ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠄ 《ᠪᠤᠬᠢᠷᠲᠤᠯ ᠦᠭᠡᠢ》 ᠶᠠᠪᠤᠵᠤ ᠰᠠᠭᠤᠬᠤ ᠵᠢ ᠡᠷᠬᠢᠯᠡᠨ ᠪᠣᠬᠢᠷᠲᠤᠯ ᠥᠬᠡᠶ ᠣᠶᠤᠨᠴᠢ ᠰᠢᠨ᠎ᠡ ᠬᠡᠪ ᠳᠠᠭᠤᠷᠢᠶᠠᠯ᠎ᠢ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2025-09-24

《ᠡᠨᠡ ᠪᠣᠯ ᠳᠠᠷᠤᠢ ᠤᠷᠭᠤᠮᠠᠯ᠎ᠤᠨ 〈ᠠᠮᠢᠳᠤ ᠴᠢᠯᠠᠭᠤᠵᠢᠮᠠᠯ〉 ᠪᠠ ᠤᠷᠭᠤᠮᠠᠯ᠎ᠤᠨ 〈ᠮᠠᠯᠤᠷ ᠦᠳᠡᠭᠡ〉 ᠬᠡᠮᠡᠭᠳᠡᠭᠰᠡᠨ ᠤᠴᠠᠭ᠋ᠠᠨ᠎ᠠ ᠪᠣᠯᠤᠨ᠎ᠠ᠃ ᠦᠵᠡᠬᠦ᠎ᠳᠤ ᠥᠨᠳᠥᠷ ᠪᠢᠰᠢ᠂ ᠭᠡᠪᠡᠴᠦ ᠲᠡᠭᠦᠨ᠎ᠤ ᠦᠨᠳᠦᠰᠦ᠎ᠨᠢ 4᠎ᠠᠴᠠ 5 ᠮᠧᠲᠷ ᠤᠷᠲᠤ ᠪᠠᠢ᠌ᠳᠠᠭ᠃ ᠣᠢ᠌ᠷ᠎ᠠ᠎ᠳᠤ᠂ G1816 ᠷᠦᠩᠴᠸᠩ᠎ᠠᠴᠠ ᠦᠬᠠᠶ ᠬᠥᠷᠬᠥ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠬᠠᠢ᠎ᠠᠴᠠ ᠮᠠᠴᠢᠨ ᠬᠦᠷᠬᠦ ᠬᠣᠯᠪᠣᠭ᠎ᠠ ᠠᠪᠬᠤ ᠱᠤᠭᠤᠮ᠎ᠤᠨ ᠦᠬᠠᠶ᠎ᠠᠴᠠ ᠱ᠌ᠢ ᠽᠦᠶ ᠱᠠᠨ ᠬᠥᠷᠬᠥ ᠬᠡᠰᠡᠭ᠎ᠤᠨ ᠪᠠᠷᠢᠯᠭ᠎ᠠ ᠵᠢᠨ ᠲᠥᠷᠥᠯ ᠵᠦᠢᠯ 《ᠳᠣᠷᠣᠭᠰᠢ 《ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ》 ᠭᠡᠵᠦ ᠲᠣᠪᠴᠢᠯᠠᠨ᠎ᠠ)᠎ᠤᠨ ᠪᠠᠶᠠᠨᠲᠣᠬᠣᠶ ᠵᠢᠨ ᠬᠠᠲᠤᠨ ᠭᠣᠤᠯ᠎ᠤᠨ ᠣᠨᠴᠠ ᠶᠡᠬᠡ ᠬᠥᠭᠥᠷᠭᠡ ᠵᠢᠨ ᠪᠠᠷᠢᠯᠭ᠎ᠠ ᠵᠢᠨ ᠭᠠᠵᠠᠷ᠎ᠤᠨ ᠣᠢ᠌ᠷᠠᠯᠴᠠᠭ᠎ᠠ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢᠨ ᠬᠤᠪᠢᠶᠠᠷᠢ ᠺᠣᠮᠫᠠᠨᠢ ᠵᠢᠨ ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢᠨ ᠠᠯᠪᠠᠨ ᠬᠡᠷ᠎ᠤᠨ ᠡᠷᠬᠢᠯᠡᠭᠴᠢ ᠬᠤᠸᠠᠩ ᠹᠦ᠋ ᠰᠠᠶ ᠹᠦ᠋ ᠲᠠᠨᠢᠯᠴᠠᠭᠤᠯᠪᠠ᠃

ᠣᠢ᠌ᠯᠠᠭ᠋ᠠᠭᠰᠠᠨ ᠵᠶ᠋ᠠᠷ᠂ ᠤᠴᠠᠭ᠋ᠠᠨ᠎ᠠ ᠪᠣᠯ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠤᠷᠭᠤᠮᠠᠯ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠤᠷᠭᠤᠮᠠᠯ ᠪᠣᠯᠤᠨ᠎ᠠ᠃ ᠤᠯᠤᠰ᠎ᠤᠨ ᠳᠣᠲᠣᠭ᠋ᠠᠳᠤ᠎ᠳᠤ ᠭᠣᠤᠯᠳᠠᠭᠤ ᠥᠪᠥᠷ ᠮᠣᠩᠭᠣᠯ᠎ᠤᠨ ᠬᠠᠩᠭᠢᠨ ᠬᠣᠰᠢᠭᠤᠨ᠎ᠤ ᠪᠠᠷᠠᠭᠤᠨ ᠬᠡᠰᠡᠭ᠎ᠠᠴᠠ ᠦᠬᠠᠶ ᠬᠣᠲᠠ ᠵᠢᠨ ᠬᠠᠲᠤᠨ ᠭᠣᠤᠯ᠎ᠤᠨ ᠬᠣᠶᠠᠷ ᠡᠷᠭᠢ᠎ᠠᠴᠠ ᠨᠢᠩᠰᠢᠶᠠ ᠵᠢᠨ ᠱ᠌ᠢ ᠽᠦᠶ ᠱᠠᠨ ᠬᠦᠷᠲᠡᠯᠡᠬᠢ ᠬᠡᠰᠡᠭ ᠵᠶ᠋ᠡᠷ ᠲᠠᠷᠬᠠᠵᠤ ᠪᠣᠶ᠃ ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠨᠢ ᠦᠬᠠᠶ ᠬᠣᠲᠠ ᠵᠢᠨ ᠬᠠᠢ᠌ᠨᠠᠨ ᠲᠣᠭᠣᠷᠢᠭ᠎ᠤᠨ ᠬᠢᠯᠢ᠎ᠳᠤ ᠪᠠᠢ᠌ᠷᠢᠯᠠᠵᠤ᠂ ᠤᠴᠠᠭ᠋ᠠᠨ᠎ᠠ ᠵᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠣᠶ᠃

