ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠣᠨᠴᠠᠭ᠋ᠠᠶ ᠴᠠᠭ ᠠᠭᠤᠷ ᠪᠠ ᠪᠠᠢ᠌ᠭ᠋ᠠᠯᠢ ᠵᠢᠨ ᠭᠠᠮᠰᠢᠭ᠎ᠢ ᠠᠷᠭ᠋ᠠᠴᠠᠭ᠋ᠠᠬᠤ᠎ᠨᠢ ᠠᠵᠢᠯ ᠲᠥᠷᠥᠯ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ 
ᠨᠡᠶ᠋ᠢᠲᠡᠯᠡᠭᠰᠡᠨ ᠴᠠᠭ᠄ 2025-07-17

    ᠣᠢ᠌ᠷ᠎ᠠ᠎ᠳᠤ᠂ ᠵᠡᠭᠦᠨᠭ᠋ᠠᠷ ᠬᠣᠰᠢᠭᠤᠨ᠎ᠤ ᠳᠡᠭᠡᠳᠦ ᠲᠠᠰ᠎ᠤᠨ ᠵᠠᠰᠠᠮᠠᠯ ᠵᠠᠮ᠎ᠤᠨ ᠪᠠᠯᠠ ᠣᠷᠣᠭᠤᠯᠤᠯᠲᠠ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠠᠷᠢᠭᠤᠴᠠᠨ ᠪᠠᠢ᠌ᠭᠤᠯᠤᠭᠰᠠᠨ S26 ᠨᠠᠷᠠᠰᠤ᠎ᠠᠴᠠ ᠴᠠᠩ ᠲᠠᠨ (ᠯᠦᠩᠺᠸᠦ) ᠬᠥᠷᠬᠥ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠪᠠᠷᠢᠯᠭ᠎ᠠ᠎ᠨᠢ ᠦᠶᠡᠷ᠎ᠲᠠᠢ ᠲᠡᠮᠡᠴᠡᠵᠦ ᠦᠶᠡᠷ᠎ᠢ ᠰᠡᠷᠭᠡᠢ᠌ᠯᠡᠬᠦ ᠲᠠᠯ᠎ᠠ᠎ᠪᠠᠷ᠎ᠬᠢ ᠰᠢᠨ᠎ᠡ ᠵᠢ ᠡᠭᠦᠳᠬᠦ ᠦᠢᠯᠡᠳᠦᠯᠭᠡ᠎ᠪᠠᠷ ᠵᠶ᠋ᠠᠨ 《ᠪᠥᠬᠥ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠣᠨᠴᠠᠭ᠋ᠠᠢ ᠴᠠᠭ ᠠᠭᠤᠷ ᠪᠠ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠠᠷᠭ᠋ᠠᠴᠠᠭ᠋ᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ》᠎ᠳᠤ ᠠᠮᠵᠢᠯᠲᠠ᠎ᠲᠠᠢ ᠰᠣᠩᠭᠣᠭᠳᠠᠪᠠ᠃

