ᠬᠠᠪᠤᠷ᠎ᠤᠨ ᠦᠵᠡᠮᠵᠢ ᠪᠢᠯᠬᠠᠵᠤ᠂ ᠪᠦᠳᠦᠭᠡᠨ ᠪᠠᠢ᠌ᠭᠤᠯᠤᠯᠲᠠ ᠢᠳᠡ ᠬᠦᠭ᠎ᠲᠠᠢ ᠶᠠᠪᠤᠭᠳᠠᠵᠤ ᠪᠠᠢ᠌ᠨ᠎ᠠ᠃ ᠠᠯᠠᠱ᠌ᠠ ᠵᠡᠭᠦᠨ ᠬᠣᠰᠢᠭᠤᠨ᠎ᠤ ᠠᠯᠠᠱ᠌ᠠ ᠠᠭᠤᠯᠠ ᠵᠢᠨ ᠬᠣᠷᠮᠣᠶ᠎ᠳᠤ᠂ ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠤᠨ ᠥᠪᠥᠷ ᠮᠣᠩᠭᠣᠯ᠎ᠤᠨ ᠬᠡᠰᠡᠭ᠎ᠲᠠᠬᠢ ᠲᠥᠷᠥᠯ ᠵᠦᠢᠯ ᠨᠢᠭᠡᠨᠲᠡ ᠠᠵᠢᠯ ᠡᠬᠢᠯᠡᠭᠦᠯᠬᠦ ᠪᠦᠷᠢᠶ᠎ᠡ ᠬᠠᠩᠭᠢᠨᠠᠭᠤᠯᠪᠠ᠃

ᠪᠠᠷᠢᠯᠭ᠎ᠠ ᠵᠢᠨ ᠠᠬᠤᠢ ᠲᠠᠯᠠᠪᠠᠢ᠎ᠳᠤ᠂ ᠮᠠᠰᠢᠨ ᠮᠧᠬᠠᠨᠢᠭ ᠬᠦᠩᠭᠢᠨᠡᠨ ᠳᠤᠤᠭ᠋ᠠᠷᠴᠤ᠂ ᠭᠠᠩᠨᠠᠭᠤᠷ᠎ᠤᠨ ᠤᠴᠢ ᠦᠰᠦᠷᠬᠢᠯᠡᠨ᠂ ᠪᠦᠳᠦᠭᠡᠨ ᠪᠠᠢ᠌ᠭᠤᠯᠤᠭᠴᠢᠳ ᠨᠦᠭᠡᠨ ᠵᠠᠮ᠎ᠳᠤ ᠶᠠᠭ᠋ᠠᠷᠠᠯᠲᠠᠢ ᠡᠮᠬᠢ ᠳᠢᠭᠯᠢᠮ᠎ᠲᠠᠢ᠎ᠪᠠᠷ ᠮᠠᠯᠲᠠᠬᠤ ᠠᠵᠢᠯ ᠬᠢᠵᠦ ᠪᠠᠢ᠌ᠯ᠎ᠠ᠃ ᠬᠤᠪᠧᠶ᠎ᠠᠴᠠ ᠢᠷᠡᠭᠰᠡᠨ ᠯᠢᠦ ᠶᠦᠩ ᠴᠠᠭ᠋ᠠᠨ ᠰᠠᠷ᠎ᠠ ᠨᠤᠲᠤᠭ᠎ᠲᠤ᠎ᠪᠠᠨ ᠪᠤᠴᠠᠵᠤ ᠭᠡᠷ᠎ᠤᠨ ᠬᠥᠮᠦᠰ᠎ᠲᠠᠢ᠎ᠪᠠᠨ ᠲᠦᠷ ᠠᠭᠤᠯᠵᠠᠭᠰᠠᠨᠤ ᠳᠠᠷᠠᠭ᠎ᠠ᠂ ᠳᠠᠬᠢᠨ ᠠᠵᠢᠯ᠎ᠤᠨ ᠪᠠᠢ᠌ᠷᠢ᠎ᠳᠤ᠎ᠪᠠᠨ ᠪᠤᠴᠠᠵᠤ ᠢᠷᠡᠯ᠎ᠡ᠃ ᠲᠡᠷᠡ᠄ 《ᠪᠠᠷᠢᠯᠭ᠎ᠠ ᠵᠢᠨ ᠨᠥᠬᠥᠴᠡᠯ ᠬᠠᠲᠠᠭᠤ ᠪᠡᠷᠬᠡᠰᠢᠶᠡᠯᠲᠡᠢ ᠪᠣᠯᠪᠠᠴᠤ ᠤᠯᠠᠨ ᠵᠶ᠋ᠠᠷ ᠵᠶ᠋ᠠᠨ ᠡᠷᠴᠢ ᠵᠣᠷᠢᠭ ᠲᠡᠭᠦᠯᠳᠡᠷ ᠪᠠᠢ᠌ᠵᠤ᠂ ᠡᠳᠦᠷ ᠪᠦᠷᠢ ᠨᠦᠬᠡᠨ ᠵᠠᠮ᠎ᠢ ᠢᠳᠡᠭ ᠢᠳᠡᠭ ᠵᠶ᠋ᠡᠷ ᠮᠠᠯᠲᠠᠨ ᠤᠷᠤᠭᠰᠢᠯᠠᠵᠤ ᠪᠠᠢ᠌ᠬᠤ ᠵᠢ ᠦᠵᠡᠭᠡᠳ ᠮᠠᠰᠢ ᠶᠡᠬᠡ ᠠᠮᠵᠢᠯᠲᠠ ᠣᠯᠤᠭᠰᠠᠨ ᠲᠦᠷᠦᠭᠳᠡᠯ᠎ᠲᠠᠢ ᠪᠠᠢ᠌ᠨ᠎ᠠ》 ᠭᠡᠪᠡ᠃
ᠳᠤᠮᠳᠠᠳᠤ ᠤᠯᠤᠰ᠎ᠤᠨ ᠲᠡᠮᠦᠷ ᠵᠠᠮ᠎ᠤᠨ ᠠᠷᠪᠠᠨ ᠲᠠᠪᠤᠳᠤᠭ᠋ᠠᠷ ᠲᠣᠪᠴᠢᠶᠠᠨ᠎ᠤ ᠢᠷᠭ᠋ᠠᠶ᠎ᠠᠴᠠ ᠪᠠᠶᠠᠨᠬᠤᠲᠠ ᠬᠦᠷᠬᠦ ᠲᠡᠮᠦᠷ ᠵᠠᠮ᠎ᠤᠨ ᠲᠦᠷᠦᠯ ᠵᠦᠢ᠍ᠯ᠎ᠤᠨ ᠬᠡᠯᠲᠡᠰ᠎ᠤᠨ ᠠᠮᠤᠷ ᠲᠦᠪᠰᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠡᠯᠲᠡᠰ᠎ᠤᠨ ᠳᠠᠷᠤᠭ᠎ᠠ ᠸᠠᠩ ᠯᠢ ᠳ᠋ᠦᠩ᠎ᠤᠨ ᠲᠠᠨᠢᠯᠴᠠᠭᠤᠯᠤᠭᠰᠠᠨ ᠵᠶ᠋ᠠᠷ᠂ ᠠᠯᠠᠱ᠌ᠠ ᠠᠭᠤᠯᠠ ᠵᠢᠨ ᠨᠦᠬᠡᠨ ᠵᠠᠮ᠎ᠤᠨ ᠭᠠᠵᠠᠷ ᠰᠢᠨᠵᠢᠯᠡᠭᠡᠨ᠎ᠤ ᠨᠥᠬᠥᠴᠡᠯ ᠪᠤᠳᠤᠯᠢᠶᠠᠨᠲᠠᠢ᠂ ᠨᠡᠪᠲᠡᠯᠵᠦ ᠭᠠᠷᠬᠤ ᠣᠷᠣᠨ ᠪᠦᠰᠡ ᠵᠢᠨ ᠣᠯᠠᠩᠬᠢ᠎ᠨᠢ ᠵᠥᠭᠡᠯᠡᠨ ᠬᠦᠷᠢᠶᠡᠪᠴᠢ ᠴᠢᠯᠠᠭᠤᠯᠢᠭ ᠪᠠ ᠵᠥᠷᠢᠭᠳᠡᠯ᠎ᠤᠨ ᠬᠡᠮᠬᠡᠷᠬᠡᠢ ᠪᠦᠰᠡ ᠪᠣᠯᠬᠤ ᠪᠥᠭᠡᠳ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ ᠡᠯᠪᠡᠭ ᠪᠠᠢ᠌ᠵᠤ᠂ ᠪᠠᠷᠢᠯᠭ᠎ᠠ ᠵᠢᠨ ᠠᠵᠢᠯ᠎ᠳᠤ ᠪᠠᠭ᠎ᠠ ᠪᠤᠰᠤ ᠥᠷᠢᠰᠥᠯᠳᠦᠭᠡᠨ ᠤᠴᠠᠷᠠᠭᠤᠯᠵᠠᠢ᠃ ᠪᠦᠲᠦᠭᠡᠨ ᠪᠠᠢ᠌ᠭᠤᠯᠤᠭᠴᠢᠳ ᠬᠦᠴᠢᠷ᠎ᠢ ᠰᠦᠷᠦᠨ ᠤᠷᠤᠭᠰᠢᠯᠠᠵᠤ᠂ ᠤᠷᠢᠳᠴᠢᠯᠠᠭᠰᠠᠨ ᠭᠠᠵᠠᠷ ᠰᠢᠨᠵᠢᠯᠡᠭᠡᠨ᠎ᠤ ᠤᠷᠢᠳᠴᠢᠯᠠᠨ ᠮᠡᠳᠡᠭᠡᠯᠡᠬᠦ ᠪᠠ ᠬᠦᠷᠢᠶᠡᠪᠴᠢ ᠴᠢᠯᠠᠭᠤᠯᠢᠭᠢ ᠪᠡᠬᠢᠵᠢᠭᠦᠯᠬᠦ ᠮᠡᠷᠭᠡᠵᠢᠯ᠎ᠢ ᠬᠡᠷᠡᠭᠯᠡᠵᠦ᠂ ᠪᠠᠷᠢᠯᠭ᠎ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ; ᠣᠯᠠᠨ ᠲᠡᠰ᠎ᠤᠨ ᠤᠰᠤ ᠵᠠᠯᠠᠬᠤ ᠰᠢᠰᠲ᠋ᠧᠮ᠎ᠢ ᠵᠢᠷᠤᠭᠯᠠᠨ ᠲᠥᠯᠥᠪᠯᠡᠵᠦ᠂ ᠨᠦᠬᠡᠨ ᠵᠠᠮ᠎ᠤᠨ ᠪᠠᠷᠢᠯᠭ᠎ᠠ ᠭᠠᠵᠠᠷ ᠳᠣᠣᠷᠠᠬᠢ ᠤᠰᠤᠨ᠎ᠳᠤ ᠨᠥᠯᠥᠭᠡᠯᠡᠭᠳᠡᠬᠦ ᠦᠭᠡᠶ ᠪᠠᠢ᠌ᠬᠤ ᠵᠢ ᠪᠠᠲᠤᠯᠠᠪᠠ᠃
ᠪᠤᠭᠤᠲᠤ᠎ᠠᠴᠠ ᠢᠷᠭ᠋ᠠᠶ ᠬᠥᠷᠬᠥ ᠳᠡᠭᠡᠳᠦ ᠬᠤᠷᠳᠤ ᠵᠢᠨ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠥᠷᠬᠥ ᠰᠠᠯᠪᠤᠷᠢ ᠱᠤᠭᠤᠮ᠎ᠤᠨ ᠪᠥᠬᠥ ᠱᠤᠭᠤᠮ᠎ᠤᠨ ᠣᠷᠳᠣᠨ᠎ᠢ 115 ᠺᠢᠯᠣᠮᠧᠲᠷ ᠪᠠᠢ᠌ᠵᠤ᠂ ᠥᠪᠥᠷ ᠮᠣᠩᠭᠣᠯ᠎ᠤᠨ ᠪᠠᠷᠠᠭᠤᠨ ᠴᠢᠭᠯᠡᠯ᠎ᠤᠨ ᠣᠷᠣᠨ᠎ᠠᠴᠠ ᠭᠠᠷᠬᠤ ᠴᠢᠬᠤᠯᠠ ᠳᠥᠭᠥᠮ ᠳᠥᠲᠡ ᠵᠠᠮ ᠪᠣᠯᠤᠨ᠎ᠠ᠂ ᠪᠥᠲᠥᠭᠡᠨ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠬᠥᠭᠵᠢᠯᠲᠡ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ ᠵᠢ ᠠᠬᠢᠭᠤᠯᠬᠤ᠂ ᠠᠶᠠᠨᠴᠢᠳ᠎ᠤᠨ ᠶᠠᠪᠤᠵᠤ ᠰᠠᠭᠤᠬᠤ ᠬᠡᠷᠡᠭᠴᠡᠭᠡ ᠵᠢ ᠬᠠᠩᠭ᠋ᠠᠬᠤ ᠵᠡᠷᠭᠡ ᠲᠠᠯ᠎ᠠ᠎ᠪᠠᠷ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃ ᠪᠤᠭᠤᠲᠤ᠎ᠠᠴᠠ ᠢᠷᠭ᠋ᠠᠶ ᠬᠥᠷᠬᠥ ᠳᠡᠭᠡᠳᠦ ᠬᠤᠷᠳᠤ ᠵᠢᠨ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠥᠷᠬᠥ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠤᠨ ᠪᠥᠬᠥ ᠣᠷᠳᠣᠨ᠎ᠢ 8792 ᠮᠧᠲᠷ ᠪᠠᠢ᠌ᠵᠤ᠂ ᠡᠭᠦᠨ᠎ᠳᠤ ᠥᠪᠥᠷ ᠮᠣᠩᠭᠣᠯ᠎ᠤᠨ ᠬᠡᠰᠡᠭ᠎ᠤᠨ ᠣᠷᠳᠣᠨ᠎ᠢ 7575 ᠮᠧᠲᠷ ᠪᠣᠯᠤᠨ᠎ᠠ᠃ ᠣᠳᠣᠬᠠᠨ᠎ᠳᠤ᠂ ᠠᠯᠠᠱ᠌ᠠ ᠠᠭᠤᠯᠠ ᠵᠢᠨ ᠨᠦᠬᠡᠨ ᠵᠠᠮ᠎ᠤᠨ ᠥᠪᠥᠷ ᠮᠣᠩᠭᠣᠯ᠎ᠤᠨ ᠬᠡᠰᠡᠭ᠎ᠲᠠᠬᠢ ᠭᠣᠣᠯ ᠨᠦᠬᠡ ᠵᠢᠨ ᠪᠡᠬᠢᠯᠡᠯᠲᠡ ᠵᠢ ᠨᠠᠢ᠌ᠳᠠ 6958 ᠮᠧᠲᠷ ᠮᠠᠯᠲᠠᠵᠤ᠂ 617 ᠮᠧᠲᠷ᠎ᠤᠨ ᠪᠠᠷᠢᠯᠭ᠎ᠠ ᠵᠢᠨ ᠬᠡᠮᠵᠢᠶ᠎ᠡ ᠦᠯᠡᠳᠡᠵᠦ᠂ ᠨᠢᠭᠡᠨᠲᠡ ᠵᠢᠷᠤᠭ ᠲᠥᠯᠥᠪᠯᠡᠭᠡ ᠵᠢᠨ ᠡᠭᠦᠷᠭᠡ ᠵᠢᠨ 91.9% ᠵᠢ ᠪᠡᠶᠡᠯᠡᠭᠦᠯᠵᠦ᠂ ᠪᠦᠬᠦᠯᠢ ᠴᠣᠭᠴᠠ ᠵᠢᠨ ᠠᠬᠢᠴᠠ᠎ᠨᠢ ᠵᠢᠱ᠌ᠢᠯᠲᠡ᠎ᠲᠠᠢ ᠨᠡᠢ᠌ᠴᠡᠨ᠎ᠡ᠃