ᠨᠢᠭᠡᠳᠦᠭᠡᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠵᠤ᠂ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠵᠤ᠂ ᠠᠷᠠᠳ ᠲᠦᠮᠡᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠤᠰᠠᠳᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》᠂ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠬᠦ᠎ᠳᠤ᠂ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠎ᠳᠤ᠂ ᠲᠣᠰ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
ᠲᠣᠰ ᠲᠣᠭᠲᠠᠭ᠋ᠠᠯ᠎ᠳᠤ ᠬᠡᠯᠡᠵᠦ ᠪᠠᠢ᠌ᠭ᠎ᠠ ᠵᠠᠰᠠᠮᠠᠯ ᠵᠠᠮ᠎ᠤᠨ ᠪᠠᠷᠢᠯᠭ᠎ᠠ ᠭᠡᠳᠡᠭ᠎ᠨᠢ ᠵᠠᠰᠠᠮᠠᠯ ᠵᠠᠮ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠵᠢᠴᠢ ᠠᠷᠠᠴᠢᠯᠠᠨ ᠬᠠᠮᠠᠭ᠋ᠠᠯᠠᠵᠤ ᠶᠡᠬᠡᠪᠡᠷ ᠵᠠᠰᠠᠬᠤ ᠵᠡᠷᠭᠡ ᠪᠠᠷᠢᠯᠭ᠎ᠠ ᠵᠢ ᠵᠢᠭ᠋ᠠᠵᠤ ᠪᠣᠢ᠃
ᠲᠤᠰ ᠲᠣᠭᠲᠠᠭ᠋ᠠᠯ᠎ᠳᠤ ᠬᠡᠯᠡᠵᠦ ᠪᠠᠢ᠌ᠭ᠎ᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠡᠳᠡᠭ᠎ᠨᠢ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠪᠣᠯᠤᠨ ᠵᠢᠷᠤᠮᠵᠢᠯ᠎ᠢ ᠦᠨᠳᠦᠰᠦᠯᠡᠨ᠂ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ ᠵᠢᠭ᠋ᠠᠵᠤ ᠪᠣᠢ᠃
ᠭᠤᠷᠪᠠᠳᠤᠭ᠋ᠠᠷ ᠵᠦᠢ᠍ᠯ᠂ ᠤᠯᠤᠰ᠎ᠠᠴᠠ ᠵᠠᠰᠠᠮᠠᠯ ᠵᠡᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠲᠤᠢ᠍ᠷᠢᠮ᠎ᠢ ᠬᠡᠷᠡᠭᠵᠢᠭᠦᠯᠦᠨ᠎ᠡ᠃
ᠵᠠᠰᠠᠮᠠᠯ ᠵᠡᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠎ᠳᠤ ᠰᠢᠨᠵᠢᠯᠡᠬᠦ ᠤᠬᠠᠭ᠋ᠠᠨᠴᠢ᠂ ᠪᠣᠰᠤᠳᠴᠢ᠂ ᠢᠯᠠ ᠲᠣᠳᠣ᠂ ᠡᠷᠬᠡ ᠲᠡᠭᠰᠢ᠂ ᠲᠥᠪ ᠭᠣᠤᠯᠴᠢ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠲᠡᠶ᠃
ᠳᠥᠷᠪᠡᠳᠦᠭᠡᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ ᠡᠷᠬᠢᠯᠡᠬᠦ ᠨᠢᠭᠡᠴᠢ᠎ᠠᠴᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠵᠦ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠡᠭᠦᠨ᠎ᠤ ᠬᠠᠷᠢᠶ᠎ᠠ ᠪᠦᠬᠦᠢ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠᠶ᠋ᠢᠭᠤᠯᠤᠮᠵᠢ (ᠳᠣᠷᠣᠭᠰᠢ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ) ᠵᠢᠨ ᠬᠢᠨᠠᠯᠲᠠ ᠪᠠᠶ᠋ᠢᠴᠠᠭ᠋ᠠᠯᠲᠠ ᠵᠢ ᠬᠦᠯᠢᠶᠡᠨ ᠠᠪᠴᠤ᠂ ᠬᠠᠮᠴᠢᠯᠴᠠᠨ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
ᠡᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠠᠵᠢᠯ ᠡᠷᠬᠢᠯᠡᠬᠦ ᠨᠢᠭᠡᠴᠢ ᠭᠡᠳᠡᠭ᠎ᠨᠢ ᠵᠠᠰᠠᠮᠠᠯ ᠵᠡᠮ᠎ᠤᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠵᠢ ᠬᠢᠵᠦ ᠪᠠᠶ᠋ᠢᠭ᠎ᠠ ᠪᠦᠳᠦᠭᠡᠠ ᠪᠠᠶ᠋ᠢᠭᠤᠯᠬᠤ ᠨᠢᠭᠡᠴᠢ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠲᠤᠷᠰᠢᠯᠲᠠ ᠵᠢᠨ ᠪᠠᠢ᠌ᠴᠠᠭ᠋ᠠᠨ ᠬᠡᠮᠵᠢᠬᠦ ᠨᠢᠭᠡᠴᠢ ᠵᠢᠴᠢ ᠬᠠᠮᠢᠶ᠎ᠠ ᠪᠦᠬᠦᠢ ᠲᠥᠬᠥᠭᠡᠷᠦᠮᠵᠢ᠂ ᠮᠠᠲ᠋ᠧᠷᠢᠶᠠᠯ ᠬᠠᠩᠭ᠋ᠠᠬᠤ ᠨᠢᠭᠡᠴᠢ ᠵᠢ ᠵᠢᠭ᠋ᠠᠵᠤ ᠪᠣᠢ᠃
ᠲᠠᠪᠤᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠶᠠᠮᠤᠨ᠎ᠠᠴᠠ ᠪᠦᠬᠦ ᠤᠯᠤᠰ᠎ᠤᠨ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠭᠣᠣᠯᠯᠠᠨ ᠬᠠᠮᠢᠶᠠᠷᠤᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠡᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠳᠣᠲᠣᠷᠠᠬᠢ ᠵᠠᠰᠠᠮᠠᠯ ᠵᠡᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ᠎ᠳᠤ ᠭᠣᠤᠯᠳᠠᠭᠤ ᠳᠣᠤᠷᠠᠬᠢ ᠠᠭᠤᠯᠭ᠎ᠠ ᠵᠢ ᠪᠠᠭᠲᠠᠭ᠋ᠠᠨ᠎ᠠ᠄
(ᠨᠢᠭᠡ) ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠂ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ᠎ᠢ ᠬᠡᠷᠡᠭᠵᠢᠭᠦᠯᠦᠭᠰᠡᠨ ᠪᠠᠶ᠋ᠢᠳᠠᠯ;
(ᠬᠣᠶᠠᠷ) ᠠᠵᠢᠯ ᠡᠷᠬᠢᠯᠡᠬᠦ ᠨᠢᠭᠡᠴᠢ ᠵᠢᠨ ᠶᠠᠰᠤ ᠴᠢᠨᠠᠷ᠎ᠢ ᠪᠠᠲᠤᠯᠠᠬᠤ ᠰᠢᠰᠲ᠋ᠧᠮ ᠵᠢᠴᠢ ᠲᠡᠭᠦᠨ᠎ᠤ ᠠᠵᠢᠯᠯᠠᠭ᠋ᠠᠨ᠎ᠤ ᠪᠠᠶ᠋ᠢᠳᠠᠯ;