《ᠲᠥᠷᠥᠯ ᠵᠦᠢᠯ ᠲᠠᠯᠠᠪᠠᠶ᠎ᠳᠤ ᠣᠷᠣᠭᠰᠠᠨ᠎ᠤ ᠡᠬᠢᠨ᠎ᠤ ᠬᠤᠭᠤᠴᠠᠭ᠋ᠠᠨ᠎ᠳᠤ᠂ ᠲᠥᠷᠥᠯ ᠵᠦᠢᠯ᠎ᠤᠨ ᠠᠯᠪᠠᠯᠠᠬᠤ ᠲᠣᠭᠣᠷᠢᠭ᠂ ᠠᠮᠢᠳᠤᠷᠠᠯ᠎ᠤᠨ ᠲᠣᠭᠣᠷᠢᠭ᠂ ᠪᠣᠯᠣᠳ ᠲᠡᠮᠦᠷ᠎ᠤᠨ ᠦᠢᠯᠡᠳᠪᠦᠷᠢ᠂ ᠵᠢᠭᠤᠷᠠᠬᠤ ᠥᠷᠲᠡᠭᠡ ᠵᠡᠷᠭᠡ ᠵᠢᠨ ᠪᠥᠲᠥᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠰᠣᠩᠭᠣᠬᠤ᠎ᠳᠤ᠎ᠪᠠᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠢ᠌ᠯᠠᠭ᠋ᠠᠭᠳᠠᠬᠤᠨ᠎ᠢ ᠦᠢᠯᠡᠳᠦᠯᠭᠡᠵᠢᠭᠦᠯᠵᠦ᠂ ᠲᠤᠬᠠᠶ ᠵᠢᠨ ᠭᠠᠵᠠᠷ᠎ᠤᠨ ᠣᠶ ᠰᠢᠭᠤᠶ ᠡᠪᠡᠰᠦ ᠪᠡᠯᠴᠢᠭᠡᠷ᠎ᠤᠨ ᠰᠠᠯᠠᠭ᠎ᠠ ᠮᠥᠴᠢᠷ᠎ᠲᠠᠢ ᠢᠳᠡᠪᠬᠢᠲᠡᠶ ᠵᠣᠯᠭ᠋ᠠᠭᠤᠯᠵᠤ᠂ ᠤᠯᠤᠰ᠎ᠤᠨ ᠬᠠᠮᠠᠭ᠋ᠠᠯᠠᠯᠲᠠ ᠵᠢᠨ ᠤᠷᠭᠤᠮᠠᠯ ᠤᠴᠠᠭ᠋ᠠᠨ᠎ᠠ ᠵᠢᠨ ᠬᠠᠮᠠᠭ᠋ᠠᠯᠠᠯᠲᠠ ᠵᠢᠨ ᠣᠷᠣᠨ᠎ᠠᠴᠠ ᠵᠠᠢ᠌ᠯᠠᠪᠠ》᠂ 《ᠬᠡᠳᠦᠢ᠌ᠪᠡᠷ ᠥᠪᠡᠷ᠎ᠤᠨ ᠦᠷᠳᠡᠭ᠎ᠢ ᠨᠡᠮᠡᠭᠳᠡᠭᠦᠯᠦᠭᠰᠡᠨ ᠪᠣᠯᠪᠠᠴᠤ ᠣᠷᠴᠢᠨ ᠲᠣᠭᠣᠷᠢᠨ᠎ᠤ ᠡᠬᠢ ᠪᠠᠶᠠᠯᠢᠭ᠎ᠢ ᠬᠠᠮᠠᠭ᠋ᠠᠯᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠬᠠᠷᠢᠭᠤᠴᠠᠯᠭ᠎ᠠ ᠵᠢ ᠡᠭᠦᠷᠭᠡᠯᠡᠪᠡ》 ᠭᠡᠵᠦ ᠬᠤᠸᠠᠩ ᠹᠦ᠋ ᠰᠠᠢ ᠹᠦ᠋ ᠬᠡᠯᠡᠪᠡ᠃

