ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠥᠬᠥᠶ ᠰᠢᠢ᠍ᠳᠪᠦᠷᠢᠲᠦ ᠪᠣᠳᠤᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠡᠳᠦᠭᠡ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠤᠬᠠᠶ ᠳᠣᠤᠷᠠᠬᠢ ᠮᠡᠲᠦ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠲᠣᠭᠲᠠᠭᠤᠨ ᠵᠶ᠋ᠠᠷ ᠣᠷᠤᠭᠰᠢᠯᠠᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠶ ᠵᠣᠬᠢᠰᠲᠠᠶ ᠬᠤᠪᠢᠶᠠᠷᠢᠯᠠᠵᠤ᠂ ᠥᠭᠡᠷᠡᠴᠢᠯᠡᠯᠲᠡ᠎ᠪᠠᠷ ᠳᠠᠮᠵᠢᠨ ᠣᠳᠣ ᠦᠶ᠎ᠡ ᠵᠢᠨ ᠡᠳ᠋᠎ᠤᠨ ᠵᠠᠰᠠᠭ᠎ᠤᠨ ᠳᠦᠷᠢᠮ᠎ᠲᠠᠢ ᠲᠣᠬᠢᠷᠠᠯᠴᠠᠭᠰᠠᠨ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠱᠠᠭ᠋ᠠᠷᠳᠠᠯᠭ᠎ᠠ᠎ᠲᠠᠢ ᠵᠣᠬᠢᠴᠠᠭᠰᠠᠨ ᠬᠤᠪᠢᠶᠠᠷᠢᠯᠠᠯᠲᠠ ᠵᠢᠨ ᠬᠡᠪ ᠵᠠᠭᠪᠤᠷ᠎ᠢ ᠪᠦᠷᠢᠯᠳᠦᠭᠦᠯᠵᠦ᠂ 《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠂ ᠣᠳᠣ ᠦᠶ᠎ᠡ ᠵᠢᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮᠵᠢ ᠵᠢ ᠪᠠᠶ᠋ᠢᠭᠤᠯᠬᠤ᠂ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠨ ᠲᠤᠰᠠᠳᠠ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ᠃
(ᠬᠣᠶᠠᠷ) ᠦᠨᠳᠦᠰᠦᠨ ᠵᠠᠷᠴᠢᠮ᠃
— ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠎ᠠ᠃ ᠲᠥᠪ᠎ᠤᠨ ᠰᠢᠢ᠍ᠳᠪᠦᠷᠢᠲᠦ ᠪᠣᠳᠣᠯᠭ᠎ᠠ ᠵᠢᠨ ᠲᠣᠭᠲᠠᠭ᠋ᠠᠯ᠂ ᠣᠷᠣᠨ ᠨᠤᠲᠤᠭ᠎ᠤᠨ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠲᠥᠪ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠢ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠪᠣᠯᠤᠨ ᠴᠢᠳᠠᠪᠤᠷᠢ ᠵᠢ ᠵᠣᠬᠢᠰᠲᠠᠶ ᠴᠢᠩᠭ᠋ᠠᠳᠬᠠᠵᠤ᠂ ᠲᠥᠪ᠎ᠤᠨ ᠡᠷᠬᠡ ᠣᠯᠭᠤᠭᠰᠠᠨ ᠬᠡᠪᠴᠢᠶᠡᠨ᠎ᠳᠠᠬᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠣᠷᠣᠨ ᠪᠦᠰᠡ ᠵᠢᠨ ᠬᠠᠮᠢᠶᠠᠷᠤᠯᠲᠠ ᠵᠢᠨ ᠳᠠᠪᠠᠭᠤᠯᠢᠭ ᠪᠠ ᠢᠳᠡᠪᠬᠢᠵᠢᠯ᠎ᠢ ᠭᠦᠢ᠍ᠴᠡᠳ ᠪᠠᠳᠠᠷᠠᠭᠤᠯᠵᠤ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠪᠠᠲᠤᠯᠠᠨ᠎ᠠ᠃
— ᠠᠷᠠᠳ ᠲᠦᠮᠡᠨ᠎ᠤ ᠵᠠᠮ ᠬᠠᠷᠢᠯᠴᠠᠭ᠎ᠠ᠎ᠨᠢ ᠠᠷᠠᠳ ᠲᠦᠮᠡᠨ᠎ᠤ ᠲᠥᠯᠥᠭᠡ ᠪᠠᠶ᠋ᠢᠬᠤ ᠵᠢ ᠪᠠᠷᠢᠮᠲᠠᠯᠠᠨ᠎ᠠ᠃ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠡᠭᠦᠰᠦᠯᠲᠡ ᠪᠠ ᠵᠣᠭᠰᠣᠴᠠ ᠪᠣᠯᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠬᠥᠭᠵᠢᠯᠲᠡ ᠵᠢᠨ ᠲᠡᠩᠴᠡᠭᠦᠷᠢ ᠦᠭᠡᠶ ᠭᠦᠢ᠍ᠴᠡᠳ ᠦᠭᠡᠶ ᠪᠠᠶ᠋ᠢᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
— ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠎ᠠ᠃ ᠠᠵᠢᠯ ᠲᠥᠷᠥᠯ᠎ᠤᠨ ᠣᠨᠴᠠᠯᠢᠭ᠎ᠢ ᠭᠦᠢ᠍ᠴᠡᠳ ᠪᠣᠳᠣᠯᠬᠢᠯᠠᠵᠤ᠂ ᠠᠵᠢᠯᠯᠠᠭ᠋ᠠᠨ᠎ᠤ ᠪᠠᠢ᠌ᠳᠠᠯ᠎ᠨᠢ ᠰᠠᠶ᠋ᠢᠨ᠂ ᠬᠠᠮᠢᠶᠠᠷᠤᠯᠲᠠ᠎ᠨᠢ ᠪᠦᠲᠦᠮᠵᠢᠲᠡᠶ ᠪᠠ ᠠᠵᠢᠯ ᠲᠥᠷᠥᠯ᠎ᠤᠨ ᠬᠥᠭᠵᠢᠯᠲᠡ ᠵᠢᠨ ᠵᠢᠮ᠎ᠡ ᠶᠣᠰᠣᠨ᠎ᠳᠤ ᠨᠡᠶ᠋ᠢᠴᠡᠭᠰᠡᠨ ᠵᠦᠢ᠍ᠯᠡᠰ᠎ᠢ ᠳ᠋ᠦᠩᠨᠡᠨ ᠨᠤᠲᠠᠯᠠᠵᠤ᠂ ᠠᠰᠠᠭᠤᠳᠠᠯ ᠣᠷᠣᠰᠢᠵᠤ ᠪᠠᠢ᠌ᠭ᠎ᠠ ᠵᠦᠢ᠍ᠯᠡᠰ᠎ᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠥᠭᠡᠷᠡᠴᠢᠯᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃
ᠬᠣᠶᠠᠷ᠂ ᠭᠣᠤᠯ ᠠᠭᠤᠯᠭ᠎ᠠ
《ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠢᠯᠣᠭᠣᠳᠬᠤ ᠰᠠᠨᠠᠯ》 (ᠲᠥᠷᠥ ᠲᠠᠷᠬᠠᠭ᠋ᠠᠭᠰᠠᠨ [2016] 49 ᠳ᠋ᠦ᠍ᠭᠡᠷ ᠲᠣᠭ᠋ᠠᠲᠤ)᠎ᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠶᠡᠷᠦᠩᠬᠡᠶ ᠱᠠᠭ᠋ᠠᠷᠳᠠᠯᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠤᠨ ᠣᠨᠴᠠᠯᠢᠭ ᠶᠣᠰᠤᠭ᠋ᠠᠷ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠤᠳᠠᠨ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠵᠡᠷᠭᠡ ᠵᠢᠷᠭᠤᠭ᠋ᠠᠨ ᠲᠠᠯ᠎ᠠ ᠵᠢᠨ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠬᠡᠷᠡᠭᠲᠡᠶ᠃
(ᠨᠢᠭᠡ) ᠲᠥᠪ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠃
1. ᠵᠠᠰᠠᠮᠠᠯ ᠵᠠᠮ᠃ (1) ᠤᠯᠤᠰ᠎ᠤᠨ ᠵᠠᠮ᠃ ᠲᠥᠪ᠎ᠠᠴᠠ ᠤᠯᠤᠰ᠎ᠤᠨ ᠵᠠᠮ (ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ ᠪᠠ ᠡᠩ᠎ᠤᠨ ᠤᠯᠤᠰ᠎ᠤᠨ ᠵᠠᠮ ᠪᠠᠭᠲᠠᠨ᠎ᠠ)᠎ᠤᠨ ᠬᠣᠷᠸ᠎ᠠ ᠬᠠᠮᠢᠶᠠᠷᠤᠯᠲᠠ᠂ ᠲᠤᠰᠬᠠᠶ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ᠂ ᠵᠠᠮ᠎ᠤᠨ ᠲᠣᠣᠷ᠎ᠤᠨ ᠠᠵᠢᠯᠯᠠᠭ᠋ᠠᠨ᠎ᠢ ᠬᠢᠨᠠᠨ ᠬᠡᠮᠵᠢᠬᠦ ᠪᠠ ᠵᠣᠬᠢᠴᠠᠭᠤᠯᠬᠤ ᠠᠵᠢᠯ᠎ᠢ ᠡᠭᠦᠷᠭᠡᠯᠡᠵᠦ᠂ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠳᠣᠲᠣᠷ᠎ᠠ ᠲᠥᠪ᠎ᠠᠴᠠ ᠬᠡᠰᠡᠭ ᠪᠦᠲᠦᠭᠡᠨ ᠪᠠᠢ᠌ᠭᠤᠯᠬᠤ ᠪᠠ ᠬᠠᠮᠢᠶᠠᠷᠬᠤ ᠵᠢ ᠬᠠᠷᠢᠭᠤᠴᠠᠵᠤ᠂ ᠡᠩ᠎ᠤᠨ ᠤᠯᠤᠰ᠎ᠤᠨ ᠵᠠᠮ᠎ᠤᠨ ᠳᠣᠲᠣᠷ᠎ᠠ ᠲᠥᠪ᠎ᠠᠴᠠ ᠬᠡᠰᠡᠭ ᠪᠦᠲᠦᠭᠡᠨ ᠪᠠᠢ᠌ᠭᠤᠯᠬᠤ᠂ ᠬᠠᠮᠢᠶᠠᠷᠬᠤ ᠪᠠ ᠠᠷᠠᠴᠢᠯᠠᠨ ᠬᠠᠮᠠᠭ᠋ᠠᠯᠠᠬᠤ ᠵᠡᠷᠭᠡ ᠡᠭᠦᠷᠭᠡ ᠬᠠᠷᠢᠭᠤᠴᠠᠯᠭ᠎ᠠ ᠵᠢ ᠬᠠᠷᠢᠭᠤᠴᠠᠨ᠎ᠠ᠃ ᠲᠥᠪ᠎ᠠᠴᠠ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠥᠷᠥᠩᠭᠡ ᠮᠦᠩᠭᠦ ᠵᠢᠨ ᠳᠣᠲᠣᠷᠠᠬᠢ ᠵᠣᠬᠢᠴᠠᠩᠭᠤᠶ ᠵᠠᠷᠤᠯᠭ᠎ᠠ ᠵᠢ ᠡᠭᠦᠷᠭᠡᠯᠡᠵᠦ᠂ ᠡᠩ᠎ᠤᠨ ᠤᠯᠤᠰ᠎ᠤᠨ ᠵᠠᠮ᠎ᠤᠨ ᠪᠦᠲᠦᠭᠡᠨ ᠪᠠᠢ᠌ᠭᠤᠯᠬᠤ᠂ ᠠᠷᠠᠴᠢᠯᠠᠨ ᠬᠠᠮᠠᠭ᠋ᠠᠯᠠᠬᠤ ᠪᠠ ᠬᠠᠮᠢᠶᠠᠷᠬᠤ ᠳᠣᠲᠤᠷ᠎ᠠ ᠬᠠᠷᠢᠭᠤᠴᠠᠬᠤ ᠵᠦᠢ᠍ᠯᠡᠰ᠎ᠤᠨ ᠵᠣᠬᠢᠴᠠᠩᠭᠤᠶ ᠵᠠᠷᠤᠯᠭ᠎ᠠ ᠵᠢ ᠲᠥᠪ᠎ᠠᠴᠠ ᠡᠭᠦᠷᠭᠡᠯᠡᠨ᠎ᠡ᠃ (2) ᠬᠢᠯᠢ ᠵᠢᠨ ᠭᠣᠤᠯ᠎ᠤᠨ ᠬᠥᠭᠥᠷᠭᠡ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ᠎ᠠᠴᠠ ᠣᠷᠣᠨ ᠨᠤᠲᠤᠭ᠎ᠲᠤ ᠨᠠᠶ᠋ᠢᠳᠠᠨ ᠬᠡᠷᠡᠭᠵᠢᠭᠦᠯᠦᠨ᠎ᠡ᠃ (3) ᠬᠢᠯᠢ ᠵᠢᠨ ᠪᠣᠭᠣᠮᠲᠠ ᠵᠢᠨ ᠮᠠᠰᠢᠨ ᠲᠡᠷᠭᠡᠨ᠎ᠤ ᠬᠢᠯᠢ᠎ᠪᠠᠷ ᠣᠷᠣᠵᠤ ᠭᠠᠷᠬᠤ ᠲᠡᠭᠡᠭᠡᠪᠦᠷᠢ ᠵᠢᠨ ᠬᠠᠮᠢᠶᠠᠷᠤᠯᠲᠠ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ᠎ᠠᠴᠠ ᠣᠷᠣᠨ ᠨᠤᠲᠤᠭ᠎ᠲᠤ ᠨᠠᠶ᠋ᠢᠳᠠᠨ ᠬᠡᠷᠡᠭᠵᠢᠭᠦᠯᠦᠨ᠎ᠡ᠃ ᠬᠢᠯᠢ ᠵᠢᠨ ᠭᠣᠤᠯ᠎ᠤᠨ ᠬᠥᠭᠥᠷᠭᠡ᠂ ᠬᠢᠯᠢ ᠵᠢᠨ ᠪᠣᠭᠣᠮᠲᠠ ᠵᠢᠨ ᠮᠠᠰᠢᠨ ᠲᠡᠷᠭᠡᠨ᠎ᠤ ᠬᠢᠯᠢ᠎ᠪᠠᠷ ᠣᠷᠣᠵᠤ ᠭᠠᠷᠬᠤ ᠲᠡᠭᠡᠭᠡᠪᠦᠷᠢ ᠵᠢᠨ ᠬᠠᠮᠢᠶᠠᠷᠤᠯᠲᠠ᠎ᠳᠤ ᠲᠥᠪ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠡᠭᠦᠷᠭᠡᠯᠡᠨ᠎ᠡ᠃
2. ᠤᠰᠤᠨ ᠵᠠᠮ᠃ (1) ᠬᠥᠬᠡᠮᠥ᠋ᠷᠡᠨ᠎ᠤ ᠭᠣᠤᠯ ᠱᠤᠭᠤᠮ᠎ᠤᠨ ᠠᠶᠠᠯᠠᠯ᠎ᠤᠨ ᠵᠠᠮ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ᠎ᠠᠴᠠ ᠬᠡᠷᠡᠭᠵᠢᠭᠦᠯᠦᠨ᠎ᠡ᠃ (2) ᠰᠢᠵᠢᠶᠠᠩ ᠮᠥᠷᠡᠨ᠎ᠤ ᠤᠰᠤᠨ ᠵᠠᠮ᠎ᠤᠨ ᠲᠡᠭᠡᠭᠡᠪᠦᠷᠢ ᠵᠢᠨ ᠭᠣᠣᠯ ᠱᠤᠭᠤᠮ᠃ ᠲᠥᠪ᠎ᠠᠴᠠ ᠲᠤᠰᠬᠠᠶ ᠲᠥᠯᠥᠪᠵᠢᠭᠦᠯᠪᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠥᠭᠡᠷᠡᠴᠢᠯᠡᠯᠲᠡ ᠵᠢᠨ ᠠᠬᠢᠴᠠ ᠵᠢᠨ ᠪᠠᠶ᠋ᠢᠳᠠᠯ᠎ᠢ ᠦᠵᠡᠵᠦ᠂ ᠠᠯᠬᠤᠮ ᠠᠯᠬᠤᠮ ᠵᠶ᠋ᠠᠷ ᠲᠥᠪ᠎ᠠᠴᠠ ᠬᠡᠷᠡᠭᠵᠢᠭᠦᠯᠦᠨ᠎ᠡ; ᠥᠭᠡᠷᠡᠴᠢᠯᠡᠯᠲᠡ ᠵᠢ ᠪᠣᠳᠠᠲᠠᠶ᠋ᠢᠵᠢᠭᠤᠯᠬᠤ᠎ᠠᠴᠠ ᠡᠮᠦᠨ᠎ᠡ᠂ ᠣᠳᠣ ᠵᠢᠨ ᠬᠡᠷᠡᠭᠵᠢᠭᠦᠯᠵᠦ ᠪᠦᠬᠦᠢ ᠬᠠᠮᠢᠶᠠᠷᠤᠯᠲᠠ ᠵᠢᠨ ᠪᠠᠶ᠋ᠢᠭᠤᠯᠤᠯ᠎ᠤᠨ ᠶᠣᠰᠣᠭ᠋ᠠᠷ ᠬᠡᠷᠡᠭᠵᠢᠭᠦᠯᠦᠨ᠎ᠡ᠃ (3) ᠤᠯᠤᠰ᠎ᠤᠨ ᠬᠢᠯᠢ᠂ ᠣᠯᠠᠨ ᠤᠯᠤᠰ᠎ᠤᠨ ᠠᠶᠠᠯᠠᠯ ᠨᠡᠪᠲᠡᠷᠡᠬᠦ ᠭᠣᠤᠯ ᠮᠥᠷᠡᠨ᠎ᠤ ᠠᠶᠠᠯᠠᠯ᠎ᠤᠨ ᠵᠠᠮ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ (ᠤᠰᠤᠨ ᠵᠠᠮ᠎ᠤᠨ ᠲᠡᠭᠡᠭᠡᠪᠦᠷᠢ ᠵᠢᠨ ᠬᠠᠮᠢᠶᠠᠷᠤᠯᠲᠠ ᠪᠠᠭᠲᠠᠨ᠎ᠠ)᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ᠎ᠠᠴᠠ ᠬᠡᠷᠡᠭᠵᠢᠭᠦᠯᠬᠦ ᠪᠤᠶᠤ ᠣᠷᠣᠨ ᠨᠤᠲᠤᠭ᠎ᠲᠤ ᠨᠠᠢ᠌ᠳᠠᠨ ᠬᠡᠷᠡᠭᠵᠢᠭᠦᠯᠦᠨ᠎ᠡ᠃ (4) ᠲᠥᠪ᠎ᠠᠴᠠ ᠬᠠᠮᠢᠶᠠᠷᠴᠤ ᠪᠦᠬᠦᠢ ᠤᠰᠤᠨ ᠣᠷᠣᠨ᠎ᠤ ᠤᠰᠤᠨ ᠳᠡᠭᠡᠷᠡᠬᠢ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠵᠤ ᠱᠦᠭᠦᠬᠦ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ᠎ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠤᠰᠤᠨ ᠵᠠᠮ᠎ᠤᠨ ᠬᠦᠷᠢᠶᠡᠨ᠎ᠳᠠᠬᠢ ᠵᠦᠢ᠍ᠯᠡᠰ᠎ᠲᠤ ᠲᠥᠪ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
3. ᠲᠡᠮᠦᠷ ᠵᠠᠮ᠃ (1) ᠬᠣᠷᠸ᠎ᠠ ᠬᠠᠮᠢᠶᠠᠷᠤᠯᠲᠠ᠃ ᠲᠥᠪ᠎ᠠᠴᠠ ᠪᠦᠬᠦ ᠤᠯᠤᠰ᠎ᠤᠨ ᠲᠡᠮᠦᠷ ᠵᠠᠮ᠎ᠤᠨ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ᠂ ᠵᠠᠮ᠎ᠤᠨ ᠲᠣᠤᠷ᠎ᠢ ᠨᠢᠭᠡᠳᠦᠯᠲᠡᠶ ᠲᠣᠬᠢᠷᠠᠭᠤᠯᠬᠤ ᠪᠠ ᠬᠠᠮᠢᠶᠠᠷᠬᠤ ᠵᠡᠷᠭᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃ (2) ᠲᠥᠪ᠎ᠠᠴᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠲᠡᠮᠦᠷ ᠵᠠᠮ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠡᠢ ᠲᠡᠭᠡᠭᠡᠪᠦᠷᠢ᠃ ᠲᠥᠪ᠎ᠠᠴᠠ ᠵᠣᠬᠢᠴᠠᠩᠭᠤᠶ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠡᠷᠡᠭᠵᠢᠭᠦᠯᠦᠨ᠎ᠡ᠃ (3) ᠪᠤᠰᠤᠳ ᠵᠦᠢ᠍ᠯ᠎ᠤᠳ᠃ ᠲᠥᠪ᠎ᠠᠴᠠ ᠤᠯᠤᠰ ᠵᠢᠴᠢ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠲᠡᠮᠦᠷ ᠵᠠᠮ᠎ᠤᠨ ᠲᠡᠭᠡᠭᠡᠪᠦᠷᠢ ᠵᠢ ᠲᠤᠬᠢᠷᠠᠭᠤᠯᠤᠨ ᠵᠢᠯᠣᠭᠣᠳᠬᠤ ᠠᠵᠢᠯ᠎ᠢ ᠡᠭᠦᠷᠭᠡᠯᠡᠵᠦ᠂ ᠤᠯᠤᠰ᠎ᠤᠨ ᠲᠡᠮᠦᠷ ᠵᠠᠮ᠂ ᠤᠯᠤᠰ᠎ᠤᠨ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠨᠢ ᠪᠡᠯᠡ ᠨᠡᠢ᠌ᠯᠡᠭᠦᠯᠦᠭᠰᠡᠨ ᠲᠡᠮᠦᠷ ᠵᠠᠮ᠎ᠤᠨ ᠠᠮᠤᠷ ᠲᠦᠪᠰᠢᠨ᠎ᠤ ᠬᠠᠮᠠᠭ᠋ᠠᠯᠠᠯᠲᠠ᠂ ᠲᠡᠮᠦᠷ ᠵᠠᠮ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ᠂ ᠲᠡᠮᠦᠷ ᠵᠠᠮ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠨᠠᠢ᠌ᠷᠠᠭᠤᠯᠤᠨ ᠵᠣᠬᠢᠶᠠᠬᠤ᠂ ᠵᠠᠮ ᠬᠠᠷᠢᠯᠴᠠᠭ᠋ᠠᠨ᠎ᠤ ᠡᠷᠡᠭᠦᠯ ᠬᠠᠮᠠᠭ᠋ᠠᠯᠠᠯ ᠬᠢᠵᠢᠭ ᠪᠠᠶ᠋ᠢᠴᠠᠭ᠋ᠠᠬᠤ ᠵᠡᠷᠭᠡ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ᠂ ᠲᠡᠮᠦᠷ ᠵᠠᠮ᠎ᠤᠨ ᠠᠵᠢᠯ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠡᠭᠦᠷᠭᠡ ᠬᠠᠷᠢᠭᠤᠴᠠᠯᠭ᠎ᠠ ᠵᠢ ᠪᠣᠳᠠᠲᠠᠶ ᠬᠠᠮᠢᠶᠠᠷᠤᠨ᠎ᠠ᠃ ᠳᠡᠭᠡᠷ᠎ᠡ ᠳᠤᠷᠠᠳᠤᠭᠰᠠᠨ ᠲᠡᠮᠦᠷ ᠵᠠᠮ᠎ᠤᠨ ᠬᠦᠷᠢᠶᠡᠨ᠎ᠳᠠᠬᠢ ᠵᠦᠢ᠍ᠯᠡᠰ᠎ᠲᠤ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
4. ᠠᠷᠠᠳ᠎ᠤᠨ ᠠᠭ᠋ᠠᠷ᠎ᠤᠨ ᠠᠶᠠᠯᠠᠯ᠃ (1) ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ᠎ᠠᠴᠠ ᠬᠡᠷᠡᠭᠵᠢᠭᠦᠯᠦᠨ᠎ᠡ᠃ (2) ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠮᠤᠷ ᠲᠦᠪᠰᠢᠨ᠎ᠤ ᠬᠠᠮᠢᠶᠠᠷᠤᠯᠲᠠ᠃ ᠲᠥᠪ᠎ᠠᠴᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠡᠷᠡᠭᠵᠢᠭᠦᠯᠦᠨ᠎ᠡ᠃ (3) ᠲᠤᠰᠬᠠᠶ ᠵᠦᠢ᠍ᠯ᠎ᠤᠨ ᠡᠭᠦᠷᠭᠡ ᠵᠢᠨ ᠨᠢᠰᠬᠡᠯ᠎ᠤᠨ ᠠᠩᠭᠢ ᠵᠢᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ᠃ ᠲᠥᠪ᠎ᠠᠴᠠ ᠵᠣᠬᠢᠴᠠᠩᠭᠤᠶ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠡᠷᠡᠭᠵᠢᠭᠦᠯᠦᠨ᠎ᠡ᠃ (4) ᠴᠢᠬᠤᠯᠠ ᠶᠡᠬᠡ ᠪᠠ ᠪᠠᠴᠢᠮ ᠠᠭ᠋ᠠᠷ᠎ᠤᠨ ᠲᠡᠭᠡᠭᠡᠪᠦᠷᠢ᠃ ᠲᠥᠪ᠎ᠠᠴᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠦᠷᠢᠶᠡᠨ᠎ᠳᠠᠬᠢ ᠵᠦᠢ᠍ᠯᠡᠰ᠎ᠲᠤ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
5. ᠰᠢᠦᠳᠠᠨ᠃ (1) ᠰᠢᠤᠳᠠᠨ᠎ᠤ ᠲᠦᠭᠡᠮᠡᠯ ᠦᠢ᠍ᠯᠡᠴᠢᠯᠡᠭᠡ ᠪᠠ ᠣᠨᠴᠠᠭ᠋ᠠᠢ ᠦᠢ᠍ᠯᠡᠴᠢᠯᠡᠭᠡᠨ᠎ᠤ ᠭᠣᠤᠯ ᠪᠣᠯᠬᠤ ᠰᠦᠯᠵᠢᠶ᠎ᠡ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠡᠷᠡᠭᠵᠢᠭᠦᠯᠦᠨ᠎ᠡ᠃ (2) ᠰᠢᠤᠳᠠᠨ᠎ᠤ ᠵᠦᠢ᠍ᠯ ᠪᠠ ᠲᠦᠷᠭᠡᠨ ᠬᠦᠷᠭᠡᠬᠦ ᠵᠦᠢ᠍ᠯ᠎ᠤᠨ ᠬᠢᠯᠢ᠎ᠪᠠᠷ ᠣᠷᠣᠭᠤᠯᠵᠤ ᠭᠠᠷᠭ᠋ᠠᠬᠤ ᠲᠥᠬᠥᠭᠡᠷᠦᠮᠵᠢ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠡᠷᠡᠭᠵᠢᠭᠦᠯᠬᠦ ᠪᠤᠶᠤ ᠣᠷᠣᠨ ᠨᠤᠲᠤᠭ᠎ᠲᠤ ᠨᠠᠢ᠌ᠳᠠᠨ ᠬᠡᠷᠡᠭᠵᠢᠭᠦᠯᠦᠨ᠎ᠡ᠃ (3) ᠪᠤᠰᠤᠳ ᠵᠦᠢ᠍ᠯ᠎ᠤᠳ᠃ ᠲᠥᠪ᠎ᠠᠴᠠ ᠰᠢᠤᠳᠠᠨ ᠬᠣᠯᠪᠣᠭ᠎ᠠ ᠪᠣᠯᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ ᠲᠠᠯ᠎ᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠰᠢᠤᠳᠠᠨ᠎ᠤ ᠬᠦᠷᠢᠶᠡᠨ᠎ᠳᠠᠬᠢ ᠵᠦᠢ᠍ᠯᠡᠰ᠎ᠲᠤ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠡᠭᠦᠨ᠎ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠤᠳᠠᠨ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠷᠢᠶᠡᠨ᠎ᠳᠠᠬᠢ ᠲᠥᠪ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠠᠢ᠌ᠭᠤᠯᠤᠯᠲᠠ᠎ᠳᠤ᠂ ᠲᠥᠪ᠎ᠠᠴᠠ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠭᠣᠤᠯᠳᠠᠭᠤ ᠬᠠᠮᠢᠶ᠎ᠠ ᠪᠦᠬᠦᠢ ᠬᠦᠷᠢᠶ᠎ᠡ ᠬᠡᠪᠴᠢᠶᠡᠨ᠎ᠳᠤ ᠲᠥᠪ᠎ᠠᠴᠠ ᠠᠵᠢᠯ ᠲᠥᠷᠥᠯ᠎ᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠥᠷᠨᠢᠭᠦᠯᠦᠭᠰᠡᠨ ᠪᠦᠬᠦ ᠲᠠᠯ᠎ᠠ ᠵᠢᠨ ᠴᠢᠨᠠᠷᠲᠠᠶ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠪᠠ ᠪᠠᠷᠠᠯᠠᠯᠲᠤ ᠴᠢᠨᠠᠷᠲᠠᠶ ᠴᠢᠬᠤᠯᠠ ᠶᠡᠬᠡ ᠠᠰᠠᠭᠤᠳᠠᠯ᠎ᠤᠨ ᠰᠣᠳᠤᠯᠤᠯ ᠪᠠᠭᠲᠠᠵᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠲᠥᠯᠥᠪᠵᠢᠭᠦᠯᠪᠡ᠂ ᠲᠥᠷᠥ ᠵᠢᠨ ᠪᠣᠳᠣᠯᠭ᠎ᠠ᠂ ᠪᠠᠷᠢᠮᠵᠢᠶ᠎ᠠ ᠬᠢᠭᠡᠳ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠣᠭᠲᠠᠭ᠋ᠠᠵᠤ᠂ ᠰᠠᠭᠤᠷᠢ ᠲᠥᠷᠥᠯ᠂ ᠨᠡᠢ᠍ᠢ᠍ᠲᠡ ᠵᠢᠨ ᠠᠰᠠᠷᠠᠮᠵᠢ ᠵᠢᠨ ᠲᠥᠷᠥᠯ᠎ᠤᠨ ᠤᠯᠤᠰ ᠵᠢᠴᠢ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠵᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ᠎ᠤᠨ ᠲᠣᠭ᠎ᠠ ᠪᠦᠷᠢᠳᠬᠡᠯ ᠬᠢᠭᠡᠳ ᠠᠵᠢᠯᠯᠠᠭ᠋ᠠᠨ᠎ᠤ ᠬᠢᠨᠠᠨ ᠬᠡᠮᠵᠢᠯᠲᠡ᠂ ᠣᠯᠠᠨ ᠤᠯᠤᠰ᠎ᠤᠨ ᠬᠠᠮᠲᠤᠷᠠᠯᠴᠠᠭ᠎ᠠ ᠵᠡᠷᠭᠡ ᠵᠦᠢ᠍ᠯᠡᠰ᠎ᠢ ᠥᠷᠨᠢᠭᠦᠯᠦᠨ᠎ᠡ᠃
(ᠬᠣᠶᠠᠷ) ᠲᠥᠪ ᠬᠢᠭᠡᠳ ᠣᠷᠣᠨ ᠨᠤᠲᠤᠭ᠎ᠤᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠃
1. ᠵᠠᠰᠠᠮᠠᠯ ᠵᠠᠮ᠃ (1) ᠤᠯᠤᠰ᠎ᠤᠨ ᠲᠠᠰ᠎ᠤᠨ ᠪᠣᠭᠣᠮᠲᠠ ᠵᠢᠨ ᠵᠠᠰᠠᠮᠠᠯ ᠵᠠᠮ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠦᠨ᠎ᠡ᠃ (2) ᠤᠯᠤᠰ᠎ᠤᠨ ᠣᠷᠣᠨ ᠪᠦᠰᠡ ᠵᠢᠨ ᠴᠢᠨᠠᠷᠲᠠᠶ ᠵᠠᠰᠠᠮᠠᠯ ᠵᠠᠮ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠨᠣᠭ ᠲᠥᠬᠦᠭᠡᠷᠦᠮᠵᠢ ᠡᠳ᠋ ᠪᠠᠷᠠᠭ᠎ᠠ ᠵᠢᠨ ᠨᠥᠭᠡᠴᠡ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠵᠠᠰᠠᠮᠠᠯ ᠵᠠᠮ᠎ᠤᠨ ᠬᠦᠷᠢᠶᠡᠨ᠎ᠳᠠᠬᠢ ᠵᠦᠢ᠍ᠯᠡᠰ᠎ᠲᠤ ᠲᠥᠪ ᠪᠣᠯᠤᠨ ᠣᠷᠣᠨ ᠨᠤᠲᠤᠭ ᠬᠠᠮᠲᠤ᠎ᠪᠠᠷ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
2. ᠤᠰᠤᠨ ᠵᠠᠮ᠃ (1) ᠵᠢᠩ ᠬᠠᠩ ᠲᠠᠲᠠᠮᠠᠯ ᠭᠣᠤᠯ ᠵᠢᠴᠢ ᠪᠤᠰᠤᠳ ᠳᠣᠲᠣᠭ᠋ᠠᠳᠤ ᠭᠣᠤᠯ᠎ᠤᠨ ᠳᠡᠭᠡᠳᠦ ᠲᠠᠰ᠎ᠤᠨ ᠠᠶᠠᠯᠠᠯ᠎ᠤᠨ ᠵᠠᠮ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠦᠨ᠎ᠡ᠃ (2) ᠲᠠᠯᠠᠢ ᠳᠠᠭ᠋ᠠᠤ ᠭᠠᠷᠠᠮ᠎ᠤᠨ ᠤᠯᠠᠨ ᠨᠡᠶ᠋ᠢᠲᠡ ᠵᠢᠨ ᠰᠠᠭᠤᠷᠢ ᠲᠥᠬᠥᠭᠡᠷᠦᠮᠵᠢ᠃ ᠲᠥᠪ᠎ᠠᠴᠠ ᠲᠠᠯᠠᠢ ᠳᠠᠭ᠋ᠠᠤ ᠭᠠᠷᠠᠮ᠎ᠤᠨ ᠲᠤᠰᠬᠠᠶ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠲᠠᠯᠠᠢ ᠳᠠᠭ᠋ᠠᠤ ᠭᠠᠷᠠᠮ᠎ᠤᠨ ᠤᠯᠠᠨ ᠨᠡᠢ᠌ᠲᠡ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠢ᠌ᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠦᠨ᠎ᠡ᠃ (3) ᠳᠠᠯᠠᠢ ᠳᠡᠭᠡᠷ᠎ᠡ ᠲᠤᠰᠦ ᠪᠢᠯᠬᠠᠵᠤ ᠭᠠᠷᠤᠭᠰᠠᠨ ᠬᠦᠨᠳᠦ ᠶᠡᠬᠡ ᠪᠠᠴᠢᠮ ᠪᠠᠶ᠋ᠢᠳᠠᠯ᠎ᠢ ᠠᠷᠠᠭ᠋ᠠᠴᠠᠭ᠋ᠠᠨ ᠰᠢᠢ᠍ᠳᠪᠦᠷᠢᠯᠡᠬᠦ ᠪᠠ ᠳᠠᠯᠠᠢ (ᠤᠰᠤ) ᠳᠡᠭᠡᠷ᠎ᠡ᠎ᠠᠴᠠ ᠡᠷᠢᠵᠦ ᠠᠪᠤᠷᠠᠬᠤ᠃ ᠲᠥᠪ᠎ᠠᠴᠠ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ ᠪᠠ ᠣᠷᠣᠨ ᠨᠤᠲᠤᠭ ᠬᠠᠮᠲᠤᠪᠡᠷ ᠬᠡᠷᠡᠭᠵᠢᠭᠦᠯᠦᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠬᠤ ᠴᠢᠳᠠᠪᠤᠷᠢ ᠴᠢᠩᠭ᠎ᠠ᠂ ᠦᠨᠳᠦᠰᠦᠨ ᠱᠠᠲᠤᠨ᠎ᠳᠤ ᠣᠢ᠌ᠷᠠᠳᠬᠤ᠂ ᠮᠡᠳᠡᠭᠡ ᠵᠠᠩᠭᠢ ᠣᠯᠬᠤ᠎ᠳᠤ ᠳᠥᠭᠥᠮ ᠳᠠᠪᠠᠭᠤᠯᠢᠭ᠎ᠢ ᠪᠠᠳᠠᠷᠠᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠠᠶ ᠳᠡᠭᠡᠷ᠎ᠡ ᠲᠣᠰᠣ ᠪᠢᠯᠬᠠᠵᠤ ᠭᠠᠷᠤᠭᠰᠠᠨ ᠬᠦᠨᠳᠦ ᠶᠡᠬᠡ ᠪᠠᠴᠢᠮ ᠪᠠᠶ᠋ᠢᠳᠠᠯ᠎ᠢ ᠠᠷᠠᠭ᠋ᠠᠴᠠᠭ᠋ᠠᠨ ᠰᠢᠢ᠍ᠳᠪᠦᠷᠢᠯᠡᠬᠦ ᠪᠠ ᠳᠠᠯᠠᠶ (ᠤᠰᠤ) ᠳᠡᠭᠡᠷ᠎ᠡ᠎ᠠᠴᠠ ᠡᠷᠢᠵᠦ ᠠᠪᠤᠷᠠᠬᠤ ᠲᠠᠯ᠎ᠠ᠎ᠪᠠᠷ᠎ᠬᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠴᠢᠩᠭ᠋ᠠᠷᠠᠭᠤᠯᠬᠤ ᠬᠡᠷᠡᠭᠲᠡᠶ᠃ (4) ᠤᠰᠤᠨ ᠲᠡᠭᠡᠭᠡᠪᠦᠷᠢ ᠵᠢᠨ ᠪᠣᠬᠢᠷᠲᠤᠯ ᠦᠭᠡᠢ ᠬᠥᠭᠵᠢᠯᠲᠡ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠤᠰᠤᠨ ᠵᠠᠮ᠎ᠤᠨ ᠬᠦᠷᠢᠶᠡᠨ᠎ᠳᠠᠬᠢ ᠵᠦᠢ᠍ᠯᠡᠰ᠎ᠲᠤ ᠲᠥᠪ ᠪᠠ ᠣᠷᠣᠨ ᠨᠤᠲᠤᠭ᠎ᠠᠴᠠ ᠬᠠᠮᠲᠤ᠎ᠪᠠᠷ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
3. ᠲᠡᠮᠦᠷ ᠵᠠᠮ᠃ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠬᠢᠭᠡᠳ ᠣᠷᠣᠨ ᠨᠤᠲᠤᠭ᠎ᠠᠴᠠ ᠭᠣᠣᠯ ᠱᠤᠭᠤᠮ᠎ᠤᠨ ᠲᠡᠮᠦᠷ ᠵᠠᠮ᠎ᠤᠨ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠵᠢ ᠬᠠᠮᠲᠤᠪᠡᠷ ᠡᠭᠦᠷᠭᠡᠯᠡᠵᠦ᠂ ᠡᠭᠦᠨ᠎ᠳᠤ ᠪᠦᠲᠦᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ ᠪᠠᠭᠲᠠᠵᠤ᠂ ᠡᠭᠦᠨ᠎ᠳᠤ ᠭᠣᠤᠯ ᠱᠤᠭᠤᠮ᠎ᠤᠨ ᠲᠡᠮᠦᠷ ᠵᠠᠮ᠎ᠤᠨ ᠡᠵᠡᠩᠨᠡᠯᠲᠡ ᠬᠠᠮᠢᠶᠠᠷᠤᠯᠲᠠ ᠵᠢ ᠲᠥᠪ᠎ᠤᠨ ᠠᠵᠤ ᠠᠬᠤᠶ᠋ᠢᠯᠠᠯ᠎ᠠᠴᠠ ᠬᠠᠷᠢᠭᠤᠴᠠᠨ ᠬᠡᠷᠡᠭᠵᠢᠭᠦᠯᠦᠨ᠎ᠡ᠃ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠪᠣᠯᠤᠨ ᠣᠷᠣᠨ ᠨᠤᠲᠤᠭ᠎ᠠᠴᠠ ᠬᠠᠮᠲᠤᠪᠡᠷ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
4. ᠠᠷᠠᠳ᠎ᠤᠨ ᠠᠭ᠋ᠠᠷ᠎ᠤᠨ ᠲᠡᠭᠡᠭᠡᠪᠦᠷᠢ᠃ ᠲᠥᠪ ᠪᠣᠯᠤᠨ ᠣᠷᠣᠨ ᠨᠤᠲᠤᠭ᠎ᠠᠴᠠ ᠬᠠᠮᠲᠤ᠎ᠪᠠᠷ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃ ᠡᠭᠦᠨ᠎ᠳᠤ᠂ ᠲᠥᠪ᠎ᠠᠴᠠ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠠᠢ᠌ᠷᠢᠯᠠᠭᠤᠯᠤᠯᠲᠠ᠂ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠪᠠ ᠬᠠᠮᠢᠶ᠎ᠠ ᠪᠥᠬᠥᠶ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠣᠪᠴᠢᠶ᠎ᠠ᠎ᠠᠴᠠ ᠰᠢᠭᠤᠳ ᠬᠠᠮᠢᠶᠠᠷᠴᠤ ᠪᠠᠶ᠋ᠢᠭ᠎ᠠ ᠪᠡᠭᠡᠵᠢᠩ᠎ᠤᠨ ᠨᠡᠶ᠋ᠢᠰᠯᠡᠯ᠎ᠤᠨ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠂ ᠪᠡᠭᠡᠵᠢᠩ᠎ᠤᠨ ᠳ᠋ᠠᠰᠢᠩ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠂ ᠲᠢᠶᠠᠨᠵᠢᠨ᠎ᠤ ᠨᠢᠰᠬᠡᠯ᠎ᠤᠨ ᠪᠠᠭᠤᠳᠠᠯ᠂ ᠲᠥᠪᠡᠳ᠎ᠤᠨ ᠣᠷᠣᠨ᠎ᠤ ᠳᠣᠲᠣᠷᠠᠬᠢ ᠨᠢᠰᠬᠡᠯ᠎ᠤᠨ ᠪᠠᠭᠤᠳᠠᠯ᠂ ᠯᠦᠸᠸᠶᠠᠩ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠢ᠌ᠭᠤᠯᠬᠤ᠂ ᠬᠠᠮᠠᠭ᠋ᠠᠯᠠᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ)᠎ᠠᠴᠠ ᠬᠠᠷᠢᠭᠤᠴᠠᠨ ᠬᠡᠷᠡᠭᠵᠢᠭᠦᠯᠦᠨ᠎ᠡ ᠭᠡᠵᠦ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠳᠣᠷᠬᠠᠶ ᠲᠣᠭᠲᠠᠭ᠋ᠠᠪᠠ; ᠣᠷᠣᠨ ᠨᠤᠲᠤᠭ᠎ᠤᠨ᠎ᠬᠢᠨ ᠪᠦᠬᠦ ᠤᠯᠤᠰ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠠᠶ᠋ᠢᠷᠢᠯᠠᠭᠤᠯᠤᠯᠲᠠ ᠪᠠ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ᠂ ᠪᠦᠲᠦᠭᠡᠨ ᠪᠠᠶ᠋ᠢᠭᠤᠯᠬᠤ᠂ ᠡᠵᠡᠩᠨᠡᠬᠦ᠂ ᠨᠢᠰᠬᠡᠯ᠎ᠤᠨ ᠪᠠᠭᠤᠳᠠᠯ᠎ᠤᠨ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠪᠣᠳᠠᠲᠠᠶ ᠵᠦᠢ᠍ᠯᠡᠰ᠎ᠢ ᠬᠡᠷᠡᠭᠵᠢᠭᠦᠯᠬᠦ ᠵᠢ ᠬᠠᠷᠢᠭᠤᠴᠠᠨ᠎ᠠ᠃ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠪᠣᠯᠤᠨ ᠣᠷᠣᠨ ᠨᠤᠲᠤᠭ᠎ᠠᠴᠠ ᠬᠠᠮᠲᠤᠪᠡᠷ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
5. ᠰᠢᠦᠳᠠᠨ᠃ (1) ᠰᠢᠤᠳᠠᠨ᠎ᠤ ᠦᠢ᠍ᠯᠡᠰ᠎ᠤᠨ ᠠᠶᠤᠯᠭᠦᠢ ᠵᠢᠨ ᠬᠠᠮᠢᠶᠠᠷᠤᠯᠲᠠ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠪᠣᠯᠤᠨ ᠣᠷᠣᠨ ᠨᠤᠲᠤᠭ᠎ᠠᠴᠠ ᠬᠠᠮᠲᠤᠪᠡᠷ ᠬᠡᠷᠡᠭᠵᠢᠭᠦᠯᠦᠨ᠎ᠡ᠃ (2) ᠪᠤᠰᠤᠳ ᠰᠢᠦᠳᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠪᠣᠯᠤᠨ ᠣᠷᠣᠨ ᠨᠤᠲᠤᠭ᠎ᠠᠴᠠ ᠬᠠᠮᠲᠤᠪᠡᠷ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠰᠢᠤᠳᠠᠨ᠎ᠤ ᠬᠦᠷᠢᠶᠡᠨ᠎ᠤ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠪᠣᠯᠤᠨ ᠣᠷᠣᠨ ᠨᠤᠲᠤᠭ ᠬᠠᠮᠲᠤᠪᠡᠷ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
6. ᠶᠡᠷᠦᠩᠬᠡᠢ᠌ᠯᠡᠭᠰᠡᠨ ᠵᠠᠮ ᠬᠠᠷᠢᠯᠴᠠᠭ᠎ᠠ᠃ (1) ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ᠂ ᠪᠦᠬᠦ ᠤᠯᠤᠰ᠎ᠤᠨ ᠴᠢᠨᠠᠷᠲᠠᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ ᠬᠢᠭᠡᠳ ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢ ᠵᠢᠨ ᠰᠢᠰᠲ᠋ᠧᠮᠵᠢ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠬᠢᠭᠡᠳ ᠣᠷᠣᠨ ᠨᠤᠲᠤᠭ᠎ᠠᠴᠠ ᠬᠠᠮᠲᠤᠪᠡᠷ ᠬᠡᠷᠡᠭᠵᠢᠭᠦᠯᠦᠨ᠎ᠡ᠃ (2) ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ᠃ ᠲᠥᠪ ᠪᠣᠯᠤᠨ ᠣᠷᠣᠨ ᠨᠤᠲᠤᠭ᠎ᠠᠴᠠ ᠤᠯᠤᠰ᠎ᠤᠨ ᠲᠦᠷᠭᠡᠨ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ᠂ ᠴᠡᠷᠢᠭ ᠠᠷᠠᠳ᠎ᠢ ᠠᠭᠤᠰᠤᠯᠴᠠᠭᠤᠯᠬᠤ ᠪᠠ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠵᠠᠮ ᠬᠠᠷᠢᠯᠴᠠᠭ᠋ᠠᠨ᠎ᠤ ᠳᠠᠶ᠋ᠢᠴᠢᠯᠠᠯᠲᠠ ᠵᠢᠨ ᠴᠢᠳᠠᠪᠤᠷᠢ ᠵᠢᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ᠂ ᠤᠯᠤᠰ᠎ᠤᠨ ᠣᠨᠴᠠᠭ᠋ᠠᠢ ᠭᠣᠤᠯᠳᠠᠯᠭ᠎ᠠ᠎ᠲᠠᠢ ᠡᠳ᠋ ᠪᠠᠷᠠᠭ᠎ᠠ ᠲᠡᠭᠡᠭᠡᠪᠦᠷᠢᠯᠡᠬᠦ ᠪᠠᠲᠤᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠨ᠎ᠡ᠃ (3) ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠠᠵᠢᠯ ᠲᠥᠷᠥᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠴᠢᠯᠠᠯᠲᠠ᠃ ᠲᠥᠪ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠷᠢᠶᠡᠨ᠎ᠳᠠᠬᠢ ᠵᠦᠢ᠍ᠯᠡᠰ᠎ᠲᠤ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠪᠣᠯᠤᠨ ᠣᠷᠣᠨ ᠨᠤᠲᠤᠭ᠎ᠠᠴᠠ ᠬᠠᠮᠲᠤᠪᠡᠷ ᠵᠠᠷᠤᠯᠭ᠎ᠠ ᠵᠢᠨ ᠬᠠᠷᠢᠭᠤᠴᠠᠯᠭ᠎ᠠ ᠡᠭᠦᠷᠭᠡᠯᠡᠨ᠎ᠡ᠃
(ᠭᠤᠷᠪᠠ) ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠃
1. ᠵᠠᠰᠠᠮᠠᠯ ᠵᠠᠮ᠃ (1) ᠤᠯᠤᠰ᠎ᠤᠨ ᠵᠠᠮ᠃ ᠣᠷᠣᠨ ᠨᠤᠲᠤᠭ᠎ᠠᠴᠠ ᠤᠯᠤᠰ᠎ᠤᠨ ᠵᠠᠮ (ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ ᠪᠠ ᠡᠩ᠎ᠤᠨ ᠤᠯᠤᠰ᠎ᠤᠨ ᠵᠠᠮ ᠪᠠᠭᠲᠠᠨ᠎ᠠ)᠎ᠤᠨ ᠪᠦᠲᠦᠭᠡᠨ ᠪᠠᠢ᠌ᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠢᠨ ᠵᠣᠬᠢᠴᠠᠩᠭᠤᠶ ᠡᠭᠦᠷᠭᠡ ᠬᠠᠷᠢᠭᠤᠴᠠᠯᠭ᠎ᠠ ᠪᠠ ᠪᠣᠳᠠᠲᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠡᠭᠦᠷᠭᠡᠯᠡᠨ᠎ᠡ᠃ ᠣᠷᠣᠨ ᠨᠤᠲᠤᠭ᠎ᠠᠴᠠ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ᠎ᠳᠠᠬᠢ ᠲᠥᠪ᠎ᠤᠨ ᠡᠳ᠋᠎ᠤᠨ ᠵᠠᠰᠠᠭ᠎ᠠᠴᠠ ᠪᠡᠯᠡ ᠭᠠᠷᠭ᠋ᠠᠭᠰᠠᠨ᠎ᠠᠴᠠ ᠭᠠᠳᠠᠨᠠᠬᠢ ᠪᠤᠰᠤᠳ ᠪᠡᠯᠡ ᠮᠥᠩᠭᠥ ᠵᠢ ᠬᠤᠷᠠᠮᠳᠤᠭᠤᠯᠵᠤ᠂ ᠡᠩ᠎ᠤᠨ ᠤᠯᠤᠰ᠎ᠤᠨ ᠵᠠᠮ᠎ᠤᠨ ᠪᠦᠲᠦᠭᠡᠨ ᠪᠠᠢ᠌ᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠲᠤᠮᠳᠠ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ᠎ᠤᠨ ᠬᠠᠷᠢᠭᠤᠴᠠᠯᠭ᠎ᠠ ᠵᠢ ᠡᠭᠦᠷᠭᠡᠯᠡᠨ᠎ᠡ᠃ (2) ᠮᠤᠵᠢ ᠵᠢᠨ ᠵᠠᠮ᠂ ᠬᠥᠳᠡᠭᠡ ᠲᠣᠰᠬᠣᠨ᠎ᠤ ᠵᠠᠰᠠᠮᠠᠯ ᠵᠠᠮ᠂ ᠵᠠᠮ ᠲᠡᠭᠡᠭᠡᠪᠦᠷᠢ ᠵᠢᠨ ᠥᠷᠲᠡᠭᠡ ᠲᠠᠯᠠᠪᠤᠷ᠃ ᠣᠷᠣᠨ ᠨᠤᠲᠤᠭ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠵᠢᠨ ᠬᠠᠮᠲᠤ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠡᠭᠦᠷᠭᠡᠯᠡᠨ᠎ᠡ᠃ (3) ᠵᠠᠮ ᠲᠡᠭᠡᠭᠡᠪᠦᠷᠢ ᠵᠢᠨ ᠬᠠᠮᠢᠶᠠᠷᠤᠯᠲᠠ᠃ ᠣᠷᠣᠨ ᠨᠤᠲᠤᠭ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠵᠢᠨ ᠬᠠᠮᠲᠤ᠂ ᠪᠣᠳᠠᠲᠠᠶ ᠵᠦᠢ᠍ᠯᠡᠰ᠎ᠢ ᠬᠦᠢ᠍ᠴᠡᠳᠬᠡᠨ ᠬᠡᠷᠡᠭᠵᠢᠭᠦᠯᠬᠦ ᠵᠢ ᠡᠭᠦᠷᠭᠡᠯᠡᠨ᠎ᠡ᠃ ᠮᠤᠵᠢ ᠵᠢᠨ ᠵᠠᠮ᠂ ᠬᠥᠳᠡᠭᠡ ᠲᠣᠰᠬᠣᠨ᠎ᠤ ᠵᠠᠰᠠᠮᠠᠯ ᠵᠠᠮ᠂ ᠵᠠᠮ ᠲᠡᠭᠡᠭᠡᠪᠦᠷᠢ ᠵᠢᠨ ᠥᠷᠲᠡᠭᠡ ᠲᠠᠯᠠᠪᠤᠷ ᠪᠠ ᠵᠠᠮ ᠲᠡᠭᠡᠪᠦᠷᠢ ᠵᠢᠨ ᠬᠠᠮᠢᠶᠠᠷᠤᠯᠲᠠ ᠵᠢᠨ ᠲᠠᠯ᠎ᠠ᠎ᠪᠠᠷ ᠣᠷᠣᠨ ᠨᠤᠲᠤᠭ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
2. ᠤᠰᠤᠨ ᠵᠠᠮ᠃ (1) ᠪᠤᠰᠤᠳ ᠳᠣᠲᠣᠭ᠋ᠠᠳᠤ ᠭᠣᠤᠯ ᠮᠥᠷᠡᠨ᠎ᠤ ᠠᠶᠠᠯᠠᠯ᠎ᠤᠨ ᠵᠠᠮ᠂ ᠳᠣᠲᠣᠭ᠋ᠠᠳᠤ ᠭᠣᠤᠯ ᠮᠥᠷᠡᠨ᠎ᠤ ᠭᠠᠷᠠᠮ᠎ᠤᠨ ᠣᠯᠠᠨ ᠨᠡᠶ᠋ᠢᠲᠡ ᠵᠢᠨ ᠵᠠᠩᠭᠤᠳᠠᠬᠤ ᠭᠠᠵᠠᠷ᠂ ᠬᠠᠭᠤᠷᠠᠶ ᠠᠷᠠᠯ᠎ᠤᠨ ᠵᠠᠮ ᠬᠠᠷᠢᠯᠴᠠᠭ᠋ᠠᠨ᠎ᠤ ᠭᠠᠷᠠᠮ᠃ ᠣᠷᠣᠨ ᠨᠤᠲᠤᠭ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠵᠢᠨ ᠬᠠᠮᠲᠤ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠡᠭᠦᠷᠭᠡᠯᠡᠨ᠎ᠡ᠃ (2) ᠠᠶᠠᠨᠴᠢᠳ᠎ᠤᠨ ᠲᠡᠭᠡᠭᠡᠪᠦᠷᠢ ᠵᠢᠨ ᠭᠠᠷᠠᠮ᠎ᠤᠨ ᠠᠶᠤᠯᠭᠦᠢ ᠵᠢ ᠪᠠᠶ᠋ᠢᠴᠠᠭ᠋ᠠᠨ ᠬᠡᠮᠵᠢᠬᠦ ᠲᠦᠬᠦᠭᠡᠷᠦᠮᠵᠢ᠂ ᠬᠥᠳᠡᠭᠡ ᠲᠣᠰᠬᠣᠨ᠎ᠤ ᠤᠰᠤᠨ ᠳᠡᠭᠡᠷᠡᠬᠢ ᠠᠶᠠᠨᠴᠢᠳ᠎ᠤᠨ ᠲᠡᠭᠡᠭᠡᠪᠦᠷᠢ ᠵᠢᠨ ᠬᠠᠮᠢᠶᠠᠷᠤᠯᠲᠠ᠃ ᠣᠷᠣᠨ ᠨᠤᠲᠤᠭ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠵᠢᠨ ᠬᠠᠮᠲᠤ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠡᠭᠦᠷᠭᠡᠯᠡᠨ᠎ᠡ᠃ (3) ᠣᠷᠣᠨ ᠨᠤᠲᠤᠭ᠎ᠤᠨ ᠬᠠᠮᠢᠶᠠᠷᠴᠤ ᠪᠦᠬᠦᠢ ᠤᠰᠤᠨ ᠣᠷᠣᠨ᠎ᠤ ᠤᠰᠤᠨ ᠳᠡᠭᠡᠷᠡᠬᠢ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠪᠣᠯᠤᠨ ᠡᠷᠢᠵᠦ ᠠᠪᠤᠷᠠᠨ ᠲᠤᠰᠠᠯᠠᠬᠤ᠃ ᠣᠷᠣᠨ ᠨᠤᠲᠤᠭ᠎ᠠᠴᠠ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠤᠰᠤᠨ ᠵᠠᠮ᠎ᠤᠨ ᠬᠦᠷᠢᠶᠡᠨ᠎ᠳᠠᠬᠢ ᠵᠦᠢ᠍ᠯᠡᠰ᠎ᠢ ᠣᠷᠣᠨ ᠨᠤᠲᠤᠭ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