(ᠭᠤᠷᠪᠠ) ᠬᠠᠶ᠋ᠢᠨ ᠪᠠᠶ᠋ᠢᠴᠠᠭ᠋ᠠᠭᠰᠠᠨ᠂ ᠵᠢᠷᠤᠵᠤ ᠲᠥᠯᠥᠪᠯᠡᠭᠰᠡᠨ ᠶᠠᠰᠤ ᠴᠢᠨᠠᠷ᠎ᠤᠨ ᠪᠠᠶ᠋ᠢᠳᠠᠯ᠂ ᠪᠠᠷᠢᠯᠭ᠎ᠠ ᠵᠢᠨ ᠶᠠᠰᠤ ᠴᠢᠨᠠᠷ᠎ᠤᠨ ᠪᠠᠶ᠋ᠢᠳᠠᠯ᠂ ᠬᠡᠷᠡᠭᠯᠡᠭᠰᠡᠨ ᠮᠠᠲ᠋ᠧᠷᠢᠶᠠᠯ᠂ ᠲᠥᠬᠥᠭᠡᠷᠦᠮᠵᠢ ᠵᠢᠨ ᠶᠠᠰᠤ ᠴᠢᠨᠠᠷ᠎ᠤᠨ ᠪᠠᠶ᠋ᠢᠳᠠᠯ;
(ᠳᠥᠷᠪᠡ) ᠪᠠᠷᠢᠯᠭ᠎ᠠ ᠵᠢᠨ ᠲᠤᠷᠰᠢᠯᠲᠠ ᠬᠢᠵᠦ ᠪᠠᠶ᠋ᠢᠴᠠᠭ᠋ᠠᠨ ᠰᠢᠯᠭ᠋ᠠᠭᠰᠠᠨ ᠠᠵᠢᠯ᠎ᠤᠨ ᠪᠠᠶ᠋ᠢᠳᠠᠯ;
(ᠲᠠᠪᠤ) ᠪᠠᠷᠢᠯᠭ᠎ᠠ ᠵᠢᠨ ᠶᠠᠰᠤ ᠴᠢᠨᠠᠷ᠎ᠤᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠵᠢᠷᠤᠮᠵᠢᠯ᠎ᠤᠨ ᠴᠢᠨᠠᠷ᠂ ᠬᠠᠤᠯᠢ ᠶᠣᠰᠣᠴᠢ ᠴᠢᠨᠠᠷ᠎ᠤᠨ ᠪᠠᠢ᠌ᠳᠠᠯ;
(ᠵᠢᠷᠭᠤᠭ᠎ᠠ) ᠠᠵᠢᠯ ᠡᠷᠬᠢᠯᠡᠬᠦ ᠨᠢᠭᠡᠴᠢ ᠵᠢᠨ ᠪᠠᠷᠢᠯᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠶᠠᠰᠤ ᠴᠢᠨᠠᠷ᠎ᠤᠨ ᠦᠢ᠍ᠯᠡ ᠠᠵᠢᠯᠯᠠᠭ᠎ᠠ᠃
ᠳᠣᠯᠣᠳᠤᠭ᠋ᠠᠷ ᠵᠦᠢ᠍ᠯ᠂ ᠵᠠᠮ ᠬᠠᠷᠢᠯᠴᠠᠭ᠎ᠠ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠨᠢ ᠭᠣᠣᠯᠳᠠᠭᠤ᠄
(ᠨᠢᠭᠡ) ᠠᠵᠢᠯ ᠡᠷᠬᠢᠯᠡᠬᠦ ᠨᠢᠭᠡᠴᠢ᠎ᠨᠢ ᠬᠠᠤᠯᠢ ᠶᠣᠰᠣᠭ᠋ᠠᠷ ᠣᠯᠤᠭᠰᠠᠨ ᠵᠣᠬᠢᠴᠠᠩᠭᠤᠶ ᠵᠡᠷᠭᠡ ᠲᠡᠰ᠎ᠤᠨ ᠬᠢᠷᠢ ᠬᠡᠮ᠎ᠤᠨ ᠦᠨᠡᠮᠯᠡᠯ ᠪᠠᠢ᠌ᠬᠤ ᠡᠰᠡᠬᠦ᠂ ᠠᠵᠢᠯᠯᠠᠵᠤ ᠪᠠᠶ᠋ᠢᠭ᠎ᠠ ᠬᠥᠮᠦᠰ᠎ᠨᠢ ᠤᠯᠤᠰ᠎ᠤᠨ ᠲᠣᠭᠲᠠᠭ᠋ᠠᠯ ᠶᠣᠰᠣᠭ᠋ᠠᠷ ᠰᠢᠯᠭ᠋ᠠᠯᠲᠠ᠎ᠳᠤ ᠬᠢᠷᠢ ᠲᠡᠩᠴᠡᠬᠦ᠎ᠪᠠᠷ ᠲᠠᠮᠵᠢᠨ᠂ ᠠᠵᠢᠯ᠎ᠤᠨ ᠪᠠᠶ᠋ᠢᠷᠢ᠎ᠳᠤ ᠭᠠᠷᠬᠤ ᠬᠢᠷᠢ ᠬᠡᠮ ᠣᠯᠤᠭᠰᠠᠨ ᠡᠰᠡᠬᠦ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ;
(ᠬᠣᠶᠠᠷ) ᠪᠦᠲᠦᠭᠡᠨ ᠪᠠᠶ᠋ᠢᠭᠤᠯᠬᠤ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠨᠢᠭᠡᠴᠢ ᠵᠢᠨ ᠶᠠᠰᠤ ᠴᠢᠨᠠᠷ᠎ᠢ ᠪᠠᠲᠤᠯᠠᠬᠤ ᠰᠢᠰᠲ᠋ᠧᠮᠵᠢ ᠵᠢᠨ ᠬᠠᠨᠳᠤᠯᠭ᠋ᠠᠲᠤ ᠴᠢᠨᠠᠷ᠂ ᠴᠢᠩᠭ᠎ᠠ ᠨᠢᠭᠲᠠ ᠴᠢᠨᠠᠷ ᠪᠠ ᠠᠵᠢᠯᠯᠠᠭ᠋ᠠᠨ᠎ᠤ ᠪᠦᠲᠦᠮᠵᠢᠲᠦ ᠴᠢᠨᠠᠷ ᠵᠢᠴᠢ ᠡᠯ᠎ᠡ ᠨᠢᠭᠡᠴᠢ ᠵᠢᠨ ᠶᠠᠰᠤ ᠴᠢᠨᠠᠷ᠎ᠢ ᠪᠠᠲᠤᠯᠠᠬᠤ ᠰᠢᠰᠲ᠋ᠧᠮ᠎ᠤᠨ ᠬᠣᠭᠣᠷᠣᠨᠳᠣᠬᠢ ᠵᠣᠬᠢᠴᠠᠩᠭᠤᠶ ᠴᠢᠨᠠᠷ ᠪᠠ ᠨᠢᠭᠡᠳᠦᠯᠲᠦ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠨ᠎ᠠ᠃;
(ᠭᠤᠷᠪᠠ) ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠪᠢᠴᠢᠭ ᠮᠠᠲ᠋ᠧᠷᠢᠶᠠᠯ᠎ᠨᠢ ᠤᠯᠤᠰ᠎ᠠᠴᠠ ᠲᠣᠭᠲᠠᠭ᠋ᠠᠭᠰᠠᠨ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ᠂ ᠵᠢᠷᠤᠵᠤ ᠲᠥᠯᠥᠪᠯᠡᠬᠦ ᠪᠢᠴᠢᠭ ᠮᠠᠲ᠋ᠧᠷᠢᠶᠠᠯ᠎ᠨᠢ ᠤᠯᠤᠰ᠎ᠠᠴᠠ ᠲᠣᠭᠲᠠᠭ᠋ᠠᠭᠰᠠᠨ ᠨᠠᠶ᠋ᠢᠷᠠᠭᠤᠯᠤᠨ ᠵᠣᠬᠢᠶᠠᠬᠤ ᠱᠠᠭ᠋ᠠᠷᠳᠠᠯᠭ᠎ᠠ᠎ᠳᠤ ᠬᠦᠷᠦᠭᠰᠡᠨ ᠡᠰᠡᠬᠦ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ᠃᠃
(ᠳᠥᠷᠪᠡ) ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠲᠥᠬᠥᠭᠡᠷᠦᠮᠵᠢ᠂ ᠮᠠᠲ᠋ᠧᠷᠢᠶᠠᠯ ᠬᠠᠩᠭ᠋ᠠᠬᠤ ᠨᠢᠭᠡᠴᠢ ᠵᠢᠨ ᠬᠣᠯᠪᠣᠭᠳᠠᠯ ᠪᠦᠬᠦᠢ ᠶᠠᠰᠤ ᠴᠢᠨᠠᠷ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠲᠥᠬᠥᠭᠡᠷᠦᠮᠵᠢ᠂ ᠮᠠᠲ᠋ᠧᠷᠢᠶᠠᠯ ᠬᠠᠩᠭ᠋ᠠᠬᠤ ᠡᠰᠡᠬᠦ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ;
(ᠲᠠᠪᠤ) ᠬᠢᠨᠠᠨ ᠬᠠᠮᠢᠶᠠᠷᠬᠤ ᠨᠢᠭᠡᠴᠢ ᠵᠢᠨ ᠶᠠᠰᠤ ᠴᠢᠨᠠᠷ᠎ᠤᠨ ᠬᠠᠮᠢᠶᠠᠷᠤᠯᠲᠠ ᠪᠠ ᠲᠤᠬᠠᠶ ᠵᠢᠨ ᠲᠠᠯᠠᠪᠠᠢ ᠵᠢᠨ ᠶᠠᠰᠤ ᠴᠢᠨᠠᠷ᠎ᠤᠨ ᠡᠵᠡᠮᠰᠢᠯ᠎ᠤᠨ ᠪᠠᠢ᠌ᠳᠠᠯ ᠵᠢᠴᠢ ᠵᠠᠰᠠᠮᠠᠯ ᠵᠠᠮ᠎ᠤᠨ ᠪᠠᠷᠢᠯᠭ᠎ᠠ ᠵᠢᠨ ᠵᠠᠩᠭᠢᠯᠠᠭ᠎ᠠ ᠵᠢᠨ ᠬᠡᠰᠡᠭ ᠪᠣᠯᠤᠨ ᠳᠠᠯᠳᠠ ᠪᠠᠷᠢᠯᠭ᠎ᠠ ᠵᠢᠨ ᠬᠠᠵᠠᠭᠤ ᠵᠢᠨ ᠪᠠᠶ᠋ᠢᠳᠠᠯ᠂ ᠡᠯ᠎ᠡ ᠪᠠᠷᠢᠯᠭ᠎ᠠ ᠵᠢᠨ ᠠᠵᠢᠯ᠎ᠤᠨ ᠲᠠᠰ ᠳᠠᠷᠠᠭ᠋ᠠᠯᠠᠯ᠎ᠤᠨ ᠶᠠᠰᠤ ᠴᠢᠨᠠᠷ᠎ᠢ ᠪᠠᠶ᠋ᠢᠴᠠᠭ᠋ᠠᠭᠰᠠᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ;
(ᠵᠢᠷᠭᠤᠭ᠎ᠠ) ᠲᠤᠷᠰᠢᠯᠲᠠ ᠬᠢᠵᠦ ᠪᠠᠶ᠋ᠢᠴᠠᠭ᠋ᠠᠨ ᠬᠡᠮᠵᠢᠬᠦ ᠲᠥᠬᠥᠭᠡᠷᠦᠮᠵᠢ ᠵᠢᠨ ᠬᠢᠷᠢ ᠲᠡᠩᠴᠡᠭᠰᠡᠨ ᠡᠰᠡᠬᠦ᠂ ᠲᠤᠷᠰᠢᠯᠲᠠ ᠵᠢᠨ ᠠᠷᠭ᠎ᠠ᠎ᠨᠢ ᠵᠢᠷᠤᠮᠵᠢᠭᠤᠨ ᠡᠰᠡᠬᠦ᠂ ᠲᠤᠷᠰᠢᠯᠲᠠ ᠵᠢᠨ ᠲᠣᠭ᠎ᠠ ᠪᠠᠷᠢᠮᠲᠠ᠎ᠨᠢ ᠣᠨᠣᠪᠴᠢᠲᠠᠶ ᠡᠰᠡᠬᠦ᠂ ᠲᠤᠷᠰᠢᠯᠲᠠ ᠵᠢᠨ ᠪᠠᠶ᠋ᠢᠴᠠᠭ᠋ᠠᠯᠲᠠ ᠵᠢᠨ ᠳᠠᠪᠲᠠᠮᠵᠢ᠎ᠨᠢ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠰᠡᠬᠦ᠎ᠳᠤ ᠬᠢᠨᠠᠯᠲᠠ ᠲᠠᠯᠪᠢᠵᠤ ᠪᠠᠢ᠌ᠴᠠᠭ᠋ᠠᠨ᠎ᠠ;
(ᠳᠣᠯᠣᠭ᠎ᠠ) ᠮᠠᠲ᠋ᠧᠷᠢᠶᠠᠯ ᠬᠤᠳᠠᠯᠳᠤᠨ ᠠᠪᠬᠤ᠂ ᠲᠠᠯᠠᠪᠠᠢ᠎ᠳᠤ ᠣᠷᠣᠭᠤᠯᠬᠤ ᠪᠠ ᠬᠡᠷᠡᠭᠯᠡᠬᠦ ᠵᠡᠷᠭᠡ ᠵᠠᠩᠭᠢᠯᠠᠭ᠎ᠠ ᠵᠢᠨ ᠶᠠᠰᠤ ᠴᠢᠨᠠᠷ᠎ᠤᠨ ᠪᠠᠢ᠌ᠳᠠᠯ᠎ᠳᠤ ᠬᠢᠨᠠᠯᠲᠠ ᠲᠠᠯᠪᠢᠨ ᠪᠠᠢ᠌ᠴᠠᠭ᠋ᠠᠬᠤ ᠵᠢᠨ ᠬᠠᠮᠲᠤ᠂ ᠰᠣᠩᠭᠣᠨ ᠪᠠᠶ᠋ᠢᠴᠠᠭ᠋ᠠᠭᠰᠠᠨ ᠦᠯᠢᠭᠡᠷ ᠡᠳ᠋᠎ᠤᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠨᠡᠶ᠋ᠢᠲᠡᠯᠡᠵᠦ᠂ ᠵᠠᠩᠭᠢᠯᠠᠭ᠎ᠠ ᠵᠢᠨ ᠲᠥᠬᠥᠭᠡᠷᠦᠮᠵᠢ ᠵᠢᠨ ᠴᠢᠳᠠᠮᠵᠢ ᠵᠢᠨ ᠪᠠᠶ᠋ᠢᠳᠠᠯ᠎ᠢ ᠪᠠᠶ᠋ᠢᠴᠠᠭ᠋ᠠᠨ᠎ᠠ;
