ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠨᠭ᠌ᠰᠠ ᠡᠪᠬᠡᠮᠡᠯ᠎ᠤᠨ ᠬᠠᠤᠯᠢ
ᠨᠡᠶ᠋ᠢᠲᠡᠯᠡᠭᠰᠡᠨ ᠴᠠᠭ᠄ 2020-11-09

     (1987 ᠣᠨ᠎ᠤ 9 ᠳ᠋ᠦ᠍ᠭᠡᠷ ᠰᠠᠷ᠎ᠠ ᠵᠢᠨ 5᠎ᠤ ᠡᠳᠦᠷ᠂ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠬᠣᠶᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ 1996 ᠣᠨ᠎ᠤ 7 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠳᠤᠭ᠋ᠠᠷ ᠬᠤᠷᠠᠯᠳᠤᠭ᠋ᠠᠨ᠎ᠤ 《〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠨᠭ᠌ᠰᠠ ᠡᠪᠬᠡᠮᠡᠯ᠎ᠤᠨ ᠬᠠᠤᠯᠢ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢᠯᠠᠪᠠ 2016 ᠣᠨ᠎ᠤ 11 ᠳ᠋ᠦ᠍ᠭᠡᠷ ᠰᠠᠷ᠎ᠠ ᠵᠢᠨ 7᠎ᠤ ᠡᠳᠦᠷ᠎ᠤᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠨ ᠳᠥᠷᠪᠡᠳᠦᠭᠡᠷ ᠬᠤᠷᠠᠯᠳᠤᠭ᠋ᠠᠨ᠎ᠤ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠬᠠᠤᠯᠢ〉 ᠵᠡᠷᠭᠡ ᠠᠷᠪᠠᠨ ᠬᠣᠶᠠᠷ ᠲᠦᠷᠦᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠤᠷᠢᠯᠠᠪᠠ 2020 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠪᠠ)

      ᠭᠠᠷᠴᠠᠭ
      ᠨᠢᠭᠡᠳᠦᠭᠡᠷ ᠪᠦᠯᠦᠭ   ᠶᠡᠷᠦᠩᠬᠡᠶ ᠲᠤᠢ᠍ᠷᠢᠮ
      ᠬᠣᠶᠠᠳᠤᠭ᠋ᠠᠷ ᠪᠦᠯᠦᠭ   ᠳᠠᠨᠭ᠌ᠰᠠ ᠡᠪᠬᠡᠮᠡᠯ᠎ᠤᠨ ᠪᠠᠶ᠋ᠢᠭᠤᠯᠤᠮᠵᠢ ᠵᠢᠴᠢ ᠲᠡᠭᠦᠨ᠎ᠤ ᠲᠤᠰᠢᠶᠠᠯ ᠬᠠᠷᠢᠭᠤᠴᠠᠯᠭ᠎ᠠ
      ᠭᠤᠷᠪᠠᠳᠤᠭ᠋ᠠᠷ ᠪᠦᠯᠦᠭ   ᠳᠠᠨᠭ᠌ᠰᠠ ᠡᠪᠬᠡᠮᠡᠯ᠎ᠤᠨ ᠬᠠᠮᠢᠶᠠᠷᠤᠯᠲᠠ
      ᠳᠥᠷᠪᠡᠳᠦᠭᠡᠷ ᠪᠦᠯᠦᠭ   ᠳᠠᠨᠭ᠌ᠰᠠ ᠡᠪᠬᠡᠮᠡᠯ᠎ᠢ ᠠᠰᠢᠭᠯᠠᠬᠤ ᠪᠠ ᠨᠡᠶ᠋ᠢᠲᠡᠯᠡᠬᠦ
      ᠲᠠᠪᠤᠳᠤᠭ᠋ᠠᠷ ᠪᠦᠯᠦᠭ   ᠳᠠᠨᠭ᠌ᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ
      ᠵᠢᠷᠭᠤᠳᠤᠭ᠋ᠠᠷ ᠪᠦᠯᠦᠭ   ᠬᠢᠨᠠᠯᠲᠠ ᠲᠠᠯᠪᠢᠵᠤ ᠪᠠᠶ᠋ᠢᠴᠠᠭ᠋ᠠᠬᠤ
      ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
      ᠨᠠᠢ᠍ᠮᠠᠳᠤᠭ᠋ᠠᠷ ᠪᠦᠯᠦᠭ   ᠳᠠᠭ᠋ᠠᠯᠳᠤᠭᠤᠯᠤᠭᠰᠠᠨ ᠲᠤᠢ᠍ᠷᠢᠮ


      ᠨᠢᠭᠡᠳᠦᠭᠡᠷ ᠪᠦᠯᠦᠭ   ᠶᠡᠷᠦᠩᠬᠡᠶ ᠲᠤᠢ᠍ᠷᠢᠮ


      ᠨᠢᠭᠡᠳᠦᠭᠡᠷ ᠵᠦᠢ᠍ᠯ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠳᠠᠩᠰᠠ ᠡᠪᠬᠡᠮᠡᠯ᠎ᠢ ᠴᠤᠭᠯᠠᠭᠤᠯᠬᠤ ᠪᠠ ᠡᠮᠬᠢᠯᠡᠬᠦ ᠠᠵᠢᠯ᠎ᠢ ᠵᠢᠷᠤᠮᠵᠢᠭᠤᠯᠵᠤ᠂ ᠳᠠᠩᠰᠠ ᠡᠪᠬᠡᠮᠡᠯ᠎ᠢ ᠪᠦᠲᠦᠮᠵᠢᠲᠡᠢ ᠬᠠᠮᠠᠭ᠋ᠠᠯᠠᠬᠤ ᠪᠠ ᠠᠰᠢᠭᠯᠠᠵᠤ᠂ ᠳᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠤᠯᠤᠰ᠎ᠠᠴᠠ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ᠎ᠲᠤ ᠦᠢ᠍ᠯᠡᠴᠢᠯᠡᠬᠦ᠎ᠪᠠᠷ ᠲᠤᠰ ᠬᠠᠤᠯᠢ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ᠂ ᠳᠠᠩᠰᠠ ᠡᠪᠬᠡᠮᠡᠯ᠎ᠢ ᠴᠤᠭᠯᠠᠭᠤᠯᠬᠤ᠂ ᠡᠮᠬᠢᠯᠡᠬᠦ᠂ ᠬᠠᠮᠠᠭ᠋ᠠᠯᠠᠬᠤ᠂ ᠠᠰᠢᠭᠯᠠᠬᠤ ᠵᠢᠴᠢ ᠬᠢᠨᠠᠨ ᠬᠠᠮᠢᠶᠠᠷᠬᠤ ᠠᠵᠢᠯᠯᠠᠭ᠎ᠠ ᠬᠢᠬᠦ᠎ᠳᠤ᠂ ᠲᠤᠰ ᠬᠠᠤᠯᠢ ᠵᠢ ᠬᠡᠷᠡᠭᠯᠡᠨ᠎ᠡ᠃
      ᠲᠤᠰ ᠬᠠᠤᠯᠢ᠎ᠳᠤ ᠬᠡᠯᠡᠵᠦ ᠪᠠᠶ᠋ᠢᠭ᠎ᠠ ᠳᠠᠨᠭ᠌ᠰᠠ ᠡᠪᠬᠡᠮᠡᠯ ᠭᠡᠳᠡᠭ ᠪᠣᠯ ᠥᠩᠭᠡᠷᠡᠭᠰᠡᠨ ᠪᠠ ᠤᠳᠤ ᠵᠢᠨ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠪᠤᠰᠤᠳ ᠵᠣᠬᠢᠶᠠᠨ ᠪᠠᠶ᠋ᠢᠭᠤᠯᠤᠯᠲᠠ ᠵᠢᠴᠢ ᠬᠤᠪᠢ ᠬᠦᠮᠦᠨ᠎ᠤ ᠠᠵᠤ ᠠᠬᠤᠶ᠂ ᠤᠯᠤᠰ ᠲᠦᠷᠦ᠂ ᠰᠣᠶᠣᠯ᠂ ᠨᠡᠶ᠋ᠢᠭᠡᠮ᠂ ᠠᠮᠢ ᠠᠬᠤᠶ ᠵᠢᠨ ᠪᠣᠯᠪᠠᠰᠤᠨ᠂ ᠴᠡᠷᠢᠭ᠎ᠤᠨ ᠶᠠᠪᠤᠳᠠᠯ᠂ ᠭᠠᠳᠠᠭ᠋ᠠᠳᠤ ᠶᠠᠪᠤᠳᠠᠯ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠲᠠᠯ᠎ᠠ ᠵᠢᠨ ᠠᠵᠢᠯᠯᠠᠭ᠎ᠠ᠎ᠳᠤ ᠰᠢᠭᠤᠳ ᠪᠦᠷᠢᠯᠳᠦᠭᠰᠡᠨ ᠤᠯᠤᠰ ᠣᠷᠣᠨ ᠪᠠ ᠨᠡᠶ᠋ᠢᠭᠡᠮ᠎ᠳᠤ ᠬᠠᠳᠠᠭ᠋ᠠᠯᠠᠬᠤ ᠦᠨ᠎ᠡ ᠥᠷᠲᠡᠭ᠎ᠲᠠᠢ ᠡᠯ᠎ᠡ ᠵᠦᠢ᠍ᠯ᠎ᠤᠨ ᠦᠰᠦᠭ ᠪᠢᠴᠢᠭ᠂ ᠵᠢᠷᠤᠭ ᠬᠦᠰᠦᠨᠦᠭᠲᠦ᠂ ᠳᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠵᠢᠨ ᠲᠡᠤᠬᠡ ᠵᠢᠨ ᠲᠡᠮᠳᠡᠭᠯᠡᠯ᠎ᠢ ᠵᠢᠭ᠋ᠠᠪᠠ᠃  
      ᠭᠤᠷᠪᠠᠳᠤᠭ᠋ᠠᠷ ᠵᠦᠢ᠍ᠯ᠂ ᠳᠠᠨᠭ᠌ᠰᠠ ᠡᠪᠬᠡᠮᠡᠯ᠎ᠤᠨ ᠠᠵᠢᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠠᠩᠰᠠ ᠡᠪᠬᠡᠮᠡᠯ᠎ᠤᠨ ᠠᠵᠢᠯ ᠵᠶ᠋ᠠᠨ ᠴᠢᠩᠭ᠋ᠠᠳᠬᠠᠵᠤ᠂ ᠳᠠᠩᠰᠠ ᠡᠪᠬᠡᠮᠡᠯ᠎ᠤᠨ ᠦᠢ᠍ᠯᠡᠰ᠎ᠢ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠎ᠳᠤ ᠣᠷᠣᠭᠤᠯᠵᠤ᠂ ᠳᠠᠩᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ ᠵᠢᠨ ᠵᠠᠷᠤᠳᠠᠯ᠎ᠢ ᠵᠠᠰᠠᠭ᠎ᠤᠨ ᠣᠷᠳᠣᠨ᠎ᠤ ᠲᠥᠰᠦᠪ᠎ᠲᠤ ᠣᠷᠣᠭᠤᠯᠵᠤ᠂ ᠳᠠᠩᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ ᠵᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠯᠦᠭᠡ ᠬᠠᠷᠢᠯᠴᠠᠨ ᠵᠣᠬᠢᠴᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠳᠥᠷᠪᠡᠳᠦᠭᠡᠷ ᠵᠦᠢ᠍ᠯ᠂ ᠳᠠᠩᠰᠠ ᠡᠪᠬᠡᠮᠡᠯ᠎ᠤᠨ ᠠᠵᠢᠯ᠎ᠳᠤ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ ᠵᠠᠷᠴᠢᠮ᠎ᠢ ᠬᠡᠷᠡᠭᠵᠢᠭᠦᠯᠵᠦ᠂ ᠳᠠᠩᠰᠠ ᠡᠪᠬᠡᠮᠡᠯ᠎ᠤᠨ ᠪᠦᠷᠢᠨ ᠪᠦᠲᠦᠨ ᠪᠠ ᠠᠮᠤᠷ ᠲᠦᠪᠰᠢᠨ᠎ᠢ ᠬᠠᠮᠠᠭ᠋ᠠᠯᠠᠵᠤ᠂ ᠨᠡᠶ᠋ᠢᠭᠡᠮ᠎ᠤᠨ ᠡᠯ᠎ᠡ ᠲᠠᠯ᠎ᠠ ᠵᠢᠨ ᠠᠰᠢᠭᠯᠠᠯᠲᠠ᠎ᠳᠤ ᠳᠥᠭᠥᠮ ᠦᠵᠡᠭᠦᠯᠬᠦ ᠬᠡᠷᠡᠭᠲᠡᠢ᠃
      ᠲᠠᠪᠤᠳᠤᠭ᠋ᠠᠷ ᠵᠦᠢ᠍ᠯ᠂ ᠠᠯᠢᠪᠠ ᠲᠥᠷᠥ ᠵᠢᠨ ᠪᠠᠶ᠋ᠢᠭᠤᠯᠭ᠎ᠠ᠂ ᠵᠡᠪᠰᠡᠭᠲᠦ ᠬᠦᠴᠦᠨ᠂ ᠲᠥᠷᠥ ᠵᠢᠨ ᠨᠠᠮ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠠᠷᠠᠳ ᠢᠷᠭᠡᠨ᠎ᠳᠤ ᠴᠥᠮ ᠳᠠᠩᠰᠠ ᠡᠪᠬᠡᠮᠡᠯ᠎ᠢ ᠬᠠᠮᠠᠭ᠋ᠠᠯᠠᠬᠤ ᠡᠭᠦᠷᠭᠡ᠎ᠲᠠᠢ᠂ ᠳᠠᠨᠭ᠌ᠰᠠ ᠡᠪᠬᠡᠮᠡᠯ᠎ᠢ ᠬᠠᠤᠯᠢ ᠶᠣᠰᠣᠭ᠋ᠠᠷ ᠠᠰᠢᠭᠯᠠᠬᠤ ᠡᠷᠬᠡ᠎ᠲᠠᠢ᠃
      ᠵᠢᠷᠭᠤᠳᠤᠭ᠋ᠠᠷ ᠵᠦᠢ᠍ᠯ᠂ ᠤᠯᠤᠰ᠎ᠠᠴᠠ ᠳᠠᠩᠰᠠ ᠡᠪᠬᠡᠮᠡᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠳᠠᠮᠵᠢᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠ ᠡᠪᠬᠡᠮᠡᠯ᠎ᠢ ᠴᠤᠭᠯᠠᠭᠤᠯᠬᠤ᠂ ᠡᠮᠬᠢᠳᠬᠡᠬᠦ᠂ ᠬᠠᠮᠠᠭ᠋ᠠᠯᠠᠬᠤ᠂ ᠠᠰᠢᠭᠯᠠᠬᠤ ᠵᠡᠷᠭᠡ ᠲᠠᠯ᠎ᠠ᠎ᠪᠠᠷ ᠬᠤᠪᠢᠷᠠᠭᠤᠯᠬᠤ ᠪᠠ ᠬᠡᠷᠡᠭᠯᠡᠬᠦ ᠵᠢ ᠠᠬᠢᠭᠤᠯᠵᠤ᠂ ᠳᠠᠩᠰᠠ ᠡᠪᠬᠡᠮᠡᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢ ᠲᠦᠯᠬᠢᠨ ᠠᠬᠢᠭᠤᠯᠬᠤ ᠬᠡᠷᠡᠭᠲᠡᠢ᠃
      ᠤᠯᠤᠰ᠎ᠠᠴᠠ ᠠᠷᠭ᠎ᠠ ᠬᠡᠮᠵᠢᠶ᠎ᠡ ᠠᠪᠴᠤ᠂ ᠳᠠᠨᠭ᠌ᠰᠠ ᠡᠪᠬᠡᠮᠡᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠨᠡᠶ᠋ᠢᠭᠡᠮ᠎ᠤᠨ ᠳᠠᠨᠭ᠌ᠰᠠ ᠡᠪᠬᠡᠮᠡᠯ᠎ᠤᠨ ᠦᠵᠡᠯ ᠤᠬᠠᠮᠰᠠᠷ᠎ᠢ ᠴᠢᠩᠭ᠋ᠠᠷᠠᠭᠤᠯᠤᠨ᠎ᠠ᠃
      ᠤᠯᠤᠰ᠎ᠠᠴᠠ ᠳᠠᠨᠭ᠌ᠰᠠ ᠡᠪᠬᠡᠮᠡᠯ᠎ᠤᠨ ᠬᠦᠷᠢᠶᠡᠨ᠎ᠳᠤ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠦᠷᠨᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃
      ᠳᠣᠯᠣᠳᠤᠭ᠋ᠠᠷ ᠵᠦᠢ᠍ᠯ᠂ ᠤᠯᠤᠰ᠎ᠠᠴᠠ ᠨᠡᠶ᠋ᠢᠭᠡᠮ᠎ᠤᠨ ᠬᠦᠴᠦᠨ᠎ᠤ ᠳᠠᠨᠭ᠌ᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ᠎ᠳᠤ ᠣᠷᠤᠯᠴᠠᠬᠤ ᠪᠠ ᠳᠡᠮᠵᠢᠬᠦ ᠵᠢ ᠵᠣᠷᠢᠭᠵᠢᠭᠤᠯᠤᠨ᠎ᠠ᠃
      ᠳᠠᠩᠰᠠ ᠡᠪᠬᠡᠮᠡᠯ᠎ᠢ ᠴᠤᠭᠯᠠᠭᠤᠯᠬᠤ᠂ ᠡᠮᠬᠢᠯᠡᠬᠦ᠂ ᠬᠠᠮᠠᠭ᠋ᠠᠯᠠᠬᠤ᠂ ᠠᠰᠢᠭᠯᠠᠬᠤ ᠵᠡᠷᠭᠡ ᠲᠠᠯ᠎ᠠ᠎ᠪᠠᠷ ᠳᠣᠪᠤᠢ᠌ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ᠎ᠳᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠬᠤ ᠬᠡᠷᠡᠭᠲᠡᠶ᠃


      ᠬᠣᠶᠠᠳᠤᠭ᠋ᠠᠷ ᠪᠦᠯᠦᠭ   ᠳᠠᠨᠭ᠌ᠰᠠ ᠡᠪᠬᠡᠮᠡᠯ᠎ᠤᠨ ᠪᠠᠶ᠋ᠢᠭᠤᠯᠤᠮᠵᠢ ᠵᠢᠴᠢ ᠲᠡᠭᠦᠨ᠎ᠤ ᠲᠤᠰᠢᠶᠠᠯ ᠬᠠᠷᠢᠭᠤᠴᠠᠯᠭ᠎ᠠ


