ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ ᠵᠠᠷᠯᠢᠭ
ᠭᠤᠴᠢᠨ ᠲᠠᠪᠤᠳᠤᠭ᠋ᠠᠷ
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠤᠴᠠ ᠲᠡᠮᠳᠡᠭ᠎ᠤᠨ ᠬᠠᠤᠯᠢ》 ᠵᠢ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ ᠵᠢᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭ᠋ᠠᠨ᠎ᠠᠴᠠ 2019 ᠣᠨ᠎ᠤ 10 ᠳ᠋ᠤᠭ᠋ᠠᠷ ᠰᠠᠷ᠎ᠠ ᠵᠢᠨ 26᠎ᠤ ᠡᠳᠦᠷ ᠪᠠᠲᠤᠯᠠᠵᠤ᠂ ᠡᠳᠦᠭᠡ ᠨᠡᠢ᠌ᠲᠡᠯᠡᠨ᠂ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠰᠢ ᠵᠢᠨ ᠫᠢᠩ
2019 ᠣᠨ᠎ᠤ 10 ᠳ᠋ᠤᠭ᠋ᠠᠷ ᠰᠠᠷ᠎ᠠ ᠵᠢᠨ 26᠎ᠤ ᠡᠳᠦᠷ
ᠭᠠᠷᠴᠠᠭ
ᠨᠢᠭᠡᠳᠦᠭᠡᠷ ᠪᠦᠯᠦᠭ ᠶᠡᠷᠦᠩᠬᠡᠶ ᠲᠦᠷᠢᠮ
ᠬᠣᠶᠠᠳᠤᠭ᠋ᠠᠷ ᠪᠦᠯᠦᠭ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ
ᠭᠤᠷᠪᠠᠳᠤᠭ᠋ᠠᠷ ᠪᠦᠯᠦᠭ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠲᠦᠷᠢᠮ
ᠨᠢᠭᠡᠳᠦᠭᠡᠷ ᠪᠦᠯᠦᠭ ᠶᠡᠷᠦᠩᠬᠡᠶ ᠲᠦᠷᠢᠮ
ᠨᠢᠭᠡᠳᠦᠭᠡᠷ ᠵᠦᠢ᠍ᠯ᠂ ᠨᠢᠭᠤᠴᠠ ᠲᠡᠮᠳᠡᠭ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠵᠢᠷᠤᠮᠵᠢᠭᠤᠯᠵᠤ᠂ ᠨᠢᠭᠤᠴᠠ ᠲᠡᠮᠳᠡᠭ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠂ ᠲᠣᠣᠷ ᠰᠦᠯᠵᠢᠶ᠎ᠡ ᠪᠣᠯᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠵᠤ᠂ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠠᠮᠠᠭ᠋ᠠᠯᠠᠵᠤ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ ᠲᠤᠰ ᠬᠠᠤᠯᠢ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠂ ᠲᠤᠰ ᠬᠠᠤᠯᠢ᠎ᠳᠤ ᠬᠡᠯᠡᠵᠦ ᠪᠠᠶ᠋ᠢᠭ᠎ᠠ ᠨᠢᠭᠤᠴᠠ ᠲᠡᠮᠳᠡᠭ ᠭᠡᠳᠡᠭ᠎ᠨᠢ ᠣᠨᠴᠠ ᠲᠣᠭᠲᠠᠭᠰᠠᠨ ᠬᠤᠪᠢᠷᠠᠭᠤᠯᠬᠤ ᠠᠷᠭ᠎ᠠ᠎ᠪᠠᠷ ᠮᠡᠳᠡᠭᠡ ᠵᠠᠩᠭᠢ ᠵᠡᠷᠭᠡ ᠵᠢ ᠨᠢᠭᠤᠴᠠᠯᠠᠨ ᠬᠠᠮᠠᠭ᠋ᠠᠯᠠᠬᠤ᠂ ᠠᠶᠤᠯᠭᠦᠢ ᠵᠢᠨ ᠭᠡᠷᠡᠴᠢᠯᠡᠯ ᠬᠢᠬᠦ ᠮᠡᠷᠭᠡᠵᠢᠯ᠂ ᠦᠢ᠍ᠯᠡᠳᠬᠦᠨ ᠪᠠ ᠦᠢ᠍ᠯᠡᠴᠢᠯᠡᠭᠡ ᠵᠢ ᠵᠢᠭ᠋ᠠᠵᠤ ᠪᠤᠢ᠃
ᠭᠤᠷᠪᠠᠳᠤᠭ᠋ᠠᠷ ᠵᠦᠢ᠍ᠯ᠂ ᠨᠢᠭᠤᠴᠠ ᠲᠡᠮᠳᠡᠭ᠎ᠤᠨ ᠠᠵᠢᠯ᠎ᠳᠤ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠨ᠂ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠬᠥᠭᠵᠢᠯᠲᠡ ᠵᠢᠨ ᠰᠢᠨ᠎ᠡ ᠵᠢ ᠡᠭᠦᠳᠬᠦ᠂ ᠶᠡᠬᠡ ᠲᠠᠯ᠎ᠠ᠎ᠳᠤ ᠦᠢ᠍ᠯᠡᠴᠢᠯᠡᠬᠦ᠂ ᠬᠠᠤᠯᠢ ᠶᠣᠰᠣᠭ᠋ᠠᠷ ᠬᠠᠮᠢᠶᠠᠷᠬᠤ᠂ ᠠᠮᠤᠷ ᠲᠦᠪᠰᠢᠨ᠎ᠢ ᠪᠠᠲᠤᠯᠠᠬᠤ ᠵᠠᠷᠴᠢᠮ᠎ᠢ ᠵᠢᠷᠤᠮᠯᠠᠨ᠎ᠠ᠃
ᠳᠥᠷᠪᠡᠳᠦᠭᠡᠷ ᠵᠦᠢ᠍ᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠤᠴᠠ ᠲᠡᠮᠳᠡᠭ᠎ᠤᠨ ᠠᠵᠢᠯ᠎ᠤᠨ ᠤᠳᠤᠷᠢᠳᠤᠯᠭ᠎ᠠ ᠵᠢ ᠪᠠᠷᠢᠮᠲᠠᠯᠠᠨ᠎ᠠ᠃ ᠲᠥᠪ᠎ᠤᠨ ᠨᠢᠭᠤᠴᠠ ᠲᠡᠮᠳᠡᠭ᠎ᠤᠨ ᠠᠵᠢᠯ᠎ᠤᠨ ᠤᠳᠤᠷᠢᠳᠬᠤ ᠪᠠᠶ᠋ᠢᠭᠤᠯᠤᠮᠵᠢ᠎ᠠᠴᠠ ᠪᠦᠬᠦ ᠤᠯᠤᠰ᠎ᠤᠨ ᠨᠢᠭᠤᠴᠠ ᠲᠡᠮᠳᠡᠭ᠎ᠤᠨ ᠠᠵᠢᠯ᠎ᠳᠤ ᠨᠢᠭᠡᠳᠦᠯᠲᠡᠶ ᠤᠳᠤᠷᠢᠳᠤᠯᠭ᠎ᠠ ᠶᠠᠪᠤᠭᠤᠯᠵᠤ᠂ ᠤᠯᠤᠰ᠎ᠤᠨ ᠨᠢᠭᠤᠴᠠ ᠲᠡᠮᠳᠡᠭ᠎ᠤᠨ ᠠᠵᠢᠯ᠎ᠤᠨ ᠴᠢᠬᠤᠯᠠ ᠶᠡᠬᠡ ᠴᠢᠭᠯᠡᠯᠲᠡ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠤᠯᠤᠰ᠎ᠤᠨ ᠨᠢᠭᠤᠴᠠ ᠲᠡᠮᠳᠡᠭ᠎ᠤᠨ ᠴᠢᠬᠤᠯᠠ ᠶᠡᠬᠡ ᠤᠴᠢᠷ ᠶᠠᠪᠤᠳᠠᠯ ᠪᠠ ᠴᠢᠬᠤᠯᠠ ᠠᠵᠢᠯ᠎ᠢ ᠨᠢᠭᠡᠳᠦᠯᠲᠡᠶ ᠲᠦᠯᠦᠪᠯᠡᠨ ᠵᠣᠬᠢᠴᠠᠭᠤᠯᠵᠤ᠂ ᠤᠯᠤᠰ᠎ᠤᠨ ᠨᠢᠭᠤᠴᠠ ᠲᠡᠮᠳᠡᠭ᠎ᠤᠨ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃
ᠲᠠᠪᠤᠳᠤᠭ᠋ᠠᠷ ᠵᠦᠢ᠍ᠯ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠥᠬᠥ ᠤᠯᠤᠰ᠎ᠤᠨ ᠨᠢᠭᠤᠴᠠ ᠲᠡᠮᠳᠡᠭ᠎ᠤᠨ ᠠᠵᠢᠯ᠎ᠢ ᠬᠠᠷᠢᠭᠤᠴᠠᠨ ᠬᠠᠮᠢᠶᠠᠷᠤᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠨᠢᠭᠤᠴᠠ ᠲᠡᠮᠳᠡᠭ᠎ᠤᠨ ᠠᠵᠢᠯ᠎ᠢ ᠬᠠᠷᠢᠭᠤᠴᠠᠨ ᠬᠠᠮᠢᠶᠠᠷᠤᠨ᠎ᠠ᠃
ᠲᠥᠷᠥ ᠵᠢᠨ ᠪᠠᠢ᠌ᠭᠤᠯᠭ᠎ᠠ ᠪᠣᠯᠤᠨ ᠨᠢᠭᠤᠴᠠ ᠲᠡᠮᠳᠡᠭ᠎ᠤᠨ ᠠᠵᠢᠯ᠎ᠳᠤ ᠬᠣᠯᠪᠣᠭᠳᠠᠬᠤ ᠨᠢᠭᠡᠴᠢ᠎ᠨᠢ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠲᠣᠰ ᠪᠠᠢ᠌ᠭᠤᠯᠭ᠎ᠠ᠂ ᠲᠣᠰ ᠨᠢᠭᠡᠴᠢ ᠪᠤᠶᠤ ᠲᠣᠰ ᠰᠢᠰᠲ᠋ᠧᠮ᠎ᠤᠨ ᠵᠶ᠋ᠠᠨ ᠨᠢᠭᠤᠴᠠ ᠲᠡᠮᠳᠡᠭ᠎ᠤᠨ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ᠂ ᠤᠯᠤᠰ᠎ᠠᠴᠠ ᠨᠢᠭᠤᠴᠠ ᠲᠡᠮᠳᠡᠭ᠎ᠲᠤ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠦᠨ᠎ᠡ᠃
ᠨᠢᠭᠤᠴᠠ ᠲᠡᠮᠳᠡᠭ᠎ᠢ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ ᠪᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ ᠭᠡᠵᠦ ᠬᠤᠪᠢᠶᠠᠨ᠎ᠠ᠃
ᠳᠣᠯᠣᠳᠤᠭ᠋ᠠᠷ ᠵᠦᠢ᠍ᠯ᠂ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠨᠢ ᠤᠯᠤᠰ᠎ᠤᠨ ᠨᠢᠭᠤᠴᠠ ᠮᠡᠳᠡᠭᠡ ᠵᠠᠩᠭᠢ ᠵᠢ ᠬᠠᠮᠠᠭ᠋ᠠᠯᠠᠬᠤ᠎ᠳᠤ ᠬᠡᠷᠡᠭᠯᠡᠵᠦ᠂ ᠭᠣᠣᠯ ᠨᠢᠭᠤᠴᠠ ᠳᠡᠮᠳᠡᠭ᠎ᠤᠨ ᠬᠠᠮᠠᠭ᠋ᠠᠯᠠᠬᠤ ᠮᠡᠳᠡᠭᠡ ᠵᠠᠩᠭᠢ ᠵᠢᠨ ᠬᠠᠮᠤᠭ᠎ᠤᠨ ᠥᠨᠳᠥᠷ ᠨᠢᠭᠤᠴᠠ ᠵᠢᠨ ᠳᠡᠰ᠎ᠨᠢ ᠲᠠᠰᠤ ᠨᠢᠭᠤᠴᠠ ᠵᠢᠨ ᠳᠡᠰ ᠪᠣᠯᠤᠨ᠎ᠠ᠂ ᠡᠩ᠎ᠤᠨ ᠨᠢᠭᠤᠴᠠ ᠳᠡᠮᠳᠡᠭ᠎ᠤᠨ ᠬᠠᠮᠠᠭ᠋ᠠᠯᠠᠬᠤ ᠮᠡᠳᠡᠭᠡ ᠵᠠᠩᠭᠢ ᠵᠢᠨ ᠬᠠᠮᠤᠭ᠎ᠤᠨ ᠥᠨᠳᠥᠷ ᠨᠢᠭᠤᠴᠠ ᠵᠢᠨ ᠳᠡᠰ᠎ᠨᠢ ᠴᠢᠬᠤᠯᠠ ᠨᠢᠭᠤᠴᠠ ᠵᠢᠨ ᠳᠡᠰ ᠪᠣᠯᠤᠨ᠎ᠠ᠃
ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠨᠢ ᠤᠯᠤᠰ᠎ᠤᠨ ᠨᠢᠭᠤᠴᠠ᠎ᠳᠤ ᠬᠠᠷᠢᠶᠠᠯᠠᠭᠳᠠᠨ᠎ᠠ᠃ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠣᠰ ᠬᠠᠤᠯᠢ ᠪᠣᠯᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠲᠤ ᠴᠢᠩᠭ᠎ᠠ ᠨᠢᠭᠡᠳᠦᠯᠲᠡᠶ ᠬᠠᠮᠢᠶᠠᠷᠤᠯᠲᠠ ᠵᠢ ᠬᠡᠷᠡᠭᠵᠢᠭᠦᠯᠦᠨ᠎ᠡ᠃
ᠨᠠᠢ᠍ᠮᠠᠳᠤᠭ᠋ᠠᠷ ᠵᠦᠢ᠍ᠯ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠤᠯᠤᠰ᠎ᠤᠨ ᠨᠢᠭᠤᠴᠠ᠎ᠳᠤ ᠬᠠᠷᠢᠶᠠᠯᠠᠭᠳᠠᠬᠤ ᠥᠬᠡᠶ ᠮᠡᠳᠡᠭᠡ ᠵᠠᠩᠭᠢ ᠵᠢ ᠬᠠᠮᠠᠭ᠋ᠠᠯᠠᠬᠤ᠎ᠳᠤ ᠬᠡᠷᠡᠭᠯᠡᠨ᠎ᠡ᠃
ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠨᠢ ᠬᠤᠳᠠᠯᠳᠤᠭ᠋ᠠᠨ᠎ᠤ ᠬᠡᠷᠡᠭᠯᠡᠬᠦ ᠨᠢᠭᠤᠴᠠ ᠲᠡᠮᠳᠡᠭ᠎ᠢ ᠬᠠᠤᠯᠢ ᠶᠣᠰᠣᠭ᠋ᠠᠷ ᠬᠡᠷᠡᠭᠯᠡᠨ ᠲᠣᠤᠷ ᠰᠦᠯᠵᠢᠶ᠎ᠡ ᠪᠠ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠵᠤ ᠪᠣᠯᠤᠨ᠎ᠠ᠃
ᠶᠢᠰᠦᠳᠦᠭᠡᠷ ᠵᠦᠢ᠍ᠯ᠂ ᠤᠯᠤᠰ᠎ᠠᠴᠠ ᠨᠢᠭᠤᠴᠠ ᠲᠡᠮᠳᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠯ ᠪᠠ ᠬᠡᠷᠡᠭᠯᠡᠭᠡ ᠵᠢ ᠵᠣᠷᠢᠭᠵᠢᠭᠤᠯᠤᠨ ᠳᠡᠮᠵᠢᠵᠦ᠂ ᠨᠢᠭᠤᠴᠠ ᠲᠡᠮᠳᠡᠭ᠎ᠤᠨ ᠬᠦᠷᠢᠶ᠎ᠡ ᠬᠡᠪᠴᠢᠶᠡᠨ᠎ᠳᠠᠬᠢ ᠮᠡᠳᠡᠯᠭᠡ ᠵᠢᠨ ᠪᠦᠲᠦᠭᠡᠭᠳᠡᠬᠦᠨ᠎ᠤ ᠡᠷᠬᠡ ᠵᠢ ᠬᠠᠤᠯᠢ ᠶᠣᠰᠤᠭ᠋ᠠᠷ ᠬᠠᠮᠠᠭ᠋ᠠᠯᠠᠵᠤ᠂ ᠨᠢᠭᠤᠴᠠ ᠲᠡᠮᠳᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠣᠯᠤᠨ ᠰᠢᠨ᠎ᠡ ᠵᠢ ᠡᠭᠦᠳᠬᠦ ᠵᠢ ᠠᠬᠢᠭᠤᠯᠤᠨ᠎ᠠ᠃
ᠤᠯᠤᠰ᠎ᠠᠴᠠ ᠨᠢᠭᠤᠴᠠ ᠲᠡᠮᠳᠡᠭ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠢᠭᠤᠴᠠ ᠲᠡᠮᠳᠡᠭ᠎ᠤᠨ ᠠᠵᠢᠯ᠎ᠤᠨ ᠳᠤᠮᠳᠠ ᠳᠣᠪᠤᠢ᠌ᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠦᠬᠢᠭᠦᠯᠬᠦ ᠪᠠ ᠱᠠᠩᠨᠠᠨ᠎ᠠ᠃
ᠠᠷᠪᠠᠳᠤᠭ᠋ᠠᠷ ᠵᠦᠢ᠍ᠯ᠂ ᠤᠯᠤᠰ᠎ᠠᠴᠠ ᠤᠯᠠᠨ ᠵᠦᠢ᠍ᠯ᠎ᠤᠨ ᠬᠡᠯᠪᠡᠷᠢ ᠮᠠᠶᠢᠭ᠎ᠢ ᠠᠪᠴᠤ ᠪᠠᠶ᠋ᠢᠭ᠋ᠠᠳ ᠨᠢᠭᠤᠴᠠ ᠲᠡᠮᠳᠡᠭ᠎ᠤᠨ ᠠᠶᠤᠯᠭᠦᠢ ᠵᠢᠨ ᠬᠥᠮᠦᠵᠢᠯ᠎ᠢ ᠴᠢᠩᠭ᠋ᠠᠳᠬᠠᠵᠤ᠂ ᠨᠢᠭᠤᠴᠠ ᠲᠡᠮᠳᠡᠭ᠎ᠤᠨ ᠠᠶᠤᠯᠭᠦᠢ ᠵᠢᠨ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮᠵᠢ ᠪᠣᠯᠤᠨ ᠠᠯᠪᠠᠲᠠᠨ᠎ᠤ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠰᠢᠰᠲ᠋ᠧᠮᠵᠢ᠎ᠳᠤ ᠣᠷᠣᠭᠤᠯᠵᠤ᠂ ᠠᠷᠠᠳ ᠢᠷᠭᠡᠳ᠂ ᠬᠠᠤᠯᠢ ᠵᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠢᠭᠤᠴᠠ ᠲᠡᠮᠳᠡᠭ᠎ᠤᠨ ᠠᠶᠤᠯᠭᠦᠢ ᠵᠢᠨ ᠦᠵᠡᠯ ᠤᠬᠠᠮᠰᠠᠷ᠎ᠢ ᠨᠡᠮᠡᠭᠳᠡᠭᠦᠯᠦᠨ᠎ᠡ᠃
ᠠᠷᠪᠠᠨ ᠨᠢᠭᠡᠳᠦᠭᠡᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠨᠢᠭᠤᠴᠠ ᠲᠡᠮᠳᠡᠭ᠎ᠤᠨ ᠠᠵᠢᠯ᠎ᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠢ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠬᠤ ᠬᠡᠷᠡᠭᠲᠡᠢ᠂ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠤᠨ᠎ᠠ᠃
ᠠᠷᠪᠠᠨ ᠬᠣᠶᠠᠳᠤᠭ᠋ᠠᠷ ᠵᠦᠢ᠍ᠯ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠨᠢ ᠪᠤᠰᠤᠳ᠎ᠤᠨ ᠨᠢᠭᠤᠴᠠ ᠨᠡᠮᠡᠵᠦ ᠬᠠᠮᠠᠭ᠋ᠠᠯᠠᠭᠰᠠᠨ ᠮᠡᠳᠡᠭᠡ ᠵᠠᠩᠭᠢ ᠵᠢ ᠬᠤᠯᠠᠭ᠋ᠠᠶ᠋ᠢᠯᠠᠨ ᠠᠪᠬᠤ ᠪᠤᠶᠤ ᠪᠤᠰᠤᠳ᠎ᠤᠨ ᠨᠢᠭᠤᠴᠠ ᠲᠡᠮᠳᠡᠭ᠎ᠤᠨ ᠪᠠᠲᠤᠯᠠᠭ᠎ᠠ ᠵᠢᠨ ᠰᠢᠰᠲᠸᠮ᠎ᠳᠤ ᠬᠠᠤᠯᠢ ᠪᠤᠰᠤ᠎ᠪᠠᠷ ᠲᠦᠷᠢᠨ ᠣᠷᠣᠵᠤ ᠪᠣᠯᠬᠤ ᠥᠭᠡᠢ᠃
ᠶᠠᠮᠠᠷᠪᠠ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠨᠢ ᠨᠢᠭᠤᠴᠠ ᠲᠡᠮᠳᠡᠭ᠎ᠢ ᠠᠰᠢᠭᠯᠠᠨ ᠤᠯᠤᠰ ᠣᠷᠣᠨ᠎ᠤ ᠠᠮᠤᠷ ᠲᠦᠪᠰᠢᠨ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ᠂ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠢᠵᠦ ᠪᠣᠯᠬᠤ ᠦᠭᠡᠢ᠃
ᠬᠣᠶᠠᠳᠤᠭ᠋ᠠᠷ ᠪᠦᠯᠦᠭ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ
ᠠᠷᠪᠠᠨ ᠭᠤᠷᠪᠠᠳᠤᠭ᠋ᠠᠷ ᠵᠦᠢ᠍ᠯ᠂ ᠤᠯᠤᠰ᠎ᠠᠴᠠ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠬᠠᠮᠢᠶᠠᠷᠬᠤ ᠪᠠ ᠬᠡᠷᠡᠭᠯᠡᠬᠦ ᠵᠢ ᠴᠢᠩᠭ᠋ᠠᠳᠬᠠᠵᠤ᠂ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠨᠢᠭᠤᠴᠠ ᠲᠡᠮᠳᠡᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ᠃
ᠠᠷᠪᠠᠨ ᠳᠥᠷᠪᠡᠳᠦᠭᠡᠷ ᠵᠦᠢ᠍ᠯ᠂ ᠤᠲᠠᠰᠤᠲᠤ᠂ ᠤᠳᠠᠰᠤ ᠦᠭᠡᠢ ᠬᠣᠯᠪᠣᠭ᠎ᠠ ᠳᠤᠮᠳᠠ ᠤᠯᠤᠰ᠎ᠤᠨ ᠨᠢᠭᠤᠴᠠ ᠮᠡᠳᠡᠭᠡ ᠵᠠᠩᠭᠢ ᠵᠢ ᠳᠠᠮᠵᠢᠭᠤᠯᠬᠤ ᠵᠢᠴᠢ ᠤᠯᠤᠰ᠎ᠤᠨ ᠨᠢᠭᠤᠴᠠ ᠵᠢᠨ ᠮᠡᠳᠡᠭᠡ ᠵᠠᠩᠭᠢ ᠵᠢ ᠬᠠᠳᠠᠭ᠋ᠠᠯᠠᠬᠤ᠂ ᠰᠢᠢ᠍ᠳᠪᠦᠷᠢᠯᠡᠬᠦ ᠮᠡᠳᠡᠭᠡ ᠵᠠᠩᠭᠢ ᠵᠢᠨ ᠰᠢᠰᠲᠸᠮ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠢ ᠬᠡᠷᠡᠭᠯᠡᠨ ᠨᠢᠭᠤᠴᠠᠯᠠᠨ ᠬᠠᠮᠠᠭ᠋ᠠᠯᠠᠵᠤ᠂ ᠠᠶᠤᠯᠭᠦᠢ ᠵᠢᠨ ᠭᠡᠷᠡᠴᠢᠯᠡᠯ ᠬᠢᠬᠦ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ᠂ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠦᠢ᠍ᠯᠡᠳᠪᠦᠷᠢᠯᠡᠯ᠂ ᠦᠢ᠍ᠯᠡᠴᠢᠯᠡᠭᠡ᠂ ᠪᠠᠶ᠋ᠢᠴᠠᠭ᠋ᠠᠨ ᠰᠢᠯᠭ᠋ᠠᠯᠲᠠ᠂ ᠲᠣᠨᠣᠭ ᠲᠥᠬᠥᠭᠡᠷᠦᠮᠵᠢ᠂ ᠬᠡᠷᠡᠭᠯᠡᠬᠦ ᠪᠠ ᠤᠰᠠᠳᠬᠠᠬᠤ ᠵᠡᠷᠭᠡ ᠠᠵᠢᠯ᠎ᠢ ᠡᠷᠭᠢᠯᠡᠨ ᠬᠢᠬᠦ ᠪᠠᠶ᠋ᠢᠭᠤᠯᠤᠮᠵᠢ (ᠳᠣᠷᠣᠭᠰᠢ ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ)᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠵᠢᠴᠢ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠴᠢᠩᠭ᠎ᠠ ᠨᠢᠮᠪᠠᠶ ᠨᠢᠭᠤᠴᠠ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠪᠠ ᠨᠢᠭᠤᠴᠠ ᠵᠢ ᠬᠠᠮᠠᠭ᠋ᠠᠯᠠᠬᠤ ᠬᠠᠷᠢᠭᠤᠴᠠᠯᠭ᠎ᠠ ᠵᠢᠨ ᠳᠦᠷᠢᠮ᠎ᠢ ᠠᠪᠴᠤ᠂ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ ᠵᠢᠨ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠠᠵᠢᠯ᠎ᠢ ᠬᠠᠤᠯᠢ ᠶᠣᠰᠣᠭ᠋ᠠᠷ ᠵᠢᠯᠣᠭᠣᠳᠬᠤ᠂ ᠬᠢᠨᠠᠯᠲᠠ ᠲᠠᠯᠪᠢᠬᠤ ᠪᠠ ᠪᠠᠢ᠌ᠴᠠᠭ᠋ᠠᠵᠤ᠂ ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ᠎ᠠᠴᠠ ᠬᠠᠮᠵᠢᠯᠴᠠᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠬᠣᠯᠪᠣᠭᠳᠠᠯ ᠪᠥᠬᠥᠢ ᠰᠠᠯᠠᠭ᠎ᠠ ᠮᠥᠴᠢᠷ᠎ᠲᠠᠢ ᠬᠠᠮᠲᠤᠷᠠᠨ ᠭᠣᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ᠎ᠤᠨ ᠠᠮᠤᠷ ᠲᠥᠪᠰᠢᠨ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯᠭᠦᠢ ᠵᠢᠨ ᠲᠦᠭᠰᠢᠭᠦᠷᠢ ᠵᠢᠨ ᠦᠨᠡᠯᠡᠯᠲᠡ᠂ ᠮᠡᠳᠡᠭᠡ ᠵᠠᠩᠭᠢ ᠵᠢᠨ ᠮᠡᠳᠡᠭᠡᠯᠡᠯ᠂ ᠴᠢᠬᠤᠯᠠ ᠶᠡᠬᠡ ᠬᠡᠷᠡᠭ ᠶᠠᠪᠤᠳᠠᠯ᠎ᠤᠨ ᠵᠥᠪᠳᠡᠯᠴᠡᠭᠡ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠬᠠᠮᠵᠢᠯᠴᠠᠬᠤ ᠲᠣᠭᠲᠠᠴᠠ ᠵᠢ ᠪᠠᠢ᠌ᠭᠤᠯᠵᠤ᠂ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠣᠯᠪᠤᠭ᠋ᠠᠯᠠᠨ ᠬᠦᠳᠡᠯᠦᠯᠴᠡᠬᠦ ᠪᠠ ᠡᠮᠬᠢ ᠵᠢᠷᠤᠮ᠎ᠲᠠᠢ ᠥᠨᠳᠥᠷ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ᠎ᠨᠢ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠨᠢᠭᠤᠴᠠ ᠵᠠᠳᠠᠷᠠᠭᠰᠠᠨ ᠪᠤᠶᠤ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠠᠮᠤᠷ ᠲᠦᠪᠰᠢᠨ᠎ᠢ ᠨᠥᠯᠥᠭᠡᠯᠡᠬᠦ ᠴᠢᠬᠤᠯᠠ ᠶᠡᠬᠡ ᠠᠰᠠᠭᠤᠳᠠᠯ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠣᠯᠵᠤ ᠮᠡᠳᠡᠪᠡᠯ᠂ ᠳᠠᠷᠤᠶ᠋ᠢᠬᠠᠨ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠂ ᠡᠭᠦᠨ᠎ᠤ ᠬᠠᠮᠲᠤ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠵᠦ᠂ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠦᠷᠨᠢᠭᠦᠯᠵᠦ᠂ ᠲᠡᠷᠡᠴᠢᠯᠡᠨ ᠬᠣᠯᠪᠣᠭᠳᠠᠯ ᠪᠦᠬᠦᠢ ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ ᠵᠢ ᠵᠢᠭ᠋ᠠᠨ ᠵᠢᠯᠣᠭᠣᠳᠴᠤ ᠪᠠᠢ᠌ᠭ᠋ᠠᠳ ᠠᠮᠤᠷ ᠲᠦᠪᠰᠢᠨ᠎ᠤ ᠳᠠᠯᠳᠠ ᠭᠡᠮ᠎ᠢ ᠴᠠᠭ ᠲᠤᠬᠠᠶ᠎ᠳᠤᠨᠢ ᠠᠷᠢᠯᠭ᠋ᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ᠂ ᠤᠯᠤᠰ᠎ᠠᠴᠠ ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠡᠭᠦᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠨ᠎ᠠ᠃
ᠤᠯᠤᠰ᠎ᠠᠴᠠ ᠭᠣᠣᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠠᠵᠢᠯ᠎ᠤᠨ ᠬᠡᠷᠡᠭᠴᠡᠭᠡ᠎ᠳᠤ ᠵᠣᠬᠢᠴᠠᠭᠰᠠᠨ ᠬᠥᠮᠦᠰ᠎ᠢ ᠡᠯᠰᠡᠨ ᠬᠡᠷᠡᠭᠯᠡᠬᠦ᠂ ᠰᠣᠩᠭᠣᠨ ᠲᠣᠬᠢᠷᠠᠭᠤᠯᠬᠤ᠂ ᠨᠢᠭᠤᠴᠠ ᠵᠢ ᠬᠠᠮᠠᠭ᠋ᠠᠯᠠᠬᠤ᠂ ᠬᠢᠨᠠᠨ ᠰᠢᠯᠭ᠋ᠠᠬᠤ᠂ ᠪᠣᠯᠪᠠᠰᠤᠷᠠᠭᠤᠯᠬᠤ᠂ ᠣᠯᠭᠣᠮᠵᠢ᠂ ᠱᠠᠩᠨᠠᠵᠤ ᠰᠢᠢ᠍ᠳᠬᠡᠬᠦ᠂ ᠰᠣᠯᠢᠯᠴᠠᠬᠤ᠂ ᠪᠤᠴᠠᠭ᠋ᠠᠵᠤ ᠵᠡᠷᠭᠡ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ᠎ᠠ᠃
ᠠᠷᠪᠠ ᠶᠢᠰᠦᠳᠦᠭᠡᠷ ᠵᠦᠢ᠍ᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠭᠡ᠎ᠠᠴᠠ ᠪᠣᠯᠵᠤ᠂ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠣᠭᠣᠮᠲᠠ ᠵᠡᠷᠭᠡ ᠰᠠᠯᠠᠭ᠎ᠠ ᠮᠥᠴᠢᠷ᠎ᠲᠤ ᠲᠡᠪᠰᠢᠭᠦᠯᠵᠦ ᠪᠠᠢ᠌ᠭ᠋ᠠᠳ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠬᠣᠯᠪᠤᠭᠳᠠᠯ ᠪᠥᠬᠥᠶ ᠡᠳ᠋ ᠪᠣᠳᠠᠰ ᠪᠠ ᠬᠥᠮᠦᠰ᠎ᠲᠤ ᠥᠯᠥ ᠪᠠᠶ᠋ᠢᠴᠠᠭ᠋ᠠᠬᠤ ᠵᠡᠷᠭᠡ ᠲᠥᠬᠥᠮ ᠦᠵᠡᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠠᠮᠵᠢᠯᠴᠠᠬᠤ ᠬᠡᠷᠡᠭᠲᠡᠶ᠃
ᠬᠣᠷᠢᠳᠤᠭ᠋ᠠᠷ ᠵᠦᠢ᠍ᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠨᠢᠭᠤᠴᠠ ᠲᠡᠮᠳᠡᠭ᠎ᠤᠨ ᠠᠵᠢᠯ᠎ᠤᠨ ᠪᠠᠶ᠋ᠢᠭᠤᠯᠤᠮᠵᠢ᠎ᠠᠴᠠ ᠴᠢᠩᠭ᠎ᠠ ᠬᠢᠨᠠᠯᠲᠠ ᠲᠠᠯᠪᠢᠬᠤ ᠪᠠ ᠠᠶᠤᠯᠭᠦᠢ ᠵᠢᠨ ᠬᠢᠨᠠᠨ ᠪᠠᠢ᠌ᠴᠠᠭ᠋ᠠᠯᠲᠠ ᠵᠢᠨ ᠲᠥᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠡᠭᠦᠨ᠎ᠤ ᠠᠵᠢᠯᠲᠠᠨ᠎ᠤ ᠬᠠᠤᠯᠢ ᠴᠠᠭ᠋ᠠᠵᠠ ᠪᠠ ᠰᠠᠬᠢᠯᠭ᠎ᠠ ᠪᠠᠲᠤ ᠵᠢ ᠰᠠᠬᠢᠵᠤ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠬᠤ ᠵᠢᠨ ᠬᠠᠮᠲᠤ᠂ ᠬᠠᠤᠯᠢ ᠶᠣᠰᠣᠭ᠋ᠠᠷ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠶᠤᠯᠭᠦᠢ ᠵᠢᠨ ᠬᠢᠨᠠᠨ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠶ᠃
ᠭᠤᠷᠪᠠᠳᠤᠭ᠋ᠠᠷ ᠪᠦᠯᠦᠭ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ
ᠬᠣᠷᠢᠨ ᠨᠢᠭᠡᠳᠦᠭᠡᠷ ᠵᠦᠢ᠍ᠯ᠂ ᠤᠯᠤᠰ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠮᠡᠷᠭᠡᠵᠢᠯ᠎ᠢ ᠰᠤᠳᠤᠯᠤᠨ ᠨᠡᠭᠡᠭᠡᠬᠦ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ᠂ ᠦᠷ᠎ᠡ ᠪᠦᠲᠦᠭᠡᠯ᠎ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠢ ᠵᠣᠷᠢᠭᠵᠢᠭᠤᠯᠵᠤ᠂ ᠨᠢᠭᠡᠳᠦᠯᠲᠡᠶ᠂ ᠨᠡᠭᠡᠭᠡᠯᠲᠡᠲᠡᠶ᠂ ᠥᠷᠢᠰᠥᠯᠳᠦᠭᠡᠨ᠎ᠲᠠᠢ᠂ ᠡᠮᠬᠢ ᠵᠢᠷᠤᠮ᠎ᠲᠠᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠵᠠᠬ᠎ᠠ ᠳᠡᠯᠭᠡᠭᠦᠷ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠤ ᠦᠢ᠍ᠯᠡᠰ᠎ᠤᠨ ᠬᠥᠭᠵᠢᠯᠲᠡ ᠵᠢ ᠵᠣᠷᠢᠭᠵᠢᠭᠤᠯᠤᠨ ᠠᠬᠢᠭᠤᠯᠤᠨ᠎ᠠ᠃
ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠭᠠᠳᠠᠭᠤᠷᠴᠢᠯᠠᠬᠤ ᠦᠭᠡᠢ ᠪᠠᠢ᠌ᠬᠤ ᠵᠠᠷᠴᠢᠮ᠎ᠢ ᠵᠢᠷᠤᠮᠯᠠᠨ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠢ ᠪᠠᠭᠲᠠᠭ᠋ᠠᠭᠰᠠᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠡᠷᠳᠡᠮ ᠰᠢᠨᠵᠢᠯᠡᠭᠡᠨ᠂ ᠦᠢ᠍ᠯᠡᠳᠪᠦᠷᠢᠯᠡᠯ᠂ ᠪᠣᠷᠣᠯᠠᠭᠤᠯᠭ᠎ᠠ᠂ ᠦᠢ᠍ᠯᠡᠴᠢᠯᠡᠭᠡ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠡᠷᠭᠡ ᠨᠢᠭᠡᠴᠢ (ᠳᠣᠷᠣᠭᠰᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ ᠭᠡᠨ᠎ᠡ)᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠨᠳᠤᠬᠤ ᠬᠡᠷᠡᠭᠲᠡᠶ᠃ ᠤᠯᠤᠰ᠎ᠠᠴᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠶᠠᠪᠤᠴᠠ᠎ᠳᠤ ᠰᠠᠢ᠍ᠢ᠍ᠨ ᠳᠤᠷ᠎ᠠ ᠵᠢᠨ ᠵᠠᠷᠴᠢᠮ ᠪᠠ ᠬᠤᠳᠠᠯᠳᠤᠭ᠋ᠠᠨ᠎ᠤ ᠲᠦᠷᠢᠮ᠎ᠳᠤ ᠰᠠᠭᠤᠷᠢᠯᠠᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠮᠡᠷᠭᠡᠵᠢᠯ᠎ᠤᠨ ᠬᠠᠮᠲᠤᠷᠠᠯᠴᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠴᠢ ᠲᠡᠭᠦᠨ᠎ᠤ ᠠᠵᠢᠯᠲᠠᠨ᠎ᠨᠢ ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠢ ᠠᠰᠢᠭᠯᠠᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠮᠡᠷᠭᠡᠵᠢᠯ᠎ᠢ ᠠᠯᠪᠠᠳᠠᠯᠭ᠎ᠠ᠎ᠪᠠᠷ ᠰᠢᠯᠵᠢᠭᠦᠯᠦᠨ ᠥᠭᠴᠦ ᠪᠣᠯᠬᠤ ᠦᠭᠡᠢ᠃
ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠡᠷᠳᠡᠮ ᠰᠢᠨᠵᠢᠯᠡᠭᠡᠨ᠂ ᠦᠢ᠍ᠯᠡᠳᠪᠦᠷᠢᠯᠡᠯ᠂ ᠪᠣᠷᠣᠯᠠᠭᠤᠯᠭ᠎ᠠ᠂ ᠦᠢ᠍ᠯᠡᠴᠢᠯᠡᠭᠡ ᠪᠠ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠨᠢ᠂ ᠤᠯᠤᠰ ᠣᠷᠣᠨ᠎ᠤ ᠠᠮᠤᠷ ᠲᠦᠪᠰᠢᠨ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠪᠤᠶᠤ ᠪᠤᠰᠤᠳ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠵᠤ ᠪᠣᠯᠬᠤ ᠦᠭᠡᠢ᠃
ᠬᠣᠷᠢᠨ ᠬᠣᠶᠠᠳᠤᠭ᠋ᠠᠷ ᠵᠦᠢ᠍ᠯ᠂ ᠤᠯᠤᠰ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠢᠮᠵᠢᠶᠠᠵᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠨ᠎ᠠ᠃
ᠤᠯᠤᠰ᠎ᠠᠴᠠ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠮᠡᠷᠭᠡᠵᠢᠯ᠎ᠢ ᠠᠰᠢᠭᠯᠠᠨ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ᠎ᠠᠴᠠ ᠥᠨᠳᠥᠷ ᠪᠠᠢ᠌ᠬᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠪᠦᠯᠬᠦᠮ᠎ᠤᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ ᠵᠢ ᠳᠡᠮᠵᠢᠨ᠎ᠡ᠃
ᠬᠣᠷᠢᠨ ᠭᠤᠷᠪᠠᠳᠤᠭ᠋ᠠᠷ ᠵᠦᠢ᠍ᠯ᠂ ᠤᠯᠤᠰ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠤᠯᠠᠨ ᠤᠯᠤᠰ᠎ᠤᠨ ᠪᠠᠷᠢᠮᠵᠢᠶᠠᠵᠢᠭᠤᠯᠬᠤ ᠠᠵᠢᠯᠯᠠᠭ᠎ᠠ᠎ᠳᠤ ᠣᠷᠣᠯᠴᠠᠬᠤ ᠵᠢ ᠲᠥᠯᠬᠢᠨ ᠠᠬᠢᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠤᠯᠠᠨ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠤᠯᠴᠠᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠳᠤᠮᠳᠠᠳᠤ ᠤᠯᠤᠰ᠎ᠤᠨ ᠪᠠᠷᠢᠮᠵᠢᠶ᠎ᠠ ᠪᠣᠯᠤᠨ ᠭᠠᠳᠠᠭ᠋ᠠᠳᠤ ᠵᠢᠨ ᠪᠠᠷᠢᠮᠵᠢᠶ᠎ᠠ ᠵᠢᠨ ᠬᠣᠭᠣᠷᠣᠨᠳᠣᠬᠢ ᠤᠯᠠᠷᠢᠭᠤᠯᠤᠨ ᠬᠡᠷᠡᠭᠯᠡᠬᠦ ᠵᠢ ᠠᠬᠢᠭᠤᠯᠤᠨ᠎ᠠ᠃
ᠤᠯᠤᠰ᠎ᠠᠴᠠ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠪᠠ ᠰᠤᠷᠭ᠋ᠠᠨ ᠬᠥᠮᠦᠵᠢᠯ᠂ ᠡᠷᠳᠡᠮ ᠰᠢᠨᠵᠢᠯᠡᠭᠡᠨ᠎ᠤ ᠪᠠᠶ᠋ᠢᠭᠤᠯᠤᠮᠵᠢ ᠵᠡᠷᠭᠡ ᠵᠢᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠤᠯᠠᠨ ᠤᠯᠤᠰ᠎ᠤᠨ ᠪᠠᠷᠢᠮᠵᠢᠶᠠᠵᠢᠭᠤᠯᠬᠤ ᠠᠵᠢᠯᠯᠠᠭ᠎ᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
ᠬᠣᠷᠢᠨ ᠳᠥᠷᠪᠡᠳᠦᠭᠡᠷ ᠵᠦᠢ᠍ᠯ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠥ ᠨᠢᠭᠡᠴᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠬᠦᠳᠡᠯᠭᠡᠭᠡᠨ ᠦᠷᠨᠢᠭᠦᠯᠬᠦ᠎ᠳᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠯᠪᠠᠳᠠᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ ᠵᠢᠴᠢ ᠲᠤᠰ ᠠᠵᠢᠯ ᠡᠷᠬᠢᠯᠡᠬᠦ ᠨᠢᠭᠡᠴᠢ ᠵᠢᠨ ᠢᠯᠡ ᠪᠣᠯᠭ᠋ᠠᠬᠤ ᠪᠠᠷᠢᠮᠵᠢᠶ᠎ᠠ ᠵᠢᠨ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
ᠤᠯᠤᠰ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ ᠵᠢᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠲᠠᠨᠢᠯᠴᠠᠭᠤᠯᠭ᠎ᠠ ᠵᠢᠨ ᠴᠢᠨᠠᠷᠲᠠᠶ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠬᠡᠷᠡᠭᠯᠡᠬᠦ ᠵᠢ ᠵᠣᠷᠢᠭᠵᠢᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠬᠡᠷᠡᠭᠯᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃
ᠬᠣᠷᠢᠨ ᠲᠠᠪᠤᠳᠤᠭ᠋ᠠᠷ ᠵᠦᠢ᠍ᠯ᠂ ᠤᠯᠤᠰ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠢ᠌ᠴᠠᠭ᠋ᠠᠨ ᠰᠢᠯᠭ᠋ᠠᠵᠤ ᠭᠡᠷᠡᠴᠢᠯᠡᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠪᠠᠢ᠌ᠴᠠᠭ᠋ᠠᠨ ᠰᠢᠯᠭ᠋ᠠᠵᠤ ᠭᠡᠷᠡᠴᠢᠯᠡᠬᠦ ᠮᠡᠷᠭᠡᠵᠢᠯ᠎ᠤᠨ ᠵᠢᠷᠤᠮᠵᠢᠯ᠂ ᠳᠦᠷᠢᠮ᠎ᠢ ᠲᠣᠭᠲᠠᠭ᠋ᠠᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ ᠵᠢᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠪᠠᠶ᠋ᠢᠴᠠᠭ᠋ᠠᠨ ᠰᠢᠯᠭ᠋ᠠᠵᠤ ᠭᠡᠷᠡᠴᠢᠯᠡᠬᠦ ᠵᠢ ᠰᠠᠶ᠋ᠢᠨ ᠳᠤᠷ᠎ᠠ᠎ᠠᠴᠠ᠎ᠪᠠᠨ ᠬᠦᠯᠢᠶᠡᠨ ᠠᠪᠴᠤ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃
ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠶ᠋ᠢᠴᠠᠭ᠋ᠠᠨ ᠰᠢᠯᠭ᠋ᠠᠬᠤ᠂ ᠭᠡᠷᠡᠴᠢᠯᠡᠬᠦ ᠪᠠᠶ᠋ᠢᠭᠤᠯᠤᠮᠵᠢ᠎ᠨᠢ ᠬᠠᠤᠯᠢ ᠶᠣᠰᠣᠭ᠋ᠠᠷ ᠬᠠᠮᠢᠶ᠎ᠠ ᠪᠦᠬᠦᠢ ᠬᠢᠷᠢ ᠬᠡᠮ᠎ᠢ ᠣᠯᠬᠤ ᠵᠢᠨ ᠬᠠᠮᠲᠤ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠣᠯᠤᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠶ᠋ᠢᠴᠠᠭ᠋ᠠᠨ ᠰᠢᠯᠭ᠋ᠠᠵᠤ ᠭᠡᠷᠡᠴᠢᠯᠡᠬᠦ ᠮᠡᠷᠭᠡᠵᠢᠯ᠎ᠤᠨ ᠵᠢᠷᠤᠮᠵᠢᠯ᠂ ᠳᠦᠷᠢᠮ ᠶᠣᠰᠣᠭ᠋ᠠᠷ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠶ᠋ᠢᠴᠠᠭ᠋ᠠᠨ ᠰᠢᠯᠭ᠋ᠠᠵᠤ ᠭᠡᠷᠡᠴᠢᠯᠡᠬᠦ ᠵᠢ ᠦᠷᠨᠢᠭᠦᠯᠦᠨ᠎ᠡ᠃
ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠶ᠋ᠢᠴᠠᠭ᠋ᠠᠨ ᠰᠢᠯᠭ᠋ᠠᠬᠤ᠂ ᠬᠡᠷᠡᠴᠢᠯᠡᠬᠦ ᠪᠠᠢ᠌ᠭᠤᠯᠤᠮᠵᠢ᠎ᠨᠢ ᠲᠡᠭᠦᠨ᠎ᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠢ᠌ᠴᠠᠭ᠋ᠠᠨ ᠰᠢᠯᠭ᠋ᠠᠵᠤ ᠬᠡᠷᠡᠴᠢᠯᠡᠬᠦ ᠲᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ ᠪᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠵᠢ ᠬᠠᠮᠠᠭ᠋ᠠᠯᠠᠬᠤ ᠡᠭᠦᠷᠭᠡ ᠡᠭᠦᠷᠭᠡᠯᠡᠬᠦ ᠬᠡᠷᠡᠭᠲᠡᠶ᠃