    ᠲᠣᠰ ᠲᠥᠷᠥᠯ ᠵᠦᠢᠯ᠎ᠨᠢ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠬᠢᠯᠢ ᠳᠣᠲᠣᠷ᠎ᠠ ᠪᠠᠢ᠌ᠷᠢᠯᠠᠵᠤ᠂ ᠳᠥᠷᠪᠡᠨ ᠲᠡᠷᠭᠡᠨ ᠵᠠᠮ᠎ᠤᠨ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠥᠲᠥᠭᠡᠨ ᠪᠠᠢ᠌ᠭᠤᠯᠵᠤ᠂ ᠣᠷᠳᠣᠰ᠎ᠤᠨ ᠥᠨᠳᠥᠷᠯᠢᠭ᠎ᠤᠨ ᠵᠡᠭᠦᠨ ᠡᠮᠦᠨᠡᠲᠦ ᠬᠡᠰᠡᠭ ᠪᠠ ᠱᠠᠨ ᠰᠢ ᠱᠠᠨᠰᠢ ᠵᠢᠨ ᠰᠢᠷ᠎ᠠ ᠬᠥᠷᠥᠰᠥᠲᠦ ᠥᠨᠳᠥᠷᠯᠢᠭ᠎ᠤᠨ ᠵᠠᠯᠭ᠋ᠠᠯᠳᠤᠭᠰᠠᠨ ᠣᠷᠣᠨ᠎ᠳᠤ ᠣᠷᠣᠰᠢᠵᠤ᠂ ᠰᠢᠷ᠎ᠠ ᠬᠥᠷᠥᠰᠥᠲᠦ ᠳᠣᠪᠣᠷᠬᠠᠭ ᠭᠣᠤ ᠭᠠᠩᠭ᠎ᠠ ᠵᠢᠨ ᠭᠠᠵᠠᠷ᠎ᠤᠨ ᠭᠠᠳᠠᠷᠭᠤ᠎ᠳᠤ ᠬᠠᠷᠢᠶᠠᠯᠠᠭᠳᠠᠨ᠎ᠠ᠃ ᠤᠯᠠᠷᠢᠯ᠎ᠤᠨ ᠴᠢᠨᠠᠷᠲᠠᠶ ᠦᠶᠡᠷ᠎ᠤᠨ ᠤᠰᠤᠨ᠎ᠤ ᠤᠷᠤᠰᠬᠠᠭᠳᠠᠯ᠎ᠤᠨ ᠢᠳᠡᠭᠳᠡᠯ᠎ᠤᠨ ᠨᠥᠯᠥᠭᠡ᠎ᠠᠴᠠ ᠪᠣᠯᠵᠤ᠂ ᠭᠤᠤ ᠵᠢᠯᠠᠭ᠎ᠠ ᠵᠢᠨ ᠪᠣᠢ᠌ᠵᠢᠯᠲᠠ᠂ ᠭᠠᠵᠠᠷ᠎ᠤᠨ ᠭᠠᠳᠠᠷᠭᠤ ᠡᠪᠳᠡᠭᠳᠡᠨ ᠬᠡᠮᠬᠡᠷᠡᠵᠦ᠂ ᠬᠠᠮᠤᠭ ᠶᠡᠬᠡ ᠬᠠᠷᠢᠴᠠᠩᠭᠤᠶ ᠥᠨᠳᠥᠷ᠎ᠤᠨ ᠵᠥᠷᠢᠶ᠎ᠡ᠎ᠨᠢ ᠵᠠᠭᠤᠨ ᠮᠧᠲᠷ᠎ᠠᠴᠠ ᠳᠡᠭᠡᠭᠰᠢ᠎ᠳᠤ ᠬᠦᠷᠦᠨ᠎ᠡ᠃ ᠲᠥᠷᠥᠯ ᠵᠦᠢᠯ᠎ᠤᠨ ᠪᠥᠬᠥ ᠱᠤᠭᠤᠮ ᠵᠶ᠋ᠠᠷ ᠳᠡᠭᠡᠭᠰᠢ ᠰᠢᠷᠤᠢ ᠨᠡᠮᠡᠵᠦ ᠭᠦᠨ ᠮᠠᠯᠲᠠᠭᠰᠠᠨ ᠬᠡᠰᠡᠭ ᠪᠠ ᠬᠥᠭᠥᠷᠭᠡ ᠵᠢᠨ ᠬᠡᠰᠡᠭ᠎ᠤᠨ ᠣᠷᠳᠣ ᠵᠢᠨ ᠬᠠᠷᠢᠴᠠᠯ᠎ᠨᠢ ᠵᠠᠮ ᠱᠤᠭᠤᠮ᠎ᠤᠨ ᠶᠡᠷᠦᠩᠬᠡᠶ ᠣᠷᠳᠣ ᠵᠢᠨ 2 / 3᠎ᠢ ᠳᠠᠪᠠᠵᠤ᠂ ᠰᠢᠷᠤᠢ ᠨᠡᠮᠡᠭᠰᠡᠨ ᠬᠠᠮᠤᠭ᠎ᠤᠨ ᠥᠨᠳᠥᠷ ᠬᠠᠵᠠᠭᠤ ᠵᠢᠨ ᠪᠠᠯ᠎ᠨᠢ 46.7 ᠮᠧᠲᠷ᠂ ᠮᠠᠯᠲᠠᠭᠰᠠᠨ ᠬᠠᠮᠤᠭ᠎ᠤᠨ ᠭᠦᠨ ᠬᠠᠵᠠᠭᠤ ᠵᠢᠨ ᠪᠠᠯ᠎ᠨᠢ 48.2 ᠮᠧᠲᠷ᠂ ᠬᠥᠭᠥᠷᠭᠡ ᠵᠢᠨ ᠬᠠᠮᠤᠭ᠎ᠤᠨ ᠶᠡᠬᠡ ᠲᠤᠯᠭ᠋ᠠᠭᠤᠷᠢ ᠵᠢᠨ ᠥᠨᠳᠥᠷ᠎ᠨᠢ 68 ᠮᠧᠲᠷ ᠂ 40 ᠮᠧᠲᠷ᠎ᠠᠴᠠ ᠥᠨᠳᠥᠷ ᠲᠤᠯᠭ᠋ᠠᠭᠤᠷᠢ 149 ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠪᠠᠢ᠌ᠴᠠ᠎ᠨᠢ ᠲᠤᠢ᠌ᠯ᠎ᠤᠨ ᠪᠤᠳᠤᠯᠢᠶᠠᠨᠲᠠᠶ᠂ ᠮᠡᠷᠭᠡᠵᠢᠯ᠎ᠤᠨ ᠬᠦᠴᠢᠷᠳᠡᠯ ᠵᠶ᠋ᠡᠷ ᠲᠤᠢ᠌ᠯ᠎ᠤᠨ ᠶᠡᠬᠡ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠤᠨ᠎ᠠ᠃

    ᠲᠦᠷᠦᠯ ᠵᠦᠢ᠍ᠯ᠎ᠤᠨ ᠭᠠᠵᠠᠷ ᠣᠷᠣᠨ᠎ᠤ ᠭᠠᠵᠠᠷ᠎ᠤᠨ ᠪᠠᠢ᠌ᠳᠠᠯ ᠡᠪᠳᠡᠷᠡᠵᠦ᠂ ᠣᠷᠣᠨ ᠪᠦᠰᠡ ᠵᠢᠨ  ᠵᠠᠭᠤᠷ᠎ᠠ ᠵᠢᠨ ᠪᠣᠷᠣᠭ᠋ᠠᠨ ᠣᠷᠣᠬᠤ ᠬᠦᠴᠦᠯᠡᠴᠡ ᠶᠡᠬᠡ ᠪᠣᠯᠤᠭᠰᠠᠨ᠎ᠤ ᠳᠡᠭᠡᠷ᠎ᠡ ᠤᠢ᠍ᠢ᠍ᠷ᠎ᠠ ᠵᠢᠨ ᠵᠢᠯ᠎ᠤᠨ ᠲᠤᠷᠰᠢ ᠮᠠᠨ᠎ᠤ ᠣᠷᠣᠨ᠎ᠤ ᠪᠣᠷᠣᠭ᠋ᠠᠨ ᠵᠢᠯ ᠳᠠᠷᠠᠭ᠋ᠠᠯᠠᠨ ᠨᠡᠮᠡᠭᠳᠡᠭᠰᠡᠨ᠎ᠠᠴᠠ ᠪᠤᠯᠵᠤ᠂ ᠪᠦᠳᠦᠭᠡᠨ ᠪᠠᠢ᠌ᠭᠤᠯᠬᠤ ᠬᠤᠭᠤᠴᠠᠭ᠋ᠠᠨ᠎ᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠬᠦ ᠪᠠᠢ᠌ᠳᠠᠯ ᠬᠦᠨᠳᠦ ᠬᠡᠴᠡᠭᠦᠦ ᠪᠠᠢ᠌ᠯ᠎ᠠ᠃ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠨᠢᠭᠡᠴᠢ᠎ᠠᠴᠠ ᠪᠥᠲᠥᠭᠡᠨ ᠪᠠᠢ᠌ᠭᠤᠯᠤᠯᠲᠠ᠎ᠳᠤ ᠣᠷᠣᠯᠴᠠᠭᠰᠠᠨ ᠪᠥᠬᠥ ᠨᠢᠭᠡᠴᠢ ᠵᠢ ᠵᠣᠬᠢᠶᠠᠨ ᠪᠠᠢ᠌ᠭᠤᠯᠤᠨ ᠠᠵᠢᠯ᠎ᠤᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠭᠦᠯᠦᠨ᠂ ᠪᠠᠷᠢᠯᠭ᠎ᠠ ᠵᠢᠨ ᠠᠵᠢᠯ᠎ᠤᠨ ᠲᠠᠯᠠᠪᠤᠷ ᠥᠷᠲᠡᠭᠡ᠎ᠳᠤ ᠠᠮᠤᠷ ᠲᠦᠪᠰᠢᠨ᠎ᠤ ᠦᠨᠡᠯᠡᠨ ᠵᠢᠱ᠌ᠢᠯᠲᠡ ᠬᠢᠵᠦ᠂ ᠬᠠᠮᠢᠶ᠎ᠠ ᠪᠥᠬᠥᠶ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠪᠠ᠃ ᠣᠯᠠᠨ ᠠᠷᠭ᠎ᠠ ᠬᠡᠮᠵᠢᠶ᠎ᠡ᠂ ᠡᠯ᠎ᠡ ᠵᠦᠢᠯ᠎ᠤᠨ ᠦᠶᠡᠷ᠎ᠢ ᠰᠡᠷᠭᠡᠢ᠌ᠯᠡᠬᠦ ᠠᠵᠢᠯ᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠦᠶᠡᠷ᠎ᠤᠨ ᠬᠤᠭᠤᠴᠠᠭ᠋ᠠᠨ᠎ᠳᠤ ᠲᠤᠰᠬᠠᠶ ᠬᠥᠮᠦᠨ ᠲᠣᠬᠢᠷᠠᠭᠤᠯᠤᠨ ᠦᠶᠡᠷ᠎ᠢ ᠰᠡᠷᠭᠡᠢ᠌ᠯᠡᠬᠦ ᠲᠣᠭᠣᠷᠢᠨ ᠪᠠᠢ᠌ᠴᠠᠭ᠋ᠠᠯᠲᠠ ᠬᠢᠯᠭᠡᠵᠦ᠂ ᠡᠯ᠎ᠡ ᠲᠠᠯᠠᠪᠤᠷ ᠥᠷᠲᠡᠭᠡ 24 ᠴᠠᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠵᠢᠭᠦᠷ᠎ᠢ ᠨᠠᠢ᠌ᠳᠠᠪᠤᠷᠢᠵᠢᠭᠤᠯᠪᠠ᠃ ᠲᠥᠷᠥᠯ ᠵᠦᠢ᠍ᠯ᠎ᠤᠨ ᠲᠤᠬᠠᠶ ᠵᠢᠨ ᠲᠠᠯᠠᠪᠠᠶ᠎ᠳᠤ ᠶᠡᠬᠡ ᠴᠢᠳᠠᠮᠵᠢ᠎ᠲᠠᠢ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠵᠤ᠂ ᠠᠪᠤᠷᠠᠬᠤ ᠬᠤᠪᠴᠠᠰᠤ᠂ ᠦᠶᠡᠷ᠎ᠢ ᠰᠡᠷᠭᠡᠢ᠌ᠯᠡᠬᠦ ᠡᠯᠡᠰᠦᠨ ᠤᠭᠤᠲᠠ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ ᠪᠣᠯᠤᠨ ᠮᠠᠯᠲᠠᠬᠤ ᠮᠠᠰᠢᠨ᠂ ᠠᠴᠢᠶᠠᠯᠠᠬᠤ ᠮᠠᠰᠢᠨ ᠵᠡᠷᠭᠡ ᠠᠶᠤᠯ᠎ᠠᠴᠠ ᠠᠪᠤᠷᠠᠬᠤ ᠲᠤᠰᠬᠠᠶ ᠬᠡᠷᠡᠭᠯᠡᠭᠡᠨ᠎ᠤ ᠮᠠᠰᠢᠨ ᠨᠥᠭᠡᠴᠡᠯᠡᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠶᠤᠯ᠎ᠠᠴᠠ ᠵᠠᠢ᠌ᠯᠠᠭᠤᠯᠤᠨ ᠲᠥᠪᠬᠢᠨᠡᠭᠦᠯᠬᠦ ᠣᠷᠣᠨ ᠪᠠᠢ᠌ᠷᠢᠯᠠᠭᠤᠯᠬᠤ ᠵᠢᠨ ᠬᠠᠮᠲᠤ ᠲᠠᠷᠬᠠᠭ᠋ᠠᠬᠤ ᠪᠣᠯᠪᠠᠰᠤᠷᠠᠯ᠎ᠢ ᠣᠯᠠᠨ ᠤᠳᠠᠭ᠎ᠠ ᠦᠷᠨᠢᠭᠦᠯᠪᠡ᠃ ᠲᠥᠷᠥᠯ ᠵᠦᠢᠯ᠎ᠤᠨ ᠳᠡᠭᠡᠳᠦ ᠤᠷᠤᠰᠬᠠᠯ᠎ᠳᠤ ᠣᠶᠤᠨᠴᠢ ᠤᠰᠤᠨ ᠲᠦᠪᠰᠢᠨ᠎ᠢ ᠬᠢᠨᠠᠨ ᠬᠡᠮᠵᠢᠬᠦ ᠰᠢᠰᠲ᠋ᠧᠮ ᠤᠭᠰᠠᠷᠠᠵᠤ ᠤᠰᠤᠨ᠎ᠤ ᠪᠠᠶ᠋ᠢᠳᠠᠯ᠎ᠢ ᠴᠠᠭ ᠲᠤᠬᠠᠶ᠎ᠳᠤ᠎ᠨᠢ ᠬᠢᠨᠠᠨ ᠡᠵᠡᠮᠳᠡᠵᠦ᠂ ᠤᠰᠤᠨ ᠲᠦᠪᠰᠢᠨ ᠪᠤᠶᠤ ᠪᠣᠷᠣᠭ᠋ᠠᠨ᠎ᠤ ᠬᠡᠮᠵᠢᠶ᠎ᠡ ᠰᠡᠷᠡᠮᠵᠢᠯᠡᠯ᠎ᠠᠴᠠ ᠬᠡᠲᠦᠷᠡᠪᠡᠯ ᠳᠠᠷᠤᠶ ᠠᠦ᠋ᠲ᠋ᠣ᠋᠎ᠪᠠᠷ ᠲᠦᠭᠰᠢᠭᠦᠷᠢ ᠮᠡᠳᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠲᠠᠷᠬᠠᠭ᠋ᠠᠬᠤ ᠵᠢ ᠡᠬᠢᠯᠡᠭᠦᠯᠦᠨ᠎ᠡ᠃ ᠰᠢᠨ᠎ᠡ ᠵᠢ ᠡᠭᠦᠳᠬᠦ ᠴᠢᠨᠠᠷᠲᠠᠶ᠎ᠪᠠᠷ 《ᠭᠤᠷᠪᠠ ᠵᠢ ᠰᠡᠷᠭᠡᠢ᠌ᠯᠡᠬᠦ ᠵᠢ ᠤᠶᠠᠯᠳᠤᠭᠤᠯᠬᠤ᠂ ᠠᠮᠤᠷ ᠲᠦᠪᠰᠢᠨ᠎ᠢ ᠪᠠᠲᠤᠯᠠᠬᠤ》 ᠦᠶᠡᠷ᠎ᠢ ᠰᠡᠷᠭᠡᠢ᠌ᠯᠡᠬᠦ ᠠᠷᠭ᠎ᠠ ᠪᠣᠳᠣᠯᠭ᠎ᠠ ᠵᠢ ᠬᠡᠷᠡᠭᠯᠡᠬᠦ᠎ᠪᠠᠷ ᠳᠠᠮᠵᠢᠨ᠂ ᠲᠥᠷᠥᠯ ᠵᠦᠢᠯ᠎ᠳᠤ 《ᠬᠥᠮᠥᠨ᠎ᠤ ᠰᠡᠷᠭᠡᠢ᠌ᠯᠡᠯᠲᠡ + ᠮᠡᠷᠭᠡᠵᠢᠯ᠎ᠤᠨ ᠰᠡᠷᠭᠡᠢ᠌ᠯᠡᠯᠲᠡ + ᠪᠣᠳᠠᠰ᠎ᠤᠨ ᠰᠡᠷᠭᠡᠢ᠌ᠯᠡᠯᠲᠡ》 ᠵᠢ ᠤᠶᠠᠯᠳᠤᠭᠤᠯᠤᠭᠰᠠᠨ ᠦᠶᠡᠷ᠎ᠢ ᠰᠡᠷᠭᠡᠢ᠌ᠯᠡᠬᠦ ᠠᠮᠤᠷ ᠲᠦᠪᠰᠢᠨ᠎ᠤ ᠲᠣᠤᠷ᠎ᠢ ᠪᠠᠢ᠌ᠭᠤᠯᠵᠤ᠂ ᠣᠯᠠᠨ ᠤᠳᠠᠭ᠋ᠠᠨ᠎ᠤ ᠰᠢᠷᠦᠭᠦᠨ ᠪᠣᠷᠣᠭ᠋ᠠᠨ᠎ᠤ ᠲᠠᠭ᠋ᠠᠷᠢᠯᠲᠠ ᠵᠢ ᠠᠮᠵᠢᠯᠲᠠᠲᠠᠶ ᠬᠣᠷᠢᠭᠯᠠᠵᠤ᠂ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠬᠦᠴᠦᠲᠡᠶ ᠪᠠᠲᠤᠯᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠴᠡᠭᠡ ᠪᠣᠭᠣᠮᠲᠠ ᠵᠢᠨ ᠣᠯᠠᠨ ᠤᠯᠤᠰ᠎ᠤᠨ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 10.85%᠎ᠪᠠᠷ ᠨᠡᠮᠡᠭᠳᠡᠪᠡ
ᠬᠡᠯᠪᠡᠷᠢ᠎ᠨᠢ ᠣᠯᠠᠨ ᠶᠠᠩᠵᠤ ᠵᠢᠨ! ᠠᠮᠤᠷ ᠲᠦᠪᠰᠢᠨ᠎ᠤ ᠤᠬᠠᠭᠤᠯᠭ᠎ᠠ ᠵᠢᠨ ᠠᠰᠠᠭᠤᠨ ᠯᠠᠪᠯᠠᠬᠤ ᠡᠳᠦᠷ᠎ᠤᠨ ᠠᠵᠢᠯᠯᠠᠭ᠎ᠠ ᠵᠢᠨ ᠡᠮᠬᠢᠳᠭᠡᠯ
《ᠳᠥᠷᠪᠡᠨ ᠰᠠᠶ᠋ᠢᠨ ᠬᠥᠳᠡᠭᠡ ᠲᠣᠰᠬᠤᠨ᠎ᠤ ᠵᠠᠮ》᠎ᠤᠨ ᠠᠷᠪᠠᠨ ᠵᠢᠯ᠎ᠤᠨ ᠣᠢ — 《ᠳᠥᠷᠪᠡᠨ ᠰᠠᠶ᠋ᠢᠨ ᠬᠥᠳᠡᠭᠡ ᠲᠣᠰᠬᠤᠨ᠎ᠤ ᠵᠠᠮ》᠎ᠤᠨ ᠪᠦᠬᠦ ᠤᠯᠤᠰ᠎ᠤᠨ ᠵᠢᠱ᠌ᠢᠶ᠎ᠡ ᠦᠵᠡᠭᠦᠯᠬᠦ ᠰᠢᠶᠠᠨ — ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠤᠨ ᠬᠣᠯᠪᠣᠭᠳᠠᠯ ᠪᠥᠬᠥᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠲᠤᠰᠬᠠᠶ ᠠᠵᠢᠯᠯᠠᠭ᠎ᠠ! ᠬᠢᠩᠭ᠋ᠠᠨ ᠠᠢ᠌ᠮᠠᠭ᠄ ᠵᠠᠮ ᠬᠠᠷᠢᠯᠴᠠᠭ᠋ᠠᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠰᠢᠯᠢᠳᠡᠭᠵᠢᠭᠦᠯᠵᠦ ᠪᠦᠬᠦ ᠣᠷᠣᠨ ᠪᠦᠰᠡ ᠵᠢᠨ ᠵᠢᠭᠤᠯᠴᠢᠯᠠᠯ᠎ᠳᠤ ᠬᠦᠴᠦᠨ ᠨᠡᠮᠡᠷᠢᠯᠡᠨ᠎ᠡ
 
            