ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠬᠠᠪᠤᠷ᠎ᠤᠨ ᠴᠠᠭ ᠠᠮᠵᠢᠨ ᠬᠤᠷᠳᠤᠴᠠ᠎ᠪᠠᠨ ᠲᠦᠷᠭᠡᠳᠬᠡᠵᠦ ᠪᠤᠢ
ᠨᠡᠶ᠋ᠢᠲᠡᠯᠡᠭᠰᠡᠨ ᠴᠠᠭ᠄ 2025-03-27

    ᠬᠥᠬᠡᠬᠣᠲᠠ ᠵᠢᠨ ᠱᠧᠩ ᠯᠸ ᠤᠯᠠᠨ ᠤᠯᠤᠰ᠎ᠤᠨ ᠨᠢᠰᠬᠡᠯ᠎ᠤᠨ ᠪᠠᠭᠤᠳᠠᠯ᠂ ᠠᠭ᠋ᠠᠷ᠎ᠤᠨ ᠠᠶᠠᠯᠠᠯ᠎ᠤᠨ ᠥᠷᠲᠡᠭᠡᠨ᠎ᠤ ᠠᠰᠠᠷ᠎ᠢ ᠨᠠᠷᠢᠯᠢᠭ ᠰᠡᠯᠪᠢᠨ ᠵᠠᠰᠠᠬᠤ ᠪᠠᠷᠢᠯᠭ᠎ᠠ ᠪᠣᠯᠤᠨ ᠲᠥᠬᠥᠭᠡᠷᠦᠮᠵᠢ ᠵᠢᠨ ᠰᠢᠰᠲ᠋ᠧᠮ᠎ᠢ ᠬᠣᠯᠪᠣᠭ᠋ᠠᠯᠠᠨ ᠲᠤᠷᠰᠢᠬᠤ ᠠᠵᠢᠯ ᠶᠠᠭ ᠢᠵᠢᠯ ᠠᠯᠬᠤᠮ ᠵᠶ᠋ᠠᠷ ᠥᠨᠳᠥᠷ ᠪᠦᠲᠦᠮᠵᠢᠲᠡᠢ ᠶᠠᠪᠤᠭᠳᠠᠵᠤ ᠪᠤᠢ᠃ ᠣᠳᠣᠬᠠᠨ᠎ᠳᠤ᠂ ᠲᠣᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠪᠠᠷᠢᠯᠭ᠎ᠠ ᠨᠢᠭᠡᠨᠲᠡ ᠡᠴᠦᠰ᠎ᠤᠨ ᠰᠢᠪᠲᠤᠯᠤᠯᠲᠠ ᠵᠢᠨ ᠱᠠᠲᠤᠨ᠎ᠳᠤ ᠣᠷᠣᠪᠠ᠃ 