ᠬᠣᠷᠢᠨ ᠵᠢᠷᠭᠤᠳᠤᠭ᠋ᠠᠷ ᠵᠦᠢ᠍ᠯ᠂ ᠤᠯᠤᠰ᠎ᠤᠨ ᠠᠮᠤᠷ ᠲᠦᠪᠰᠢᠨ᠂ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠂ ᠨᠡᠢ᠌ᠭᠡᠮ ᠨᠡᠶ᠋ᠢᠲᠡ ᠵᠢᠨ ᠠᠰᠢᠭ ᠲᠤᠰᠠ᠎ᠳᠤ ᠬᠣᠯᠪᠣᠭᠳᠠᠬᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠦᠢ᠍ᠯᠡᠳᠬᠦᠨ᠎ᠢ ᠬᠠᠤᠯᠢ ᠶᠣᠰᠤᠭ᠋ᠠᠷ ᠰᠦᠯᠵᠢᠶᠡᠨ᠎ᠤ ᠵᠠᠩᠭᠢᠯᠠᠭ᠎ᠠ ᠵᠢᠨ ᠲᠥᠬᠥᠭᠡᠷᠦᠮᠵᠢ ᠪᠣᠯᠤᠨ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠬᠡᠷᠡᠭᠯᠡᠬᠦ ᠦᠢ᠍ᠯᠡᠳᠬᠦᠨ᠎ᠤ ᠭᠠᠷᠴᠠᠭ᠎ᠲᠤ ᠵᠢᠭᠰᠠᠭ᠋ᠠᠨ ᠣᠷᠣᠭᠤᠯᠵᠤ᠂ ᠬᠢᠷᠢ ᠬᠡᠮ ᠪᠦᠬᠦᠢ ᠪᠠᠶ᠋ᠢᠭᠤᠯᠤᠮᠵᠢ᠎ᠠᠴᠠ ᠪᠠᠢ᠌ᠴᠠᠭ᠋ᠠᠨ ᠰᠢᠯᠭ᠋ᠠᠵᠤ ᠭᠡᠷᠡᠴᠢᠯᠡᠭᠡᠳ ᠬᠢᠷᠢ ᠲᠡᠩᠴᠡᠭᠰᠡᠨ᠎ᠤ ᠳᠠᠷᠠᠭ᠎ᠠ ᠰᠠᠶᠢ ᠪᠣᠷᠣᠯᠠᠭᠤᠯᠬᠤ ᠪᠤᠶᠤ ᠬᠠᠩᠭ᠋ᠠᠵᠤ ᠪᠣᠯᠤᠨ᠎ᠠ᠃ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠦᠢ᠍ᠯᠡᠳᠬᠦᠨ᠎ᠢ ᠪᠠᠶ᠋ᠢᠴᠠᠭ᠋ᠠᠨ ᠰᠢᠯᠭ᠋ᠠᠵᠤ ᠭᠡᠷᠡᠴᠢᠯᠡᠬᠦ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠢᠨ ᠬᠣᠯᠪᠤᠭᠳᠠᠯ ᠪᠦᠬᠦᠢ ᠲᠣᠭᠲᠠᠭ᠋ᠠᠯ᠎ᠢ ᠬᠡᠷᠡᠭᠯᠡᠵᠦ᠂ ᠳᠠᠪᠬᠤᠷᠳᠠᠭᠤᠯᠤᠨ ᠪᠠᠢ᠌ᠴᠠᠭ᠋ᠠᠨ ᠰᠢᠯᠭ᠋ᠠᠵᠤ ᠭᠡᠷᠡᠴᠢᠯᠡᠬᠦ᠎ᠠᠴᠠ ᠵᠠᠶ᠋ᠢᠯᠠᠰᠬᠢᠨ᠎ᠡ᠃
ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠦᠢ᠍ᠯᠡᠴᠢᠯᠡᠭᠡᠨ᠎ᠢ ᠰᠦᠯᠵᠢᠶᠡᠨ᠎ᠤ ᠵᠠᠩᠭᠢᠯᠠᠭ᠎ᠠ ᠵᠢᠨ ᠲᠦᠬᠦᠭᠡᠷᠦᠮᠵᠢ ᠪᠠ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠬᠡᠷᠡᠭᠯᠡᠬᠦ ᠦᠢ᠍ᠯᠡᠳᠬᠦᠨ᠎ᠢ ᠬᠡᠷᠡᠭᠯᠡᠬᠦ᠎ᠳᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠭᠡᠷᠡᠴᠢᠯᠡᠬᠦ ᠪᠠᠶ᠋ᠢᠭᠤᠯᠤᠮᠵᠢ᠎ᠠᠴᠠ ᠲᠤᠰ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠦᠢ᠍ᠯᠡᠴᠢᠯᠡᠭᠡ ᠵᠢ ᠭᠡᠷᠡᠴᠢᠯᠡᠭᠡᠳ ᠬᠢᠷᠢ ᠲᠡᠩᠴᠡᠭᠰᠡᠨ ᠪᠠᠶ᠋ᠢᠬᠤ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠤᠯᠤᠰ᠎ᠤᠨ ᠬᠣᠯᠪᠤᠭᠳᠠᠯ ᠪᠥᠬᠥᠢ ᠲᠣᠭᠲᠠᠭ᠋ᠠᠯ᠎ᠳᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ ᠵᠶ᠋ᠠᠷ ᠬᠠᠮᠠᠭ᠋ᠠᠯᠠᠬᠤ ᠵᠢ ᠱᠠᠭ᠋ᠠᠷᠳᠠᠭᠰᠠᠨ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠦᠬᠦᠭᠡᠷᠦᠮᠵᠢ ᠵᠢ᠂ ᠲᠡᠭᠦᠨ᠎ᠤ ᠡᠵᠡᠩᠨᠡᠭᠴᠢ᠎ᠨᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ ᠵᠶ᠋ᠠᠷ ᠬᠠᠮᠠᠭ᠋ᠠᠯᠠᠵᠤ᠂ ᠥᠪᠡᠰᠦᠪᠡᠨ ᠪᠣᠶᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠳᠡᠮᠳᠡᠭ᠎ᠢ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ᠎ᠳᠤ ᠨᠠᠶ᠋ᠢᠳᠠᠵᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠳᠡᠮᠳᠡᠭ᠎ᠢ ᠬᠡᠷᠡᠭᠯᠡᠭᠡᠨ᠎ᠤ ᠠᠮᠤᠷ ᠲᠥᠪᠰᠢᠨ ᠴᠢᠨᠠᠷ᠎ᠤᠨ ᠦᠨᠡᠯᠡᠯᠲᠡ ᠬᠢᠯᠭᠡᠬᠦ ᠬᠡᠷᠡᠭᠲᠡᠶ᠃ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠬᠡᠷᠡᠭᠯᠡᠭᠡᠨ᠎ᠤ ᠠᠮᠤᠷ ᠲᠦᠪᠰᠢᠨ ᠴᠢᠨᠠᠷ᠎ᠢ ᠦᠨᠡᠯᠡᠬᠦ ᠵᠢ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠥᠭᠡᠷᠦᠮᠵᠢ ᠵᠢᠨ ᠠᠮᠤᠷ ᠲᠦᠪᠰᠢᠨ᠎ᠢ ᠪᠠᠢ᠌ᠴᠠᠭ᠋ᠠᠨ ᠰᠢᠯᠭ᠋ᠠᠵᠤ ᠦᠨᠡᠯᠡᠬᠦ᠂ ᠰᠦᠯᠵᠢᠶᠡᠨ᠎ᠤ ᠠᠮᠤᠷ ᠲᠦᠪᠰᠢᠨ᠎ᠤ ᠵᠡᠷᠭᠡ ᠳᠡᠰ᠎ᠢ ᠬᠡᠮᠵᠢᠨ ᠲᠣᠭᠲᠠᠭ᠋ᠠᠬᠤ ᠳᠦᠷᠢᠮ᠎ᠲᠠᠢ ᠬᠠᠷᠢᠯᠴᠠᠨ ᠵᠣᠯᠭ᠋ᠠᠭᠤᠯᠵᠤ᠂ ᠳᠠᠪᠬᠤᠷᠳᠠᠭᠤᠯᠤᠨ ᠦᠨᠡᠯᠡᠬᠦ᠂ ᠬᠡᠮᠵᠢᠨ ᠲᠣᠭᠲᠠᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠶ᠃
ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠥᠭᠡᠷᠦᠮᠵᠢ ᠵᠢᠨ ᠡᠵᠡᠩᠨᠡᠭᠴᠢ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠲᠠᠢ ᠬᠣᠯᠪᠤᠭᠳᠠᠭᠰᠠᠨ ᠰᠦᠯᠵᠢᠶᠡᠨ᠎ᠤ ᠪᠦᠲᠦᠭᠡᠭᠳᠡᠬᠦᠨ ᠪᠣᠯᠤᠨ ᠦᠢ᠍ᠯᠡᠴᠢᠯᠡᠭᠡ ᠵᠢ ᠬᠤᠳᠠᠯᠳᠤᠨ ᠠᠪᠬᠤ᠎ᠳᠤ᠂ ᠤᠯᠤᠰ ᠣᠷᠣᠨ᠎ᠤ ᠠᠮᠤᠷ ᠲᠦᠪᠰᠢᠨ᠎ᠢ ᠨᠥᠯᠥᠭᠡᠯᠡᠵᠦ ᠮᠡᠳᠡᠪᠡᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠤᠯᠤᠰ᠎ᠤᠨ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠠᠴᠠ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠤᠭᠢᠶᠠᠨ ᠪᠠᠶ᠋ᠢᠭᠤᠯᠤᠭᠰᠠᠨ ᠤᠯᠤᠰ᠎ᠤᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ᠎ᠪᠠᠷ ᠳᠠᠮᠵᠢᠬᠤ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠦᠢ᠍ᠯ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠤᠭ᠋ᠠᠷ ᠤᠯᠤᠰ᠎ᠤᠨ ᠠᠮᠤᠷ ᠲᠦᠪᠰᠢᠨ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ᠎ᠳᠤ ᠬᠣᠯᠪᠣᠭᠳᠠᠬᠤ ᠮᠥᠷᠲᠡᠭᠡᠨ ᠨᠢᠭᠤᠴᠠᠯᠠᠨ ᠬᠠᠮᠠᠭ᠋ᠠᠯᠠᠬᠤ ᠴᠢᠳᠠᠮᠵᠢ᠎ᠲᠠᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠲᠤ ᠭᠠᠳᠠᠭ᠋ᠠᠳᠤ᠎ᠠᠴᠠ ᠣᠷᠣᠭᠤᠯᠬᠤ ᠵᠥᠪᠰᠢᠶᠡᠷᠡᠯ᠎ᠢ ᠬᠡᠷᠡᠭᠵᠢᠭᠦᠯᠦᠨ᠂ ᠤᠯᠤᠰ᠎ᠤᠨ ᠠᠮᠤᠷ ᠲᠦᠪᠰᠢᠨ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ᠎ᠳᠤ ᠬᠣᠯᠪᠣᠭᠳᠠᠬᠤ ᠪᠤᠶᠤ ᠳᠤᠮᠳᠠᠳᠤ ᠤᠯᠤᠰ᠎ᠠᠴᠠ ᠣᠯᠠᠨ ᠤᠯᠤᠰ᠎ᠤᠨ ᠡᠭᠦᠷᠭᠡ ᠵᠢ ᠡᠭᠦᠷᠭᠡᠯᠡᠵᠦ ᠪᠠᠶ᠋ᠢᠭ᠎ᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠲᠤ ᠭᠠᠳᠠᠭ᠋ᠠᠳᠤ ᠭᠠᠷᠭ᠋ᠠᠯᠲᠠ ᠵᠢᠨ ᠵᠠᠬᠢᠷᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠭᠠᠳᠠᠭ᠋ᠠᠳᠤ᠎ᠠᠴᠠ ᠣᠷᠣᠭᠤᠯᠬᠤ ᠵᠥᠪᠰᠢᠶᠡᠷᠡᠯ᠎ᠤᠨ ᠨᠠᠷᠢᠨ ᠬᠠᠭᠤᠳᠠᠰᠤ ᠪᠠ ᠭᠠᠳᠠᠭ᠋ᠠᠳᠤ ᠭᠠᠷᠭ᠋ᠠᠯᠲᠠ ᠵᠢᠨ ᠵᠠᠬᠢᠷᠤᠨ ᠬᠠᠮᠢᠶᠠᠷᠤᠯᠲᠠ ᠵᠢᠨ ᠨᠠᠷᠢᠨ ᠬᠠᠭᠤᠳᠠᠰᠤ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠪᠣᠭᠣᠮᠲᠠ ᠵᠢᠨ ᠶᠡᠷᠦᠩᠬᠡᠶ ᠵᠠᠬᠢᠷᠭ᠎ᠠ᠎ᠲᠠᠢ ᠬᠠᠮᠲᠤᠷᠠᠨ ᠲᠣᠭᠲᠠᠭ᠋ᠠᠵᠤ ᠨᠡᠶ᠋ᠢᠲᠡᠯᠡᠨ᠎ᠡ᠃
