ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠤᠰᠤ ᠠᠷᠪᠢᠯᠠᠬᠤ ᠠᠵᠢᠯᠯᠠᠭ᠎ᠠ
ᠨᠡᠶ᠋ᠢᠲᠡᠯᠡᠭᠰᠡᠨ ᠴᠠᠭ᠄ 2025-04-02

     ᠣᠢ᠌ᠷ᠎ᠠ᠎ᠳᠤ᠂ ᠰᠤᠷᠪᠤᠯᠵᠢᠯᠠᠭᠴᠢ G6 ᠪᠡᠭᠡᠵᠢᠩ᠎ᠠᠴᠠ ᠲᠥᠪᠡᠳ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠲᠤ ᠣᠯᠵᠤ ᠬᠠᠷᠠᠭᠰᠠᠨ᠎ᠨᠢ᠂ ᠪᠣᠬᠢᠷ ᠤᠰᠤ ᠰᠢᠢᠳᠪᠦᠷᠢᠯᠡᠬᠦ ᠰᠢᠰᠲ᠋ᠧᠮ ᠦᠷᠭᠦᠯᠵᠢᠯᠡᠨ ᠠᠵᠢᠯᠯᠠᠵᠤ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠲᠦᠭᠡᠮᠡᠯᠵᠢᠭᠦᠯᠦᠨ ᠬᠡᠷᠡᠭᠯᠡᠵᠦ᠂ ᠤᠰᠤ ᠵᠢ ᠠᠷᠪᠢᠯᠠᠨ ᠬᠡᠷᠡᠭᠯᠡᠬᠦ ᠰᠠᠨᠠᠭᠤᠯᠤᠮᠵᠢ ᠭᠠᠵᠠᠷ ᠪᠣᠯᠭ᠋ᠠᠨ᠎ᠳᠤ ᠬᠠᠷᠠᠭᠳᠠᠵᠤ᠂ ᠠᠵᠢᠯᠲᠠᠨ ᠠᠵᠢᠯᠴᠢᠨ᠎ᠤ ᠤᠰᠤ ᠠᠷᠪᠢᠯᠠᠬᠤ ᠤᠬᠠᠮᠰᠠᠷ ᠬᠥᠮᠦᠰ᠎ᠤᠨ ᠰᠡᠳᠬᠢᠯ᠎ᠳᠤ ᠭᠦᠨ ᠰᠠᠭᠤᠭᠳᠠᠪᠠ᠃

20250402-1.jpg

    ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠲᠦᠭᠡᠮᠡᠯᠵᠢᠭᠦᠯᠦᠨ ᠬᠡᠷᠡᠭᠯᠡᠵᠦ ᠪᠠᠢ᠌ᠨ᠎ᠠ᠃    

    《ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠤᠰᠤᠨ᠎ᠤ ᠡᠬᠢ ᠰᠤᠷᠪᠤᠯᠵᠢ ᠵᠢᠨ ᠰᠣᠩᠭᠣᠯᠲᠠ᠎ᠨᠢ ᠨᠡᠯᠢᠶᠡᠳ ᠲᠠᠩ ᠴᠤᠯᠭᠤᠶ ᠪᠠᠢ᠌ᠵᠤ᠂ ᠵᠥᠪᠬᠡᠨ ᠭᠠᠵᠠᠷ ᠳᠣᠤᠷᠠᠬᠢ ᠤᠰᠤ ᠵᠢ ᠯᠠ ᠬᠡᠷᠡᠭᠯᠡᠵᠦ ᠪᠣᠯᠤᠨ᠎ᠠ᠃ ᠡᠳᠦᠷ ᠪᠦᠷᠢ ᠡᠢ᠌ᠮᠦ ᠣᠯᠠᠨ ᠲᠡᠷᠭᠡ ᠪᠣᠯᠤᠨ ᠬᠥᠮᠦᠨ ᠨᠠᠭ᠋ᠠᠰᠢ ᠴᠠᠭ᠋ᠠᠰᠢ ᠶᠠᠪᠤᠵᠤ᠂ ᠤᠰᠤ ᠬᠡᠷᠡᠭᠯᠡᠬᠦ ᠬᠡᠮᠵᠢᠶ᠎ᠡ ᠮᠠᠰᠢ ᠶᠡᠬᠡ ᠪᠣᠯᠬᠣᠷ ᠤᠰᠤ ᠵᠢ ᠠᠷᠪᠢᠯᠠᠵᠤ ᠬᠡᠷᠡᠭᠯᠡᠬᠦ᠎ᠨᠢ ᠵᠠᠪᠠᠯ ᠬᠢᠬᠦ ᠴᠢᠬᠤᠯᠠᠲᠠᠢ ᠠᠵᠢᠯ ᠪᠣᠯᠵᠠᠢ》 ᠭᠡᠵᠦ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠬᠥᠬᠡᠬᠣᠲᠠ ᠵᠢᠨ ᠬᠤᠪᠢᠶᠠᠷᠢ ᠺᠣᠮᠫᠠᠨᠢ ᠵᠢᠨ ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠬᠠᠷᠢᠭᠤᠴᠠᠯᠭ᠋ᠠᠲᠠᠨ ᠯᠢᠦ ᠰᠢᠶᠤᠤ ᠯᠦᠩ ᠬᠡᠯᠡᠪᠡ᠃
     ᠲᠠᠨᠢᠯᠴᠠᠭᠤᠯᠤᠭᠰᠠᠨ ᠵᠶ᠋ᠠᠷ᠂ ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠡᠳᠦᠷ᠎ᠤᠨ ᠳᠤᠮᠳᠠᠴᠢ ᠲᠡᠷᠭᠡᠨ᠎ᠤ ᠴᠤᠪᠤᠷᠠᠯ᠎ᠤᠨ ᠬᠡᠮᠵᠢᠶ᠎ᠡ 2300 ᠭᠠᠷᠤᠶ ᠪᠠᠢ᠌ᠵᠤ᠂ 4600 ᠬᠥᠮᠦᠨ ᠤᠳᠠᠭ᠎ᠠ ᠵᠢ ᠭᠥᠯᠢᠶᠡᠨ ᠠᠪᠴᠤ᠂ ᠣᠯᠠᠨ ᠨᠡᠢ᠌ᠲᠡ ᠵᠢᠨ ᠠᠷᠢᠭᠤᠨ ᠴᠡᠪᠡᠷ᠎ᠤᠨ ᠲᠠᠰᠤᠯᠭ᠎ᠠ ᠪᠣᠯ 《ᠤᠰᠤ ᠬᠡᠷᠡᠭᠯᠡᠬᠦ ᠲᠣᠮᠣ ᠡᠷᠦᠬᠡ》 ᠪᠣᠯᠤᠨ᠎ᠠ᠃ ᠵᠢᠯ ᠪᠦᠷᠢ ᠵᠢᠨ ᠵᠢᠭᠤᠯᠴᠢᠯᠠᠯ᠎ᠤᠨ ᠬᠥᠭᠵᠢᠶᠡᠨᠲᠡᠶ ᠤᠯᠠᠷᠢᠯ᠎ᠳᠤ᠂ ᠬᠠᠮᠤᠭ᠎ᠤᠨ ᠥᠨᠳᠥᠷ ᠲᠡᠷᠭᠡᠨ᠎ᠤ ᠴᠤᠪᠤᠷᠠᠯ᠎ᠤᠨ ᠬᠡᠮᠵᠢᠶ᠎ᠡ 5800᠎ᠳᠤ ᠬᠦᠷᠴᠦ᠂ 1.7 ᠲᠦᠮᠡᠨ ᠬᠥᠮᠦᠨ ᠤᠳᠠᠭ᠎ᠠ ᠵᠢ ᠭᠥᠯᠢᠶᠡᠨ ᠠᠪᠴᠤ᠂ ᠡᠳᠦᠷ ᠪᠦᠷᠢ ᠵᠢᠨ ᠤᠰᠤ ᠬᠡᠷᠡᠭᠯᠡᠬᠦ ᠳᠤᠮᠳᠠᠴᠢ ᠬᠡᠮᠵᠢᠶ᠎ᠡ᠎ᠨᠢ 90-100 ᠪᠣᠰᠣᠭ᠎ᠠ ᠳᠥᠷᠪᠡᠯᠵᠢᠨ ᠮᠧᠲᠷ ᠣᠷᠴᠢᠮ ᠪᠠᠢ᠌ᠳᠠᠭ᠃ ᠥᠩᠭᠡᠷᠡᠭᠰᠡᠨ᠎ᠳᠤ᠂ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠬᠣᠭᠣᠯᠠᠶ ᠲᠣᠤᠷ ᠬᠠᠭᠤᠴᠢᠷᠠᠭᠰᠠᠨ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠤᠨ ᠲᠦᠭᠡᠮᠡᠯᠵᠢᠭᠰᠡᠨ ᠨᠣᠷᠮ᠎ᠠ ᠳᠣᠤᠷ᠎ᠠ ᠵᠡᠷᠭᠡ ᠰᠢᠯᠲᠠᠭ᠋ᠠᠨ᠎ᠠᠴᠠ ᠪᠣᠯᠵᠣ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢᠳᠬᠡᠬᠦ ᠠᠰᠠᠭᠤᠳᠠᠯ ᠪᠠᠢ᠌ᠨ ᠪᠠᠢ᠌ᠨ ᠭᠠᠷᠴᠤ ᠪᠠᠢ᠌ᠪᠠ᠃

20250402-2.jpg

    ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠤᠨ ᠭᠠᠳᠠᠨᠠᠬᠢ ᠦᠵᠡᠮᠵᠢ᠃    

    ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠎ᠤᠨ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠤᠰᠤᠨ ᠠᠰᠢᠭᠯᠠᠯᠲᠠ ᠵᠢᠨ ᠲᠢᠩᠬᠢᠮ᠎ᠲᠠᠢ ᠬᠠᠮᠲᠤᠷᠠᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠎ᠤᠨ 《ᠤᠰᠤ ᠠᠷᠪᠢᠯᠠᠬᠤ ᠥᠷᠲᠡᠭᠡ》 ᠵᠢᠨ ᠲᠤᠷᠰᠢᠯᠲᠠ ᠵᠢᠨ ᠴᠡᠭ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ᠎ᠪᠠᠷ ᠳᠠᠮᠵᠢᠭᠤᠯᠤᠨ᠂ ᠦᠢᠯᠡᠴᠢᠯᠡᠭᠡᠨ᠎ᠤ ᠲᠣᠭᠣᠷᠢᠭ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠬᠡᠪ᠎ᠤᠨ ᠪᠤᠰᠤ ᠤᠰᠤ ᠵᠢ ᠡᠷᠭᠢᠯᠳᠦᠭᠦᠯᠦᠨ ᠠᠰᠢᠭᠯᠠᠬᠤ ᠨᠣᠷᠮ᠎ᠠ ᠵᠢ ᠢᠯᠡᠳᠲᠡ ᠳᠡᠭᠡᠭᠰᠢᠯᠡᠭᠦᠯᠦᠨ᠂ ᠤᠰᠤ ᠬᠡᠷᠡᠭᠯᠡᠬᠦ ᠬᠠᠮᠤᠭ᠎ᠤᠨ ᠪᠠᠭ᠎ᠠ ᠬᠣᠷᠣᠭᠳᠠᠯ ᠬᠢᠭᠡᠳ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭ᠋ᠠᠬᠤ       《ᠬᠣᠤᠰ ᠢᠯᠠᠯᠲᠠ》 ᠵᠢ ᠪᠡᠶᠡᠯᠡᠭᠦᠯᠪᠡ᠃ ᠣᠳᠣᠬᠠᠨ᠎ᠳᠤ᠂ G6 ᠪᠡᠭᠡᠵᠢᠩ᠎ᠠᠴᠠ ᠲᠥᠪᠡᠳ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠬᠥᠬᠡᠬᠣᠲᠠ ᠵᠢᠨ ᠪᠠᠷᠠᠭᠤᠨ ᠦᠢ᠍ᠯᠡᠴᠢᠯᠡᠭᠡᠨ᠎ᠤ ᠲᠣᠭᠣᠷᠢᠭ ᠪᠣᠯᠤᠨ ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ᠎ᠨᠢ ᠪᠦᠬᠦ ᠤᠯᠤᠰ᠎ᠤᠨ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠎ᠤᠨ 《ᠤᠰᠤ ᠠᠷᠪᠢᠯᠠᠬᠤ ᠦᠷᠳᠡᠭᠡ》 ᠵᠢ ᠡᠭᠦᠳᠦᠨ ᠪᠠᠢ᠌ᠭᠤᠯᠬᠤ ᠲᠤᠷᠰᠢᠯᠲᠠ ᠵᠢᠨ ᠴᠡᠭ ᠵᠶ᠋ᠡᠷ ᠠᠮᠵᠢᠯᠲᠠ᠎ᠲᠠᠢ ᠰᠣᠩᠭᠣᠭᠳᠠᠪᠠ᠃

20250402-3.jpg

    ᠪᠣᠬᠢᠷ ᠤᠰᠤ ᠰᠢᠢ᠍ᠳᠪᠦᠷᠢᠯᠡᠬᠦ ᠰᠢᠰᠲ᠋ᠧᠮ ᠦᠷᠭᠦᠯᠵᠢᠯᠡᠨ ᠠᠵᠢᠯᠯᠠᠵᠤ ᠪᠠᠶ᠋ᠢᠨ᠎ᠠ᠃    

    ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ᠎ᠳᠤ᠂ ᠢᠦᠢ ᠯᠢᠨ ᠲᠡᠷᠭᠡᠨ ᠵᠣᠭᠰᠣᠭ᠋ᠠᠯ᠎ᠤᠨ ᠲᠣᠭᠣᠷᠢᠭ ᠪᠣᠬᠢᠷ ᠤᠰᠤ ᠰᠢᠢ᠍ᠳᠪᠦᠷᠢᠯᠡᠬᠦ ᠲᠥᠬᠥᠭᠡᠷᠦᠮᠵᠢ᠂ ᠪᠣᠬᠢᠷ ᠤᠰᠤ ᠰᠢᠢ᠍ᠳᠪᠦᠷᠢᠯᠡᠬᠦ ᠰᠢᠰᠲ᠋ᠧᠮ᠎ᠢ ᠪᠦᠬᠦ ᠲᠠᠯ᠎ᠠ᠎ᠪᠠᠷ ᠳᠡᠰ ᠳᠡᠪᠰᠢᠭᠦᠯᠦᠨ ᠥᠭᠡᠷᠡᠴᠢᠯᠡᠵᠦ᠂ ᠡᠭᠦᠰᠦᠮᠡᠯ ᠤᠰᠤ ᠵᠢ ᠡᠭᠡᠭᠦᠯᠦᠨ ᠬᠡᠷᠡᠭᠯᠡᠬᠦ ᠵᠢ ᠪᠡᠶᠡᠯᠡᠭᠦᠯᠪᠡ᠃ ᠰᠢᠨ᠎ᠡ᠎ᠪᠠᠷ ᠪᠠᠢ᠌ᠭᠤᠯᠤᠭᠰᠠᠨ ᠡᠳᠦᠷ ᠪᠦᠷᠢ ᠵᠢᠨ ᠰᠢᠢᠳᠪᠦᠷᠢᠯᠡᠬᠦ ᠬᠡᠮᠵᠢᠶ᠎ᠡ᠎ᠨᠢ 200 ᠲᠣᠨ ᠡᠭᠦᠰᠦᠮᠡᠯ ᠤᠰᠤᠨ᠎ᠤ ᠰᠢᠰᠲ᠋ᠧᠮ᠎ᠨᠢ᠂ ᠢᠳᠡᠭᠡᠨ ᠤᠮᠳᠠᠭ᠋ᠠᠨ᠂ ᠤᠬᠢᠶᠠᠯᠭ᠎ᠠ ᠵᠡᠷᠭᠡ ᠪᠣᠬᠢᠷ ᠤᠰᠤ ᠵᠢ ᠴᠡᠪᠡᠷᠰᠢᠭᠦᠯᠦᠭᠰᠡᠨ᠎ᠤ ᠳᠠᠷᠠᠭ᠎ᠠ ᠡᠷᠡᠭᠦᠯ ᠬᠠᠮᠠᠭ᠋ᠠᠯᠠᠯ᠎ᠢ ᠴᠡᠪᠡᠷᠯᠡᠬᠦ᠂ ᠨᠣᠭᠣᠭ᠋ᠠᠷᠠᠭᠤᠯᠤᠯᠲᠠ ᠵᠢ ᠤᠰᠤᠯᠠᠬᠤ᠂  ᠠᠷᠠᠴᠢᠯᠠᠨ ᠬᠠᠮᠠᠭ᠋ᠠᠯᠠᠬᠤ ᠵᠠᠮ᠎ᠤᠨ ᠭᠠᠳᠠᠷᠭᠤ ᠵᠢᠨ ᠳᠤᠯᠠᠭ᠋ᠠᠨ᠎ᠢ ᠪᠠᠭᠤᠷᠠᠭᠤᠯᠬᠤ ᠵᠡᠷᠭᠡ᠎ᠳᠤ ᠬᠡᠷᠡᠭᠯᠡᠵᠦ᠂ ᠡᠭᠦᠰᠦᠮᠡᠯ ᠤᠰᠤ ᠵᠢ ᠡᠭᠡᠭᠦᠯᠦᠨ ᠬᠡᠷᠡᠭᠯᠡᠬᠦ ᠨᠣᠷᠮ᠎ᠠ ᠵᠢ 56%᠎ᠠᠴᠠ ᠳᠡᠭᠡᠭᠰᠢ᠎ᠳᠤ ᠬᠦᠷᠦᠭᠦᠯᠦᠨ᠎ᠡ᠃ ᠡᠭᠦᠨ᠎ᠤ ᠬᠠᠮᠲᠤ᠂ ᠣᠯᠠᠨ ᠨᠡᠢ᠌ᠲᠡ ᠵᠢᠨ ᠠᠷᠢᠭᠤᠨ ᠴᠡᠪᠡᠷ᠎ᠤᠨ ᠲᠠᠰᠤᠯᠭ᠎ᠠ᠎ᠳᠤ ᠥᠭᠡᠷᠡᠴᠢᠯᠡᠯᠲᠡ ᠬᠢᠵᠦ᠂ ᠨᠥᠯᠥᠭᠡᠲᠦ ᠰᠢᠭᠡᠬᠦ ᠰᠠᠪᠠ᠂ ᠤᠰᠤᠨ ᠬᠠᠢ᠌ᠷᠴᠠᠭ᠂ ᠭᠢᠰᠬᠢᠭᠦᠷ ᠨᠡᠭᠡᠯᠡᠬᠡᠶ᠂ ᠤᠰᠤ ᠠᠷᠪᠢᠯᠠᠬᠤ ᠭᠣᠭᠣᠵᠢᠭᠤᠷ ᠵᠡᠷᠭᠡ ᠵᠢ ᠤᠭᠰᠠᠷᠠᠭᠰᠠᠨ ᠪᠠᠢ᠌ᠨ᠎ᠠ᠃
    《ᠪᠢᠳᠡ ᠡᠯ᠎ᠡ ᠤᠰᠤ ᠬᠡᠷᠡᠭᠯᠡᠬᠦ ᠦᠢᠯᠡᠴᠢᠯᠡᠭᠡᠨ᠎ᠤ ᠲᠠᠯᠠᠪᠤᠷ ᠭᠠᠵᠠᠷ᠎ᠲᠤ ᠤᠰᠤᠨ᠎ᠤ ᠬᠡᠮᠵᠢᠭᠦᠷ ᠨᠠᠮᠠᠨ ᠤᠭᠰᠠᠷᠠᠵᠤ᠂ ᠤᠰᠤ ᠬᠡᠷᠡᠭᠯᠡᠬᠦ ᠬᠡᠮᠵᠢᠶ᠎ᠡ ᠵᠢ ᠴᠠᠭ ᠲᠤᠬᠠᠶ᠎ᠳᠤ᠎ᠨᠢ ᠬᠢᠨᠠᠨ ᠡᠵᠡᠮᠳᠡᠵᠦ᠂ ᠤᠰᠤ ᠬᠡᠷᠡᠭᠯᠡᠬᠦ ᠬᠡᠮᠵᠢᠶ᠎ᠡ ᠨᠡᠮᠡᠭᠳᠡᠭᠰᠡᠨ ᠰᠢᠯᠲᠠᠭ᠋ᠠᠨ᠎ᠢ ᠴᠠᠭ ᠲᠤᠬᠠᠶ᠎ᠳᠤ᠎ᠨᠢ ᠵᠠᠳᠠᠯᠤᠭ᠋ᠠᠳ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠠᠪᠴᠤ᠂ ᠤᠰᠤ ᠠᠷᠪᠢᠯᠠᠬᠤ ᠤᠬᠠᠭᠤᠯᠭ᠎ᠠ ᠵᠢᠯᠣᠭᠣᠳᠣᠯᠭ᠎ᠠ ᠵᠡᠷᠭᠡ ᠵᠢ ᠥᠷᠨᠢᠭᠦᠯᠵᠦ᠂ 2025 ᠣᠨ᠎ᠤ ᠪᠦᠬᠦ ᠵᠢᠯ᠎ᠳᠤ 2300 ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠬᠤ᠎ᠪᠠᠷ ᠵᠢᠱ᠌ᠢᠵᠦ ᠪᠠᠢ᠌ᠨ᠎ᠠ》 ᠭᠡᠵᠦ ᠯᠢᠦ ᠰᠢᠶᠤᠤ ᠯᠦᠩ ᠬᠡᠯᠡᠪᠡ᠃
    《ᠪᠢᠳᠡ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠵᠢᠨ ᠬᠥᠲᠥᠯᠦᠨ ᠳᠠᠭ᠋ᠠᠭᠤᠯᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠎ᠤᠨ         〈ᠤᠰᠤ ᠠᠷᠪᠢᠯᠠᠬᠤ ᠥᠷᠲᠡᠭᠡ〉 ᠵᠢᠨ ᠲᠤᠷᠰᠢᠯᠲᠠ ᠵᠢᠨ ᠴᠡᠭ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠥᠷᠨᠢᠭᠦᠯᠵᠦ᠂ ᠦᠢᠯᠡᠴᠢᠯᠡᠭᠡᠨ᠎ᠤ ᠲᠣᠭᠣᠷᠢᠭ᠎ᠢ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠲᠦᠭᠡᠮᠡᠯᠵᠢᠭᠦᠯᠦᠭᠰᠡᠨ᠂ ᠤᠰᠤ ᠬᠡᠷᠡᠭᠯᠡᠬᠦ ᠬᠠᠮᠢᠶᠠᠷᠤᠯᠲᠠ᠎ᠨᠢ ᠨᠠᠷᠢᠯᠢᠭ᠂ ᠤᠰᠤ ᠠᠷᠪᠢᠯᠠᠬᠤ ᠠᠭᠤᠷ ᠠᠮᠢᠰᠬᠤᠯ᠎ᠨᠢ ᠭᠦᠨ ᠵᠤᠵᠠᠭ᠋ᠠᠨ ᠪᠠᠢ᠌ᠬᠤ ᠤᠰᠤ ᠠᠷᠪᠢᠯᠠᠬᠤ ᠵᠢᠱ᠌ᠢᠶ᠎ᠡ ᠦᠵᠡᠭᠦᠯᠬᠦ ᠵᠢᠭᠰᠠᠭ᠋ᠠᠯ᠎ᠤᠨ ᠭᠠᠵᠠᠷ ᠪᠣᠯᠭ᠋ᠠᠨ ᠪᠠᠢ᠌ᠭᠤᠯᠵᠤ᠂ ᠠᠵᠢᠯ ᠲᠥᠷᠥᠯ᠎ᠢ ᠳᠠᠢ᠌ᠴᠢᠯᠠᠨ ᠪᠦᠳᠦᠭᠦᠯᠢᠭ ᠵᠶ᠋ᠠᠷ ᠤᠰᠤ ᠬᠡᠷᠡᠭᠯᠡᠵᠦ ᠪᠠᠢ᠌ᠭᠰᠠᠨ᠎ᠠᠴᠠ ᠨᠠᠷᠢᠯᠢᠭᠵᠢᠭᠤᠯᠤᠨ ᠤᠰᠤ ᠬᠡᠷᠡᠭᠯᠡᠬᠦ ᠵᠢᠴᠢ ᠦᠷᠭᠦᠯᠵᠢᠯᠡᠬᠦᠢ᠌ᠴᠡ ᠬᠦᠭᠵᠢᠯᠲᠡ ᠵᠢᠨ ᠤᠰᠤ ᠬᠡᠷᠡᠭᠯᠡᠬᠦ ᠲᠠᠢ᠌ᠰᠢ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠳᠤ ᠵᠠᠮ ᠬᠠᠷᠢᠯᠴᠠᠭ᠋ᠠᠨ᠎ᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠵᠠᠰᠠᠮᠠᠯ ᠵᠠᠮ᠎ᠤᠨ ᠭᠠᠵᠠᠷ᠎ᠤᠨ ᠳᠡᠳ᠋ ᠭᠠᠵᠠᠷ᠎ᠤᠨ ᠲᠠᠰ᠎ᠤᠨ ᠺᠠᠳ᠋ᠷ ᠸᠠᠩ ᠱᠠᠨ ᠸᠧᠶ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠳᠤ ᠠᠩᠬᠠᠳᠠᠭᠴᠢ! ᠬᠣᠲᠠ ᠠᠯᠤᠰᠯᠠᠭᠰᠠᠨ ᠵᠠᠮ᠎ᠤᠨ ᠰᠢᠯᠭ᠋ᠠᠯᠲᠠ ᠵᠢ ᠪᠡᠶᠡᠯᠡᠭᠦᠯᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠭᠣᠤᠯ ᠬᠥᠭᠥᠷᠭᠡ ᠵᠢᠨ ᠲᠤᠯᠭ᠋ᠠᠭᠤᠷ᠎ᠢ ᠪᠦᠬᠦᠨ᠎ᠢ ᠪᠠᠷᠢᠵᠤ ᠳᠠᠭᠤᠰᠬᠠᠪᠠ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
ᠨᠢᠰᠬᠡᠯ᠎ᠤᠨ ᠪᠠᠭᠤᠳᠠᠯ᠎ᠤᠨ ᠬᠠᠵᠠᠭᠤ᠎ᠳᠤ 5A ᠲᠠᠰ᠎ᠤᠨ ᠦᠵᠡᠮᠵᠢ ᠵᠢᠨ ᠣᠷᠣᠨ ᠪᠣᠯᠣᠨ᠎ᠠ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠢᠩᠬᠢᠨᠢ᠎ᠪᠠᠷ ᠨᠡᠪᠲᠡᠷᠡᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠥᠪᠥᠷ ᠮᠣᠩᠭᠣᠯ᠎ᠳᠠᠬᠢ ᠬᠡᠰᠡᠭ᠎ᠤᠨ ᠵᠠᠮ ᠲᠡᠮᠦᠷ᠎ᠢ ᠳᠡᠪᠢᠰᠴᠦ ᠳᠠᠭᠤᠰᠬᠠᠪᠠ
 
            