0327-1.jpg


     ᠬᠥᠬᠡᠬᠣᠲᠠ ᠵᠢᠨ ᠱᠧᠩ ᠯᠧ ᠤᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠳᠡᠭᠡᠪᠦᠷ ᠬᠠᠳᠠᠬᠤ ᠬᠠᠪᠳᠠᠰᠤᠨ ᠲᠣᠷᠭᠤᠭᠤᠷ᠎ᠢ ᠤᠭᠰᠠᠷᠠᠵᠤ ᠪᠠᠢ᠌ᠭ᠎ᠠ᠎ᠨᠢ᠃ 
     ᠤᠯᠠᠭ᠋ᠠᠨᠬᠠᠳᠠ ᠬᠣᠲᠠ ᠵᠢᠨ S210 ᠱᠤᠭᠤᠮ᠎ᠤᠨ ᠪᠠᠯᠠᠴᠢᠷᠤᠳ᠎ᠠᠴᠠ ᠭᠣᠷᠣᠬᠠᠨ ᠬᠥᠷᠬᠥ ᠵᠠᠰᠠᠮᠠᠯ ᠵᠠᠮ᠎ᠤᠨ ᠪᠠᠷᠢᠯᠭ᠎ᠠ ᠵᠢᠨ ᠪᠠᠶᠠᠨᠲᠣᠬᠣᠶ ᠰᠤᠮᠤ ᠵᠢᠨ ᠪᠠᠷᠢᠯᠭ᠎ᠠ ᠵᠢᠨ ᠲᠤᠬᠠᠶ ᠵᠢᠨ ᠲᠠᠯᠠᠪᠠᠶ᠎ᠳᠤ᠂ ᠮᠠᠰᠢᠨ ᠮᠧᠬᠠᠨᠢᠭ᠎ᠤᠨ ᠬᠦᠷᠴᠢᠭᠢᠨᠡᠬᠦ ᠲᠠᠭᠤᠨ ᠡᠨᠳᠡ ᠲᠡᠨᠳᠡ ᠥᠬᠡᠶ ᠴᠤᠤᠷᠢᠶᠠᠲᠤᠵᠤ᠂ ᠬᠡᠳᠦᠨ ᠠᠷᠪᠠᠨ ᠰᠠᠤᠷᠢ (ᠢᠵᠢ) ᠮᠠᠰᠢᠨ ᠮᠧᠬᠠᠨᠢᠭ ᠬᠠᠮᠵᠢᠯᠴᠠᠨ ᠠᠵᠢᠯᠯᠠᠵᠤ᠂ 3 ᠳ᠋ᠤᠭ᠋ᠠᠷ ᠰᠠᠷ᠎ᠠ ᠵᠢᠨ 10᠎ᠤ ᠡᠳᠦᠷ ᠲᠥᠷᠥᠯ ᠵᠦᠢᠯ ᠠᠵᠢᠯ ᠵᠶ᠋ᠠᠨ ᠰᠡᠷᠭᠦᠭᠡᠵᠦ᠂ ᠣᠳᠣᠬᠠᠨ᠎ᠳᠤ ᠶᠠᠭ ᠬᠡᠮᠬᠡᠷᠬᠡᠢ ᠴᠢᠯᠠᠭᠤ ᠰᠢᠷᠦᠢ ᠵᠢᠨ ᠰᠠᠭᠤᠷᠢ ᠳᠠᠪᠬᠤᠷᠭ᠎ᠠ ᠪᠠ ᠳᠡᠪᠢᠰᠦᠭᠰᠡᠨ ᠳᠠᠪᠬᠤᠷᠭ᠎ᠠ ᠵᠢᠨ ᠪᠠᠷᠢᠯᠭ᠎ᠠ ᠵᠢᠨ ᠠᠵᠢᠯ᠎ᠢ ᠬᠢᠵᠦ ᠪᠣᠶ᠃
    ᠠᠭᠤᠷ ᠠᠮᠢᠰᠬᠤᠯ᠎ᠤᠨ ᠳᠤᠯᠠᠭ᠋ᠠᠷᠠᠬᠤ ᠵᠢ ᠳᠠᠭ᠋ᠠᠯᠳᠤᠨ᠂ ᠮᠠᠨ᠎ᠤ ᠣᠷᠣᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠠᠵᠢᠯ ᠵᠶ᠋ᠠᠨ ᠰᠡᠷᠭᠦᠭᠡᠵᠦ ᠦᠢᠯᠡᠳᠪᠦᠷᠢᠯᠡᠯ ᠵᠶ᠋ᠡᠨ ᠰᠡᠷᠭᠦᠭᠡᠬᠦ ᠬᠠᠯᠠᠭᠤᠨ ᠥᠷᠨᠢᠯᠲᠡ ᠭᠠᠷᠴᠤ᠂ ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ 110 ᠤᠯᠤᠰ᠎ᠤᠨ ᠵᠠᠮ᠎ᠤᠨ ᠬᠣᠶᠠᠷ ᠮᠣᠳᠣ᠎ᠠᠴᠠ ᠳ᠋ᠸᠩᠺᠸᠤ ᠬᠥᠷᠬᠥ᠂ S29 ᠬᠥᠬᠡᠬᠣᠲᠠ᠎ᠠᠴᠠ ᠯᠢᠶᠠᠩᠴᠧᠩ ᠬᠥᠷᠬᠥ ᠳᠡᠭᠡᠳᠦ ᠬᠤᠷᠳᠤ ᠵᠢᠨ ᠵᠠᠰᠠᠮᠠᠯ ᠵᠠᠮ ᠵᠡᠷᠭᠡ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠲᠤᠬᠠᠶ ᠵᠢᠨ ᠲᠠᠯᠠᠪᠠᠶ᠎ᠳᠤ ᠪᠥᠲᠥᠭᠡᠨ ᠪᠠᠢ᠌ᠭᠤᠯᠤᠭᠴᠢᠳ ᠶᠠᠭ ᠪᠥᠬᠥ ᠬᠦᠴᠦᠨ ᠵᠶ᠋ᠡᠷ ᠵᠶ᠋ᠡᠨ ᠠᠵᠢᠯᠯᠠᠵᠤ ᠪᠣᠶ᠃

