ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠵᠠᠮ ᠬᠠᠷᠢᠯᠴᠠᠭ᠎ᠠ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠪᠠ
ᠨᠡᠶ᠋ᠢᠲᠡᠯᠡᠭᠰᠡᠨ ᠴᠠᠭ᠄ 2025-02-18

    2025 ᠣᠨ᠎ᠤ ᠴᠠᠭ᠋ᠠᠨ ᠰᠠᠷ᠎ᠠ ᠵᠢᠨ ᠵᠥᠭᠡᠭᠡᠪᠦᠷᠢ᠎ᠳᠤ᠂ ᠥᠪᠡᠷ ᠵᠶ᠋ᠡᠨ ᠲᠡᠷᠭᠡ ᠵᠢᠯᠣᠭᠣᠳᠴᠤ ᠶᠠᠪᠤᠵᠤ ᠰᠠᠭᠤᠬᠤ᠎ᠨᠢ ᠭᠣᠤᠯ ᠴᠣᠭᠴᠠ ᠵᠢᠨ ᠪᠠᠢ᠌ᠷᠢ ᠵᠢ ᠡᠵᠡᠯᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠎ᠪᠠᠷ ᠶᠠᠪᠤᠵᠤ ᠰᠠᠭᠤᠬᠤ ᠬᠠᠷᠢᠴᠠᠯ᠎ᠨᠢ ᠥᠨᠳᠥᠷ ᠪᠠᠢ᠌ᠳᠠᠭ᠃ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠬᠤᠭᠤᠴᠠᠭ᠋ᠠᠨ᠎ᠳᠠᠬᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠬᠡᠷᠡᠭᠴᠡᠭᠡ ᠵᠢ ᠨᠠᠩ ᠰᠠᠢ᠌ᠲᠤᠷ ᠪᠠᠲᠤᠯᠠᠵᠤ᠂ ᠠᠷᠠᠳ ᠣᠯᠠᠨ᠎ᠤ ᠪᠣᠬᠢᠷᠲᠤᠯ ᠥᠬᠡᠶ᠎ᠪᠠᠷ ᠶᠠᠪᠤᠵᠤ ᠰᠠᠭᠤᠬᠤ᠎ᠳᠤ ᠨᠠᠩ ᠰᠠᠢ᠌ᠲᠤᠷ ᠦᠢᠯᠡᠴᠢᠯᠡᠬᠦ ᠵᠢᠨ ᠲᠥᠯᠥᠭᠡ᠂ ᠮᠠᠨ᠎ᠤ ᠣᠷᠣᠨ᠎ᠤ ᠡᠵᠡᠩᠨᠡᠵᠦ ᠪᠠᠢ᠌ᠭ᠎ᠠ 99 ᠬᠣᠣᠰ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠣᠷᠣᠨ᠎ᠳᠤ ᠴᠥᠮ ᠴᠠᠬᠢᠯᠭ᠋ᠠᠨ ᠴᠡᠨᠡᠭᠯᠡᠬᠦ ᠫᠤᠤ ᠲᠣᠬᠢᠷᠠᠭᠤᠯᠵᠤ᠂ ᠴᠠᠬᠢᠯᠭ᠋ᠠᠨ ᠴᠡᠨᠡᠭᠯᠡᠬᠦ ᠰᠠᠭᠤᠷᠢ ᠲᠥᠬᠥᠭᠡᠷᠦᠮᠵᠢ ᠵᠢᠨ ᠲᠣᠭᠲᠠᠭᠤᠨ ᠵᠶ᠋ᠠᠷ ᠠᠵᠢᠯᠯᠠᠬᠤ᠂ ᠴᠠᠬᠢᠯᠭ᠋ᠠᠨ ᠴᠡᠨᠡᠭᠯᠡᠬᠦ ᠦᠢᠯᠡᠴᠢᠯᠡᠭᠡ ᠳᠥᠭᠥᠮ ᠳᠥᠲᠡ ᠥᠨᠳᠥᠷ ᠪᠦᠲᠦᠮᠵᠢᠲᠡᠶ ᠪᠠᠢ᠌ᠬᠤ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠪᠠ᠃

