ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠨᠢᠰᠬᠡᠯ᠎ᠤᠨ ᠪᠠᠭᠤᠳᠠᠯ᠎ᠤᠨ ᠬᠠᠵᠠᠭᠤ᠎ᠳᠤ 5A ᠲᠠᠰ᠎ᠤᠨ ᠦᠵᠡᠮᠵᠢ ᠵᠢᠨ ᠣᠷᠣᠨ ᠪᠣᠯᠣᠨ᠎ᠠ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠢᠩᠬᠢᠨᠢ᠎ᠪᠠᠷ ᠨᠡᠪᠲᠡᠷᠡᠪᠡ
ᠨᠡᠶ᠋ᠢᠲᠡᠯᠡᠭᠰᠡᠨ ᠴᠠᠭ᠄ 2025-05-29

    5 ᠳ᠋ᠤᠭ᠋ᠠᠷ ᠰᠠᠷ᠎ᠠ ᠵᠢᠨ 25᠎ᠤ ᠡᠳᠦᠷ᠂ ᠴᠢᠩ ᠱᠦᠶ ᠾᠧ— ᠬᠥᠬᠡᠬᠣᠲᠠ ᠵᠢᠨ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠢᠩᠬᠢᠨᠢ᠎ᠪᠠᠷ ᠠᠶᠠᠯᠠᠯ ᠨᠡᠪᠲᠡᠷᠡᠪᠡ᠃ ᠬᠥᠬᠡᠬᠣᠲᠠ ᠵᠢᠨ ᠴᠠᠭ᠋ᠠᠨ ᠰᠤᠪᠤᠷᠭ᠎ᠠ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠨᠠᠢ᠌ᠳᠠᠨ ᠬᠠᠮᠢᠶᠠᠷᠤᠭᠤᠯᠤᠭᠰᠠᠨ ᠠᠩᠬᠠᠳᠠᠭᠴᠢ A1 ᠲᠥᠷᠥᠯ᠎ᠤᠨ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠪᠣᠯᠤᠭᠰᠠᠨ᠎ᠤ ᠬᠤᠪᠢ᠎ᠳᠤ᠂ ᠴᠢᠩ ᠱᠦᠶ ᠾᠧ ᠵᠢᠨ ᠯᠣᠤ ᠨᠢᠤ ᠸᠠᠨ ᠨᠢᠰᠬᠡᠯ᠎ᠤᠨ ᠪᠠᠭᠤᠳᠠᠯ᠎ᠤᠨ ᠣᠢ᠌ᠷ᠎ᠠ ᠵᠠᠮ᠎ᠤᠨ ᠲᠡᠭᠡᠭᠡᠪᠦᠷᠢ ᠵᠢᠨ ᠠᠭ᠋ᠠᠷ᠎ᠤᠨ ᠠᠶᠠᠯᠠᠯ᠎ᠤᠨ ᠱᠤᠭᠤᠮ᠎ᠨᠢ ᠬᠥᠬᠡᠬᠣᠲᠠ ᠵᠢᠨ ᠬᠡᠪᠴᠢᠶᠡᠨ᠎ᠤ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠲᠣᠤᠷ᠎ᠤᠨ ᠪᠠᠢ᠌ᠭᠤᠯᠤᠯᠲᠠ ᠴᠣ᠋ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ᠂ ᠬᠥᠬᠡᠬᠣᠲᠠ ᠵᠢᠨ ᠴᠣᠷ᠎ᠤᠨ ᠭᠠᠭᠴᠠ 5A ᠲᠠᠰ᠎ᠤᠨ ᠦᠵᠡᠮᠵᠢ ᠵᠢᠨ ᠣᠷᠣᠨ — — ᠯᠣᠤ ᠨᠢᠤ ᠸᠠᠨ᠎ᠤ ᠬᠠᠲᠤᠨ ᠭᠣᠤᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ᠎ᠳᠤ ᠲᠤᠰᠬᠠᠶ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠦᠢᠯᠡᠴᠢᠯᠡᠭᠡ ᠬᠠᠩᠭ᠋ᠠᠬᠤ ᠪᠣᠯᠤᠨ᠎ᠠ᠃

