
ᠣᠢ᠌ᠷ᠎ᠠ᠎ᠳᠤ᠂ ᠣᠷᠳᠣᠰ᠎ᠤᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠨᠢ ᠳᠠᠯᠠᠳ ᠬᠣᠰᠢᠭᠤᠨ᠎ᠤ ᠣᠩᠭᠣᠨ ᠲᠠᠯ᠎ᠠ ᠵᠢᠨ ᠡᠯᠡᠰᠦᠨ ᠴᠥᠯ᠎ᠤᠨ ᠦᠵᠡᠮᠵᠢ ᠵᠢᠨ ᠣᠷᠣᠨ᠎ᠳᠤ ᠡᠯᠡᠰᠦᠨ ᠴᠥᠯ᠎ᠤᠨ ᠬᠠᠯᠠᠭᠤᠨ ᠬᠡᠢ᠌ᠲᠦ ᠪᠥᠮᠪᠥᠭᠡ ᠵᠢᠨ ᠵᠢᠭᠤᠯᠴᠢᠯᠠᠯ᠎ᠤᠨ ᠲᠥᠷᠥᠯ ᠵᠦᠢᠯ᠎ᠢ ᠵᠢᠩᠬᠢᠨᠢ᠎ᠪᠠᠷ ᠡᠬᠢᠯᠡᠭᠦᠯᠪᠡ᠂ ᠡᠨᠡ᠎ᠨᠢ ᠣᠷᠳᠣᠰ ᠬᠣᠲᠠ ᠵᠢᠨ 《ᠳᠣᠤᠷ᠎ᠠ ᠠᠭ᠋ᠠᠷ᠎ᠤᠨ ᠠᠵᠤ ᠠᠬᠤᠶ + ᠰᠣᠶᠣᠯ ᠵᠢᠭᠤᠯᠴᠢᠯᠠᠯ》᠎ᠤᠨ ᠠᠭᠤᠰᠤᠯᠴᠠᠯ ᠰᠢᠨ᠎ᠡ ᠱᠠᠲᠤᠨ᠎ᠳᠤ ᠤᠷᠤᠭᠰᠠᠨ᠎ᠢ ᠬᠠᠷᠠᠭᠤᠯᠵᠤ ᠪᠠᠢ᠌ᠨ᠎ᠠ᠃
ᠬᠠᠯᠠᠭᠤᠨ ᠬᠡᠢ᠌ᠲᠦ ᠪᠥᠮᠪᠥᠭᠡ ᠵᠢᠨ ᠲᠥᠷᠥᠯ ᠵᠦᠢᠯ᠎ᠨᠢ ᠵᠢᠭᠤᠯᠴᠢᠯᠠᠯ᠎ᠤᠨ ᠲᠣᠭᠣᠷᠢᠨ ᠦᠵᠡᠬᠦ᠂ ᠰᠣᠶᠣᠯ᠎ᠤᠨ ᠪᠦᠲᠦᠭᠡᠯᠴᠢ ᠰᠡᠳᠬᠢᠮᠵᠢ ᠬᠢᠭᠡᠳ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠢ ᠭᠦᠨᠵᠡᠭᠡᠶ ᠠᠭᠤᠰᠤᠯᠴᠠᠭᠤᠯᠵᠤ᠂ 《ᠲᠣᠭᠣᠷᠢᠨ ᠦᠵᠡᠬᠦ + ᠵᠤᠭ᠎ᠠ ᠴᠡᠩᠭᠡᠯ + ᠵᠢᠭ᠋ᠠᠨ ᠰᠤᠷᠭ᠋ᠠᠯᠲᠠ + ᠡᠵᠡᠩᠨᠡᠯᠲᠡ ᠪᠣᠷᠣᠯᠠᠭᠤᠯᠭ᠎ᠠ +》 ᠣᠯᠠᠨ ᠲᠠᠯ᠎ᠠ ᠵᠢ ᠨᠢᠭᠡ ᠴᠣᠭᠴᠠᠵᠢᠭᠤᠯᠤᠭᠰᠠᠨ ᠨᠡᠢ᠌ᠯᠡᠮᠡᠯ ᠪᠠᠢ᠌ᠳᠠᠯ᠎ᠢ ᠪᠣᠶ ᠪᠣᠯᠭ᠋ᠠᠪᠠ᠃ ᠬᠥᠩᠭᠡᠨ ᠬᠡᠯᠪᠡᠷᠢ ᠵᠢᠨ ᠠᠭ᠋ᠠᠷ᠎ᠤᠨ ᠠᠶᠠᠯᠠᠯ᠎ᠤᠨ ᠪᠠᠷᠲᠠᠭ᠎ᠠ ᠬᠠᠢ᠌ᠬᠤ ᠠᠵᠢᠯᠯᠠᠭ᠎ᠠ ᠵᠢᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠲᠡᠭᠦᠨ᠎ᠤ 360 ᠭ᠋ᠷᠠᠳᠦ᠋ᠰ᠎ᠤᠨ ᠪᠥᠬᠥ ᠦᠵᠡᠮᠵᠢ ᠵᠢᠨ ᠬᠠᠷᠠᠭ᠎ᠠ ᠪᠠ ᠤᠳᠠᠭ᠋ᠠᠨ ᠵᠢᠭᠤᠯᠴᠢᠯᠠᠯ᠎ᠤᠨ ᠪᠡᠶᠡᠴᠢ ᠣᠢ᠌ᠯᠠᠭ᠋ᠠᠯᠲᠠ᠎ᠨᠢ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠳᠡᠭᠡᠳᠦ ᠲᠠᠰ᠎ᠤᠨ ᠳᠣᠤᠷ᠎ᠠ ᠠᠭ᠋ᠠᠷ᠎ᠤᠨ ᠵᠢᠭᠤᠯᠴᠢᠯᠠᠯ᠎ᠤᠨ ᠦᠢᠯᠡᠳᠬᠦᠨ᠎ᠤ ᠬᠣᠭᠣᠰᠣᠨ᠎ᠢ ᠨᠥᠬᠥᠪᠥᠷᠢᠯᠡᠭᠰᠡᠨ ᠵᠶ᠋ᠡᠷ ᠪᠠᠷᠠᠬᠤ ᠥᠬᠡᠶ᠂ ᠨᠠᠩ ᠴᠤ᠌ ᠵᠥᠷᠢᠶᠡᠲᠦ ᠣᠨᠴᠠᠯᠢᠭ ᠵᠶ᠋ᠠᠷ ᠣᠷᠳᠣᠰ᠎ᠤᠨ ᠰᠣᠶᠣᠯ ᠵᠢᠭᠤᠯᠴᠢᠯᠠᠯ᠎ᠤᠨ ᠲᠠᠲᠠᠬᠤ ᠬᠦᠴᠦᠨ᠎ᠢ ᠳᠡᠭᠡᠭᠰᠢᠯᠡᠭᠦᠯᠪᠡ᠃ ᠵᠢᠭᠤᠯᠴᠢᠯᠠᠭᠰᠠᠳ ᠠᠯᠭᠤᠷᠬᠠᠨ ᠵᠶ᠋ᠠᠷ ᠠᠭ᠋ᠠᠷ᠎ᠲᠤ ᠳᠡᠭᠳᠡᠬᠦ ᠶᠠᠪᠤᠴᠠ᠎ᠳᠤ ᠣᠩᠭᠣᠨ ᠲᠠᠯ᠎ᠠ ᠵᠢᠨ ᠡᠯᠡᠰᠦᠨ ᠴᠦᠯ᠎ᠤᠨ ᠨᠡᠯᠦᠭᠡᠷ ᠶᠡᠬᠡ ᠦᠵᠡᠮᠵᠢ ᠵᠢ ᠰᠣᠨᠢᠷᠬᠠᠵᠤ᠂ ᠥᠪᠡᠷᠮᠢᠴᠡ ᠪᠡᠶᠡᠴᠢ ᠣᠢ᠌ᠯᠠᠭ᠋ᠠᠯᠲᠠ᠎ᠨᠢ ᠵᠢᠭᠤᠯᠴᠢᠯᠠᠭᠰᠠᠳ᠎ᠤᠨ ᠦᠵᠡᠮᠵᠢ ᠵᠢᠨ ᠣᠷᠣᠨ᠎ᠳᠤ ᠰᠠᠭ᠋ᠠᠲᠠᠬᠤ ᠴᠠᠭ᠎ᠢ ᠪᠦᠲᠦᠮᠵᠢᠲᠡᠶ ᠤᠷᠲᠤᠳᠬᠠᠵᠤ᠂ ᠡᠷᠬᠢᠨ ᠲᠣᠭᠣᠷᠢᠨ᠎ᠤ ᠢᠳᠡᠭᠡᠨ ᠤᠮᠳᠠᠭ᠋ᠠᠨ᠂ ᠬᠣᠨᠣᠭ ᠪᠠᠭᠤᠳᠠᠯ ᠵᠢᠴᠢ ᠰᠣᠶᠣᠯ᠎ᠤᠨ ᠡᠭᠦᠳᠦᠯᠲᠡ ᠵᠢᠨ ᠬᠡᠷᠡᠭᠯᠡᠭᠡ ᠵᠢ ᠳᠠᠢ᠌ᠴᠢᠯᠠᠵᠤ᠂ 《ᠠᠭ᠋ᠠᠷ ᠲᠡᠭᠡᠷᠡᠬᠢ ᠵᠢᠭᠤᠯᠴᠢᠯᠠᠯ ᠵᠶ᠋ᠠᠷ ᠬᠥᠮᠥᠰ᠎ᠢ ᠲᠠᠲᠠᠨ᠂ ᠭᠠᠵᠠᠷ ᠳᠡᠭᠡᠷᠡᠬᠢ ᠬᠡᠷᠡᠭᠯᠡᠭᠡᠨ ᠲᠡᠢ᠌ᠰᠢ ᠬᠤᠪᠢᠷᠠᠭᠤᠯᠬᠤ》 ᠬᠡᠷᠡᠭᠯᠡᠭᠡᠨ᠎ᠤ ᠬᠡᠯᠬᠢᠶᠡᠵᠢᠭᠰᠡᠨ ᠮᠠᠶᠢᠭ᠎ᠤᠨ ᠰᠣᠶᠣᠯ ᠵᠢᠭᠤᠯᠴᠢᠯᠠᠯ᠎ᠤᠨ ᠠᠵᠤ ᠠᠬᠤᠶ ᠵᠢᠨ ᠨᠥᠯᠥᠭᠡᠯᠡᠯ᠎ᠢ ᠪᠣᠶ ᠪᠣᠯᠭ᠋ᠠᠪᠠ᠃
ᠣᠢ᠌ᠷ᠎ᠠ ᠵᠢᠨ ᠵᠢᠯ᠎ᠠᠴᠠ ᠨᠠᠭ᠋ᠠᠰᠢ᠂ ᠣᠷᠳᠣᠰ᠎ᠤᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠤᠨ᠎ᠬᠢᠨ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠤ ᠦᠢᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠵᠢ ᠠᠬᠢᠭᠤᠯᠵᠤ᠂ 《ᠳᠣᠤᠷ᠎ᠠ ᠠᠭ᠋ᠠᠷ᠎ᠤᠨ ᠠᠵᠤ ᠠᠬᠤᠶ + ᠰᠣᠶᠣᠯ ᠵᠢᠭᠤᠯᠴᠢᠯᠠᠯ》᠎ᠢ ᠠᠭᠤᠰᠤᠯᠴᠠᠭᠤᠯᠬᠤ ᠰᠢᠨ᠎ᠡ ᠤᠷᠤᠯᠳᠤᠭ᠋ᠠᠨ᠎ᠤ ᠵᠠᠮ᠎ᠢ ᠢᠳᠡᠪᠬᠢᠲᠡᠶ ᠥᠷᠭᠡᠳᠬᠡᠵᠦ᠂ ᠲᠠᠷᠠᠭ᠋ᠠᠴᠢ ᠵᠢᠨ ᠠᠯᠬᠤᠮ᠎ᠳᠤ ᠠᠭ᠋ᠠᠷ ᠳᠡᠭᠡᠷᠡᠬᠢ ᠵᠢᠭᠤᠯᠴᠢᠯᠠᠯ᠂ ᠳᠣᠤᠷ᠎ᠠ ᠠᠭ᠋ᠠᠷ᠎ᠤᠨ ᠬᠥᠳᠡᠯᠭᠡᠭᠡᠨ ᠵᠡᠷᠭᠡ ᠣᠯᠠᠨ ᠡᠰᠢᠵᠢᠭᠰᠡᠨ ᠪᠠᠢ᠌ᠳᠠᠯ᠎ᠢ ᠲᠠᠢ᠌ᠯᠬᠤ ᠵᠢ ᠠᠬᠢᠭᠤᠯᠵᠤ᠂ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ ᠪᠣᠯᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠲᠠᠰ ᠳᠠᠪᠰᠢᠯᠲᠠ᠎ᠳᠤ ᠦᠢᠯᠡᠴᠢᠯᠡᠬᠦ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