    ᠨᠠᠢ᠍ᠮᠠᠳᠤᠭ᠋ᠠᠷ ᠵᠦᠢ᠍ᠯ᠂ ᠤᠯᠤᠰ᠎ᠤᠨ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠪᠦᠬᠦ ᠤᠯᠤᠰ᠎ᠤᠨ ᠳᠠᠩᠰᠠ ᠡᠪᠬᠡᠮᠡᠯ᠎ᠤᠨ ᠠᠵᠢᠯ᠎ᠢ ᠡᠷᠬᠢᠯᠡᠨ ᠬᠠᠮᠢᠶᠠᠷᠴᠤ᠂ ᠪᠦᠬᠦ ᠤᠯᠤᠰ᠎ᠤᠨ ᠳᠠᠨᠭ᠌ᠰᠠ ᠡᠪᠬᠡᠮᠡᠯ᠎ᠤᠨ ᠦᠢ᠍ᠯᠡᠰ᠎ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠵᠢ ᠬᠠᠷᠢᠭᠤᠴᠠᠨ᠂ ᠨᠢᠭᠡᠳᠦᠯᠲᠡᠶ ᠳᠦᠷᠢᠮ ᠲᠣᠭᠲᠠᠭ᠋ᠠᠵᠤ᠂ ᠬᠢᠨᠠᠯᠲᠠ ᠲᠠᠯᠪᠢᠬᠤ ᠪᠠ ᠵᠢᠯᠤᠭᠣᠳᠬᠤ ᠵᠢ ᠬᠡᠷᠡᠭᠵᠢᠭᠦᠯᠦᠨ᠎ᠡ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠳᠠᠩᠰᠠ ᠡᠪᠬᠡᠮᠡᠯ᠎ᠤᠨ ᠠᠵᠢᠯ᠎ᠢ ᠡᠷᠬᠢᠯᠡᠨ ᠬᠠᠮᠢᠶᠠᠷᠴᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠢ᠌ᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠠᠩᠰᠠ ᠡᠪᠬᠡᠮᠡᠯ᠎ᠤᠨ ᠠᠵᠢᠯ᠎ᠳᠤ ᠬᠢᠨᠠᠯᠲᠠ ᠲᠠᠯᠪᠢᠬᠤ ᠪᠠ ᠵᠢᠭ᠋ᠠᠨ ᠵᠢᠯᠣᠭᠣᠳᠬᠤ ᠵᠢ ᠬᠡᠷᠡᠭᠵᠢᠭᠦᠯᠦᠨ᠎ᠡ᠃
      ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠵᠢᠯᠲᠠᠨ ᠵᠢᠭ᠋ᠠᠨ ᠲᠣᠭᠲᠠᠭ᠋ᠠᠵᠤ᠂ ᠲᠣᠰ ᠪᠠᠶ᠋ᠢᠭᠤᠯᠭ᠎ᠠ ᠵᠢᠨ ᠳᠠᠩᠰᠠ ᠡᠪᠬᠡᠮᠡᠯ᠎ᠢ ᠬᠠᠷᠢᠭᠤᠴᠠᠨ ᠬᠠᠮᠢᠶᠠᠷᠤᠭᠤᠯᠵᠤ᠂ ᠡᠭᠦᠨ᠎ᠤ ᠬᠠᠮᠲᠤ ᠬᠠᠷᠢᠶ᠎ᠠ ᠨᠢᠭᠡᠴᠢ ᠪᠠ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠡᠷᠭᠡ ᠵᠢᠨ ᠳᠠᠨᠭ᠌ᠰᠠ ᠡᠪᠬᠡᠮᠡᠯ᠎ᠤᠨ ᠠᠵᠢᠯ᠎ᠳᠤ ᠬᠢᠨᠠᠯᠲᠠ ᠲᠠᠯᠪᠢᠬᠤ ᠪᠠ ᠵᠢᠭ᠋ᠠᠨ ᠵᠢᠯᠤᠭᠣᠳᠬᠤ ᠵᠢ ᠬᠡᠷᠡᠭᠵᠢᠭᠦᠯᠬᠦ ᠬᠡᠷᠡᠭᠲᠡᠢ᠃
      ᠶᠢᠰᠦᠳᠦᠭᠡᠷ ᠵᠦᠢ᠍ᠯ᠂ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠳᠠᠨᠭ᠌ᠰᠠ ᠡᠪᠬᠡᠮᠡᠯ᠎ᠤᠨ ᠪᠠᠶ᠋ᠢᠭᠤᠯᠤᠮᠵᠢ ᠪᠤᠶᠤ ᠳᠠᠨᠭ᠌ᠰᠠ ᠡᠪᠬᠡᠮᠡᠯ᠎ᠤᠨ ᠠᠵᠢᠯᠳᠠᠨ᠎ᠢ ᠲᠣᠭᠲᠠᠭ᠋ᠠᠵᠤ ᠲᠤᠰ ᠨᠢᠭᠡᠴᠢ ᠵᠢᠨ ᠵᠶ᠋ᠠᠨ ᠳᠠᠨᠭ᠌ᠰᠠ ᠡᠪᠬᠡᠮᠡᠯ᠎ᠢ ᠬᠠᠷᠢᠭᠤᠴᠠᠨ ᠬᠠᠮᠢᠶᠠᠷᠤᠭᠤᠯᠵᠤ᠂ ᠡᠭᠦᠨ᠎ᠤ ᠬᠠᠮᠲᠤ ᠬᠠᠷᠢᠶ᠎ᠠ ᠨᠢᠭᠡᠴᠢ ᠵᠢᠨ ᠵᠶ᠋ᠠᠨ ᠳᠠᠨᠭ᠌ᠰᠠ ᠡᠪᠬᠡᠮᠡᠯ᠎ᠤᠨ ᠠᠵᠢᠯ᠎ᠳᠤ ᠬᠢᠨᠠᠯᠲᠠ ᠲᠠᠯᠪᠢᠬᠤ ᠪᠠ ᠵᠠᠭ᠋ᠠᠨ ᠵᠢᠯᠤᠭᠣᠳᠬᠤ ᠵᠢ ᠬᠡᠷᠡᠭᠵᠢᠭᠦᠯᠬᠦ ᠬᠡᠷᠡᠭᠲᠡᠶ᠃
      ᠲᠥᠪ᠎ᠤᠨ ᠲᠥᠷᠥ ᠵᠢᠨ ᠪᠠᠶ᠋ᠢᠭᠤᠯᠭ᠎ᠠ᠎ᠠᠴᠠ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠲᠣᠰ ᠰᠢᠰᠲ᠋ᠧᠮ᠎ᠤᠨ ᠵᠶ᠋ᠠᠨ ᠳᠠᠩᠰᠠ ᠡᠪᠬᠡᠮᠡᠯ᠎ᠤᠨ ᠲᠤᠬᠠᠢ᠌ᠯᠠᠭᠰᠠᠨ ᠠᠵᠢᠯ᠎ᠢ ᠵᠢᠯᠣᠭᠣᠳᠤᠨ᠎ᠠ᠃
      ᠠᠷᠪᠠᠳᠤᠭ᠋ᠠᠷ ᠵᠦᠢ᠍ᠯ᠂ ᠲᠥᠪ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠡᠯ᠎ᠡ ᠲᠥᠷᠥᠯ᠎ᠤᠨ ᠳᠠᠩᠰᠠ ᠡᠪᠬᠡᠮᠡᠯ᠎ᠤᠨ ᠣᠷᠳᠤᠨ ᠪᠣᠯ ᠳᠠᠩᠰᠠ ᠡᠪᠬᠡᠮᠡᠯ᠎ᠢ ᠲᠥᠪᠯᠡᠷᠡᠭᠦᠯᠦᠨ ᠬᠠᠮᠢᠶᠠᠷᠬᠤ ᠰᠣᠶᠣᠯ᠎ᠤᠨ ᠦᠢ᠍ᠯᠡᠰ᠎ᠤᠨ ᠪᠠᠶ᠋ᠢᠭᠤᠯᠤᠮᠵᠢ ᠮᠥᠨ᠂ ᠲᠣᠰ ᠲᠣᠰ᠎ᠤᠨ ᠬᠤᠪᠢᠳᠠᠨ ᠬᠠᠮᠢᠶᠠᠷᠴᠤ ᠪᠠᠢ᠌ᠭ᠎ᠠ ᠬᠡᠪᠴᠢᠶᠡᠨ ᠳᠣᠲᠣᠷᠠᠬᠢ ᠳᠠᠩᠰᠠ ᠡᠪᠬᠡᠮᠡᠯ᠎ᠢ ᠬᠣᠷᠢᠶᠠᠨ ᠴᠤᠭᠯᠠᠭᠤᠯᠬᠤ᠂ ᠡᠮᠬᠢᠯᠡᠬᠦ᠂ ᠬᠠᠳᠠᠭ᠋ᠠᠯᠠᠨ ᠬᠠᠮᠢᠶᠠᠷᠬᠤ ᠪᠠ ᠬᠠᠩᠭ᠋ᠠᠨ ᠠᠰᠢᠭᠯᠠᠬᠤ ᠵᠢ ᠬᠠᠷᠢᠭᠤᠴᠠᠨ᠎ᠠ᠃
      ᠠᠷᠪᠠᠨ ᠨᠢᠭᠡᠳᠦᠭᠡᠷ ᠵᠦᠢ᠍ᠯ᠂ ᠤᠯᠤᠰ᠎ᠠᠴᠠ ᠳᠠᠨᠭ᠌ᠰᠠ ᠡᠪᠬᠡᠮᠡᠯ᠎ᠤᠨ ᠠᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠠᠨᠭ᠌ᠰᠠ ᠡᠪᠬᠡᠮᠡᠯ᠎ᠤᠨ ᠠᠵᠢᠯᠳᠠᠨ᠎ᠤ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠳᠡᠭᠡᠭᠰᠢᠯᠡᠭᠦᠯᠦᠨ᠎ᠡ᠃
      ᠳᠠᠩᠰᠠ ᠡᠪᠬᠡᠮᠡᠯ᠎ᠤᠨ ᠠᠵᠢᠯᠲᠠᠳ᠎ᠨᠢ ᠡᠭᠦᠷᠭᠡ ᠲᠤᠰᠢᠶᠠᠯ᠎ᠳᠤ᠎ᠪᠠᠨ ᠦᠨᠡᠨᠴᠢ ᠰᠢᠳᠤᠷᠭᠤ ᠪᠠᠶ᠋ᠢᠵᠤ᠂ ᠬᠠᠤᠯᠢ ᠰᠠᠬᠢᠯᠭ᠎ᠠ ᠵᠢ ᠵᠢᠷᠤᠮᠯᠠᠨ ᠰᠠᠬᠢᠵᠤ᠂ ᠵᠣᠬᠢᠴᠠᠩᠭᠤᠶ ᠲᠤᠰᠬᠠᠶ ᠮᠡᠷᠭᠡᠵᠢᠯ᠎ᠤᠨ ᠮᠡᠳᠡᠯᠭᠡ ᠬᠢᠭᠡᠳ ᠮᠡᠷᠭᠡᠵᠢᠯ ᠴᠢᠳᠠᠪᠤᠷᠢ᠎ᠲᠠᠢ ᠪᠠᠶ᠋ᠢᠵᠤ᠂ ᠡᠭᠦᠨ᠎ᠳᠤ᠂ ᠳᠠᠨᠭ᠌ᠰᠠ ᠡᠪᠬᠡᠮᠡᠯ᠎ᠤᠨ ᠲᠤᠰᠬᠠᠶ ᠮᠡᠷᠭᠡᠵᠢᠯ᠎ᠤᠨ ᠠᠵᠢᠯᠲᠠᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠰᠬᠠᠶ ᠮᠡᠷᠭᠡᠵᠢᠯ᠎ᠤᠨ ᠴᠣᠯᠠ ᠵᠢ ᠦᠨᠡᠯᠡᠨ ᠲᠣᠭᠲᠠᠭ᠋ᠠᠵᠤ ᠪᠣᠯᠤᠨ᠎ᠠ᠃

