ᠤᠢ᠍ᠢ᠍ᠷ᠎ᠠ ᠵᠢᠨ ᠡᠳᠦᠷ᠂ G5511 ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠦᠷᠦᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ᠂ ᠮᠠᠰᠢᠨ ᠮᠧᠬᠠᠨᠢᠭ ᠬᠦᠷᠴᠢᠭᠢᠨᠡᠨ ᠳᠤᠤᠭ᠋ᠠᠷᠴᠤ᠂ ᠪᠠᠷᠢᠯᠭ᠎ᠠ ᠵᠢᠨ ᠮᠠᠰᠢᠨ ᠲᠡᠷᠭᠡ ᠨᠠᠭ᠋ᠠᠰᠢ ᠴᠠᠭ᠋ᠠᠰᠢ ᠳᠠᠪᠬᠢᠵᠤ᠂ ᠬᠦᠷ ᠬᠥᠭᠵᠢᠶᠡᠨ ᠵᠶ᠋ᠡᠷ ᠪᠢᠯᠬᠠᠵᠤ ᠪᠠᠢ᠌ᠯ᠎ᠠ᠃

ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠭᠣᠤᠯ ᠱᠤᠭᠤᠮ᠎ᠤᠨ ᠰᠢᠨ᠎ᠡ᠎ᠪᠠᠷ ᠪᠠᠢ᠌ᠭᠤᠯᠤᠭᠰᠠᠨ ᠬᠡᠰᠡᠭ᠎ᠤᠨ ᠵᠠᠮ᠎ᠤᠨ ᠭᠠᠳᠠᠷᠭᠤ ᠵᠢ ᠳᠡᠪᠢᠰᠴᠦ ᠪᠠᠢ᠌ᠭ᠎ᠠ ᠲᠤᠬᠠᠢ ᠵᠢᠨ ᠲᠠᠯᠠᠪᠠᠢ

ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠦᠯᠦᠭᠯᠡᠯ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢᠨ ᠬᠤᠪᠢᠶᠠᠷᠢ ᠺᠣᠮᠫᠠᠨᠢ ᠵᠢᠨ ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠬᠠᠮᠢᠶᠠᠷᠬᠤ ᠠᠯᠪᠠᠨ ᠬᠡᠷ᠎ᠤᠨ ᠡᠷᠬᠢᠯᠡᠭᠴᠢ ᠸᠠᠩ ᠹᠸᠩ ᠴᠦᠨ
ᠲᠥᠷᠥᠯ ᠵᠦᠢᠯ᠎ᠤᠨ ᠭᠣᠤᠯ ᠱᠤᠭᠤᠮ᠎ᠤᠨ ᠰᠢᠨ᠎ᠡ᠎ᠪᠠᠷ ᠪᠠᠢ᠌ᠭᠤᠯᠤᠭᠰᠠᠨ ᠬᠡᠰᠡᠭ᠎ᠤᠨ 30 ᠺᠢᠯᠣᠮᠧᠲᠷ᠎ᠤᠨ ᠵᠠᠮ᠎ᠤᠨ ᠰᠠᠭᠤᠷᠢ᠂ ᠬᠥᠭᠥᠷᠭᠡᠨ ᠭᠣᠯᠳᠣᠩᠤᠨ ᠪᠠᠷᠢᠯᠭ᠎ᠠ ᠵᠢᠱ᠌ᠢᠯᠲᠡ᠎ᠪᠠᠷ 8 