ᠤᠯᠡᠠ ᠨᠡᠶ᠋ᠢᠲᠡ ᠵᠢᠨ ᠬᠡᠷᠡᠭᠯᠡᠭᠡᠨ᠎ᠤ ᠲᠤᠢ᠍ᠷᠦᠯ᠎ᠤᠨ ᠦᠢ᠍ᠯᠡᠳᠬᠦᠨ᠎ᠳᠤ ᠬᠡᠷᠡᠭᠯᠡᠬᠦ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠲᠤ ᠭᠠᠳᠠᠭ᠋ᠠᠳᠤ᠎ᠠᠴᠠ ᠣᠷᠣᠭᠤᠯᠬᠤ ᠵᠢ ᠵᠥᠪᠰᠢᠶᠡᠷᠡᠬᠦ ᠪᠠ ᠭᠠᠳᠠᠭ᠋ᠠᠳᠤ ᠭᠠᠷᠭ᠋ᠠᠯᠲᠠ ᠵᠢᠨ ᠵᠠᠬᠢᠷᠤᠨ ᠬᠠᠮᠢᠶᠠᠷᠤᠯᠲᠠ ᠵᠢᠨ ᠲᠤᠢ᠍ᠷᠢᠮ᠎ᠢ ᠬᠡᠷᠡᠭᠵᠢᠭᠦᠯᠬᠦ ᠤᠢ᠍ᠭᠡᠢ᠃
ᠬᠣᠷᠢ ᠶᠢᠰᠦᠳᠦᠭᠡᠷ ᠵᠦᠢ᠍ᠯ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠮᠡᠷᠭᠡᠵᠢᠯ᠎ᠢ ᠬᠡᠷᠡᠭᠯᠡᠨ ᠡᠯᠧᠺᠲᠷᠣᠨ ᠵᠠᠰᠠᠭ᠎ᠤᠨ ᠶᠠᠪᠤᠳᠠᠯ᠎ᠢ ᠡᠯᠧᠺᠲᠷᠣᠨ ᠭᠡᠷᠡᠴᠢᠯᠡᠭᠡ ᠵᠢᠨ ᠦᠢ᠍ᠯᠡᠴᠢᠯᠡᠭᠡ ᠬᠢᠬᠦ ᠪᠠᠶ᠋ᠢᠭᠤᠯᠤᠮᠵᠢ᠎ᠳᠤ ᠮᠠᠭ᠋ᠠᠳᠯᠠᠨ ᠲᠣᠭᠲᠠᠭ᠋ᠠᠯᠲᠠ ᠬᠢᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠠᠰᠠᠭ᠎ᠤᠨ ᠶᠠᠪᠤᠳᠠᠯ᠎ᠤᠨ ᠠᠵᠢᠯᠯᠠᠭ᠎ᠠ ᠳᠤᠮᠳᠠ ᠡᠯᠧᠺᠲᠷᠣᠨ ᠭᠠᠷᠤᠨ ᠦᠰᠦᠭ᠂ ᠳ᠋ᠠᠶ᠋ᠢᠲ᠋ᠠ ᠡᠯᠧᠺᠲᠷᠣᠨ ᠪᠢᠴᠢᠭ᠎ᠢ ᠬᠡᠷᠡᠭᠯᠡᠬᠦ ᠬᠠᠮᠢᠶᠠᠷᠤᠯᠲᠠ ᠵᠢ ᠬᠠᠷᠢᠭᠤᠴᠠᠨ᠎ᠠ᠃
ᠭᠤᠴᠢᠳᠤᠭ᠋ᠠᠷ ᠵᠦᠢ᠍ᠯ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠬᠦᠷᠢᠶ᠎ᠡ ᠬᠡᠪᠴᠢᠶᠡᠨ᠎ᠳᠠᠬᠢ ᠠᠵᠢᠯ ᠲᠥᠷᠥᠯ᠎ᠤᠨ ᠨᠡᠶ᠋ᠢᠭᠡᠮᠯᠢᠭ ᠵᠡᠷᠭᠡ ᠵᠣᠬᠢᠶᠠᠨ ᠪᠠᠶ᠋ᠢᠭᠤᠯᠤᠯᠲᠠ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠵᠢᠴᠢ ᠲᠡᠭᠦᠨ᠎ᠤ ᠲᠥᠷᠢᠮ᠎ᠤᠨ ᠲᠣᠭᠲᠠᠭ᠋ᠠᠯ ᠶᠣᠰᠣᠭ᠋ᠠᠷ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ᠎ᠳᠤ ᠮᠡᠳᠡᠭᠡ ᠵᠠᠩᠭᠢ᠂ ᠮᠡᠷᠭᠡᠵᠢᠯ᠂ ᠪᠣᠯᠪᠠᠰᠤᠷᠠᠯ ᠵᠡᠷᠭᠡ ᠦᠢ᠍ᠯᠡᠴᠢᠯᠡᠭᠡ ᠬᠠᠩᠭ᠋ᠠᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ ᠵᠢ ᠬᠥᠲᠥᠯᠥᠨ ᠵᠢᠯᠣᠭᠣᠳᠬᠤ ᠪᠠ ᠰᠢᠮᠳᠠᠭᠤᠯᠵᠤ ᠪᠠᠶ᠋ᠢᠭ᠋ᠠᠳ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯᠯᠠᠭ᠎ᠠ ᠥᠷᠨᠢᠭᠦᠯᠵᠦ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠵᠤ᠂ ᠠᠵᠢᠯ ᠲᠥᠷᠥᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠠᠵᠢᠯ ᠲᠥᠷᠥᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃
ᠭᠤᠴᠢᠨ ᠨᠢᠭᠡᠳᠦᠭᠡᠷ ᠵᠦᠢ᠍ᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠬᠣᠯᠪᠣᠭᠳᠠᠯ ᠪᠥᠬᠥᠢ ᠰᠠᠯᠠᠭ᠎ᠠ ᠮᠥᠴᠢᠷ᠎ᠠᠴᠠ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ ᠪᠣᠯᠤᠨ ᠲᠠᠰᠢᠷᠠᠮ ᠵᠶ᠋ᠠᠷ ᠰᠤᠭᠤᠴᠢᠨ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠤᠭᠰᠠᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ᠎ᠤᠨ ᠳᠤᠮᠳᠠᠬᠢ ᠪᠠ ᠠᠵᠢᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠲᠥᠷᠢᠮ᠎ᠢ ᠪᠠᠢ᠌ᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠬᠢᠨᠠᠨ ᠬᠠᠮᠢᠶᠠᠷᠬᠤ ᠨᠢᠭᠡᠳᠦᠯᠲᠡᠶ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠵᠤ᠂ ᠠᠵᠢᠯ᠎ᠤᠨ ᠳᠤᠮᠳᠠᠬᠢ ᠪᠠ ᠠᠵᠢᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠯᠦᠭᠡ ᠬᠠᠷᠢᠯᠴᠠᠨ ᠵᠣᠯᠭ᠋ᠠᠭᠤᠯᠬᠤ ᠵᠢ ᠠᠬᠢᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ ᠵᠢᠨ ᠥᠪᠡᠷ᠎ᠢ᠎ᠪᠠᠨ ᠱᠠᠭ᠋ᠠᠷᠳᠠᠬᠤ ᠪᠠ ᠨᠡᠶ᠋ᠢᠭᠡᠮ᠎ᠤᠨ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠨ᠎ᠠ᠃
ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠳ᠎ᠨᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠠᠵᠢᠯ ᠡᠷᠬᠢᠯᠡᠬᠦ ᠨᠢᠭᠡᠴᠢ ᠪᠣᠯᠤᠨ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠪᠠᠢ᠌ᠴᠠᠭ᠋ᠠᠨ ᠰᠢᠯᠭ᠋ᠠᠵᠤ ᠭᠡᠷᠡᠴᠢᠯᠡᠬᠦ ᠪᠠᠶ᠋ᠢᠭᠤᠯᠤᠮᠵᠢ ᠵᠢ ᠱᠠᠭ᠋ᠠᠷᠳᠠᠵᠤ ᠪᠠᠶ᠋ᠢᠭ᠋ᠠᠳ ᠡᠬᠢ ᠺᠣᠳ᠋ ᠵᠡᠷᠭᠡ ᠨᠢᠭᠤᠴᠠ ᠲᠡᠮᠳᠡᠭ᠎ᠤᠨ ᠬᠠᠮᠢᠶ᠎ᠠ ᠪᠦᠬᠦᠢ ᠲᠤᠰᠬᠠᠶ ᠮᠡᠳᠡᠭᠡ ᠵᠠᠩᠭᠢ ᠵᠢ ᠵᠠᠳᠠᠷᠠᠭᠤᠯᠵᠤ ᠪᠣᠯᠬᠤ ᠦᠭᠡᠢ᠂ ᠲᠡᠷᠡᠴᠢᠯᠡᠨ ᠲᠡᠭᠦᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠤᠮᠳᠠ ᠣᠯᠵᠤ ᠮᠡᠳᠡᠭᠰᠡᠨ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ ᠵᠢ ᠴᠢᠩᠭ᠎ᠠ ᠬᠠᠮᠠᠭ᠋ᠠᠯᠠᠵᠤ᠂ ᠪᠤᠰᠤᠳ ᠬᠥᠮᠦᠨ᠎ᠳᠤ ᠵᠠᠳᠠᠷᠠᠭᠤᠯᠬᠤ ᠪᠤᠶᠤ ᠬᠠᠤᠯᠢ ᠪᠤᠰᠤ᠎ᠪᠠᠷ ᠬᠠᠩᠭ᠋ᠠᠵᠤ ᠪᠣᠯᠬᠤ ᠦᠭᠡᠢ᠃
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠬᠣᠶᠠᠳᠤᠭ᠋ᠠᠷ ᠵᠦᠢ᠍ᠯ᠂ ᠲᠤᠰ ᠬᠠᠤᠯᠢ ᠵᠢᠨ ᠠᠷᠪᠠᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠪᠤᠰᠤᠳ᠎ᠤᠨ ᠨᠢᠭᠤᠴᠠᠯᠠᠨ ᠬᠠᠮᠠᠭ᠋ᠠᠯᠠᠬᠤ ᠮᠡᠳᠡᠭᠡ ᠵᠠᠩᠭᠢ ᠵᠢ ᠬᠤᠯᠠᠭ᠋ᠠᠶ᠋ᠢᠯᠠᠨ ᠠᠪᠴᠤ᠂ ᠬᠠᠤᠯᠢ ᠪᠤᠰᠤ᠎ᠪᠠᠷ ᠪᠣᠰᠤᠳ ᠬᠥᠮᠦᠨ᠎ᠤ ᠨᠢᠭᠤᠴᠠ ᠲᠡᠮᠳᠡᠭ᠎ᠢ ᠪᠠᠲᠤᠯᠠᠬᠤ ᠰᠢᠰᠲ᠋ᠧᠮ᠎ᠳᠤ ᠲᠦᠷᠢᠨ ᠣᠷᠣᠵᠤ᠂ ᠡᠰᠡᠬᠦᠯ᠎ᠡ ᠨᠢᠭᠤᠴᠠ ᠲᠡᠮᠳᠡᠭ᠎ᠢ ᠠᠰᠢᠭᠯᠠ ᠤᠯᠤᠰ ᠣᠷᠣᠨ᠎ᠤ ᠠᠮᠤᠷ ᠲᠦᠪᠰᠢᠨ᠂ ᠨᠡᠶ᠋ᠢᠭᠡᠮ ᠨᠡᠢ᠍ᠢ᠍ᠲᠡ ᠵᠢᠨ ᠠᠰᠢᠭ ᠲᠤᠰᠠ᠂ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠣᠬᠢᠷᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠪᠣᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠪᠣᠯᠤᠨ ᠪᠤᠰᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠨ ᠭᠤᠷᠪᠠᠳᠤᠭ᠋ᠠᠷ ᠵᠦᠢ᠍ᠯ᠂ ᠲᠤᠰ ᠬᠠᠤᠯᠢ ᠵᠢᠨ ᠠᠷᠪᠠᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠢ ᠵᠦᠷᠢᠴᠡᠵᠦ᠂ ᠱᠠᠭ᠋ᠠᠷᠳᠠᠯᠭ᠎ᠠ ᠶᠣᠰᠣᠭ᠋ᠠᠷ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠢ ᠬᠡᠷᠡᠭᠯᠡᠭᠰᠡᠨ ᠦᠭᠡᠢ ᠪᠠᠢ᠌ᠪᠠᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠪᠤᠶᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠤᠭ᠋ᠠᠵᠤ᠂ ᠰᠡᠷᠡᠮᠵᠢ ᠥᠭᠭᠦᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠤᠭᠳᠠᠯ ᠪᠦᠬᠦᠢ ᠲᠦᠷᠦ ᠵᠢᠨ ᠪᠠᠶ᠋ᠢᠭᠤᠯᠭ᠎ᠠ᠂ ᠨᠢᠭᠡᠴᠢ᠎ᠳᠤ ᠰᠠᠨᠠᠭᠤᠯᠭ᠎ᠠ ᠭᠠᠷᠭ᠋ᠠᠵᠤ᠂ ᠰᠢᠭᠤᠳ ᠬᠠᠷᠢᠭᠤᠴᠠᠵᠤ ᠪᠠᠶ᠋ᠢᠭ᠎ᠠ ᠭᠣᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠬᠦ ᠪᠤᠶᠤ ᠰᠢᠢ᠍ᠳᠪᠦᠷᠢᠯᠡᠨ᠎ᠡ᠃
