ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶ᠋ᠢᠭᠤᠯᠤᠮᠵᠢ᠎ᠨᠤᠭᠤᠳ᠎ᠲᠤ᠄
ᠬᠥᠳᠡᠭᠡ ᠲᠣᠰᠬᠣᠨ᠎ᠤ ᠵᠠᠰᠠᠮᠠᠯ ᠵᠠᠮ ᠪᠣᠯ ᠲᠠᠷᠢᠶᠠᠯᠠᠩ᠂ ᠬᠥᠳᠡᠭᠡ ᠲᠣᠰᠬᠣᠨ᠂ ᠲᠠᠷᠢᠶᠠᠴᠢᠨ᠎ᠳᠤ ᠦᠢ᠍ᠯᠡᠴᠢᠯᠡᠬᠦ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠰᠠᠭᠤᠷᠢ ᠲᠥᠬᠥᠭᠡᠷᠦᠮᠵᠢ ᠮᠥᠨ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠴᠢᠬᠤᠯᠠ ᠭᠠᠷᠳᠠᠴᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠨᠢ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠳᠦᠷᠪᠡᠨ ᠰᠠᠢ᠌ᠨ ᠬᠥᠳᠡᠭᠡ ᠲᠤᠰᠬᠤᠨ᠎ᠤ ᠵᠠᠮ》᠎ᠤᠨ ᠪᠦᠲᠦᠭᠡᠨ ᠪᠠᠶ᠋ᠢᠭᠤᠯᠤᠯᠲᠠ᠎ᠳᠤ ᠤᠯᠠᠨ ᠤᠳᠠᠭ᠎ᠠ ᠴᠢᠬᠤᠯᠠ ᠪᠠᠶ᠋ᠢᠷᠢᠯᠠᠭᠤᠯᠤᠯᠲᠠ ᠬᠢᠪᠡ᠃ 《ᠳᠦᠷᠪᠡᠨ ᠰᠠᠢ᠌ᠨ ᠬᠥᠳᠡᠭᠡ ᠲᠤᠰᠬᠤᠨ᠎ᠤ ᠵᠠᠮ》᠎ᠤᠨ ᠠᠵᠢᠯ᠎ᠤᠨ ᠳᠤᠮᠳᠠ ᠰᠠᠶ᠋ᠢᠲᠤᠷ ᠬᠠᠮᠢᠶᠠᠷᠴᠤ᠂ ᠰᠠᠶ᠋ᠢᠲᠤᠷ ᠬᠠᠮᠠᠭ᠋ᠠᠯᠠᠬᠤ ᠵᠢᠨ ᠳᠤᠲᠠᠭᠤᠳᠠᠯ᠎ᠤᠨ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠥᠷᠭᠡᠳᠬᠡᠨ ᠪᠠᠢ᠌ᠭᠤᠯᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠳᠣᠤᠷᠠᠬᠢ ᠮᠡᠲᠦ ᠰᠠᠨᠠᠯ᠎ᠢ ᠳᠤᠷᠠᠳᠪᠠ᠄
ᠨᠢᠭᠡ᠂ ᠶᠡᠷᠦᠩᠬᠡᠶ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠠᠴᠠ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ 《ᠳᠦᠷᠪᠡᠨ ᠰᠠᠢ᠌ᠨ ᠬᠥᠳᠡᠭᠡ ᠲᠤᠰᠬᠤᠨ᠎ᠤ ᠵᠠᠮ》᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠪᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠠ ᠬᠣᠲᠠ ᠬᠥᠳᠡᠭᠡ ᠵᠢᠨ ᠬᠥᠭᠵᠢᠯᠲᠡ ᠵᠢ ᠨᠢᠭᠡᠳᠦᠯᠲᠡᠶ ᠲᠥᠯᠥᠪᠵᠢᠭᠦᠯᠬᠦ᠎ᠲᠠᠢ ᠨᠢᠭᠲᠠ ᠤᠶᠠᠯᠳᠤᠭᠤᠯᠤᠨ᠂ ᠶᠠᠰᠤ ᠴᠢᠨᠠᠷ ᠵᠶ᠋ᠠᠷ ᠦᠨᠳᠦᠰᠦ ᠪᠣᠯᠭ᠋ᠠᠬᠤ᠂ ᠠᠮᠤᠷ ᠲᠦᠪᠰᠢᠨ᠎ᠢ ᠳᠡᠭᠡᠳᠦᠯᠡᠬᠦ᠂ ᠪᠠᠶ᠋ᠢᠭ᠋ᠠᠯᠢᠯᠢᠭ ᠡᠶ᠎ᠡ ᠵᠣᠬᠢᠴᠠᠩᠭᠤᠶ ᠪᠠ ᠪᠣᠬᠢᠷᠲᠤᠯ ᠥᠬᠡᠶ ᠬᠥᠭᠵᠢᠯᠲᠡ᠎ᠪᠠᠷ ᠵᠠᠷᠴᠢᠮ ᠪᠣᠯᠭ᠋ᠠᠨ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠳᠡᠭᠡ ᠲᠣᠰᠬᠣᠨ᠎ᠤ ᠵᠠᠰᠠᠮᠠᠯ ᠵᠠᠮ ᠪᠣᠯᠤᠨ ᠬᠥᠳᠡᠭᠡ ᠲᠣᠰᠬᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠳᠡᠭᠡᠳᠦ ᠳᠣᠣᠷᠠᠳᠤ ᠱᠠᠲᠤ ᠬᠣᠯᠪᠣᠭ᠋ᠠᠯᠠᠨ ᠬᠦᠳᠡᠯᠦᠯᠴᠡᠬᠦ᠂ ᠨᠢᠭᠲᠠ ᠬᠠᠮᠵᠢᠯᠴᠠᠬᠤ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠶ᠋ᠢᠳᠠᠯ᠎ᠢ ᠪᠦᠷᠢᠯᠳᠦᠭᠦᠯᠦᠨ᠂ 《ᠳᠦᠷᠪᠡᠨ ᠰᠠᠢ᠌ᠨ ᠬᠥᠳᠡᠭᠡ ᠲᠤᠰᠬᠤᠨ᠎ᠤ ᠵᠠᠮ》᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ ᠥᠷᠭᠡᠨ ᠣᠯᠠᠨ ᠲᠠᠷᠢᠶᠠᠴᠢᠨ ᠲᠦᠮᠡᠨ᠎ᠤ ᠪᠠᠶᠠᠵᠢᠨ ᠴᠢᠨᠡᠭᠡᠯᠢᠭᠵᠢᠬᠦ ᠪᠠ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ᠎ᠳᠤ ᠨᠠᠩ ᠰᠠᠶ᠋ᠢᠨ ᠪᠠᠲᠤᠯᠠᠭ᠎ᠠ ᠬᠠᠩᠭ᠋ᠠᠬᠤ ᠬᠡᠷᠡᠭᠲᠡᠢ᠃
ᠬᠣᠶᠠᠷ᠂ ᠠᠵᠢᠯ᠎ᠤᠨ ᠬᠠᠷᠠᠯᠲᠠ
2022 ᠣᠨ ᠪᠣᠯᠬᠤ᠎ᠳᠤ᠂ ᠡᠷᠬᠡ ᠬᠠᠷᠢᠭᠤᠴᠠᠯᠭ᠎ᠠ᠎ᠨᠢ ᠲᠣᠳᠣᠷᠬᠠᠶ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠲᠣᠭᠲᠠᠴᠠ ᠵᠢ ᠦᠨᠳᠦᠰᠦᠨ᠎ᠳᠤ᠎ᠪᠠᠨ ᠪᠠᠶ᠋ᠢᠭᠤᠯᠵᠤ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠲᠤᠰᠢᠶᠠᠯ ᠬᠠᠷᠢᠭᠤᠴᠠᠯᠭ᠎ᠠ᠎ᠨᠢ ᠲᠣᠳᠣᠷᠬᠠᠶ᠂ ᠨᠡᠶ᠋ᠢᠭᠡᠮ᠎ᠤᠨ ᠬᠦᠴᠦᠨ ᠢᠳᠡᠪᠬᠢᠲᠡᠶ ᠣᠷᠣᠯᠴᠠᠬᠤ ᠪᠠᠶ᠋ᠢᠷᠢᠰᠢᠯ᠎ᠢ ᠪᠤᠢ ᠪᠣᠯᠭ᠋ᠠᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠢ ᠵᠠᠰᠠᠬᠤ ᠴᠢᠳᠠᠪᠤᠷᠢ᠎ᠨᠢ ᠢᠯᠡᠳᠲᠡ ᠳᠡᠭᠡᠭᠰᠢᠯᠡᠵᠦ᠂ ᠵᠠᠰᠠᠬᠤ ᠰᠢᠰᠲ᠋ᠧᠮ᠎ᠨᠢ ᠠᠩᠬ᠎ᠠ ᠠᠯᠬᠤᠮ ᠪᠦᠷᠢᠯᠳᠦᠨ᠎ᠡ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠨᠡᠪᠲᠡᠷᠡᠬᠦ ᠨᠥᠬᠥᠴᠡᠯ ᠪᠣᠯᠤᠨ ᠵᠠᠮ᠎ᠤᠨ ᠬᠡᠪᠴᠢᠶᠡᠨ᠎ᠤ ᠣᠷᠴᠢᠨ ᠲᠣᠭᠤᠷᠢᠨ᠎ᠨᠢ ᠢᠯᠡᠳᠲᠡ ᠳᠡᠭᠡᠭᠰᠢᠯᠡᠵᠦ᠂ ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠴᠢᠳᠠᠪᠤᠷᠢ᠎ᠨᠢ ᠢᠯᠡᠳᠲᠡ ᠴᠢᠩᠭ᠋ᠠᠷᠠᠨᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠵᠢᠭᠳᠡᠷᠡᠨ ᠠᠷᠠᠴᠢᠯᠠᠬᠤ ᠨᠣᠷᠮ᠎ᠠ ᠵᠢ 100%᠎ᠳᠤ ᠬᠦᠷᠭᠡᠵᠦ᠂ ᠵᠢᠯ ᠪᠦᠷᠢ ᠵᠢᠨ ᠳᠤᠮᠳᠠᠴᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠬᠠᠷᠢᠴᠠᠯ᠎ᠢ 5%᠎ᠠᠴᠠ ᠳᠣᠤᠷ᠎ᠠ ᠪᠠᠢ᠌ᠯᠭ᠋ᠠᠵᠤ ᠪᠣᠯᠬᠤ ᠦᠭᠡᠢ᠂ ᠳᠤᠮᠳᠠ ᠵᠡᠷᠭᠡ᠎ᠠᠴᠠ ᠳᠡᠭᠡᠭᠰᠢᠬᠢ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠡᠵᠡᠯᠡᠬᠦ ᠬᠠᠷᠢᠴᠠᠯ᠎ᠢ 75%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠢ᠃
2035 ᠣᠨ ᠪᠣᠯᠬᠤ᠎ᠳᠤ᠂ ᠰᠢᠰᠲ᠋ᠧᠮ᠎ᠨᠢ ᠪᠦᠷᠢᠨ ᠲᠡᠭᠦᠯᠳᠡᠷ᠂ ᠠᠵᠢᠯᠯᠠᠭ᠋ᠠᠨ᠎ᠨᠢ ᠥᠨᠳᠥᠷ ᠪᠦᠲᠦᠮᠵᠢᠲᠡᠶ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠲᠣᠭᠲᠠᠴᠠ ᠵᠢ ᠪᠦᠬᠦ ᠲᠠᠯ᠎ᠠ᠎ᠪᠠᠷ ᠪᠠᠶ᠋ᠢᠭᠤᠯᠵᠤ᠂ ᠬᠣᠲᠠ ᠬᠥᠳᠡᠭᠡ ᠵᠢᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠠᠳᠠᠯᠢ ᠲᠡᠭᠰᠢ ᠪᠣᠯᠭ᠋ᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠵᠠᠮ᠎ᠤᠨ ᠪᠠᠢ᠌ᠳᠠᠯ᠎ᠤᠨ ᠬᠢᠷᠢ ᠲᠦᠪᠰᠢᠨ ᠪᠠ ᠵᠠᠮ᠎ᠤᠨ ᠬᠡᠪᠴᠢᠶᠡᠨ᠎ᠤ ᠣᠷᠴᠢᠨ ᠲᠣᠭᠣᠷᠢᠨ᠎ᠨᠢ ᠦᠨᠳᠦᠰᠦᠨ ᠴᠢᠨᠠᠷᠲᠠᠶ ᠰᠠᠢ᠌ᠵᠢᠷᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠵᠠᠰᠠᠬᠤ ᠴᠢᠳᠠᠪᠤᠷᠢ᠎ᠨᠢ ᠪᠦᠬᠦ ᠲᠠᠯ᠎ᠠ᠎ᠪᠠᠷ ᠳᠡᠭᠡᠭᠰᠢᠯᠡᠵᠦ᠂ ᠵᠠᠰᠠᠬᠤ ᠰᠢᠰᠲᠸᠮ᠎ᠨᠢ ᠪᠦᠬᠦ ᠲᠠᠯ᠎ᠠ᠎ᠪᠠᠷ ᠲᠡᠭᠦᠯᠳᠡᠷᠵᠢᠨ᠎ᠡ᠃
ᠭᠤᠷᠪᠠ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠬᠦ ᠬᠡᠷᠡᠭᠲᠡᠢ
(ᠨᠢᠭᠡ) ᠮᠣᠵᠢ᠂ ᠬᠣᠲᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠶ ᠲᠥᠯᠥᠪᠯᠡᠬᠦ ᠪᠠ ᠵᠢᠭ᠋ᠠᠨ ᠵᠢᠯᠤᠭᠣᠳᠴᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠬᠤ ᠡᠷᠬᠡ ᠪᠠ ᠬᠠᠷᠢᠭᠤᠴᠠᠯᠭ᠎ᠠ ᠵᠢᠨ ᠲᠣᠳᠤᠷᠬᠠᠢ ᠬᠠᠭᠤᠳᠠᠰᠤ ᠵᠢ ᠲᠣᠭᠲᠠᠭ᠋ᠠᠵᠤ᠂ ᠮᠤᠵᠢ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠪᠠ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠳᠦᠷᠢᠮ ᠲᠣᠭᠲᠠᠭ᠋ᠠᠯ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠠᠷᠠᠴᠢᠯᠠᠨ ᠬᠠᠮᠠᠭ᠋ᠠᠯᠠᠬᠤ ᠲᠤᠰᠠᠯᠠᠮᠵᠢ ᠵᠢᠨ ᠪᠡᠯᠡ ᠮᠥᠩᠭᠥ ᠵᠢ ᠬᠤᠷᠠᠮᠳᠤᠭᠤᠯᠵᠤ᠂ ᠠᠷᠠᠴᠢᠯᠠᠨ ᠬᠠᠮᠠᠭ᠋ᠠᠯᠠᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠬᠢᠬᠦ ᠬᠡᠷᠡᠭᠲᠡᠶ᠃ ᠬᠣᠲᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ ᠵᠢ ᠰᠡᠩᠬᠡᠷᠡᠭᠦᠯᠬᠦ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠳᠡᠮᠵᠢᠬᠦ ᠲᠥᠷᠥ ᠵᠢᠨ ᠪᠣᠳᠣᠯᠭ᠎ᠠ ᠪᠣᠯᠤᠨ ᠠᠷᠠᠴᠢᠯᠠᠨ ᠬᠠᠮᠠᠭ᠋ᠠᠯᠠᠬᠤ ᠪᠠᠯᠠ ᠮᠥᠩᠭᠥ ᠵᠢᠨ ᠨᠥᠬᠥᠪᠥᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠵᠢᠭ᠋ᠠᠨ ᠵᠢᠯᠣᠭᠣᠳᠴᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠢ᠃
(ᠬᠣᠶᠠᠷ) ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ 《ᠰᠢᠶᠠᠨ᠎ᠤ ᠵᠠᠮ᠎ᠢ ᠰᠢᠶᠠᠨ ᠬᠠᠮᠢᠶᠠᠷᠬᠤ᠂ ᠬᠥᠳᠡᠭᠡ ᠲᠤᠰᠬᠤᠨ᠎ᠤ ᠵᠠᠮ᠎ᠢ ᠬᠥᠳᠡᠭᠡ ᠲᠣᠰᠬᠣᠨ ᠬᠠᠮᠢᠶᠠᠷᠬᠤ》 ᠵᠠᠷᠴᠢᠮ ᠶᠣᠰᠣᠭ᠋ᠠᠷ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠬᠤ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ᠎ᠤᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠬᠤ ᠡᠷᠬᠡ ᠪᠠ ᠬᠠᠷᠢᠭᠤᠴᠠᠯᠭ᠎ᠠ ᠵᠢᠨ ᠲᠣᠳᠣᠷᠬᠠᠶ ᠬᠠᠭᠤᠳᠠᠰᠤ ᠵᠢ ᠲᠣᠳᠣᠷᠬᠠᠶ᠋ᠢᠯᠠᠬᠤ ᠵᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠰᠢᠶᠠᠩ᠎ᠤᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠢᠯᠣᠭᠣᠳᠤᠨ ᠬᠢᠨᠠᠯᠲᠠ ᠲᠠᠯᠪᠢᠨ᠎ᠠ᠃ ᠰᠢᠶᠠᠨ᠂ ᠰᠢᠶᠠᠩ᠂ ᠲᠣᠰᠬᠣᠨ ᠭᠤᠷᠪᠠᠨ ᠱᠠᠲᠤᠨ᠎ᠤ ᠵᠠᠮ᠎ᠤᠨ ᠳᠠᠷᠤᠭ᠎ᠠ ᠵᠢᠨ ᠳᠦᠷᠢᠮ᠎ᠢ ᠶᠡᠬᠡᠪᠡᠷ ᠳᠡᠯᠭᠡᠷᠡᠭᠦᠯᠵᠦ᠂ ᠡᠯ᠎ᠡ ᠱᠠᠲᠤᠨ᠎ᠤ ᠵᠠᠮ᠎ᠤᠨ ᠳᠠᠷᠤᠭ᠎ᠠ᠎ᠠᠴᠠ ᠬᠠᠮᠢᠶ᠎ᠠ ᠪᠦᠬᠦᠢ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠬᠤ ᠵᠣᠬᠢᠴᠠᠩᠭᠤᠶ ᠠᠵᠢᠯ ᠵᠶ᠋ᠠᠨ ᠬᠠᠷᠢᠭᠤᠴᠠᠵᠤ᠂ 《ᠬᠤᠷᠴᠠ ᠴᠢᠳᠠᠮᠠᠭ᠋ᠠᠶ ᠪᠥᠭᠡᠳ ᠥᠨᠳᠥᠷ ᠦᠷ᠎ᠡ ᠪᠦᠲᠦᠮᠵᠢᠲᠡᠶ᠂ ᠲᠤᠰᠬᠠᠢ ᠪᠥᠭᠡᠳ ᠬᠠᠪᠰᠤᠷᠭ᠋ᠠᠭᠰᠠᠨᠢ ᠤᠶᠠᠯᠳᠤᠭᠤᠯᠬᠤ᠂ ᠲᠤᠰᠬᠠᠶ ᠮᠡᠷᠭᠡᠵᠢᠯ ᠵᠶ᠋ᠠᠷ ᠭᠣᠤᠯ ᠪᠣᠯᠭ᠋ᠠᠬᠤ》 ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠬᠤ ᠬᠡᠷᠡᠭᠲᠡᠶ᠃ 《ᠵᠠᠮ ᠪᠠᠢ᠌ᠪᠠᠯ ᠵᠠᠪᠠᠯ ᠠᠷᠠᠴᠢᠯᠠᠵᠤ᠂ ᠠᠷᠠᠴᠢᠯᠠᠪᠠᠯ ᠵᠠᠪᠠᠯ ᠪᠣᠳᠠᠲᠠᠶ᠋ᠢᠵᠢᠭᠤᠯᠬᠤ》 ᠱᠠᠭ᠋ᠠᠷᠳᠠᠯᠭ᠎ᠠ ᠶᠣᠰᠣᠭ᠋ᠠᠷ᠂ ᠬᠥᠳᠡᠭᠡ ᠲᠣᠰᠬᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠴᠢ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠠᠵᠢᠯᠯᠠᠭ᠋ᠠᠨ᠎ᠤ ᠵᠠᠷᠤᠳᠠᠯ ᠪᠣᠯᠤᠨ ᠠᠵᠢᠯᠲᠠᠨ᠎ᠤ ᠵᠠᠷᠤᠯᠭ᠎ᠠ ᠵᠢ ᠡᠩ᠎ᠤᠨ ᠣᠯᠠᠨ ᠨᠡᠢ᠍ᠢ᠍ᠲᠡ ᠵᠢᠨ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠵᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠠᠷᠠᠴᠢᠯᠠᠯᠲᠠ᠎ᠳᠤ ᠣᠷᠤᠯᠴᠠᠬᠤ ᠡᠷᠴᠢᠮ᠎ᠢ ᠨᠡᠮᠡᠭᠳᠡᠭᠦᠯᠬᠦ ᠬᠡᠷᠡᠭᠲᠡᠢ᠃
(ᠭᠤᠷᠪᠠ) ᠰᠢᠶᠠᠩ ᠲᠣᠰᠬᠣᠨ ᠬᠣᠶᠠᠷ ᠱᠠᠲᠤᠨ᠎ᠤ ᠦᠢ᠍ᠯᠡᠳᠦᠯ ᠪᠣᠯᠤᠨ ᠲᠠᠷᠢᠶᠠᠴᠢᠨ ᠲᠦᠮᠡᠨ᠎ᠤ ᠢᠳᠡᠪᠬᠢᠵᠢᠯ᠎ᠢ ᠪᠠᠳᠠᠷᠠᠭᠤᠯᠬᠤ ᠬᠡᠷᠡᠭᠲᠡᠶ᠃ ᠰᠢᠶᠠᠩ᠎ᠤᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰᠬᠠᠶ ᠠᠵᠢᠯᠲᠠᠨ ᠲᠣᠭᠲᠠᠭ᠋ᠠᠵᠤ᠂ ᠲᠣᠰᠬᠣᠨ᠎ᠤ ᠠᠷᠠᠳ᠎ᠤᠨ ᠵᠥᠪᠯᠡᠯ᠎ᠢ ᠵᠢᠯᠣᠭᠣᠳᠤᠨ ᠲᠣᠰᠬᠣᠨ᠎ᠤ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠬᠤ ᠬᠡᠷᠡᠭᠲᠡᠶ᠃ ᠲᠣᠰᠬᠣᠨ᠎ᠤ ᠠᠷᠠᠳ᠎ᠤᠨ ᠵᠥᠪᠯᠡᠯ᠎ᠨᠢ 《ᠲᠠᠷᠢᠶᠠᠴᠢᠳ᠎ᠨᠢ ᠰᠠᠶ᠋ᠢᠨ ᠳᠤᠷ᠎ᠠ ᠵᠢᠨ ᠪᠠᠢ᠌ᠬᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ》 ᠵᠠᠷᠴᠢᠮ ᠶᠣᠰᠣᠭ᠋ᠠᠷ᠂ ᠨᠢᠭᠡ ᠤᠴᠢᠷ᠎ᠢ ᠨᠢᠭᠡ ᠵᠥᠪᠯᠡᠬᠦ᠂ ᠠᠵᠢᠯᠯᠠᠬᠤ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠠᠷᠭ᠎ᠠ ᠠᠪᠴᠤ ᠲᠣᠰᠬᠣᠨ᠎ᠤ ᠵᠠᠮ᠎ᠤᠨ ᠬᠠᠮᠢᠶᠠᠷᠴᠤ ᠠᠷᠠᠴᠢᠯᠠᠬᠤ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃ ᠤᠬᠠᠭᠤᠯᠬᠤ ᠬᠥᠲᠥᠯᠥᠨ ᠵᠢᠯᠣᠭᠣᠳᠬᠤ᠎ᠪᠠᠨ ᠴᠢᠩᠭ᠋ᠠᠳᠬᠠᠵᠤ᠂ ᠵᠠᠮ᠎ᠢ ᠬᠠᠶ᠋ᠢᠷᠠᠯᠠᠵᠤ ᠵᠠᠮ᠎ᠢ ᠬᠠᠮᠠᠭ᠋ᠠᠯᠠᠬᠤ ᠱᠠᠭ᠋ᠠᠷᠳᠠᠯᠭ᠎ᠠ ᠵᠢ ᠲᠣᠰᠬᠣᠨ᠎ᠤ ᠲᠦᠷᠢᠮ ᠠᠷᠠᠳ᠎ᠤᠨ ᠭᠡᠷ᠎ᠡ᠎ᠳᠤ ᠣᠷᠣᠭᠤᠯᠬᠤ ᠬᠡᠷᠡᠭᠲᠡᠶ; ᠱᠠᠩᠨᠠᠬᠤ᠎ᠪᠠᠷ ᠲᠤᠰᠠᠯᠠᠬᠤ ᠵᠢ ᠣᠷᠣᠯᠠᠭᠤᠯᠬᠤ ᠵᠡᠷᠭᠡ ᠠᠷᠭ᠎ᠠ ᠮᠠᠶᠢᠭ᠎ᠢ ᠬᠡᠷᠡᠭᠯᠡᠬᠦ ᠵᠢ ᠵᠣᠷᠢᠭᠵᠢᠭᠤᠯᠵᠤ᠂ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠵᠠᠪᠳᠤᠨ ᠨᠡᠪᠲᠡᠷᠡᠭᠦᠯᠬᠦ ᠵᠢ ᠤᠶᠠᠯᠳᠤᠭᠤᠯᠤᠨ ᠬᠡᠷᠡᠭᠵᠢᠭᠦᠯᠬᠦ ᠵᠢᠨ ᠬᠠᠮᠲᠤ ᠲᠠᠷᠢᠶᠠᠴᠢᠳ᠎ᠲᠤ ᠲᠤᠰᠢᠶᠠᠨ ᠳᠠᠭ᠋ᠠᠭ᠋ᠠᠴᠢᠯᠠᠭᠤᠯᠬᠤ ᠵᠢ ᠳᠡᠯᠭᠡᠷᠡᠭᠦᠯᠦᠨ᠎ᠡ; ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠣᠯᠤᠨ ᠨᠡᠶ᠋ᠢᠭᠡᠮ᠎ᠤᠨ ᠬᠦᠴᠦᠨ᠎ᠤ ᠡᠵᠡᠨ ᠮᠡᠳᠡᠨ ᠪᠡᠯᠡ ᠮᠥᠩᠭᠥ᠂ ᠬᠥᠳᠡᠯᠮᠦᠷᠢ ᠬᠦᠴᠦ ᠬᠤᠷᠠᠮᠳᠤᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠠᠮᠢᠶᠠᠷᠴᠤ ᠠᠷᠠᠴᠢᠯᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ᠎ᠳᠤ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ᠂ ᠶᠠᠳᠠᠭᠤ ᠬᠦᠴᠢᠷᠳᠡᠯᠲᠡᠶ ᠡᠷᠦᠬᠡ᠎ᠳᠤ ᠠᠵᠢᠯ ᠣᠯᠭᠣᠬᠤ ᠲᠣᠬᠢᠶᠠᠯ ᠬᠠᠩᠭ᠋ᠠᠨ᠎ᠠ᠃
ᠳᠥᠷᠪᠡ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠬᠤ ᠪᠠᠯᠠ ᠮᠥᠩᠭᠥ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ
(ᠳᠥᠷᠪᠡ) ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠰᠦᠢ᠍ᠳᠬᠡᠯ᠎ᠤᠨ ᠥᠭᠡᠷᠡᠴᠢᠯᠡᠯᠲᠡ ᠵᠢᠨ ᠪᠡᠯᠡ ᠮᠥᠩᠭᠥ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠰᠦᠢ᠍ᠳᠬᠡᠯ᠎ᠤᠨ ᠥᠭᠡᠷᠡᠴᠢᠯᠡᠯᠲᠡ ᠵᠢᠨ ᠰᠢᠯᠵᠢᠭᠦᠯᠦᠨ ᠥᠭᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠬᠡᠪᠴᠢᠶ᠎ᠡ ᠵᠢ ᠵᠦᠶ ᠵᠣᠬᠢᠰᠲᠠᠶ ᠲᠣᠭᠲᠠᠭ᠋ᠠᠵᠤ᠂ ᠡᠩ᠎ᠤᠨ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠢ ᠳᠡᠮᠵᠢᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠰᠦᠢ᠍ᠳᠬᠡᠯ᠎ᠤᠨ ᠥᠭᠡᠷᠡᠴᠢᠯᠡᠯᠲᠡ ᠵᠢᠨ ᠰᠢᠨ᠎ᠡ᠎ᠪᠠᠷ ᠨᠡᠮᠡᠭᠳᠡᠭᠰᠡᠨ ᠣᠷᠣᠯᠭ᠎ᠠ᠎ᠪᠠᠷ ᠤᠤᠯ᠎ᠤᠨ ᠵᠠᠰᠠᠮᠠᠯ ᠵᠠᠮ᠎ᠤᠨ ᠵᠠᠮ ᠠᠷᠠᠴᠢᠯᠠᠬᠤ ᠰᠦᠢ᠍ᠳᠬᠡᠯ᠎ᠢ ᠣᠷᠣᠯᠠᠭᠤᠯᠬᠤ ᠬᠡᠰᠡᠭ᠎ᠢ ᠥᠭᠡᠷᠡᠴᠢᠯᠡᠯᠲᠡ ᠵᠢᠨ ᠰᠠᠭᠤᠷᠢ ᠬᠤᠭᠤᠴᠠᠭ᠋ᠠᠨ᠎ᠤ ᠵᠢᠯ (2009 ᠣᠨ)᠎ᠤᠨ ᠵᠠᠰᠠᠮᠠᠯ ᠵᠠᠮ᠎ᠤᠨ ᠵᠠᠮ ᠠᠷᠠᠴᠢᠯᠠᠬᠤ ᠰᠦᠢ᠍ᠳᠬᠡᠯ᠎ᠤᠨ ᠣᠷᠣᠯᠭ᠎ᠠ ᠵᠢᠨ 《ᠵᠢᠷᠭᠤᠭ᠋ᠠᠨ ᠰᠦᠢ᠍ᠳᠬᠡᠯ》 (ᠵᠠᠰᠠᠮᠠᠯ ᠵᠠᠮ᠎ᠤᠨ ᠵᠠᠮ ᠠᠷᠠᠴᠢᠯᠠᠬᠤ ᠰᠦᠢ᠍ᠳᠬᠡᠯ᠂ ᠤᠰᠤᠨ ᠳᠡᠭᠡᠷᠡᠬᠢ ᠠᠶᠠᠯᠠᠬᠤ ᠱᠤᠭᠤᠮ᠎ᠤᠨ ᠠᠷᠠᠴᠢᠯᠠᠨ ᠬᠠᠮᠠᠭ᠋ᠠᠯᠠᠬᠤ ᠰᠦᠢ᠍ᠳᠬᠡᠯ᠂ ᠵᠠᠰᠠᠮᠠᠯ ᠵᠠᠮ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠦᠢ᠍ᠳᠬᠡᠯ᠂ ᠵᠠᠰᠠᠮᠠᠯ ᠵᠠᠮ᠎ᠤᠨ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠨᠡᠮᠡᠯᠲᠡ ᠰᠦᠢ᠍ᠳᠬᠡᠯ᠂ ᠤᠰᠤᠨ ᠵᠠᠮ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠦᠢ᠍ᠳᠬᠡᠯ᠂ ᠤᠰᠤᠨ ᠵᠠᠮ᠎ᠤᠨ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠨᠡᠮᠡᠯᠲᠡ ᠰᠦᠢ᠍ᠳᠬᠡᠯ)᠎ᠤᠨ ᠣᠷᠣᠯᠭ᠎ᠠ᠎ᠳᠠᠬᠢ ᠡᠵᠡᠯᠡᠬᠦ ᠬᠠᠷᠢᠴᠠᠯ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ᠃ ᠪᠣᠯᠪᠠᠰᠤᠷᠠᠭᠤᠯᠤᠭᠰᠠᠨ ᠲᠣᠰᠣᠨ᠎ᠤ ᠭᠠᠶ᠋ᠢᠯᠢ ᠰᠦᠢ᠍ᠳᠬᠡᠯ᠎ᠤᠨ ᠥᠭᠡᠷᠡᠴᠢᠯᠡᠯᠲᠡ᠎ᠳᠤ ᠰᠢᠯᠵᠢᠭᠦᠯᠦᠨ ᠥᠭᠬᠦ ᠵᠢ ᠡᠩ᠎ᠤᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠬᠠᠷᠢᠴᠠᠯ᠎ᠢ ᠡᠩ᠎ᠤᠨ ᠪᠠᠶ᠋ᠢᠳᠠᠯ᠎ᠳᠤ 80%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ ᠪᠥᠭᠡᠳ ᠵᠠᠰᠠᠮᠠᠯ ᠵᠠᠮ᠎ᠢ ᠰᠢᠨ᠎ᠡ᠎ᠪᠠᠷ ᠪᠠᠶ᠋ᠢᠭᠤᠯᠬᠤ᠎ᠳᠤ ᠬᠡᠷᠡᠭᠯᠡᠵᠦ ᠪᠣᠯᠬᠤ ᠦᠭᠡᠶ᠃ 2022 ᠣᠨ᠎ᠠᠴᠠ ᠡᠬᠢᠯᠡᠨ᠂ ᠲᠣᠰ ᠪᠠᠯᠠ ᠮᠥᠩᠭᠥ ᠵᠢ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠵᠠᠷᠤᠳᠠᠯ ᠪᠠ ᠠᠵᠢᠯᠲᠠᠳ ᠵᠡᠷᠭᠡ ᠪᠤᠰᠤᠳ ᠵᠠᠷᠤᠯᠭ᠎ᠠ᠎ᠳᠤ ᠳᠠᠭᠢᠵᠤ ᠭᠠᠷᠭ᠋ᠠᠬᠤ ᠥᠬᠡᠶ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠮᠤᠵᠢ ᠵᠢᠨ ᠱᠠᠲᠤᠨ᠎ᠤ ᠨᠥᠬᠥᠪᠥᠷᠢ ᠪᠡᠯᠡ ᠮᠥᠩᠭᠥ ᠬᠢᠭᠡᠳ ᠬᠣᠲᠠ ᠰᠢᠶᠠᠨ᠎ᠳᠤ ᠬᠡᠰᠡᠭᠯᠡᠨ ᠥᠭᠭᠥᠭᠰᠡᠨ ᠬᠡᠰᠡᠭ᠎ᠤᠨ ᠨᠡᠶ᠋ᠢᠯᠡᠪᠦᠷᠢ ᠵᠢᠨ ᠪᠣᠯᠪᠠᠰᠤᠷᠠᠭᠤᠯᠤᠭᠰᠠᠨ ᠲᠣᠰᠣᠨ᠎ᠤ ᠭᠠᠢ᠌ᠯᠢ ᠰᠦᠢ᠍ᠳᠬᠡᠯ᠎ᠤᠨ ᠥᠭᠡᠷᠡᠴᠢᠯᠡᠯᠲᠡ ᠵᠢᠨ ᠰᠢᠨ᠎ᠡ᠎ᠪᠠᠷ ᠨᠡᠮᠡᠭᠳᠡᠭᠰᠡᠨ ᠣᠷᠣᠯᠭ᠎ᠠ᠎ᠪᠠᠷ ᠤᠤᠯ᠎ᠤᠨ ᠵᠠᠰᠠᠮᠠᠯ ᠵᠠᠮ᠎ᠤᠨ ᠵᠠᠮ ᠠᠷᠠᠴᠢᠯᠠᠬᠤ ᠰᠦᠢ᠍ᠳᠬᠡᠯ᠎ᠢ ᠣᠷᠣᠯᠠᠭᠤᠯᠬᠤ ᠬᠡᠰᠡᠭ᠎ᠤᠨ ᠬᠠᠷᠢᠴᠠᠯ᠎ᠢ 15%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠶ᠂ ᠳᠡᠭᠡᠷ᠎ᠡ ᠳᠤᠷᠠᠳᠤᠭᠰᠠᠨ ᠬᠠᠷᠢᠴᠠᠯ᠎ᠠᠴᠠ ᠪᠣᠳᠠᠲᠠᠶ ᠥᠨᠳᠥᠷ ᠪᠣᠯ ᠳᠠᠬᠢᠵᠤ ᠪᠠᠭᠤᠷᠠᠭᠤᠯᠵᠤ ᠪᠣᠯᠬᠤ ᠦᠭᠡᠶ᠃
