
ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠴᠡᠭᠡ ᠪᠣᠭᠣᠮᠲᠠ 133 ᠡᠳᠦᠷ ᠪᠦᠲᠦᠮᠵᠢᠲᠡᠢ ᠪᠤᠭᠤᠮᠲᠠ ᠥᠩᠭᠡᠷᠡᠵᠦ᠂ ᠤᠯᠠᠨ ᠤᠯᠤᠰ᠎ᠤᠨ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠢ᠎ᠡ 1302.85 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.85%᠎ᠪᠠᠷ ᠨᠡᠮᠡᠭᠳᠡᠵᠦ᠂ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠢ᠎ᠡ 7.17 ᠳ᠋ᠦᠩᠰᠢᠭᠤᠷ ᠲᠣᠨ / ᠺᠢᠯᠣᠮᠧᠲᠷ᠂ ᠠᠶᠠᠨᠴᠢᠳ᠎ᠤᠨ ᠵᠥᠭᠡᠭᠡᠪᠦᠷᠢ ᠵᠢᠨ ᠲᠡᠷᠭᠡ 496 ᠤᠳᠠᠭ᠎ᠠ ᠨᠡᠪᠲᠡᠷᠡᠵᠦ᠂ ᠠᠶᠠᠨᠴᠢᠳ᠎ᠤᠨ ᠵᠥᠭᠡᠭᠡᠪᠦᠷᠢ ᠵᠢᠨ ᠬᠡᠮᠵᠢᠶ᠎ᠡ 1.2 ᠲᠦᠮᠡᠨ ᠬᠥᠮᠦᠨ ᠤᠳᠠᠭ᠎ᠠ (ᠠᠵᠢᠯᠯᠠᠭᠰᠠᠳ ᠪᠠᠭᠲᠠᠬᠤ ᠥᠬᠡᠶ)᠎ᠳᠤ ᠬᠥᠷᠪᠡ᠃
ᠣᠢ᠌ᠯᠠᠭ᠋ᠠᠭᠰᠠᠨ ᠵᠶ᠋ᠠᠷ᠂ ᠠᠯᠠᠱ᠌ᠠ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠴᠡᠬᠡ ᠪᠣᠭᠣᠮᠲᠠ ᠵᠢᠨ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠢᠳᠡᠪᠬᠢᠲᠡᠶ ᠠᠬᠢᠭᠤᠯᠵᠤ᠂ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠰᠠᠭ᠋ᠠᠳ ᠥᠬᠡᠶ ᠨᠡᠪᠲᠡᠷᠡᠬᠦ ᠵᠠᠮ᠎ᠢ ᠨᠡᠪᠲᠡᠷᠡᠭᠦᠯᠦᠨ᠂ ᠬᠢᠯᠢ ᠠᠯᠤᠰᠯᠠᠭᠰᠠᠨ ᠲᠡᠭᠡᠭᠡᠪᠦᠷᠢ ᠵᠢᠨ ᠲᠤᠬᠠᠢ᠌ᠯᠠᠭᠰᠠᠨ ᠠᠵᠢᠯ᠎ᠢ 《ᠨᠢᠭᠡ ᠯᠡ ᠤᠳᠠᠭ᠎ᠠ᠎ᠳᠤ ᠭᠦᠢᠴᠡᠳᠬᠡᠵᠦ ᠳᠠᠭᠤᠰᠬᠠᠬᠤ》 ᠲᠦᠷᠢᠮ᠎ᠢ ᠬᠡᠷᠡᠭᠵᠢᠭᠦᠯᠵᠦ᠂ ᠤᠷᠢᠳᠴᠢᠯᠠᠨ ᠭᠤᠶᠤᠴᠢᠯᠠᠨ ᠮᠡᠳᠡᠭᠦᠯᠬᠦ᠂ 24 ᠴᠠᠭ ᠵᠶ᠋ᠠᠷ ᠪᠣᠯᠵᠣᠬᠤ᠂ 《ᠤᠷᠢᠯᠭ᠎ᠠ ᠵᠢᠨ ᠮᠠᠶᠢᠭ》᠎ᠤᠨ ᠬᠠᠤᠯᠢ ᠬᠡᠷᠡᠭᠵᠢᠭᠦᠯᠦᠯᠲᠡ ᠵᠢᠨ ᠵᠢᠯᠣᠭᠣᠳᠣᠯᠭ᠎ᠠ ᠵᠡᠷᠭᠡ 3 ᠲᠥᠷᠥᠯ 13 ᠵᠦᠢᠯ᠎ᠤᠨ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠲᠥᠬᠥᠮ ᠦᠵᠡᠭᠦᠯᠬᠦ ᠪᠣᠳᠠᠲᠠᠶ ᠠᠷᠭ᠎ᠠ ᠬᠡᠮᠵᠢᠶ᠎ᠡ ᠵᠢ ᠳᠡᠯᠭᠡᠷᠡᠭᠦᠯᠦᠨ ᠬᠡᠷᠡᠭᠯᠡᠪᠡ᠃ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠡᠬᠡ ᠬᠠᠭᠤᠷᠠᠶ ᠵᠢᠨ ᠭᠠᠷᠠᠮ + ᠴᠢᠩᠭᠡᠯᠢᠭ》᠎ᠤᠨ ᠨᠢᠭᠡ ᠴᠣᠭᠴᠠᠵᠢᠭᠤᠯᠤᠭᠰᠠᠨ ᠲᠡᠭᠡᠭᠡᠪᠦᠷᠢ ᠵᠢᠨ ᠰᠢᠰᠲ᠋ᠧᠮᠵᠢ ᠵᠢ ᠰᠦᠪᠡᠭᠴᠢᠯᠡᠨ ᠪᠠᠢ᠌ᠭᠤᠯᠵᠤ᠂ 《ᠰᠤᠯᠠ᠎ᠪᠠᠷ ᠲᠡᠭᠡᠭᠡᠪᠦᠷᠢᠯᠡᠵᠦ ᠪᠠᠢ᠌ᠭᠰᠠᠨ᠎ᠢ ᠴᠢᠩᠭᠡᠯᠢᠭ ᠵᠶ᠋ᠡᠷ ᠲᠡᠭᠡᠭᠡᠪᠦᠷᠢᠯᠡᠬᠦ》᠂ AGV ᠠᠦ᠋ᠲ᠋ᠣ᠋ ᠬᠥᠲᠥᠯᠥᠨ ᠳᠠᠭ᠋ᠠᠭᠤᠯᠬᠤ ᠲᠡᠷᠭᠡ᠂ ᠤᠶᠤᠨᠲᠤ ᠬᠦᠨᠳᠦ ᠠᠴᠢᠶᠠᠨ᠎ᠤ ᠮᠠᠰᠢᠨ ᠪᠠ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠬᠢᠯᠢ ᠠᠯᠤᠰᠯᠠᠭᠰᠠᠨ ᠲᠡᠭᠡᠭᠡᠪᠦᠷᠢ ᠵᠢᠨ ᠵᠠᠭᠪᠤᠷ᠎ᠢ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠤᠨ ᠳᠡᠯᠭᠡᠷᠡᠭᠦᠯᠪᠡ᠃ ᠬᠢᠨᠠᠯᠲᠠ ᠬᠠᠮᠢᠶᠠᠷᠤᠯᠲᠠ ᠵᠢ ᠬᠠᠷᠢᠯᠴᠠᠨ ᠮᠡᠳᠡᠷᠡᠬᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠬᠣᠯᠪᠣᠭ᠎ᠠ ᠠᠪᠴᠤ ᠵᠥᠪᠳᠡᠯᠴᠡᠬᠦ ᠵᠡᠷᠭᠡ ᠵᠢ ᠭᠦᠨᠵᠡᠭᠡᠢ᠌ᠷᠡᠭᠦᠯᠵᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠬᠦᠯᠵᠤ᠂ ᠤᠯᠠᠨ ᠤᠯᠤᠰ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠵᠡᠢ᠃
