠬᠤᠲᠠ᠎ᠶ᠋ᠢᠨ ᠠᠷᠠᠳ᠎ᠤᠨ ᠣᠯᠠᠨ ᠶᠠᠩᠵᠤ᠎ᠶ᠋ᠢᠨ ᠶᠠᠪᠤᠵᠤ ᠰᠠᠭᠤᠬᠤ ᠬᠡᠷᠡᠭ᠌ᠴᠡᠭᠡ᠎ᠳᠤ ᠤᠨᠤᠴᠠᠲᠠᠢ ᠨᠡᠢᠴᠡᠭᠦᠯᠵᠦ᠍᠂ ᠲᠡᠷᠭᠡᠨ᠎ᠳᠤ ᠰᠠᠭᠤᠬᠤ ᠣᠢᠯᠠᠭᠠᠯᠲᠠ ᠪᠥᠬᠦ᠌ ᠲᠠᠯ᠎ᠠ᠎ᠪᠠᠷ ᠲᠠᠰ ᠳᠡᠪᠱᠢᠪᠡ᠃ ᠣᠳᠣᠬᠠᠨ᠎ᠳᠤ᠂ ᠤᠯᠠᠭᠠᠨᠬᠠᠳᠠ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠱᠢᠨ᠎ᠡ ᠲᠡᠷᠭᠡ᠎ᠶ᠋ᠢ ᠲᠤᠷᠱᠢᠨ ᠲᠣᠬᠢᠷᠠᠭᠤᠯᠬᠤ᠂ ᠫᠠᠢᠰᠠ ᠦᠨᠡᠮᠯᠡᠯ᠎ᠢ ᠭᠦᠢᠴᠡᠳᠭᠡᠬᠦ᠂ ᠵᠠᠮ ᠱᠤᠭᠤᠮ᠎ᠢ ᠱᠢᠯᠢᠳᠡᠭ᠌ᠵᠢᠭᠦᠯᠦᠨ ᠲᠣᠬᠢᠷᠠᠭᠤᠯᠬᠤ ᠵᠡᠷᠭᠡ ᠵᠠᠯᠭᠠᠮᠵᠢ ᠠᠵᠢᠯ᠎ᠢ ᠪᠠᠴᠢᠮ ᠶᠠᠭᠠᠷᠠᠯᠲᠠᠢ ᠠᠬᠢᠭᠤᠯᠵᠤ ᠪᠠᠢᠨ᠎ᠠ᠃ ᠵᠢᠱ᠌ᠢᠯᠲᠡ᠎ᠪᠠᠷ 2026 ᠣᠨ᠎ᠤ ᠱᠢᠨ᠎ᠡ ᠵᠢᠯ᠎ᠤᠨ ᠡᠮᠦᠨ᠎ᠡ ᠬᠤᠢᠨ᠎ᠡ᠂ 190 ᠰᠠᠥᠷᠢ ᠴᠤᠯ ᠴᠠᠬᠢᠯᠭᠠᠨ ᠬᠥᠳᠡᠯᠭᠡᠭᠦᠷᠲᠦ ᠨᠡᠢᠲᠡ᠎ᠶ᠋ᠢᠨ ᠮᠠᠱᠢᠨ ᠲᠡᠷᠭᠡ ᠪᠦᠬᠦᠨ᠎ᠢᠶᠠᠷ᠎ᠢᠶᠠᠨ ᠠᠱᠢᠭ᠍ᠯᠠᠯᠲᠠ᠎ᠳᠤ ᠣᠷᠣᠵᠤ᠂ ᠤᠯᠠᠭᠠᠨᠬᠠᠳᠠ ᠬᠤᠲᠠ᠎ᠶ᠋ᠢᠨ ᠭᠤᠤᠯ ᠬᠤᠲᠠ᠎ᠶ᠋ᠢᠨ ᠲᠣᠭᠤᠷᠢᠭ᠎ᠤᠨ ᠣᠯᠠᠨ ᠭᠤᠤᠯ ᠵᠠᠮ ᠱᠤᠭᠤᠮ ᠵᠢᠴᠢ ᠪᠢᠴᠢᠯ ᠡᠷᠭᠢᠯᠲᠡ᠎ᠶ᠋ᠢᠨ ᠱᠤᠭᠤᠮ᠎ᠢ ᠬᠠᠮᠤᠷᠬᠤ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            