ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠳᠤ ᠠᠩᠬᠠᠳᠠᠭᠴᠢ! ᠬᠣᠲᠠ ᠠᠯᠤᠰᠯᠠᠭᠰᠠᠨ ᠵᠠᠮ᠎ᠤᠨ ᠰᠢᠯᠭ᠋ᠠᠯᠲᠠ ᠵᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-04-22

    ᠣᠢ᠌ᠷ᠎ᠠ᠎ᠳᠤ᠂ ᠠᠯᠢ ᠣᠯᠠᠨ ᠨᠠᠷᠢᠨ ᠨᠢᠭᠲᠠ ᠠᠮᠤᠷ ᠲᠦᠪᠰᠢᠨ᠎ᠤ ᠪᠠᠢ᠌ᠴᠠᠭ᠋ᠠᠯᠲᠠ᠎ᠪᠠᠷ ᠳᠡᠮᠵᠢᠨ᠂ ᠨᠢᠭᠡ ᠵᠢᠯᠣᠭᠣᠴᠢ ᠺᠠᠷᠯ᠎ᠤᠨ ᠬᠥᠳᠡᠯᠭᠡᠬᠦ ᠬᠦᠴᠦᠨ᠎ᠤ L2 ᠳᠡᠰ᠎ᠤᠨ ᠠᠶᠠᠯᠠᠯ ᠵᠠᠮᠴᠢᠯᠠᠬᠤ ᠲᠡᠷᠭᠡ ᠵᠢ ᠵᠢᠯᠣᠭᠣᠳᠴᠤ᠂ ᠨᠢᠭᠡᠨ L4 ᠳᠡᠰ᠎ᠤᠨ ᠠᠦ᠋ᠲ᠋ᠣ᠋ ᠵᠢᠯᠣᠭᠣᠳᠬᠤ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠎ᠢ ᠬᠦᠲᠦᠯᠦᠨ ᠠᠯᠭᠤᠷᠬᠠᠨ ᠵᠶ᠋ᠠᠷ ᠣᠷᠳᠣᠰ ᠬᠣᠲᠠ ᠵᠢᠨ ᠳ᠋ᠦᠩᠱ᠌ᠧᠩ᠎ᠤᠨ ᠸᠠᠨ ᠯᠢ ᠡᠬᠡ ᠬᠠᠭᠤᠷᠠᠶ ᠵᠢᠨ ᠭᠠᠷᠠᠮ᠎ᠠᠴᠠ ᠭᠠᠷᠴᠤ᠂ 210 ᠤᠯᠤᠰ᠎ᠤᠨ ᠵᠠᠮ᠂ G65 ᠪᠤᠭᠤᠲᠤ᠎ᠠᠴᠠ ᠮᠣᠤᠮᠢᠩ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠬᠡᠰᠡᠭ᠂ ᠪᠤᠭᠤᠲᠤ ᠵᠢᠨ ᠡᠮᠦᠨ᠎ᠡ ᠲᠣᠭᠣᠷᠢᠯ ᠵᠠᠮ ᠵᠶ᠋ᠠᠷ ᠥᠩᠭᠡᠷᠡᠨ᠂ ᠡᠴᠦᠰ᠎ᠲᠤ᠎ᠪᠠᠨ ᠪᠤᠭᠤᠲᠤ ᠵᠢᠨ ᠪᠠᠷᠠᠭᠤᠨ ᠬᠡᠰᠡᠭ᠎ᠤᠨ ᠡᠬᠡ ᠬᠠᠭᠤᠷᠠᠶ ᠵᠢᠨ ᠭᠠᠷᠠᠮ᠎ᠳᠤ ᠬᠦᠷᠴᠦ᠂ 98 ᠺᠢᠯᠣᠮᠧᠲᠷ᠎ᠤᠨ ᠬᠣᠲᠠ ᠠᠯᠤᠰᠯᠠᠭᠰᠠᠨ ᠵᠠᠮ᠎ᠤᠨ ᠰᠢᠯᠭ᠋ᠠᠯᠲᠠ ᠵᠢ ᠪᠡᠶᠡᠯᠡᠭᠦᠯᠪᠡ᠃
    ᠡᠨᠳᠡ ᠬᠦᠷᠦᠭᠡᠳ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠣᠷᠣᠨ ᠪᠦᠰᠡ ᠠᠯᠤᠰᠯᠠᠭᠰᠠᠨ ᠠᠦ᠋ᠲ᠋ᠣ᠋ ᠵᠢᠯᠣᠭᠣᠳᠬᠤ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ᠎ᠤ ᠵᠠᠮ᠎ᠤᠨ ᠲᠤᠷᠰᠢᠯᠲᠠ ᠵᠢ ᠤᠷᠤᠭᠰᠢᠲᠠᠶ ᠪᠡᠶᠡᠯᠡᠭᠦᠯᠪᠡ᠃

20250422-1.png


    ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠣᠷᠳᠣᠰ᠂ ᠪᠤᠭᠤᠲᠤ ᠬᠣᠶᠠᠷ ᠭᠠᠵᠠᠷ᠎ᠤᠨ ᠬᠠᠮᠵᠢᠯᠴᠠᠨ ᠠᠬᠢᠭᠤᠯᠤᠯ ᠳᠣᠣᠷ᠎ᠠ᠂ ᠣᠷᠳᠣᠰ ᠬᠣᠲᠠ ᠵᠢᠨ ᠳ᠋ᠦᠩᠱ᠌ᠧᠩ᠎ᠤᠨ ᠸᠠᠨ ᠯᠢ ᠡᠬᠡ ᠬᠠᠭᠤᠷᠠᠶ ᠵᠢᠨ ᠭᠠᠷᠠᠮ — ᠪᠤᠭᠤᠲᠤ ᠬᠣᠲᠠ ᠵᠢᠨ ᠪᠠᠷᠠᠭᠤᠨ ᠬᠡᠰᠡᠭ᠎ᠤᠨ ᠡᠬᠡ ᠬᠠᠭᠤᠷᠠᠶ ᠵᠢᠨ ᠭᠠᠷᠠᠮ᠎ᠢ ᠲᠤᠷᠰᠢᠯᠲᠠ ᠵᠢᠨ ᠱᠤᠭᠤᠮ ᠪᠣᠯᠭ᠋ᠠᠬᠤ᠎ᠪᠠᠷ ᠲᠣᠭᠲᠠᠭ᠋ᠠᠪᠠ᠃
   ᠲᠣᠰ ᠤᠳᠠᠭ᠋ᠠᠨ᠎ᠤ ᠰᠢᠯᠭ᠋ᠠᠯᠲᠠ᠎ᠳᠤ ᠰᠢᠨ᠎ᠡ ᠡᠨᠧᠷᠭᠢ ᠵᠢᠨ ᠠᠦ᠋ᠲ᠋ᠣ᠋ ᠵᠢᠯᠣᠭᠣᠳᠬᠤ ᠬᠦᠨᠳᠦ ᠠᠴᠢᠶᠠᠨ᠎ᠤ ᠮᠠᠰᠢᠨ᠎ᠢ ᠠᠩᠭᠢ ᠬᠤᠪᠢᠶᠠᠨ ᠲᠡᠭᠡᠭᠡᠪᠦᠷᠢᠯᠡᠬᠦ ᠵᠠᠭᠪᠤᠷ᠎ᠢ ᠬᠡᠷᠡᠭᠯᠡᠵᠦ᠂ ᠨᠢᠭᠡ L2 ᠲᠠᠰ᠎ᠤᠨ ᠠᠦ᠋ᠲ᠋ᠣ᠋ ᠵᠢᠯᠣᠭᠣᠳᠬᠤ ᠬᠦᠨᠳᠦ ᠠᠴᠢᠶᠠᠨ᠎ᠤ ᠮᠠᠰᠢᠨ ᠵᠶ᠋ᠠᠷ ᠨᠢᠭᠡ L4 ᠲᠠᠰ᠎ᠤᠨ ᠠᠦ᠋ᠲ᠋ᠣ᠋ ᠵᠢᠯᠣᠭᠣᠳᠬᠤ ᠬᠦᠨᠳᠦ ᠠᠴᠢᠶᠠᠨ᠎ᠤ ᠮᠠᠰᠢᠨ᠎ᠢ ᠬᠦᠲᠦᠯᠵᠦ᠂ ᠠᠮᠤᠷ ᠲᠦᠪᠰᠢᠨ᠎ᠤ ᠬᠠᠮᠠᠭ᠋ᠠᠯᠠᠭᠴᠢ ᠳᠣᠭᠢᠷᠠᠭᠤᠯᠤᠭᠰᠠᠨ ᠨᠥᠬᠥᠴᠡᠯ ᠳᠣᠤᠷ᠎ᠠ ᠵᠠᠮ᠎ᠳᠤ ᠭᠠᠷᠴᠤ ᠲᠤᠷᠰᠢᠨ ᠬᠡᠷᠡᠭᠯᠡᠵᠦ᠂ ᠣᠷᠣᠨ ᠪᠦᠰᠡ ᠠᠯᠤᠰᠯᠠᠭᠰᠠᠨ ᠭᠣᠤᠯ ᠱᠤᠭᠤᠮ᠎ᠤᠨ ᠲᠡᠭᠡᠭᠡᠪᠦᠷᠢ ᠵᠢᠨ ᠠᠬᠤᠶ ᠪᠠᠢ᠌ᠳᠠᠯ ᠳᠣᠤᠷ᠎ᠠ ᠠᠩᠭᠢ ᠬᠤᠪᠢᠶᠠᠨ ᠠᠦ᠋ᠲ᠋ᠣ᠋ ᠵᠢᠯᠣᠭᠣᠳᠬᠤ ᠵᠢ ᠪᠡᠶᠡᠯᠡᠭᠦᠯᠪᠡ᠃
    ᠣᠢ᠌ᠯᠠᠭ᠋ᠠᠭᠰᠠᠨ ᠵᠶ᠋ᠠᠷ᠂ ᠡᠢ᠌ᠮᠦᠷᠬᠦᠦ ᠣᠶᠤᠨᠴᠢ ᠬᠣᠯᠢᠯᠳᠤᠭᠰᠠᠨ ᠠᠩᠭᠢ ᠵᠢᠨ ᠠᠮᠤᠷ ᠲᠦᠪᠰᠢᠨ᠎ᠤ ᠴᠢᠨᠠᠷ᠎ᠨᠢ ᠬᠥᠮᠦᠨ ᠵᠢᠯᠣᠭᠣᠳᠬᠤ᠎ᠠᠴᠠ 5 ᠳᠠᠬᠢᠨ ᠳᠡᠭᠡᠭᠰᠢᠯᠡᠵᠦ᠂ ᠠᠩᠭᠢ ᠪᠠᠢ᠌ᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠬᠠᠮᠤᠭ᠎ᠤᠨ ᠥᠨᠳᠥᠷ᠎ᠲᠤ᠎ᠪᠠᠨ ᠡᠨᠧᠷᠭᠢ ᠵᠢ 10%᠎ᠪᠠᠷ ᠠᠷᠪᠢᠯᠠᠵᠤ᠂ ᠵᠢᠯ ᠪᠦᠷᠢ ᠲᠡᠷᠭᠡ ᠪᠦᠷᠢ᠎ᠳᠤ ᠬᠡᠳᠦᠨ ᠲᠦᠮᠡᠨ ᠲᠥᠭᠥᠷᠢᠭ᠎ᠤᠨ ᠥᠪᠡᠷ᠎ᠤᠨ ᠥᠷᠲᠡᠭ᠎ᠢ ᠠᠷᠪᠢᠯᠠᠬᠤ ᠪᠣᠯᠣᠨ᠎ᠠ᠃ ᠡᠭᠦᠨ᠎ᠤ ᠬᠠᠮᠲᠤ ᠬᠠᠮᠤᠭ᠎ᠤᠨ ᠰᠢᠨ᠎ᠡ ᠬᠣᠯᠢᠯᠳᠤᠭᠰᠠᠨ ᠲᠡᠭᠡᠭᠡᠪᠦᠷᠢ ᠵᠢᠨ ᠬᠦᠴᠦᠨ᠎ᠤ AI ᠲᠣᠬᠢᠷᠠᠭᠤᠯᠤᠯᠲᠠ ᠵᠢᠨ ᠲᠠᠪᠴᠠᠩ᠎ᠢ ᠠᠰᠢᠭᠯᠠᠵᠤ᠂ 10% ᠵᠢᠨ ᠡᠵᠡᠩᠨᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠠᠮᠢᠶᠠᠷᠤᠯᠲᠠ ᠵᠢᠨ ᠥᠪᠡᠷ᠎ᠤᠨ ᠥᠷᠲᠡᠭ᠎ᠢ 50%᠎ᠪᠠᠷ ᠪᠠᠭᠤᠷᠠᠭᠤᠯᠵᠤ ᠪᠣᠯᠤᠨ᠎ᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠭᠣᠤᠯ ᠬᠥᠭᠥᠷᠭᠡ ᠵᠢᠨ ᠲᠤᠯᠭ᠋ᠠᠭᠤᠷ᠎ᠢ ᠪᠦᠬᠦᠨ᠎ᠢ ᠪᠠᠷᠢᠵᠤ ᠳᠠᠭᠤᠰᠬᠠᠪᠠ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
ᠨᠢᠰᠬᠡᠯ᠎ᠤᠨ ᠪᠠᠭᠤᠳᠠᠯ᠎ᠤᠨ ᠬᠠᠵᠠᠭᠤ᠎ᠳᠤ 5A ᠲᠠᠰ᠎ᠤᠨ ᠦᠵᠡᠮᠵᠢ ᠵᠢᠨ ᠣᠷᠣᠨ ᠪᠣᠯᠣᠨ᠎ᠠ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠢᠩᠬᠢᠨᠢ᠎ᠪᠠᠷ ᠨᠡᠪᠲᠡᠷᠡᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠥᠪᠥᠷ ᠮᠣᠩᠭᠣᠯ᠎ᠳᠠᠬᠢ ᠬᠡᠰᠡᠭ᠎ᠤᠨ ᠵᠠᠮ ᠲᠡᠮᠦᠷ᠎ᠢ ᠳᠡᠪᠢᠰᠴᠦ ᠳᠠᠭᠤᠰᠬᠠᠪᠠ
ᠣᠷᠳᠣᠰ᠎ᠤᠨ ᠨᠢᠰᠬᠡᠯ᠎ᠤᠨ ᠪᠠᠭᠤᠳᠠᠯ᠎ᠤᠨ ᠪᠦᠯᠦᠭᠯᠡᠯ ᠡᠯᠡᠰᠦᠨ ᠴᠥᠯ᠎ᠤᠨ ᠬᠠᠯᠠᠭᠤᠨ ᠬᠡᠢ᠌ᠲᠦ ᠪᠥᠮᠪᠥᠭᠡ ᠵᠢᠨ ᠲᠥᠷᠥᠯ ᠵᠦᠢᠯ᠎ᠢ ᠡᠬᠢᠯᠡᠭᠦᠯᠵᠦ ᠳᠣᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ᠎ᠳᠤ ᠬᠦᠴᠦᠨ ᠨᠡᠮᠡᠷᠢᠯᠡᠨ᠎ᠡ
 
            