ᠡᠭᠦᠨ᠎ᠠᠴᠠ ᠭᠠᠳᠠᠨ᠎ᠠ᠂ ᠠᠯᠠᠱ᠌ᠠ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ 《ᠦᠵᠡᠭᠳᠡᠮᠡᠯ᠂ ᠣᠨᠣᠪᠴᠢᠯᠠᠭᠰᠠᠨ᠂ ᠬᠠᠮᠵᠢᠯᠴᠠᠭᠰᠠᠨ》 ᠣᠶᠤᠨᠴᠢ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠰᠢᠰᠲ᠋ᠧᠮᠵᠢ ᠵᠢ ᠰᠢᠨ᠎ᠡ᠎ᠪᠠᠷ ᠡᠭᠦᠳᠴᠦ᠂ ᠴᠡᠭᠡ ᠪᠣᠭᠣᠮᠲᠠ᠎ᠳᠤ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠪᠠ ᠵᠢᠯᠣᠭᠣᠴᠢ ᠥᠬᠡᠶ ᠨᠢᠰᠬᠡᠯ᠎ᠤᠨ ᠲᠤᠷᠰᠢᠯᠲᠠ ᠵᠢᠨ ᠲᠥᠷᠥᠯ ᠵᠦᠢᠯ᠎ᠢ ᠪᠠᠢ᠌ᠷᠢᠯᠠᠭᠤᠯᠤᠨ᠂ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠣᠶᠤᠨᠴᠢ ᠬᠢᠨᠠᠯᠲᠠ ᠬᠠᠮᠢᠶᠠᠷᠤᠯᠲᠠ ᠵᠢᠨ ᠬᠡᠷᠡᠭᠯᠡᠭᠡᠨ᠎ᠤ ᠪᠠᠢ᠌ᠳᠠᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠢᠯᠢ᠎ᠪᠠᠷ ᠣᠷᠣᠵᠤ ᠭᠠᠷᠬᠤ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠪᠡ; ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠲᠥᠪ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠢᠯᠢ᠎ᠪᠠᠷ ᠣᠷᠣᠵᠤ ᠭᠠᠷᠬᠤ ᠨᠡᠪᠲᠡᠷᠡᠯ ᠵᠠᠮ᠎ᠢ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠵᠢ ᠪᠦᠷᠢᠨ ᠪᠦᠷᠬᠦᠭᠦᠯᠵᠦ᠂ ᠭᠣᠤᠯᠳᠠᠯᠭ᠎ᠠ᠎ᠲᠠᠢ ᠣᠷᠣᠨ ᠪᠦᠰᠡ ᠵᠢᠨ ᠬᠠᠷᠠᠭ᠋ᠠᠨ ᠳᠠᠪᠲᠠᠮᠵᠢ ᠵᠢᠨ ᠡᠬᠢ ᠪᠠᠶᠠᠯᠢᠭ᠎ᠢ ᠨᠡᠢ᠌ᠯᠡᠭᠦᠯᠵᠦ ᠪᠣᠯᠬᠤ ᠵᠢ ᠴᠢᠳᠠᠬᠤ ᠵᠢᠨ ᠳᠣᠲᠣᠷ᠎ᠠ ᠨᠡᠢ᠌ᠯᠡᠭᠦᠯᠵᠦ᠂ ᠵᠠᠯᠭ᠋ᠠᠭᠤᠯᠵᠤ ᠪᠣᠯᠬᠤ ᠵᠢ᠎ᠨᠢ ᠴᠢᠳᠠᠬᠤ ᠵᠢᠨ ᠳᠣᠲᠣᠷ᠎ᠠ ᠵᠠᠯᠭ᠋ᠠᠭᠤᠯᠵᠤ᠂ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠪᠠ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠦᠨ᠎ᠡ᠃