6 ᠳ᠋ᠤᠭ᠋ᠠᠷ ᠰᠠᠷ᠎ᠠ ᠵᠢᠨ 27᠎ᠤ ᠡᠳᠦᠷ᠂ G1015 ᠰᠢᠨ ᠹᠠᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠭᠣᠤᠯ ᠴᠣᠭᠴᠠ ᠵᠢᠨ ᠪᠠᠷᠢᠯᠭ᠎ᠠ ᠵᠢᠨ ᠠᠵᠢᠯ᠎ᠢ ᠳᠠᠭᠤᠰᠬᠠᠵᠤ᠂ ᠵᠠᠮ᠎ᠤᠨ ᠰᠠᠭᠤᠷᠢ᠂ ᠵᠠᠮ᠎ᠤᠨ ᠭᠠᠳᠠᠷᠭᠤ ᠪᠣᠯᠤᠨ ᠬᠥᠭᠥᠷᠭᠡ ᠵᠢ ᠪᠥᠬᠥ ᠲᠠᠯ᠎ᠠ᠎ᠪᠠᠷ ᠨᠡᠪᠲᠡᠷᠡᠭᠦᠯᠵᠦ᠂ ᠬᠡᠷ ᠪᠠᠢ᠌ᠰᠢᠩ ᠪᠠᠷᠢᠬᠤ ᠵᠡᠷᠭᠡ ᠳᠠᠭ᠋ᠠᠯᠲᠠ ᠪᠠᠷᠢᠯᠭ᠎ᠠ ᠵᠢ ᠦᠨᠳᠦᠰᠦᠨ᠎ᠳᠤ᠎ᠪᠠᠨ ᠳᠠᠭᠤᠰᠬᠠᠪᠠ᠃


ᠰᠢᠨ ᠹᠠᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠨᠢ ᠰᠦᠶ ᠹᠧᠨ ᠾᠧ᠎ᠠᠴᠠ ᠮᠠᠨᠵᠤᠤᠷ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠲᠢᠶᠧ ᠯᠢᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠬᠥᠷᠬᠥ ᠬᠣᠯᠪᠣᠭ᠎ᠠ ᠠᠪᠬᠤ ᠱᠤᠭᠤᠮ ᠪᠣᠯᠤᠨ᠎ᠠ᠂ ᠲᠣᠰ ᠱᠤᠭᠤᠮ᠎ᠨᠢ ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠢᠨ ᠹᠠ ᠭᠠᠴᠠᠭ᠎ᠠ (ᠥᠪᠥᠷ ᠮᠣᠩᠭᠣᠯ ᠭᠢᠷᠢᠨ᠎ᠤ ᠵᠠᠭ᠋ᠠᠭ)᠎ᠠᠴᠠ ᠡᠬᠢᠯᠡᠵᠦ᠂ ᠲᠡᠭᠦᠰᠬᠡᠯ᠎ᠤᠨ ᠴᠡᠭ᠎ᠨᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠠᠶᠠᠨᠬᠤᠰᠢᠭᠤ ᠪᠠᠯᠭ᠋ᠠᠰᠤ ᠵᠢᠨ ᠵᠡᠭᠦᠨ ᠡᠮᠦᠨ᠎ᠡ ᠪᠠᠢ᠌ᠷᠢᠰᠢᠵᠤ᠂ G5511 ᠵᠢᠨᠢᠩ᠎ᠠᠴᠠ ᠠᠷᠤᠨ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ᠎ᠲᠠᠢ ᠰᠢᠭᠤᠳ ᠵᠠᠯᠭ᠋ᠠᠯᠳᠤᠵᠤ᠂ ᠪᠥᠬᠥ ᠣᠷᠳᠣᠨ᠎ᠢ 55.746 ᠺᠢᠯᠣᠮᠧᠲᠷ᠂ ᠲᠦᠷᠦᠯ ᠵᠦᠢ᠍ᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 27.07 ᠳ᠋ᠦᠩᠰᠢᠭᠤᠷ ᠲᠥᠭᠥᠷᠢᠭ ᠪᠠᠢ᠌ᠵᠤ᠂ 2023 ᠣᠨ᠎ᠤ 7 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠡᠬᠢᠯᠡᠵᠦ ᠪᠥᠲᠥᠭᠡᠨ ᠪᠠᠢ᠌ᠭᠤᠯᠪᠠ᠃