0218-1jpg.jpg


    ᠨᠢᠭᠡ᠎ᠳᠤ᠂ ᠲᠥᠬᠥᠭᠡᠷᠦᠮᠵᠢ ᠵᠢᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠪᠠ᠃ ᠮᠠᠰᠢᠨ ᠲᠡᠷᠭᠡᠨ᠎ᠤ ᠴᠤᠪᠤᠷᠠᠯ ᠶᠡᠬᠡᠲᠡᠶ ᠭᠣᠤᠯᠳᠠᠯᠭ᠎ᠠ᠎ᠲᠠᠢ ᠦᠢᠯᠡᠴᠢᠯᠡᠭᠡᠨ᠎ᠤ ᠲᠣᠭᠣᠷᠢᠭ᠎ᠤᠨ ᠴᠠᠬᠢᠯᠭ᠋ᠠᠨ ᠴᠡᠨᠡᠭᠯᠡᠬᠦ ᠲᠥᠬᠥᠭᠡᠷᠦᠮᠵᠢ ᠵᠢᠨ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠵᠢ ᠴᠢᠩᠭ᠋ᠠᠳᠬᠠᠵᠤ᠂ ᠬᠡᠮ ᠰᠣᠭᠣᠭ᠎ᠢ ᠴᠠᠭ ᠲᠤᠬᠠᠶ᠎ᠳᠤ᠎ᠨᠢ ᠰᠢᠢᠳᠪᠦᠷᠢᠯᠡᠨ᠂ ᠡᠯ᠎ᠡ ᠴᠠᠬᠢᠯᠭ᠋ᠠᠨ ᠴᠡᠨᠡᠭᠯᠡᠬᠦ ᠥᠷᠲᠡᠭᠡ ᠵᠢᠨ ᠠᠮᠤᠷ ᠲᠦᠪᠰᠢᠨ ᠪᠥᠭᠡᠳ ᠲᠣᠭᠲᠠᠭᠤᠨ ᠵᠶ᠋ᠠᠷ ᠠᠵᠢᠯᠯᠠᠭᠤᠯᠬᠤ᠂ ᠲᠥᠬᠥᠭᠡᠷᠦᠮᠵᠢ ᠵᠢ ᠬᠠᠮᠤᠭ᠎ᠤᠨ ᠰᠠᠢ᠌ᠨ ᠠᠵᠢᠯᠯᠠᠬᠤ ᠪᠠᠢ᠌ᠳᠠᠯ᠎ᠳᠤ ᠪᠠᠢ᠌ᠯᠭ᠋ᠠᠬᠤ ᠵᠢ ᠦᠨᠡᠨᠬᠦ ᠪᠠᠲᠤᠯᠠᠵᠤ᠂ ᠠᠮᠤᠷ ᠲᠦᠪᠰᠢᠨ᠂ ᠡᠮᠬᠢ ᠵᠢᠷᠤᠮ᠎ᠲᠠᠢ᠂ ᠥᠨᠳᠥᠷ ᠦᠷ᠎ᠡ ᠪᠦᠲᠦᠮᠵᠢᠲᠡᠶ ᠡᠨᠧᠷᠭᠢ ᠨᠥᠬᠥᠪᠥᠷᠢᠯᠡᠬᠦ ᠣᠷᠴᠢᠨ ᠲᠣᠭᠣᠷᠢᠨ᠎ᠢ ᠪᠣᠶ ᠪᠣᠯᠭ᠋ᠠᠪᠠ᠃