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠳᠠᠭᠤᠰᠤᠨ᠎ᠠ᠃ ᠳᠠᠷᠠᠭ᠋ᠠᠴᠢ ᠵᠢᠨ ᠠᠯᠬᠤᠮ᠎ᠳᠤ᠂ ᠵᠠᠮ᠎ᠤᠨ ᠭᠠᠳᠠᠷᠭᠤ ᠵᠢ ᠳᠡᠪᠢᠰᠬᠦ ᠠᠵᠢᠯ᠎ᠢ ᠭᠣᠣᠯᠳᠠᠯᠭ᠎ᠠ᠎ᠲᠠᠢ ᠠᠬᠢᠭᠤᠯᠵᠤ᠂ 10 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠭᠣᠣᠯ ᠱᠤᠭᠤᠮ᠎ᠤᠨ ᠰᠢᠨ᠎ᠡ᠎ᠪᠠᠷ ᠪᠠᠢ᠌ᠭᠤᠯᠤᠭᠰᠠᠨ ᠬᠡᠰᠡᠭ᠎ᠤᠨ ᠵᠠᠮ᠎ᠤᠨ ᠭᠠᠳᠠᠷᠭᠤ ᠵᠢᠨ ᠪᠠᠷᠢᠯᠭ᠎ᠠ ᠵᠢ ᠪᠡᠶᠡᠯᠡᠭᠦᠯᠬᠦ ᠵᠢ ᠪᠠᠲᠤᠯᠠᠨ᠎ᠠ᠃
ᠣᠢ᠌ᠯᠠᠭ᠋ᠠᠭᠰᠠᠨ ᠵᠶ᠋ᠠᠷ᠂ ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠭᠣᠤᠯ ᠱᠤᠭᠤᠮ᠎ᠤᠨ ᠪᠥᠬᠥ ᠣᠷᠳᠣᠨ᠎ᠢ 108 ᠺᠢᠯᠣᠮᠧᠲᠷ ᠪᠠᠢ᠌ᠵᠤ᠂ 2023 ᠣᠨ᠎ᠤ 7 ᠳ᠋ᠤᠭ᠋ᠠᠷ ᠰᠠᠷ᠎ᠠ ᠵᠢᠨ 25᠎ᠤ ᠡᠳᠦᠷ ᠪᠠᠷᠢᠯᠭ᠎ᠠ ᠡᠬᠢᠯᠡᠭᠦᠯᠪᠡ; 2024 ᠣᠨ᠎ᠳᠤ᠂ ᠭᠣᠤᠯ ᠱᠤᠭᠤᠮ᠎ᠤᠨ ᠥᠭᠡᠷᠡᠴᠢᠯᠡᠨ ᠪᠠᠢ᠌ᠭᠤᠯᠬᠤ ᠬᠡᠰᠡᠭ᠎ᠤᠨ 78 ᠺᠢᠯᠣᠮᠧᠲᠷ᠎ᠤᠨ ᠪᠥᠲᠥᠭᠡᠨ ᠪᠠᠢ᠌ᠭᠤᠯᠤᠯᠲᠠ ᠵᠢᠨ ᠡᠭᠦᠷᠭᠡ ᠵᠢ ᠪᠡᠶᠡᠯᠡᠭᠦᠯᠬᠦ ᠵᠢᠨ ᠬᠠᠮᠲᠤ ᠲᠡᠷᠭᠡ ᠨᠡᠪᠲᠡᠷᠡᠪᠡ; 2025 ᠣᠨ᠎ᠳᠤ᠂ ᠲᠣᠰ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠡᠭᠦᠷᠭᠡ᠎ᠳᠤ ᠭᠣᠤᠯᠳᠠᠭᠤ 30 ᠺᠢᠯᠣᠮᠧᠲᠷ᠎ᠤᠨ ᠭᠣᠤᠯ ᠱᠤᠭᠤᠮ᠎ᠤᠨ ᠰᠢᠨ᠎ᠡ᠎ᠪᠠᠷ ᠪᠠᠢ᠌ᠭᠤᠯᠤᠭᠰᠠᠨ ᠬᠡᠰᠡᠭ᠂ 114 ᠺᠢᠯᠣᠮᠧᠲᠷ᠎ᠤᠨ ᠲᠤᠰᠠᠯᠠᠬᠤ ᠵᠠᠮ᠎ᠤᠨ ᠪᠠᠷᠢᠯᠭ᠎ᠠ ᠪᠠ ᠪᠥᠬᠥ ᠱᠤᠭᠤᠮ᠎ᠤᠨ ᠬᠡᠷ ᠪᠠᠢ᠌ᠰᠢᠩ᠎ᠤᠨ ᠪᠥᠲᠥᠭᠡᠨ ᠪᠠᠢ᠌ᠭᠤᠯᠤᠯᠲᠠ ᠵᠢᠨ ᠪᠠᠷᠢᠯᠭ᠎ᠠ ᠪᠠᠭᠲᠠᠨ᠎ᠠ᠃ 8 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠂ ᠰᠢᠨ᠎ᠡ᠎ᠪᠠᠷ ᠪᠠᠢ᠌ᠭᠤᠯᠤᠭᠰᠠᠨ ᠬᠡᠰᠡᠭ᠎ᠤᠨ ᠵᠠᠮ᠎ᠤᠨ ᠰᠠᠭᠤᠷᠢ ᠵᠢᠨ ᠪᠠᠷᠢᠯᠭ᠎ᠠ ᠵᠢ ᠪᠦᠬᠦᠨ᠎ᠢ ᠳᠠᠭᠤᠰᠬᠠᠵᠤ᠂ ᠬᠥᠭᠥᠷᠭᠡᠨ ᠭᠣᠯᠳᠣᠩᠤᠨ ᠪᠠᠷᠢᠯᠭ᠎ᠠ ᠵᠢᠨ 99% ᠵᠢ ᠪᠡᠶᠡᠯᠡᠭᠦᠯᠵᠦ᠂ ᠵᠠᠮ᠎ᠤᠨ ᠭᠠᠳᠠᠷᠭᠤ ᠵᠢᠨ ᠱᠦᠢ᠍ᠨᠢ᠎ᠪᠠᠷ ᠲᠣᠭᠲᠠᠪᠤᠷᠢᠵᠢᠭᠤᠯᠬᠤ ᠰᠠᠭᠤᠷᠢ ᠳᠠᠪᠬᠤᠷᠭ᠎ᠠ ᠵᠢᠨ 65% ᠵᠢ ᠪᠡᠶᠡᠯᠡᠭᠦᠯᠵᠦ᠂ ᠰᠠᠭᠤᠷᠢ ᠳᠠᠪᠬᠤᠷᠭ᠎ᠠ ᠵᠢᠨ 40% ᠵᠢ ᠪᠡᠶᠡᠯᠡᠭᠦᠯᠵᠦ᠂ ᠳᠣᠤᠷ᠎ᠠ ᠳᠠᠪᠬᠤᠷᠭ᠎ᠠ ᠵᠢᠨ 20% ᠵᠢ ᠪᠡᠶᠡᠯᠡᠭᠦᠯᠵᠦ᠂ ᠬᠡᠷ ᠪᠠᠢ᠌ᠰᠢᠩ ᠪᠠᠷᠢᠬᠤ ᠭᠣᠤᠯ ᠴᠣᠭᠴᠠ ᠵᠢᠨ ᠪᠠᠷᠢᠯᠭ᠎ᠠ ᠵᠢ ᠨᠢᠭᠡᠨᠲᠡ ᠳᠠᠭᠤᠰᠬᠠᠪᠠ᠃

ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠰᠢᠶᠣᠤ ᠾᠧᠢ ᠱᠠᠨ ᠬᠠᠷᠢᠯᠴᠠᠨ ᠨᠡᠪᠲᠡᠷᠡᠬᠦ ᠵᠠᠮ᠎ᠤᠨ ᠭᠠᠳᠠᠷᠭᠤ ᠵᠢ ᠳᠡᠪᠢᠰᠴᠦ ᠪᠠᠢ᠌ᠭ᠎ᠠ ᠲᠤᠬᠠᠢ ᠵᠢᠨ ᠲᠠᠯᠠᠪᠠᠢ
ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠠᠷᠢᠯᠭ᠎ᠠ ᠵᠢᠨ ᠡᠮᠦᠨ᠎ᠡ ᠹᠷᠣᠨᠲ᠎ᠲᠤ᠂ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ᠎ᠢ ᠲᠦᠷᠭᠡᠳᠬᠡᠨ ᠬᠡᠷᠡᠭᠯᠡᠭᠰᠡᠨ᠎ᠨᠢ ᠪᠠᠰᠠ ᠴᠦ᠍ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠨᠠᠩ ᠣᠶᠤᠨᠴᠢ᠂ ᠨᠠᠩ ᠠᠮᠤᠷ ᠲᠦᠪᠰᠢᠨ᠂ ᠨᠠᠩ ᠥᠨᠳᠥᠷ ᠪᠦᠲᠦᠮᠵᠢᠲᠡᠶ ᠪᠣᠯᠭ᠋ᠠᠭᠰᠠᠨ ᠪᠠᠢ᠌ᠨ᠎ᠠ᠃
ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠬᠠᠮᠢᠶᠠᠷᠬᠤ ᠠᠯᠪᠠᠨ ᠬᠡᠷ᠎ᠤᠨ ᠶᠡᠷᠦᠩᠬᠡᠶ ᠢᠨᠵᠧᠨᠧᠷ ᠭᠦᠸᠧ ᠽᠦᠩ ᠴᠢᠩ
ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢᠨ ᠶᠠᠪᠤᠴᠠ᠎ᠳᠤ᠂ ᠲᠥᠷᠥᠯ ᠵᠦᠢᠯ᠎ᠤᠨ ᠠᠯᠪᠠᠨ ᠬᠡᠷ 《ᠪᠣᠯᠣᠳ ᠲᠡᠮᠦᠷ᠎ᠤᠨ ᠬᠣᠯᠢᠮᠠᠭ ᠨᠢᠷᠤᠭᠤᠲᠤ ᠬᠡᠪ ᠬᠠᠪᠲᠠᠰᠤ ᠵᠢᠨ ᠰᠢᠰᠲ᠋ᠧᠮ᠎ᠢ ᠤᠭᠰᠠᠷᠠᠵᠤ ᠨᠤᠷᠠᠭ᠋ᠠᠬᠤ ᠪᠠᠷᠢᠯᠭ᠎ᠠ ᠵᠢᠨ ᠠᠵᠢᠯ᠎ᠤᠨ ᠠᠷᠭ᠎ᠠ》 ᠵᠢ ᠰᠢᠨ᠎ᠡ᠎ᠪᠠᠷ ᠡᠭᠦᠳᠦᠨ ᠬᠡᠷᠡᠭᠵᠢᠭᠦᠯᠪᠡ᠂ ᠲᠣᠰ ᠠᠷᠭ᠎ᠠ᠎ᠨᠢ ᠪᠠᠷᠢᠯᠭ᠎ᠠ ᠵᠢᠨ ᠤᠭᠰᠠᠷᠠᠵᠤ ᠨᠤᠷᠠᠭ᠋ᠠᠬᠤ ᠵᠢ ᠨᠠᠩ ᠳᠥᠭᠥᠮ ᠳᠥᠲᠡ᠂ ᠠᠮᠤᠷ ᠲᠦᠪᠰᠢᠨ ᠴᠢᠨᠠᠷ᠎ᠢ ᠨᠠᠩ ᠰᠠᠢ᠌ᠨ ᠪᠣᠯᠭ᠋ᠠᠵᠤ᠂ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠦᠢᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠡᠭᠦᠨ᠎ᠤ ᠬᠠᠮᠲᠤ᠂ ᠪᠠᠰᠠ 《ᠤᠷᠢᠳᠴᠢᠯᠠᠨ ᠦᠢᠯᠡᠳᠦᠭᠰᠡᠨ ᠠᠪᠳᠠᠷ᠎ᠠ᠎ᠲᠤ ᠨᠢᠷᠤᠭᠤ ᠵᠢᠨ ᠠᠷᠠᠴᠢᠯᠠᠨ ᠬᠠᠮᠠᠭ᠋ᠠᠯᠠᠬᠤ ᠰᠢᠰᠲ᠋ᠧᠮ᠎ᠤᠨ ᠪᠣᠯᠣᠳ ᠰᠠᠭᠤᠷᠢ ᠵᠢᠨ ᠪᠠᠷᠢᠯᠭ᠎ᠠ ᠵᠢᠨ ᠠᠵᠢᠯ᠎ᠤᠨ ᠠᠷᠭ᠎ᠠ》 