ᠪᠠᠶᠠᠨᠲᠣᠬᠣᠶ ᠵᠢᠨ ᠬᠠᠲᠤᠨ ᠭᠣᠤᠯ᠎ᠤᠨ ᠣᠨᠴᠠ ᠶᠡᠬᠡ ᠬᠥᠭᠥᠷᠭᠡ ᠵᠢᠨ ᠪᠠᠷᠢᠯᠭ᠎ᠠ ᠵᠢᠨ ᠠᠬᠤᠢ ᠲᠠᠯᠠᠪᠠᠶ

ᠣᠢ᠌ᠯᠠᠭ᠋ᠠᠭᠰᠠᠨ ᠵᠶ᠋ᠠᠷ᠂ ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠨᠢ ᠬᠠᠳᠤᠨ ᠭᠣᠣᠯ᠎ᠲᠠᠢ ᠣᠢ᠌ᠷᠠᠳᠴᠤ᠂ ᠲᠦᠷᠦᠯ ᠵᠦᠢ᠍ᠯ᠎ᠨᠢ ᠪᠠᠰᠠ ᠪᠦᠬᠦ ᠲᠠᠯ᠎ᠠ᠎ᠪᠠᠷ ᠪᠢᠲᠡᠭᠦᠮᠵᠢᠯᠡᠬᠦ ᠠᠵᠢᠯ᠎ᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠵᠢᠨ ᠬᠠᠶᠠᠭᠳᠠᠮᠠᠯ ᠪᠣᠳᠠᠰ᠂ ᠪᠣᠬᠢᠷ ᠤᠰᠤ ᠵᠡᠷᠭᠡ ᠵᠢᠨ ᠬᠠᠳᠤᠨ ᠭᠣᠣᠯ᠎ᠳᠤ ᠣᠷᠣᠬᠤ ᠵᠢ ᠪᠦᠲᠦᠮᠵᠢᠲᠡᠢ ᠰᠡᠷᠭᠡᠢ᠌ᠯᠡᠵᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠭᠰᠠᠨ ᠪᠠᠢ᠌ᠨ᠎ᠠ᠃

ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠥᠬᠥ ᠣᠷᠳᠣ᠎ᠨᠢ 18.8 ᠺᠢᠯᠣᠮᠧᠲᠷ᠂ ᠶᠡᠷᠦᠩᠬᠡᠢ ᠪᠠᠯᠠ ᠣᠷᠣᠭᠤᠯᠤᠯᠲᠠ᠎ᠨᠢ 23.8 ᠳ᠋ᠦᠩᠰᠢᠭᠤᠷ ᠲᠥᠭᠥᠷᠢᠭ᠎ᠲᠤ ᠬᠦᠷᠴᠦ᠂ ᠣᠳᠣᠬᠠᠨ᠎ᠳᠤ ᠨᠡᠢ᠌ᠲᠡ 10 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠡᠶ᠃ ᠲᠣᠰ ᠲᠥᠷᠥᠯ ᠵᠦᠢᠯ᠎ᠢ ᠡᠨᠡ ᠵᠢᠯ᠎ᠤᠨ 4 ᠳ᠋ᠦ᠍ᠭᠡᠷ ᠰᠠᠷ᠎ᠠ᠎ᠳᠤ ᠪᠥᠬᠥ ᠲᠠᠯ᠎ᠠ᠎ᠪᠠᠷ ᠠᠵᠢᠯ ᠡᠬᠢᠯᠡᠭᠦᠯᠦᠨ ᠪᠥᠲᠥᠭᠡᠨ ᠪᠠᠢ᠌ᠭᠤᠯᠤᠭᠰᠠᠨ᠎ᠠᠴᠠ ᠨᠠᠭ᠋ᠠᠰᠢ᠂ ᠪᠠᠶᠠᠨᠲᠣᠬᠣᠶ ᠵᠢᠨ ᠬᠠᠲᠤᠨ ᠭᠣᠤᠯ᠎ᠤᠨ ᠣᠨᠴᠠ ᠶᠡᠬᠡ ᠬᠥᠭᠥᠷᠭᠡ ᠵᠢᠨ ᠪᠣᠯᠣᠳ ᠬᠦᠦᠷᠯᠢᠭ ᠵᠠᠮ ᠵᠢᠴᠢ ᠲᠠᠪᠴᠠᠩ᠎ᠢ ᠨᠢᠭᠡᠨᠲᠡ ᠪᠠᠢ᠌ᠭᠤᠯᠵᠤ ᠳᠠᠭᠤᠰᠬᠠᠨ᠂ ᠭᠣᠤᠯ ᠬᠥᠭᠥᠷᠭᠡ ᠵᠢᠨ ᠪᠤᠯᠠᠭ᠋ᠠᠷᠢ ᠵᠢᠨ ᠰᠠᠭᠤᠷᠢ ᠵᠢ 58%᠎ᠪᠠᠷ ᠳᠠᠭᠤᠰᠬᠠᠵᠤ᠂ ᠶᠠᠭ ᠰᠠᠢ᠌ᠬᠠᠨ ᠬᠦᠨᠳᠡᠢ ᠲᠠᠪᠴᠠᠩ᠎ᠢ ᠪᠠᠢ᠌ᠭᠤᠯᠵᠤ ᠪᠠᠢ᠌ᠨ᠎ᠠ; ᠬᠦᠲᠦᠯᠦᠯ ᠬᠥᠭᠥᠷᠭᠡ ᠵᠢᠨ ᠪᠤᠯᠠᠭ᠋ᠠᠷᠢ ᠵᠢᠨ ᠰᠠᠭᠤᠷᠢ ᠵᠢ ᠨᠢᠭᠡᠨᠲᠡ ᠪᠦᠬᠦᠨ᠎ᠢ ᠳᠠᠭᠤᠰᠬᠠᠵᠤ᠂ ᠬᠦᠨᠳᠡᠢ ᠲᠠᠪᠴᠠᠩ᠂ ᠬᠠᠪᠬᠠᠭ᠋ᠠᠰᠤ ᠨᠢᠷᠤᠭᠤ ᠵᠢᠨ 80%᠎ᠠᠴᠠ ᠳᠡᠭᠡᠭᠰᠢᠬᠢ ᠵᠢ ᠪᠡᠶᠡᠯᠡᠭᠦᠯᠵᠦ᠂ ᠤᠷᠢᠳᠴᠢᠯᠠᠨ ᠦᠢᠯᠡᠳᠦᠭᠰᠡᠨ ᠠᠪᠳᠠᠷᠠᠯᠢᠭ ᠨᠢᠷᠤᠭᠤ ᠵᠢᠨ 70% ᠵᠢ ᠪᠡᠶᠡᠯᠡᠭᠦᠯᠵᠦ᠂ ᠪᠤᠰᠤᠳ ᠵᠠᠮ᠎ᠤᠨ ᠰᠠᠭᠤᠷᠢ᠂ ᠵᠢᠵᠢᠭ ᠬᠥᠭᠥᠷᠭᠡ ᠵᠢᠨ ᠭᠤᠯᠳᠤᠩ᠎ᠢ ᠶᠠᠭ ᠡᠮᠬᠢ ᠵᠢᠷᠤᠮ᠎ᠲᠠᠢ᠎ᠪᠠᠷ ᠠᠬᠢᠭᠤᠯᠵᠤ ᠪᠠᠢ᠌ᠨ᠎ᠠ᠃ 《ᠲᠠᠷᠠᠭ᠋ᠠᠴᠢ ᠵᠢᠨ ᠠᠯᠬᠤᠮ᠎ᠳᠤ᠂ ᠲᠥᠷᠥᠯ ᠵᠦᠢᠯ᠎ᠤᠨ ᠪᠦᠯᠬᠦᠮ᠎ᠤᠨ᠎ᠬᠢᠨ ᠪᠠᠶᠠᠨᠲᠣᠬᠣᠶ ᠵᠢᠨ ᠬᠠᠲᠤᠨ ᠭᠣᠤᠯ᠎ᠤᠨ ᠣᠨᠴᠠ ᠶᠡᠬᠡ ᠬᠥᠭᠥᠷᠭᠡ ᠵᠢᠨ ᠬᠦᠨᠳᠡᠢ ᠲᠠᠪᠴᠠᠩ᠂ ᠲᠤᠯᠭ᠋ᠠᠭᠤᠷ᠂ ᠬᠠᠪᠬᠠᠭ᠋ᠠᠰᠤ ᠨᠢᠷᠤᠭᠤ ᠵᠢᠨ ᠪᠠᠷᠢᠯᠭ᠎ᠠ ᠵᠢᠨ ᠠᠵᠢᠯ᠎ᠢ ᠲᠦᠷᠭᠡᠳᠬᠡᠨ ᠠᠬᠢᠭᠤᠯᠵᠤ᠂ ᠡᠨᠡ ᠵᠢᠯ ᠵᠠᠮ᠎ᠤᠨ ᠰᠠᠭᠤᠷᠢ ᠵᠢᠨ ᠪᠠᠷᠢᠯᠭ᠎ᠠ ᠵᠢ ᠪᠥᠬᠥ ᠲᠠᠯ᠎ᠠ᠎ᠪᠠᠷ ᠨᠡᠪᠲᠡᠷᠡᠭᠦᠯᠬᠦ᠎ᠪᠠᠷ ᠴᠢᠷᠮᠠᠢ᠌ᠵᠤ ᠪᠠᠢ᠌ᠨ᠎ᠠ》 ᠭᠡᠵᠦ ᠬᠤᠸᠠᠩ ᠹᠦ᠋ ᠰᠠᠢ ᠹᠦ᠋ ᠬᠡᠯᠡᠪᠡ᠃

ᠭᠣᠣᠯ ᠬᠥᠭᠥᠷᠭᠡ ᠵᠢᠨ ᠪᠤᠯᠠᠭ᠋ᠠᠷᠢ ᠵᠢᠨ ᠰᠠᠭᠤᠷᠢ ᠵᠢᠨ ᠬᠦᠨᠳᠡᠢ ᠲᠠᠪᠴᠠᠩ᠎ᠤᠨ ᠬᠠᠰᠢᠯᠭ᠎ᠠ ᠵᠢᠨ ᠪᠠᠷᠢᠯᠭ᠎ᠠ ᠵᠢᠨ ᠠᠬᠤᠢ ᠲᠠᠯᠠᠪᠠᠢ

ᠠᠮᠤᠷ ᠲᠦᠪᠰᠢᠨ᠎ᠤ ᠬᠠᠮᠢᠶᠠᠷᠤᠯᠲᠠ ᠪᠣᠯ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠪᠠᠷᠢᠯᠭ᠎ᠠ ᠵᠢᠨ ᠠᠮᠢᠨ ᠰᠤᠳᠠᠰᠤ ᠮᠥᠨ᠂ ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠬᠠᠮᠢᠶᠠᠷᠤᠯᠲᠠ᠎ᠳᠤ᠂ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠲᠣᠭ᠋ᠠᠴᠢᠯᠠᠭᠰᠠᠨ ᠬᠡᠯᠪᠡᠷᠢ ᠵᠢ ᠬᠤᠪᠢᠷᠠᠭᠤᠯᠬᠤ ᠵᠢ ᠴᠢᠩᠭ᠋ᠠᠳᠬᠠᠵᠤ᠂ 《ᠠᠮᠤᠭᠤᠯᠠᠩᠲᠤ ᠪᠠᠷᠢᠯᠭ᠎ᠠ》 ᠵᠢ ᠪᠥᠬᠥ ᠲᠠᠯ᠎ᠠ᠎ᠪᠠᠷ ᠴᠣᠭᠴᠠᠯᠠᠨ᠎ᠠ᠃