0327-2.jpg


  ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠵᠠᠮ ᠲᠡᠮᠦᠷ ᠳᠡᠪᠢᠰᠬᠦ ᠲᠤᠬᠠᠶ ᠵᠢᠨ ᠲᠠᠯᠠᠪᠠᠢ᠃ 

0327-3.jpg


    G1816 ᠱ᠌ᠢ ᠲᠸᠦ ᠵᠢᠩ ᠽᠢ᠎ᠠᠴᠠ ᠤᠯᠠᠭ᠋ᠠᠨᠬᠣᠲᠠ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠤᠷᠢᠳᠴᠢᠯᠠᠨ ᠦᠢᠯᠡᠳᠦᠭᠰᠡᠨ ᠨᠢᠷᠤᠭᠤ ᠵᠢᠨ ᠬᠡᠪ ᠬᠠᠪᠲᠠᠰᠤ ᠤᠭᠰᠠᠷᠠᠨ ᠪᠠᠢ᠌ᠭᠤᠯᠬᠤ ᠲᠤᠬᠠᠶ ᠵᠢᠨ ᠲᠠᠯᠠᠪᠠᠶ᠃

0327-4.jpg


    110 ᠤᠯᠤᠰ᠎ᠤᠨ ᠵᠠᠮ᠎ᠤᠨ ᠪᠢᠴᠢᠭᠡᠴᠢ᠎ᠠᠴᠠ ᠰᠢᠷᠡᠭᠡᠴᠢ ᠬᠦᠷᠬᠦ ᠲᠥᠷᠥᠯ ᠵᠦᠢᠯ᠎ᠤᠨ ᠪᠠᠷᠢᠯᠭ᠎ᠠ ᠵᠢᠨ ᠠᠵᠢᠯᠲᠠᠨ ᠲᠠᠯᠠᠪᠤᠷ᠎ᠢ ᠬᠠᠲᠠᠭᠤᠷᠠᠭᠤᠯᠬᠤ ᠠᠵᠢᠯ ᠦᠷᠨᠢᠭᠦᠯᠵᠦ ᠪᠠᠢ᠌ᠨ᠎ᠠ᠃ 

0327-5.jpg


    G1015 ᠰᠢᠨ ᠹᠠ᠎ᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠬᠡᠰᠡᠭ᠎ᠤᠨ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠬᠥᠭᠥᠷᠭᠡ ᠵᠢᠨ ᠭᠣᠯᠳᠤᠩ᠎ᠤᠨ ᠪᠠᠷᠢᠯᠭ᠎ᠠ ᠵᠢᠨ ᠲᠤᠬᠠᠶ ᠵᠢᠨ ᠲᠠᠯᠠᠪᠠᠢ᠃ 

0327-6.jpg


    ᠠᠯᠠᠱ᠌ᠠ ᠵᠡᠭᠦᠨ ᠬᠣᠰᠢᠭᠤᠨ᠎ᠤ ᠨᠢᠰᠬᠡᠯ᠎ᠤᠨ ᠪᠠᠭᠤᠳᠠᠯ᠎ᠤᠨ ᠲᠥᠷᠥᠯ ᠵᠦᠢᠯ᠎ᠤᠨ ᠲᠦᠷ ᠴᠠᠭ ᠬᠡᠷᠡᠭᠯᠡᠬᠦ᠎ᠪᠠᠷ ᠪᠠᠢ᠌ᠭᠤᠯᠵᠤ ᠪᠠᠢ᠌ᠭ᠎ᠠ ᠭᠡᠷ ᠪᠠᠢ᠌ᠰᠢᠩ᠎ᠤᠨ ᠲᠤᠬᠠᠶ ᠵᠢᠨ ᠲᠠᠯᠠᠪᠠᠢ᠃
    ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠠᠮ ᠬᠠᠷᠢᠯᠴᠠᠭ᠋ᠠᠨ᠎ᠤ ᠴᠢᠬᠤᠯᠠ ᠶᠡᠬᠡ ᠰᠠᠭᠤᠷᠢ ᠲᠥᠬᠥᠭᠡᠷᠦᠮᠵᠢ ᠵᠢᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠤᠷᠢᠳᠴᠢᠯᠠᠨ ᠦᠢᠯᠡᠴᠢᠯᠡᠬᠦ᠂ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠴᠢᠩᠭ᠋ᠠᠳᠬᠠᠵᠤ᠂ ᠲᠥᠷᠥᠯ ᠵᠦᠢᠯ᠎ᠤᠨ ᠠᠬᠢᠴᠠ ᠵᠢ ᠠᠳᠬᠤᠭᠰᠠᠨ ᠪᠥᠭᠡᠳ ᠠᠵᠤ ᠠᠬᠤᠢ᠌ᠯᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠭᠣᠤᠯᠳᠠᠯᠭ᠎ᠠ᠎ᠲᠠᠢ ᠵᠠᠮ ᠬᠠᠷᠢᠯᠴᠠᠭ᠋ᠠᠨ᠎ᠤ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠦᠲᠦᠮᠵᠢᠲᠡᠶ ᠠᠬᠢᠭᠤᠯᠵᠤ᠂ ᠪᠣᠳᠠᠲᠠᠶ ᠠᠵᠢᠯᠯᠠᠬᠤ ᠪᠠ ᠬᠠᠷᠢᠭᠤᠴᠠᠯᠭ᠎ᠠ ᠡᠭᠦᠷᠭᠡᠯᠡᠬᠦ᠎ᠪᠠᠷ ᠨᠢᠭᠡᠳᠦᠭᠡᠷ ᠤᠯᠠᠷᠢᠯ᠎ᠤᠨ 《ᠰᠠᠢ᠌ᠨ ᠡᠬᠢᠯᠡᠯᠲᠡ》᠎ᠳᠤ ᠬᠦᠴᠦᠲᠡᠶ ᠬᠥᠳᠡᠯᠭᠡᠬᠦ ᠬᠦᠴᠦᠨ ᠴᠢᠳᠠᠯ ᠨᠡᠮᠡᠷᠢᠯᠡᠪᠡ᠃ 

