ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
                 
ᠨᠡᠶ᠋ᠢᠲᠡᠯᠡᠭᠰᠡᠨ ᠴᠠᠭ᠄ 2025-07-28

    ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠣᠷᠣᠨ᠎ᠤ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠵᠢᠨ ᠠᠵᠤ ᠦᠢ᠍ᠯᠡᠰ᠎ᠤᠨ ᠲᠡᠭᠡᠭᠡᠪᠦᠷᠢ ᠵᠢᠨ ᠬᠠᠭᠤᠳᠠᠰᠤ 363.5 ᠲᠦᠮᠡ᠂ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.3 ᠳ᠋ᠦᠩᠰᠢᠭᠤᠷ ᠲᠣᠨ᠂ ᠠᠷᠠᠯᠵᠢᠶᠠᠨ᠎ᠤ ᠲᠤᠭ᠎ᠠ 77.2 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.7%᠂ 11.3%᠂ 1.3%᠎ᠪᠠᠷ ᠨᠡᠮᠡᠭᠳᠡᠪᠡ᠃

    ᠪᠠᠷᠠᠭ᠋ᠠᠨ᠎ᠤ ᠲᠡᠷᠭᠡ ᠵᠢᠵᠢᠭᠦᠷᠴᠢᠨ ᠦᠭᠡᠢ ᠫᠦᠨᠳ᠋᠎ᠤᠨ ᠭᠡᠷ ᠪᠠᠢ᠌ᠰᠢᠩ ᠵᠶ᠋ᠡᠷ ᠦᠩᠭᠡᠷᠡᠵᠦ ᠪᠠᠢ᠌ᠨ᠎ᠠ᠃ ᠶᠢᠨ ᠲᠥᠩ ᠵᠢᠷᠤᠭ᠎ᠢ ᠬᠠᠩᠭ᠋ᠠᠪᠠ

    7 ᠳ᠋ᠤᠭ᠋ᠠᠷ ᠰᠠᠷ᠎ᠠ ᠵᠢᠨ 16᠎ᠤ ᠡᠳᠦᠷ᠂ ᠥᠪᠥᠷ ᠮᠣᠩᠭᠤᠯ᠎ᠤᠨ ᠴᠢᠶᠠᠨ ᠲᠦᠩ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠠᠷᠠᠭ᠋ᠠᠨ᠎ᠤ ᠭᠦᠢ᠍ᠯᠭᠡᠭᠡᠨ᠎ᠤ ᠣᠶᠤᠨᠴᠢ ᠲᠠᠯᠠᠪᠤᠷ ᠥᠷᠲᠡᠭᠡ᠎ᠳᠤ᠂ ᠪᠠᠷᠠᠭ᠋ᠠᠨ᠎ᠤ ᠲᠡᠷᠭᠡᠨ ᠵᠢᠯᠣᠭᠤᠴᠢ 《ᠮᠧᠩ ᠮᠠ ᠤᠶᠤᠨᠴᠢ ᠲᠡᠭᠡᠭᠡᠪᠦᠷᠢ》 ᠵᠢᠨ ᠵᠢᠯᠣᠭᠤᠴᠢ ᠦᠵᠦᠭᠦᠷ᠎ᠤᠨ APP᠎ᠪᠠᠷ ᠳᠠᠮᠵᠢᠨ ᠤᠷᠢᠳᠴᠢᠯᠠᠨ ᠪᠣᠯᠵᠣᠵᠤ ᠮᠦᠷᠯᠡᠨ ᠲᠠᠯᠠᠪᠠᠶ᠎ᠳᠤ ᠣᠷᠣᠬᠤ ᠬᠤᠭᠤᠴᠠᠭ᠋ᠠᠨ᠎ᠳᠤ᠂ 8 ᠰᠧᠺᠦ᠋ᠨ᠋ᠳ᠋᠎ᠲᠤ ᠲᠤᠢ᠌ᠯ᠎ᠤᠨ ᠬᠤᠷᠳᠤᠨ ᠫᠦᠨᠳ᠋ ᠵᠶ᠋ᠠᠷ ᠵᠢᠩᠯᠡᠪᠡ᠃