      ᠭᠤᠷᠪᠠᠳᠤᠭ᠋ᠠᠷ ᠪᠦᠯᠦᠭ   ᠳᠠᠨᠭ᠌ᠰᠠ ᠡᠪᠬᠡᠮᠡᠯ᠎ᠤᠨ ᠬᠠᠮᠢᠶᠠᠷᠤᠯᠲᠠ


      ᠠᠷᠪᠠᠨ ᠬᠣᠶᠠᠳᠤᠭ᠋ᠠᠷ ᠵᠦᠢ᠍ᠯ᠂ ᠤᠯᠤᠰ᠎ᠤᠨ ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠢ ᠪᠦᠷᠢᠯᠳᠦᠭᠦᠯᠪᠡᠰᠦ ᠵᠣᠬᠢᠬᠤ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠪᠤᠰᠤᠳ ᠵᠣᠬᠢᠶᠠᠨ ᠪᠠᠶ᠋ᠢᠭᠤᠯᠤᠯᠲᠠ᠎ᠨᠢ ᠳᠠᠨᠭ᠌ᠰᠠ ᠡᠪᠬᠡᠮᠡᠯ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠵᠤ᠂ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠬᠠᠤᠯᠢ ᠶᠣᠰᠣᠭ᠋ᠠᠷ ᠲᠡᠭᠦᠯᠳᠡᠷᠵᠢᠭᠦᠯᠬᠦ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ᠂ ᠤᠯᠤᠰ ᠪᠠ ᠨᠡᠶ᠋ᠢᠭᠡᠮ᠎ᠳᠤ ᠬᠠᠳᠠᠭ᠋ᠠᠯᠠᠬᠤ ᠥᠷᠲᠡᠭ ᠪᠦᠬᠦᠢ ᠰᠢᠭᠤᠳ ᠪᠦᠷᠢᠯᠳᠦᠭᠰᠡᠨ ᠮᠠᠲ᠋ᠧᠷᠢᠶᠠᠯ᠎ᠢ ᠲᠠᠩᠰᠠ ᠡᠪᠬᠡᠮᠡᠯ᠎ᠤᠨ ᠬᠡᠪᠴᠢᠶᠡᠨ᠎ᠳᠤ ᠣᠷᠣᠭᠤᠯᠬᠤ ᠬᠡᠷᠡᠭᠲᠡᠶ᠂ ᠡᠭᠦᠨ᠎ᠳᠤ ᠳᠣᠣᠷᠠᠬᠢ ᠮᠡᠲᠦ᠄
     (ᠨᠢᠭᠡ) ᠪᠠᠶ᠋ᠢᠭᠤᠯᠭ᠎ᠠ᠂ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠠᠷᠢᠯ ᠬᠤᠪᠢᠰᠤᠯ ᠪᠠ ᠭᠣᠤᠯ ᠡᠭᠦᠷᠭᠡ ᠴᠢᠳᠠᠪᠤᠷᠢ ᠵᠢᠨ ᠠᠵᠢᠯᠯᠠᠭ᠎ᠠ ᠵᠢ ᠲᠤᠰᠬᠠᠭᠰᠠᠨ;
     (ᠬᠣᠶᠠᠷ) ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠰᠤᠳᠤᠯᠤᠨ ᠨᠡᠭᠡᠭᠡᠬᠦ᠂ ᠪᠦᠲᠦᠭᠡᠨ ᠪᠠᠶ᠋ᠢᠭᠤᠯᠬᠤ᠂ ᠦᠢ᠍ᠯᠡᠳᠪᠦᠷᠢᠯᠡᠬᠦ᠂ ᠡᠵᠡᠩᠨᠡᠬᠦ ᠪᠠ ᠦᠢ᠍ᠯᠡᠴᠢᠯᠡᠬᠦ ᠠᠵᠢᠯᠯᠠᠭ᠎ᠠ ᠵᠢ ᠲᠤᠰᠬᠠᠬᠤ ᠵᠢᠴᠢ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠡᠷᠬᠡ ᠠᠰᠢᠭ ᠪᠠ ᠠᠵᠢᠯᠲᠠᠳ᠎ᠤᠨ ᠡᠷᠬᠡ ᠠᠰᠢᠭ᠎ᠢ ᠬᠠᠮᠠᠭ᠋ᠠᠯᠠᠭᠰᠠᠨ;
     (ᠭᠤᠷᠪᠠ) ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠬᠤᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠠᠵᠢᠯᠯᠠᠭ᠎ᠠ ᠵᠢ ᠲᠤᠰᠬᠠᠭᠰᠠᠨ;
     (ᠲᠦᠷᠪᠡ) ᠲᠡᠤᠬᠡᠨ᠎ᠳᠠᠬᠢ ᠡᠯ᠎ᠡ ᠴᠠᠭ ᠦᠶ᠎ᠡ ᠵᠢᠨ ᠤᠯᠤᠰ᠎ᠢ ᠵᠠᠰᠠᠬᠤ ᠠᠵᠢᠯᠯᠠᠭ᠎ᠠ᠂ ᠠᠵᠤ ᠠᠬᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ᠂ ᠨᠡᠶ᠋ᠢᠭᠡᠮ᠎ᠤᠨ ᠲᠡᠦᠬᠡ ᠵᠢᠨ ᠳᠦᠷᠰᠦ ᠪᠠᠶ᠋ᠢᠳᠠᠯ᠂ ᠰᠣᠶᠣᠯ ᠵᠠᠩ ᠳᠠᠳᠬᠠᠯ᠂ ᠠᠮᠢ ᠠᠬᠤᠶ ᠵᠢᠨ ᠣᠷᠴᠢᠨ ᠨᠥᠬᠥᠴᠡᠯ᠎ᠢ ᠲᠤᠰᠬᠠᠭᠰᠠᠨ;
     (ᠲᠠᠪᠤ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠳᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ ᠭᠡᠵᠦ ᠲᠣᠭᠲᠠᠭ᠋ᠠᠭᠰᠠᠨ᠃
      ᠤᠯᠤᠰ᠎ᠤᠨ ᠦᠮᠴᠢᠯᠡᠯ᠎ᠤᠨ ᠪᠤᠰᠤ ᠠᠵᠤ ᠠᠬᠤᠶ᠋ᠢᠯᠠᠯ᠂ ᠨᠡᠶ᠋ᠢᠭᠡᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠨᠢᠭᠡᠴᠢ᠎ᠨᠢ ᠡᠮᠦᠨᠡᠬᠢ ᠪᠠᠳᠠᠭ᠎ᠤᠨ ᠬᠣᠶᠠᠳᠤᠭ᠋ᠠᠷ ᠵᠤᠷᠪᠤᠰ᠎ᠲᠤ ᠵᠢᠭᠰᠠᠭ᠋ᠠᠭᠰᠠᠨ ᠬᠡᠪᠴᠢᠶ᠎ᠡ ᠶᠣᠰᠣᠭ᠋ᠠᠷ ᠲᠤᠰ ᠨᠢᠭᠡᠴᠢ ᠵᠢᠨ ᠵᠶ᠋ᠠᠨ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠳᠠᠭ᠋ᠠᠯᠠᠬᠤ ᠬᠡᠷᠡᠭᠲᠡᠢ᠃
      ᠠᠷᠪᠠᠨ ᠳᠥᠷᠪᠡᠳᠦᠭᠡᠷ ᠵᠦᠢ᠍ᠯ᠂ ᠳᠠᠩᠰᠠ ᠡᠪᠬᠡᠮᠡᠯ᠎ᠳᠤ ᠣᠷᠣᠭᠤᠯᠬᠤ ᠶᠣᠰᠣᠲᠠᠶ ᠮᠠᠲ᠋ᠧᠷᠢᠶᠠᠯ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠰ ᠨᠢᠭᠡᠴᠢ ᠵᠢᠨ ᠵᠶ᠋ᠠᠨ ᠳᠠᠩᠰᠠ ᠡᠪᠬᠡᠮᠡᠯ᠎ᠤᠨ ᠪᠠᠢ᠌ᠭᠤᠯᠤᠮᠵᠢ ᠪᠤᠶᠤ ᠳᠠᠩᠰᠠ ᠡᠪᠬᠡᠮᠡᠯ᠎ᠤᠨ ᠠᠵᠢᠯᠲᠠᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠵᠢᠭᠦᠯᠦᠨ ᠲᠤᠰᠢᠶᠠᠵᠤ᠂ ᠲᠥᠪᠯᠡᠷᠡᠭᠦᠯᠦᠨ ᠬᠠᠮᠢᠶᠠᠷᠠᠭᠤᠯᠵᠤ᠂ ᠶᠠᠮᠠᠷᠪᠠ ᠬᠤᠪᠢ ᠬᠥᠮᠦᠨ ᠴᠤ᠌ ᠲᠠᠨᠭ᠌ᠰᠠ ᠡᠪᠬᠡᠮᠡᠯ᠎ᠳᠤ ᠣᠷᠣᠭᠤᠯᠬᠤ ᠵᠢ ᠲᠡᠪᠴᠢᠬᠦ ᠪᠤᠶᠤ ᠥᠪᠡᠷ᠎ᠤᠨ᠎ᠬᠢ᠎ᠪᠠᠨ ᠪᠣᠯᠭ᠋ᠠᠵᠤ ᠪᠣᠯᠬᠤ ᠦᠭᠡᠢ᠃
      ᠤᠯᠤᠰ᠎ᠠᠴᠠ ᠳᠠᠩᠰᠠ ᠡᠪᠬᠡᠮᠡᠯ᠎ᠳᠤ ᠣᠷᠣᠭᠤᠯᠵᠤ ᠪᠣᠯᠬᠤ ᠦᠭᠡᠢ ᠭᠡᠵᠦ ᠲᠣᠭᠲᠠᠭ᠋ᠠᠭᠰᠠᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠳᠠᠩᠰᠠ ᠡᠪᠬᠡᠮᠡᠯ᠎ᠳᠤ ᠣᠷᠣᠭᠤᠯᠬᠤ ᠵᠢ ᠴᠠᠭ᠋ᠠᠵᠠᠯᠠᠨ᠎ᠠ᠃
      ᠠᠷᠪᠠᠨ ᠲᠠᠪᠤᠳᠤᠭ᠋ᠠᠷ ᠵᠦᠢ᠍ᠯ᠂ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠳᠠᠩᠰᠠ ᠡᠪᠬᠡᠮᠡᠯ᠎ᠤᠨ ᠣᠷᠳᠤᠨ᠎ᠳᠤ ᠳᠠᠩᠰᠠ ᠡᠪᠬᠡᠮᠡᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠵᠢᠭᠦᠯᠦᠨ ᠲᠤᠰᠢᠶᠠᠵᠤ᠂ ᠳᠠᠩᠰᠠ ᠡᠪᠬᠡᠮᠡᠯ᠎ᠤᠨ ᠣᠷᠳᠤᠨ᠎ᠠᠴᠠ ᠬᠦᠯᠢᠶᠡᠨ ᠠᠪᠬᠤ ᠵᠢ ᠲᠡᠪᠴᠢᠵᠦ ᠪᠣᠯᠬᠤ ᠦᠭᠡᠢ᠃
      ᠳᠠᠩᠰᠠ ᠡᠪᠬᠡᠮᠡᠯ᠎ᠤᠨ ᠣᠷᠳᠤᠨ ᠵᠶ᠋ᠠᠷ ᠵᠥᠪᠰᠢᠶᠡᠷᠡᠭᠦᠯᠦᠭᠡᠳ᠂ ᠳᠠᠩᠰᠠ ᠡᠪᠬᠡᠮᠡᠯ᠎ᠢ ᠳᠠᠩᠰᠠ ᠡᠪᠬᠡᠮᠡᠯ᠎ᠤᠨ ᠣᠷᠳᠤᠨ᠎ᠳᠤ ᠤᠷᠢᠳᠴᠢᠯᠠᠨ ᠲᠤᠰᠢᠶᠠᠵᠤ ᠬᠠᠳᠠᠭ᠋ᠠᠯᠠᠭᠤᠯᠤᠭᠰᠠᠨ ᠪᠠᠢ᠌ᠪᠠᠯ᠂ ᠤᠯᠤᠰ᠎ᠠᠴᠠ ᠲᠣᠭᠲᠠᠭ᠋ᠠᠭᠰᠠᠨ ᠰᠢᠯᠵᠢᠭᠦᠯᠦᠨ ᠲᠤᠰᠢᠶᠠᠬᠤ ᠬᠤᠭᠤᠴᠠᠭ᠎ᠠ ᠳᠦᠭᠦᠷᠬᠦ᠎ᠠᠴᠠ ᠡᠮᠦᠨ᠎ᠡ᠂ ᠲᠣᠰ ᠲᠠᠩᠰᠠ ᠡᠪᠬᠡᠮᠡᠯ᠎ᠳᠤ ᠬᠣᠯᠪᠣᠭᠳᠠᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠢ᠍ᠯᠡᠰ᠎ᠢ ᠮᠥᠨ ᠬᠦ᠌ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠦᠢ᠍ᠯᠡᠳᠬᠦ ᠪᠤᠶᠤ ᠬᠠᠳᠠᠭ᠋ᠠᠯᠠᠵᠤ ᠪᠠᠶ᠋ᠢᠭ᠎ᠠ ᠤᠤᠯ᠎ᠤᠨ ᠨᠢᠭᠡᠴᠢ᠎ᠠᠴᠠ ᠭᠦᠢ᠍ᠴᠡᠳᠬᠡᠨ᠎ᠡ᠃ ᠰᠢᠯᠵᠢᠭᠦᠯᠦᠨ ᠲᠤᠰᠢᠶᠠᠬᠤ ᠬᠤᠭᠤᠴᠠᠭ᠎ᠠ᠎ᠨᠢ ᠳᠦᠭᠦᠷᠪᠡᠯ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠢ᠍ᠯᠡᠰ᠎ᠲᠤ ᠬᠣᠯᠪᠣᠭᠳᠠᠬᠤ ᠳᠠᠩᠰᠠ ᠡᠪᠬᠡᠮᠡᠯ᠎ᠢ᠎ᠨᠢ ᠳᠠᠩᠰᠠ ᠡᠪᠬᠡᠮᠡᠯ᠎ᠢ ᠠᠰᠢᠭᠯᠠᠬᠤ ᠲᠣᠭᠲᠠᠭ᠋ᠠᠯ ᠶᠣᠰᠤᠭ᠋ᠠᠷ ᠭᠦᠢ᠍ᠴᠡᠳᠬᠡᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ᠂ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠣᠰᠤᠳ ᠵᠣᠬᠢᠶᠠᠨ ᠪᠠᠶ᠋ᠢᠭᠤᠯᠤᠯᠲᠠ᠎ᠳᠤ ᠪᠠᠶ᠋ᠢᠭᠤᠯᠤᠮᠵᠢ ᠬᠤᠪᠢᠷᠠᠬᠤ ᠪᠤᠶᠤ ᠬᠦᠴᠦᠨ ᠦᠭᠡᠢ ᠪᠣᠯᠭ᠋ᠠᠬᠤ᠂ ᠨᠡᠶ᠋ᠢᠯᠡᠭᠦᠯᠬᠦ ᠵᠡᠷᠭᠡ   ᠪᠠᠢ᠌ᠳᠠᠯ ᠭᠠᠷᠬᠤ ᠦᠶᠡᠰ᠂ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠨᠢᠭᠡᠴᠢ ᠪᠤᠶᠤ ᠳᠠᠩᠰᠠ ᠡᠪᠬᠡᠮᠡᠯ᠎ᠤᠨ ᠣᠷᠳᠤᠨ᠎ᠳᠤ ᠳᠠᠩᠰᠠ ᠡᠪᠬᠡᠮᠡᠯ᠎ᠢ ᠰᠢᠯᠵᠢᠭᠦᠯᠦᠨ ᠲᠤᠰᠢᠶᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠣᠷᠳᠤᠨ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ   ᠶᠣᠰᠤᠭ᠋ᠠᠷ ᠰᠢᠯᠵᠢᠭᠦᠯᠦᠨ ᠲᠤᠰᠢᠶᠠᠭᠰᠠᠨ ᠳᠠᠩᠰᠠ ᠡᠪᠬᠡᠮᠡᠯ᠎ᠢ ᠬᠦᠯᠢᠶᠡᠨ ᠠᠪᠬᠤ᠎ᠠᠴᠠ ᠭᠠᠳᠠᠨ᠎ᠠ᠂ ᠬᠠᠨᠳᠢᠪᠯᠠᠬᠤ᠂ ᠬᠤᠳᠠᠯᠳᠤᠨ ᠠᠪᠬᠤ᠂ ᠣᠷᠣᠯᠠᠨ ᠬᠠᠳᠠᠭ᠋ᠠᠯᠠᠬᠤ ᠵᠡᠷᠭᠡ ᠠᠷᠭ᠎ᠠ ᠮᠠᠶᠢᠭ ᠵᠶ᠋ᠠᠷ ᠳᠠᠩᠰᠠ ᠡᠪᠬᠡᠮᠡᠯ᠎ᠢ ᠴᠤᠭᠯᠠᠭᠤᠯᠵᠤ ᠪᠣᠯᠤᠨ᠎ᠠ᠃
      ᠠᠷᠪᠠᠨ ᠨᠠᠢ᠍ᠮᠠᠳᠤᠭ᠋ᠠᠷ ᠵᠦᠢ᠍ᠯ᠂ ᠮᠦᠽᠧᠶ᠂ ᠨᠣᠮ᠎ᠤᠨ ᠰᠠᠩ ᠪᠠ ᠳᠤᠷᠠᠰᠬᠠᠯ᠎ᠤᠨ ᠣᠷᠳᠣᠨ ᠵᠡᠷᠭᠡ ᠨᠢᠭᠡᠴᠢ ᠵᠢᠨ ᠬᠠᠳᠠᠭ᠋ᠠᠯᠠᠵᠤ ᠪᠠᠢ᠌ᠭ᠎ᠠ ᠲᠡᠤᠬᠡ ᠵᠢᠨ ᠳᠤᠷᠠᠰᠬᠠᠯᠲᠤ ᠵᠦᠢ᠍ᠯ᠂ ᠰᠤᠷᠪᠤᠯᠵᠢ ᠪᠢᠴᠢᠭ᠎ᠤᠨ ᠮᠡᠳᠡᠭᠡ ᠵᠠᠩᠭᠢ᠎ᠨᠢ ᠬᠠᠮᠲᠤ᠎ᠳᠤ᠎ᠨᠢ ᠳᠠᠩᠰᠠ ᠡᠪᠬᠡᠮᠡᠯ᠎ᠳᠤ ᠪᠠᠭᠲᠠᠪᠠᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠳᠡᠭᠡᠷ᠎ᠡ ᠳᠤᠷᠠᠳᠤᠭᠰᠠᠨ ᠨᠢᠭᠡᠴᠢ᠎ᠠᠴᠠ ᠥᠪᠡᠰᠦᠪᠡᠨ ᠬᠠᠮᠢᠶᠠᠷᠴᠤ ᠪᠣᠯᠤᠨ᠎ᠠ᠃
      ᠳᠠᠩᠰᠠ ᠡᠪᠬᠡᠮᠡᠯ᠎ᠤᠨ ᠣᠷᠳᠤᠨ ᠬᠢᠭᠡᠳ ᠡᠮᠦᠨᠡᠬᠢ ᠪᠠᠳᠠᠭ᠎ᠲᠤ ᠵᠢᠭᠰᠠᠭ᠋ᠠᠭᠰᠠᠨ ᠨᠢᠭᠡᠴᠢ᠎ᠨᠢ ᠳᠠᠩᠰᠠ ᠡᠪᠬᠡᠮᠡᠯ᠎ᠢ ᠠᠰᠢᠭᠯᠠᠬᠤ ᠲᠠᠯ᠎ᠠ᠎ᠪᠠᠷ ᠬᠠᠷᠢᠯᠴᠠᠨ ᠬᠠᠮᠵᠢᠯᠴᠠᠬᠤ ᠬᠡᠷᠡᠭᠲᠡᠶ᠂ ᠳᠠᠪᠲᠠᠯᠲᠠ᠂ ᠪᠠᠭᠤᠯᠭ᠋ᠠᠪᠤᠷᠢ ᠪᠤᠶᠤ ᠭᠠᠷᠴᠠᠭ ᠵᠶ᠋ᠠᠨ ᠬᠠᠷᠢᠯᠴᠠᠨ ᠰᠣᠯᠢᠯᠴᠠᠵᠤ᠂ ᠦᠵᠡᠰᠬᠦᠯᠡᠩ᠎ᠢ ᠬᠠᠮᠲᠤᠷᠠᠨ ᠡᠷᠬᠢᠯᠡᠵᠦ᠂ ᠬᠣᠯᠪᠣᠭᠳᠠᠯ ᠪᠦᠬᠦᠢ ᠲᠡᠤᠬᠡᠨ ᠮᠠᠲ᠋ᠧᠷᠢᠶᠠᠯ᠎ᠢ ᠬᠠᠮᠲᠤ᠎ᠪᠠᠷ ᠰᠤᠳᠤᠯᠵᠤ ᠨᠠᠶ᠋ᠢᠷᠠᠭᠤᠯᠤᠨ ᠬᠡᠪᠯᠡᠭᠦᠯᠵᠦ ᠪᠣᠯᠤᠨ᠎ᠠ᠃
      ᠠᠷᠪᠠ ᠶᠢᠰᠦᠳᠦᠭᠡᠷ ᠵᠦᠢ᠍ᠯ᠂ ᠳᠠᠩᠰᠠ ᠡᠪᠬᠡᠮᠡᠯ᠎ᠢ ᠠᠰᠢᠭᠯᠠᠬᠤ᠎ᠳᠤ ᠳᠥᠭᠥᠮ᠎ᠤᠨ ᠲᠤᠰᠠᠳᠠ᠂ ᠳᠠᠩᠰᠠ ᠡᠪᠬᠡᠮᠡᠯ᠎ᠤᠨ ᠣᠷᠳᠤᠨ ᠵᠢᠴᠢ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠠᠩᠰᠠ ᠡᠪᠬᠡᠮᠡᠯ᠎ᠤᠨ ᠪᠠᠶ᠋ᠢᠭᠤᠯᠤᠮᠵᠢ᠎ᠨᠢ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢᠨ ᠳᠦᠷᠢᠮ ᠪᠠᠢ᠌ᠭᠤᠯᠬᠤ ᠬᠡᠷᠡᠭᠲᠡᠢ; ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠢ ᠬᠠᠳᠠᠭ᠋ᠠᠯᠠᠬᠤ᠎ᠳᠤ ᠲᠣᠬᠢᠷᠠᠬᠤ ᠬᠦᠮᠦᠷᠭᠡ ᠪᠠ ᠴᠢᠬᠤᠯᠠ ᠪᠦᠬᠦᠢ ᠪᠡᠯᠡᠳᠬᠡᠮᠵᠢ᠂ ᠲᠥᠬᠥᠭᠡᠷᠦᠮᠵᠢ ᠵᠢ ᠲᠣᠬᠢᠷᠠᠭᠤᠯᠵᠤ᠂ ᠲᠠᠩᠰᠠ ᠡᠪᠬᠡᠮᠡᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ; ᠲᠡᠷᠢᠭᠦᠨ᠎ᠤ ᠮᠡᠷᠭᠡᠵᠢᠯ᠎ᠢ ᠬᠡᠷᠡᠭᠯᠡᠵᠦ᠂ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠣᠳᠣᠬᠢᠴᠢᠯᠠᠯᠲᠠ ᠵᠢ ᠪᠡᠶᠡᠯᠡᠭᠦᠯᠬᠦ ᠬᠡᠷᠡᠭᠲᠡᠢ᠃
      ᠳᠠᠩᠰᠠ ᠡᠪᠬᠡᠮᠡᠯ᠎ᠤᠨ ᠣᠷᠳᠤᠨ ᠪᠣᠯᠤᠨ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠶ᠋ᠢᠭᠤᠯᠤᠯᠲᠠ᠎ᠨᠢ ᠳᠠᠩᠰᠠ ᠡᠪᠬᠡᠮᠡᠯ᠎ᠤᠨ ᠠᠮᠤᠷ ᠲᠦᠪᠰᠢᠨ᠎ᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠳᠠᠩᠰᠠ ᠡᠪᠬᠡᠮᠡᠯ᠎ᠤᠨ ᠠᠮᠤᠷ ᠲᠥᠪᠰᠢᠨ᠎ᠤ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠳᠠᠩᠰᠠ ᠡᠪᠬᠡᠮᠡᠯ᠎ᠤᠨ ᠠᠮᠤᠷ ᠲᠥᠪᠰᠢᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
      ᠬᠣᠷᠢᠳᠤᠭ᠋ᠠᠷ ᠵᠦᠢ᠍ᠯ᠂ ᠤᠯᠤᠰ᠎ᠤᠨ ᠨᠢᠭᠤᠴᠠ᠎ᠳᠤ ᠬᠣᠯᠪᠤᠭᠳᠠᠬᠤ ᠳᠠᠩᠰᠠ ᠡᠪᠬᠡᠮᠡᠯ᠎ᠤᠨ ᠬᠠᠮᠢᠶᠠᠷᠤᠯᠲᠠ ᠪᠠ ᠠᠰᠢᠭᠯᠠᠯᠲᠠ᠂ ᠨᠢᠭᠤᠴᠠ ᠵᠢᠨ ᠳᠡᠰ᠎ᠢ ᠬᠤᠪᠢᠷᠠᠭᠤᠯᠬᠤ ᠪᠠ ᠨᠢᠭᠤᠴᠠ ᠵᠢ ᠲᠠᠢ᠌ᠯᠬᠤ᠎ᠳᠤ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠣᠯᠪᠤᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠤᠭ᠋ᠠᠷ ᠰᠢᠢ᠍ᠳᠪᠦᠷᠢᠯᠡᠬᠦ ᠬᠡᠷᠡᠭᠲᠡᠢ  ᠃
      ᠬᠣᠷᠢᠨ ᠨᠢᠭᠡᠳᠦᠭᠡᠷ ᠵᠦᠢ᠍ᠯ᠂ ᠳᠠᠩᠰᠠ ᠡᠪᠬᠡᠮᠡᠯ᠎ᠤᠨ ᠬᠠᠳᠠᠭ᠋ᠠᠯᠠᠬᠤ ᠦᠨ᠎ᠡ ᠥᠷᠲᠡᠭ᠎ᠤᠨ ᠵᠠᠷᠴᠢᠮ᠂ ᠬᠠᠳᠠᠭ᠋ᠠᠯᠠᠬᠤ ᠬᠤᠭᠤᠴᠠᠭ᠎ᠠ ᠵᠢᠨ ᠪᠠᠷᠢᠮᠵᠢᠶ᠎ᠠ ᠵᠢᠴᠢ ᠳᠠᠩᠰᠠ ᠡᠪᠬᠡᠮᠡᠯ᠎ᠢ ᠤᠰᠠᠳᠬᠠᠬᠤ ᠳᠡᠰ ᠳᠠᠷᠠᠭ᠋ᠠᠯᠠᠯ ᠪᠠ ᠠᠷᠭ᠎ᠠ ᠮᠠᠶᠢᠭ᠎ᠢ ᠰᠢᠯᠭ᠋ᠠᠨ ᠲᠣᠭᠲᠠᠭ᠋ᠠᠬᠤ᠎ᠳᠤ᠂ ᠤᠯᠤᠰ᠎ᠤᠨ ᠳᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠣᠭᠲᠠᠭ᠋ᠠᠨ᠎ᠠ᠃
      ᠳᠠᠩᠰᠠ ᠡᠪᠬᠡᠮᠡᠯ᠎ᠢ ᠥᠭᠡᠷᠡᠲᠦᠭᠦᠯᠬᠦ᠂ ᠡᠪᠳᠡᠨ ᠰᠦᠢ᠍ᠳᠬᠡᠬᠦ᠂ ᠬᠠᠭᠤᠷᠮᠠᠭᠯᠠᠨ ᠵᠣᠭᠢᠶᠠᠬᠤ ᠵᠢ ᠴᠠᠭ᠋ᠠᠵᠠᠯᠠᠨ᠎ᠠ᠃ ᠳᠠᠩᠰᠠ ᠡᠪᠬᠡᠮᠡᠯ᠎ᠢ ᠳᠤᠷ᠎ᠠ᠎ᠪᠠᠷ ᠤᠰᠠᠳᠬᠠᠬᠤ ᠵᠢ ᠴᠠᠭ᠋ᠠᠵᠠᠯᠠᠨ᠎ᠠ᠃
      ᠬᠣᠷᠢᠨ ᠬᠣᠶᠠᠳᠤᠭ᠋ᠠᠷ ᠵᠦᠢ᠍ᠯ᠂ ᠤᠯᠤᠰ᠎ᠤᠨ ᠦᠮᠴᠢᠯᠡᠯ᠎ᠤᠨ ᠪᠣᠰᠤ ᠠᠵᠤ ᠠᠬᠤᠶ᠋ᠢᠯᠠᠯ᠂ ᠨᠡᠶ᠋ᠢᠭᠡᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠨᠢᠭᠡᠴᠢ ᠪᠣᠯᠤᠨ ᠬᠤᠪᠢ ᠬᠥᠮᠦᠨ᠎ᠠᠴᠠ ᠪᠦᠷᠢᠯᠳᠦᠭᠰᠡᠨ ᠳᠠᠩᠰᠠ ᠡᠪᠬᠡᠮᠡᠯ᠎ᠨᠢ ᠤᠯᠤᠰ ᠪᠠ ᠨᠡᠶ᠋ᠢᠭᠡᠮ᠎ᠳᠤ ᠴᠢᠬᠤᠯᠠ ᠬᠠᠳᠠᠭ᠋ᠠᠯᠠᠬᠤ ᠦᠨ᠎ᠡ ᠦᠷᠲᠡᠭ᠎ᠲᠠᠢ ᠪᠤᠶᠤ ᠨᠢᠭᠤᠴᠠ ᠵᠢ ᠬᠠᠮᠠᠭ᠋ᠠᠯᠠᠬᠤ ᠬᠡᠷᠡᠭᠲᠡᠶ ᠪᠠᠢ᠌ᠪᠠᠯ᠂ ᠳᠠᠨᠭ᠌ᠰᠠ ᠡᠪᠬᠡᠮᠡᠯ᠎ᠤᠨ ᠥᠮᠴᠢᠯᠡᠭᠴᠢ᠎ᠠᠴᠠ ᠲᠣᠬᠢᠲᠠᠶ ᠬᠠᠳᠠᠭ᠋ᠠᠯᠠᠨ ᠬᠠᠮᠢᠶᠠᠷᠬᠤ ᠬᠡᠷᠡᠭᠲᠡᠶ᠃ ᠬᠠᠳᠠᠭ᠋ᠠᠯᠠᠨ ᠬᠠᠮᠢᠶᠠᠷᠬᠤ ᠨᠥᠬᠥᠴᠡᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠪᠤᠶᠤ ᠪᠤᠰᠤᠳ ᠰᠢᠯᠲᠠᠭ᠋ᠠᠨ ᠣᠷᠤᠰᠢᠵᠤ ᠳᠠᠩᠰᠠ ᠡᠪᠬᠡᠮᠡᠯ᠎ᠢ ᠬᠦᠨᠳᠦ ᠨᠣᠴᠢᠲᠠᠶ ᠡᠪᠳᠡᠵᠦ ᠰᠦᠢ᠍ᠳᠬᠡᠵᠦ ᠮᠡᠳᠡᠬᠦ ᠪᠠ ᠠᠶᠤᠯ᠎ᠲᠠᠢ ᠪᠣᠯᠭ᠋ᠠᠵᠤ ᠮᠡᠳᠡᠬᠦ ᠪᠠᠢ᠌ᠳᠠᠯ᠎ᠳᠤ᠂ ᠮᠤᠵᠢ ᠵᠢᠨ ᠱᠠᠲᠤᠨ᠎ᠠᠴᠠ ᠳᠡᠭᠡᠭᠰᠢᠬᠢ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠨᠢ ᠬᠠᠪᠰᠤᠷᠤᠯᠭ᠎ᠠ ᠦᠵᠡᠭᠦᠯᠬᠦ ᠪᠤᠶᠤ ᠵᠥᠪᠳᠡᠯᠴᠡᠵᠦ ᠪᠠᠶ᠋ᠢᠭ᠋ᠠᠳ ᠳᠠᠨᠭ᠌ᠰᠠ ᠡᠪᠬᠡᠮᠡᠯ᠎ᠤᠨ ᠣᠷᠳᠤᠨ᠎ᠢ ᠣᠷᠣᠯᠠᠨ ᠬᠠᠮᠢᠶᠠᠷᠬᠤ ᠵᠠᠷᠭᠡ ᠳᠠᠨᠭ᠌ᠰᠠ ᠡᠪᠬᠡᠮᠡᠯ᠎ᠤᠨ ᠪᠦᠷᠢᠨ ᠪᠦᠲᠦᠨ ᠪᠠ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ; ᠴᠢᠬᠤᠯᠠᠲᠠᠶ ᠦᠶ᠎ᠡ᠎ᠳᠤ ᠬᠠᠤᠯᠢ ᠶᠣᠰᠣᠭ᠋ᠠᠷ ᠬᠤᠳᠠᠯᠳᠤᠨ ᠠᠪᠬᠤ ᠪᠤᠶᠤ ᠲᠠᠲᠠᠪᠤᠷᠢᠯᠠᠨ ᠬᠤᠳᠠᠯᠳᠤᠨ ᠠᠪᠴᠤ ᠪᠣᠯᠤᠨ᠎ᠠ᠃
      ᠡᠮᠦᠨᠡᠬᠢ ᠪᠠᠳᠠᠭ᠎ᠲᠤ ᠵᠢᠭᠰᠠᠭ᠋ᠠᠭᠰᠠᠨ ᠳᠠᠨᠭ᠌ᠰᠠ ᠡᠪᠬᠡᠮᠡᠯ᠎ᠢ ᠳᠠᠨᠭ᠌ᠰᠠ ᠡᠪᠬᠡᠮᠡᠯ᠎ᠤᠨ ᠥᠮᠴᠢᠯᠡᠭᠴᠢ᠎ᠠᠴᠠ ᠤᠯᠤᠰ᠎ᠤᠨ ᠳᠠᠨᠭ᠌ᠰᠠ ᠡᠪᠬᠡᠮᠡᠯ᠎ᠤᠨ ᠣᠷᠳᠤᠨ᠎ᠳᠤ ᠬᠠᠳᠠᠭ᠋ᠠᠯᠠᠭᠤᠯᠬᠤ ᠪᠤᠶᠤ ᠰᠢᠯᠵᠢᠭᠦᠯᠦᠨ ᠥᠭᠴᠦ ᠪᠣᠯᠤᠨ᠎ᠠ᠃ ᠭᠠᠳᠠᠭ᠋ᠠᠳᠤ ᠤᠯᠤᠰ᠎ᠤᠨ ᠬᠥᠮᠦᠨ ᠪᠤᠶᠤ ᠭᠠᠳᠠᠭ᠋ᠠᠳᠤ ᠤᠯᠤᠰ᠎ᠤᠨ ᠵᠣᠬᠢᠶᠠᠨ ᠪᠠᠶ᠋ᠢᠭᠤᠯᠤᠯᠲᠠ᠎ᠳᠤ ᠬᠤᠳᠠᠯᠳᠤᠬᠤ ᠪᠠ ᠪᠡᠯᠭᠡᠯᠡᠨ ᠬᠦᠷᠭᠡᠬᠦ ᠵᠢ ᠴᠢᠩᠭ᠎ᠠ ᠴᠠᠭ᠋ᠠᠵᠠᠯᠠᠨ᠎ᠠ᠃
      ᠤᠯᠤᠰ᠎ᠲᠤ ᠴᠢᠬᠤᠯᠠ᠂ ᠬᠣᠪᠣᠷ ᠨᠠᠨᠳᠢᠨ ᠳᠠᠩᠰᠠ ᠡᠪᠬᠡᠮᠡᠯ ᠵᠶ᠋ᠠᠨ ᠬᠠᠨᠳᠢᠪᠯᠠᠭᠰᠠᠨ ᠪᠠᠢ᠌ᠪᠠᠯ᠂ ᠤᠯᠤᠰ᠎ᠤᠨ ᠳᠠᠩᠰᠠ ᠡᠪᠬᠡᠮᠡᠯ᠎ᠤᠨ ᠣᠷᠳᠤᠨ᠎ᠠᠴᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠱᠠᠩᠨᠠᠬᠤ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ᠂ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠤ ᠳᠠᠨᠭ᠌ᠰᠠ ᠡᠪᠬᠡᠮᠡᠯ᠎ᠢ ᠬᠤᠳᠠᠯᠳᠤᠭ᠋ᠠᠯᠠᠬᠤ ᠵᠢ ᠴᠠᠭ᠋ᠠᠵᠠᠯᠠᠨ᠎ᠠ᠃
      ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠠᠴᠠ ᠡᠳ᠋ ᠬᠥᠷᠥᠩᠭᠡ ᠰᠢᠯᠵᠢᠭᠦᠯᠦᠨ ᠥᠭᠬᠦ᠎ᠳᠤ᠂ ᠬᠣᠯᠪᠣᠭᠳᠠᠯ ᠪᠦᠬᠦᠢ ᠳᠠᠨᠭ᠌ᠰᠠ ᠡᠪᠬᠡᠮᠡᠯ᠎ᠢ ᠰᠢᠯᠵᠢᠭᠦᠯᠦᠨ ᠥᠭᠬᠦ ᠪᠣᠳᠠᠲᠠᠶ ᠠᠷᠭ᠎ᠠ ᠵᠢ ᠤᠯᠤᠰ᠎ᠤᠨ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠲᠣᠭᠲᠠᠭ᠋ᠠᠨ᠎ᠠ᠃
      ᠳᠠᠩᠰᠠ ᠡᠪᠬᠡᠮᠡᠯ᠎ᠤᠨ ᠪᠠᠭᠤᠯᠭ᠋ᠠᠪᠤᠷᠢ ᠵᠢ ᠰᠣᠯᠢᠯᠴᠠᠬᠤ᠂ ᠰᠢᠯᠵᠢᠭᠦᠯᠦᠨ ᠥᠭᠬᠦ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
      ᠬᠣᠷᠢᠨ ᠳᠥᠷᠪᠡᠳᠦᠭᠡᠷ ᠵᠦᠢ᠍ᠯ᠂ ᠳᠠᠩᠰᠠ ᠡᠪᠬᠡᠮᠡᠯ᠎ᠤᠨ ᠣᠷᠳᠤᠨ ᠪᠣᠯᠤᠨ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠳᠠᠩᠰᠠ ᠡᠪᠬᠡᠮᠡᠯ᠎ᠢ ᠡᠮᠬᠢᠯᠡᠬᠦ᠂ ᠬᠠᠳᠠᠭ᠋ᠠᠯᠠᠭᠤᠯᠬᠤ᠂ ᠨᠡᠭᠡᠭᠡᠨ ᠠᠰᠢᠭᠯᠠᠬᠤ ᠪᠠ ᠲᠣᠭ᠋ᠠᠵᠢᠭᠤᠯᠬᠤ ᠵᠡᠷᠭᠡ ᠦᠢ᠍ᠯᠡᠴᠢᠯᠡᠭᠡ᠎ᠳᠤ ᠨᠠᠶ᠋ᠢᠳᠠᠭᠰᠠᠨ᠎ᠢ ᠨᠥᠬᠥᠴᠡᠯ᠎ᠳᠤ ᠨᠡᠶ᠋ᠢᠴᠡᠭᠰᠡᠨ ᠳᠠᠩᠰᠠ ᠡᠪᠬᠡᠮᠡᠯ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠲᠠᠢ ᠨᠠᠶ᠋ᠢᠳᠠᠯᠭ᠎ᠠ ᠵᠢᠨ ᠬᠡᠯᠡᠯᠴᠡᠭᠡᠷ ᠲᠣᠭᠲᠠᠵᠤ᠂ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ᠂ ᠶᠠᠰᠤ ᠴᠢᠨᠠᠷ ᠪᠠ ᠮᠡᠷᠭᠡᠵᠢᠯ᠎ᠤᠨ ᠪᠠᠷᠢᠮᠵᠢᠶ᠎ᠠ ᠵᠡᠷᠭᠡ ᠠᠭᠤᠯᠭ᠎ᠠ ᠵᠢ ᠪᠣᠯᠵᠣᠨ ᠲᠣᠭᠲᠠᠭ᠋ᠠᠬᠤ ᠵᠢᠨ ᠬᠠᠮᠲᠤ ᠨᠠᠶ᠋ᠢᠳᠠᠯᠭ᠎ᠠ ᠬᠦᠯᠢᠶᠡᠭᠰᠡᠨ ᠲᠠᠯ᠎ᠠ᠎ᠳᠤ ᠬᠢᠨᠠᠯᠲᠠ ᠲᠠᠯᠪᠢᠬᠤ ᠬᠡᠷᠡᠭᠲᠡᠢ᠃
      ᠨᠠᠶ᠋ᠢᠳᠠᠯᠭ᠎ᠠ ᠬᠦᠯᠢᠶᠡᠭᠰᠡᠨ ᠲᠠᠯ᠎ᠠ᠎ᠨᠢ ᠳᠠᠩᠰᠠ ᠡᠪᠬᠡᠮᠡᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠬᠣᠯᠪᠣᠭᠳᠠᠯ ᠪᠦᠬᠦᠢ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠵᠢᠷᠤᠮᠯᠠᠨ ᠰᠠᠬᠢᠵᠤ᠂ ᠳᠠᠩᠰᠠ ᠡᠪᠬᠡᠮᠡᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ᠂ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠤ ᠳᠠᠩᠰᠠ ᠡᠪᠬᠡᠮᠡᠯ ᠪᠣᠯᠤᠨ ᠲᠤᠰ ᠬᠠᠤᠯᠢ᠎ᠤᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠳᠠᠩᠰᠠ ᠡᠪᠬᠡᠮᠡᠯ ᠵᠢᠴᠢ ᠲᠡᠭᠦᠨ᠎ᠤ ᠪᠠᠭᠤᠯᠭ᠋ᠠᠪᠤᠷᠢ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠵᠥᠭᠡᠭᠡᠪᠦᠷᠢᠯᠡᠬᠦ᠂ ᠰᠢᠤᠳᠠᠨ ᠵᠶ᠋ᠠᠷ ᠢᠯᠡᠭᠡᠬᠦ᠂ ᠪᠡᠶ᠎ᠡ᠎ᠳᠤ᠎ᠪᠠᠨ ᠠᠪᠴᠤ ᠬᠢᠯᠢ᠎ᠠᠴᠠ ᠭᠠᠷᠬᠤ ᠪᠣᠶᠤ ᠢᠨᠲᠸᠷ ᠰᠦᠯᠵᠢᠶ᠎ᠡ᠎ᠪᠠᠷ ᠳᠠᠮᠵᠢᠭᠤᠯᠤᠨ ᠬᠢᠯᠢ᠎ᠠᠴᠠ ᠭᠠᠷᠭ᠋ᠠᠬᠤ ᠵᠢ ᠴᠠᠭ᠋ᠠᠵᠠᠯᠠᠬᠤ ᠬᠡᠷᠡᠭᠲᠡᠢ᠃ ᠦᠨᠡᠬᠡᠷ ᠬᠢᠯᠢ᠎ᠠᠴᠠ ᠭᠠᠷᠭ᠋ᠠᠬᠤ ᠴᠢᠬᠤᠯᠠᠲᠠᠶ ᠪᠣᠯ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠬᠦ ᠬᠡᠷᠡᠭᠲᠡᠶ᠃
      ᠬᠣᠷᠢᠨ ᠵᠢᠷᠭᠤᠳᠤᠭ᠋ᠠᠷ ᠵᠦᠢ᠍ᠯ᠂ ᠤᠯᠤᠰ᠎ᠤᠨ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠠᠵᠢᠯᠯᠠᠭ᠎ᠠ ᠵᠢᠨ ᠬᠣᠯᠪᠣᠭᠳᠠᠯ ᠪᠦᠬᠦᠢ ᠳᠠᠨᠭ᠌ᠰᠠ ᠡᠪᠬᠡᠮᠡᠯ᠎ᠢ ᠴᠤᠭᠯᠠᠭᠤᠯᠬᠤ᠂ ᠡᠮᠬᠢᠯᠡᠬᠦ᠂ ᠬᠠᠮᠠᠭ᠋ᠠᠯᠠᠬᠤ᠂ ᠠᠰᠢᠭᠯᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃
      ᠳᠠᠩᠰᠠ ᠡᠪᠬᠡᠮᠡᠯ᠎ᠤᠨ ᠣᠷᠳᠤᠨ᠎ᠠᠴᠠ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠠᠵᠢᠯᠯᠠᠭ᠎ᠠ ᠵᠢᠨ ᠬᠠᠮᠢᠶ᠎ᠠ ᠪᠦᠬᠦᠢ ᠳᠠᠩᠰᠠ ᠡᠪᠬᠡᠮᠡᠯ᠎ᠢ ᠰᠤᠳᠤᠯᠤᠨ ᠡᠮᠬᠢᠳᠬᠡᠬᠦ ᠪᠠ ᠨᠡᠭᠡᠭᠡᠨ ᠠᠰᠢᠭᠯᠠᠬᠤ᠎ᠪᠠᠨ ᠴᠢᠩᠭ᠋ᠠᠳᠬᠠᠵᠤ᠂ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠠᠵᠢᠯᠯᠠᠭ᠎ᠠ᠎ᠳᠤ ᠰᠤᠷᠪᠤᠯᠵᠢ ᠪᠢᠴᠢᠭ᠎ᠤᠨ ᠯᠠᠪᠯᠠᠯᠲᠠ ᠪᠠ ᠰᠢᠢ᠍ᠳᠪᠦᠷᠢᠲᠦ ᠪᠣᠳᠤᠯᠭ᠎ᠠ ᠵᠢᠨ ᠳᠡᠮᠵᠢᠯᠭᠡ ᠬᠠᠩᠭ᠋ᠠᠬᠤ ᠬᠡᠷᠡᠭᠲᠡᠢ᠃


      ᠳᠥᠷᠪᠡᠳᠦᠭᠡᠷ ᠪᠦᠯᠦᠭ   ᠳᠠᠨᠭ᠌ᠰᠠ ᠡᠪᠬᠡᠮᠡᠯ᠎ᠢ ᠠᠰᠢᠭᠯᠠᠬᠤ ᠪᠠ ᠨᠡᠶ᠋ᠢᠲᠡᠯᠡᠬᠦ


      ᠬᠣᠷᠢᠨ ᠳᠣᠯᠣᠳᠤᠭ᠋ᠠᠷ ᠵᠦᠢ᠍ᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠳᠠᠨᠭ᠌ᠰᠠ ᠡᠪᠬᠡᠮᠡᠯ᠎ᠤᠨ ᠣᠷᠳᠤᠨ᠎ᠤ ᠳᠠᠨᠭ᠌ᠰᠠ ᠡᠪᠬᠡᠮᠡᠯ᠎ᠢ ᠪᠤᠢ ᠪᠣᠯᠤᠭᠰᠠᠨ ᠡᠳᠦᠷ᠎ᠠᠴᠠ ᠡᠬᠢᠯᠡᠨ ᠪᠦᠬᠦᠯᠢ ᠬᠣᠷᠢᠨ ᠲᠠᠪᠤᠨ ᠵᠢᠯ ᠪᠣᠯᠲᠠᠯ᠎ᠠ ᠨᠡᠢ᠌ᠭᠡᠮ᠎ᠳᠤ ᠨᠡᠭᠡᠭᠡᠬᠦ ᠬᠡᠷᠡᠭᠲᠡᠶ᠃ ᠠᠵᠤ ᠠᠬᠤᠶ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠣᠶᠣᠯ ᠵᠡᠷᠭᠡ ᠲᠦᠷᠦᠯ᠎ᠤᠨ ᠳᠠᠨᠭ᠌ᠰᠠ ᠡᠪᠬᠡᠮᠡᠯ᠎ᠢ ᠬᠣᠷᠢᠨ ᠲᠠᠪᠤᠨ ᠵᠢᠯ᠎ᠠᠴᠠ ᠳᠣᠷᠤᠭᠰᠢ ᠨᠡᠶ᠋ᠢᠭᠡᠮ᠎ᠳᠤ ᠨᠡᠭᠡᠭᠡᠵᠦ ᠪᠣᠯᠤᠨ᠎ᠠ; ᠤᠯᠤᠰ ᠣᠷᠣᠨ᠎ᠤ ᠠᠮᠤᠷ ᠲᠦᠪᠰᠢᠨ ᠪᠤᠶᠤ ᠴᠢᠬᠤᠯᠠ ᠶᠡᠬᠡ ᠠᠰᠢᠭ ᠲᠤᠰᠠ᠎ᠳᠤ ᠬᠣᠯᠪᠣᠭᠳᠠᠭᠰᠠᠨ ᠵᠢᠴᠢ ᠬᠤᠭᠤᠴᠠᠭ᠎ᠠ᠎ᠨᠢ ᠲᠤᠯᠪᠠᠯ ᠨᠡᠭᠡᠭᠡᠬᠦ᠎ᠳᠤ ᠲᠣᠬᠢᠷᠠᠮᠵᠢ ᠦᠭᠡᠢ ᠪᠤᠰᠤᠳ ᠳᠠᠨᠭ᠌ᠰᠠ ᠡᠪᠬᠡᠮᠡᠯ᠎ᠢ ᠬᠣᠷᠢᠨ ᠲᠠᠪᠤᠨ ᠵᠢᠯ᠎ᠠᠴᠠ ᠢᠯᠡᠭᠦᠤ ᠨᠡᠢ᠌ᠭᠡᠮ᠎ᠳᠤ ᠨᠡᠭᠡᠭᠡᠵᠦ ᠪᠣᠯᠤᠨ᠎ᠠ᠃ ᠤᠯᠤᠰ᠎ᠠᠴᠠ ᠳᠠᠨᠭ᠌ᠰᠠ ᠡᠪᠬᠡᠮᠡᠯ᠎ᠤᠨ ᠪᠤᠰᠤᠳ ᠭᠠᠵᠠᠷ᠎ᠤᠨ ᠳᠠᠨᠭ᠌ᠰᠠ ᠡᠪᠬᠡᠮᠡᠯ᠎ᠢ ᠨᠡᠶ᠋ᠢᠭᠡᠮ᠎ᠳᠤ ᠴᠢᠯᠥᠭᠡᠲᠡᠶ ᠨᠡᠭᠡᠭᠡᠬᠦ ᠵᠢ ᠵᠣᠷᠢᠭᠵᠢᠭᠤᠯᠤᠨ ᠳᠡᠮᠵᠢᠨ᠎ᠡ᠃ ᠳᠠᠨᠭ᠌ᠰᠠ ᠡᠪᠬᠡᠮᠡᠯ᠎ᠢ ᠨᠡᠭᠡᠭᠡᠬᠦ ᠪᠣᠳᠠᠲᠠᠶ ᠠᠷᠭ᠎ᠠ ᠵᠢ ᠤᠯᠤᠰ᠎ᠤᠨ ᠳᠠᠨᠭ᠌ᠰᠠ ᠡᠪᠬᠡᠮᠡᠯ᠎ᠢ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠲᠣᠭᠲᠠᠭ᠋ᠠᠵᠤ᠂ ᠳᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠵᠥᠪᠰᠢᠶᠡᠷᠡᠭᠦᠯᠦᠨ᠎ᠡ᠃
      ᠬᠣᠷᠢᠨ ᠨᠠᠢ᠍ᠮᠠᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠣᠷᠳᠤᠨ᠎ᠨᠢ ᠰᠦᠯᠵᠢᠶᠡᠨ ᠥᠷᠲᠡᠭᠡ ᠪᠤᠶᠤ ᠪᠤᠰᠤᠳ ᠠᠷᠭ᠎ᠠ ᠮᠠᠶᠢᠭ ᠵᠶ᠋ᠠᠷ ᠳᠠᠮᠵᠢᠭᠤᠯᠤᠨ ᠳᠠᠩᠰᠠ ᠡᠪᠬᠡᠮᠡᠯ᠎ᠤᠨ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠵᠦ᠂ ᠠᠰᠢᠭᠯᠠᠬᠤ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠬᠡᠯᠪᠡᠷᠢ ᠵᠢᠨ ᠰᠢᠨ᠎ᠡ ᠵᠢ ᠡᠭᠦᠳᠴᠦ᠂ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠵᠦ᠂ ᠳᠠᠩᠰᠠ ᠡᠪᠬᠡᠮᠡᠯ᠎ᠢ ᠠᠰᠢᠭᠯᠠᠬᠤ᠎ᠳᠤ ᠢᠳᠡᠪᠬᠢᠲᠠᠢ᠎ᠪᠠᠷ ᠨᠥᠬᠥᠴᠡᠯ ᠪᠦᠷᠢᠯᠳᠦᠭᠦᠯᠵᠦ᠂ ᠭᠠᠷᠳᠠᠮ᠎ᠢ ᠳᠥᠭᠥᠮᠴᠢᠯᠡᠵᠦ᠂ ᠳᠥᠭᠥᠮ ᠦᠵᠡᠭᠦᠯᠬᠦ ᠬᠡᠷᠡᠭᠲᠡᠶ᠃
      ᠨᠢᠭᠡᠴᠢ ᠪᠠ ᠬᠤᠪᠢ ᠬᠥᠮᠦᠨ᠎ᠨᠢ ᠬᠠᠤᠯᠢ ᠶᠣᠰᠣᠨ᠎ᠤ ᠭᠡᠷᠡᠴᠢ᠎ᠲᠠᠢ ᠪᠠᠶ᠋ᠢᠪᠠᠯ᠂ ᠨᠢᠭᠡᠨᠲᠡ ᠨᠡᠭᠡᠭᠡᠭᠰᠡᠨ ᠳᠠᠨᠭ᠌ᠰᠠ ᠡᠪᠬᠡᠮᠡᠯ᠎ᠢ ᠠᠰᠢᠭᠯᠠᠵᠤ ᠪᠣᠯᠤᠨ᠎ᠠ᠃ ᠳᠠᠩᠰᠠ ᠡᠪᠬᠡᠮᠡᠯ᠎ᠤᠨ ᠣᠷᠳᠤᠨ᠎ᠨᠢ ᠲᠣᠭᠲᠠᠭ᠋ᠠᠯ ᠶᠣᠰᠣᠭ᠋ᠠᠷ ᠨᠡᠭᠡᠭᠡᠨ ᠠᠰᠢᠭᠯᠠᠭᠤᠯᠬᠤ ᠦᠭᠡᠢ ᠪᠣᠯ᠂ ᠨᠢᠭᠡᠴᠢ ᠪᠣᠯᠤᠨ ᠬᠤᠪᠢ ᠬᠥᠮᠦᠨ᠎ᠠᠴᠠ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠲᠤ ᠵᠠᠭ᠋ᠠᠯᠳᠤᠵᠤ ᠪᠣᠯᠤᠨ᠎ᠠ᠂ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠴᠠᠭ ᠲᠤᠬᠠᠶ᠎ᠳᠤ᠎ᠨᠢ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ᠂ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠵᠠᠭ᠋ᠠᠯᠳᠤᠭᠴᠢ᠎ᠳᠤ ᠮᠡᠳᠡᠭᠳᠡᠬᠦ ᠬᠡᠷᠡᠭᠲᠡᠶ᠃
      ᠳᠠᠨᠭ᠌ᠰᠠ ᠡᠪᠬᠡᠮᠡᠯ᠎ᠢ ᠠᠰᠢᠭᠯᠠᠬᠤ᠎ᠨᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠠ ᠬᠤᠪᠢ ᠬᠥᠮᠦᠨ᠎ᠤ ᠮᠡᠳᠡᠭᠡ ᠵᠠᠩᠭᠢ᠎ᠲᠠᠢ ᠬᠣᠯᠪᠣᠭᠳᠠᠭᠰᠠᠨ ᠪᠠᠶ᠋ᠢᠪᠠᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
      ᠬᠣᠷᠢ ᠶᠢᠰᠦᠳᠦᠭᠡᠷ ᠵᠦᠢ᠍ᠯ᠂ ᠪᠠᠢ᠌ᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠴᠢ ᠠᠷᠠᠳ ᠢᠷᠭᠡᠳ᠎ᠠᠴᠠ ᠠᠵᠤ ᠠᠬᠤᠶ ᠵᠢᠨ ᠪᠦᠳᠦᠭᠡᠠ ᠪᠠᠶ᠋ᠢᠭᠤᠯᠤᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠳᠦᠭᠡᠠ ᠪᠠᠶ᠋ᠢᠭᠤᠯᠤᠯᠲᠠ᠂ ᠵᠢᠭ᠋ᠠᠨ ᠰᠤᠷᠭ᠋ᠠᠬᠤ ᠰᠢᠨᠵᠢᠯᠡᠬᠦ ᠤᠬᠠᠭ᠋ᠠᠨ᠎ᠤ ᠰᠤᠳᠤᠯᠤᠯ ᠬᠢᠭᠡᠳ ᠪᠤᠰᠤᠳ ᠠᠵᠢᠯ᠎ᠤᠨ ᠬᠡᠷᠡᠭᠴᠡᠭᠡ ᠵᠢ ᠦᠨᠳᠦᠰᠦᠯᠡᠵᠦ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠳᠠᠨᠭ᠌ᠰᠠ ᠡᠪᠬᠡᠮᠡᠯ᠎ᠤᠨ ᠣᠷᠳᠤᠨ᠎ᠤ ᠨᠡᠬᠡᠭᠡᠳᠦᠶ ᠳᠠᠨᠭ᠌ᠰᠠ ᠡᠪᠬᠡᠮᠡᠯ ᠵᠢᠴᠢ ᠬᠣᠯᠪᠣᠭᠳᠠᠯ ᠪᠦᠬᠦᠢ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠳᠠᠭ᠋ᠠᠯᠠᠵᠤ ᠪᠠᠶ᠋ᠢᠭ᠎ᠠ ᠳᠠᠨᠭ᠌ᠰᠠ ᠡᠪᠬᠡᠮᠡᠯ᠎ᠢ ᠠᠰᠢᠭᠯᠠᠵᠤ ᠪᠣᠯᠤᠨ᠎ᠠ᠃
      ᠭᠤᠴᠢᠳᠤᠭ᠋ᠠᠷ ᠵᠦᠢ᠍ᠯ᠂ ᠣᠷᠳᠤᠨ᠎ᠳᠤ ᠬᠠᠳᠠᠭ᠋ᠠᠯᠠᠵᠤ ᠪᠠᠶ᠋ᠢᠭ᠎ᠠ ᠳᠠᠩᠰᠠ ᠡᠪᠬᠡᠮᠡᠯ᠎ᠤᠨ ᠨᠡᠭᠡᠭᠡᠬᠦ᠂ ᠬᠢᠨᠠᠨ ᠬᠠᠷᠭᠤᠭᠤᠯᠬᠤ ᠵᠢ ᠳᠠᠩᠰᠠ ᠡᠪᠬᠡᠮᠡᠯ᠎ᠤᠨ ᠭᠠᠵᠠᠷ᠎ᠨᠢ ᠳᠠᠩᠰᠠ ᠡᠪᠬᠡᠮᠡᠯ᠎ᠤᠨ ᠪᠦᠷᠢᠯᠳᠦᠭᠰᠡᠨ ᠨᠢᠭᠡᠴᠢ ᠪᠣᠶᠤ ᠰᠢᠯᠵᠢᠭᠦᠯᠦᠨ ᠲᠤᠰᠢᠶᠠᠬᠤ ᠨᠢᠭᠡᠴᠢ᠎ᠲᠠᠢ ᠬᠠᠮᠲᠤᠷᠠᠨ ᠬᠠᠮᠲᠤ᠎ᠪᠠᠷ ᠬᠠᠷᠢᠭᠤᠴᠠᠨ᠎ᠠ᠃ ᠣᠷᠳᠣᠨ᠎ᠳᠤ ᠰᠢᠯᠵᠢᠭᠦᠯᠦᠨ ᠲᠤᠰᠢᠶᠠᠵᠤ ᠣᠷᠣᠭᠤᠯᠤᠭ᠎ᠠ ᠦᠭᠡᠢ ᠳᠠᠩᠰᠠ ᠡᠪᠬᠡᠮᠡᠯ᠎ᠤᠨ ᠨᠡᠭᠡᠭᠡᠯᠲᠡ ᠬᠢᠨᠠᠨ ᠬᠠᠷᠭᠤᠭᠤᠯᠤᠯᠲᠠ ᠵᠢ᠂ ᠳᠠᠩᠰᠠ ᠡᠪᠬᠡᠮᠡᠯ ᠪᠦᠷᠢᠯᠳᠦᠭᠰᠡᠨ ᠨᠢᠭᠡᠴᠢ ᠪᠤᠶᠤ ᠬᠠᠳᠠᠭ᠋ᠠᠯᠠᠨ ᠬᠠᠮᠢᠶᠠᠷᠬᠤ ᠨᠢᠭᠡᠴᠢ᠎ᠠᠴᠠ ᠬᠠᠷᠢᠭᠤᠴᠠᠬᠤ ᠵᠢᠨ ᠬᠠᠮᠲᠤ ᠰᠢᠯᠵᠢᠭᠦᠯᠦᠨ ᠲᠤᠰᠢᠶᠠᠬᠤ᠎ᠳᠤ᠎ᠪᠠᠨ ᠰᠠᠨᠠᠯ ᠵᠶ᠋ᠠᠨ ᠳᠠᠭ᠋ᠠᠯᠳᠤᠭᠤᠯᠬᠤ ᠬᠡᠷᠡᠭᠲᠡᠶ᠃
      ᠭᠤᠴᠢᠨ ᠨᠢᠭᠡᠳᠦᠭᠡᠷ ᠵᠦᠢ᠍ᠯ᠂ ᠳᠠᠩᠰᠠ ᠡᠪᠬᠡᠮᠡᠯ᠎ᠤᠨ ᠣᠷᠳᠤᠨ᠎ᠳᠤ ᠳᠠᠩᠰᠠ ᠡᠪᠬᠡᠮᠡᠯ᠎ᠢ ᠰᠢᠯᠵᠢᠭᠦᠯᠦᠨ ᠲᠤᠰᠢᠶᠠᠭᠰᠠᠨ᠂ ᠬᠠᠨᠳᠢᠪᠯᠠᠭᠰᠠᠨ᠂ ᠬᠠᠳᠠᠭ᠋ᠠᠯᠠᠭᠤᠯᠤᠭᠰᠠᠨ ᠨᠢᠭᠡᠴᠢ ᠪᠠ ᠬᠤᠪᠢ ᠬᠥᠮᠦᠨ᠎ᠨᠢ ᠲᠣᠰ ᠳᠠᠩᠰᠠ ᠡᠪᠬᠡᠮᠡᠯ᠎ᠢ ᠤᠷᠢᠳᠠᠪᠠᠷ ᠠᠰᠢᠭᠯᠠᠵᠤ ᠪᠣᠯᠤᠨ᠎ᠠ᠂ ᠲᠡᠷᠡᠴᠢᠯᠡᠨ ᠳᠠᠩᠰᠠ ᠡᠪᠬᠡᠮᠡᠯ᠎ᠤᠨ ᠳᠣᠲᠣᠷᠠᠬᠢ ᠨᠡᠶ᠋ᠢᠭᠡᠮ᠎ᠳᠤ ᠨᠡᠭᠡᠭᠡᠬᠦ᠎ᠳᠤ ᠲᠣᠬᠢᠷᠠᠮᠵᠢ ᠦᠭᠡᠢ ᠬᠡᠰᠡᠭ᠎ᠲᠤ ᠠᠰᠢᠭᠯᠠᠬᠤ ᠵᠢ ᠬᠢᠵᠠᠭ᠋ᠠᠷᠯᠠᠬᠤ ᠰᠠᠨᠠᠯ ᠳᠤᠷᠠᠳᠴᠤ ᠪᠣᠯᠤᠨ᠎ᠠ᠂ ᠳᠠᠩᠰᠠ ᠡᠪᠬᠡᠮᠡᠯ᠎ᠤᠨ ᠣᠷᠳᠤᠨ᠎ᠠᠴᠠ   ᠳᠡᠮᠵᠢᠵᠦ᠂ ᠳᠥᠭᠥᠮ ᠦᠵᠡᠭᠦᠯᠬᠦ ᠬᠡᠷᠡᠭᠲᠡᠢ᠃
      ᠭᠤᠴᠢᠨ ᠬᠣᠶᠠᠳᠤᠭ᠋ᠠᠷ ᠵᠦᠢ᠍ᠯ᠂ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠤ ᠳᠠᠨᠭ᠌ᠰᠠ ᠡᠪᠬᠡᠮᠡᠯ᠎ᠢ ᠤᠯᠤᠰ᠎ᠠᠴᠠ ᠡᠷᠬᠡ ᠣᠯᠭᠣᠭᠰᠠᠨ ᠳᠠᠨᠭ᠌ᠰᠠ ᠡᠪᠬᠡᠮᠡᠯ᠎ᠤᠨ ᠣᠷᠳᠤᠨ ᠪᠤᠶᠤ ᠬᠣᠯᠪᠣᠭᠳᠠᠯ ᠪᠦᠬᠦᠢ ᠪᠠᠶ᠋ᠢᠭᠤᠯᠭ᠎ᠠ᠎ᠠᠴᠠ ᠨᠡᠶ᠋ᠢᠲᠡᠯᠡᠨ᠎ᠡ; ᠲᠡᠡᠭᠰᠠ ᠡᠪᠬᠡᠮᠡᠯ᠎ᠤᠨ ᠣᠷᠳᠤᠨ ᠪᠤᠶᠤ ᠬᠣᠯᠪᠣᠭᠳᠠᠯ ᠪᠦᠬᠦᠢ ᠪᠠᠶ᠋ᠢᠭᠤᠯᠭ᠎ᠠ ᠵᠢᠨ ᠵᠥᠪᠰᠢᠶᠡᠷᠡᠯ ᠤᠢ᠍ᠭᠡᠢ᠎ᠪᠠᠷ ᠶᠠᠮᠠᠷᠪᠠ ᠨᠢᠭᠡᠴᠢ ᠪᠠ ᠬᠤᠪᠢ ᠬᠥᠮᠦᠨ ᠨᠡᠶ᠋ᠢᠲᠡᠯᠡᠬᠦ ᠡᠷᠬᠡ ᠤᠢ᠍ᠭᠡᠢ᠃ ᠤᠯᠤᠰ᠎ᠤᠨ ᠥᠮᠴᠢᠯᠡᠯ᠎ᠤᠨ ᠪᠤᠰᠤ ᠠᠵᠤ ᠠᠬᠤᠶ᠋ᠢᠯᠠᠯ᠂ ᠨᠡᠶ᠋ᠢᠭᠡᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠨᠢᠭᠡᠴᠢ ᠪᠠ ᠬᠤᠪᠢ ᠬᠥᠮᠦᠨ᠎ᠤ ᠪᠦᠷᠢᠯᠳᠦᠭᠰᠡᠨ ᠳᠠᠨᠭ᠌ᠰᠠ ᠡᠪᠬᠡᠮᠡᠯ᠎ᠢ ᠳᠠᠨᠭ᠌ᠰᠠ ᠡᠪᠬᠡᠮᠡᠯ᠎ᠤᠨ ᠥᠮᠴᠢᠯᠡᠭᠴᠢ᠎ᠨᠢ ᠨᠡᠶ᠋ᠢᠲᠡᠯᠡᠬᠦ ᠡᠷᠬᠡ᠎ᠲᠠᠢ᠃
      ᠳᠠᠩᠰᠠ ᠡᠪᠬᠡᠮᠡᠯ᠎ᠢ ᠨᠡᠶ᠋ᠢᠲᠡᠯᠡᠬᠦ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠂ ᠤᠯᠤᠰ ᠣᠷᠣᠨ᠎ᠤ ᠠᠮᠤᠷ ᠲᠦᠪᠰᠢᠨ ᠪᠠ ᠠᠰᠢᠭ ᠲᠤᠰᠠ ᠵᠢ ᠬᠣᠬᠢᠷᠠᠭᠤᠯᠵᠤ ᠪᠣᠯᠬᠤ ᠦᠭᠡᠢ᠂ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠵᠤ ᠪᠣᠯᠬᠤ ᠦᠭᠡᠢ᠃
      ᠭᠤᠴᠢᠨ ᠭᠤᠷᠪᠠᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠣᠷᠳᠤᠨ᠎ᠨᠢ ᠥᠪᠡᠷ᠎ᠤᠨ ᠨᠥᠬᠥᠴᠡᠯ ᠵᠶ᠋ᠠᠨ ᠦᠨᠳᠦᠰᠦᠯᠡᠵᠦ᠂ ᠲᠦᠷᠦ ᠵᠢᠨ ᠪᠠᠶ᠋ᠢᠭᠤᠯᠭ᠎ᠠ᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠦᠷᠦ ᠵᠢᠨ ᠪᠤᠳᠤᠯᠭ᠎ᠠ ᠲᠣᠭᠲᠠᠭ᠋ᠠᠬᠤ ᠪᠠ ᠬᠣᠯᠪᠤᠭᠳᠠᠯ ᠪᠦᠬᠦᠢ ᠠᠰᠠᠭᠤᠳᠠᠯ᠎ᠤᠨ ᠰᠤᠳᠤᠯᠭ᠋ᠠᠨ ᠥᠷᠨᠢᠭᠦᠯᠬᠦ᠎ᠳᠤ ᠳᠡᠮᠵᠢᠯᠭᠡ ᠪᠠ ᠳᠦᠭᠦᠮ ᠦᠵᠡᠭᠦᠯᠬᠦ ᠬᠡᠷᠡᠭᠲᠡᠢ᠃
      ᠳᠠᠩᠰᠠ ᠡᠪᠬᠡᠮᠡᠯ᠎ᠤᠨ ᠣᠷᠳᠤᠨ᠎ᠳᠤ ᠰᠤᠳᠤᠯᠭ᠋ᠠᠨ᠎ᠤ ᠠᠵᠢᠯᠲᠠᠨ ᠲᠣᠬᠢᠷᠠᠭᠤᠯᠵᠤ᠂ ᠳᠠᠩᠰᠠ ᠡᠪᠬᠡᠮᠡᠯ᠎ᠢ ᠰᠤᠳᠤᠯᠤᠨ ᠡᠮᠬᠢᠯᠡᠬᠦ ᠠᠵᠢᠯ᠎ᠢ ᠴᠢᠩᠭ᠋ᠠᠳᠬᠠᠵᠤ᠂ ᠳᠠᠩᠰᠠ ᠡᠪᠬᠡᠮᠡᠯ᠎ᠤᠨ ᠮᠠᠲ᠋ᠧᠷᠢᠶᠠᠯ᠎ᠢ ᠲᠦᠯᠦᠪᠯᠡᠭᠡ᠎ᠲᠠᠢ᠎ᠪᠠᠷ ᠨᠠᠶ᠋ᠢᠷᠠᠭᠤᠯᠤᠨ ᠬᠡᠪᠯᠡᠭᠦᠯᠬᠦ ᠠᠵᠢᠯ᠎ᠢ ᠵᠣᠬᠢᠶᠠᠨ ᠪᠠᠶ᠋ᠢᠭᠤᠯᠵᠤ᠂ ᠠᠳᠠᠯᠢ ᠪᠤᠰᠤ ᠬᠡᠪᠴᠢᠶᠡᠨ᠎ᠳᠤ ᠲᠠᠷᠬᠠᠭ᠋ᠠᠬᠤ ᠬᠡᠷᠡᠭᠲᠡᠢ᠃
      ᠳᠠᠩᠰᠠ ᠡᠪᠬᠡᠮᠡᠯ᠎ᠤᠨ ᠰᠤᠳᠤᠯᠭ᠋ᠠᠨ᠎ᠤ ᠠᠵᠢᠯᠲᠠᠨ᠎ᠠᠴᠠ ᠳᠠᠩᠰᠠ ᠡᠪᠬᠡᠮᠡᠯ᠎ᠢ ᠰᠤᠳᠤᠯᠤᠨ ᠡᠮᠬᠢᠯᠡᠬᠦ᠎ᠳᠤ᠎ᠪᠠᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
      ᠭᠤᠴᠢᠨ ᠳᠥᠷᠪᠡᠳᠦᠭᠡᠷ ᠵᠦᠢ᠍ᠯ᠂ ᠤᠯᠤᠰ᠎ᠠᠴᠠ ᠳᠠᠩᠰᠠ ᠡᠪᠬᠡᠮᠡᠯ᠎ᠤᠨ ᠣᠷᠳᠤᠨ᠎ᠤ ᠬᠠᠳᠠᠭ᠋ᠠᠯᠠᠵᠤ ᠪᠠᠢ᠌ᠭ᠎ᠠ ᠳᠠᠩᠰᠠ ᠡᠪᠬᠡᠮᠡᠯ᠎ᠢ ᠨᠡᠭᠡᠭᠡᠨ ᠠᠰᠢᠭᠯᠠᠬᠤ ᠵᠢ ᠵᠣᠷᠢᠭᠵᠢᠭᠤᠯᠵᠤ᠂ ᠲᠤᠰᠬᠠᠶ ᠰᠡᠳᠦᠪᠲᠦ ᠦᠵᠡᠭᠦᠯᠦᠯᠭᠡ᠂ ᠨᠡᠶ᠋ᠢᠲᠡ ᠵᠢᠨ ᠠᠰᠠᠷᠠᠮᠵᠢ ᠵᠢᠨ ᠲᠠᠶ᠋ᠢᠯᠤᠮᠵᠢ᠂ ᠵᠠᠭᠤᠴᠢᠯᠠᠭᠤᠷ᠎ᠤᠨ ᠤᠬᠠᠭᠤᠯᠭ᠎ᠠ ᠵᠡᠷᠭᠡ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠡᠬᠡ ᠣᠷᠣᠨᠴᠢ ᠦᠵᠡᠯ᠂ ᠨᠡᠶ᠋ᠢᠲᠡᠴᠢ ᠦᠵᠡᠯ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠥᠮᠦᠵᠢᠯ ᠬᠢᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠵᠦ᠂ ᠬᠤᠪᠢᠰᠬᠠᠯᠲᠤ ᠰᠣᠶᠣᠯ᠎ᠢ ᠵᠠᠯᠭ᠋ᠠᠮᠵᠢᠯᠠᠨ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠵᠦ᠂ ᠰᠣᠶᠣᠯ᠎ᠤᠨ ᠢᠲᠡᠭᠡᠯ᠎ᠢ ᠨᠡᠮᠡᠭᠳᠡᠭᠦᠯᠵᠦ᠂ ᠨᠡᠶ᠋ᠢᠭᠡᠮ ᠵᠢᠷᠤᠮ᠎ᠤᠨ ᠭᠣᠤᠯᠯᠠᠬᠤ ᠦᠷᠳᠡᠭ᠎ᠤᠨ ᠦᠵᠡᠯᠲᠡ ᠵᠢ ᠪᠠᠳᠠᠷᠠᠭᠤᠯᠤᠨ᠎ᠠ᠃