ᠰᠢᠨ ᠹᠠᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠣᠤᠯᠳᠠᠯᠭ᠎ᠠ᠎ᠲᠠᠢ ᠲᠥᠷᠥᠯ ᠵᠦᠢᠯ ᠪᠣᠯᠤᠨ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠪᠥᠬᠥ ᠤᠯᠤᠰ᠎ᠤᠨ ᠠᠩᠬᠠᠳᠠᠭᠴᠢ ᠪᠦᠯᠦᠭ ᠵᠠᠭᠤᠨ ᠵᠢᠯ ᠠᠶᠤᠯ ᠦᠭᠡᠢ ᠴᠢᠨᠠᠷ᠎ᠲᠤ ᠪᠠᠷᠢᠯᠭ᠎ᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢᠯ᠎ᠤᠨ ᠨᠢᠭᠡ ᠪᠣᠯᠤᠨ᠎ᠠ᠂ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ 《ᠵᠠᠭᠤᠨ ᠵᠢᠯ ᠠᠶᠤᠯ ᠦᠭᠡᠢ ᠴᠢᠨᠠᠷ᠎ᠲᠤ ᠪᠠᠷᠢᠯᠭ᠎ᠠ》 ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠪᠣᠯᠤᠨ᠎ᠠ᠃
ᠪᠥᠲᠥᠭᠡᠨ ᠪᠠᠢ᠌ᠭᠤᠯᠤᠯᠲᠠ ᠵᠢᠨ ᠡᠬᠢᠨ᠎ᠤ ᠬᠤᠭᠤᠴᠠᠭ᠋ᠠᠨ᠎ᠳᠤ᠂ ᠲᠣᠰ ᠲᠥᠷᠥᠯ ᠵᠦᠢᠯ᠎ᠨᠢ 《ᠵᠠᠭᠤᠨ ᠵᠢᠯ ᠠᠶᠤᠯ ᠦᠭᠡᠢ ᠴᠢᠨᠠᠷ᠎ᠲᠤ ᠪᠠᠷᠢᠯᠭ᠎ᠠ》 ᠵᠢᠨ ᠬᠠᠷᠠᠯᠲᠠ ᠵᠢ ᠲᠥᠯᠥᠪᠯᠡᠨ ᠲᠣᠭᠲᠠᠭ᠋ᠠᠵᠤ᠂ ᠵᠢᠷᠤᠭ ᠲᠥᠯᠥᠪᠯᠡᠭᠡ ᠵᠢᠨ ᠠᠬᠤᠶ ᠪᠠᠢ᠌ᠳᠠᠯ᠂ ᠬᠠᠷᠠᠯᠲᠠ ᠵᠢᠨ ᠲᠠᠢ᠌ᠯᠤᠮᠵᠢ᠂ ᠵᠢᠷᠤᠭ ᠲᠥᠯᠥᠪᠯᠡᠭᠡ ᠵᠢᠨ ᠵᠠᠷᠴᠢᠮ᠂ ᠵᠢᠷᠤᠭ ᠲᠥᠯᠥᠪᠯᠡᠭᠡ ᠵᠢᠨ ᠡᠬᠡ ᠵᠢᠷᠤᠭ᠂ ᠭᠣᠤᠯ ᠡᠭᠦᠷᠭᠡ᠂ ᠵᠢᠷᠤᠭ ᠲᠥᠯᠥᠪᠯᠡᠭᠡ ᠵᠢᠨ ᠭᠣᠤᠯᠳᠠᠯᠭ᠎ᠠ ᠪᠠ ᠲᠤᠰᠬᠠᠶ ᠨᠠᠷᠢᠨ ᠲᠠᠩᠰᠠ ᠵᠡᠷᠭᠡ ᠣᠯᠠᠨ ᠲᠠᠯ᠎ᠠ᠎ᠠᠴᠠ ᠵᠢᠷᠤᠵᠤ ᠲᠥᠯᠥᠪᠯᠡᠵᠡᠢ᠃ ᠪᠦᠲᠦᠭᠡᠨ ᠪᠠᠢ᠌ᠭᠤᠯᠬᠤ ᠶᠠᠪᠤᠴᠠ᠎ᠳᠤ᠂ ᠲᠥᠷᠥᠯ ᠵᠦᠢ᠍ᠯ᠎ᠳᠤ ᠵᠠᠰᠠᠮᠠᠯ ᠵᠠᠮ᠎ᠤᠨ ᠪᠠᠷᠢᠯᠭ᠎ᠠ ᠵᠢᠨ ᠪᠦᠬᠦ ᠬᠡᠷᠡᠭᠯᠡᠬᠦ ᠬᠤᠭᠤᠴᠠᠭ᠋ᠠᠨ᠎ᠤ ᠦᠶᠡᠯᠡᠯ᠎ᠤᠨ ᠶᠠᠰᠤ ᠴᠢᠨᠠᠷ᠎ᠤᠨ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠣᠶ ᠪᠣᠯᠭ᠋ᠠᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠪᠦᠬᠦ ᠶᠠᠪᠤᠴᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠪᠠ; ᠪᠠᠷᠢᠯᠭ᠎ᠠ ᠵᠢ ᠨᠠᠷᠢᠯᠢᠭᠵᠢᠭᠤᠯᠤᠨ ᠪᠠ ᠲᠡᠷᠢᠭᠦᠨ᠎ᠤ ᠪᠠᠷᠢᠯᠭ᠎ᠠ ᠪᠠᠷᠢᠬᠤ ᠤᠷ᠎ᠠ ᠮᠡᠷᠭᠡᠵᠢᠯ᠎ᠢ ᠬᠡᠷᠡᠭᠯᠡᠵᠦ᠂ ᠪᠠᠢ᠌ᠭᠤᠯᠬᠤ᠎ᠳᠤ ᠣᠷᠣᠯᠴᠠᠭᠰᠠᠨ ᠡᠯ᠎ᠡ ᠲᠠᠯ᠎ᠠ᠎ᠪᠠᠷ ᠭᠣᠤᠯ ᠴᠣᠭᠴᠠ ᠪᠣᠯᠭ᠋ᠠᠨ᠂ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠦᠷᠨᠢᠭᠦᠯᠪᠡ; ᠠᠮᠤᠷ ᠲᠦᠪᠰᠢᠨ ᠴᠢᠨᠠᠷ ᠪᠠ ᠤᠳᠠᠭ᠋ᠠᠨ ᠳᠠᠭ᠋ᠠᠭ᠋ᠠᠮᠠᠭ᠋ᠠᠶ ᠴᠢᠨᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠱ᠌ᠢᠶ᠎ᠡ ᠦᠵᠡᠭᠦᠯᠬᠦ ᠲᠥᠷᠥᠯ ᠵᠦᠢᠯ᠎ᠤᠨ ᠰᠢᠯᠭ᠋ᠠᠨ ᠬᠢᠨᠠᠬᠤ ᠲᠣᠭᠲᠠᠴᠠ ᠪᠠ ᠦᠨᠡᠯᠡᠬᠦ ᠪᠠᠷᠢᠮᠵᠢᠶ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠵᠠᠰᠠᠮᠠᠯ ᠵᠠᠮ᠎ᠤᠨ ᠪᠠᠷᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠥᠰᠦᠯ᠎ᠢ ᠲᠣᠭᠲᠠᠭ᠋ᠠᠵᠤ᠂ ᠳᠡᠭᠡᠳᠤ ᠬᠤᠷᠳᠤ ᠵᠢᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
ᠰᠢᠨ ᠹᠠᠠᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠳᠡᠭᠡᠳᠤ ᠬᠤᠷᠳᠤ ᠵᠢᠨ ᠵᠠᠰᠠᠮᠠᠯ ᠵᠠᠮ ᠪᠣᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠣᠣᠷ᠎ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠥᠪᠥᠷ ᠮᠣᠩᠭᠣᠯ᠎ᠤᠨ ᠭᠢᠷᠢᠨ ᠮᠤᠵᠢ᠂ ᠬᠠᠷᠠᠮᠥ᠋ᠷᠡᠨ ᠮᠤᠵᠢ᠎ᠳᠤ ᠨᠡᠪᠲᠡᠷᠡᠬᠦ ᠴᠢᠬᠤᠯᠠ ᠵᠠᠮ ᠬᠠᠷᠢᠯᠴᠠᠭ᠋ᠠᠨ᠎ᠤ ᠨᠡᠪᠲᠡᠷᠡᠬᠦ ᠵᠠᠮ ᠪᠣᠯᠤᠨ᠎ᠠ᠃ ᠲᠣᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠣᠤᠷ᠎ᠤᠨ ᠪᠠᠢ᠌ᠷᠢᠰᠢᠯ᠎ᠢ ᠲᠡᠭᠦᠯᠳᠡᠷᠵᠢᠭᠦᠯᠵᠦ᠂ ᠥᠪᠥᠷ ᠮᠣᠩᠭᠣᠯ ᠭᠢᠷᠢᠨ ᠮᠤᠵᠢ ᠵᠢᠨ ᠬᠣᠭᠣᠷᠣᠨᠳᠣᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠤᠬᠤᠷ ᠵᠠᠮ᠎ᠢ ᠨᠡᠪᠲᠡᠷᠡᠭᠦᠯᠦᠨ᠂ ᠵᠠᠮ ᠳᠠᠭ᠋ᠠᠤ ᠵᠢᠨ ᠡᠬᠢ ᠪᠠᠶᠠᠯᠢᠭ᠂ ᠵᠢᠭᠤᠯᠴᠢᠯᠠᠯ᠎ᠤᠨ ᠨᠡᠭᠡᠭᠡᠯᠲᠡ ᠪᠠ ᠠᠵᠤ ᠠᠬᠤᠶ ᠨᠡᠢ᠌ᠭᠡᠮ᠎ᠤᠨ ᠵᠣᠬᠢᠴᠠᠩᠭᠤᠶ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