0327-7.jpg


    110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠪᠠᠷᠢᠯᠭ᠎ᠠ ᠵᠢᠨ ᠲᠤᠬᠠᠶ ᠵᠢᠨ ᠲᠠᠯᠠᠪᠠᠶ᠃ 
     ᠡᠯ᠎ᠡ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠢ᠎ᠨᠦᠭᠦᠳ ᠡᠬᠢ ᠪᠠᠶᠠᠯᠢᠭ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ 《ᠡᠬᠢᠯᠡᠮᠡᠭᠴᠡ ᠰᠢᠪᠲᠤᠯᠤᠯᠲᠠ ᠬᠢᠬᠦ》 ᠡᠷᠡᠯᠬᠡᠭᠯᠡᠨ ᠤᠷᠤᠭᠰᠢᠯᠠᠬᠤ ᠳᠦᠷᠢ ᠪᠠᠢ᠌ᠳᠠᠯ ᠵᠶ᠋ᠠᠷ ᠵᠠᠩᠭᠢᠯᠠᠭ᠎ᠠ ᠵᠢᠨ  ᠴᠡᠭ᠎ᠢ ᠵᠠᠪᠳᠤᠨ ᠠᠳᠬᠤᠵᠤ᠂ ᠶᠠᠰᠤ ᠴᠢᠨᠠᠷ᠎ᠢ ᠴᠢᠩᠭ᠎ᠠ ᠡᠵᠡᠮᠳᠡᠨ᠂ ᠪᠠᠷᠢᠯᠭ᠎ᠠ ᠵᠢᠨ ᠠᠵᠢᠯ᠎ᠤᠨ ᠵᠣᠬᠢᠶᠠᠨ ᠪᠠᠢ᠌ᠭᠤᠯᠤᠯᠲᠠ ᠵᠢ ᠰᠢᠯᠢᠳᠡᠭᠵᠢᠭᠦᠯᠵᠦ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠰᠠᠢ᠌ᠲᠤᠷ ᠬᠢᠵᠦ᠂ ᠶᠠᠰᠤ ᠴᠢᠨᠠᠷ᠂ ᠠᠮᠤᠷ ᠲᠦᠪᠰᠢᠨ᠎ᠢ ᠴᠢᠩᠭ᠎ᠠ ᠠᠳᠬᠤᠭᠰᠠᠨ ᠤᠷᠢᠲᠠᠯ ᠳᠣᠣᠷ᠎ᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠲᠦᠷᠭᠡᠳᠬᠡᠪᠡ᠃ 

0327-8.jpg


     ᠣᠷᠳᠣᠰ ᠬᠣᠲᠠ ᠵᠢᠨ S216 ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠱᠦᠢ᠍ᠨᠢ᠎ᠪᠠᠷ ᠲᠣᠭᠲᠠᠪᠤᠷᠢᠵᠢᠭᠤᠯᠬᠤ ᠰᠠᠭᠤᠷᠢ ᠳᠠᠪᠬᠤᠷᠭ᠎ᠠ ᠵᠢ ᠬᠤᠪᠢᠯᠳᠠᠨ ᠬᠠᠷᠤᠭᠤᠯᠳᠠᠬᠤ ᠠᠵᠢᠯ᠎ᠤᠨ ᠲᠤᠬᠠᠶ ᠵᠢᠨ ᠲᠠᠯᠠᠪᠠᠶ᠃ 

0327-9.jpg


    G5511 ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠭᠠᠳᠠᠷᠭᠤ ᠵᠢᠨ ᠪᠠᠷᠢᠯᠭ᠎ᠠ ᠵᠢᠨ ᠠᠵᠢᠯ᠎ᠤᠨ ᠲᠤᠬᠠᠶ ᠵᠢᠨ ᠲᠠᠯᠠᠪᠠᠢ᠃