ᠵᠢ ᠬᠡᠷᠡᠭᠵᠢᠭᠦᠯᠪᠡ᠂ ᠲᠣᠰ ᠠᠷᠭ᠎ᠠ᠎ᠨᠢ ᠡᠨᠧᠷᠭᠢ ᠠᠷᠪᠢᠯᠠᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠠᠪᠳᠠᠷ᠎ᠠ᠎ᠲᠤ ᠨᠢᠷᠤᠭᠤ ᠵᠢᠨ ᠠᠷᠠᠴᠢᠯᠠᠵᠤ ᠬᠠᠮᠠᠭ᠋ᠠᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃

ᠶᠠᠭ ᠪᠦᠲᠦᠭᠡᠨ ᠪᠠᠢ᠌ᠭᠤᠯᠵᠤ ᠪᠠᠢ᠌ᠭ᠎ᠠ ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠳ᠋ᠦᠩ ᠬᠤ᠌ ᠬᠠᠷᠢᠯᠴᠠᠨ ᠨᠡᠪᠲᠡᠷᠡᠬᠦ ᠵᠦᠷᠢᠯᠢᠭ ᠵᠠᠮ
ᠴᠠᠪᠢᠨᠲᠠᠯ᠎ᠠ᠎ᠠᠴᠠ ᠰᠤᠭᠤᠲᠤ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠣᠤᠯᠳᠠᠯᠭ᠎ᠠ᠎ᠲᠠᠢ ᠲᠥᠷᠥᠯ ᠵᠦᠢᠯ ᠪᠣᠯᠤᠨ᠎ᠠ᠃ ᠲᠥᠷᠥᠯ ᠵᠦᠢᠯ ᠪᠠᠢ᠌ᠭᠤᠯᠤᠭᠳᠠᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠣᠤᠷ᠎ᠢ ᠨᠥᠬᠥᠪᠥᠷᠢᠯᠡᠨ ᠲᠡᠭᠦᠯᠳᠡᠷᠵᠢᠭᠦᠯᠬᠦ᠂ ᠮᠤᠵᠢ ᠵᠢᠨ ᠬᠣᠭᠣᠷᠣᠨᠳᠣᠬᠢ ᠨᠡᠪᠲᠡᠷᠡᠬᠦ ᠵᠠᠮ᠎ᠤᠨ ᠦᠢᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠎ᠳᠤ ᠴᠢᠬᠤᠯᠠ ᠳᠡᠭᠡᠭᠰᠢᠯᠡᠭᠦᠯᠬᠦ ᠦᠢᠯᠡᠳᠦᠯ᠎ᠲᠠᠢ ᠪᠠᠢ᠌ᠵᠤ᠂ ᠵᠠᠮ ᠳᠠᠭ᠋ᠠᠤ ᠵᠢᠨ ᠠᠵᠤ ᠠᠬᠤᠶ ᠵᠢᠨ ᠬᠥᠭᠵᠢᠯᠲᠡ᠂ ᠡᠬᠢ ᠪᠠᠶᠠᠯᠢᠭ᠎ᠤᠨ ᠨᠡᠭᠡᠭᠡᠯᠲᠡ᠂ ᠵᠢᠭᠤᠯᠴᠢᠯᠠᠯ᠎ᠤᠨ ᠠᠵᠤ ᠦᠢᠯᠡᠰ ᠵᠡᠷᠭᠡ᠎ᠳᠤ ᠴᠢᠬᠤᠯᠠ ᠠᠬᠢᠭᠤᠯᠬᠤ ᠦᠢᠯᠡᠳᠦᠯ᠎ᠲᠠᠢ ᠶᠤᠮ᠃