    ᠨᠡᠭᠦᠷᠡᠰᠦᠨ᠎ᠤ ᠪᠠᠷᠠᠭ᠋ᠠᠨ᠎ᠤ ᠲᠡᠷᠭᠡ ᠵᠢᠨ ᠵᠢᠯᠣᠭᠤᠴᠢ ᠯᠢ ᠪᠠᠭᠰᠢ᠄

    ᠥᠩᠭᠡᠷᠡᠭᠰᠡᠨ᠎ᠳᠤ ᠭᠠᠭᠴᠠ ᠲᠡᠷᠭᠡ ᠵᠢ ᠫᠦᠨᠳ᠋ ᠵᠶ᠋ᠠᠷ ᠵᠢᠩᠯᠡᠬᠦ᠎ᠳᠤ 3 ᠮᠢᠨᠦᠢ᠍ᠲ ᠬᠡᠷᠡᠭᠯᠡᠨ᠎ᠡ᠂ ᠡᠨᠡ ᠬᠦ᠌ ᠣᠶᠤᠨᠴᠢ ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮ᠎ᠲᠠᠢ ᠪᠣᠯᠤᠭᠰᠠᠨ᠎ᠠᠴᠠ ᠣᠳᠣ ᠵᠥᠪᠬᠡᠨ 8 ᠰᠧᠺᠦᠢ᠍ᠨᠳ᠋ ᠬᠡᠷᠡᠭᠯᠡᠵᠦ᠂ ᠲᠡᠷᠭᠡ ᠲᠠᠯᠠᠪᠠᠶ᠎ᠳᠤ ᠪᠠᠢ᠌ᠬᠤ ᠬᠦᠴᠦᠨ ᠦᠭᠡᠶ ᠬᠦᠯᠢᠶᠡᠬᠦ ᠴᠠᠭ᠎ᠢ ᠪᠠᠭ᠋ᠠᠰᠬᠠᠵᠠᠶ ᠭᠡᠵᠡᠢ᠃

    ᠶᠠᠭ ᠠᠵᠢᠯᠯᠠᠵᠤ ᠪᠠᠶ᠋ᠢᠭ᠎ᠠ ᠡᠨᠡ ᠬᠦ᠌ ᠴᠢᠶᠠᠨ ᠲᠦᠩ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠣᠶᠤᠨᠴᠢ ᠲᠠᠯᠠᠪᠤᠷ ᠥᠷᠲᠡᠭᠡ᠎ᠨᠢ 《ᠮᠧᠩ ᠮᠠ ᠤᠶᠤᠨᠴᠢ ᠲᠡᠭᠡᠭᠡᠪᠦᠷᠢ》 ᠦᠢ᠍ᠯᠡᠳᠬᠦᠨ᠎ᠤ ᠠᠩᠬᠠᠳᠠᠭᠴᠢ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠢᠨᠲ᠋ᠧᠷ ᠰᠦᠯᠵᠢᠶ᠎ᠡ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠢᠴᠢ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠵᠢᠨ ᠲᠠᠪᠴᠠᠩ᠎ᠲᠠᠢ ᠤᠶᠠᠯᠳᠤᠭᠤᠯᠤᠨ᠂ ᠲᠣᠮᠣ ᠳ᠋ᠠᠶ᠋ᠢᠲ᠋ᠠ ᠵᠢᠴᠢ AI ᠪᠤᠳᠤᠬᠤ ᠠᠷᠭ᠎ᠠ ᠵᠡᠷᠭᠡ ᠮᠡᠷᠭᠡᠵᠢᠯ᠂ ᠭᠠᠷ ᠤᠲᠠᠰᠤᠨ᠎ᠤ APP ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠪᠥᠬᠦ ᠬᠡᠯᠬᠢᠶᠡᠨ᠎ᠤ ᠲᠣᠭ᠋ᠠᠴᠢᠯᠠᠭᠰᠠᠨ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠵᠤ᠂ ᠪᠦᠬᠦ᠋ᠢ᠍ᠯᠡ ᠶᠠᠪᠤᠴᠠ᠎ᠨᠢ ᠤᠤᠯ᠎ᠤᠨ ᠬᠥᠮᠦᠨ᠎ᠤ ᠬᠦᠴᠦᠨ᠎ᠤ ᠠᠵᠢᠯᠯᠠᠭ᠎ᠠ᠎ᠠᠴᠠ᠎ᠪᠠᠨ ᠣᠲᠣ ᠵᠢᠨ ᠡᠯᠸᠺᠲᠷᠣᠨ ᠠᠵᠢᠯᠯᠠᠭ᠎ᠠ ᠪᠣᠯᠵᠣ ᠬᠤᠪᠢᠷᠠᠪᠠ᠃