0327-10.jpg


    331 ᠤᠯᠤᠰ᠎ᠤᠨ ᠵᠠᠰᠠᠮᠠᠯ ᠵᠠᠮ᠎ᠤᠨ ᠯᠦ᠍ ᠵᠢᠩ᠎ᠠᠴᠠ ᠲᠢᠶᠠᠨ ᠱᠦᠢ ᠵᠢᠩ ᠬᠦᠷᠬᠦ ᠵᠠᠰᠠᠮᠠᠯ ᠵᠠᠮ᠎ᠤᠨ ᠲᠥᠷᠥᠯ ᠵᠦᠢᠯ ᠠᠵᠢᠯ ᠵᠶ᠋ᠠᠨ ᠰᠡᠷᠭᠦᠭᠡᠪᠡ᠃
     ᠣᠢ᠌ᠯᠠᠭ᠋ᠠᠭᠰᠠᠨ ᠵᠶ᠋ᠠᠷ᠂ ᠡᠨᠡ ᠵᠢᠯ᠂ ᠪᠥᠬᠥ ᠣᠷᠣᠨ᠎ᠳᠤ ᠵᠠᠰᠠᠮᠠᠯ ᠵᠠᠮ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠴᠢᠬᠤᠯᠠ ᠶᠡᠬᠡ ᠲᠥᠷᠥᠯ ᠵᠦᠢᠯ᠎ᠢ 72 ᠬᠡᠷᠡᠭᠵᠢᠭᠦᠯᠬᠦ᠎ᠪᠠᠷ ᠲᠥᠯᠥᠪᠯᠡᠵᠦ᠂ ᠡᠭᠦᠨ᠎ᠳᠤ ᠵᠠᠰᠠᠮᠠᠯ ᠵᠠᠮ᠎ᠤᠨ ᠴᠢᠬᠤᠯᠠ ᠶᠡᠬᠡ ᠲᠥᠷᠥᠯ ᠵᠦᠢᠯ 52 ᠪᠠᠢ᠌ᠵᠤ᠂ ᠦᠷᠭᠦᠯᠵᠢᠯᠡᠨ ᠪᠠᠢ᠌ᠭᠤᠯᠬᠤ᠎ᠨᠢ 34 ᠪᠣᠶ; ᠲᠡᠮᠦᠷ ᠵᠠᠮ᠎ᠤᠨ ᠲᠥᠷᠥᠯ ᠵᠦᠢᠯ 10 ᠪᠠᠢ᠌ᠵᠤ᠂ ᠦᠷᠭᠦᠯᠵᠢᠯᠡᠨ ᠪᠠᠢ᠌ᠭᠤᠯᠬᠤ᠎ᠨᠢ 3 ᠪᠣᠢ; ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠥᠷᠥᠯ ᠵᠦᠢ᠍ᠯ 10 ᠪᠠᠢ᠌ᠵᠤ᠂ ᠦᠷᠭᠦᠯᠵᠢᠯᠡᠨ ᠪᠠᠢ᠌ᠭᠤᠯᠬᠤ᠎ᠨᠢ 4 ᠪᠣᠢ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠤᠰᠤ ᠠᠷᠪᠢᠯᠠᠬᠤ ᠠᠵᠢᠯᠯᠠᠭ᠎ᠠ
ᠥᠪᠥᠷ ᠮᠣᠩᠭᠣᠯ᠎ᠳᠤ ᠠᠩᠬᠠᠳᠠᠭᠴᠢ! ᠬᠣᠲᠠ ᠠᠯᠤᠰᠯᠠᠭᠰᠠᠨ ᠵᠠᠮ᠎ᠤᠨ ᠰᠢᠯᠭ᠋ᠠᠯᠲᠠ ᠵᠢ ᠪᠡᠶᠡᠯᠡᠭᠦᠯᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠭᠣᠤᠯ ᠬᠥᠭᠥᠷᠭᠡ ᠵᠢᠨ ᠲᠤᠯᠭ᠋ᠠᠭᠤᠷ᠎ᠢ ᠪᠦᠬᠦᠨ᠎ᠢ ᠪᠠᠷᠢᠵᠤ ᠳᠠᠭᠤᠰᠬᠠᠪᠠ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
ᠨᠢᠰᠬᠡᠯ᠎ᠤᠨ ᠪᠠᠭᠤᠳᠠᠯ᠎ᠤᠨ ᠬᠠᠵᠠᠭᠤ᠎ᠳᠤ 5A ᠲᠠᠰ᠎ᠤᠨ ᠦᠵᠡᠮᠵᠢ ᠵᠢᠨ ᠣᠷᠣᠨ ᠪᠣᠯᠣᠨ᠎ᠠ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠢᠩᠬᠢᠨᠢ᠎ᠪᠠᠷ ᠨᠡᠪᠲᠡᠷᠡᠪᠡ
 
            