(ᠨᠠᠢ᠍ᠮᠠ) ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠪᠠᠢ᠌ᠳᠠᠯ᠎ᠳᠤ ᠰᠤᠭᠤᠴᠢᠨ ᠪᠠᠶ᠋ᠢᠴᠠᠭ᠋ᠠᠯᠲᠠ ᠬᠢᠵᠦ᠂ ᠶᠠᠰᠤ ᠴᠢᠨᠠᠷ᠎ᠤᠨ ᠭᠣᠤᠯ ᠭᠦᠢ᠍ᠴᠡᠳᠬᠡᠯ ᠲᠣᠭ᠎ᠠ ᠵᠢᠨ ᠬᠤᠪᠢᠷᠠᠯᠲᠠ ᠵᠢᠨ ᠪᠠᠶ᠋ᠢᠳᠠᠯ᠎ᠢ ᠵᠠᠳᠠᠯᠵᠤ᠂ ᠶᠠᠰᠤ ᠴᠢᠨᠠᠷ᠎ᠤᠨ ᠶᠡᠷᠦᠩᠬᠡᠶ ᠪᠠᠢ᠌ᠳᠠᠯ ᠪᠣᠯᠤᠨ ᠣᠷᠣᠰᠢᠵᠤ ᠪᠠᠢ᠌ᠭ᠎ᠠ ᠭᠣᠤᠯ ᠠᠰᠠᠭᠤᠳᠠᠯ᠎ᠢ ᠦᠨᠡᠯᠡᠨ ᠵᠢᠱ᠌ᠢᠵᠦ᠂ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠ ᠵᠢᠯᠤᠭᠣᠳᠬᠣ ᠴᠢᠨᠠᠷᠲᠠᠶ ᠰᠠᠨᠠᠯ᠎ᠢ ᠳᠤᠷᠠᠳᠴᠤ᠂ ᠶᠠᠰᠤ ᠴᠢᠨᠠᠷ᠎ᠤᠨ ᠬᠥᠳᠡᠯᠦᠩᠭᠦᠶ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠨ᠎ᠡ;
(ᠶᠢᠰᠦ) ᠪᠠᠷᠢᠯᠭ᠎ᠠ ᠳᠠᠭᠤᠰᠤᠭᠰᠠᠨ ᠲᠥᠷᠥᠯ ᠵᠦᠢ᠍ᠯ᠎ᠳᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ ᠪᠠ ᠶᠠᠰᠤ ᠴᠢᠨᠠᠷ᠎ᠤᠨ ᠰᠢᠯᠭ᠋ᠠᠨ ᠲᠣᠭᠲᠠᠭ᠋ᠠᠯᠲᠠ ᠬᠢᠨ᠎ᠡ᠃
ᠨᠠᠢ᠍ᠮᠠᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠶᠠᠮᠤᠨ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠨᠥᠬᠥᠴᠡᠯ᠎ᠲᠠᠢ ᠲᠣᠭᠣᠷᠢᠭ ᠪᠠᠢ᠌ᠭᠤᠯᠤᠭᠰᠠ ᠬᠣᠲᠠ ᠵᠢᠨ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠶ᠎ᠠ ᠪᠦᠬᠦᠢ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠳᠤ ᠨᠠᠶ᠋ᠢᠳᠠᠵᠤ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠪᠣᠳᠠᠲᠠᠶ ᠬᠡᠷᠡᠭᠵᠢᠭᠦᠯᠦᠨ᠎ᠡ᠃
ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠤᠨ ᠶᠠᠰᠤ ᠴᠢᠨᠠᠷ᠎ᠤᠨ ᠬᠢᠨᠠᠯᠲᠠ ᠵᠢᠨ ᠲᠤᠰᠬᠠᠶ ᠪᠠᠶ᠋ᠢᠭᠤᠯᠤᠮᠵᠢ ᠪᠠᠶ᠋ᠢᠭᠤᠯᠤᠭ᠋ᠠᠳᠤᠶ ᠲᠣᠭᠣᠷᠢᠭ ᠪᠠᠶ᠋ᠢᠭᠤᠯᠤᠭᠰᠠᠨ ᠬᠤᠳᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠶᠠᠰᠤ ᠴᠢᠨᠠᠷ᠎ᠲᠤ ᠬᠢᠨᠠᠯᠲᠠ ᠲᠠᠯᠪᠢᠬᠤ ᠲᠤᠰᠬᠠᠶ ᠲᠤᠰᠢᠶᠠᠯ᠎ᠤᠨ ᠪᠤᠶᠤ ᠲᠤᠰᠢᠶᠠᠯ ᠬᠠᠪᠰᠤᠷᠭ᠋ᠠᠭᠰᠠᠨ ᠠᠵᠢᠯᠳᠠᠨ᠎ᠲᠠᠢ ᠪᠠᠶ᠋ᠢᠬᠤ ᠵᠢᠨ ᠬᠠᠮᠲᠤ᠂ ᠳᠡᠭᠡᠷ᠎ᠡ ᠨᠢᠭᠡ ᠱᠠᠲᠤᠨ᠎ᠤ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠣᠯᠭ᠎ᠠ ᠵᠢ ᠬᠦᠯᠢᠶᠡᠬᠦ ᠬᠡᠷᠡᠭᠲᠡᠶ᠃
ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠶ᠋ᠢᠳᠠᠭᠰᠠᠨ ᠵᠦᠢ᠍ᠯᠡᠰ᠎ᠤᠨ ᠬᠡᠪᠴᠢᠶᠡᠨ ᠳᠣᠲᠣᠷ᠎ᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠬᠡᠷᠡᠭᠵᠢᠭᠦᠯᠬᠦ ᠬᠡᠷᠡᠭᠲᠡᠶ᠃
ᠶᠢᠰᠦᠳᠦᠭᠡᠷ ᠵᠦᠢ᠍ᠯ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠳᠣᠤᠷᠠᠬᠢ ᠮᠡᠲᠦ ᠦᠨᠳᠦᠰᠦᠨ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ ᠬᠢᠵᠦ ᠪᠠᠶ᠋ᠢᠭ᠎ᠠ ᠲᠤᠰᠬᠠᠶ ᠮᠡᠷᠭᠡᠵᠢᠯ᠎ᠤᠨ ᠠᠵᠢᠯᠲᠠᠨ᠎ᠤ ᠪᠦᠲᠦᠴᠡ᠎ᠨᠢ ᠵᠦᠶ ᠵᠣᠬᠢᠰᠲᠠᠶ ᠪᠠᠶ᠋ᠢᠵᠤ᠂ ᠲᠣᠭ᠎ᠠ ᠬᠡᠮᠵᠢᠶ᠎ᠡ᠎ᠨᠢ ᠠᠵᠢᠯᠲᠠᠨ ᠠᠵᠢᠯᠴᠢᠨ᠎ᠤ ᠶᠡᠷᠦᠩᠬᠡᠶ ᠲᠣᠭ᠋ᠠᠨ᠎ᠤ 70%᠎ᠠᠴᠠ ᠳᠤᠲᠠᠭᠤ ᠪᠠᠶ᠋ᠢᠵᠤ ᠪᠣᠯᠬᠤ ᠥᠬᠡᠶ;
(ᠬᠣᠶᠠᠷ) ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ ᠬᠢᠵᠦ ᠪᠠᠶ᠋ᠢᠭ᠎ᠠ ᠲᠤᠰᠬᠠᠶ ᠮᠡᠷᠭᠡᠵᠢᠯ᠎ᠤᠨ ᠠᠵᠢᠯᠳᠠᠨ ᠲᠤᠰ ᠲᠤᠰᠬᠠᠶ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠤᠶᠤ ᠲᠤᠰ ᠲᠤᠰᠬᠠᠢ ᠮᠡᠷᠭᠡᠵᠢᠯ᠎ᠤᠨ ᠳᠤᠮᠳᠠ ᠵᠡᠷᠭᠡ᠎ᠠᠴᠠ ᠳᠡᠭᠡᠭᠰᠢᠬᠢ ᠲᠤᠰᠬᠠᠶ ᠮᠡᠷᠭᠡᠵᠢᠯ᠎ᠤᠨ ᠲᠤᠰᠢᠶᠠᠯ ᠡᠭᠦᠷᠭᠡᠯᠡᠬᠦ ᠬᠢᠷᠢ ᠬᠡᠮ᠎ᠲᠠᠢ ᠪᠠᠶ᠋ᠢᠬᠤ;
(ᠭᠤᠷᠪᠠ) ᠵᠠᠰᠠᠭ ᠵᠠᠬᠢᠷᠭ᠋ᠠᠨ᠎ᠤ ᠬᠠᠷᠢᠭᠤᠴᠠᠯᠭ᠋ᠠᠲᠠᠨ ᠪᠠ ᠮᠡᠷᠭᠡᠵᠢᠯ᠎ᠤᠨ ᠬᠠᠷᠢᠭᠤᠴᠠᠯᠭ᠋ᠠᠲᠠᠨ᠎ᠨᠢ 10 ᠵᠢᠯ᠎ᠠᠴᠠ ᠳᠡᠭᠡᠭᠰᠢᠬᠢ ᠵᠠᠰᠠᠮᠠᠯ ᠵᠡᠮ᠎ᠤᠨ ᠲᠤᠰᠬᠠᠶ ᠮᠡᠷᠭᠡᠵᠢᠯ᠎ᠤᠨ ᠠᠵᠢᠯ᠎ᠤᠨ ᠥᠩᠭᠡᠷᠡᠯᠲᠡ ᠪᠠ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠲᠤᠰᠢᠶᠠᠯ ᠡᠭᠦᠷᠭᠡᠯᠡᠬᠦ ᠬᠢᠷᠢ ᠬᠡᠮ᠎ᠲᠠᠢ ᠪᠠᠶ᠋ᠢᠬᠤ;
(ᠳᠥᠷᠪᠡ) ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠲᠠᠢ ᠵᠣᠬᠢᠴᠠᠯᠳᠤᠭᠰᠠᠨ ᠲᠤᠷᠰᠢᠨ ᠪᠠᠢ᠌ᠴᠠᠭ᠋ᠠᠬᠤ ᠨᠥᠬᠥᠴᠡᠯ᠎ᠢ ᠪᠦᠷᠢᠯᠳᠦᠭᠦᠯᠬᠦ;
(ᠲᠠᠪᠤ) ᠶᠠᠰᠤ ᠴᠢᠨᠠᠷ᠎ᠲᠤ ᠬᠢᠨᠠᠯᠲᠠ ᠲᠠᠯᠪᠢᠬᠤ ᠪᠠ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠪᠦᠷᠢᠨ ᠲᠡᠭᠦᠯᠳᠡᠷ ᠳᠦᠷᠢᠮ᠎ᠲᠠᠢ ᠪᠠᠶ᠋ᠢᠬᠤ;
(ᠵᠢᠷᠭᠤᠭ᠎ᠠ) ᠮᠤᠵᠢ ᠵᠢᠨ ᠱᠠᠲᠤᠨ᠎ᠠᠴᠠ ᠳᠡᠭᠡᠭᠰᠢᠬᠢ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠦᠴᠢᠷ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠬᠤ᠃
ᠠᠷᠪᠠᠳᠤᠭ᠋ᠠᠷ ᠵᠦᠢ᠍ᠯ᠂ ᠪᠦᠲᠦᠭᠡᠨ ᠪᠠᠶ᠋ᠢᠭᠤᠯᠬᠤ ᠨᠢᠭᠡᠴᠢ ᠪᠤᠶᠤ ᠲᠥᠷᠥᠯ ᠵᠦᠢ᠍ᠯ᠎ᠤᠨ ᠬᠠᠤᠯᠢ᠎ᠤᠨ ᠡᠷᠬᠡᠲᠡᠨ᠎ᠨᠢ ᠠᠵᠢᠯ ᠡᠬᠢᠯᠡᠬᠦ᠎ᠠᠴᠠ ᠡᠮᠦᠨᠡᠬᠢ ᠡᠯ᠎ᠡ ᠵᠦᠢ᠍ᠯ᠎ᠤᠨ ᠪᠡᠯᠡᠳᠬᠡᠯ ᠠᠵᠢᠯ ᠵᠶ᠋ᠠᠨ ᠪᠡᠶᠡᠯᠡᠭᠦᠯᠦᠭᠰᠡᠨ᠎ᠤ ᠳᠠᠷᠠᠭ᠎ᠠ᠂ ᠪᠠᠷᠢᠯᠭ᠎ᠠ ᠪᠠᠷᠢᠬᠤ ᠵᠥᠪᠰᠢᠶᠡᠷᠡᠯ᠎ᠤᠨ ᠦᠨᠡᠮᠯᠡᠯ᠎ᠢ ᠭᠦᠢ᠍ᠴᠡᠳᠬᠡᠬᠦ᠎ᠠᠴᠠ ᠭᠤᠴᠢᠨ ᠡᠳᠦᠷ᠎ᠤᠨ ᠡᠮᠦᠨ᠎ᠡ᠂ ᠵᠠᠮ ᠬᠠᠷᠢᠯᠴᠠᠭ᠋ᠠᠨ᠎ᠤ ᠶᠠᠮᠤᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠳᠤ ᠬᠦᠷᠴᠦ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠷ ᠭᠦᠢ᠍ᠴᠡᠳᠬᠡᠯ ᠬᠢᠬᠦ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ᠂ ᠪᠠᠷᠢᠯᠭ᠎ᠠ ᠪᠠᠷᠢᠭᠤᠯᠬᠤ ᠨᠢᠭᠡᠴᠢ᠎ᠠᠴᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠷ ᠭᠦᠢ᠍ᠴᠡᠳᠬᠡᠯ ᠬᠢᠬᠦ᠎ᠳᠤ᠂ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠬᠤ ᠵᠢᠨ ᠬᠠᠮᠲᠤ ᠳᠣᠤᠷᠠᠬᠢ ᠮᠡᠲᠦ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄
(ᠨᠢᠭᠡ) ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠤᠶᠤᠴᠢᠯᠠᠯ᠎ᠤᠨ ᠪᠢᠴᠢᠭ᠃ ᠡᠭᠦᠨ᠎ᠳᠤ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢ᠍ᠯ᠎ᠤᠨ ᠨᠡᠷᠡᠶ᠋ᠢᠳᠦᠯ ᠵᠢᠴᠢ ᠭᠠᠵᠠᠷ ᠣᠷᠣᠨ᠂ ᠪᠥᠲᠥᠭᠡᠨ ᠪᠠᠶ᠋ᠢᠭᠤᠯᠬᠤ ᠨᠢᠭᠡᠴᠢ᠂ ᠬᠠᠷᠢᠯᠴᠠᠬᠤ ᠠᠷᠭ᠎ᠠ ᠮᠠᠶᠢᠭ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠤᠶᠤᠴᠢᠯᠠᠯ ᠳᠤᠷᠠᠳᠬᠤ ᠵᠡᠷᠭᠡ ᠪᠠᠭᠲᠠᠨ᠎ᠠ;
(ᠬᠣᠶᠠᠷ) ᠵᠠᠰᠠᠮᠠᠯ ᠵᠠᠮ᠎ᠤᠨ ᠪᠠᠷᠢᠯᠭ᠎ᠠ ᠵᠢᠨ ᠲᠦᠷᠦᠯ ᠵᠦᠢ᠍ᠯ᠎ᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ;
(ᠭᠤᠷᠪᠠ) ᠵᠠᠰᠠᠮᠠᠯ ᠵᠡᠮ᠎ᠤᠨ ᠪᠠᠷᠢᠯᠭ᠎ᠠ ᠵᠢᠨ ᠲᠦᠷᠦᠯ ᠵᠦᠢ᠍ᠯ᠎ᠤᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠡᠷ᠎ᠡ ᠵᠢᠨ ᠪᠢᠴᠢᠭ ᠮᠠᠲ᠋ᠧᠷᠢᠶᠠᠯ;
(ᠲᠤᠢ᠍ᠷᠪᠡ) ᠵᠠᠰᠠᠮᠠᠯ ᠵᠡᠮ᠎ᠤᠨ ᠪᠠᠷᠢᠯᠭ᠎ᠠ ᠵᠢᠨ ᠲᠦᠷᠦᠯ ᠵᠦᠢ᠍ᠯ᠎ᠤᠨ ᠠᠵᠢᠯ ᠡᠷᠬᠢᠯᠡᠬᠦ ᠨᠢᠭᠡᠴᠢ ᠵᠢᠨ ᠬᠢᠷᠢ ᠬᠡᠮ᠎ᠤᠨ ᠭᠡᠷᠡᠴᠢ ᠮᠠᠲ᠋ᠧᠷᠢᠶᠠᠯ;
(ᠲᠠᠪᠤ) ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭ᠋ᠠᠷᠳᠠᠭᠰᠠᠨ ᠪᠤᠰᠤᠳ ᠬᠣᠯᠪᠣᠭᠳᠠᠯ ᠪᠦᠬᠦᠢ ᠮᠠᠲ᠋ᠧᠷᠢᠶᠠᠯ᠃
ᠠᠷᠪᠠᠨ ᠬᠣᠶᠠᠳᠤᠭ᠋ᠠᠷ ᠵᠦᠢ᠍ᠯ᠂ ᠣᠯᠠᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠲᠦᠷᠦᠯ ᠵᠦᠢ᠍ᠯ᠎ᠨᠢ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠷᠳᠠᠮ᠎ᠢ ᠲᠥᠪᠯᠡᠷᠡᠭᠦᠯᠦᠨ ᠨᠢᠭᠡᠳᠦᠯᠲᠡᠶ ᠭᠤᠶᠤᠴᠢᠯᠠᠵᠤ ᠪᠣᠯᠤᠨ᠎ᠠ᠃
ᠠᠷᠪᠠᠨ ᠭᠤᠷᠪᠠᠳᠤᠭ᠋ᠠᠷ ᠵᠦᠢ᠍ᠯ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠶᠠᠰᠤ ᠴᠢᠨᠠᠷ᠎ᠲᠤ ᠬᠢᠨᠠᠯᠲᠠ ᠲᠠᠯᠪᠢᠬᠤ ᠭᠤᠶᠤᠴᠢᠯᠠᠯ᠎ᠤᠨ ᠮᠠᠲ᠋ᠧᠷᠢᠶᠠᠯ᠎ᠢ ᠣᠯᠤᠭᠰᠠᠨ ᠡᠳᠦᠷ᠎ᠠᠴᠠ ᠡᠬᠢᠯᠡᠨ ᠬᠣᠷᠢᠨ ᠡᠳᠦᠷ᠎ᠤᠨ ᠳᠣᠲᠣᠷ᠎ᠠ᠂ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠵᠢᠷᠤᠮᠳᠤ ᠨᠡᠶ᠋ᠢᠴᠡᠬᠦ ᠵᠠᠰᠠᠮᠠᠯ ᠵᠠᠮ᠎ᠤᠨ ᠪᠠᠷᠢᠯᠭ᠎ᠠ ᠵᠢᠨ ᠲᠥᠷᠥᠯ ᠵᠦᠢ᠍ᠯ᠎ᠳᠤ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠮᠡᠳᠡᠭᠳᠡᠯ᠎ᠤᠨ ᠪᠢᠴᠢᠭ ᠪᠢᠴᠢᠵᠦ ᠥᠭᠭᠦᠨ᠎ᠡ᠃ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠵᠢᠷᠤᠮᠳᠤ ᠨᠡᠶ᠋ᠢᠴᠡᠬᠦ ᠦᠭᠡᠢ ᠲᠥᠷᠥᠯ ᠵᠦᠢ᠍ᠯ᠎ᠳᠤ᠂ ᠭᠤᠶᠤᠴᠢᠯᠠᠭᠴᠢ᠎ᠳᠤ ᠶᠠᠰᠤ ᠴᠢᠨᠠᠷ᠎ᠲᠤ ᠬᠢᠨᠠᠯᠲᠠ ᠲᠠᠯᠪᠢᠬᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠪᠥᠭᠡᠳ ᠰᠢᠯᠲᠠᠭ᠋ᠠᠨ᠎ᠢ᠎ᠨᠢ ᠬᠡᠯᠡᠵᠦ ᠥᠭᠬᠦ᠎ᠪᠠᠷ ᠪᠢᠴᠢᠭ ᠵᠶ᠋ᠡᠷ ᠮᠡᠳᠡᠭᠳᠡᠬᠦ ᠵᠢᠨ ᠬᠠᠮᠲᠤ᠂ ᠲᠣᠰ ᠱᠠᠲᠤᠨ᠎ᠤ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠪᠦᠳᠦᠭᠡᠨ ᠪᠠᠶ᠋ᠢᠭᠤᠯᠬᠤ ᠨᠢᠭᠡᠴᠢ ᠵᠢ ᠵᠠᠷᠯᠢᠭᠳᠠᠵᠤ ᠪᠠᠶ᠋ᠢᠭ᠋ᠠᠳ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠵᠢᠷᠤᠮ᠎ᠢ ᠲᠡᠭᠦᠯᠳᠡᠷᠵᠢᠭᠦᠯᠬᠦ ᠬᠡᠷᠡᠭᠲᠡᠶ᠃