    ᠥᠪᠥᠷ ᠮᠣᠩᠭᠤᠯ᠎ᠤᠨ ᠴᠢᠶᠠᠨ ᠲᠦᠩ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠶᠡᠷᠦᠩᠬᠡᠶ ᠳᠠᠭ᠋ᠠᠭ᠋ᠠᠮᠠᠯ ᠸᠠᠩ ᠰᠢᠨ᠄

    ᠨᠢᠭᠡᠨ ᠰᠠᠭᠤᠷᠢ ᠲᠤᠭ᠎ᠠ ᠪᠠᠷᠢᠮᠲᠠ ᠵᠢᠨ ᠲᠠᠪᠴᠠᠩ᠎ᠢ ᠪᠡᠶᠡᠯᠡᠭᠦᠯᠵᠦ᠂ ᠵᠢᠯᠣᠭᠤᠴᠢ ᠵᠢ ᠺᠣᠳ᠋ ᠰᠢᠷᠪᠢᠵᠦ ᠬᠠᠭᠤᠳᠠᠰᠤ ᠬᠦᠯᠢᠶᠡᠨ ᠠᠪᠬᠤ᠂ ᠨᠡᠭᠦᠷᠡᠰᠦᠨ ᠠᠭᠤᠷᠬᠠᠢ ᠵᠢᠨ ᠲᠡᠭᠡᠭᠡᠪᠦᠷᠢᠯᠡᠯᠲᠡ ᠬᠢᠬᠦ᠂ ᠦᠢ᠍ᠯᠡᠳᠪᠦᠷᠢ ᠥᠷᠲᠡᠭᠡ᠎ᠳᠤ ᠫᠦᠨᠳ᠋ ᠵᠶ᠋ᠠᠷ ᠵᠢᠩᠯᠡᠬᠦ ᠵᠡᠷᠭᠡ ᠪᠥᠬᠦ ᠶᠠᠪᠤᠴᠠ ᠵᠢ ᠨᠡᠪᠲᠡᠷᠡᠭᠦᠯᠵᠦ᠂ ᠠᠵᠤ ᠠᠬᠤᠶ᠋ᠢᠯᠠᠯ᠎ᠤᠨ ᠪᠦᠬᠦᠯᠢ ᠴᠣᠭᠴᠠ ᠵᠢᠨ ᠡᠵᠡᠩᠨᠡᠯᠲᠡ ᠵᠢᠨ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠡ ᠭᠡᠵᠡᠢ᠃

    ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠵᠢᠨ ᠵᠢᠷᠤᠮᠵᠢᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠦᠷᠭᠦᠯᠵᠢᠯᠡᠨ ᠠᠬᠢᠭᠤᠯᠵᠤ᠂ 《ᠮᠧᠩ ᠮᠠ ᠣᠶᠤᠨᠴᠢ ᠲᠡᠭᠡᠭᠡᠪᠦᠷᠢ》 ᠵᠢᠨ ᠲᠣᠭ᠋ᠠᠴᠢᠯᠠᠭᠰᠠᠨ ᠶᠡᠷᠦᠩᠬᠡᠶ᠋ᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ 《ᠮᠧᠩ ᠮᠠ ᠣᠶᠤᠨᠴᠢ ᠲᠡᠭᠡᠭᠡᠪᠦᠷᠢ》 ᠵᠢᠨ ᠲᠣᠭ᠋ᠠᠴᠢᠯᠠᠭᠰᠠᠨ ᠶᠡᠷᠦᠩᠬᠡᠶ᠋ᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠪᠴᠠᠩ 7386 ᠲᠦᠮᠡᠨ ᠲᠣᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ 203.3 ᠲᠦᠮᠡᠨ ᠲᠡᠭᠡᠭᠡᠪᠦᠷᠢ ᠵᠢᠨ ᠬᠠᠭᠤᠳᠠᠰᠤ᠂ 42 ᠳ᠋ᠦᠩᠰᠢᠭᠤᠷ ᠲᠥᠭᠦᠷᠢᠭ᠎ᠤᠨ ᠠᠷᠠᠯᠵᠢᠶᠠᠨ᠎ᠤ ᠬᠡᠮᠵᠢᠶ᠎ᠡ ᠵᠢ ᠪᠡᠶᠡᠯᠡᠭᠦᠯᠪᠡ᠃

    ᠴᠡᠬᠡ ᠪᠣᠭᠣᠮᠲᠠ ᠵᠢᠨ AGV ᠵᠢᠯᠣᠭᠣᠴᠢ ᠦᠭᠡᠢ ᠮᠠᠰᠢᠨ ᠲᠡᠷᠭᠡ ᠶᠠᠭ ᠴᠢᠩᠭᠡᠯᠢᠭ ᠲᠡᠭᠡᠭᠡᠵᠦ ᠪᠠᠢ᠌ᠨ᠎ᠠ᠃ ᠮᠠ ᠮᠢᠨ ᠵᠢᠷᠤᠭ᠎ᠢ ᠬᠠᠩᠭ᠋ᠠᠪᠠ

    ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠭᠦᠨᠵᠡᠭᠡᠶ ᠠᠬᠢᠭᠤᠯᠬᠤ ᠵᠢᠨ ᠲᠤᠰᠠᠳᠠ᠂ ᠡᠨᠡ ᠵᠢᠯ᠎ᠤᠨ ᠡᠬᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢᠨ ᠡᠭᠦᠷᠭᠡ ᠵᠢᠨ ᠨᠠᠷᠢᠨ ᠲᠠᠩᠰᠠ ᠵᠢ ᠪᠠᠶ᠋ᠢᠭᠤᠯᠵᠤ᠂ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠦᠷᠭᠦᠯᠵᠢᠯᠡᠨ ᠪᠤᠶ᠋ᠢᠵᠢᠭᠤᠯᠵᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠲᠣᠭᠲᠠᠭᠤᠨ ᠵᠶ᠋ᠠᠷ ᠳᠡᠭᠡᠭᠰᠢᠯᠡᠬᠦ ᠵᠢ ᠠᠬᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ 《ᠬᠤᠶᠠᠷ᠎ᠢ ᠡᠷᠢᠬᠦ》 ᠲᠣᠭᠲᠠᠴᠠ᠎ᠪᠠᠷ ᠳᠠᠮᠵᠢᠭᠤᠯᠤᠨ ᠣᠷᠳᠣ ᠬᠤᠭᠤᠴᠠᠭ᠋ᠠᠨ᠎ᠤ ᠬᠠᠮᠵᠢᠯᠴᠠᠭ᠋ᠠᠨ᠎ᠤ ᠭᠡᠷ᠎ᠡ ᠲᠣᠭᠲᠠᠭᠰᠠᠨ᠎ᠨᠢ 2500 ᠲᠦᠮᠡᠨ ᠲᠣᠨ ᠪᠠᠶ᠋ᠢᠵᠤ᠂ ᠲᠡᠭᠡᠭᠡᠪᠦᠷᠢ ᠵᠢᠨ ᠵᠠᠷᠤᠳᠠᠯ᠎ᠨᠢ 3 ᠳ᠋ᠦᠩᠰᠢᠭᠤᠷ ᠲᠥᠭᠦᠷᠢᠭ ᠪᠣᠯᠤᠨ᠎ᠠ᠃

    ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠪᠠᠰᠠ ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠵᠢ ᠭᠦᠨᠵᠡᠭᠡᠶ᠋ᠢᠷᠡᠭᠦᠯᠦᠨ᠂ ᠶᠡᠭᠡ ᠬᠡᠮᠵᠢᠶᠡᠨ᠎ᠤ ᠡᠳ᠋ ᠪᠠᠷᠠᠭ᠎ᠠ ᠵᠢ 《ᠵᠠᠰᠠᠮᠠᠯ ᠵᠠᠮ ᠵᠶ᠋ᠠᠷ ᠵᠥᠭᠡᠭᠡᠪᠦᠷᠢᠯᠡᠬᠦ᠎ᠠᠴᠠ ᠲᠡᠮᠦᠷ ᠵᠠᠮ ᠵᠶ᠋ᠠᠷ ᠵᠥᠭᠡᠭᠡᠪᠦᠷᠢᠯᠡᠬᠦ᠎ᠳᠤ ᠰᠢᠯᠵᠢᠭᠦᠯᠬᠦ》 ᠲᠡᠭᠡᠭᠡᠪᠦᠷᠢ ᠵᠢ ᠠᠬᠢᠭᠤᠯᠪᠠ᠃ ᠢ ᠳ᠋ᠠ ᠽᠥᠩ ᠤᠯᠤᠰ᠎ᠤᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠡᠮᠬᠢ ᠵᠢᠷᠤᠮ᠎ᠲᠠᠢ ᠠᠬᠢᠭᠤᠯᠵᠤ᠂ ᠳᠡᠭᠡᠷ᠎ᠡ ᠬᠠᠭ᠋ᠠᠰ ᠵᠢᠯ᠎ᠳᠤ᠂ ᠢ ᠳ᠋ᠠ ᠽᠥᠩ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ ᠨᠡᠶ᠋ᠢᠲᠡ 444 ᠴᠤᠪᠤᠭ᠎ᠠ ᠲᠡᠷᠭᠡ ᠵᠥᠭᠡᠭᠡᠪᠦᠷᠢᠯᠡᠨ ᠬᠦᠷᠭᠡᠵᠦ᠂ ᠲᠡᠭᠡᠭᠡᠪᠦᠷᠢ ᠵᠢᠨ ᠬᠡᠮᠵᠢᠶ᠎ᠡ᠎ᠨᠢ 122.29 ᠲᠦᠮᠡᠨ ᠲᠣᠨ ᠪᠠᠢ᠌ᠵᠤ᠂ AGV ᠨᠡᠶ᠋ᠢᠲᠡ 2736 ᠤᠳᠠᠭ᠎ᠠ ᠠᠵᠢᠯᠯᠠᠵᠤ᠂ ᠲᠡᠭᠡᠭᠡᠪᠦᠷᠢ ᠵᠢᠨ ᠬᠡᠮᠵᠢᠶ᠎ᠡ᠎ᠨᠢ 186.98 ᠲᠦᠮᠡᠨ ᠲᠣᠨ᠎ᠳᠤ ᠬᠦᠷᠴᠦ᠂ ᠱᠧᠨ ᠬᠤᠸᠠ ᠲᠡᠮᠦᠷ ᠵᠠᠮ᠎ᠤᠨ ᠲᠣᠨᠣᠭᠯᠠᠯ᠎ᠤᠨ ᠺᠣᠮᠫᠠᠨᠢ ᠵᠢᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ 29 ᠴᠤᠪᠤᠭ᠎ᠠ ᠲᠡᠷᠭᠡ᠂ 35992 ᠲᠣᠨ ᠵᠥᠭᠡᠭᠡᠪᠦᠷᠢᠯᠡᠨ ᠬᠦᠷᠭᠡᠵᠦ᠂ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 45 ᠳ᠋ᠦᠩᠰᠢᠭᠤᠷ ᠲᠣᠨ᠂ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢ 1554.7 ᠳ᠋ᠦᠩᠰᠢᠭᠤᠷ ᠲᠣᠨ ᠪᠡᠶᠡᠯᠡᠭᠦᠯᠪᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ᠎ᠠᠴᠠ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ 《5 · 1》᠎ᠤ ᠬᠤᠭᠤᠴᠠᠭ᠋ᠠᠨ᠎ᠳᠤ ᠬᠠᠷᠢᠶ᠎ᠠ ᠵᠠᠰᠠᠮᠠᠯ ᠵᠠᠮ᠎ᠤᠨ ᠵᠶ᠋ᠠᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠪᠠ
ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠣᠷᠳᠣᠰ᠎ᠲᠠᠬᠢ ᠬᠤᠪᠢᠶᠠᠷᠢ ᠺᠣᠮᠫᠠᠨᠢ ᠵᠢᠨ᠎ᠬᠢᠨ ᠠᠮᠤᠷ ᠲᠦᠪᠰᠢᠨ᠎ᠤ ᠤᠬᠠᠭᠤᠯᠭ᠎ᠠ ᠵᠢ ᠬᠥᠳᠡᠭᠡ ᠲᠣᠰᠬᠣᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ
ᠬᠡᠮᠵᠢᠶ᠎ᠡ᠎ᠠᠴᠠ ᠬᠡᠲᠦᠷᠡᠭᠦᠯᠦᠭᠰᠡᠨ᠎ᠢ ᠵᠠᠰᠠᠬᠤ ᠵᠢ ᠰᠢᠯᠢᠳᠡᠭᠵᠢᠭᠦᠯᠦᠨ ᠵᠠᠮ ᠨᠡᠪᠲᠡᠷᠡᠯᠭᠡ ᠵᠢᠨ ᠠᠮᠤᠷ ᠲᠦᠪᠰᠢᠨ᠎ᠢ ᠪᠠᠲᠤᠯᠠᠬᠤ ᠬᠣᠯᠪᠤᠭ᠋ᠠᠯᠠᠨ ᠬᠠᠶ᠋ᠢᠨ ᠰᠢᠯᠭ᠋ᠠᠬᠤ ᠳᠤᠭᠤᠶ᠋ᠢᠯᠠᠩ᠎ᠤᠨ᠎ᠬᠢᠨ ᠬᠥᠯᠥᠨ ᠪᠣᠶ᠋ᠢᠷ᠎ᠲᠤ ᠬᠦᠷᠴᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠡᠷᠭᠡ᠎ᠪᠠᠷ ᠶᠠᠪᠤᠬᠤ ᠵᠠᠰᠠᠮᠠᠯ ᠵᠠᠮ᠎ᠳᠤ ᠬᠠᠶ᠋ᠢᠨ ᠰᠢᠯᠭ᠋ᠠᠬᠤ ᠠᠵᠢᠯ ᠥᠷᠨᠢᠭᠦᠯᠪᠡ
ᠬᠠᠮᠲᠤᠷᠠᠨ ᠠᠵᠢᠯᠯᠠᠵᠤ ᠬᠠᠮᠲᠤᠷᠠᠨ ᠬᠦᠳᠡᠯᠦᠯᠴᠡᠬᠦ᠎ᠪᠠᠨ ᠴᠢᠩᠭ᠋ᠠᠷᠠᠭᠤᠯᠤᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠬᠥᠯᠥᠨ ᠪᠣᠶ᠋ᠢᠷ᠎ᠲᠠᠬᠢ ᠬᠤᠪᠢᠶᠠᠷᠢ ᠺᠣᠮᠫᠠᠨᠢ᠎ᠨᠢ ᠲᠣᠣᠷ ᠰᠦᠯᠵᠢᠶ᠎ᠡ ᠵᠢ ᠵᠠᠪᠳᠤᠨ ᠵᠠᠰᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ
ᠬᠥᠯᠥᠨ ᠪᠣᠶ᠋ᠢᠷ ᠬᠣᠲᠠ ᠵᠢᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ᠎ᠤᠨ᠎ᠬᠢᠨ ᠴᠠᠰᠤ ᠠᠷᠢᠯᠭ᠋ᠠᠨ ᠰᠠᠭ᠋ᠠᠳ ᠦᠭᠡᠢ ᠨᠡᠪᠲᠡᠷᠡᠭᠦᠯᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠡ
 
            