12 ᠳ᠋ᠤᠭ᠋ᠠᠷ ᠰᠠᠷ᠎ᠠ ᠶ᠋ᠢᠨ 5 ᠤ ᠡᠳᠦᠷ ᠪᠣᠯ 40 ᠳ᠋ᠦ᠍ᠭᠡᠷ 《ᠣᠯᠠᠨ ᠤᠯᠤᠰ᠎ᠤᠨ ᠰᠠᠢᠨ ᠳᠤᠷ᠎ᠠ ᠶ᠋ᠢᠨ ᠦᠢᠯᠡᠴᠢᠯᠡᠭ᠌ᠴᠢᠳ᠎ᠤᠨ ᠡᠳᠦᠷ》 ᠪᠣᠯᠣᠨ᠎ᠠ᠃ ᠤᠷᠲᠤ ᠬᠤᠭᠤᠴᠠᠭᠠᠨ᠎ᠤ ᠲᠤᠷᠰᠢ᠂ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠠᠵᠢᠯᠲᠠᠨ ᠱᠢᠷᠭᠠᠭᠤ ᠬᠠᠲᠠᠭᠤᠵᠢᠯᠲᠠᠶ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠍᠂ ᠭᠠᠳᠠᠭ᠍ᠰᠢ ᠭᠠᠷᠤᠭᠰᠠᠳ᠂ ᠨᠠᠰᠤᠲᠠᠨ ᠬᠡᠤᠬᠡᠳ᠂ ᠬᠦᠴᠢᠷᠳᠡᠯᠲᠡᠶ ᠭᠡᠷ ᠪᠦᠯᠢ ᠵᠡᠷᠭᠡ᠎ᠳᠤ ᠡᠯ᠎ᠡ ᠲᠥᠷᠥᠯ᠎ᠤᠨ ᠰᠠᠢᠨ ᠳᠤᠷ᠎ᠠ᠎ᠶ᠋ᠢᠨ ᠦᠢᠯᠡᠴᠢᠯᠡᠭᠡ ᠬᠠᠩᠭᠠᠬᠤ᠎ᠶ᠋ᠢ ᠪᠠᠷᠢᠮᠲᠠᠯᠠᠵᠤ᠂ ᠦᠢᠯᠡ ᠠᠵᠢᠯᠯᠠᠭ᠎ᠠ᠎ᠪᠠᠷ᠎ᠢᠶᠠᠨ ᠤᠭ ᠰᠠᠨᠠᠭ᠎ᠠ᠎ᠪᠠᠨ ᠦᠢᠯᠡᠳᠦᠯᠭᠡᠵᠢᠭᠦᠯᠪᠡ᠃

ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠤᠨ ᠪᠠᠳᠠᠢ᠎ᠶ᠋ᠢᠨ ᠵᠢᠷᠠᠨ ᠪᠠᠯᠭᠠᠰᠤᠨ᠎ᠤ ᠰᠦᠢᠳᠭᠡᠯ ᠬᠤᠷᠢᠶᠠᠬᠤ ᠥᠷᠲᠡᠭᠡ᠎ᠶ᠋ᠢᠨ 《ᠬᠠᠪᠤᠷ᠎ᠤᠨ ᠤᠷᠢᠬᠠᠨ ᠰᠠᠯᠬᠢ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ》 ᠠᠮᠠᠷᠠᠯᠲᠠ᠎ᠶ᠋ᠢᠨ ᠴᠠᠭ᠎ᠢᠶᠠᠨ ᠠᠱᠢᠭ᠍ᠯᠠᠨ ᠡᠷᠬᠢᠨ ᠲᠣᠭᠤᠷᠢᠨ᠎ᠤ ᠮᠠᠯᠵᠢᠬᠤ ᠣᠷᠣᠨ᠎ᠳᠤ ᠬᠦᠷᠴᠦ᠍᠂ ᠬᠦᠴᠢᠷᠳᠡᠯᠲᠡᠶ ᠮᠠᠯᠴᠢᠳ᠎ᠢ ᠬᠠᠪᠰᠤᠷᠤᠨ ᠬᠦᠷᠢᠶ᠎ᠡ ᠬᠠᠱᠢᠶ᠎ᠠ᠎ᠶ᠋ᠢ ᠨᠢ ᠴᠡᠪᠡᠷᠯᠡᠨ᠂ ᠡᠯᠳᠡᠪ ᠪᠣᠳᠠᠰ᠎ᠢ ᠡᠮᠬᠢᠯᠡᠵᠦ᠍᠂ ᠲᠡᠵᠢᠭᠡᠯ ᠡᠪᠡᠰᠦ᠎ᠶ᠋ᠢ ᠲᠡᠭ᠌ᠰᠢᠯᠡᠨ᠂ ᠬᠤᠨᠢᠨ᠎ᠤ ᠬᠤᠷᠭᠤᠯᠢ ᠴᠡᠪᠡᠷᠯᠡᠪᠡ᠃

ᠠᠯᠠᠱᠠᠨ ᠠᠢᠮᠠᠭ᠎ᠤ᠋ᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠡᠷᠦᠩᠬᠡᠢᠯᠡᠭ᠌ᠰᠡᠨ ᠪᠠᠲᠤᠯᠠᠭ᠎ᠠ᠎ᠶᠢᠨ ᠲᠥᠪ᠎ᠦ᠋ᠨ ᠪᠠᠶᠠᠨᠨᠢᠷᠤᠭᠤᠨ ᠰᠦᠢᠳᠭᠡᠯ ᠬᠤᠷᠢᠶᠠᠬᠤ ᠥᠷᠲᠡᠭᠡᠨ᠎ᠦ᠌ ᠰᠦᠢᠳᠭᠡᠯ ᠬᠤᠷᠢᠶᠠᠭ᠍ᠴᠢ ᠭᠠᠭ᠍ᠴᠠᠭᠠᠷ ᠰᠠᠭᠤᠭ᠎ᠠ ᠨᠠᠰᠤᠲᠠᠨ᠎ᠢ᠋ ᠬᠠᠪᠰᠤᠷᠤᠨ ᠡᠪᠡᠰᠦ ᠪᠣᠷᠳᠣᠭ᠎ᠠ ᠵᠥᠭᠡᠭᠡᠪᠦᠷᠢᠯᠡᠵᠦ᠍ ᠬᠦᠷᠢᠶ᠎ᠡ ᠬᠠᠰᠢᠶ᠎ᠠ᠎ᠶᠢ ᠨᠢ ᠴᠡᠪᠡᠷᠯᠡᠵᠦ ᠦᠭᠪᠡ᠃

ᠠᠯᠠᠱᠠ ᠠᠢᠮᠠᠭ᠎ᠤ᠋ᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠡᠷᠦᠩᠬᠡᠢᠯᠡᠭ᠌ᠰᠡᠨ ᠪᠠᠲᠤᠯᠠᠭ᠎ᠠ᠎ᠶᠢᠨ ᠲᠥᠪ᠎ᠦ᠋ᠨ ᠰᠤᠪᠠᠨᠠᠭᠤᠷ ᠰᠦᠢᠳᠭᠡᠯ ᠬᠤᠷᠢᠶᠠᠬᠤ ᠥᠷᠲᠡᠭᠡ᠎ᠶᠢᠨ ᠤᠷᠢᠬᠠᠨ ᠰᠠᠯᠬᠢ ᠰᠠᠢᠨ ᠳᠤᠷ᠎ᠠ᠎ᠶᠢᠨ ᠦᠢᠯᠡᠴᠢᠯᠡᠭᠡᠨ᠎ᠦ᠌ ᠠᠩᠭᠢ ᠣᠷᠴᠢᠨ ᠲᠣᠭᠣᠷᠢᠨ᠎ᠢ ᠴᠡᠪᠡᠷᠯᠡᠬᠦ᠎ᠪᠡᠷ ᠳᠠᠮᠵᠢᠭᠤᠯᠤᠨ ᠭᠠᠷ ᠤᠲᠠᠰᠤᠨ᠎ᠤ ᠬᠡᠷᠡᠭᠯᠡᠯᠲᠡ᠂ ᠵᠣᠭᠣᠭ ᠳᠡᠯᠭᠡᠬᠦ᠂ ᠪᠠᠷ᠎ᠠ ᠪᠣᠯᠵᠤ ᠮᠥᠷᠥᠢᠴᠡᠬᠦ ᠵᠡᠷᠭᠡ ᠲᠠᠯ᠎ᠠ᠎ᠪᠠᠷ ᠨᠠᠰᠤᠲᠠᠨ᠎ᠢᠶᠠᠨ ᠬᠠᠢ᠌ᠷᠠᠯᠠᠵᠤ ᠬᠦᠨᠳᠦᠯᠡᠬᠦ ᠤᠯᠠᠮᠵᠢᠯᠠᠯᠲᠤ ᠰᠠᠢᠬᠠᠨ ᠰᠤᠷᠲᠠᠯ᠎ᠢ ᠦᠢ᠍ᠯᠡᠳᠦᠯᠭᠡᠵᠢᠭᠦᠯᠪᠡ᠃

ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠤᠨ ᠦᠪᠦᠷ ᠮᠤᠩᠭᠤᠯ ᠭᠠᠨᠰᠦ᠎ᠶᠢᠨ ᠬᠢᠯᠢ᠎ᠶᠢᠨ ᠰᠦᠢᠳᠭᠡᠯ ᠬᠤᠷᠢᠶᠠᠬᠤ ᠥᠷᠲᠡᠭᠡᠨ᠎ᠤ ᠠᠵᠢᠯᠲᠠᠳ ᠠᠯᠠᠱᠠ ᠪᠠᠷᠠᠭᠤᠨ ᠬᠤᠱᠢᠭᠤᠨ᠎ᠤ ᠡᠮᠡᠭᠡᠯ ᠲᠠᠯᠠᠪᠠᠶ᠎ᠶ᠋ᠢᠨ ᠨᠣᠭᠤᠭᠠᠷᠠᠭᠤᠯᠤᠯᠲᠠ᠎ᠶ᠋ᠢᠨ ᠪᠦᠰᠡ᠎ᠶ᠋ᠢᠨ ᠴᠠᠭᠠᠨ ᠥᠩᠭᠡᠲᠦ ᠬᠤᠭ ᠨᠣᠪᠰᠢ᠎ᠶ᠋ᠢ ᠨᠠᠷᠢᠨ ᠴᠡᠪᠡᠷᠯᠡᠨ᠂ ᠨᠡᠢᠲᠡ᠎ᠶ᠋ᠢᠨ ᠮᠠᠱᠢᠨ ᠲᠡᠷᠭᠡᠨ᠎ᠤ ᠥᠷᠲᠡᠭᠡᠨ᠎ᠤ ᠫᠠᠢᠰᠠ᠎ᠶ᠋ᠢ ᠠᠷᠴᠢᠪᠠ᠃

ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠤᠨ ᠰᠤᠬᠠᠢ᠎ᠲᠤ ᠰᠦᠶ᠋ᠳᠭᠡᠯ ᠬᠤᠷᠢᠶᠠᠬᠤ ᠥᠷᠲᠡᠭᠡ᠎ᠨᠢ ᠠᠵᠢᠯᠲᠠᠨ ᠠᠵᠢᠯᠴᠢᠨ᠎ᠢᠶᠠᠨ ᠵᠣᠬᠢᠶᠠᠨ ᠪᠠᠢᠭᠤᠯᠤᠨ ᠨᠡᠢᠭᠡᠮ ᠲᠣᠭᠤᠷᠢᠭ᠂ ᠵᠠᠬ᠎ᠠ ᠳᠡᠯᠭᠡᠭᠦᠷ ᠵᠡᠷᠭᠡ ᠭᠠᠵᠠᠷ᠎ᠲᠤ ᠬᠦᠷᠴᠦ᠍ ᠴᠠᠰᠤ ᠠᠷᠢᠯᠭᠠᠬᠤ ᠠᠵᠢᠯᠯᠠᠭ᠎ᠠ ᠥᠷᠨᠢᠭᠦᠯᠪᠡ᠃

11 ᠳ᠋ᠦ᠍ᠭᠡᠷ ᠰᠠᠷ᠎ᠠ᠎ᠶ᠋ᠢᠨ 25 ᠤ ᠡᠳᠦᠷ᠎ᠤᠨ ᠤᠷᠤᠢ᠎ᠶ᠋ᠢᠨ 8 ᠴᠠᠭ᠎ᠲᠤ᠌᠂ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠪᠠᠶᠠᠨᠨᠠᠭᠤᠷ᠎ᠤᠨ ᠬᠤᠪᠢᠶᠠᠷᠢ ᠺᠣᠮᠫᠠᠨᠢ᠎ᠶ᠋ᠢᠨ ᠨᠠᠷᠢᠨᠨᠠᠭᠤᠷ᠎ᠤᠨ ᠦᠢᠯᠡᠴᠢᠯᠡᠭᠡᠨ᠎ᠤ ᠲᠣᠭᠤᠷᠢᠭ᠎ᠤᠨ ᠠᠵᠢᠯᠲᠠᠳ 50 ᠭᠠᠷᠤᠢ ᠺᠢᠯᠣᠮᠧᠲᠷ ᠨᠠᠭᠠᠰᠢ ᠴᠠᠭᠠᠰᠢ ᠶᠠᠪᠤᠵᠤ᠂ ᠨᠢᠭᠡᠨ ᠱᠢᠲᠠᠭᠠᠯᠭ᠎ᠠ᠎ᠶ᠋ᠢᠨ ᠲᠣᠰᠣ ᠨᠢ ᠳᠠᠭᠤᠰᠤᠭᠰᠠᠨ ᠮᠠᠱᠢᠨ ᠲᠡᠷᠭᠡᠨ᠎ᠳᠤ ᠴᠢᠶᠢᠦ ᠲᠣᠰᠣ ᠬᠦᠷᠭᠡᠵᠦ ᠦᠭᠪᠡ᠃ ᠸᠠᠩ ᠯᠦᠩ

ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠪᠠᠶᠠᠨᠨᠠᠭᠤᠷ᠎ᠤᠨ ᠬᠤᠪᠢᠶᠠᠷᠢ ᠺᠣᠮᠫᠠᠨᠢ᠎ᠶ᠋ᠢᠨ ᠬᠠᠷᠢᠶ᠎ᠠ ᠰᠦᠶ᠋ᠳᠭᠡᠯ ᠬᠤᠷᠢᠶᠠᠬᠤ ᠭᠠᠵᠠᠷ᠎ᠤᠨ ᠰᠠᠢᠨ ᠳᠤᠷ᠎ᠠ᠎ᠶ᠋ᠢᠨ ᠦᠢᠯᠡᠴᠢᠯᠡᠭ᠌ᠴᠢᠳ ᠬᠦᠴᠢᠷᠳᠡᠯᠲᠡᠶ ᠬᠡᠤᠬᠡᠳ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠤᠷᠪᠤᠯᠵᠢᠯᠠᠵᠤ᠂ ᠰᠤᠷᠤᠯᠭ᠎ᠠ᠎ᠶ᠋ᠢᠨ ᠬᠡᠷᠡᠭ᠌ᠰᠡᠯ ᠪᠣᠯᠤᠨ ᠠᠮᠢᠳᠤᠷᠠᠯ᠎ᠤᠨ ᠡᠳ᠋ ᠪᠣᠳᠠᠰ᠎ᠢ ᠬᠦᠷᠭᠡᠵᠦ᠍᠂ ᠰᠠᠨᠠᠭᠠᠴᠢᠯᠠᠭ᠎ᠠ᠎ᠠᠴᠠ᠎ᠪᠠᠨ ᠬᠢᠴᠢᠶᠡᠯ ᠰᠤᠷᠤᠯᠭ᠎ᠠ᠎ᠶᠢ ᠨᠢ ᠬᠠᠪᠰᠤᠷᠤᠨ ᠵᠢᠯᠤᠭᠣᠳᠴᠤ᠂ ᠰᠡᠳᠬᠢᠯ᠎ᠦᠨ ᠦᠭᠡ᠎ᠶᠢ ᠨᠢ ᠰᠣᠨᠣᠰᠴᠤ᠂ ᠬᠠᠯᠠᠰᠢᠷᠠᠯ ᠦᠭᠡᠢ ᠪᠠ ᠬᠠᠢᠷ᠎ᠠ ᠬᠠᠯᠠᠮᠵᠢ᠎ᠪᠠᠷ ᠳᠤᠯᠠᠭᠠᠨ ᠬᠥᠭᠥᠷᠭᠡ᠎ᠶᠢ ᠪᠠᠢ᠌ᠭᠤᠯᠤᠭᠰᠠᠨ ᠪᠠᠢ᠌ᠨ᠎ᠠ᠃ ᠯᠢᠦ ᠯᠢ ᠨᠠ

ᠣᠷᠳᠣᠰ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠤ ᠲᠥᠪ᠎ᠤᠨ ᠵᠡᠭᠦᠨᠭᠠᠷ ᠬᠤᠱᠢᠭᠤᠨ᠎ᠤ ᠬᠤᠪᠢᠶᠠᠷᠢ ᠲᠥᠪ᠎ᠤᠨ ᠰᠠᠢᠨ ᠳᠤᠷ᠎ᠠ᠎ᠶ᠋ᠢᠨ ᠦᠢᠯᠡᠴᠢᠯᠡᠭ᠌ᠴᠢᠳ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡᠨ᠎ᠳᠤ ᠠᠶᠠᠨᠴᠢᠳ᠎ᠤᠨ ᠯᠠᠪᠯᠠᠭ᠎ᠠ᠎ᠳᠤ ᠢᠳᠡᠪᠬᠢᠲᠡᠶ ᠣᠷᠣᠯᠴᠠᠵᠤ᠂ ᠠᠶᠠᠨᠴᠢᠳ᠎ᠤᠨ ᠯᠠᠪᠯᠠᠭ᠎ᠠ᠎ᠳᠤ ᠬᠠᠷᠢᠭᠤᠯᠲᠠ ᠥᠭ᠌ᠴᠦ᠂ ᠠᠷᠢᠭᠤᠨ ᠴᠡᠪᠡᠷ ᠲᠠᠯᠠᠪᠤᠷ ᠥᠷᠲᠡᠭᠡ᠎ᠶ᠋ᠢᠨ ᠣᠷᠴᠢᠨ ᠲᠣᠭᠤᠷᠢᠨ ᠵᠡᠷᠭᠡ᠎ᠶ᠋ᠢ ᠴᠡᠪᠡᠷᠯᠡᠪᠡ᠃

ᠬᠥᠯᠥᠨ ᠪᠣᠶ᠋ᠢᠷ ᠬᠣᠲᠠ᠎ᠶᠢᠨ ᠵᠠᠰᠠᠮᠠᠯ ᠵᠠᠮ᠎ᠤᠨ ᠰᠦᠢᠳᠬᠡᠯ ᠬᠤᠷᠢᠶᠠᠬᠤ ᠲᠥᠪ᠎ᠦᠨ ᠭᠠᠨ ᠾᠧ ᠲᠠᠷᠢᠶᠠᠯᠠᠩ᠎ᠤᠨ ᠲᠠᠯᠠᠪᠠᠶ᠎ᠶᠢᠨ ᠰᠦᠢᠳᠬᠡᠯ ᠬᠤᠷᠢᠶᠠᠬᠤ ᠥᠷᠲᠡᠭᠡ᠎ᠡᠴᠡ 《ᠵᠢᠵᠢᠭ ᠲᠤᠭᠤᠷᠠᠭᠤᠯ》 ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠵᠣᠬᠢᠶᠠᠨ ᠪᠠᠢᠭᠤᠯᠵᠤ᠂ ᠲᠤᠬᠠᠢ᠎ᠶᠢᠨ ᠭᠠᠵᠠᠷ᠎ᠤᠨ ᠰᠠᠭᠤᠭᠠᠯᠢ ᠠᠷᠠᠳ᠎ᠢ ᠬᠠᠪᠰᠤᠷᠤᠨ ᠬᠦᠷᠢᠶᠡᠨ ᠳᠣᠲᠣᠷᠠᠬᠢ ᠬᠤᠷᠠᠭᠰᠠᠨ ᠴᠠᠰᠤ᠎ᠶᠢ ᠴᠡᠪᠡᠷᠯᠡᠵᠦ᠂ ᠭᠠᠷᠬᠤ ᠵᠠᠮ᠎ᠢ ᠨᠡᠭᠡᠭᠡᠪᠡ᠃ ᠮᠧᠩ ᠹᠠᠨ ᠱᠢᠤᠸᠠᠢ

ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠬᠢᠩᠭᠠᠨ ᠬᠤᠪᠢᠶᠠᠷᠢ ᠺᠣᠮᠫᠠᠨᠢ᠎ᠶ᠋ᠢᠨ ᠷᠠᠱᠢᠶᠠᠨ ᠡᠮᠦᠨ᠎ᠡ ᠰᠦᠢᠳᠭᠡᠯ ᠬᠤᠷᠢᠶᠠᠬᠤ ᠭᠠᠵᠠᠷ᠎ᠤᠨ ᠬᠢᠨ ᠰᠠᠢᠨ ᠳᠤᠷ᠎ᠠ᠎ᠶ᠋ᠢᠨ ᠦᠢᠯᠡᠴᠢᠯᠡᠭ᠌ᠴᠢᠳᠢ ᠵᠣᠬᠢᠶᠠᠨ ᠪᠠᠢᠭᠤᠯᠵᠤ ᠥᠨᠳᠥᠷ ᠨᠠᠰᠤᠲᠠᠶ ᠭᠠᠭ᠍ᠴᠠᠭᠠᠷ ᠰᠠᠭᠤᠭ᠎ᠠ ᠨᠠᠰᠤᠲᠠᠢᠴᠤᠳ᠎ᠤᠨ ᠳᠤᠮᠳᠠ ᠬᠦᠷᠴᠦ᠍ ᠰᠡᠳᠭᠢᠯ᠎ᠢ ᠨᠢ ᠳᠤᠯᠠᠭᠠᠴᠠᠭᠤᠯᠬᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠍᠂ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠨᠡᠩ ᠤᠯᠠᠨ ᠬᠠᠪᠰᠤᠷᠬᠤ ᠴᠢᠬᠤᠯᠠᠲᠠᠶ ᠬᠥᠮᠦᠰ᠎ᠲᠤ ᠨᠠᠷᠢᠨ ᠤᠨᠤᠴᠠᠲᠠᠢ᠎ᠪᠠᠷ ᠬᠦᠷᠭᠡᠪᠡ᠃ ᠱ᠌ᠢ ᠸᠧᠢ

ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠬᠥᠯᠥᠨ ᠪᠤᠢᠷ᠎ᠤᠨ ᠬᠤᠪᠢᠶᠠᠷᠢ ᠺᠣᠮᠫᠠᠨᠢ᠎ᠶ᠋ᠢᠨ ᠶᠠᠭ᠍ᠰᠢ᠎ᠶ᠋ᠢᠨ ᠪᠠᠷᠠᠭᠤᠨ ᠬᠡᠰᠡᠭ᠎ᠤᠨ ᠰᠦᠢᠳᠭᠡᠯ ᠬᠤᠷᠢᠶᠠᠬᠤ ᠭᠠᠵᠠᠷ᠎ᠤᠨ ᠰᠠᠢᠨ ᠳᠤᠷ᠎ᠠ᠎ᠶ᠋ᠢᠨ ᠦᠢᠯᠡᠴᠢᠯᠡᠭ᠌ᠴᠢᠳ ᠴᠠᠰᠤ ᠠᠷᠢᠯᠭᠠᠬᠤ ᠪᠠᠭᠠᠵᠢ ᠬᠡᠷᠡᠭ᠌ᠰᠡᠯ᠎ᠢᠶᠠᠨ ᠠᠪᠴᠤ᠌ ᠮᠦ᠍ ᠰᠢ ᠨᠡᠢᠭᠡᠮ ᠲᠣᠭᠤᠷᠢᠭ᠎ᠲᠤ ᠬᠦᠷᠴᠦ᠍᠂ ᠬᠦᠯᠡᠮᠵᠢ᠎ᠶ᠋ᠢᠨ ᠲᠠᠷᠢᠶᠠᠴᠢᠨ ᠡᠷᠦᠬᠡ᠎ᠶ᠋ᠢ ᠬᠠᠪᠰᠤᠷᠤᠨ ᠴᠠᠰᠤ ᠠᠷᠢᠯᠭᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠎ᠶᠢᠨ ᠲᠠᠪᠤᠳᠤᠭᠠᠷ ᠰᠠᠯᠪᠤᠷᠢ ᠠᠩᠭᠢ ( ᠲᠦᠩᠯᠢᠶᠣᠣ ) ᠶᠢᠨ ᠨᠠᠢ᠍ᠮᠠᠳᠤᠭᠠᠷ ᠶᠡᠬᠡ ᠠᠩᠭᠢ᠎ᠶᠢᠨ ᠠᠵᠢᠯᠲᠠᠳ G45 ᠳ᠋ᠠᠴᠢᠩ — ᠭᠤᠸᠠᠩᠵᠧᠦ ᠬᠦᠷᠬᠦ ᠲᠦᠷᠭᠡᠨ᠎ᠦ ᠵᠠᠰᠠᠮᠠᠯ ᠵᠠᠮ᠎ᠢᠶᠠᠷ ᠪᠠᠭᠤᠵᠤ ᠪᠠᠢᠭ᠎ᠠ K470 + 600 ᠭᠠᠵᠠᠷ᠎ᠲᠤ ᠬᠦᠴᠢᠷᠳᠡᠯ᠎ᠳᠦ ᠤᠴᠠᠷᠠᠭᠰᠠᠨ ᠲᠡᠷᠭᠡᠨ᠎ᠦ ᠡᠵᠡᠨ᠎ᠢ ᠬᠠᠪᠰᠤᠷᠤᠨ ᠲᠡᠷᠭᠡᠨ ᠬᠦᠷᠳᠦ᠎ᠶᠢ ᠨᠢ ᠰᠣᠯᠢᠵᠤ ᠦᠭᠪᠡ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠡᠷᠦᠩᠬᠡᠶ ᠠᠩᠭᠢ᠎ᠶ᠋ᠢᠨ ᠲᠠᠪᠤᠳᠤᠭᠠᠷ ᠰᠠᠯᠪᠤᠷᠢ ᠠᠩᠭᠢ (ᠲᠦᠩᠯᠢᠶᠣᠤ) ᠶ᠋ᠢᠨ ᠳᠥᠷᠪᠡᠳᠦᠭᠡᠷ ᠶᠡᠭᠡ ᠠᠩᠭᠢ᠎ᠶ᠋ᠢᠨ ᠠᠵᠢᠯᠲᠠᠳ ᠬᠤᠷᠴᠢᠨ ᠦᠢᠯᠡᠴᠢᠯᠡᠭᠡᠨ᠎ᠤ ᠲᠣᠭᠤᠷᠢᠭ᠎ᠲᠤ ᠪᠠᠷᠠᠭᠠᠨ᠎ᠤ ᠲᠡᠷᠭᠡᠨ ᠵᠢᠯᠣᠭᠤᠴᠢ᠎ᠳᠤ ᠬᠠᠯᠠᠭᠤᠨ ᠤᠰᠤ᠂ ᠪᠡᠯᠡᠨ ᠮᠢᠨᠳᠤᠤᠷ᠂ ᠰᠦ᠎ᠲᠠᠢ ᠴᠠᠶ ᠵᠢᠴᠢ ᠳᠤᠯᠠᠭᠠᠯᠠᠮᠵᠢ ᠵᠡᠷᠭᠡ ᠡᠳ᠋ ᠪᠣᠳᠠᠰ ᠬᠦᠷᠭᠡᠪᠡ᠃

2025 ᠣᠨ᠎ᠤ 11 ᠳ᠋ᠦ᠍ᠭᠡᠷ ᠰᠠᠷ᠎ᠠ᠎ᠶ᠋ᠢᠨ 27 ᠤ ᠡᠳᠦᠷ᠎ᠤᠨ ᠦᠳᠡ᠎ᠶ᠋ᠢᠨ ᠬᠤᠢᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠡᠷᠦᠩᠬᠡᠶ ᠠᠩᠭᠢ᠎ᠶ᠋ᠢᠨ ᠳᠣᠯᠣᠳᠤᠭᠠᠷ ᠰᠠᠯᠪᠤᠷᠢ ᠠᠩᠭᠢ᠎ᠶ᠋ᠢᠨ ᠭᠤᠷᠪᠠᠳᠤᠭᠠᠷ ᠶᠡᠭᠡ ᠠᠩᠭᠢ᠎ᠶ᠋ᠢᠨ ᠠᠵᠢᠯᠲᠠᠳ ᠬᠠᠱᠢᠭ᠍ᠳᠠᠭ᠍ᠰᠠᠨ ᠲᠡᠷᠭᠡ ᠬᠥᠰᠭᠡ᠎ᠶ᠋ᠢ ᠠᠪᠤᠷᠠᠨ ᠲᠤᠰᠠᠯᠠᠪᠠ᠃ ᠱᠠᠩ ᠶᠥᠩ ᠯᠦᠩ᠂ ᠸᠧᠨ ᠴᠤᠸᠠᠨ᠂ ᠮᠠᠨᠳᠤᠬᠤ