ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠩᠬᠠᠳᠠᠭᠴᠢ ᠠᠯᠠᠱ᠌ᠠ ᠠᠭᠤᠯᠠ ᠵᠢ ᠳᠤᠭᠤᠯᠤᠭᠰᠠᠨ ᠲᠡᠮᠦᠷ ᠵᠠᠮ᠎ᠤᠨ ᠨᠦᠬᠡᠨ ᠵᠠᠮ ᠪᠣᠯᠬᠤ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠢᠷᠭ᠋ᠠᠢ᠎ᠠᠴᠠ ᠪᠠᠶᠠᠨᠬᠣᠲᠠ ᠬᠦᠷᠬᠦ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠢ ᠨᠡᠪᠲᠡᠷᠡᠭᠦᠯᠪᠡ
ᠨᠡᠶ᠋ᠢᠲᠡᠯᠡᠭᠰᠡᠨ ᠴᠠᠭ᠄ 2025-08-25

    8 ᠳ᠋ᠤᠭ᠋ᠠᠷ ᠰᠠᠷ᠎ᠠ ᠵᠢᠨ 16᠎ᠤ ᠡᠳᠦᠷ᠂ ᠬᠠᠮᠤᠭ ᠰᠡᠭᠦᠯᠴᠢ ᠵᠢᠨ 1 ᠮᠧᠲᠷ᠎ᠤᠨ ᠴᠢᠯᠠᠭᠤᠯᠢᠭ ᠳᠠᠪᠬᠤᠷᠭ᠎ᠠ ᠵᠢ ᠨᠠᠷᠢᠯᠢᠭ ᠣᠨᠣᠴᠠᠲᠠᠶ᠎ᠪᠠᠷ ᠡᠪᠳᠡᠬᠦ ᠵᠢ ᠳᠠᠭ᠋ᠠᠯᠳᠤᠨ᠂ ᠮᠠᠨ᠎ᠤ ᠤᠯᠤᠰ᠎ᠤᠨ ᠠᠩᠬᠠᠳᠠᠭᠴᠢ ᠠᠯᠠᠱ᠌ᠠ ᠠᠭᠤᠯᠠ ᠵᠢ ᠳᠤᠭᠤᠯᠤᠭᠰᠠᠨ ᠲᠡᠮᠦᠷ ᠵᠠᠮ᠎ᠤᠨ ᠨᠦᠬᠡᠨ ᠵᠠᠮ ᠪᠣᠯᠬᠤ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠢᠷᠭ᠋ᠠᠢ᠎ᠠᠴᠠ ᠪᠠᠶᠠᠨᠬᠣᠲᠠ ᠬᠦᠷᠬᠦ ᠰᠠᠯᠪᠤᠷᠢ ᠱᠤᠭᠤᠮ᠎ᠤᠨ ᠠᠯᠠᠱ᠌ᠠ ᠠᠭᠤᠯᠠ ᠵᠢᠨ ᠨᠦᠬᠡᠨ ᠵᠠᠮ᠎ᠢ ᠨᠡᠪᠲᠡᠷᠡᠭᠦᠯᠪᠡ᠃

    ᠠᠯᠠᠱ᠌ᠠ ᠠᠭᠤᠯᠠ ᠵᠢᠨ ᠨᠦᠬᠡᠨ ᠵᠠᠮ᠎ᠤᠨ ᠪᠦᠬᠦ ᠤᠷᠳᠤ᠎ᠨᠢ 8792 ᠮᠧᠲᠷ ᠪᠠᠢ᠌ᠵᠤ᠂ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠤᠷ ᠵᠠᠮ᠎ᠤᠨ ᠢᠷᠭ᠋ᠠᠢ᠎ᠠᠴᠠ ᠪᠠᠶᠠᠨᠬᠣᠲᠠ ᠬᠦᠷᠬᠦ ᠰᠠᠯᠪᠤᠷᠢ ᠱᠤᠭᠤᠮ᠎ᠤᠨ ᠭᠣᠣᠯᠳᠠᠯᠭ᠎ᠠ᠎ᠲᠠᠢ ᠡᠵᠡᠮᠳᠡᠯ᠎ᠤᠨ ᠴᠢᠨᠠᠷᠲᠠᠢ ᠪᠠᠷᠢᠯᠭ᠎ᠠ ᠪᠣᠯᠤᠨ᠎ᠠ᠂ ᠥᠪᠥᠷ ᠮᠣᠩᠭᠣᠯ᠎ᠤᠨ ᠠᠯᠠᠱ᠌ᠠ ᠵᠡᠭᠦᠨ ᠬᠣᠰᠢᠭᠤ ᠪᠣᠯᠤᠨ ᠨᠢᠩᠰᠢᠶᠠ ᠵᠢᠨ ᠢᠷᠭ᠋ᠠᠢ ᠵᠢᠨ ᠠᠭᠤᠯᠵᠠᠷ᠎ᠲᠤ ᠪᠠᠢ᠌ᠷᠢᠯᠠᠵᠤ᠂ ᠮᠥᠩᠬᠡ ᠬᠠᠷᠭ᠋ᠠᠨ᠎ᠠ ᠵᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠠᠯᠠᠱ᠌ᠠ ᠠᠭᠤᠯᠠ ᠵᠢᠨ ᠤᠯᠤᠰ᠎ᠤᠨ ᠲᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠲᠤᠭᠤᠯᠤᠨ᠂ ᠠᠮᠢ ᠠᠬᠤᠢ ᠵᠢᠨ ᠣᠷᠴᠢᠨ ᠲᠣᠭᠣᠷᠢᠨ᠎ᠨᠢ ᠨᠡᠯᠢᠶᠡᠳ ᠰᠡᠷᠭᠡᠭ ᠬᠡᠪᠡᠷᠡᠭ᠂ ᠭᠠᠵᠠᠷ ᠵᠦᠢ ᠵᠢᠨ ᠨᠥᠬᠥᠴᠡᠯ᠎ᠨᠢ ᠲᠤᠢ᠌ᠯ᠎ᠤᠨ ᠪᠤᠳᠤᠯᠢᠶᠠᠨᠲᠠᠢ᠂ ᠬᠦᠷᠢᠶᠡᠪᠴᠢ ᠴᠢᠯᠠᠭᠤᠯᠢᠭ᠎ᠤᠨ ᠣᠯᠠᠩᠬᠢ᠎ᠨᠢ ᠤᠰᠤ᠎ᠲᠠᠢ ᠤᠴᠠᠷᠠᠪᠠᠯ ᠵᠥᠭᠡᠯᠡᠷᠡᠳᠡᠭ ᠰᠢᠪᠠᠷᠯᠢᠭ ᠴᠢᠯᠠᠭᠤᠯᠢᠭ᠂ ᠣᠷᠭᠢᠯᠬᠤ ᠤᠰᠤ᠂ ᠨᠤᠷᠠᠵᠤ ᠶᠡᠭᠦᠷᠡᠬᠦ ᠠᠶᠤᠯ ᠲᠦᠭᠰᠢᠭᠦᠷᠢ᠎ᠪᠠᠷ ᠲᠤᠢ᠌ᠯ᠎ᠤᠨ ᠥᠨᠳᠥᠷ ᠪᠠᠢ᠌ᠵᠤ᠂ 《ᠭᠠᠵᠠᠷ ᠰᠢᠨᠵᠢᠯᠡᠭᠡᠨ᠎ᠤ ᠮᠦᠽᠧᠢ》 ᠬᠡᠮᠡᠭᠳᠡᠪᠡ᠃ ᠬᠠᠮᠤᠭ᠎ᠤᠨ ᠭᠦᠨ᠎ᠳᠤ᠎ᠪᠠᠨ 230 ᠮᠧᠲᠷ᠎ᠢ ᠳᠠᠪᠠᠵᠤ᠂ 76 ᠳᠠᠪᠬᠤᠷ ᠠᠰᠠᠷ᠎ᠤᠨ ᠥᠨᠳᠥᠷ᠎ᠲᠠᠢ ᠲᠡᠩᠴᠡᠵᠦ᠂ ᠪᠠᠷᠢᠯᠭ᠎ᠠ ᠵᠢᠨ ᠳᠤᠮᠳᠠ ᠮᠢᠩ ᠤᠯᠤᠰ᠎ᠤᠨ ᠣᠷᠳᠣ ᠴᠠᠭ᠋ᠠᠨ ᠬᠡᠷᠡᠮ ᠪᠠ 6 ᠵᠥᠷᠢᠭᠳᠡᠯ᠎ᠤᠨ ᠬᠠᠭ᠋ᠠᠷᠠᠯ ᠪᠦᠰᠡ ᠵᠢ ᠨᠡᠪᠲᠡᠯᠵᠦ᠂ ᠨᠢᠭᠡ ᠡᠳᠦᠷ᠎ᠤᠨ ᠬᠠᠮᠤᠭ᠎ᠤᠨ ᠶᠡᠬᠡ ᠣᠷᠭᠢᠯᠤᠮᠠᠯ ᠤᠰᠤᠨ᠎ᠤ ᠬᠡᠮᠵᠢᠶ᠎ᠡ᠎ᠨᠢ 4500 ᠪᠣᠰᠣᠭ᠎ᠠ ᠳᠥᠷᠪᠡᠯᠵᠢᠨ ᠮᠧᠲᠷ ᠣᠷᠴᠢᠮ ᠪᠠᠢ᠌ᠵᠤ᠂ 2.3 ᠪᠠᠷᠢᠮᠵᠢᠶᠠᠲᠤ ᠤᠮᠪᠠᠯᠲᠠ ᠵᠢᠨ ᠴᠥᠭᠥᠷᠥᠮ᠎ᠢ ᠲᠦᠭᠦᠷᠭᠡᠬᠦ᠎ᠲᠠᠢ ᠲᠡᠩᠴᠡᠵᠦ᠂ ᠣᠷᠭᠢᠯᠬᠤ ᠤᠰᠤ᠂ ᠨᠤᠷᠠᠵᠤ ᠶᠡᠭᠦᠷᠡᠬᠦ ᠠᠶᠤᠯ ᠲᠦᠭᠰᠢᠭᠦᠷᠢ ᠮᠠᠰᠢ ᠶᠡᠬᠡ ᠪᠠᠢ᠌ᠳᠠᠭ᠃ ᠡᠭᠦᠨ᠎ᠤ ᠬᠠᠮᠲᠤ᠂ ᠨᠦᠬᠡᠨ ᠵᠠᠮ᠎ᠨᠢ ᠲᠩᠷᠢ ᠡᠯᠡᠰᠦᠨ ᠴᠥᠯ ᠪᠣᠯᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠭᠤᠯᠵᠠᠷ᠎ᠲᠤ ᠣᠷᠣᠰᠢᠵᠤ᠂ ᠪᠠᠰᠠ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠪᠣᠯᠬᠤ ᠮᠢᠩ ᠤᠯᠤᠰ᠎ᠤᠨ ᠣᠷᠳᠣ ᠴᠠᠭ᠋ᠠᠨ ᠬᠡᠷᠡᠮ᠎ᠤᠨ ᠪᠠᠭᠤᠷᠢ ᠵᠢ ᠨᠡᠪᠲᠡᠯᠵᠦ᠂ ᠪᠠᠷᠢᠯᠭ᠎ᠠ ᠪᠠᠷᠢᠬᠤ᠎ᠳᠤ ᠮᠠᠰᠢ ᠬᠦᠴᠢᠷᠲᠡᠶ ᠪᠠᠢ᠌ᠯ᠎ᠠ᠃ ᠮᠢᠩ ᠤᠯᠤᠰ᠎ᠤᠨ ᠣᠷᠳᠣ ᠴᠠᠭ᠋ᠠᠨ ᠬᠡᠷᠡᠮ᠎ᠳᠤ ᠦᠵᠡᠭᠦᠯᠬᠦ ᠬᠠᠷᠰᠢᠯᠠᠯ ᠨᠥᠯᠥᠭᠡ ᠵᠢ ᠪᠠᠭ᠋ᠠᠰᠬᠠᠬᠤ ᠵᠢᠨ ᠲᠥᠯᠥᠭᠡ᠂ ᠪᠥᠲᠥᠭᠡᠨ ᠪᠠᠢ᠌ᠭᠤᠯᠤᠯᠲᠠ ᠵᠢᠨ ᠪᠦᠯᠬᠦᠮ᠎ᠨᠢ ᠤᠯᠠᠮᠵᠢᠯᠠᠯᠲᠤ ᠥᠷᠥᠮᠳᠡᠨ ᠳᠡᠯᠪᠡᠴᠢᠬᠦ ᠠᠷᠭ᠎ᠠ ᠵᠢ 《ᠮᠠᠰᠢᠨ ᠵᠶ᠋ᠠᠷ ᠮᠠᠯᠲᠠᠬᠤ + C6 ᠦᠷᠦᠮᠳᠡᠭᠦᠷ ᠮᠠᠰᠢᠨ ᠵᠶ᠋ᠠᠷ ᠠᠵᠢᠯᠯᠠᠬᠤ + ᠬᠥᠳᠡᠯᠦᠩᠭᠦᠶ ᠬᠢᠨᠠᠨ ᠬᠡᠮᠵᠢᠯᠲᠡ ᠬᠢᠬᠦ》 ᠪᠠᠭ᠎ᠠ ᠬᠠᠷᠰᠢᠯᠠᠯᠳᠤ ᠬᠠᠮ ᠮᠡᠷᠭᠡᠵᠢᠯ ᠪᠣᠯᠭ᠋ᠠᠨ ᠥᠭᠡᠷᠡᠴᠢᠯᠡᠵᠦ᠂ ᠡᠷᠲᠡᠨ᠎ᠤ ᠪᠠᠭᠤᠷᠢ ᠵᠢᠨ ᠬᠠᠮᠠᠭ᠋ᠠᠯᠠᠯᠲᠠ ᠵᠢ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠨᠦᠬᠡᠨ ᠵᠠᠮ᠎ᠢ ᠴᠢᠨᠠᠷ ᠰᠠᠢ᠌ᠲᠠᠶ ᠥᠨᠳᠥᠷ ᠪᠦᠲᠦᠮᠵᠢᠲᠡᠶ ᠮᠠᠯᠲᠠᠬᠤ ᠵᠢ ᠦᠨᠡᠨ ᠬᠦ᠌ ᠪᠠᠲᠤᠯᠠᠪᠠ᠃

    ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ ᠪᠣᠯ ᠤᠯᠤᠰ᠎ᠤᠨ 《ᠨᠠᠢ᠍ᠮᠠᠨ ᠬᠥᠨᠳᠡᠯᠡᠨ ᠨᠠᠢ᠍ᠮᠠᠨ ᠭᠤᠯᠳᠤ》 ᠲᠦᠷᠭᠡᠨ᠎ᠤ ᠲᠡᠮᠦᠷ ᠵᠠᠮ᠎ᠤᠨ ᠲᠣᠣᠷ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠢᠷᠭ᠋ᠠᠢ᠎ᠠᠴᠠ ᠪᠠᠶᠠᠨᠬᠣᠲᠠ ᠬᠦᠷᠬᠦ ᠰᠠᠯᠪᠤᠷᠢ ᠱᠤᠭᠤᠮ᠎ᠨᠢ ᠨᠢᠩᠰᠢᠶᠠ ᠵᠢᠨ ᠢᠷᠭ᠋ᠠᠢ ᠬᠤᠳᠠ᠎ᠠᠴᠠ ᠡᠬᠢᠯᠡᠵᠦ᠂ ᠥᠪᠥᠷ ᠮᠣᠩᠭᠣᠯ᠎ᠤᠨ ᠠᠯᠠᠱ᠌ᠠ ᠠᠢ᠌ᠮᠠᠭ᠎ᠤᠨ ᠪᠠᠶᠠᠨᠬᠣᠲᠠ ᠪᠠᠯᠭ᠋ᠠᠰᠤ ᠬᠦᠷᠦᠨ᠎ᠡ᠂ ᠪᠦᠬᠦ ᠤᠷᠳᠤ᠎ᠨᠢ ᠪᠠᠷᠤᠭ 111 ᠺᠢᠯᠣᠮᠧᠲᠷ ᠪᠠᠢ᠌ᠵᠤ᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠴᠠᠭ᠎ᠤᠨ ᠬᠤᠷᠳᠤᠴᠠ᠎ᠨᠢ 200 ᠺᠢᠯᠣᠮᠧᠲᠷ᠎ᠤᠨ ᠠᠶᠠᠨᠴᠢᠳ᠎ᠤᠨ ᠵᠥᠭᠡᠭᠡᠪᠦᠷᠢ ᠵᠢᠨ ᠳᠠᠩ ᠱᠤᠭᠤᠮ᠎ᠤᠨ ᠲᠡᠮᠦᠷ ᠵᠠᠮ ᠪᠠᠢ᠌ᠵᠤ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠥᠪᠥᠷ ᠮᠣᠩᠭᠣᠯ᠎ᠤᠨ ᠪᠠᠶᠠᠨᠬᠣᠲᠠ᠎ᠳᠤ ᠭᠠᠯᠲᠤ ᠲᠡᠷᠭᠡ ᠨᠡᠪᠲᠡᠷᠡᠬᠦ ᠦᠭᠡᠢ ᠲᠡᠦᠬᠡ ᠵᠢ ᠡᠴᠦᠰᠯᠡᠭᠦᠯᠵᠦ᠂ ᠨᠢᠩᠰᠢᠶᠠ ᠪᠣᠯᠤᠨ ᠥᠪᠥᠷ ᠮᠣᠩᠭᠣᠯ᠎ᠤᠨ ᠬᠢᠯᠢ ᠳᠣᠲᠣᠷᠠᠬᠢ ᠲᠡᠮᠦᠷ ᠵᠠᠮ᠎ᠤᠨ ᠲᠣᠣᠷ᠎ᠤᠨ ᠪᠠᠢ᠌ᠷᠢᠰᠢᠭᠤᠯᠤᠯᠲᠠ ᠵᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠪᠣᠯᠤᠨ᠎ᠠ᠂ ᠡᠨᠡ᠎ᠨᠢ ᠣᠷᠣᠨ ᠪᠦᠰᠡ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            