    ᠬᠣᠶᠠᠷ᠎ᠲᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠦᠢᠯᠡᠴᠢᠯᠡᠭᠡ ᠵᠢ ᠴᠢᠩᠭ᠋ᠠᠳᠬᠠᠪᠠ᠃ ᠵᠦᠸᠧᠽᠢ ᠱᠠᠨ᠂ ᠪᠦᠷᠢᠶ᠎ᠡ ᠮᠠᠩᠬ᠎ᠠ᠂ ᠬᠠᠷ᠎ᠠ ᠤᠰᠤ ᠵᠡᠷᠭᠡ ᠴᠤᠪᠤᠷᠠᠯ ᠶᠡᠬᠡᠲᠡᠢ ᠦᠢ᠍ᠯᠡᠴᠢᠯᠡᠭᠡᠨ᠎ᠤ ᠣᠷᠣᠨ᠎ᠳᠤ 120 ᠬᠡᠳᠦ ᠬᠤᠷᠳᠤᠨ ᠴᠠᠬᠢᠯᠭ᠋ᠠᠨ ᠴᠡᠨᠡᠭᠯᠡᠬᠦ ᠫᠤᠤ᠂ 6 ᠲᠦᠷ ᠴᠠᠭ᠎ᠤᠨ ᠴᠠᠬᠢᠯᠭ᠋ᠠᠨ ᠴᠡᠨᠡᠭᠯᠡᠬᠦ ᠲᠡᠷᠭᠡ᠂ 3 ᠰᠢᠯᠵᠢᠮᠡᠯ ᠮᠠᠶᠢᠭ᠎ᠤᠨ ᠲᠣᠰᠣ ᠨᠡᠮᠡᠬᠦ ᠲᠡᠷᠭᠡ ᠨᠡᠮᠡᠨ ᠲᠣᠬᠢᠷᠠᠭᠤᠯᠵᠤ᠂ ᠠᠵᠢᠯᠲᠠᠨ᠎ᠤ ᠲᠤᠬᠠᠢ ᠵᠢᠨ ᠲᠠᠯᠠᠪᠤᠷ᠎ᠤᠨ ᠵᠢᠯᠣᠭᠣᠳᠣᠯᠭ᠎ᠠ ᠵᠢ ᠨᠡᠮᠡᠭᠳᠡᠭᠦᠯᠵᠦ᠂ ᠴᠠᠬᠢᠯᠭ᠋ᠠᠨ ᠴᠡᠨᠡᠭᠯᠡᠬᠦ᠂ ᠲᠣᠰᠣ ᠨᠡᠮᠡᠬᠦ᠎ᠳᠤ ᠮᠥᠷᠯᠡᠨ ᠰᠢᠬᠠᠯᠳᠤᠵᠤ ᠪᠠᠢ᠌ᠭ᠎ᠠ ᠪᠠᠢ᠌ᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃
    ᠭᠤᠷᠪᠠ᠎ᠳᠤ᠂ ᠬᠡᠷᠡᠭᠯᠡᠭᠴᠢ ᠵᠢᠨ ᠴᠠᠬᠢᠯᠭ᠋ᠠᠨ ᠴᠡᠨᠡᠭᠯᠡᠬᠦ ᠣᠢ᠌ᠯᠠᠭ᠋ᠠᠯᠲᠠ ᠵᠢ ᠰᠢᠯᠢᠳᠡᠭᠵᠢᠭᠦᠯᠪᠡ᠃ ᠰᠢᠨ᠎ᠡ ᠵᠠᠭᠤᠴᠢᠯᠠᠭᠤᠷ ᠵᠶ᠋ᠠᠷ ᠳᠠᠮᠵᠢᠭᠤᠯᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠴᠠᠬᠢᠯᠭ᠋ᠠᠨ ᠴᠡᠨᠡᠭᠯᠡᠬᠦ ᠵᠦᠭᠯᠡᠭᠦᠷ᠎ᠢ ᠥᠷᠭᠡᠨ ᠵᠶ᠋ᠡᠷ ᠨᠡᠢ᠌ᠲᠡᠯᠡᠵᠦ᠂ ᠡᠯ᠎ᠡ ᠠᠢ᠌ᠮᠠᠭ ᠬᠣᠲᠠ ᠵᠢᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠎ᠤᠨ ᠴᠠᠬᠢᠯᠭ᠋ᠠᠨ ᠴᠡᠨᠡᠭᠯᠡᠬᠦ  ᠱᠣᠩ᠎ᠤᠨ ᠪᠠᠢ᠌ᠷᠢᠯᠠᠯ᠂ ᠲᠣᠭ᠎ᠠ ᠬᠡᠮᠵᠢᠶ᠎ᠡ᠂ ᠦᠢ᠍ᠯᠡᠴᠢᠯᠡᠭᠡᠨ᠎ᠤ ᠤᠳᠠᠰᠤ ᠵᠡᠷᠭᠡ ᠮᠡᠳᠡᠭᠡ ᠵᠠᠩᠭᠢ ᠵᠢ ᠨᠡᠢ᠌ᠲᠡᠯᠡᠪᠡ᠃ 《ᠭᠠᠷ᠎ᠤᠨ ᠠᠶ᠎ᠠ᠎ᠪᠠᠷ ᠪᠠᠢ᠌ᠴᠠᠭ᠋ᠠᠬᠤ》᠂ 《ᠮᠸᠩ ᠯᠦ᠍ ᠰᠠᠭ᠋ᠠᠳ ᠥᠬᠡᠶ ᠠᠶᠠᠯᠠᠬᠤ》᠂ 《ᠮᠸᠩ ᠮᠠ ᠴᠠᠬᠢᠯᠭ᠋ᠠᠨ ᠴᠡᠨᠡᠭᠯᠡᠬᠦ》 ᠵᠢᠵᠢᠭ ᠫᠷᠤᠭ᠌ᠷᠠᠮ᠂  ᠭᠣᠣ ᠳ᠋ᠧ᠂ ᠪᠠᠶ ᠳ᠋ᠦ᠋ ᠭᠠᠵᠠᠷ᠎ᠤᠨ ᠵᠢᠷᠤᠭ ᠵᠡᠷᠭᠡ ᠲᠠᠪᠴᠠᠩ᠎ᠤᠨ ᠮᠡᠳᠡᠭᠡ ᠵᠠᠩᠭᠢ ᠬᠦᠷᠭᠡᠬᠦ ᠵᠢ ᠴᠢᠩᠭ᠋ᠠᠳᠬᠠᠵᠤ᠂ ᠲᠡᠷᠭᠡᠨ ᠡᠵᠡᠳ᠎ᠢ ᠬᠠᠪᠰᠤᠷᠤᠨ ᠪᠤᠴᠠᠬᠤ ᠵᠠᠮ ᠱᠤᠭᠤᠮ ᠪᠠ ᠴᠠᠬᠢᠯᠭ᠋ᠠᠨ ᠴᠡᠨᠡᠭᠯᠡᠬᠦ ᠲᠥᠯᠥᠪᠯᠡᠭᠡ ᠵᠢ ᠤᠷᠢᠳᠴᠢᠯᠠᠨ ᠲᠥᠯᠥᠪᠯᠡᠭᠦᠯᠪᠡ᠃ ᠡᠭᠦᠨ᠎ᠤ ᠬᠠᠮᠲᠤ᠂ ᠵᠢᠵᠢᠭᠦᠷ ᠦᠢᠯᠡᠴᠢᠯᠡᠭᠴᠢ ᠵᠢ ᠵᠣᠬᠢᠰᠲᠠᠶ ᠲᠣᠬᠢᠷᠠᠭᠤᠯᠵᠤ᠂ ᠦᠢᠯᠡᠴᠢᠯᠡᠭᠡ ᠵᠢᠨ ᠤᠲᠠᠰᠤ 24 ᠴᠠᠭ ᠵᠶ᠋ᠠᠷ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠤ᠂ ᠬᠡᠷᠡᠭᠯᠡᠭᠴᠢᠳ᠎ᠤᠨ ᠠᠰᠠᠭᠤᠨ ᠯᠠᠪᠯᠠᠬᠤ ᠪᠠ ᠬᠦᠰᠡᠯ ᠱᠠᠭ᠋ᠠᠷᠳᠠᠯᠭ᠎ᠠ ᠵᠢ ᠴᠠᠭ ᠲᠤᠬᠠᠶ᠎ᠳᠤ᠎ᠨᠢ ᠴᠣᠤᠷᠢᠶᠠᠳᠤᠨ ᠳᠠᠭ᠋ᠠᠪᠠ᠃