ᠭᠤᠴᠢᠨ ᠳᠥᠷᠪᠡᠳᠦᠭᠡᠷ ᠵᠦᠢ᠍ᠯ᠂ ᠲᠤᠰ ᠬᠠᠤᠯᠢ ᠵᠢᠨ ᠲᠣᠭᠲᠠᠭ᠋ᠠᠯ᠎ᠢ ᠵᠦᠷᠢᠴᠡᠵᠦ᠂ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠨᠢᠭᠤᠴᠠ ᠵᠢ ᠵᠠᠳᠠᠷᠠᠭᠤᠯᠤᠭᠰᠠᠨ ᠬᠡᠷᠡᠭ ᠭᠠᠷᠤᠭᠰᠠᠨ ᠪᠣᠯ᠂ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠦᠷᠦ ᠵᠢᠨ ᠪᠠᠶ᠋ᠢᠭᠤᠯᠭ᠎ᠠ᠂ ᠨᠢᠭᠡᠴᠢ᠎ᠳᠤ ᠰᠠᠨᠠᠭᠤᠯᠭ᠎ᠠ ᠭᠠᠷᠭ᠋ᠠᠵᠤ᠂ ᠰᠢᠭᠤᠳ ᠬᠠᠷᠢᠭᠤᠴᠠᠵᠤ ᠪᠠᠶ᠋ᠢᠭ᠎ᠠ ᠭᠣᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠬᠦ ᠪᠤᠶᠤ ᠰᠢᠢ᠍ᠳᠪᠦᠷᠢᠯᠡᠨ᠎ᠡ᠃
ᠲᠤᠰ ᠬᠠᠤᠯᠢ ᠵᠢᠨ ᠠᠷᠪᠠᠨ ᠳᠣᠯᠣᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠤᠨ ᠲᠣᠭᠲᠠᠭ᠋ᠠᠯ᠎ᠢ ᠵᠥᠷᠢᠴᠡᠵᠦ᠂ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠨᠢᠭᠤᠴᠠ ᠵᠢ ᠵᠠᠳᠠᠷᠠᠭᠤᠯᠬᠤ ᠪᠤᠶᠤ ᠭᠣᠤᠯ ᠨᠢᠭᠤᠴᠠ ᠲᠡᠮᠳᠡᠭ᠂ ᠡᠩ᠎ᠤᠨ ᠨᠢᠭᠤᠴᠠ ᠲᠡᠮᠳᠡᠭ᠎ᠤᠨ ᠠᠮᠤᠷ ᠲᠦᠪᠰᠢᠨ᠎ᠢ ᠨᠥᠯᠥᠭᠡᠯᠡᠬᠦ ᠴᠢᠬᠤᠯᠠ ᠶᠡᠬᠡ ᠠᠰᠠᠭᠤᠳᠠᠯ᠂ ᠲᠦᠭᠰᠢᠭᠦᠷᠢ ᠵᠢᠨ ᠳᠠᠯᠳᠠ ᠬᠡᠮ᠎ᠢ ᠣᠯᠵᠤ ᠮᠡᠳᠡᠭᠡᠳ᠂ ᠲᠡᠷᠡ ᠳᠠᠷᠤᠶᠳᠤᠨᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠴᠠᠭ ᠲᠤᠬᠠᠶ᠎ᠳᠤᠨᠢ ᠮᠡᠳᠡᠭᠦᠯᠦᠭᠰᠡᠨ ᠦᠭᠡᠢ ᠪᠠᠶ᠋ᠢᠪᠠᠯ᠂ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠦᠷᠦ ᠵᠢᠨ ᠪᠠᠶ᠋ᠢᠭᠤᠯᠭ᠎ᠠ᠂ ᠨᠢᠭᠡᠴᠢ᠎ᠳᠤ ᠰᠠᠨᠠᠭᠤᠯᠭ᠎ᠠ ᠭᠠᠷᠭ᠋ᠠᠵᠤ᠂ ᠰᠢᠭᠤᠳ ᠬᠠᠷᠢᠭᠤᠴᠠᠵᠤ ᠪᠠᠶ᠋ᠢᠭ᠎ᠠ ᠭᠣᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠬᠦ ᠪᠤᠶᠤ ᠰᠢᠢ᠍ᠳᠪᠦᠷᠢᠯᠡᠨ᠎ᠡ᠃
ᠭᠤᠴᠢᠨ ᠲᠠᠪᠤᠳᠤᠭ᠋ᠠᠷ ᠵᠦᠢ᠍ᠯ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠶ᠋ᠢᠴᠠᠭ᠋ᠠᠨ ᠰᠢᠯᠭ᠋ᠠᠬᠤ᠂ ᠭᠡᠷᠡᠴᠢᠯᠡᠬᠦ ᠪᠠᠶ᠋ᠢᠭᠤᠯᠤᠮᠵᠢ᠎ᠨᠢ ᠲᠤᠰ ᠬᠠᠤᠯᠢ ᠵᠢᠨ ᠬᠣᠷᠢᠨ ᠲᠠᠪᠤᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠎ᠤᠨ ᠲᠣᠭᠲᠠᠭ᠋ᠠᠯ᠎ᠢ ᠵᠦᠷᠢᠴᠡᠵᠦ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠪᠠᠢ᠌ᠴᠠᠭ᠋ᠠᠨ ᠰᠢᠯᠭ᠋ᠠᠵᠤ ᠭᠡᠷᠡᠴᠢᠯᠡᠬᠦ ᠠᠵᠢᠯ ᠥᠷᠨᠢᠭᠦᠯᠦᠭᠰᠡᠨ ᠪᠣᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠪᠤᠶᠤ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠨ᠂ ᠰᠡᠷᠡᠮᠵᠢ ᠥᠭᠴᠦ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ ᠭᠤᠴᠢᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠭᠤᠷᠪᠠᠨ ᠲᠠᠬᠢᠨ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ ᠭᠤᠴᠢᠨ ᠲᠦᠮᠡᠨ ᠲᠥᠭᠥᠷᠢᠭ᠎ᠲᠤ ᠬᠦᠷᠬᠦ ᠦᠭᠡᠢ ᠪᠠᠶ᠋ᠢᠪᠠᠯ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠭᠤᠴᠢᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ; ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠣᠯ ᠬᠠᠮᠢᠶ᠎ᠠ ᠪᠦᠬᠦᠢ ᠬᠢᠷᠢ ᠬᠡᠮ᠎ᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ᠎ᠠ᠃
ᠭᠤᠴᠢᠨ ᠵᠢᠷᠭᠤᠳᠤᠭ᠋ᠠᠷ ᠵᠦᠢ᠍ᠯ᠂ ᠲᠤᠰ ᠬᠠᠤᠯᠢ ᠵᠢᠨ ᠬᠣᠷᠢᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠦᠷᠢᠴᠡᠵᠦ᠂ ᠪᠠᠢ᠌ᠴᠠᠭ᠋ᠠᠨ ᠰᠢᠯᠭ᠋ᠠᠵᠤ ᠭᠡᠷᠡᠴᠢᠯᠡᠭᠰᠡᠨ ᠦᠭᠡᠢ ᠪᠤᠶᠤ ᠪᠠᠢ᠌ᠴᠠᠭ᠋ᠠᠨ ᠰᠢᠯᠭ᠋ᠠᠵᠤ ᠭᠡᠷᠡᠴᠢᠯᠡᠭᠡᠳ ᠬᠢᠷᠢ ᠲᠡᠩᠴᠡᠭᠰᠡᠨ ᠦᠭᠡᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠦᠢ᠍ᠯᠡᠳᠬᠦᠨ᠎ᠢ ᠪᠣᠷᠤᠯᠠᠭᠤᠯᠬᠤ ᠪᠤᠶᠤ ᠬᠠᠩᠭ᠋ᠠᠬᠤ᠂ ᠡᠰᠡᠬᠦᠯ᠎ᠡ ᠬᠡᠷᠡᠴᠢᠯᠡᠭᠡ ᠬᠢᠭᠰᠡᠨ ᠦᠭᠡᠢ ᠪᠣᠶᠤ ᠭᠡᠷᠡᠴᠢᠯᠡᠭᠰᠡᠨ᠎ᠨᠢ ᠬᠢᠷᠢ ᠲᠡᠩᠴᠡᠭᠰᠡᠨ ᠦᠭᠡᠢ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠤᠨ ᠦᠢ᠍ᠯᠡᠴᠢᠯᠡᠭᠡ ᠬᠠᠩᠭ᠋ᠠᠪᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠪᠤᠶᠤ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠨ᠂ ᠰᠡᠷᠡᠮᠵᠢ ᠥᠭᠴᠦ᠂ ᠬᠠᠤᠯᠢ᠎ᠠᠴᠠ ᠵᠥᠷᠢᠴᠡᠭᠰᠡᠨ ᠦᠢ᠍ᠯᠡᠳᠬᠦᠨ ᠪᠠ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠭᠤᠷᠪᠠᠨ ᠲᠠᠬᠢᠨ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ ᠠᠷᠪᠠᠨ ᠲᠦᠮᠡᠨ ᠲᠥᠭᠥᠷᠢᠭ᠎ᠲᠤ ᠬᠦᠷᠬᠦ ᠦᠭᠡᠢ ᠪᠠᠶ᠋ᠢᠪᠠᠯ᠂ ᠭᠤᠷᠪᠠᠨ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ᠃