ᠠᠵᠢᠯᠴᠢᠳ ᠪᠣᠯᠣᠳ ᠰᠢᠷᠪᠥᠰᠥᠨ ᠥᠩᠭᠡᠷᠡᠭᠡ ᠰᠢᠩᠭᠡᠯᠢᠭ᠎ᠢ ᠭᠠᠩᠨᠠᠨ ᠵᠠᠯᠭ᠋ᠠᠵᠤ ᠪᠠᠢ᠌ᠨ᠎ᠠ

《ᠲᠥᠷᠥᠯ ᠵᠦᠢᠯ᠎ᠨᠢ 〈ᠲᠣᠤᠷᠵᠢᠯ ᠠᠵᠢᠯ᠎ᠤᠨ ᠴᠡᠭ〉᠎ᠤᠨ ᠬᠠᠮᠢᠶᠠᠷᠤᠯᠲᠠ ᠵᠢ ᠰᠢᠨ᠎ᠡ ᠵᠢ ᠡᠭᠦᠳᠦᠨ ᠬᠡᠷᠡᠭᠵᠢᠭᠦᠯᠵᠦ᠂ ᠪᠥᠬᠥ ᠱᠤᠭᠤᠮ ᠵᠶ᠋ᠠᠨ ᠬᠡᠳᠦᠨ ᠬᠠᠷᠢᠭᠤᠴᠠᠯᠭ᠎ᠠ ᠵᠢᠨ ᠲᠣᠤᠷᠵᠢᠯ ᠪᠣᠯᠭ᠋ᠠᠨ ᠬᠤᠪᠢᠶᠠᠵᠤ᠂ ᠠᠵᠢᠯ᠎ᠤᠨ ᠴᠡᠭ ᠨᠢᠭᠡᠪᠦᠷᠢ᠎ᠳᠤ ᠴᠥᠮ ᠠᠮᠤᠷ ᠲᠦᠪᠰᠢᠨ᠎ᠤ ᠬᠠᠷᠢᠭᠤᠴᠠᠯᠭ᠋ᠠᠲᠠᠨ (ᠲᠣᠤᠷᠵᠢᠯ᠎ᠤᠨ ᠠᠵᠢᠯᠲᠠᠨ)᠎ᠢ ᠲᠣᠳᠣᠷᠬᠠᠢ᠌ᠯᠠᠵᠤ᠂ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠷᠢᠯᠢᠭ ᠣᠨᠣᠴᠠᠲᠠᠶ ᠨᠠᠢ᠌ᠳᠠᠪᠤᠷᠢᠵᠢᠭᠤᠯᠬᠤ ᠪᠠ ᠦᠵᠡᠭᠳᠡᠮᠡᠯ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠪᠡ᠃ ᠠᠵᠢᠯᠲᠠᠨ᠎ᠤ ᠬᠠᠮᠢᠶᠠᠷᠤᠯᠲᠠ ᠵᠢᠨ ᠲᠠᠯ᠎ᠠ᠎ᠪᠠᠷ᠂ ᠲᠠᠪᠴᠠᠩ᠎ᠳᠤ ᠲᠦᠰᠢᠭᠯᠡᠨ ᠲᠠᠯᠠᠪᠠᠶ᠎ᠳᠤ ᠣᠷᠣᠬᠤ ᠠᠮᠤᠷ ᠲᠦᠪᠰᠢᠨ᠎ᠤ ᠬᠥᠮᠦᠵᠢᠯ᠎ᠢ ᠥᠷᠨᠢᠭᠦᠯᠵᠦ᠂ ᠪᠣᠯᠪᠠᠰᠤᠷᠠᠭᠤᠯᠤᠯ᠎ᠤᠨ ᠶᠠᠪᠤᠴᠠ ᠵᠢ ᠰᠦᠯᠵᠢᠶᠡᠨ ᠳᠡᠭᠡᠷ᠎ᠡ ᠲᠡᠮᠳᠡᠭᠯᠡᠵᠦ᠂ ᠰᠤᠷᠭ᠋ᠠᠨ ᠬᠥᠮᠦᠵᠢᠯ᠎ᠤᠨ ᠰᠤᠷᠤᠯᠴᠠᠭᠰᠠᠨ ᠴᠠᠭ ᠬᠢᠭᠡᠳ ᠰᠢᠯᠭ᠋ᠠᠨ ᠬᠢᠨᠠᠭᠰᠠᠨ ᠦᠷ᠎ᠡ ᠳ᠋ᠦᠩ᠎ᠢ ᠠᠦ᠋ᠲ᠋ᠣ᠋᠎ᠪᠠᠷ ᠪᠦᠷᠢᠳᠬᠡᠨ᠂ ᠪᠣᠯᠪᠠᠰᠤᠷᠠᠭᠤᠯᠤᠯ᠎ᠤᠨ ᠪᠦᠬᠦᠨ᠎ᠢ ᠬᠠᠮᠤᠷᠤᠨ᠂ ᠮᠥᠷᠳᠡᠵᠦ ᠪᠣᠯᠬᠤ ᠵᠢ ᠪᠠᠲᠤᠯᠠᠵᠠᠢ᠃ ᠲᠥᠬᠥᠭᠡᠷᠦᠮᠵᠢ ᠵᠢᠨ ᠬᠠᠮᠢᠶᠠᠷᠤᠯᠲᠠ ᠵᠢ ᠪᠥᠬᠥ ᠶᠠᠪᠤᠴᠠ᠎ᠳᠤ᠎ᠨᠢ ᠰᠦᠯᠵᠢᠶ᠎ᠡ᠎ᠪᠠᠷ ᠭᠦᠢᠴᠡᠳᠬᠡᠬᠦ ᠵᠢ ᠪᠡᠶᠡᠯᠡᠭᠦᠯᠵᠦ᠂ ᠲᠠᠯᠠᠪᠠᠶ᠎ᠳᠤ ᠣᠷᠣᠵᠤ ᠰᠢᠯᠭ᠋ᠠᠨ ᠠᠪᠬᠤ ᠮᠡᠳᠡᠭᠡ ᠵᠠᠩᠭᠢ᠎ᠠᠴᠠ ᠲᠣᠭᠲᠠᠮᠠᠯ ᠬᠤᠭᠤᠴᠠᠭ᠎ᠠ᠎ᠲᠠᠢ᠎ᠪᠠᠷ ᠠᠷᠠᠴᠢᠯᠠᠨ ᠬᠠᠮᠠᠭ᠋ᠠᠯᠠᠭᠰᠠᠨ ᠲᠡᠮᠳᠡᠭᠯᠡᠯ ᠬᠦᠷᠲᠡᠯ᠎ᠡ᠂ ᠴᠥᠮ ᠲᠥᠬᠥᠭᠡᠷᠦᠮᠵᠢ ᠵᠢᠨ ᠬᠣᠶᠠᠷ ᠬᠡᠮᠵᠢᠯᠳᠦ ᠺᠣᠳ᠋᠎ᠢ ᠰᠢᠷᠪᠢᠬᠦ ᠵᠶ᠋ᠠᠷ ᠳᠠᠮᠵᠢᠭᠤᠯᠤᠨ ᠴᠠᠭ ᠲᠤᠬᠠᠶ᠎ᠳᠤ᠎ᠨᠢ ᠪᠠᠢ᠌ᠴᠠᠭ᠋ᠠᠨ ᠯᠠᠪᠯᠠᠵᠤ ᠪᠣᠯᠤᠨ᠎ᠠ》 ᠭᠡᠵᠦ ᠳᠤᠮᠳᠠᠳᠤ ᠤᠯᠤᠰ᠎ᠤᠨ ᠵᠠᠮ ᠬᠠᠷᠢᠯᠴᠠᠭ᠋ᠠᠨ᠎ᠤ ᠨᠢᠭᠡᠳᠦᠭᠡᠷ ᠵᠠᠰᠠᠮᠠᠯ ᠵᠠᠮ᠎ᠤᠨ ᠪᠠᠷᠢᠯᠭ᠎ᠠ ᠵᠢᠨ ᠲᠣᠪᠴᠢᠶᠠᠨ᠎ᠤ ᠬᠢᠵᠠᠭ᠋ᠠᠷᠲᠤ ᠺᠣᠮᠫᠠᠨᠢ ᠵᠢᠨ ᠦᠬᠠᠢ᠎ᠠᠴᠠ ᠱ᠌ᠢ ᠽᠦᠶ ᠱᠠᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠭᠤᠷᠪᠠᠳᠤᠭ᠋ᠠᠷ ᠬᠤᠪᠢᠶᠠᠷᠢ ᠬᠡᠯᠳᠡᠰ᠎ᠤᠨ ᠲᠥᠷᠥᠯ ᠵᠦᠢᠯ᠎ᠤᠨ ᠳᠠᠭ᠋ᠠᠭ᠋ᠠᠮᠠᠯ ᠯᠢ ᠶᠤᠸᠠᠨ ᠰᠢᠩ ᠲᠠᠨᠢᠯᠴᠠᠭᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            