0218-2.jpg


     ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠤᠨ ᠴᠠᠭ᠋ᠠᠨ ᠰᠠᠷ᠎ᠠ ᠵᠢᠨ ᠵᠥᠭᠡᠭᠡᠪᠦᠷᠢ᠎ᠠᠴᠠ ᠨᠠᠭ᠋ᠠᠰᠢ᠂ 2 ᠳ᠋ᠤᠭ᠋ᠠᠷ ᠰᠠᠷ᠎ᠠ ᠵᠢᠨ 12᠎ᠤᠨ ᠡᠳᠦᠷ (ᠴᠠᠭ᠋ᠠᠨ ᠰᠠᠷ᠎ᠠ ᠵᠢᠨ ᠠᠷᠪᠠᠨ ᠲᠠᠪᠤᠨ) ᠪᠣᠯᠲᠠᠯ᠎ᠠ᠂ ᠪᠥᠬᠥ ᠣᠷᠣᠨ᠎ᠤ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠎ᠤᠨ ᠴᠠᠬᠢᠯᠭ᠋ᠠᠨ ᠴᠡᠨᠡᠭᠯᠡᠬᠦ ᠱᠣᠩ᠎ᠤᠨ ᠲᠤᠬᠠᠢ᠌ᠯᠠᠭᠰᠠᠨ ᠠᠵᠢᠯ᠎ᠤᠨ ᠶᠡᠷᠦᠩᠬᠡᠶ ᠴᠠᠬᠢᠯᠭ᠋ᠠᠨ ᠴᠡᠨᠡᠭᠯᠡᠭᠰᠡᠨ ᠬᠡᠮᠵᠢᠶ᠎ᠡ 102.27 ᠲᠦᠮᠡᠨ ᠭ᠋ᠷᠠᠳᠦ᠋ᠰ᠎ᠲᠤ ᠬᠦᠷᠴᠦ᠂ ᠪᠦᠬᠦ ᠵᠠᠬᠢᠶᠠᠯᠠᠭ᠎ᠠ ᠵᠢᠨ ᠲᠣᠭ᠎ᠠ᠎ᠨᠢ 5 ᠲᠦᠮᠡ ᠭᠠᠷᠤᠶ ᠤᠳᠠᠭ᠎ᠠ ᠪᠠᠢ᠌ᠵᠤ᠂ ᠬᠡᠷᠡᠭᠯᠡᠭᠴᠢ ᠵᠢᠨ ᠤᠲᠠᠰᠤ ᠢᠷᠡᠭᠦᠯᠵᠦ ᠲᠤᠰᠠᠯᠠᠮᠵᠢ ᠭᠤᠶᠤᠴᠢᠯᠠᠭᠰᠠᠨ 313 ᠠᠰᠠᠭᠤᠳᠠᠯ᠎ᠢ ᠲᠣᠬᠢᠲᠠᠶ ᠰᠢᠢᠳᠪᠦᠷᠢᠯᠡᠵᠦ᠂ ᠥᠷᠭᠡᠨ ᠣᠯᠠᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠡᠵᠡᠳ᠎ᠤᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠬᠤᠭᠤᠴᠠᠭ᠋ᠠᠨ᠎ᠳᠤ ᠶᠠᠪᠤᠵᠤ ᠰᠠᠭᠤᠬᠤ᠎ᠳᠤ ᠲᠥᠬᠥᠮ ᠦᠵᠡᠭᠦᠯᠪᠡ᠃

     ᠡᠬᠡ ᠪᠢᠴᠢᠭ᠄ ᠲᠢᠩᠬᠢᠮ᠎ᠤᠨ ᠵᠠᠰᠠᠮᠠᠯ ᠵᠠᠮ᠎ᠤᠨ ᠭᠠᠵᠠᠷ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ

 

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠢ ᠪᠥᠬᠥ ᠬᠦᠴᠦᠨ ᠵᠶ᠋ᠡᠷ ᠵᠶ᠋ᠡᠨ ᠳᠥᠯᠭᠢᠨ ᠠᠬᠢᠭᠤᠯᠵᠤ ᠪᠠᠢ᠌ᠨ᠎ᠠ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠬᠠᠪᠤᠷ᠎ᠤᠨ ᠴᠠᠭ ᠠᠮᠵᠢᠨ ᠬᠤᠷᠳᠤᠴᠠ᠎ᠪᠠᠨ ᠲᠦᠷᠭᠡᠳᠬᠡᠵᠦ ᠪᠤᠢ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠤᠰᠤ ᠠᠷᠪᠢᠯᠠᠬᠤ ᠠᠵᠢᠯᠯᠠᠭ᠎ᠠ
ᠥᠪᠥᠷ ᠮᠣᠩᠭᠣᠯ᠎ᠳᠤ ᠠᠩᠬᠠᠳᠠᠭᠴᠢ! ᠬᠣᠲᠠ ᠠᠯᠤᠰᠯᠠᠭᠰᠠᠨ ᠵᠠᠮ᠎ᠤᠨ ᠰᠢᠯᠭ᠋ᠠᠯᠲᠠ ᠵᠢ ᠪᠡᠶᠡᠯᠡᠭᠦᠯᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠭᠣᠤᠯ ᠬᠥᠭᠥᠷᠭᠡ ᠵᠢᠨ ᠲᠤᠯᠭ᠋ᠠᠭᠤᠷ᠎ᠢ ᠪᠦᠬᠦᠨ᠎ᠢ ᠪᠠᠷᠢᠵᠤ ᠳᠠᠭᠤᠰᠬᠠᠪᠠ
 
            