ᠵᠠᠰᠠᠮᠠᠯ ᠵᠡᠮ᠎ᠤᠨ ᠪᠠᠷᠢᠯᠭ᠎ᠠ ᠵᠢᠨ ᠲᠦᠷᠦᠯ ᠵᠦᠢ᠍ᠯ᠎ᠨᠢ ᠦᠨᠳᠦᠰᠦᠨ ᠪᠦᠳᠦᠭᠡᠠ ᠪᠠᠶ᠋ᠢᠭᠤᠯᠤᠯᠲᠠ ᠵᠢᠨ ᠵᠢᠷᠤᠮᠳᠤ ᠨᠡᠢ᠌ᠴᠡᠭᠰᠡᠨ᠎ᠤ ᠲᠡᠷᠡᠭ᠎ᠠ᠂ ᠪᠦᠳᠦᠭᠡᠠ ᠪᠠᠶ᠋ᠢᠭᠤᠯᠤᠯᠲᠠ ᠵᠢᠨ ᠨᠢᠭᠡᠴᠢ᠎ᠠᠴᠠ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠤᠶᠤᠴᠢᠯᠠᠯ ᠵᠶ᠋ᠠᠨ ᠲᠡᠬᠢᠵᠦ ᠳᠤᠷᠠᠳᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ᠎ᠠᠴᠠ ᠡᠷᠬᠡᠪᠰᠢ ᠵᠠᠰᠠᠮᠠᠯ ᠵᠡᠮ᠎ᠤᠨ ᠪᠠᠷᠢᠯᠭ᠎ᠠ ᠵᠢᠨ ᠪᠦᠳᠦᠭᠡᠠ ᠪᠠᠶ᠋ᠢᠭᠤᠯᠤᠯᠲᠠ ᠵᠢᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠶᠣᠰᠣᠭ᠋ᠠᠷ ᠬᠠᠶ᠋ᠢᠨ ᠪᠠᠢ᠌ᠴᠠᠭ᠋ᠠᠵᠤ᠂ ᠵᠢᠷᠤᠵᠤ ᠲᠥᠯᠥᠪᠯᠡᠬᠦ ᠵᠢᠨ ᠬᠠᠮᠲᠤ᠂ ᠬᠠᠶ᠋ᠢᠨ ᠪᠠᠢ᠌ᠴᠠᠭ᠋ᠠᠵᠤ᠂ ᠵᠢᠷᠤᠵᠤ ᠲᠥᠯᠦᠪᠯᠡᠭᠰᠡᠨ ᠶᠠᠰᠤ ᠴᠢᠨᠠᠷ᠎ᠲᠤ᠎ᠪᠠᠨ ᠬᠠᠷᠢᠭᠤᠴᠠᠬᠤ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠨᠠᠶ᠋ᠢᠳᠠᠭᠰᠠᠨ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠬᠢᠨᠠᠯᠲᠠ ᠲᠠᠯᠪᠢᠵᠤ ᠪᠠᠢ᠌ᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ᠎ᠪᠠᠨ᠂ ᠳᠣᠤᠷᠠᠬᠢ ᠮᠡᠲᠦ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ᠄
(ᠨᠢᠭᠡ) ᠪᠠᠢ᠌ᠴᠠᠭ᠋ᠠᠭᠳᠠᠬᠤ ᠨᠢᠭᠡᠴᠢ ᠵᠢ ᠪᠠᠷᠢᠯᠭ᠎ᠠ ᠵᠢᠨ ᠶᠠᠰᠤ ᠴᠢᠨᠠᠷ᠎ᠲᠤ ᠬᠣᠯᠪᠣᠭᠳᠠᠬᠤ ᠪᠢᠴᠢᠭ ᠬᠠᠷ᠎ᠠ ᠪᠠ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠬᠤ;
(ᠬᠣᠶᠠᠷ) ᠪᠠᠶ᠋ᠢᠴᠠᠭ᠋ᠠᠭᠳᠠᠬᠤ ᠨᠢᠭᠡᠴᠢ ᠵᠢᠨ ᠪᠠᠷᠢᠯᠭ᠎ᠠ ᠵᠢᠨ ᠲᠤᠬᠠᠶ ᠵᠢᠨ ᠭᠠᠵᠠᠷ᠎ᠲᠤ ᠣᠴᠢᠵᠤ ᠪᠠᠶ᠋ᠢᠴᠠᠭ᠋ᠠᠬᠤ;
(ᠭᠤᠷᠪᠠ) ᠪᠠᠷᠢᠯᠭ᠎ᠠ ᠵᠢᠨ ᠶᠠᠰᠤ ᠴᠢᠨᠠᠷ᠎ᠢ ᠨᠥᠯᠥᠭᠡᠯᠡᠬᠦ ᠠᠰᠠᠭᠤᠳᠠᠯ ᠪᠠᠶ᠋ᠢᠬᠤ ᠵᠢ ᠣᠯᠵᠤ ᠮᠡᠳᠡᠪᠡᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠬᠤ᠃
ᠠᠷᠪᠠᠨ ᠵᠢᠷᠭᠤᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠨᠠᠶ᠋ᠢᠳᠠᠭᠰᠠᠨ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠪᠠᠷᠢᠯᠭ᠎ᠠ ᠵᠢᠨ ᠪᠣᠳᠠᠲᠤ ᠴᠣᠭᠴᠠ ᠵᠢᠨ ᠶᠠᠰᠤ ᠴᠢᠨᠠᠷ᠎ᠲᠤ ᠲᠤᠬᠠᠶ ᠵᠢᠨ ᠲᠠᠯᠠᠪᠠᠢ ᠵᠢᠨ ᠬᠢᠨᠠᠯᠲᠠ ᠪᠠᠶ᠋ᠢᠴᠠᠭ᠋ᠠᠯᠲᠠ ᠬᠢᠬᠦ ᠦᠶᠡᠰ᠂ ᠶᠠᠰᠤ ᠴᠢᠨᠠᠷ᠎ᠤᠨ ᠪᠠᠭᠤᠷᠠᠶ ᠲᠠᠯ᠎ᠠ ᠪᠠ ᠪᠦᠲᠦᠴᠡ ᠵᠢᠨ ᠬᠦᠴᠦᠯᠡᠴᠡ ᠵᠢᠴᠢ ᠲᠣᠭᠲᠠᠪᠤᠷᠢᠲᠤ ᠴᠢᠨᠠᠷ᠎ᠲᠤ ᠬᠣᠯᠪᠤᠭᠳᠠᠬᠤ ᠴᠢᠬᠤᠯᠠ ᠭᠦᠢ᠍ᠴᠡᠳᠬᠡᠬᠦ ᠲᠣᠭ᠎ᠠ ᠵᠢ ᠭᠣᠤᠯᠳᠠᠯᠭ᠎ᠠ᠎ᠲᠠᠢ ᠪᠠᠶ᠋ᠢᠴᠠᠭ᠋ᠠᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠨᠠᠢ᠌ᠳᠠᠭᠰᠠᠨ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠪᠠᠶ᠋ᠢᠴᠠᠭ᠋ᠠᠬᠤ ᠳᠤᠮᠳᠠ ᠣᠯᠵᠤ ᠮᠡᠳᠡᠭᠰᠡᠨ ᠠᠰᠠᠭᠤᠳᠠᠯ᠎ᠳᠤ᠂ ᠬᠣᠯᠪᠣᠭᠳᠠᠯ ᠪᠦᠬᠦᠢ ᠨᠢᠭᠡᠴᠢ᠎ᠳᠤ ᠴᠠᠭ ᠲᠤᠬᠠᠶ᠎ᠳᠤᠨᠢ ᠪᠢᠴᠢᠭ᠎ᠤᠨ ᠬᠡᠯᠪᠡᠷᠢ᠎ᠪᠠᠷ ᠮᠡᠳᠡᠭᠳᠡᠬᠦ ᠬᠡᠷᠡᠭᠲᠡᠶ᠃ ᠡᠩ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠰᠠᠭᠤᠳᠠᠯ ᠪᠣᠯᠤᠨ ᠡᠩ᠎ᠤᠨ ᠶᠠᠰᠤ ᠴᠢᠨᠠᠷ᠎ᠤᠨ ᠳᠤᠲᠠᠭᠳᠠᠯ᠎ᠢ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠤᠨ᠎ᠠ; ᠬᠢᠷᠢ ᠲᠡᠩᠴᠡᠬᠦ ᠦᠭᠡᠢ ᠪᠠᠷᠢᠯᠭ᠎ᠠ ᠵᠢ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠪᠤᠴᠠᠭ᠋ᠠᠨ ᠵᠠᠰᠠᠭᠤᠯᠤᠨ᠎ᠠ; ᠬᠠᠤᠯᠢ᠎ᠠᠴᠠ ᠵᠥᠷᠢᠴᠡᠭᠰᠡᠨ ᠶᠠᠰᠤ ᠴᠢᠨᠠᠷ᠎ᠤᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠠᠷᠠᠭᠤᠯᠤᠨ᠎ᠠ᠃
ᠠᠰᠠᠭᠤᠳᠠᠯ ᠣᠷᠣᠰᠢᠵᠤ ᠪᠠᠶ᠋ᠢᠭ᠎ᠠ ᠨᠢᠭᠡᠴᠢ᠎ᠨᠢ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠵᠤ᠂ ᠪᠤᠴᠠᠭ᠋ᠠᠨ ᠵᠠᠰᠠᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠤᠭᠰᠠᠨ ᠮᠡᠳᠡᠭᠦᠯᠦᠯᠲᠡ᠎ᠪᠠᠨ ᠲᠤᠰᠢᠶᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ᠂ ᠪᠦᠲᠦᠭᠡᠨ ᠪᠠᠶ᠋ᠢᠭᠤᠯᠬᠤ ᠨᠢᠭᠡᠴᠢ᠎ᠠᠴᠠ ᠣᠳᠣ ᠵᠢᠨ ᠬᠡᠷᠡᠭᠵᠢᠭᠦᠯᠵᠦ ᠪᠠᠢ᠌ᠭ᠎ᠠ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠶᠠᠰᠤ ᠴᠢᠨᠠᠷ᠎ᠤᠨ ᠱᠠᠭ᠋ᠠᠷᠳᠠᠯᠭ᠎ᠠ ᠶᠣᠰᠣᠭ᠋ᠠᠷ ᠠᠵᠢᠯ ᠵᠶ᠋ᠠᠨ ᠲᠤᠰᠢᠶᠠᠵᠤ ᠰᠢᠯᠭ᠋ᠠᠨ ᠠᠪᠬᠤ ᠬᠡᠷᠡᠭᠲᠡᠶ᠂ ᠠᠵᠢᠯ ᠵᠶ᠋ᠠᠨ ᠲᠤᠰᠢᠶᠠᠵᠤ ᠰᠢᠯᠭ᠋ᠠᠨ ᠠᠪᠤᠭᠤᠯᠤᠭᠰᠠᠨ ᠦᠭᠡᠢ ᠪᠤᠶᠤ ᠠᠵᠢᠯ ᠵᠶ᠋ᠠᠨ ᠲᠤᠰᠢᠶᠠᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠷᠢᠯᠭ᠎ᠠ ᠵᠢ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃
ᠠᠷᠪᠠ ᠶᠢᠰᠦᠳᠦᠭᠡᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢ ᠲᠤᠰᠢᠶᠠᠵᠤ ᠰᠢᠯᠭ᠋ᠠᠨ ᠠᠪᠬᠤ᠎ᠠᠴᠠ ᠡᠮᠦᠨ᠎ᠡ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠷᠢᠯᠭ᠎ᠠ ᠵᠢᠨ ᠶᠠᠰᠤ ᠴᠢᠨᠠᠷ᠎ᠲᠤ ᠪᠠᠶ᠋ᠢᠴᠠᠭ᠋ᠠᠨ ᠰᠢᠯᠭ᠋ᠠᠯᠲᠠ ᠬᠢᠬᠦ ᠵᠢᠨ ᠬᠠᠮᠲᠤ ᠪᠠᠶ᠋ᠢᠴᠠᠭ᠋ᠠᠨ ᠰᠢᠯᠭ᠋ᠠᠭᠰᠠᠨ ᠰᠠᠨᠠᠯ ᠭᠠᠷᠭ᠋ᠠᠬᠤ ᠬᠡᠷᠡᠭᠲᠡᠶ᠃
ᠬᠣᠷᠢᠳᠤᠭ᠋ᠠᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠠᠪᠬᠤ᠎ᠠᠴᠠ ᠡᠮᠦᠨ᠎ᠡ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠪᠠᠷᠢᠯᠭ᠎ᠠ ᠵᠢᠨ ᠶᠠᠰᠤ ᠴᠢᠨᠠᠷ᠎ᠲᠤ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ ᠬᠢᠬᠦ ᠵᠢᠨ ᠬᠠᠮᠲᠤ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ ᠪᠢᠴᠢᠵᠦ ᠥᠭᠬᠦ ᠬᠡᠷᠡᠭᠲᠡᠶ᠃ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ ᠬᠢᠯᠭᠡᠭᠰᠡᠨ ᠦᠭᠡᠢ ᠪᠤᠶᠤ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ᠎ᠨᠢ ᠬᠢᠷᠢ ᠲᠡᠩᠴᠡᠭᠰᠡᠨ ᠦᠭᠡᠢ ᠲᠥᠷᠥᠯ ᠵᠦᠢ᠍ᠯ᠎ᠳᠤ᠂ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠢ ᠵᠣᠬᠢᠶᠠᠨ ᠪᠠᠢ᠌ᠭᠤᠯᠵᠤ ᠪᠣᠯᠬᠤ ᠦᠭᠡᠢ᠃
ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠶᠠᠰᠤ ᠴᠢᠨᠠᠷ᠎ᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠳᠤ ᠬᠠᠷᠢᠭᠤᠴᠠᠬᠤ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠷᠢ ᠬᠡᠮ ᠪᠦᠬᠦᠢ ᠲᠤᠷᠰᠢᠯᠲᠠ ᠬᠢᠵᠦ ᠪᠠᠶ᠋ᠢᠴᠠᠭ᠋ᠠᠨ ᠬᠡᠮᠵᠢᠬᠦ ᠨᠢᠭᠡᠴᠢ᠎ᠳᠤ ᠨᠠᠶ᠋ᠢᠳᠠᠵᠤ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠵᠤ ᠪᠣᠯᠤᠨ᠎ᠠ᠃
ᠤᠯᠤᠰ᠎ᠤᠨ ᠴᠢᠬᠤᠯᠠ ᠶᠡᠬᠡ ᠵᠠᠰᠠᠮᠠᠯ ᠵᠠᠮ᠎ᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠢ ᠬᠢᠨᠠᠨ ᠲᠣᠭᠲᠠᠭ᠋ᠠᠬᠤ ᠳᠤᠮᠳᠠᠬᠢ ᠪᠠᠶ᠋ᠢᠴᠠᠭ᠋ᠠᠨ ᠰᠢᠯᠭ᠋ᠠᠬᠤ ᠠᠵᠢᠯ᠎ᠳᠤ᠂ ᠵᠠᠮ ᠬᠠᠷᠢᠯᠴᠠᠭ᠋ᠠᠨ᠎ᠤ ᠶᠠᠮᠤᠨ᠎ᠠᠴᠠ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠳᠤ ᠨᠠᠶ᠋ᠢᠳᠠᠵᠤ ᠭᠠᠵᠠᠷ ᠣᠷᠣᠨ ᠠᠯᠤᠰᠯᠠᠨ ᠲᠤᠷᠰᠢᠯᠲᠠ ᠬᠢᠵᠦ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ ᠵᠢ ᠰᠣᠩᠭᠣᠨ ᠬᠢᠯᠭᠡᠵᠦ ᠪᠣᠯᠤᠨ᠎ᠠ᠃
ᠲᠤᠷᠰᠢᠯᠲᠠ ᠬᠢᠵᠦ ᠪᠠᠶ᠋ᠢᠴᠠᠭ᠋ᠠᠨ ᠰᠢᠯᠭ᠋ᠠᠬᠤ ᠨᠢᠭᠡᠴᠢ᠎ᠨᠢ ᠪᠠᠶ᠋ᠢᠴᠠᠭ᠋ᠠᠨ ᠰᠢᠯᠭ᠋ᠠᠭᠰᠠᠨ ᠲᠣᠭ᠎ᠠ ᠪᠠᠷᠢᠮᠲᠠ᠎ᠳᠤ ᠬᠠᠷᠢᠭᠤᠴᠠᠨ᠎ᠠ᠃
ᠬᠣᠷᠢᠨ ᠬᠣᠶᠠᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠳᠤ ᠴᠢᠬᠤᠯᠠ ᠪᠦᠬᠦᠢ ᠠᠵᠢᠯ᠎ᠤᠨ ᠨᠥᠬᠥᠴᠡᠯ ᠪᠣᠯᠤᠨ ᠵᠠᠷᠤᠳᠠᠯ ᠬᠠᠩᠭ᠋ᠠᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ᠂ ᠪᠦᠲᠦᠭᠡᠨ ᠪᠠᠢ᠌ᠭᠤᠯᠬᠤ ᠨᠢᠭᠡᠴᠢ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠥᠷᠥᠯ ᠵᠦᠢ᠍ᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠰᠦᠢ᠍ᠳᠬᠡᠯ ᠲᠤᠰᠢᠶᠠᠬᠤ ᠬᠡᠷᠡᠭᠲᠡᠶ᠃
ᠶᠠᠰᠤ ᠴᠢᠨᠠᠷ᠎ᠲᠤ ᠬᠢᠨᠠᠯᠲᠠ ᠲᠠᠯᠪᠢᠬᠤ ᠵᠠᠷᠤᠳᠠᠯ᠎ᠢ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠵᠠᠰᠠᠮᠠᠯ ᠵᠠᠮ᠎ᠤᠨ ᠪᠠᠷᠢᠯᠭ᠎ᠠ ᠵᠢᠨ ᠪᠠᠢ᠌ᠭ᠎ᠠ ᠭᠠᠵᠠᠷ᠎ᠤᠨ ᠪᠠᠩᠬᠢ᠎ᠳᠤ ᠲᠤᠰᠬᠠᠶ ᠡᠷᠦᠬᠡ ᠭᠠᠷᠭ᠋ᠠᠵᠤ᠂ ᠲᠤᠰᠠᠭ᠋ᠠᠷ ᠳᠠᠩᠰᠠ ᠪᠠᠶ᠋ᠢᠭᠤᠯᠵᠤ᠂ ᠲᠤᠰᠬᠠᠶ ᠵᠣᠭᠣᠰ᠎ᠢ ᠲᠤᠰᠬᠠᠶ ᠬᠡᠷᠡᠭᠯᠡᠬᠦ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ᠎ᠠᠴᠠ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠭᠡᠢ᠃
ᠬᠣᠷᠢᠨ ᠳᠥᠷᠪᠡᠳᠦᠭᠡᠷ ᠵᠦᠢ᠍ᠯ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ ᠵᠢᠨ ᠠᠵᠢᠯ᠎ᠤᠨ ᠬᠡᠷᠡᠭᠴᠡᠭᠡ᠎ᠠᠴᠠ ᠪᠣᠯᠵᠤ ᠪᠠᠷᠢᠯᠭ᠎ᠠ ᠵᠢᠨ ᠪᠣᠳᠠᠲᠤ ᠴᠣᠭᠴᠠ᠎ᠳᠤ ᠬᠡᠪ᠎ᠤᠨ ᠪᠤᠰᠤ ᠲᠤᠷᠰᠢᠯᠲᠠ ᠵᠢᠨ ᠪᠠᠢ᠌ᠴᠠᠭ᠋ᠠᠯᠲᠠ ᠪᠠ ᠠᠵᠢᠯ ᠲᠤᠰᠢᠶᠠᠬᠤ᠂ ᠠᠵᠢᠯ ᠳᠠᠭᠤᠰᠤᠭᠰᠠᠨ᠎ᠤ ᠰᠢᠯᠭ᠋ᠠᠨ ᠪᠠᠢ᠌ᠴᠠᠭ᠋ᠠᠯᠲᠠ ᠵᠢᠨ ᠬᠠᠤᠯᠢ ᠶᠣᠰᠤᠭ᠋ᠠᠷ ᠡᠭᠦᠰᠦᠭᠰᠡᠨ ᠲᠤᠷᠰᠢᠯᠲᠠ ᠵᠢᠨ ᠪᠠᠢ᠌ᠴᠠᠭ᠋ᠠᠯᠲᠠ ᠵᠢᠨ ᠵᠠᠷᠤᠳᠠᠯ᠎ᠢ ᠪᠦᠲᠦᠭᠡᠨ ᠪᠠᠶ᠋ᠢᠭᠤᠯᠬᠤ ᠨᠢᠭᠡᠴᠢ ᠡᠭᠦᠷᠭᠡᠯᠡᠨ᠎ᠡ᠃