      ᠲᠠᠪᠤᠳᠤᠭ᠋ᠠᠷ ᠪᠦᠯᠦᠭ   ᠳᠠᠨᠭ᠌ᠰᠠ ᠡᠪᠬᠡᠮᠡᠯ᠎ᠤᠨ ᠮᠡᠳᠡᠭᠡ   ᠵᠠᠩᠭᠢᠴᠢᠯᠠᠯᠲᠠ ᠵᠢᠨ ᠪᠠᠶ᠋ᠢᠭᠤᠯᠤᠯᠲᠠ


      ᠭᠤᠴᠢᠨ ᠲᠠᠪᠤᠳᠤᠭ᠋ᠠᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠡᠯᠧᠺᠲᠷᠣᠨ ᠳᠠᠩᠰᠠ ᠡᠪᠬᠡᠮᠡᠯ ᠪᠠ ᠤᠯᠠᠮᠵᠢᠯᠠᠯᠲᠤ ᠠᠴᠢᠶᠠᠯᠠᠪᠤᠷᠢ ᠵᠢᠨ ᠳᠠᠩᠰᠠ ᠡᠪᠬᠡᠮᠡᠯ᠎ᠤᠨ ᠲᠣᠭ᠋ᠠᠵᠢᠭᠤᠯᠤᠭᠰᠠᠨ ᠦᠷ᠎ᠡ ᠪᠦᠲᠦᠭᠡᠯ ᠵᠡᠷᠭᠡ ᠳᠠᠩᠰᠠ ᠡᠪᠬᠡᠮᠡᠯ᠎ᠤᠨ ᠲᠣᠭ᠋ᠠᠵᠢᠭᠤᠯᠤᠭᠰᠠᠨ ᠡᠬᠢ ᠪᠠᠶᠠᠯᠢᠭ᠎ᠢ ᠠᠶᠤᠯ ᠦᠭᠡᠢ ᠬᠠᠳᠠᠭ᠋ᠠᠯᠠᠬᠤ ᠪᠠ ᠪᠦᠲᠦᠮᠵᠢᠲᠡᠶ ᠠᠰᠢᠭᠯᠠᠬᠤ ᠵᠢ ᠪᠠᠲᠤᠯᠠᠬᠤ ᠬᠡᠷᠡᠭᠲᠡᠶ᠃
      ᠳᠠᠩᠰᠠ ᠡᠪᠬᠡᠮᠡᠯ᠎ᠤᠨ ᠣᠷᠳᠤᠨ ᠪᠠ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠳᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠭᠦᠨ᠎ᠤ ᠬᠠᠮᠲᠤ ᠠᠷᠭ᠎ᠠ ᠬᠡᠮᠵᠢᠶ᠎ᠡ ᠠᠪᠴᠤ ᠳᠠᠩᠰᠠ ᠡᠪᠬᠡᠮᠡᠯ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃
      ᠭᠤᠴᠢᠨ ᠵᠢᠷᠭᠤᠳᠤᠭ᠋ᠠᠷ ᠵᠦᠢ᠍ᠯ᠂ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠡᠯᠧᠺᠲᠷᠣᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠠᠯᠪᠠᠨ ᠠᠵᠢᠯ᠎ᠤᠨ ᠠᠦ᠋ᠲ᠋ᠣᠴᠢᠯᠠᠭᠰᠠᠨ ᠰᠢᠰᠲ᠋ᠧᠮ᠂ ᠲᠤᠬᠠᠶ᠋ᠢᠯᠠᠭᠰᠠᠨ ᠠᠵᠢᠯ᠎ᠤᠨ ᠰᠢᠰᠲ᠋ᠧᠮ ᠵᠡᠷᠭᠡ᠎ᠲᠠᠢ ᠬᠠᠷᠢᠯᠴᠠᠨ ᠵᠣᠯᠭ᠋ᠠᠭᠤᠯᠬᠤ ᠬᠡᠷᠡᠭᠲᠡᠢ᠃
      ᠭᠤᠴᠢᠨ ᠳᠣᠯᠣᠳᠤᠭ᠋ᠠᠷ ᠵᠦᠢ᠍ᠯ᠂ ᠡᠯᠧᠺᠲᠷᠣᠨ ᠳᠠᠨᠭ᠌ᠰᠠ ᠡᠪᠬᠡᠮᠡᠯ᠎ᠤᠨ ᠢᠷᠡᠯᠲᠡ᠎ᠨᠢ ᠨᠠᠶ᠋ᠢᠳᠠᠪᠤᠷᠢᠲᠠᠶ᠂ ᠳᠡᠰ ᠳᠠᠷᠠᠭ᠋ᠠᠯᠠᠯ᠎ᠨᠢ ᠵᠢᠷᠤᠮᠵᠢᠭᠰᠠᠨ᠂ ᠬᠦᠴᠦᠨ ᠵᠦᠢ᠍ᠯ᠎ᠨᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
      ᠡᠯᠧᠺᠲᠷᠣᠨ ᠳᠠᠩᠰᠠ ᠡᠪᠬᠡᠮᠡᠯ ᠬᠢᠭᠡᠳ ᠤᠯᠠᠮᠵᠢᠯᠠᠯᠲᠤ ᠠᠴᠢᠶᠠᠯᠠᠪᠤᠷᠢ ᠵᠢᠨ ᠳᠠᠩᠰᠠ ᠡᠪᠬᠡᠮᠡᠯ᠎ᠨᠢ ᠠᠳᠠᠯᠢᠬᠠᠨ ᠬᠦᠴᠦᠨ᠎ᠲᠠᠢ ᠪᠠᠶ᠋ᠢᠵᠤ᠂ ᠡᠯᠧᠺᠲᠷᠣᠨ ᠬᠡᠯᠪᠡᠷᠢ᠎ᠪᠠᠷ ᠭᠡᠷᠡᠴᠢ ᠪᠠᠷᠢᠮᠲᠠ ᠪᠣᠯᠭ᠋ᠠᠨ ᠬᠡᠷᠡᠭᠯᠡᠵᠦ ᠪᠣᠯᠤᠨ᠎ᠠ᠃
      ᠡᠯᠧᠺᠲᠷᠣᠨ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ ᠵᠢ ᠤᠯᠤᠰ᠎ᠤᠨ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
      ᠭᠤᠴᠢᠨ ᠨᠠᠢ᠍ᠮᠠᠳᠤᠭ᠋ᠠᠷ ᠵᠦᠢ᠍ᠯ᠂ ᠤᠯᠤᠰ᠎ᠠᠴᠠ ᠳᠠᠨᠭ᠌ᠰᠠ ᠡᠪᠬᠡᠮᠡᠯ᠎ᠤᠨ ᠣᠷᠳᠤᠨ ᠪᠠ ᠪᠠᠶ᠋ᠢᠭᠤᠯᠭ᠎ᠠ᠂ ᠪᠦᠯᠬᠦᠮ᠂ ᠠᠵᠤ   ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠤᠯᠠᠮᠵᠢᠯᠠᠯᠲᠤ ᠠᠴᠢᠶᠠᠯᠠᠪᠤᠷᠢ ᠵᠢᠨ ᠳᠠᠨᠭ᠌ᠰᠠ ᠡᠪᠬᠡᠮᠡᠯ᠎ᠢ ᠳᠤᠭ᠋ᠠᠴᠠᠯᠠᠬᠤ ᠵᠢ ᠠᠬᠢᠭᠤᠯᠬᠤ ᠵᠢ ᠵᠣᠷᠢᠭᠵᠢᠭᠤᠯᠤᠨ ᠳᠡᠮᠵᠢᠨ᠎ᠡ᠃ ᠨᠢᠭᠡᠨᠲᠡ ᠲᠣᠭ᠋ᠠᠴᠢᠯᠠᠭᠰᠠᠨ ᠪᠠᠶ᠋ᠢᠪᠠᠯ᠂ ᠳᠠᠨᠭ᠌ᠰᠠ ᠡᠪᠬᠡᠮᠡᠯ᠎ᠤᠨ ᠤᠭ ᠮᠠᠲ᠋ᠧᠷᠢᠶᠠᠯ᠎ᠢ ᠲᠣᠬᠢᠲᠠᠶ ᠬᠠᠳᠠᠭ᠋ᠠᠯᠠᠨ ᠬᠠᠮᠢᠶᠠᠷᠬᠤ ᠬᠡᠷᠡᠭᠲᠡᠶ᠃
      ᠭᠤᠴᠢ ᠶᠢᠰᠦᠳᠦᠭᠡᠷ ᠵᠦᠢ᠍ᠯ᠂ ᠡᠯᠧᠺᠲᠷᠣᠨ ᠳᠠᠨᠭ᠌ᠰᠠ ᠡᠪᠬᠡᠮᠡᠯ᠎ᠢ ᠠᠮᠤᠷ ᠲᠦᠪᠰᠢᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠣᠤᠷ ᠰᠦᠯᠵᠢᠶ᠎ᠡ ᠪᠤᠶᠤ ᠬᠠᠳᠠᠭ᠋ᠠᠯᠠᠬᠤ ᠵᠠᠭᠤᠴᠢ᠎ᠪᠠᠷ ᠳᠠᠮᠵᠢᠭᠤᠯᠤᠨ ᠳᠠᠨᠭ᠌ᠰᠠ ᠡᠪᠬᠡᠮᠡᠯ᠎ᠤᠨ ᠣᠷᠳᠤᠨ᠎ᠳᠤ ᠰᠢᠯᠵᠢᠭᠦᠯᠦᠨ ᠲᠤᠰᠢᠶᠠᠬᠤ ᠬᠡᠷᠡᠭᠲᠡᠶ᠃
      ᠳᠠᠩᠰᠠ ᠡᠪᠬᠡᠮᠡᠯ᠎ᠤᠨ ᠣᠷᠳᠤᠨ᠎ᠨᠢ ᠬᠦᠯᠢᠶᠡᠨ ᠠᠪᠤᠭᠰᠠᠨ ᠡᠯᠧᠺᠲᠷᠣᠨ ᠳᠠᠩᠰᠠ ᠡᠪᠬᠡᠮᠡᠯ᠎ᠢ ᠪᠠᠶ᠋ᠢᠴᠠᠭ᠋ᠠᠨ ᠬᠡᠮᠵᠢᠵᠦ᠂ ᠡᠯᠧᠺᠲᠷᠣᠨ ᠳᠠᠩᠰᠠ ᠡᠪᠬᠡᠮᠡᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠡᠷᠡᠭᠯᠡᠵᠦ ᠪᠣᠯᠬᠤᠶ᠋ᠢᠴᠠ ᠴᠢᠨᠠᠷ ᠪᠠ ᠠᠶᠤᠯ ᠦᠭᠡᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃
      ᠳᠠᠩᠰᠠ ᠡᠪᠬᠡᠮᠡᠯ᠎ᠤᠨ ᠣᠷᠳᠤᠨ᠎ᠨᠢ ᠴᠢᠬᠤᠯᠠ ᠡᠯᠧᠺᠲᠷᠣᠨ ᠳᠠᠩᠰᠠ ᠡᠪᠬᠡᠮᠡᠯ᠎ᠢ ᠣᠨᠳᠣᠤ ᠭᠠᠵᠠᠷ᠎ᠲᠤ ᠬᠤᠪᠢ ᠪᠡᠯᠡᠳᠬᠡᠨ ᠬᠠᠳᠠᠭ᠋ᠠᠯᠠᠵᠤ ᠪᠣᠯᠤᠨ᠎ᠠ᠃
      ᠳᠥᠴᠢᠳᠦᠭᠡᠷ ᠵᠦᠢ᠍ᠯ᠂ ᠳᠠᠩᠰᠠ ᠡᠪᠬᠡᠮᠡᠯ᠎ᠤᠨ ᠣᠷᠳᠤᠨ᠎ᠨᠢ ᠳᠠᠩᠰᠠ ᠡᠪᠬᠡᠮᠡᠯ᠎ᠤᠨ ᠲᠣᠭ᠋ᠠᠨ᠎ᠤ ᠡᠬᠢ ᠪᠠᠶᠠᠯᠢᠭ᠎ᠢ ᠴᠤᠭᠯᠠᠭᠤᠯᠬᠤ᠂ ᠬᠠᠳᠠᠭ᠋ᠠᠯᠠᠬᠤ ᠪᠠ ᠬᠠᠩᠭ᠋ᠠᠨ ᠠᠰᠢᠭᠯᠠᠬᠤ ᠵᠢ ᠬᠠᠷᠢᠭᠤᠴᠠᠨ᠎ᠠ᠃ ᠨᠥᠬᠥᠴᠡᠯ᠎ᠲᠠᠢ ᠳᠠᠩᠰᠠ ᠡᠪᠬᠡᠮᠡᠯ᠎ᠤᠨ ᠣᠷᠳᠤᠨ᠎ᠨᠢ ᠲᠣᠭ᠋ᠠᠴᠢᠯᠠᠭᠰᠠᠨ ᠳᠠᠩᠰᠠ ᠡᠪᠬᠡᠮᠡᠯ᠎ᠤᠨ ᠣᠷᠳᠤᠨ ᠪᠠᠶ᠋ᠢᠭᠤᠯᠬᠤ ᠬᠡᠷᠡᠭᠲᠡᠢ᠃
      ᠳᠥᠴᠢᠨ ᠨᠢᠭᠡᠳᠦᠭᠡᠷ ᠵᠦᠢ᠍ᠯ᠂ ᠤᠯᠤᠰ᠎ᠠᠴᠠ ᠳᠠᠨᠭ᠌ᠰᠠ ᠡᠪᠬᠡᠮᠡᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠳᠠᠨᠭ᠌ᠰᠠ ᠡᠪᠬᠡᠮᠡᠯ᠎ᠤᠨ ᠲᠣᠭ᠋ᠠᠴᠢᠯᠠᠭᠰᠠᠨ ᠡᠬᠢ ᠪᠠᠶᠠᠯᠢᠭ᠎ᠢ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠲᠤ᠎ᠪᠠᠷ ᠡᠳ᠋ᠯᠡᠵᠦ ᠠᠰᠢᠭᠯᠠᠬᠤ ᠵᠢ ᠲᠦᠯᠬᠢᠨ ᠠᠬᠢᠭᠤᠯᠤᠨ᠎ᠠ᠃


      ᠵᠢᠷᠭᠤᠳᠤᠭ᠋ᠠᠷ ᠪᠦᠯᠦᠭ   ᠬᠢᠨᠠᠯᠲᠠ ᠲᠠᠯᠪᠢᠵᠤ ᠪᠠᠶ᠋ᠢᠴᠠᠭ᠋ᠠᠬᠤ


      ᠳᠥᠴᠢᠨ ᠬᠣᠶᠠᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠳᠠᠨᠭ᠌ᠰᠠ ᠡᠪᠬᠡᠮᠡᠯ᠎ᠤᠨ ᠣᠷᠳᠤᠨ ᠪᠠ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠳᠣᠤᠷ᠎ᠠ ᠵᠢᠭᠰᠠᠭ᠋ᠠᠭᠰᠠᠨ ᠪᠠᠶ᠋ᠢᠳᠠᠯ᠎ᠳᠤ ᠪᠠᠢ᠌ᠴᠠᠭ᠋ᠠᠯᠲᠠ ᠬᠢᠵᠦ ᠪᠣᠯᠤᠨ᠎ᠠ᠄
     (ᠨᠢᠭᠡ) ᠲᠠᠩᠰᠠ ᠡᠪᠬᠡᠮᠡᠯ᠎ᠤᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ ᠪᠣᠯᠤᠨ ᠬᠠᠮᠢᠶᠠᠷᠤᠯᠲᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
     (ᠬᠣᠶᠠᠷ) ᠲᠠᠩᠰᠠ ᠡᠪᠬᠡᠮᠡᠯ᠎ᠤᠨ ᠬᠥᠮᠥᠷᠭᠡ᠂ ᠪᠡᠯᠡᠳᠬᠡᠮᠵᠢ᠂ ᠲᠥᠬᠥᠭᠡᠷᠦᠮᠵᠢ ᠵᠢ ᠳᠣᠭᠢᠷᠠᠭᠤᠯᠤᠨ ᠬᠡᠷᠡᠭᠯᠡᠭᠰᠡᠨ ᠪᠠᠶ᠋ᠢᠳᠠᠯ;
     (ᠭᠤᠷᠪᠠ) ᠲᠠᠩᠰᠠ ᠡᠪᠬᠡᠮᠡᠯ᠎ᠤᠨ ᠠᠵᠢᠯᠲᠠᠨ᠎ᠤ ᠬᠠᠮᠢᠶᠠᠷᠤᠯᠲᠠ ᠵᠢᠨ ᠪᠠᠶ᠋ᠢᠳᠠᠯ;
     (ᠳᠥᠷᠪᠡ) ᠲᠠᠩᠰᠠ ᠡᠪᠬᠡᠮᠡᠯ᠎ᠢ ᠴᠤᠭᠯᠠᠭᠤᠯᠤᠭᠰᠠᠨ᠂ ᠡᠮᠬᠢᠳᠬᠡᠭᠰᠡᠨ᠂ ᠬᠠᠳᠠᠭ᠋ᠠᠯᠠᠨ ᠬᠠᠮᠢᠶᠠᠷᠤᠭᠰᠠᠨ᠂ ᠬᠠᠩᠭ᠋ᠠᠨ ᠠᠰᠢᠭᠯᠠᠭᠰᠠᠨ ᠵᠡᠷᠭᠡ ᠪᠠᠶ᠋ᠢᠳᠠᠯ;
     (ᠲᠠᠪᠤ) ᠲᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠪᠠ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠪᠠᠶ᠋ᠢᠳᠠᠯ;
     (ᠵᠢᠷᠭᠤᠭ᠎ᠠ) ᠬᠠᠷᠢᠶ᠎ᠠ ᠨᠢᠭᠡᠴᠢ ᠵᠡᠷᠭᠡ ᠵᠢᠨ ᠵᠶ᠋ᠠᠨ ᠳᠠᠩᠰᠠ ᠡᠪᠬᠡᠮᠡᠯ᠎ᠤᠨ ᠠᠵᠢᠯ᠎ᠳᠤ ᠬᠢᠨᠠᠯᠲᠠ ᠲᠠᠯᠪᠢᠭᠰᠠᠨ ᠪᠠ ᠵᠢᠭ᠋ᠠᠨ ᠵᠢᠯᠣᠭᠣᠳᠤᠭᠰᠠᠨ ᠪᠠᠢ᠌ᠳᠠᠯ᠃
      ᠳᠥᠴᠢᠨ ᠭᠤᠷᠪᠠᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠨᠢ ᠬᠠᠤᠯᠢ᠎ᠠᠴᠠ ᠵᠦᠷᠢᠴᠡᠭᠰᠡᠨ ᠰᠦᠪᠡᠭᠴᠢ ᠵᠢ ᠦᠨᠳᠦᠰᠦᠯᠡᠨ ᠪᠠᠶ᠋ᠢᠴᠠᠭ᠋ᠠᠬᠤ ᠣᠶ᠋ᠢᠶ᠎ᠠ᠎ᠳᠤ᠂ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠤᠷᠢᠲᠠᠯ ᠳᠣᠣᠷ᠎ᠠ᠂ ᠬᠠᠮᠢᠶ᠎ᠠ ᠪᠦᠬᠦᠢ ᠬᠥᠮᠥᠷᠭᠡ᠂ ᠪᠡᠯᠡᠳᠬᠡᠮᠵᠢ᠂ ᠲᠥᠬᠥᠭᠡᠷᠦᠮᠵᠢ ᠵᠢ ᠪᠠᠶ᠋ᠢᠴᠠᠭ᠋ᠠᠵᠤ ᠪᠣᠯᠤᠨ᠎ᠠ᠂ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠦᠵᠡᠵᠦ᠂ ᠬᠣᠯᠪᠣᠭᠳᠠᠯ ᠪᠦᠬᠦᠢ ᠬᠥᠮᠦᠰ᠎ᠠᠴᠠ ᠯᠠᠪᠯᠠᠨ ᠠᠰᠠᠭᠤᠵᠤ᠂ ᠬᠣᠯᠪᠣᠭᠳᠠᠯ ᠪᠦᠬᠦᠢ ᠪᠠᠶ᠋ᠢᠳᠠᠯ᠎ᠢ ᠲᠡᠮᠳᠡᠭᠯᠡᠵᠦ᠂ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠶ᠃
      ᠳᠥᠴᠢᠨ ᠳᠥᠷᠪᠡᠳᠦᠭᠡᠷ ᠵᠦᠢ᠍ᠯ᠂ ᠳᠠᠩᠰᠠ ᠡᠪᠬᠡᠮᠡᠯ᠎ᠤᠨ ᠣᠷᠳᠤᠨ ᠪᠣᠯᠤᠨ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠲᠣᠰ ᠨᠢᠭᠡᠴᠢ ᠵᠢᠨ ᠵᠶ᠋ᠠᠨ ᠳᠠᠩᠰᠠ ᠡᠪᠬᠡᠮᠡᠯ᠎ᠤᠨ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠴᠠᠭ ᠲᠤᠬᠠᠶ᠎ᠳᠤ᠎ᠨᠢ ᠨᠥᠬᠥᠪᠥᠷᠢᠯᠡᠬᠦ ᠠᠷᠭ᠎ᠠ ᠬᠡᠮᠵᠢᠶ᠎ᠡ ᠠᠪᠴᠤ᠂ ᠳᠠᠩᠰᠠ ᠡᠪᠬᠡᠮᠡᠯ᠎ᠤᠨ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠬᠤ ᠬᠡᠷᠡᠭᠲᠡᠶ᠃ ᠳᠠᠩᠰᠠ ᠡᠪᠬᠡᠮᠡᠯ ᠡᠪᠳᠡᠷᠡᠵᠦ ᠰᠦᠢ᠍ᠳᠦᠭᠰᠡᠨ᠂ ᠮᠡᠳᠡᠭᠡ ᠵᠠᠩᠭᠢ ᠵᠠᠳᠠᠷᠠᠭᠰᠠᠨ ᠵᠡᠷᠭᠡ ᠪᠠᠢ᠌ᠳᠠᠯ ᠭᠠᠷᠪᠠᠯ᠂ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠲᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠃
      ᠳᠥᠴᠢᠨ ᠲᠠᠪᠤᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ ᠳᠠᠩᠰᠠ ᠡᠪᠬᠡᠮᠡᠯ᠎ᠤᠨ ᠣᠷᠳᠤᠨ ᠪᠣᠯᠤᠨ ᠪᠠᠶ᠋ᠢᠭᠤᠯᠭ᠎ᠠ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠵᠣᠬᠢᠶᠠᠨ ᠪᠠᠢ᠌ᠭᠤᠯᠤᠯᠲᠠ᠎ᠳᠤ ᠳᠠᠩᠰᠠ ᠡᠪᠬᠡᠮᠡᠯ᠎ᠤᠨ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠵᠠᠰᠠᠭᠤᠯᠵᠤ᠂ ᠳᠠᠩᠰᠠ ᠡᠪᠬᠡᠮᠡᠯ᠎ᠤᠨ ᠠᠮᠤᠷ ᠲᠥᠪᠰᠢᠨ᠎ᠤ ᠳᠠᠯᠳᠠ ᠭᠡᠮ᠎ᠢ ᠠᠷᠢᠯᠭ᠋ᠠᠬᠤ ᠬᠡᠷᠡᠭᠲᠡᠶ᠃
      ᠳᠥᠴᠢᠨ ᠵᠢᠷᠭᠤᠳᠤᠭ᠋ᠠᠷ ᠵᠦᠢ᠍ᠯ᠂ ᠳᠠᠨᠭ᠌ᠰᠠ ᠡᠪᠬᠡᠮᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠶᠠᠮᠠᠷᠪᠠ ᠨᠢᠭᠡᠴᠢ ᠪᠠ ᠬᠤᠪᠢ ᠬᠥᠮᠦᠨ᠎ᠠᠴᠠ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ ᠪᠠ ᠬᠣᠯᠪᠣᠭᠳᠠᠯ ᠪᠦᠬᠦᠢ ᠪᠠᠶ᠋ᠢᠭᠤᠯᠭ᠎ᠠ᠎ᠳᠤ ᠢᠯᠡᠴᠢᠯᠡᠨ ᠮᠡᠳᠡᠭᠦᠯᠬᠦ ᠡᠷᠬᠡ᠎ᠲᠠᠢ᠃
      ᠢᠯᠡᠴᠢᠯᠡᠨ ᠮᠡᠳᠡᠭᠦᠯᠦᠯᠲᠡ ᠵᠢ ᠣᠯᠤᠭᠰᠠᠨ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ ᠪᠤᠶᠤ ᠬᠣᠯᠪᠣᠭᠳᠠᠯ ᠪᠦᠬᠦᠢ ᠪᠠᠶ᠋ᠢᠭᠤᠯᠭ᠎ᠠ᠎ᠨᠢ ᠴᠠᠭ ᠲᠤᠬᠠᠶ᠎ᠳᠤ᠎ᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃
      ᠳᠥᠴᠢᠨ ᠳᠣᠯᠣᠳᠤᠭ᠋ᠠᠷ ᠵᠦᠢ᠍ᠯ᠂ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ ᠵᠢᠴᠢ ᠲᠡᠭᠦᠨ᠎ᠤ ᠠᠵᠢᠯᠲᠠᠳ᠎ᠨᠢ ᠬᠠᠤᠯᠢ᠎ᠳᠤ ᠲᠣᠭᠲᠠᠭ᠋ᠠᠭᠰᠠᠨ ᠡᠷᠬᠡ ᠲᠤᠰᠢᠶᠠᠯ ᠪᠠ ᠵᠢᠷᠤᠮ ᠶᠣᠰᠣᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠵᠶ᠋ᠠᠨ ᠥᠷᠨᠢᠭᠦᠯᠵᠦ᠂ ᠰᠢᠨᠵᠢᠯᠡᠬᠦ ᠤᠬᠠᠭ᠋ᠠᠨᠴᠢ᠂ ᠲᠥᠪ ᠭᠣᠤᠯᠴᠢ᠂ ᠴᠢᠩᠭ᠎ᠠ ᠨᠢᠮᠪᠠᠶ᠂ ᠥᠨᠳᠥᠷ ᠪᠦᠲᠦᠮᠵᠢᠲᠡᠶ ᠪᠠᠢ᠌ᠬᠤ ᠬᠡᠷᠡᠭᠲᠡᠶ᠂ ᠡᠷᠬᠡ ᠲᠤᠰᠢᠶᠠᠯ ᠵᠶ᠋ᠠᠨ ᠠᠰᠢᠭᠯᠠᠨ ᠠᠰᠢᠭ ᠣᠯᠵᠤ ᠪᠣᠯᠬᠤ ᠦᠭᠡᠢ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠣᠯᠵᠤ ᠮᠡᠳᠡᠭᠰᠡᠨ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠤᠶᠤ ᠬᠤᠪᠢ ᠬᠥᠮᠦᠨ᠎ᠤ ᠨᠢᠭᠤᠴᠠ ᠵᠢ ᠵᠠᠳᠠᠷᠠᠭᠤᠯᠵᠤ ᠪᠣᠯᠬᠤ ᠦᠭᠡᠢ᠃


      ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ


      ᠳᠥᠴᠢᠨ ᠨᠠᠢ᠍ᠮᠠᠳᠤᠭ᠋ᠠᠷ ᠵᠦᠢ᠍ᠯ᠂ ᠨᠢᠭᠡᠴᠢ ᠪᠤᠶᠤ ᠬᠤᠪᠢ ᠬᠥᠮᠦᠨ᠎ᠨᠢ ᠳᠣᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠂ ᠬᠣᠯᠪᠤᠭᠳᠠᠯ ᠪᠦᠬᠦᠢ ᠪᠠᠶ᠋ᠢᠭᠤᠯᠭ᠎ᠠ᠎ᠠᠴᠠ ᠰᠢᠭᠤᠳ ᠬᠠᠷᠢᠭᠤᠴᠠᠯᠭ᠋ᠠᠲᠠᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠄
     (ᠨᠢᠭᠡ) ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠤ ᠳᠠᠨᠭ᠌ᠰᠠ ᠡᠪᠬᠡᠮᠡᠯ᠎ᠢ ᠭᠡᠭᠡᠭᠰᠡᠨ;
     (ᠬᠣᠶᠠᠷ) ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠣ ᠳᠠᠨᠭ᠌ᠰᠠ ᠡᠪᠬᠡᠮᠡᠯ᠎ᠢ ᠳᠤᠷ᠎ᠠ᠎ᠪᠠᠷ ᠵᠶ᠋ᠠᠨ ᠬᠠᠩᠭ᠋ᠠᠭᠰᠠᠨ᠂ ᠬᠠᠭᠤᠯᠤᠭᠰᠠᠨ᠂ ᠪᠠᠭᠤᠯᠭ᠋ᠠᠭᠰᠠᠨ᠂ ᠨᠡᠶ᠋ᠢᠲᠡᠯᠡᠭᠰᠡᠨ;
     (ᠭᠤᠷᠪᠠ) ᠤᠯᠤᠰ᠎ᠤᠨ ᠥᠮᠴᠢᠯᠡᠯ᠎ᠳᠤ ᠬᠠᠷᠢᠶᠠᠯᠠᠭᠳᠠᠬᠤ ᠳᠠᠨᠭ᠌ᠰᠠ ᠡᠪᠬᠡᠮᠡᠯ᠎ᠢ ᠬᠤᠳᠠᠯᠳᠤᠭ᠋ᠠᠯᠠᠭᠰᠠᠨ ᠪᠤᠶᠤ ᠬᠠᠤᠯᠢ   ᠪᠣᠰᠤ᠎ᠪᠠᠷ ᠰᠢᠯᠵᠢᠭᠦᠯᠦᠨ ᠥᠭᠭᠦᠭᠰᠡᠨ;
     (ᠳᠦᠷᠪᠡ) ᠳᠠᠨᠭ᠌ᠰᠠ ᠡᠪᠬᠡᠮᠡᠯ᠎ᠢ ᠥᠭᠡᠷᠡᠲᠦᠭᠦᠯᠦᠭᠰᠡᠨ᠂ ᠡᠪᠳᠡᠨ ᠰᠦᠢ᠍ᠳᠬᠡᠭᠰᠡᠨ᠂ ᠬᠠᠭᠤᠷᠮᠠᠭᠯᠠᠨ ᠵᠣᠬᠢᠶᠠᠭᠰᠠᠨ   ᠪᠣᠶᠤ ᠳᠠᠨᠭ᠌ᠰᠠ ᠡᠪᠬᠡᠮᠡᠯ᠎ᠢ ᠳᠤᠷ᠎ᠠ᠎ᠪᠠᠷ ᠵᠶ᠋ᠠᠨ ᠤᠰᠠᠳᠬᠠᠭᠰᠠᠨ;
     (ᠲᠠᠪᠤ) ᠳᠠᠨᠭ᠌ᠰᠠ ᠡᠪᠬᠡᠮᠡᠯ᠎ᠢ ᠭᠠᠳᠠᠭ᠋ᠠᠳᠤ ᠵᠢᠨ ᠬᠥᠮᠦᠨ ᠪᠤᠶᠤ ᠭᠠᠳᠠᠭ᠋ᠠᠳᠤ ᠵᠢᠨ ᠵᠣᠬᠢᠶᠠᠨ ᠪᠠᠶ᠋ᠢᠭᠤᠯᠤᠯᠲᠠ᠎ᠳᠤ ᠬᠤᠳᠠᠯᠳᠤᠭᠰᠠᠨ᠂ ᠪᠡᠯᠡᠭᠯᠡᠭᠰᠡᠨ;
     (ᠵᠢᠷᠭᠤᠭ᠎ᠠ) ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠳᠤ ᠣᠷᠣᠭᠤᠯᠬᠤ ᠦᠭᠡᠢ ᠪᠤᠶᠤ ᠳᠠᠩᠰᠠ ᠡᠪᠬᠡᠮᠡᠯ᠎ᠢ   ᠬᠤᠭᠤᠴᠠᠭ᠎ᠠ ᠶᠣᠰᠣᠭ᠋ᠠᠷ ᠰᠢᠯᠵᠢᠭᠦᠯᠦᠨ ᠲᠤᠰᠢᠶᠠᠬᠤ ᠦᠭᠡᠢ᠂ ᠵᠠᠯᠠᠷᠠᠭᠤᠯᠤᠭᠤᠯᠬᠤ᠎ᠪᠠᠷ ᠵᠠᠷᠯᠢᠭᠳᠠᠭᠰᠠᠨ ᠪᠠᠶ᠋ᠢᠲᠠᠯ᠎ᠠ ᠵᠠᠯᠠᠷᠠᠭᠤᠯᠬᠤ ᠵᠢ ᠲᠡᠪᠴᠢᠭᠰᠡᠨ;
     (ᠳᠣᠯᠣᠭ᠎ᠠ) ᠲᠠᠩᠰᠠ ᠡᠪᠬᠡᠮᠡᠯ᠎ᠢ ᠲᠣᠭᠲᠠᠭ᠋ᠠᠯ ᠶᠣᠰᠣᠭ᠋ᠠᠷ ᠨᠡᠶ᠋ᠢᠭᠡᠮ᠎ᠳᠤ ᠨᠡᠭᠡᠭᠡᠭᠰᠡᠨ ᠥᠬᠡᠶ᠂ ᠬᠠᠩᠭ᠋ᠠᠵᠤ ᠠᠰᠢᠭᠯᠠᠭᠤᠯᠤᠭᠰᠠᠨ ᠥᠬᠡᠶ;
     (ᠨᠠᠢ᠍ᠮᠠ) ᠳᠠᠩᠰᠠ ᠡᠪᠬᠡᠮᠡᠯ᠎ᠤᠨ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠵᠢ ᠲᠣᠳᠣᠷᠬᠠᠶ ᠮᠡᠳᠡᠵᠦ ᠪᠠᠶ᠋ᠢᠭ᠋ᠠᠳ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠎ᠠᠴᠠ ᠪᠣᠯᠵᠤ᠂ ᠲᠠᠩᠰᠠ ᠡᠪᠬᠡᠮᠡᠯ᠎ᠢ ᠡᠪᠳᠡᠵᠦ ᠰᠦᠢ᠍ᠳᠬᠡᠭᠰᠡᠨ᠂ ᠤᠰᠠᠳᠬᠠᠭᠰᠠᠨ᠂ ᠡᠰᠡᠬᠦᠯ᠎ᠡ ᠲᠠᠩᠰᠠ ᠡᠪᠬᠡᠮᠡᠯ᠎ᠤᠨ ᠠᠮᠤᠷ ᠲᠦᠪᠰᠢᠨ ᠪᠤᠰᠤ ᠳᠠᠯᠳᠠ ᠬᠡᠮ ᠣᠷᠣᠰᠢᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ᠎ᠪᠠᠷ ᠵᠠᠷᠯᠢᠭᠳᠠᠭᠰᠠᠨ ᠪᠠᠶ᠋ᠢᠲᠠᠯ᠎ᠠ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠥᠭᠡᠷᠡᠴᠢᠯᠡᠭᠰᠡᠨ ᠥᠬᠡᠶ;
     (ᠶᠢᠰᠦ) ᠳᠠᠨᠭ᠌ᠰᠠ ᠡᠪᠬᠡᠮᠡᠯ᠎ᠤᠨ ᠠᠶᠤᠯᠭᠦᠶ ᠵᠢᠨ ᠡ᠊ᠨᠳᠡᠯ ᠭᠠᠷᠤᠭᠰᠠᠨ᠎ᠤ ᠳᠠᠷᠠᠭ᠎ᠠ᠂ ᠠᠪᠤᠷᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠨᠢᠭᠤᠨ ᠳᠠᠯᠳᠠᠯᠠᠵᠤ ᠮᠡᠳᠡᠭᠦᠯᠦᠭᠰᠡᠨ ᠦᠭᠡᠢ᠂ ᠪᠠᠶ᠋ᠢᠴᠠᠭ᠋ᠠᠬᠤ ᠵᠢ ᠲᠡᠪᠴᠢᠭᠰᠡᠨ;
     (ᠠᠷᠪᠠ) ᠳᠠᠨᠭ᠌ᠰᠠ ᠡᠪᠬᠡᠮᠡᠯ᠎ᠤᠨ ᠠᠵᠢᠯᠳᠠᠨ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠳᠠᠨᠭ᠌ᠰᠠ ᠡᠪᠬᠡᠮᠡᠯ᠎ᠢ ᠡᠪᠳᠡᠨ ᠰᠦᠢ᠍ᠳᠬᠡᠵᠦ᠂ ᠤᠰᠠᠳᠬᠠᠭᠰᠠᠨ ᠪᠠᠶ᠋ᠢᠬᠤ᠃
      ᠳᠥᠴᠢ ᠶᠢᠰᠦᠳᠦᠭᠡᠷ ᠵᠦᠢ᠍ᠯ᠂ ᠳᠠᠩᠰᠠ ᠡᠪᠬᠡᠮᠡᠯ᠎ᠤᠨ ᠣᠷᠳᠤᠨ᠎ᠤ ᠳᠠᠩᠰᠠ ᠡᠪᠬᠡᠮᠡᠯ᠎ᠢ ᠠᠰᠢᠭᠯᠠᠵᠤ᠂ ᠲᠤᠰ ᠬᠠᠤᠯᠢ ᠵᠢᠨ ᠳᠥᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ ᠬᠣᠶᠠᠳᠤᠭ᠋ᠠᠷ ᠵᠤᠷᠪᠤᠰ᠂ ᠳᠥᠷᠪᠡᠳᠦᠭᠡᠷ ᠵᠤᠷᠪᠤᠰ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠰᠡᠷᠡᠮᠵᠢ ᠥᠭᠴᠦ᠂ ᠲᠡᠷᠡᠴᠢᠯᠡᠨ ᠨᠢᠭᠡᠴᠢ ᠵᠢ᠎ᠨᠢ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠬᠤᠪᠢ ᠬᠥᠮᠦᠨ᠎ᠢ᠎ᠨᠢ ᠲᠠᠪᠤᠨ ᠵᠠᠭᠤᠨ ᠲᠥᠭᠥᠷᠢᠭ᠎ᠠᠴᠠ ᠳᠡᠭᠡᠭᠰᠢ ᠲᠠᠪᠤᠨ ᠮᠢᠩᠭ᠋ᠠᠨ ᠲᠦᠭᠦᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃
      ᠳᠠᠩᠰᠠ ᠡᠪᠬᠡᠮᠡᠯ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠨᠢ ᠦᠢ᠍ᠯᠡᠴᠢᠯᠡᠭᠡᠨ᠎ᠤ ᠶᠠᠪᠤᠴᠠ᠎ᠳᠤ ᠲᠤᠰ ᠬᠠᠤᠯᠢ ᠵᠢᠨ ᠳᠥᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ ᠬᠣᠶᠠᠳᠤᠭ᠋ᠠᠷ ᠵᠤᠷᠪᠤᠰ᠂ ᠳᠥᠷᠪᠡᠳᠦᠭᠡᠷ ᠵᠤᠷᠪᠤᠰ᠎ᠤᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠰᠡᠷᠡᠮᠵᠢ ᠥᠭᠴᠦ᠂ ᠬᠣᠶᠠᠷ ᠲᠦᠮᠡᠨ ᠲᠥᠭᠥᠷᠢᠭ᠎ᠠᠴᠠ ᠳᠡᠭᠡᠭᠰᠢ ᠬᠣᠷᠢᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ᠃
      ᠨᠢᠭᠡᠴᠢ ᠪᠤᠶᠤ ᠬᠤᠪᠢ ᠬᠥᠮᠦᠨ᠎ᠳᠤ ᠲᠤᠰ ᠬᠠᠤᠯᠢ ᠵᠢᠨ ᠳᠥᠴᠢᠨ ᠨᠠᠢ᠍ᠮᠠᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠂ ᠲᠠᠪᠤᠳᠤᠭ᠋ᠠᠷ ᠵᠤᠷᠪᠤᠰ᠎ᠤᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠳᠠᠩᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠠᠴᠠ ᠰᠡᠷᠡᠮᠵᠢ ᠥᠭᠴᠦ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠴᠤ᠂ ᠲᠡᠷᠡᠴᠢᠯᠡᠨ ᠨᠢᠭᠡᠴᠢ ᠵᠢ᠎ᠨᠢ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠬᠤᠪᠢ ᠬᠥᠮᠦᠨ᠎ᠢ ᠲᠠᠪᠤᠨ ᠵᠠᠭᠤᠨ ᠲᠥᠭᠥᠷᠢᠭ᠎ᠠᠴᠠ ᠳᠡᠭᠡᠭᠰᠢ ᠲᠠᠪᠤᠨ ᠮᠢᠩᠭ᠋ᠠᠨ ᠲᠦᠭᠦᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ   ᠰᠢᠢ᠍ᠳᠬᠡᠨ᠎ᠡ; ᠲᠡᠷᠡᠴᠢᠯᠡᠨ ᠲᠤᠰ ᠬᠠᠤᠯᠢ ᠵᠢᠨ ᠬᠣᠷᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠤᠳᠠᠯᠳᠤᠬᠤ ᠪᠤᠶᠤ   ᠪᠡᠯᠡᠭᠯᠡᠨ ᠬᠦᠷᠭᠡᠭᠰᠡᠨ ᠳᠠᠨᠭ᠌ᠰᠠ ᠡᠪᠬᠡᠮᠡᠯ᠎ᠢ ᠲᠠᠲᠠᠪᠤᠷᠢᠯᠠᠨ ᠬᠤᠳᠠᠯᠳᠤᠵᠤ ᠪᠣᠯᠤᠨ᠎ᠠ᠃
      ᠲᠠᠪᠢᠳᠤᠭ᠋ᠠᠷ ᠵᠦᠢ᠍ᠯ᠂ ᠲᠣᠰ ᠬᠠᠤᠯᠢ ᠲᠣᠭᠲᠠᠭ᠋ᠠᠯ᠎ᠢ ᠵᠦᠷᠢᠴᠡᠵᠦ᠂ ᠳᠤᠷ᠎ᠠ᠎ᠪᠠᠷ ᠵᠶ᠋ᠠᠨ ᠵᠥᠭᠡᠭᠡᠪᠦᠷᠢᠯᠡᠭᠰᠡᠨ᠂ ᠰᠢᠤᠳᠠᠨ ᠵᠶ᠋ᠠᠷ ᠢᠯᠡᠭᠡᠭᠰᠡᠨ᠂ ᠠᠪᠴᠤ ᠶᠠᠪᠤᠬᠤ ᠪᠤᠶᠤ ᠢᠨᠲᠸᠷ ᠰᠦᠯᠵᠢᠶ᠎ᠡ᠎ᠪᠠᠷ ᠳᠠᠮᠵᠢᠭᠤᠯᠤᠨ ᠬᠢᠯᠢ᠎ᠪᠠᠷ ᠭᠠᠷᠬᠤ ᠵᠢ ᠴᠠᠭ᠋ᠠᠵᠠᠯᠠᠭᠰᠠᠨ ᠳᠠᠨᠭ᠌ᠰᠠ ᠡᠪᠬᠡᠮᠡᠯ ᠪᠤᠶᠤ ᠲᠡᠭᠦᠨ᠎ᠤ ᠪᠠᠭᠤᠯᠭ᠋ᠠᠪᠤᠷᠢ ᠮᠠᠲ᠋ᠧᠷᠢᠶᠠᠯ᠎ᠢ ᠬᠢᠯᠢ᠎ᠠᠴᠠ ᠭᠠᠷᠭ᠋ᠠᠭᠰᠠᠨ ᠪᠠᠶ᠋ᠢᠪᠠᠯ᠂ ᠪᠣᠭᠣᠮᠲᠠ ᠪᠤᠶᠤ ᠬᠣᠯᠪᠣᠭᠳᠠᠯ ᠪᠦᠬᠦᠢ ᠰᠠᠯᠠᠭ᠎ᠠ ᠮᠦᠴᠢᠷ᠎ᠠᠴᠠ ᠳᠠᠮᠵᠢᠭᠤᠯᠬᠤ ᠵᠢ᠎ᠨᠢ ᠬᠤᠷᠢᠶᠠᠨ ᠠᠪᠴᠤ ᠲᠠᠰᠤᠯᠤᠨ᠂ ᠲᠡᠷᠡᠴᠢᠯᠡᠨ ᠨᠢᠭᠡᠴᠢ ᠵᠢ᠎ᠨᠢ ᠲᠦᠮᠡᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠷᠤᠭᠰᠢ ᠵᠣᠭᠤᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠬᠤᠪᠢ ᠬᠥᠮᠦᠨ᠎ᠢ᠎ᠨᠢ ᠲᠠᠪᠤᠨ ᠵᠠᠭᠤᠨ ᠲᠥᠭᠥᠷᠢᠭ᠎ᠠᠴᠠ ᠳᠡᠭᠡᠭᠰᠢ ᠲᠠᠪᠤᠨ ᠮᠢᠩᠭ᠋ᠠᠨ ᠲᠦᠭᠦᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠲᠡᠷᠡᠴᠢᠯᠡᠨ ᠳᠠᠮᠵᠢᠭᠤᠯᠬᠤ ᠳᠠᠨᠭ᠌ᠰᠠ ᠡᠪᠬᠡᠮᠡᠯ ᠪᠤᠶᠤ ᠲᠡᠭᠦᠨ᠎ᠤ ᠪᠠᠭᠤᠯᠭ᠋ᠠᠪᠤᠷᠢ ᠮᠠᠲ᠋ᠧᠷᠢᠶᠠᠯ᠎ᠢ ᠳᠠᠨᠭ᠌ᠰᠠ ᠡᠪᠬᠡᠮᠡᠯ᠎ᠤᠨ ᠭᠣᠣᠯᠯᠠ ᠬᠠᠮᠢᠶᠠᠷᠬᠤ ᠰᠠᠯᠠᠭ᠎ᠠ ᠮᠦᠴᠢᠷ᠎ᠲᠤ ᠰᠢᠯᠵᠢᠭᠦᠯᠦᠨ ᠲᠤᠰᠢᠶᠠᠬᠤ ᠬᠡᠷᠡᠭᠲᠡᠶ᠃
      ᠲᠠᠪᠢᠨ ᠨᠢᠭᠡᠳᠦᠭᠡᠷ ᠵᠦᠢ᠍ᠯ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠡᠳ᠋ ᠬᠦᠷᠦᠨᠭᠭᠡ᠎ᠳᠤ ᠬᠣᠬᠢᠷᠠᠯ ᠤᠴᠠᠷᠠᠭᠤᠯᠤᠭᠰᠠᠨ ᠪᠤᠶᠤ ᠪᠤᠰᠤᠳ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ᠃

      ᠨᠠᠢ᠍ᠮᠠᠳᠤᠭ᠋ᠠᠷ ᠪᠦᠯᠦᠭ   ᠳᠠᠭ᠋ᠠᠯᠳᠤᠭᠤᠯᠤᠭᠰᠠᠨ ᠲᠤᠢ᠍ᠷᠢᠮ


      ᠲᠠᠪᠢᠨ ᠬᠣᠶᠠᠳᠤᠭ᠋ᠠᠷ ᠵᠦᠢ᠍ᠯ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠩᠰᠠ ᠡᠪᠬᠡᠮᠡᠯ᠎ᠤᠨ ᠠᠵᠢᠯ᠎ᠢ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠠᠴᠠ ᠲᠤᠰ ᠬᠠᠤᠯᠢ ᠵᠢ ᠦᠨᠳᠦᠰᠦᠯᠡᠨ ᠬᠠᠮᠢᠶᠠᠷᠤᠯᠲᠠ ᠵᠢᠨ ᠠᠷᠭ᠎ᠠ ᠲᠣᠭᠲᠠᠭ᠋ᠠᠨ᠎ᠠ᠃
      ᠲᠠᠪᠢᠨ ᠭᠤᠷᠪᠠᠳᠤᠭ᠋ᠠᠷ ᠵᠦᠢ᠍ᠯ᠂ ᠲᠤᠰ ᠬᠠᠤᠯᠢ ᠵᠢ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠩᠰᠠ ᠡᠪᠬᠡᠮᠡᠯ᠎ᠤᠨ ᠬᠠᠤᠯᠢ》 ᠵᠢᠨ ᠲᠠᠶ᠋ᠢᠯᠤᠮᠵᠢ᠄ http://jtyst.nmg.gov.cn/doc/2020/07/24/362538.shtml

ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠵᠢᠨ ᠮᠡᠳᠡᠭᠡ ᠵᠠᠩᠭᠢ ᠵᠢᠨ ᠲᠥᠪ
          
ᠬᠠᠮᠢᠶ᠎ᠡ ᠪᠦᠬᠦᠢ ᠰᠣᠨᠢᠨ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠤᠴᠠ ᠲᠡᠮᠳᠡᠭ᠎ᠤᠨ ᠬᠠᠤᠯᠢ
ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ
ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠲᠣᠭᠲᠠᠭ᠋ᠠᠯ
ᠰᠢᠨ᠎ᠡ᠎ᠪᠠᠷ ᠵᠠᠰᠠᠪᠤᠷᠢ ᠣᠷᠤᠭᠤᠯᠤᠭᠰᠠᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠ ᠡᠪᠬᠡᠮᠡᠯ᠎ᠤᠨ ᠬᠠᠤᠯᠢ》 ᠵᠢᠨ ᠲᠠᠢ᠌ᠯᠤᠮᠵᠢ
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠷᠠᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
 
            