ᠭᠤᠴᠢᠨ ᠳᠣᠯᠣᠳᠤᠭ᠋ᠠᠷ ᠵᠦᠢ᠍ᠯ᠂ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠦᠬᠦᠭᠡᠷᠦᠮᠵᠢ ᠵᠢᠨ ᠡᠵᠡᠩᠨᠡᠭᠴᠢ᠎ᠠᠴᠠ ᠲᠤᠰ ᠬᠠᠤᠯᠢ ᠵᠢᠨ ᠬᠣᠷᠢᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠢ ᠵᠥᠷᠢᠴᠡᠵᠦ᠂ ᠱᠠᠭ᠋ᠠᠷᠳᠠᠯᠭ᠎ᠠ ᠶᠣᠰᠣᠭ᠋ᠠᠷ ᠬᠤᠳᠠᠯᠳᠤᠭ᠋ᠠᠨ᠎ᠤ ᠨᠢᠭᠤᠴᠠ ᠲᠡᠮᠳᠡᠭ᠎ᠢ ᠬᠡᠷᠡᠭᠯᠡᠭᠰᠡᠨ ᠦᠭᠡᠢ᠂ ᠡᠰᠡᠬᠦᠯ᠎ᠡ ᠱᠠᠭ᠋ᠠᠷᠳᠠᠯᠭ᠎ᠠ ᠶᠣᠰᠣᠭ᠋ᠠᠷ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠲᠤ ᠠᠮᠤᠷ ᠲᠦᠪᠰᠢᠨ ᠴᠢᠨᠠᠷ᠎ᠤᠨ ᠦᠨᠡᠯᠡᠯᠲᠡ ᠬᠢᠭᠰᠡᠨ ᠥᠬᠡᠶ ᠪᠣᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠭᠦᠨ᠎ᠡ; ᠵᠠᠯᠠᠷᠠᠭᠤᠯᠬᠤ ᠵᠢ ᠲᠡᠪᠴᠢᠭᠰᠡᠨ ᠪᠤᠶᠤ ᠰᠦᠯᠵᠢᠶᠡᠨ᠎ᠤ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠵᠡᠷᠭᠡ ᠤᠷᠰᠢᠭ ᠲᠠᠲᠠᠭᠰᠠᠨ ᠪᠣᠯ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠵᠠᠭᠤᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠰᠢᠭᠤᠳ ᠬᠠᠷᠢᠭᠤᠴᠠᠵᠤ ᠪᠠᠶ᠋ᠢᠭ᠎ᠠ ᠭᠣᠣᠯᠯᠠᠨ ᠬᠠᠮᠢᠶᠠᠷᠬᠤ ᠬᠥᠮᠦᠨ᠎ᠢ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃
ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠥᠭᠡᠷᠦᠮᠵᠢ ᠵᠢᠨ ᠡᠵᠡᠩᠨᠡᠭᠴᠢ᠎ᠠᠴᠠ ᠲᠤᠰ ᠬᠠᠤᠯᠢ ᠵᠢᠨ ᠬᠣᠷᠢᠨ ᠳᠣᠯᠤᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠤᠨ ᠲᠣᠭᠲᠠᠭ᠋ᠠᠯ᠎ᠢ ᠵᠥᠷᠢᠴᠡᠵᠦ᠂ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠬᠢᠭᠰᠡᠨ ᠦᠭᠡᠢ ᠪᠤᠶᠤ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠬᠢᠭᠰᠡᠨ ᠦᠭᠡᠢ ᠦᠢ᠍ᠯᠡᠳᠬᠦᠨ ᠪᠤᠶᠤ ᠦᠢ᠍ᠯᠡᠴᠢᠯᠡᠭᠡ ᠵᠢ ᠬᠡᠷᠡᠭᠯᠡᠭᠰᠡᠨ ᠪᠣᠯ᠂ ᠬᠣᠯᠪᠣᠭᠳᠠᠯ ᠪᠦᠬᠦᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠷᠡᠭᠯᠡᠬᠦ ᠵᠢ᠎ᠨᠢ ᠵᠠᠷᠯᠢᠭᠳᠠᠨ ᠵᠣᠭᠰᠤᠭ᠋ᠠᠵᠤ᠂ ᠬᠤᠳᠠᠯᠳᠤᠨ ᠠᠪᠤᠭᠰᠠᠨ ᠵᠣᠭᠣᠰ᠎ᠤᠨ ᠲᠣᠭ᠋ᠠᠨ᠎ᠤ ᠬᠢᠨᠢ ᠨᠢᠭᠡ ᠳᠠᠬᠢᠨ᠎ᠠᠴᠠ ᠳᠡᠭᠡᠭᠰᠢ ᠠᠷᠪᠠᠨ ᠳᠠᠬᠢᠨ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠭᠣᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠦᠮᠦᠨ᠎ᠢ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃
ᠭᠤᠴᠢᠨ ᠨᠠᠢ᠍ᠮᠠᠳᠤᠭ᠋ᠠᠷ ᠵᠦᠢ᠍ᠯ᠂ ᠲᠤᠰ ᠬᠠᠤᠯᠢ ᠵᠢᠨ ᠬᠣᠷᠢᠨ ᠨᠠᠢ᠍ᠮᠠᠳᠤᠭ᠋ᠠᠷ ᠵᠦᠢ᠍ᠯ᠎ᠤᠨ ᠭᠠᠳᠠᠭ᠋ᠠᠳᠤ᠎ᠠᠴᠠ ᠣᠷᠤᠭᠤᠯᠬᠤ ᠵᠢ ᠵᠥᠪᠰᠢᠶᠡᠷᠡᠬᠦ᠂ ᠭᠠᠳᠠᠭ᠋ᠠᠳᠤ ᠭᠠᠷᠭ᠋ᠠᠯᠲᠠ ᠵᠢᠨ ᠵᠠᠬᠢᠷᠤᠨ ᠬᠠᠮᠢᠶᠠᠷᠤᠯᠲᠠ ᠵᠢᠨ ᠲᠣᠭᠲᠠᠭ᠋ᠠᠯ᠎ᠢ ᠵᠦᠷᠢᠴᠡᠵᠦ᠂ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠤᠳᠠᠯᠳᠤᠭ᠋ᠠᠨ᠎ᠤ ᠶᠠᠪᠤᠳᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠣᠭᠣᠮᠲᠠ᠎ᠠᠴᠠ ᠬᠠᠤᠯᠢ ᠶᠣᠰᠣᠭ᠋ᠠᠷ ᠰᠢᠢ᠍ᠳᠬᠡᠨ᠎ᠡ᠃
ᠭᠤᠴᠢ ᠶᠢᠰᠦᠳᠦᠭᠡᠷ ᠵᠦᠢ᠍ᠯ᠂ ᠲᠤᠰ ᠬᠠᠤᠯᠢ ᠵᠢᠨ ᠬᠣᠷᠢ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ ᠮᠠᠭ᠋ᠠᠳᠯᠠᠨ ᠲᠣᠭᠲᠠᠭ᠋ᠠᠯᠲᠠ ᠬᠢᠭᠰᠡᠨ ᠦᠭᠡᠢ᠎ᠪᠠᠷ ᠡᠯᠧᠺᠲᠷᠣᠨ ᠵᠠᠰᠠᠭ᠎ᠤᠨ ᠶᠠᠪᠤᠳᠠᠯ᠂ ᠡᠯᠧᠺᠲᠷᠣᠨ ᠭᠡᠷᠡᠴᠢᠯᠡᠭᠡᠨᠤ ᠦᠢ᠍ᠯᠡᠴᠢᠯᠡᠭᠡ ᠡᠷᠬᠢᠯᠡᠪᠡᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠪᠤᠶᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠨ᠂ ᠰᠡᠷᠡᠮᠵᠢ ᠥᠭᠴᠦ᠂ ᠬᠠᠤᠯᠢ ᠵᠢ ᠵᠥᠷᠢᠴᠡᠭᠰᠡᠨ ᠦᠢ᠍ᠯᠡᠳᠬᠦᠨ ᠪᠠ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ ᠭᠤᠴᠢᠨ ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ ᠨᠢᠭᠡ ᠲᠠᠬᠢᠨ᠎ᠠᠴᠠ ᠳᠡᠭᠡᠭᠰᠢ ᠭᠤᠷᠪᠠᠨ ᠲᠠᠬᠢᠨ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ ᠭᠤᠴᠢᠨ ᠲᠦᠮᠡᠨ ᠲᠥᠭᠥᠷᠢᠭ᠎ᠲᠤ ᠬᠦᠷᠬᠦ ᠦᠭᠡᠢ ᠪᠠᠶ᠋ᠢᠪᠠᠯ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠭᠤᠴᠢᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠬᠡᠵᠦ ᠪᠣᠯᠤᠨ᠎ᠠ᠃
ᠳᠥᠴᠢᠳᠦᠭᠡᠷ ᠵᠦᠢ᠍ᠯ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠬᠣᠯᠪᠣᠭᠳᠠᠯ ᠪᠥᠬᠥᠢ ᠰᠠᠯᠠᠭ᠎ᠠ ᠮᠥᠴᠢᠷ᠂ ᠨᠢᠭᠡᠴᠢ ᠵᠢᠨ ᠠᠵᠢᠯᠳᠠᠨ᠎ᠨᠢ ᠨᠢᠭᠤᠴᠠ ᠲᠡᠮᠳᠡᠭ᠎ᠤᠨ ᠠᠵᠢᠯ᠎ᠤᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠵᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠨ᠂ ᠡᠰᠡᠬᠦᠯ᠎ᠡ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠤᠮᠳᠠ ᠣᠯᠵᠤ ᠮᠡᠳᠡᠭᠰᠡᠨ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ ᠵᠢ ᠪᠤᠰᠤᠳ᠎ᠲᠤ ᠵᠠᠳᠠᠷᠠᠭᠤᠯᠵᠤ᠂ ᠬᠠᠤᠯᠢ ᠪᠤᠰᠤ᠎ᠪᠠᠷ ᠬᠠᠩᠭ᠋ᠠᠪᠠᠯ᠂ ᠬᠠᠤᠯᠢ ᠶᠣᠰᠣᠭ᠋ᠠᠷ ᠰᠢᠢ᠍ᠳᠬᠡᠯ ᠣᠯᠭᠣᠨ᠎ᠠ᠃
ᠳᠥᠴᠢᠨ ᠨᠢᠭᠡᠳᠦᠭᠡᠷ ᠵᠦᠢ᠍ᠯ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠶᠠᠯ᠎ᠠ ᠪᠣᠯᠵᠤ ᠪᠦᠷᠢᠯᠳᠦᠪᠡᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠪᠤᠰᠤᠳ᠎ᠲᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠲᠦᠷᠢᠮ
ᠳᠥᠴᠢᠨ ᠬᠣᠶᠠᠳᠤᠭ᠋ᠠᠷ ᠵᠦᠢ᠍ᠯ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠨ᠎ᠠ᠃
ᠳᠥᠴᠢᠨ ᠭᠤᠷᠪᠠᠳᠤᠭ᠋ᠠᠷ ᠵᠦᠢ᠍ᠯ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠨᠭ᠌ᠬᠢ ᠵᠢᠨ ᠨᠢᠭᠤᠴᠠ ᠲᠡᠮᠳᠡᠭ᠎ᠤᠨ ᠠᠵᠢᠯ᠎ᠤᠨ ᠬᠠᠮᠢᠶᠠᠷᠤᠯᠲᠠ ᠵᠢᠨ ᠠᠷᠭ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠠᠴᠠ ᠲᠤᠰ ᠬᠠᠤᠯᠢ ᠵᠢ ᠦᠨᠳᠦᠰᠦᠯᠡᠵᠦ ᠲᠣᠭᠲᠠᠭ᠋ᠠᠨ᠎ᠠ᠃
ᠳᠥᠴᠢᠨ ᠳᠥᠷᠪᠡᠳᠦᠭ᠊ ᠵᠦᠢ᠍ᠯ᠂ ᠲᠣᠰ ᠬᠠᠤᠯᠢ ᠵᠢ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
(ᠰᠢᠨᠬᠤᠸᠠ ᠬᠣᠷᠢᠶᠠᠨ᠎ᠤ ᠪᠡᠭᠡᠵᠢᠩ᠎ᠤᠨ 10 ᠳ᠋ᠤᠭ᠋ᠠᠷ ᠰᠠᠷ᠎ᠠ ᠵᠢᠨ 26᠎ᠤ ᠴᠠᠬᠢᠯᠭ᠋ᠠᠨ ᠮᠡᠳᠡᠭᠡ)
《ᠠᠷᠠᠳ᠎ᠤᠨ ᠡᠳᠦᠷ᠎ᠤᠨ ᠰᠣᠨᠢᠨ》 (2019 ᠣᠨ᠎ᠤ 10 ᠳ᠋ᠤᠭ᠋ᠠᠷ ᠰᠠᠷ᠎ᠠ ᠵᠢᠨ 28᠎ᠤ ᠡᠳᠦᠷ᠎ᠤᠨ ᠬᠡᠪᠯᠡᠯ᠎ᠤᠨ 11 ᠳ᠋ᠦᠭᠡᠷ ᠨᠢᠭᠤᠷ)
【ᠬᠣᠯᠪᠤᠭᠳᠠᠯ ᠪᠥᠬᠥᠶ ᠲᠠᠶ᠋ᠢᠯᠤᠮᠵᠢ】 ᠰᠢᠨ᠎ᠡ ᠴᠠᠭ ᠦᠶ᠎ᠡ ᠵᠢᠨ ᠨᠢᠭᠤᠴᠠ ᠲᠡᠮᠳᠡᠭ᠎ᠤᠨ ᠠᠵᠢᠯ᠎ᠤᠨ ᠪᠠᠲᠤ ᠴᠢᠩᠭ᠎ᠠ ᠬᠠᠤᠯᠢ ᠴᠠᠭ᠋ᠠᠵᠠ ᠵᠢᠨ ᠪᠠᠲᠤᠯᠠᠭ᠎ᠠ