(ᠲᠠᠪᠤ) ᠡᠳ᠋᠎ᠤᠨ ᠵᠠᠰᠠᠭ᠎ᠤᠨ ᠪᠠᠯᠠ ᠮᠥᠩᠭᠥ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠣᠯ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠡᠷᠬᠡ ᠮᠡᠳᠡᠯ᠎ᠳᠤ ᠬᠠᠷᠢᠶᠠᠯᠠᠭᠳᠠᠨ᠎ᠠ᠂ ᠪᠡᠯᠡ ᠮᠥᠩᠭᠥ ᠵᠢ ᠵᠠᠷᠴᠢᠮ ᠳᠡᠭᠡᠷ᠎ᠡ᠎ᠪᠠᠨ ᠣᠷᠣᠨ ᠨᠤᠲᠤᠭ᠎ᠤᠨ᠎ᠬᠢᠨ ᠥᠪᠡᠷ᠎ᠤᠨ ᠡᠳ᠋᠎ᠤᠨ ᠬᠦᠴᠦᠨ ᠵᠶ᠋ᠠᠷ ᠵᠶ᠋ᠠᠨ ᠲᠣᠬᠢᠷᠠᠭᠤᠯᠵᠤ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠣᠷᠣᠰᠢᠵᠤ ᠪᠠᠶ᠋ᠢᠭ᠎ᠠ ᠣᠷᠣᠯᠭ᠎ᠠ ᠵᠠᠷᠤᠯᠭ᠎ᠠ ᠵᠢᠨ ᠳᠤᠲᠠᠭᠳᠠᠯ᠎ᠳᠤ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠳᠠᠯᠢ ᠪᠤᠰᠤ ᠴᠠᠭ ᠬᠤᠭᠤᠴᠠᠭ᠋ᠠᠨ᠎ᠤ ᠬᠥᠭᠵᠢᠯᠲᠡ ᠵᠢᠨ ᠬᠠᠷᠠᠯᠲᠠ ᠵᠢ ᠦᠨᠳᠦᠰᠦᠯᠡᠨ ᠵᠣᠬᠢᠬᠤ ᠪᠡᠯᠡ ᠮᠥᠩᠭᠥ ᠵᠢᠨ ᠳᠡᠮᠵᠢᠯᠭᠡ ᠦᠵᠡᠭᠦᠯᠵᠦ ᠪᠣᠯᠤᠨ᠎ᠠ᠃ ᠲᠥᠪ᠎ᠠᠴᠠ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ ᠳᠤᠮᠳᠠ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠬᠦᠴᠦᠨ ᠵᠦᠢ᠍ᠯ᠎ᠢ ᠤᠯᠠᠮ ᠨᠢᠭᠡ ᠠᠯᠬᠤᠮ ᠪᠣᠳᠣᠯᠬᠢᠯᠠᠵᠤ᠂ ᠭᠣᠤᠯᠳᠠᠯᠭ᠎ᠠ᠎ᠲᠠᠢ ᠶᠠᠳᠠᠭᠤ ᠬᠦᠴᠢᠷᠳᠡᠯᠲᠡᠶ ᠭᠠᠵᠠᠷ ᠣᠷᠣᠨ᠎ᠢ ᠳᠡᠮᠵᠢᠬᠦ ᠡᠷᠴᠢᠮ ᠵᠶ᠋ᠠᠨ ᠨᠡᠮᠡᠭᠳᠡᠭᠦᠯᠵᠦ᠂ ᠲᠡᠷᠭᠡ ᠬᠤᠳᠠᠯᠳᠤᠨ ᠠᠪᠬᠤ ᠭᠠᠶ᠋ᠢᠯᠢ ᠵᠢᠨ ᠪᠡᠯᠡ ᠮᠥᠩᠭᠥ ᠵᠢ ᠦᠷᠭᠦᠯᠵᠢᠯᠡᠨ ᠲᠣᠬᠢᠷᠠᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠳᠡᠰ ᠳᠡᠪᠰᠢᠭᠦᠯᠦᠨ ᠥᠭᠡᠷᠡᠴᠢᠯᠡᠬᠦ᠂ ᠠᠮᠤᠷ ᠲᠦᠪᠰᠢᠨ ᠠᠮᠢ ᠨᠠᠰᠤᠨ᠎ᠤ ᠬᠠᠮᠠᠭ᠋ᠠᠯᠠᠯᠲᠠ ᠵᠢᠨ ᠪᠠᠷᠢᠯᠭ᠎ᠠ᠎ᠤᠨ ᠪᠦᠲᠦᠭᠡᠨ ᠪᠠᠶ᠋ᠢᠭᠤᠯᠤᠯᠲᠠ ᠪᠣᠯᠤᠨ ᠠᠶᠤᠯᠲᠠᠶ ᠬᠥᠭᠥᠷᠭᠡ ᠵᠢ ᠥᠭᠡᠷᠡᠴᠢᠯᠡᠬᠦ ᠵᠡᠷᠭᠡ ᠵᠢ ᠳᠡᠮᠵᠢᠨ᠎ᠡ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠡᠳ᠋᠎ᠤᠨ ᠵᠠᠰᠠᠭ᠎ᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠬᠠᠮᠢᠶ᠎ᠠ ᠪᠦᠬᠦᠢ ᠭᠠᠶ᠋ᠢᠯᠢ ᠲᠠᠲᠠᠪᠤᠷᠢ ᠵᠢ ᠬᠥᠳᠡᠭᠡ ᠲᠣᠰᠬᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠬᠡᠷᠡᠭᠲᠡᠶ᠃ ᠮᠣᠵᠢ᠂ ᠬᠣᠲᠠ᠂ ᠰᠢᠶᠠᠨ ᠭᠤᠷᠪᠠᠨ ᠱᠠᠲᠤᠨ᠎ᠤ ᠣᠯᠠᠨ ᠨᠡᠢ᠍ᠢ᠍ᠲᠡ ᠵᠢᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠶᠡᠷᠦᠩᠬᠡᠶ ᠲᠣᠭ᠎ᠠ᠎ᠨᠢ ᠳᠣᠤᠷᠠᠬᠢ ᠪᠠᠷᠢᠮᠵᠢᠶ᠎ᠠ᠎ᠠᠴᠠ ᠳᠣᠤᠷ᠎ᠠ ᠪᠠᠶ᠋ᠢᠵᠤ ᠪᠣᠯᠬᠤ ᠦᠭᠡᠢ᠄ ᠰᠢᠶᠠᠨ᠎ᠤ ᠵᠠᠮ᠎ᠨᠢ ᠵᠢᠯ ᠪᠦᠷᠢ ᠺᠢᠯᠤᠮᠸᠲᠷ ᠪᠦᠷᠢ᠎ᠳᠤ 10000 ᠲᠥᠭᠥᠷᠢᠭ᠂ ᠰᠢᠶᠠᠩ᠎ᠤᠨ ᠵᠠᠮ᠎ᠨᠢ ᠵᠢᠯ ᠪᠦᠷᠢ ᠺᠢᠯᠣᠮᠧᠲᠷ ᠪᠦᠷᠢ᠎ᠳᠤ 5000 ᠲᠥᠭᠥᠷᠢᠭ᠂ ᠲᠣᠰᠬᠣᠨ᠎ᠤ ᠵᠠᠮ᠎ᠨᠢ ᠵᠢᠯ ᠪᠦᠷᠢ ᠺᠢᠯᠣᠮᠧᠲᠷ ᠪᠦᠷᠢ᠎ᠳᠤ 3000 ᠲᠥᠭᠥᠷᠢᠭ᠂ ᠮᠤᠵᠢ᠂ ᠬᠣᠲᠠ᠂ ᠰᠢᠶᠠᠨ ᠭᠤᠷᠪᠠᠨ ᠱᠠᠲᠤᠨ᠎ᠤ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠬᠠᠷᠢᠴᠠᠯ᠎ᠢ ᠡᠯ᠎ᠡ ᠮᠤᠵᠢ (ᠣᠷᠣᠨ᠂ ᠬᠣᠲᠠ)᠎ᠠᠴᠠ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠵᠤ᠂ ᠡᠭᠦᠨ᠎ᠤ ᠬᠠᠮᠲᠤ ᠠᠷᠠᠴᠢᠯᠠᠨ ᠬᠠᠮᠠᠭ᠋ᠠᠯᠠᠬᠤ ᠥᠪᠡᠷ᠎ᠤᠨ ᠥᠷᠲᠡᠭ᠎ᠤᠨ ᠬᠤᠪᠢᠷᠠᠯᠲᠠ ᠵᠡᠷᠭᠡ ᠡᠯᠸᠮᠸᠨ᠋ᠲᠯᠦᠭᠡ ᠬᠣᠯᠪᠤᠭᠳᠠᠭᠰᠠᠨ ᠬᠥᠳᠡᠯᠦᠩᠭᠦᠶ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃
(ᠵᠢᠷᠭᠤᠭ᠎ᠠ) ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠶ᠃ ᠡᠳ᠋᠎ᠤᠨ ᠵᠠᠰᠠᠭ᠎ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠵᠤ᠂ ᠬᠢᠨᠠᠨ ᠰᠢᠯᠭ᠋ᠠᠭᠰᠠᠨ ᠦᠷ᠎ᠡ ᠳ᠋ᠦᠩ᠎ᠢ ᠬᠠᠮᠢᠶ᠎ᠠ ᠪᠦᠬᠦᠢ ᠪᠡᠯᠡ ᠣᠷᠣᠭᠤᠯᠤᠯᠲᠠᠯᠤᠭᠠ ᠬᠣᠯᠪᠣᠭᠳᠠᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠣᠯᠠᠨ ᠨᠡᠢ᠍ᠢ᠍ᠲᠡ ᠵᠢᠨ ᠡᠳ᠋᠎ᠤᠨ ᠵᠠᠰᠠᠭ᠎ᠤᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠪᠡᠯᠡ ᠮᠥᠩᠭᠥ᠎ᠳᠤ ᠪᠦᠬᠦ ᠶᠠᠪᠤᠴᠠ ᠵᠢᠨ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠴᠠᠭ ᠲᠤᠬᠠᠶ᠎ᠳᠤᠨᠢ ᠲᠣᠭ᠎ᠠ ᠶᠣᠰᠣᠭ᠋ᠠᠷ ᠰᠠᠯᠭ᠋ᠠᠨ ᠥᠭᠴᠦ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠡᠯᠡ ᠮᠦᠩᠭᠦ ᠵᠢᠨ ᠬᠡᠷᠡᠭᠯᠡᠯᠲᠡ ᠵᠢ ᠬᠢᠨᠠᠨ ᠬᠠᠮᠢᠶᠠᠷᠬᠤ᠎ᠪᠠᠨ ᠴᠢᠩᠭ᠋ᠠᠳᠬᠠᠨ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ᠎ᠳᠤ ᠪᠠᠷᠢᠯᠭ᠎ᠠ ᠵᠢᠨ ᠲᠠᠯ᠎ᠠ ᠵᠢᠨ ᠪᠡᠯᠡ ᠮᠥᠩᠭᠥ᠎ᠲᠠᠢ ᠪᠦᠲᠦᠭᠡᠨ ᠪᠠᠶ᠋ᠢᠭᠤᠯᠤᠯᠲᠠ ᠵᠢᠨ ᠰᠢᠯᠵᠢᠭᠦᠯᠦᠨ ᠲᠤᠰᠢᠶᠠᠬᠤ (BT) ᠬᠡᠪ ᠵᠠᠭᠪᠤᠷ᠎ᠢ ᠴᠢᠩᠭ᠎ᠠ ᠴᠠᠭ᠋ᠠᠵᠠᠯᠠᠵᠤ᠂ ᠣᠷᠣᠨ ᠨᠤᠲᠤᠭ᠎ᠤᠨ 《ᠪᠦᠲᠦᠭᠡᠨ ᠪᠠᠶ᠋ᠢᠭᠤᠯᠬᠤ ᠪᠠ ᠠᠷᠠᠴᠢᠯᠠᠬᠤ ᠵᠢ ᠨᠢᠭᠡ ᠴᠣᠭᠴᠠᠵᠢᠭᠤᠯᠬᠤ》 ᠨᠡᠷ᠎ᠡ᠎ᠪᠠᠷ ᠳᠠᠯᠳᠠ ᠥᠷᠢ ᠰᠢᠷᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠴᠠᠭ᠋ᠠᠵᠠᠯᠠᠨ᠂ ᠣᠯᠠᠨ ᠨᠡᠢ᠍ᠢ᠍ᠲᠡ ᠵᠢᠨ ᠪᠡᠯᠡ ᠮᠥᠩᠭᠥ ᠵᠢ ᠬᠡᠷᠡᠭᠯᠡᠭᠰᠡᠨ ᠪᠠᠶ᠋ᠢᠳᠠᠯ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠡᠶ᠋ᠢᠭᠡᠮ᠎ᠳᠤ ᠢᠯᠡ ᠪᠣᠯᠭ᠋ᠠᠵᠤ᠂ ᠣᠯᠠᠨ ᠲᠦᠮᠡᠨ᠎ᠤ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠶ᠃ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠵᠥᠪᠯᠡᠯ᠎ᠨᠢ ᠲᠣᠰᠬᠣᠨ᠎ᠤ ᠵᠠᠮ᠎ᠢ ᠠᠷᠠᠴᠢᠯᠠᠨ ᠬᠠᠮᠠᠭ᠋ᠠᠯᠠᠬᠤ ᠪᠡᠯᠡ ᠮᠦᠩᠭᠦ ᠵᠢᠨ ᠬᠡᠷᠡᠭᠯᠡᠯᠲᠡ ᠪᠠ ᠠᠷᠠᠴᠢᠯᠠᠨ ᠬᠠᠮᠠᠭ᠋ᠠᠯᠠᠬᠤ ᠶᠠᠰᠤ ᠴᠢᠨᠠᠷ ᠵᠡᠷᠭᠡ ᠪᠠᠶ᠋ᠢᠳᠠᠯ᠎ᠢ ᠬᠢᠨᠠᠯᠲᠠ ᠲᠠᠯᠪᠢᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠬᠢᠨᠠᠨ ᠪᠣᠳᠣᠬᠤ ᠰᠠᠯᠠᠭ᠎ᠠ ᠮᠥᠴᠢᠷ᠎ᠨᠢ ᠬᠥᠳᠡᠭᠡ ᠲᠣᠰᠬᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠪᠡᠯᠡ ᠮᠦᠩᠭᠦ ᠵᠢᠨ ᠬᠡᠷᠡᠭᠯᠡᠭᠰᠡᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠪᠣᠳᠣᠯᠲᠠ ᠬᠢᠬᠦ ᠬᠡᠷᠡᠭᠲᠡᠢ᠃
(ᠳᠣᠯᠣᠭ᠎ᠠ) ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠥᠭᠵᠢᠯᠲᠡ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠵᠢᠨ ᠰᠢᠨ᠎ᠡ ᠵᠢ ᠡᠭᠦᠳᠬᠦ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠦᠲᠦᠯᠦᠨ ᠵᠢᠯᠤᠭᠣᠳᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠪᠡᠯᠡ ᠮᠥᠩᠭᠥ ᠨᠥᠬᠥᠪᠥᠷᠢᠯᠡᠬᠦ᠂ ᠤᠷᠢᠳᠠᠪᠠᠷ ᠠᠷᠠᠴᠢᠯᠠᠵᠤ ᠳᠠᠷᠠᠭ᠎ᠠ᠎ᠨᠢ ᠨᠥᠬᠥᠪᠥᠷᠢᠯᠡᠬᠦ᠂ ᠱᠠᠩᠨᠠᠬᠤ᠎ᠪᠠᠷ ᠨᠥᠬᠥᠪᠥᠷᠢ ᠵᠢ ᠣᠷᠣᠯᠠᠭᠤᠯᠬᠤ᠂ ᠮᠠᠲ᠋ᠧᠷᠢᠶᠠᠯ᠎ᠤᠨ ᠲᠠᠯᠠᠪᠠᠢ ᠵᠢ ᠲᠥᠯᠥᠪᠦᠷᠢ ᠦᠭᠡᠶ ᠬᠠᠩᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠢ ᠳᠡᠮᠵᠢᠬᠦ ᠬᠡᠷᠡᠭᠲᠡᠶ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠥᠭᠵᠢᠯᠲᠡ ᠵᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠳᠡᠮᠵᠢᠯᠭᠡ ᠵᠢᠨ ᠬᠡᠪᠴᠢᠶᠡᠨ᠎ᠳᠤ ᠣᠷᠣᠭᠤᠯᠤᠨ᠎ᠠ᠃ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠪᠣᠯᠤᠨ ᠵᠣᠬᠢᠬᠤ ᠬᠤᠭᠤᠴᠠᠭ᠋ᠠᠨ᠎ᠤ ᠠᠷᠠᠴᠢᠯᠠᠯᠲᠠ ᠬᠠᠮᠠᠭ᠋ᠠᠯᠠᠯᠲᠠ ᠵᠢᠨ ᠤᠶᠠᠵᠤ ᠳᠠᠭ᠋ᠠᠭ᠋ᠠᠴᠢᠯᠠᠯᠲᠠ ᠵᠠᠷᠯᠠᠬᠤ ᠵᠢ ᠵᠣᠷᠢᠭᠵᠢᠭᠤᠯᠬᠤ ᠬᠡᠷᠡᠭᠲᠡᠶ᠃ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠵᠤ ᠦᠢ᠍ᠯᠡᠰ᠂ ᠬᠦᠷᠢᠶᠡᠯᠡᠩ ᠲᠣᠭᠣᠷᠢᠭ᠂ ᠬᠥᠳᠡᠭᠡ ᠲᠣᠰᠬᠣᠨ᠎ᠤ ᠵᠢᠭᠤᠯᠴᠢᠯᠠᠯ ᠵᠡᠷᠭᠡ ᠡᠵᠡᠩᠨᠡᠯᠲᠡ ᠵᠢᠨ ᠴᠢᠨᠠᠷᠲᠠᠶ ᠲᠥᠷᠥᠯ ᠵᠦᠢ᠍ᠯ᠎ᠲᠠᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠵᠦ᠂ ᠡᠵᠡᠩᠨᠡᠯᠲᠡ ᠵᠢᠨ ᠠᠰᠢᠭ ᠣᠷᠣᠯᠭ᠎ᠠ ᠵᠢ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠨ᠎ᠡ᠃ ᠳᠠᠭ᠋ᠠᠳᠬᠠᠯ᠎ᠤᠨ ᠪᠡᠯᠡ ᠮᠥᠩᠭᠥ ᠵᠢᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠬᠤᠳᠠᠯᠳᠤᠨ ᠠᠪᠬᠤ ᠬᠡᠯᠪᠡᠷᠢ᠎ᠪᠠᠷ ᠳᠠᠮᠵᠢᠭᠤᠯᠤᠨ ᠬᠠᠤᠯᠢ ᠲᠣᠭᠲᠠᠭ᠋ᠠᠯ᠎ᠳᠤ ᠨᠡᠶ᠋ᠢᠴᠡᠭᠰᠡᠨ ᠬᠥᠳᠡᠭᠡ ᠲᠤᠰᠬᠤᠨ᠎ᠤ ᠵᠠᠰᠠᠮᠠᠯ ᠵᠠᠮ᠎ᠤᠨ ᠬᠥᠭᠵᠢᠯᠲᠡ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠡᠪᠳᠡᠭᠳᠡᠯ᠎ᠤᠨ ᠳᠠᠭ᠋ᠠᠳᠬᠠᠯ᠎ᠢ ᠰᠦᠪᠡᠭᠴᠢᠯᠡᠨ ᠥᠷᠨᠢᠭᠦᠯᠬᠦ ᠬᠡᠷᠡᠭᠲᠡᠶ᠃
ᠲᠠᠪᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ᠎ᠠ᠃
(ᠨᠠᠢ᠍ᠮᠠ) ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠯᠲᠠ ᠬᠠᠮᠠᠭ᠋ᠠᠯᠠᠯᠲᠠ ᠵᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠬᠤ ᠬᠡᠷᠡᠭᠲᠡᠶ᠃ ᠠᠷᠠᠳ ᠣᠯᠠᠨ᠎ᠤ ᠬᠠᠨᠤᠮᠵᠢᠲᠤ ᠬᠡᠮᠵᠢᠶ᠎ᠡ ᠪᠣᠯᠤᠨ ᠠᠰᠢᠭ ᠬᠦᠷᠲᠡᠬᠦ ᠬᠡᠮᠵᠢᠶ᠎ᠡ᠂ ᠠᠷᠠᠴᠢᠯᠠᠨ ᠬᠠᠮᠠᠭ᠋ᠠᠯᠠᠬᠤ ᠶᠠᠰᠤ ᠴᠢᠨᠠᠷ ᠪᠣᠯᠤᠨ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ᠎ᠪᠠᠷ ᠬᠡᠮᠵᠢᠬᠦ ᠪᠠᠷᠢᠮᠵᠢᠶ᠎ᠠ ᠪᠣᠯᠭ᠋ᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠷᠠᠴᠢᠯᠠᠯᠲᠠ ᠬᠠᠮᠠᠭ᠋ᠠᠯᠠᠯᠲᠠ ᠵᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠤᠨ ᠵᠦᠶ ᠵᠣᠬᠢᠰᠲᠠᠶ ᠠᠵᠢᠯ᠎ᠤᠨ ᠬᠤᠪᠢᠶᠠᠷᠢᠯᠠᠭᠰᠠᠨ ᠠᠷᠠᠴᠢᠯᠠᠨ ᠬᠠᠮᠠᠭ᠋ᠠᠯᠠᠬᠤ ᠦᠢ᠍ᠯᠡᠳᠪᠦᠷᠢᠯᠡᠯ᠎ᠤᠨ ᠵᠣᠬᠢᠶᠠᠨ ᠪᠠᠢ᠌ᠭᠤᠯᠤᠯᠲᠠ ᠵᠢᠨ ᠵᠠᠭᠪᠤᠷ᠎ᠢ ᠠᠯᠬᠤᠮ ᠠᠯᠬᠤᠮ ᠵᠶ᠋ᠠᠷ ᠪᠠᠶ᠋ᠢᠭᠤᠯᠬᠤ ᠬᠡᠷᠡᠭᠲᠡᠶ᠃ ᠵᠠᠬ᠎ᠠ ᠳᠡᠯᠭᠡᠭᠦᠷ᠎ᠤᠨ ᠰᠢᠨᠵᠢ ᠴᠢᠨᠠᠷ᠎ᠲᠤ ᠨᠡᠶ᠋ᠢᠴᠡᠭᠰᠡᠨ ᠠᠵᠢᠯ ᠦᠢ᠍ᠯᠡᠰ᠎ᠤᠨ ᠨᠢᠭᠡᠴᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠣᠳᠣ ᠦᠶ᠎ᠡ ᠵᠢᠨ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠵᠤ᠂ ᠭᠣᠤᠯ ᠱᠤᠭᠤᠮ᠎ᠤᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠠᠷᠠᠴᠢᠯᠠᠯᠲᠠ ᠬᠠᠮᠠᠭ᠋ᠠᠯᠠᠯᠲᠠ ᠬᠢᠭᠡᠳ ᠬᠥᠳᠡᠭᠡ ᠲᠤᠰᠬᠤᠨ᠎ᠤ ᠵᠠᠰᠠᠮᠠᠯ ᠵᠠᠮ ᠵᠢ ᠤᠶᠠᠵᠤ ᠳᠠᠭ᠋ᠠᠭ᠋ᠠᠴᠢᠯᠠᠯᠲᠠ ᠵᠠᠷᠯᠠᠬᠤ ᠵᠢ ᠵᠣᠷᠢᠭᠵᠢᠭᠤᠯᠵᠤ᠂ ᠠᠷᠠᠴᠢᠯᠠᠨ ᠬᠠᠮᠠᠭ᠋ᠠᠯᠠᠬᠤ ᠠᠵᠤ ᠠᠬᠤᠶ᠋ᠢᠯᠠᠯ᠎ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠣᠷᠣᠯᠴᠠᠬᠤ ᠵᠢ ᠳᠡᠮᠵᠢᠬᠦ ᠬᠡᠷᠡᠭᠲᠡᠶ᠃ ᠤᠷᠲᠤ ᠬᠤᠭᠤᠴᠠᠭ᠎ᠠ᠎ᠪᠠᠷ ᠠᠷᠠᠴᠢᠯᠠᠨ ᠬᠠᠮᠠᠭ᠋ᠠᠯᠠᠬᠤ ᠭᠡᠷ᠎ᠡ ᠲᠣᠭᠲᠠᠭ᠋ᠠᠬᠤ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠪᠣᠯᠵᠣᠭ᠎ᠠ ᠲᠣᠭᠲᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠰᠬᠠᠶ ᠠᠷᠠᠴᠢᠯᠠᠨ ᠬᠠᠮᠠᠭ᠋ᠠᠯᠠᠬᠤ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠣᠷᠣᠭᠤᠯᠤᠯᠲᠠ᠎ᠪᠠᠨ ᠨᠡᠮᠡᠭᠳᠡᠭᠦᠯᠵᠦ᠂ ᠠᠷᠠᠴᠢᠯᠠᠨ ᠬᠠᠮᠠᠭ᠋ᠠᠯᠠᠬᠤ ᠮᠠᠰᠢᠨᠴᠢᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
(ᠶᠢᠰᠦ) ᠠᠮᠤᠷ ᠲᠦᠪᠰᠢᠨ ᠪᠠ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠵᠠᠰᠠᠮᠠᠯ ᠵᠠᠮ᠎ᠤᠨ ᠠᠮᠤᠷ ᠲᠦᠪᠰᠢᠨ᠎ᠤ ᠲᠥᠬᠥᠭᠡᠷᠦᠮᠵᠢ ᠵᠢ ᠭᠣᠤᠯ ᠴᠣᠭᠴᠠ ᠵᠢᠨ ᠪᠠᠷᠢᠯᠭ᠎ᠠ᠎ᠲᠠᠢ ᠬᠠᠮᠲᠤᠳᠤᠨᠢ ᠵᠢᠷᠤᠵᠤ ᠲᠥᠯᠥᠪᠯᠡᠨ᠂ ᠬᠠᠮᠲᠤᠳᠤᠨᠢ ᠪᠠᠷᠢᠯᠭ᠎ᠠ ᠪᠠᠷᠢᠵᠤ᠂ ᠬᠠᠮᠲᠤᠳᠤᠨᠢ ᠠᠰᠢᠭᠯᠠᠯᠲᠠ᠎ᠳᠤ ᠣᠷᠤᠭᠤᠯᠤᠨ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠣᠲᠣᠭ᠋ᠠᠳᠤ ᠵᠢ ᠬᠠᠮᠠᠭ᠋ᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ᠂ ᠬᠥᠳᠡᠭᠡ ᠲᠤᠰᠬᠤᠨ᠎ᠤ ᠵᠠᠰᠠᠮᠠᠯ ᠵᠠᠮ ᠳᠠᠭᠤᠰᠬᠤ (ᠲᠤᠰᠢᠶᠠᠬᠤ) ᠠᠵᠢᠯᠴᠢᠨ᠎ᠢ ᠰᠢᠯᠭ᠋ᠠᠨ ᠠᠪᠬᠤ ᠠᠵᠢᠯ᠎ᠳᠤ ᠣᠷᠣᠯᠴᠠᠭᠤᠯᠬᠤ ᠬᠡᠷᠡᠭᠲᠡᠶ᠃ ᠨᠢᠭᠡᠨᠲᠡ ᠪᠠᠶ᠋ᠢᠭᠤᠯᠤᠭᠰᠠᠨ ᠪᠣᠯᠪᠠᠴᠤ ᠠᠶᠤᠯᠭᠦᠢ ᠵᠢᠨ ᠪᠡᠯᠡᠳᠬᠡᠮᠵᠢ ᠵᠢ ᠢᠵᠢ ᠪᠦᠷᠢᠳᠦᠭᠦᠯᠦᠭᠡᠳᠦᠶ ᠬᠥᠳᠡᠭᠡ ᠲᠤᠰᠬᠤᠨ᠎ᠤ ᠵᠠᠰᠠᠮᠠᠯ ᠵᠠᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠬᠦ ᠬᠡᠷᠡᠭᠲᠡᠶ᠃ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠶᠠᠰᠤ ᠴᠢᠨᠠᠷ ᠵᠶ᠋ᠠᠷ ᠭᠣᠤᠯ ᠪᠣᠯᠭ᠋ᠠᠭᠰᠠᠨ ᠢᠲᠡᠭᠡᠮᠵᠢ ᠵᠢᠨ ᠦᠨᠡᠯᠡᠯᠲᠡ ᠵᠢᠨ ᠲᠣᠭᠲᠠᠴᠠ ᠵᠢ ᠪᠠᠶ᠋ᠢᠭᠤᠯᠵᠤ᠂ ᠢᠲᠡᠭᠡᠮᠵᠢ᠎ᠲᠠᠢ ᠪᠠᠶ᠋ᠢᠬᠤ ᠵᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ᠎ᠪᠠᠨ ᠠᠯᠳᠠᠭᠰᠠᠨ᠎ᠢ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠵᠦ᠂ ᠲᠡᠷᠡᠴᠢᠯᠡᠨ ᠢᠲᠡᠭᠡᠮᠵᠢ ᠵᠢᠨ ᠲᠡᠮᠳᠡᠭᠯᠡᠯ ᠵᠶ᠋ᠠᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠦᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠳᠤ ᠣᠷᠣᠭᠤᠯᠵᠤ᠂ ᠬᠠᠤᠯᠢ ᠶᠣᠰᠤᠭ᠋ᠠᠷ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃
(ᠠᠷᠪᠠ) ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠪᠣᠯᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠷᠠᠭᠤᠯᠬᠤ ᠬᠡᠷᠡᠭᠲᠡᠶ᠃ ᠵᠠᠰᠠᠮᠠᠯ ᠵᠠᠮ᠎ᠤᠨ ᠬᠠᠤᠯᠢ᠎ᠳᠤ ᠵᠠᠰᠠᠪᠤᠷᠢ ᠣᠷᠣᠭᠤᠯᠬᠤ ᠵᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠳᠦᠷᠢᠮ᠎ᠢ ᠰᠤᠳᠤᠯᠤᠨ ᠲᠣᠭᠲᠠᠭ᠋ᠠᠵᠤ᠂ ᠢᠷᠭᠡᠨ᠎ᠤ ᠬᠡᠷᠡᠭ᠎ᠤᠨ ᠲᠥᠯᠥᠪᠦᠷᠢ᠎ᠪᠠᠷ ᠳᠠᠮᠵᠢᠨ ᠵᠠᠮ᠎ᠤᠨ ᠬᠥᠷᠦᠩᠭᠡ ᠵᠠᠮ᠎ᠤᠨ ᠡᠷᠬᠡ ᠵᠢ ᠬᠠᠮᠠᠭ᠋ᠠᠯᠠᠬᠤ ᠵᠢ ᠬᠠᠶ᠋ᠢᠨ ᠰᠦᠪᠡᠭᠴᠢᠯᠡᠨ᠎ᠡ᠃ ᠬᠢᠮᠳᠠ ᠪᠥᠭᠡᠳ ᠬᠡᠷᠡᠭᠴᠡᠭᠡ᠎ᠲᠡᠶ᠂ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ 《ᠦᠵᠡᠰᠬᠦᠯᠡᠩᠲᠦ ᠰᠠᠶ᠋ᠢᠬᠠᠨ ᠵᠠᠰᠠᠮᠠᠯ ᠵᠠᠮ》᠎ᠢ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠮᠡᠷᠭᠡᠵᠢᠯ᠎ᠢ ᠳᠡᠭᠡᠭᠰᠢᠯᠡᠭᠦᠯᠵᠦ᠂ ᠵᠠᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠵᠢᠭ᠋ᠠᠨ ᠵᠢᠯᠣᠭᠣᠳᠬᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠰᠢᠶᠠᠨ᠎ᠤ ᠵᠠᠮ᠎ᠤᠨ ᠶᠠᠪᠤᠳᠠᠯ᠎ᠤᠨ ᠠᠵᠢᠯᠲᠠᠨ᠂ ᠰᠢᠶᠠᠩ᠎ᠤᠨ ᠬᠢᠨᠠᠨ ᠬᠠᠮᠢᠶᠠᠷᠤᠭᠴᠢ᠂ ᠲᠣᠰᠬᠣᠨ᠎ᠤ ᠵᠠᠮ ᠬᠠᠮᠠᠭ᠋ᠠᠯᠠᠭᠴᠢ᠎ᠲᠠᠢ ᠵᠠᠮ᠎ᠤᠨ ᠬᠥᠷᠥᠩᠭᠡ ᠵᠠᠮ᠎ᠤᠨ ᠡᠷᠬᠡ ᠵᠢ ᠬᠠᠮᠠᠭ᠋ᠠᠯᠠᠬᠤ ᠡᠩᠨᠡᠭᠡ ᠵᠢ ᠪᠠᠶ᠋ᠢᠭᠤᠯᠬᠤ ᠬᠡᠷᠡᠭᠲᠡᠶ᠃
ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠠᠴᠠ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠂ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠠᠬᠢᠭᠤᠯᠬᠤ ᠨᠢᠭᠡ ᠵᠦᠢ᠍ᠯ᠎ᠤᠨ ᠤᠷᠢᠳᠠᠪᠠᠷ ᠬᠡᠷᠡᠭᠵᠢᠭᠦᠯᠬᠦ ᠪᠠᠷᠢᠯᠭ᠎ᠠ ᠪᠣᠯᠭ᠋ᠠᠬᠤ ᠵᠢ ᠵᠡᠷᠭᠡ᠎ᠳᠤ᠎ᠨᠢ ᠪᠠᠶ᠋ᠢᠷᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠨᠢᠭᠡᠳᠦᠯᠲᠡᠶ ᠲᠥᠯᠥᠪᠯᠡᠬᠦ ᠪᠠ ᠵᠢᠭ᠋ᠠᠨ ᠵᠢᠯᠣᠭᠣᠳᠬᠤ᠎ᠪᠠᠨ ᠴᠢᠩᠭ᠋ᠠᠳᠬᠠᠵᠤ᠂ ᠲᠤᠰ ᠬᠠᠷᠢᠶ᠎ᠠ ᠣᠷᠣᠨ᠎ᠤ᠎ᠪᠠᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠵᠢ ᠰᠢᠪᠠᠳᠠᠵᠤ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠶ ᠰᠠᠶ᠋ᠢᠲᠤᠷ ᠠᠳᠬᠤᠨ᠎ᠠ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠨᠢᠭᠲᠠ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠶᠣᠰᠣᠭ᠋ᠠᠷ ᠡᠯ᠎ᠡ ᠵᠦᠢ᠍ᠯ᠎ᠤᠨ ᠡᠭᠦᠷᠭᠡ᠎ᠪᠠᠨ ᠪᠡᠶᠡᠯᠡᠭᠦᠯᠬᠦ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠠᠵᠢᠯ᠎ᠤᠨ ᠵᠢᠯᠣᠭᠣᠳᠣᠯᠭ᠎ᠠ ᠪᠠ ᠰᠢᠮᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠢᠬᠤᠯᠠ ᠶᠡᠬᠡ ᠪᠠᠶ᠋ᠢᠳᠠᠯ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2005] 49 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ
2019 ᠣᠨ᠎ᠤ 9 ᠳ᠋ᠦ᠍ᠭᠡᠷ ᠰᠠᠷ᠎ᠠ ᠵᠢᠨ 5᠎ᠤ ᠡᠳᠦᠷ
ᠲᠥᠷᠦ ᠵᠢᠨ ᠪᠣᠳᠤᠯᠭ᠎ᠠ ᠵᠢᠨ ᠲᠠᠶ᠋ᠢᠯᠤᠮᠵᠢ᠄ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠰᠠᠮᠠᠯ ᠵᠠᠮ᠎ᠤᠨ ᠲᠣᠪᠴᠢᠶᠠᠨ᠎ᠤ ᠳᠠᠷᠤᠭ᠎ᠠ ᠦ᠋ ᠳ᠋ᠸ ᠵᠢᠨ᠎ᠠᠴᠠ 《ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠠᠷᠠᠴᠢᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠳᠤ ᠲᠠᠢ᠌ᠯᠤᠮᠵᠢ ᠬᠢᠪᠠ