ᠬᠣᠷᠢᠨ ᠲᠠᠪᠤᠳᠤᠭ᠋ᠠᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ᠎ᠳᠤ ᠶᠠᠰᠤ ᠴᠢᠨᠠᠷ᠎ᠤᠨ ᠡᠨᠳᠡᠯ ᠭᠠᠷᠪᠠᠯ᠂ ᠬᠣᠯᠪᠣᠭᠳᠠᠯ ᠪᠦᠬᠦᠢ ᠨᠢᠭᠡᠴᠢ᠎ᠠᠴᠠ ᠬᠣᠷᠢᠨ ᠳᠥᠷᠪᠡᠨ ᠴᠠᠭ᠎ᠤᠨ ᠳᠣᠲᠣᠷ᠎ᠠ ᠲᠤᠬᠠᠶ ᠵᠢᠨ ᠭᠠᠵᠠᠷ᠎ᠤᠨ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠶᠠᠰᠤ ᠴᠢᠨᠠᠷ᠎ᠤᠨ ᠬᠢᠨᠠᠯᠲᠠ ᠵᠢᠨ ᠪᠠᠢ᠌ᠭᠤᠯᠤᠮᠵᠢ᠎ᠳᠤ ᠮᠡᠳᠡᠭᠦᠯᠬᠦ ᠬᠡᠷᠡᠭᠲᠡᠶ᠃ ᠶᠠᠰᠤ ᠴᠢᠨᠠᠷ᠎ᠤᠨ ᠬᠦᠨᠳᠦ ᠶᠡᠬᠡ ᠡᠨᠳᠡᠯ᠎ᠢ᠂ ᠲᠤᠬᠠᠶ ᠵᠢᠨ ᠭᠠᠵᠠᠷ᠎ᠤᠨ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠭᠡᠳᠦ ᠱᠠᠲᠤᠨ᠎ᠤ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠶᠠᠰᠤ ᠴᠢᠨᠠᠷ᠎ᠤᠨ ᠣᠨᠴᠠ ᠶᠡᠬᠡ ᠡᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠬᠣᠷᠢᠨ ᠵᠢᠷᠭᠤᠳᠤᠭ᠋ᠠᠷ ᠵᠦᠢ᠍ᠯ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯᠲᠠᠳ᠎ᠨᠢ ᠡᠭᠦᠷᠭᠡ ᠲᠤᠰᠢᠶᠠᠯ ᠵᠶ᠋ᠠᠨ ᠬᠢᠨᠠᠮᠠᠭ᠋ᠠᠢ ᠭᠦᠢ᠍ᠴᠡᠳᠬᠡᠵᠦ᠂ ᠲᠥᠪ ᠭᠣᠤᠯᠴᠢ᠎ᠪᠠᠷ ᠠᠵᠢᠯᠯᠠᠵᠤ᠂ ᠲᠥᠪ ᠭᠣᠤᠯᠴᠢ ᠠᠷᠢᠭᠤᠨ ᠴᠢᠬᠡᠴᠢ ᠪᠠᠢ᠌ᠬᠤ ᠬᠡᠷᠡᠭᠲᠡᠶ᠃ ᠬᠢᠨᠠᠭᠳᠠᠬᠤ ᠡᠲᠡᠭᠡᠳ᠎ᠲᠠᠢ ᠠᠰᠢᠭ ᠬᠣᠤᠷ᠎ᠤᠨ ᠬᠠᠷᠢᠴᠠᠭ᠎ᠠ᠎ᠲᠠᠢ ᠬᠢᠨᠠᠯᠲᠠ ᠲᠠᠯᠪᠢᠬᠤ ᠬᠥᠮᠦᠰ᠎ᠨᠢ ᠵᠠᠢ᠌ᠯᠠᠬᠤ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠳᠤ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠢ᠃ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠠᠵᠢᠯᠲᠠᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠦᠢ᠍ᠯ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ᠎ᠨᠢ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠳᠤᠲᠠᠭᠳᠠᠯ᠂ ᠶᠠᠰᠤ ᠴᠢᠨᠠᠷ᠎ᠤᠨ ᠡᠨᠳᠡᠯ ᠵᠢᠴᠢ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ ᠵᠢᠴᠢ ᠠᠵᠢᠯᠲᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠵᠠᠭ᠋ᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ᠎ᠲᠠᠢ᠃
ᠬᠣᠷᠢ ᠶᠢᠰᠦᠳᠦᠭᠡᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠦᠨ᠎ᠡ᠃
ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠨᠠᠶ᠋ᠢᠳᠠᠭᠰᠠᠨ ᠵᠦᠢ᠍ᠯᠡᠰ᠎ᠤᠨ ᠡᠷᠬᠡ ᠮᠡᠳᠡᠯ᠎ᠤᠨ ᠳᠣᠲᠣᠷ᠎ᠠ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠦᠨ᠎ᠡ᠃
ᠭᠤᠴᠢᠳᠤᠭ᠋ᠠᠷ ᠵᠦᠢ᠍ᠯ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠷ ᠭᠦᠢ᠍ᠴᠡᠳᠬᠡᠯ ᠬᠢᠭᠰᠡᠨ ᠦᠭᠡᠢ ᠪᠣᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠭᠠᠷᠳᠠᠮ᠎ᠢ ᠨᠥᠬᠥᠵᠦ ᠬᠢᠯᠭᠡᠬᠦ ᠵᠢᠨ ᠬᠠᠮᠲᠤ᠂ 20 ᠲᠦᠮᠡᠨ ᠲᠦᠭᠦᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
ᠭᠤᠴᠢᠨ ᠨᠢᠭᠡᠳᠦᠭᠡᠷ ᠵᠦᠢ᠍ᠯ᠂ ᠪᠠᠷᠢᠯᠭ᠎ᠠ ᠪᠠᠷᠢᠭᠤᠯᠬᠤ ᠨᠢᠭᠡᠴᠢ᠎ᠨᠢ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠭᠰᠠᠨ ᠦᠭᠡᠢ ᠪᠤᠶᠤ ᠶᠠᠰᠤ ᠴᠢᠨᠠᠷ᠎ᠢ ᠪᠠᠢ᠌ᠴᠠᠭ᠋ᠠᠨ ᠰᠢᠯᠭ᠋ᠠᠭ᠋ᠠᠳ ᠬᠢᠷᠢ ᠲᠡᠩᠴᠡᠭᠰᠡᠨ ᠦᠭᠡᠢ ᠪᠠᠷᠢᠯᠭ᠎ᠠ᠎ᠳᠤ ᠬᠢᠷᠢ ᠲᠡᠩᠴᠡᠭᠰᠡᠨ ᠪᠠᠷᠢᠯᠭ᠎ᠠ ᠵᠢᠨ ᠶᠣᠰᠣᠭ᠋ᠠᠷ ᠲᠤᠰᠢᠶᠠᠵᠤ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠤᠭᠰᠠᠨ ᠪᠠᠢ᠌ᠪᠠᠯ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠭᠤᠯᠵᠤ᠂ ᠪᠠᠷᠢᠯᠭ᠎ᠠ ᠵᠢᠨ ᠭᠡᠷ᠎ᠡ ᠵᠢᠨ ᠦᠨ᠎ᠡ ᠵᠢᠨ ᠵᠣᠭᠣᠰ᠎ᠤᠨ ᠵᠠᠭᠤᠨ᠎ᠤ ᠬᠣᠶᠠᠷ᠎ᠠᠴᠠ ᠳᠡᠭᠡᠭᠰᠢ ᠵᠠᠭᠤᠨ᠎ᠤ ᠲᠦᠷᠪᠡ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠨ᠎ᠠ᠃
ᠭᠤᠴᠢᠨ ᠬᠣᠶᠠᠳᠤᠭ᠋ᠠᠷ ᠵᠦᠢ᠍ᠯ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ᠎ᠨᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠶᠣᠰᠣᠭ᠋ᠠᠷ ᠬᠠᠶ᠋ᠢᠨ ᠪᠠᠢ᠌ᠴᠠᠭ᠋ᠠᠵᠤ᠂ ᠵᠢᠷᠤᠵᠤ ᠲᠥᠯᠥᠪᠯᠡᠬᠦ ᠦᠭᠡᠢ ᠪᠣᠯ ᠵᠠᠷᠯᠢᠭᠳᠠᠨ ᠵᠠᠯᠠᠷᠠᠭᠤᠯᠵᠤ᠂ 10 ᠲᠦᠮᠡᠨ ᠲᠥᠭᠥᠷᠢᠭ᠎ᠠᠴᠠ ᠳᠡᠭᠡᠭᠰᠢ 30 ᠲᠦᠮᠡᠨ ᠲᠥᠭᠥᠷᠢᠭ᠎ᠠᠴᠠ ᠳᠣᠷᠣᠭᠰᠢ ᠵᠣᠭᠤᠰ ᠵᠶ᠋ᠠᠷ ᠲᠣᠷᠭ᠋ᠠᠨ᠎ᠠ᠃
ᠭᠤᠴᠢᠨ ᠭᠤᠷᠪᠠᠳᠤᠭ᠋ᠠᠷ ᠵᠦᠢ᠍ᠯ᠂ ᠨᠢᠭᠡᠴᠢ ᠵᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠭᠰᠡᠨ ᠪᠠᠶ᠋ᠢᠪᠠᠯ᠂ ᠨᠢᠭᠡᠴᠢ ᠵᠢ ᠰᠢᠭᠤᠳ ᠬᠠᠷᠢᠭᠤᠴᠠᠵᠤ ᠪᠠᠶ᠋ᠢᠭ᠎ᠠ ᠭᠣᠣᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠨᠢᠭᠡᠴᠢ ᠵᠢᠨ ᠵᠣᠭᠣᠰ ᠵᠶ᠋ᠠᠷ ᠲᠣᠷᠭ᠋ᠠᠬᠤ ᠲᠣᠭ᠋ᠠᠨ᠎ᠤ ᠬᠢᠨᠢ ᠵᠠᠭᠤᠨ᠎ᠤ ᠲᠠᠪᠤ᠎ᠠᠴᠠ ᠳᠡᠭᠡᠭᠰᠢ ᠵᠠᠭᠤᠨ᠎ᠤ ᠠᠷᠪᠠ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠠ᠃
ᠭᠤᠴᠢᠨ ᠳᠥᠷᠪᠡᠳᠦᠭᠡᠷ ᠵᠦᠢ᠍ᠯ᠂ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠤᠨ ᠬᠦᠨᠳᠦ ᠶᠡᠬᠡ ᠡᠨᠳᠡᠯ ᠭᠠᠷᠤᠭ᠋ᠠᠳ ᠮᠡᠳᠡᠭᠦᠯᠬᠦ ᠦᠭᠡᠢ᠂ ᠬᠤᠳᠠᠯ ᠵᠶ᠋ᠠᠷ ᠮᠡᠳᠡᠭᠦᠯᠬᠦ ᠪᠤᠶᠤ ᠮᠡᠳᠡᠭᠦᠯᠬᠦ ᠬᠤᠭᠤᠴᠠᠭ᠎ᠠ ᠵᠢ ᠤᠳᠠᠭ᠋ᠠᠰᠢᠷᠠᠭᠤᠯᠪᠠᠯ᠂ ᠵᠠᠰᠠᠭ ᠵᠠᠬᠢᠷᠭ᠋ᠠᠨ᠎ᠤ ᠬᠠᠷᠢᠶᠠᠯᠠᠭᠳᠠᠬᠤ ᠬᠠᠷᠢᠴᠠᠭ᠎ᠠ᠎ᠲᠠᠢ ᠰᠢᠭᠤᠳ ᠬᠠᠷᠢᠭᠤᠴᠠᠵᠤ ᠪᠠᠢ᠌ᠭ᠎ᠠ ᠭᠣᠣᠯᠯᠠᠨ ᠬᠠᠮᠢᠶᠠᠷᠬᠤ ᠬᠦᠮᠦᠨ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠣᠨ᠎ᠠ᠃
ᠭᠤᠴᠢᠨ ᠲᠠᠪᠤᠳᠤᠭ᠋ᠠᠷ ᠵᠦᠢ᠍ᠯ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠲᠤᠰ ᠲᠣᠭᠲᠠᠭ᠋ᠠᠯ᠎ᠢ ᠵᠦᠷᠢᠴᠡᠵᠦ᠂ ᠬᠢᠷᠢ ᠲᠡᠩᠴᠡᠬᠦ ᠦᠭᠡᠢ ᠵᠠᠰᠠᠮᠠᠯ ᠵᠠᠮ᠎ᠤᠨ ᠪᠠᠷᠢᠯᠭ᠎ᠠ᠎ᠳᠤ ᠶᠠᠰᠤ ᠴᠢᠨᠠᠷ᠎ᠤᠨ ᠬᠢᠷᠢ ᠲᠡᠩᠴᠡᠭᠰᠡᠨ ᠪᠢᠴᠢᠭ ᠮᠠᠲᠸᠷᠢᠶᠠᠯ᠎ᠢ ᠭᠠᠷᠭ᠋ᠠᠵᠤ ᠥᠭᠭᠦᠭᠰᠡᠨ ᠪᠠᠶ᠋ᠢᠪᠠᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠨ ᠵᠢᠷᠭᠤᠳᠤᠭ᠋ᠠᠷ ᠵᠦᠢ᠍ᠯ᠂ ᠲᠤᠷᠰᠢᠯᠲᠠ ᠬᠢᠵᠦ ᠪᠠᠶ᠋ᠢᠴᠠᠭ᠋ᠠᠨ ᠰᠢᠯᠭ᠋ᠠᠬᠤ ᠨᠢᠭᠡᠴᠢ᠎ᠨᠢ ᠲᠣᠰ ᠲᠣᠭᠲᠠᠭ᠋ᠠᠯ᠎ᠢ ᠵᠦᠷᠢᠴᠡᠵᠦ᠂ ᠬᠢᠷᠢ ᠲᠡᠩᠴᠡᠬᠦ ᠦᠭᠡᠢ ᠵᠠᠰᠠᠮᠠᠯ ᠵᠠᠮ᠎ᠤᠨ ᠪᠠᠷᠢᠯᠭ᠎ᠠ᠎ᠳᠤ ᠦᠨᠡᠨ ᠪᠣᠳᠠᠲᠠᠶ ᠪᠤᠰᠤ ᠲᠤᠷᠰᠢᠯᠲᠠ ᠬᠢᠵᠦ ᠪᠠᠢ᠌ᠴᠠᠭ᠋ᠠᠨ ᠰᠢᠯᠭ᠋ᠠᠬᠤ ᠲᠣᠭ᠎ᠠ ᠪᠠᠷᠢᠮᠲᠠ ᠵᠢᠴᠢ ᠰᠠᠨᠠᠯ ᠭᠠᠷᠭ᠋ᠠᠭᠰᠠᠨ ᠪᠠᠶ᠋ᠢᠪᠠᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠵᠣᠬᠢᠴᠠᠩᠭᠤᠶ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
ᠭᠤᠴᠢᠨ ᠳᠣᠯᠣᠳᠤᠭ᠋ᠠᠷ ᠵᠦᠢ᠍ᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠤ ᠨᠠᠶ᠋ᠢᠳᠠᠭᠰᠠᠨ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ ᠵᠢᠨ ᠠᠵᠢᠯᠲᠠᠨ᠎ᠨᠢ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠤᠨ ᠳᠤᠮᠳᠠ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠵᠦ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠨ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠠᠶ᠋ᠢᠪᠠᠯ᠂ ᠵᠡᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠤᠨ᠎ᠠ᠃
ᠭᠤᠴᠢᠨ ᠨᠠᠢ᠍ᠮᠠᠳᠤᠭ᠋ᠠᠷ ᠵᠦᠢ᠍ᠯ᠂ ᠶᠠᠰᠤ ᠴᠢᠨᠠᠷ᠎ᠤᠨ ᠬᠢᠨᠠᠯᠲᠠ ᠵᠢᠨ ᠪᠠᠶ᠋ᠢᠭᠤᠯᠤᠮᠵᠢ᠎ᠨᠢ ᠲᠣᠰ ᠲᠣᠭᠲᠠᠭ᠋ᠠᠯ ᠶᠣᠰᠣᠭ᠋ᠠᠷ ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ᠂ ᠶᠠᠰᠤ ᠴᠢᠨᠠᠷ᠎ᠲᠤ ᠬᠢᠨᠠᠯᠲᠠ ᠲᠠᠯᠪᠢᠬᠤ ᠬᠠᠷᠢᠭᠤᠴᠠᠯᠭ᠎ᠠ ᠡᠭᠦᠷᠭᠡᠯᠡᠭᠰᠡᠨ ᠦᠭᠡᠢ ᠪᠠᠢ᠌ᠪᠠᠯ᠂ ᠵᠠᠮ ᠬᠠᠷᠢᠯᠴᠠᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠦᠢ᠍ᠯᠡ ᠪᠠᠢ᠌ᠳᠠᠯ᠎ᠤᠨ ᠬᠦᠨᠳᠦ ᠬᠥᠩᠭᠡᠨ᠎ᠢ᠎ᠨᠢ ᠦᠵᠡᠵᠦ ᠪᠠᠶ᠋ᠢᠭ᠋ᠠᠳ ᠵᠠᠷᠯᠢᠭᠳᠠᠵᠤ ᠴᠡᠭᠴᠡᠯᠡᠨ ᠰᠠᠶ᠋ᠢᠵᠢᠷᠠᠭᠤᠯᠬᠤ ᠪᠤᠶᠤ ᠰᠡᠷᠡᠮᠵᠢ ᠥᠭᠬᠦ ᠬᠡᠷᠡᠭᠲᠡᠶ᠃
ᠭᠤᠴᠢ ᠶᠢᠰᠦᠳᠦᠭᠡᠷ ᠵᠦᠢ᠍ᠯ᠂ ᠲᠤᠰ ᠲᠣᠭᠲᠠᠭ᠋ᠠᠯ᠎ᠢ 2005 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠵᠠᠰᠠᠮᠠᠯ ᠵᠠᠮ᠎ᠤᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠲᠦᠷ ᠬᠡᠷᠡᠭᠵᠢᠭᠦᠯᠬᠦ ᠲᠣᠭᠲᠠᠭ᠋ᠠᠯ》 (ᠵᠠᠰᠠᠮᠠᠯ ᠵᠠᠮ ᠲᠠᠷᠬᠠᠭ᠋ᠠᠭᠰᠠᠨ [1992] 443 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃ ᠲᠤᠰ ᠲᠣᠭᠲᠠᠭ᠋ᠠᠯ᠎ᠢ ᠬᠡᠷᠡᠭᠵᠢᠭᠦᠯᠬᠦ᠎ᠠᠴᠠ ᠡᠮᠦᠨ᠎ᠡ ᠨᠡᠶ᠋ᠢᠲᠡᠯᠡᠭᠰᠡᠨ ᠬᠣᠯᠪᠣᠭᠳᠠᠯ ᠪᠦᠬᠦᠢ ᠲᠣᠭᠲᠠᠭ᠋ᠠᠯ᠎ᠨᠢ ᠲᠤᠰ ᠲᠣᠭᠲᠠᠭ᠋ᠠᠯ᠎ᠲᠠᠢ ᠬᠠᠷᠰᠢᠯᠳᠤᠭᠰᠠᠨ ᠪᠠᠶ᠋ᠢᠪᠠᠯ᠂ ᠲᠤᠰ ᠲᠣᠭᠲᠠᠭ᠋ᠠᠯ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠬᠡᠷᠡᠭᠵᠢᠭᠦᠯᠬᠦ᠎ᠪᠠᠨ ᠵᠣᠭᠰᠣᠭ᠋ᠠᠨ᠎ᠠ᠃