0529-1.jpg


    ᠣᠢ᠌ᠯᠠᠭ᠋ᠠᠭᠰᠠᠨ ᠵᠶ᠋ᠠᠷ᠂ ᠬᠥᠬᠡᠬᠣᠲᠠ — ᠴᠢᠩ ᠱᠦᠶ ᠾᠧ ᠵᠢᠨ ᠣᠢ᠌ᠷ᠎ᠠ ᠵᠠᠮ᠎ᠤᠨ ᠲᠡᠭᠡᠭᠡᠪᠦᠷᠢ ᠵᠢᠨ ᠡᠭᠡᠯᠵᠢ ᠵᠢᠨ ᠨᠢᠰᠬᠡᠯ᠎ᠨᠢ ᠶᠠ ᠵᠢᠶᠧ ᠨᠡᠢ᠌ᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠬᠢᠵᠠᠭ᠋ᠠᠷᠲᠤ ᠺᠣᠮᠫᠠᠨᠢ᠎ᠠᠴᠠ ᠬᠠᠷᠢᠭᠤᠴᠠᠵᠤ᠂ ᠭᠠᠷᠠᠭ ᠪᠦᠷᠢ 4 ᠡᠭᠡᠯᠵᠢ ᠨᠢᠰᠬᠦ ᠪᠣᠯᠣᠨ᠎ᠠ᠃
     ᠡᠭᠡᠯᠵᠢ ᠵᠢᠨ ᠨᠢᠰᠬᠡᠯ᠎ᠤᠨ ᠮᠡᠳᠡᠭᠡ ᠵᠠᠩᠭᠢ
     ᠬᠥᠬᠡᠬᠣᠲᠠ᠎ᠠᠴᠠ ᠨᠢᠰᠬᠦ ᠴᠠᠭ   09᠄ 15
     ᠴᠢᠩ ᠱᠦᠶ ᠾᠧ ᠵᠢᠨ ᠯᠣᠤ ᠨᠢᠤ ᠸᠠᠨ ᠨᠢᠰᠬᠡᠯ᠎ᠤᠨ ᠪᠠᠭᠤᠳᠠᠯ᠎ᠠᠴᠠ ᠨᠢᠰᠬᠦ ᠴᠠᠭ  10᠄ 15

    ᠪᠦᠬᠦ ᠶᠠᠪᠤᠴᠠ᠎ᠨᠢ ᠵᠥᠪᠬᠡᠨ 30 ᠮᠢᠨᠦ᠋ᠲ ᠬᠡᠷᠡᠭᠰᠡᠨ᠎ᠡ᠂ ᠭᠠᠵᠠᠷ ᠳᠡᠭᠡᠷᠡᠬᠢ ᠵᠠᠮ ᠬᠠᠷᠢᠯᠴᠠᠭ᠎ᠠ᠎ᠠᠴᠠ 2 ᠴᠠᠭ 30 ᠮᠢᠨᠦ᠋ᠲ ᠠᠷᠪᠢᠯᠠᠨ᠎ᠠ᠃ ᠨᠢᠰᠬᠡᠯ᠎ᠤᠨ ᠬᠡᠯᠪᠡᠷᠢ᠎ᠨᠢ PC - 12  ᠪᠠᠢ᠌ᠵᠤ᠂ 7 ᠠᠶᠠᠨᠴᠢᠨ᠎ᠢ ᠰᠠᠭᠤᠯᠭ᠋ᠠᠵᠤ ᠪᠣᠯᠤᠨ᠎ᠠ᠃

0529-2.jpg


     ᠣᠢ᠌ᠯᠠᠭ᠋ᠠᠭᠰᠠᠨ ᠵᠶ᠋ᠠᠷ᠂ ᠴᠢᠩ ᠱᠦᠶ ᠾᠧ ᠵᠢᠨ ᠯᠣᠤ ᠨᠢᠤ ᠸᠠᠨ ᠨᠢᠰᠬᠡᠯ᠎ᠤᠨ ᠪᠠᠭᠤᠳᠠᠯ᠎ᠨᠢ ᠳᠣᠤᠷ᠎ᠠ ᠠᠭ᠋ᠠᠷ᠎ᠤᠨ ᠵᠢᠭᠤᠯᠴᠢᠯᠠᠯ ᠵᠡᠷᠭᠡ ᠲᠤᠬᠠᠢ᠌ᠯᠠᠭᠰᠠᠨ ᠠᠵᠢᠯ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠠᠭ᠋ᠠᠷ᠎ᠤᠨ ᠠᠶᠠᠯᠠᠯ᠎ᠤᠨ ᠲᠤᠬᠠᠢ᠌ᠯᠠᠭᠰᠠᠨ ᠠᠵᠢᠯ ᠵᠶ᠋ᠠᠷ ᠳᠠᠮᠵᠢᠭᠤᠯᠤᠨ ᠠᠶᠠᠨᠴᠢᠳ᠎ᠤᠨ ᠴᠤᠪᠤᠷᠠᠯ᠎ᠢ ᠲᠠᠲᠠᠵᠤ᠂ 《ᠠᠭ᠋ᠠᠷ᠎ᠤᠨ ᠠᠶᠠᠯᠠᠯ + ᠠᠮᠢ ᠠᠬᠤᠶ ᠵᠢᠨ ᠵᠢᠭᠤᠯᠴᠢᠯᠠᠯ》᠎ᠤᠨ ᠵᠠᠭᠪᠤᠷ᠎ᠢ ᠪᠠᠢ᠌ᠭᠤᠯᠵᠤ᠂ ᠯᠣᠤ ᠨᠢᠤ ᠸᠠᠨ ᠦᠵᠡᠮᠵᠢ ᠵᠢᠨ ᠣᠷᠣᠨ᠎ᠤ ᠡᠵᠡᠩᠨᠡᠯᠲᠡ ᠵᠢᠨ ᠪᠠᠢ᠌ᠳᠠᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠠᠵᠤ ᠠᠬᠤᠶ ᠪᠠ ᠵᠠᠮ ᠬᠠᠷᠢᠯᠴᠠᠭ᠋ᠠᠨ᠎ᠤ ᠬᠥᠭᠵᠢᠯᠲᠡ᠎ᠳᠤ ᠬᠦᠴᠦᠨ ᠨᠡᠮᠡᠷᠢᠯᠡᠬᠦ ᠪᠣᠯᠤᠨ᠎ᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠥᠪᠥᠷ ᠮᠣᠩᠭᠣᠯ᠎ᠳᠠᠬᠢ ᠬᠡᠰᠡᠭ᠎ᠤᠨ ᠵᠠᠮ ᠲᠡᠮᠦᠷ᠎ᠢ ᠳᠡᠪᠢᠰᠴᠦ ᠳᠠᠭᠤᠰᠬᠠᠪᠠ
ᠣᠷᠳᠣᠰ᠎ᠤᠨ ᠨᠢᠰᠬᠡᠯ᠎ᠤᠨ ᠪᠠᠭᠤᠳᠠᠯ᠎ᠤᠨ ᠪᠦᠯᠦᠭᠯᠡᠯ ᠡᠯᠡᠰᠦᠨ ᠴᠥᠯ᠎ᠤᠨ ᠬᠠᠯᠠᠭᠤᠨ ᠬᠡᠢ᠌ᠲᠦ ᠪᠥᠮᠪᠥᠭᠡ ᠵᠢᠨ ᠲᠥᠷᠥᠯ ᠵᠦᠢᠯ᠎ᠢ ᠡᠬᠢᠯᠡᠭᠦᠯᠵᠦ ᠳᠣᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ᠎ᠳᠤ ᠬᠦᠴᠦᠨ ᠨᠡᠮᠡᠷᠢᠯᠡᠨ᠎ᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — G1015 ᠰᠢᠨ ᠹᠠ᠎ᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠭᠣᠤᠯ ᠴᠣᠭᠴᠠ ᠵᠢ ᠪᠠᠷᠢᠵᠤ ᠲᠠᠭᠤᠰᠬᠠᠪᠠ
ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ᠎ᠠᠴᠠ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ 《5 · 1》᠎ᠤ ᠬᠤᠭᠤᠴᠠᠭ᠋ᠠᠨ᠎ᠳᠤ ᠬᠠᠷᠢᠶ᠎ᠠ ᠵᠠᠰᠠᠮᠠᠯ ᠵᠠᠮ᠎ᠤᠨ ᠵᠶ᠋ᠠᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠪᠠ
ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠣᠷᠳᠣᠰ᠎ᠲᠠᠬᠢ ᠬᠤᠪᠢᠶᠠᠷᠢ ᠺᠣᠮᠫᠠᠨᠢ ᠵᠢᠨ᠎ᠬᠢᠨ ᠠᠮᠤᠷ ᠲᠦᠪᠰᠢᠨ᠎ᠤ ᠤᠬᠠᠭᠤᠯᠭ᠎ᠠ ᠵᠢ ᠬᠥᠳᠡᠭᠡ ᠲᠣᠰᠬᠣᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ
 
            