3. ᠲᠡᠮᠦᠷ ᠵᠠᠮ᠃ (1) ᠬᠣᠲᠠ ᠵᠢᠨ ᠬᠣᠭᠣᠷᠣᠨᠳᠣᠬᠢ ᠲᠡᠮᠦᠷ ᠵᠠᠮ᠂ ᠬᠣᠲᠠ ᠵᠢᠨ ᠬᠡᠪᠴᠢᠶᠠᠨ (ᠳᠡᠭᠦᠷᠭᠡ)᠎ᠤ ᠲᠡᠮᠦᠷ ᠵᠠᠮ᠂ ᠰᠠᠯᠪᠤᠷᠢ ᠱᠤᠭᠤᠮ᠎ᠤᠨ ᠲᠡᠮᠦᠷ ᠵᠠᠮ᠂ ᠲᠡᠮᠦᠷ ᠵᠠᠮ᠎ᠤᠨ ᠲᠤᠰᠬᠠᠶ ᠬᠡᠷᠡᠭᠯᠡᠬᠦ ᠱᠤᠭᠤᠮ᠃ ᠪᠦᠲᠦᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠬᠦ ᠪᠤᠶᠤ ᠣᠷᠣᠨ ᠨᠤᠲᠤᠭ᠎ᠠᠴᠠ ᠲᠥᠪ᠎ᠤᠨ ᠠᠵᠤ ᠠᠬᠤᠶ᠋ᠢᠯᠠᠯ᠎ᠳᠤ ᠨᠠᠢ᠌ᠳᠠᠨ ᠬᠡᠷᠡᠭᠵᠢᠭᠦᠯᠦᠨ᠎ᠡ᠃ (2) ᠣᠷᠣᠨ ᠨᠤᠲᠤᠭ᠎ᠠᠴᠠ ᠰᠢᠢ᠍ᠳᠪᠦᠷᠢᠲᠦ ᠪᠤᠳᠤᠯᠭ᠎ᠠ ᠲᠣᠭᠲᠠᠭ᠋ᠠᠭᠰᠠᠨ ᠲᠡᠮᠦᠷ ᠵᠠᠮ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠲᠡᠭᠡᠭᠡᠪᠦᠷᠢ᠃ ᠣᠷᠣᠨ ᠨᠤᠲᠤᠭ᠎ᠠᠴᠠ ᠵᠣᠬᠢᠴᠠᠩᠭᠤᠶ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠣᠷᠣᠨ ᠨᠤᠲᠤᠭ᠎ᠠᠴᠠ ᠬᠡᠷᠡᠭᠵᠢᠭᠦᠯᠬᠦ ᠪᠤᠶᠤ ᠣᠷᠣᠨ ᠨᠤᠲᠤᠭ᠎ᠠᠴᠠ ᠲᠥᠪ᠎ᠤᠨ ᠠᠵᠤ ᠠᠬᠤᠶ᠋ᠢᠯᠠᠯ᠎ᠳᠤ ᠨᠠᠢ᠌ᠳᠠᠨ ᠬᠡᠷᠡᠭᠵᠢᠭᠦᠯᠦᠨ᠎ᠡ᠃ (3) ᠪᠤᠰᠤᠳ ᠵᠦᠢ᠍ᠯ᠎ᠤᠳ᠃ ᠣᠷᠣᠨ ᠨᠤᠲᠤᠭ᠎ᠠᠴᠠ ᠲᠡᠮᠦᠷ ᠵᠠᠮ ᠳᠠᠭ᠋ᠠᠤ ᠵᠢᠨ (ᠤᠯᠠᠭ᠋ᠠᠨ ᠱᠤᠭᠤᠮ᠎ᠤᠨ ᠭᠠᠳᠠᠨᠠᠬᠢ) ᠣᠷᠴᠢᠨ ᠲᠣᠭᠣᠷᠢᠨ᠎ᠤ ᠪᠤᠬᠢᠷᠳᠤᠯ᠎ᠢ ᠵᠠᠰᠠᠬᠤ ᠪᠠ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠡᠭᠦᠷᠭᠡᠯᠡᠵᠦ᠂ ᠤᠯᠤᠰ᠎ᠤᠨ ᠲᠡᠮᠦᠷ ᠵᠡᠮ᠂ ᠤᠯᠤᠰ᠎ᠤᠨ ᠲᠡᠮᠦᠷ ᠵᠡᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ ᠪᠡᠯᠠ ᠨᠡᠢ᠌ᠯᠡᠭᠦᠯᠦᠭᠰᠡᠨ ᠲᠡᠮᠦᠷ ᠵᠡᠮ᠎ᠢ ᠪᠣᠳᠠᠲᠠᠶ ᠬᠠᠮᠢᠶᠠᠷᠬᠤ᠎ᠠᠴᠠ ᠪᠤᠰᠤᠳ ᠲᠡᠮᠦᠷ ᠵᠡᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠲᠡᠮᠦᠷ ᠵᠠᠮ᠎ᠤᠨ ᠬᠦᠷᠢᠶᠡᠨ᠎ᠳᠠᠬᠢ ᠵᠦᠢ᠍ᠯᠡᠰ᠎ᠲᠤ ᠣᠷᠣᠨ ᠨᠤᠲᠤᠭ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
4. ᠠᠷᠠᠳ᠎ᠤᠨ ᠠᠭ᠋ᠠᠷ᠎ᠤᠨ ᠲᠡᠭᠡᠪᠦᠷᠢ᠃ ᠣᠷᠣᠨ ᠨᠤᠲᠤᠭ᠎ᠠᠴᠠ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠭᠣᠤᠯᠳᠠᠭᠤ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠤᠨ ᠪᠠᠢ᠌ᠷᠢᠯᠠᠭᠤᠯᠤᠯᠲᠠ ᠪᠠ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ᠂ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠠᠵᠢᠯ᠎ᠢ ᠬᠠᠷᠢᠭᠤᠴᠠᠬᠤ ᠵᠢᠨ ᠬᠠᠮᠲᠤ᠂ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠢ᠌ᠭᠤᠯᠬᠤ᠂ ᠬᠠᠮᠠᠭ᠋ᠠᠯᠠᠬᠤ᠂ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ (ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠲᠣᠪᠴᠢᠶ᠎ᠠ ᠵᠢᠴᠢ ᠲᠡᠭᠦᠨ᠎ᠤ ᠬᠠᠷᠢᠶ᠎ᠠ ᠪᠦᠬᠦᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠦᠮᠴᠢᠯᠡᠵᠦ ᠪᠠᠢ᠌ᠭ᠎ᠠ ᠨᠡᠶ᠋ᠢᠳᠡᠮ ᠬᠡᠷᠡᠭᠯᠡᠬᠦ ᠨᠢᠰᠬᠡᠯ᠎ᠤᠨ ᠪᠠᠭᠤᠳᠠᠯ᠎ᠨᠢ ᠡᠭᠦᠨ᠎ᠳᠤ ᠪᠠᠭᠲᠠᠬᠤ ᠦᠭᠡᠢ) ᠵᠢ ᠬᠠᠷᠢᠭᠤᠴᠠᠵᠤ᠂ ᠵᠣᠬᠢᠴᠠᠩᠭᠤᠶ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
5. ᠰᠢᠦᠳᠠᠨ᠃ ᠣᠷᠣᠨ ᠨᠤᠲᠤᠭ᠎ᠠᠴᠠ ᠰᠢᠤᠳᠠᠨ᠎ᠤ ᠲᠦᠭᠡᠮᠡᠯ ᠦᠢ᠍ᠯᠡᠴᠢᠯᠡᠭᠡ᠂ ᠣᠨᠴᠠᠭ᠋ᠠᠢ ᠦᠢ᠍ᠯᠡᠴᠢᠯᠡᠭᠡ ᠪᠠ ᠲᠦᠷᠭᠡᠨ ᠬᠦᠷᠭᠡᠯᠲᠡ ᠵᠢᠨ ᠦᠢ᠍ᠯᠡᠴᠢᠯᠡᠭᠡᠨ᠎ᠤ ᠲᠡᠭᠦᠰᠬᠡᠯ᠎ᠤᠨ ᠰᠠᠭᠤᠷᠢ ᠲᠥᠬᠥᠭᠡᠷᠦᠮᠵᠢ᠂ ᠰᠢᠤᠳᠠᠨ᠎ᠤ ᠦᠢ᠍ᠯᠡᠰ᠎ᠤᠨ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠬᠤ ᠵᠡᠷᠭᠡ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠲᠥᠯᠥᠪᠵᠢᠭᠦᠯᠬᠦ᠂ ᠪᠦᠲᠦᠭᠡᠨ ᠪᠠᠶ᠋ᠢᠭᠤᠯᠬᠤ᠂ ᠬᠠᠮᠠᠭ᠋ᠠᠯᠠᠬᠤ᠂ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠬᠠᠷᠢᠭᠤᠴᠠᠵᠤ᠂ ᠵᠣᠬᠢᠴᠠᠩᠭᠤᠶ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
6. ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ᠃ ᠣᠷᠣᠨ ᠨᠤᠲᠤᠭ᠎ᠠᠴᠠ ᠡᠩ᠎ᠤᠨ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ ᠵᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠭᠣᠤᠯᠳᠠᠭᠤ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠵᠢ ᠪᠠᠭᠲᠠᠭ᠋ᠠᠵᠤ᠂ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢ᠍ᠯᠡᠰ᠎ᠢ ᠬᠡᠷᠡᠭᠵᠢᠭᠦᠯᠬᠦ ᠵᠢ ᠬᠠᠷᠢᠭᠤᠴᠠᠵᠤ᠂ ᠵᠣᠬᠢᠴᠠᠩᠭᠤᠶ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠡᠭᠦᠨ᠎ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ᠎ᠤᠨ ᠠᠭ᠋ᠠᠷ᠎ᠤᠨ ᠠᠶᠠᠯᠠᠯ᠂ ᠰᠢᠤᠳᠠᠨ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠷᠢᠶᠡᠨ᠎ᠳᠠᠬᠢ ᠣᠷᠣᠨ ᠨᠤᠲᠤᠭ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ᠎ᠳᠤ᠂ ᠣᠷᠣᠨ ᠨᠤᠲᠤᠭ᠎ᠠᠴᠠ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠭᠣᠤᠯᠳᠠᠭᠤ ᠬᠠᠮᠢᠶ᠎ᠠ ᠪᠦᠬᠦᠢ ᠬᠦᠷᠢᠶᠡᠨ᠎ᠳᠠᠬᠢ ᠣᠷᠣᠨ ᠨᠤᠲᠤᠭ᠎ᠤᠨ ᠠᠵᠢᠯ ᠲᠥᠷᠥᠯ᠎ᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠥᠷᠨᠢᠭᠦᠯᠦᠭᠰᠡᠨ ᠴᠢᠬᠤᠯᠠ ᠶᠡᠬᠡ ᠠᠰᠠᠭᠤᠳᠠᠯ᠎ᠤᠨ ᠰᠤᠳᠤᠯᠤᠯ᠂ ᠣᠷᠣᠨ ᠨᠤᠲᠤᠭ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠵᠢᠴᠢ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ ᠵᠢ ᠪᠠᠭᠲᠠᠭ᠋ᠠᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠠᠵᠢᠯ ᠲᠥᠷᠥᠯ᠎ᠤᠨ ᠲᠣᠭ᠎ᠠ ᠪᠦᠷᠢᠳᠬᠡᠯ ᠬᠢᠭᠡᠳ ᠠᠵᠢᠯᠯᠠᠭ᠋ᠠᠨ᠎ᠢ ᠬᠢᠨᠠᠨ ᠬᠡᠮᠵᠢᠬᠦ᠂ ᠲᠦᠷᠭᠡᠨ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ ᠵᠡᠷᠭᠡ ᠵᠦᠢ᠍ᠯᠡᠰ᠎ᠢ ᠡᠭᠦᠷᠭᠡᠯᠡᠨ᠎ᠡ᠃
ᠲᠥᠪ ᠪᠠ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠳᠬᠡᠯ ᠠᠩᠭᠢ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠳᠤ᠂ ᠲᠥᠪ ᠬᠢᠭᠡᠳ ᠣᠷᠣᠨ ᠨᠤᠲᠤᠭ᠎ᠤᠨ ᠬᠤᠪᠢᠶᠠᠷᠢᠯᠠᠯᠲᠠ ᠵᠢᠨ ᠵᠠᠷᠴᠢᠮ ᠶᠣᠰᠤᠭ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ; ᠡᠳ᠋᠎ᠤᠨ ᠵᠠᠰᠠᠭ᠎ᠠᠴᠠ ᠳᠡᠮᠵᠢᠬᠦ ᠲᠦᠷᠦ ᠵᠢᠨ ᠪᠤᠳᠤᠯᠭ᠎ᠠ ᠵᠢ ᠵᠠᠷᠴᠢᠮ ᠳᠡᠭᠡᠷ᠎ᠡ᠎ᠪᠠᠨ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠬᠦ ᠵᠢᠨ ᠬᠠᠮᠲᠤ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠨᠢᠭᠡᠳᠬᠡᠯ ᠠᠩᠭᠢ ᠵᠢᠨ ᠣᠨᠴᠠᠭ᠋ᠠᠶ ᠬᠦᠴᠦᠨ ᠵᠦᠢ᠍ᠯ᠎ᠢ ᠵᠣᠬᠢᠰᠲᠠᠶ᠎ᠪᠠᠷ ᠪᠣᠳᠤᠯᠬᠢᠯᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠪᠤᠰᠤᠳ ᠵᠢᠭᠰᠠᠭ᠋ᠠᠭᠰᠠᠨ ᠥᠬᠡᠶ ᠵᠦᠢ᠍ᠯᠡᠰ᠎ᠲᠤ᠂ ᠥᠭᠡᠷᠡᠴᠢᠯᠡᠯᠲᠡ ᠵᠢᠨ ᠶᠡᠷᠦᠩᠬᠡᠶ ᠱᠠᠭ᠋ᠠᠷᠳᠠᠯᠭ᠎ᠠ ᠪᠠ ᠵᠦᠢ᠍ᠯᠡᠰ᠎ᠤᠨ ᠣᠨᠴᠠᠯᠢᠭ ᠶᠣᠰᠣᠭ᠋ᠠᠷ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠶ ᠲᠣᠭᠲᠠᠭ᠋ᠠᠨ᠎ᠠ᠃
ᠭᠤᠷᠪᠠ᠂ ᠲᠥᠬᠥᠷ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠬᠢᠭᠡᠳ ᠵᠣᠬᠢᠴᠠᠭᠤᠯᠭ᠎ᠠ ᠬᠠᠮᠵᠢᠯᠴᠠᠭ᠎ᠠ᠎ᠪᠠᠨ ᠦᠨᠡᠨ ᠬᠦ᠌ ᠴᠢᠩᠭ᠋ᠠᠳᠬᠠᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ᠎ᠠᠴᠠ ᠲᠤᠰ ᠲᠥᠰᠦᠯ᠎ᠢ ᠦᠨᠳᠦᠰᠦᠯᠡᠨ᠂ ᠥᠭᠡᠷᠡᠴᠢᠯᠡᠯᠲᠡ ᠵᠢᠨ ᠡᠭᠦᠷᠭᠡ ᠪᠠ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢᠨ ᠠᠬᠢᠴᠠ ᠵᠢᠨ ᠪᠠᠶ᠋ᠢᠳᠠᠯ᠎ᠢ ᠰᠢᠪᠠᠳᠠᠨ ᠪᠠᠶ᠋ᠢᠴᠠᠭ᠋ᠠᠬᠤ ᠪᠠ ᠦᠨᠡᠯᠡᠨ ᠵᠢᠱ᠌ᠢᠬᠦ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠨᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠠᠷᠢᠨ ᠬᠢᠨᠠᠮᠠᠭ᠋ᠠᠶ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠬᠠᠩᠭ᠋ᠠᠬᠤ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ᠂ ᠥᠭᠡᠷᠡᠴᠢᠯᠡᠯᠲᠡ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ᠃
(ᠬᠣᠶᠠᠷ) ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠂ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠤᠰ ᠲᠥᠰᠦᠯ᠎ᠢ ᠦᠨᠳᠦᠰᠦᠯᠡᠨ᠂ ᠲᠣᠭᠲᠠᠭ᠋ᠠᠯ ᠶᠣᠰᠣᠭ᠋ᠠᠷ ᠲᠥᠰᠦᠪ᠎ᠤᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠰᠠᠶ᠋ᠢᠲᠤᠷ ᠬᠢᠵᠦ᠂ ᠵᠠᠷᠤᠯᠭ᠎ᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠤᠨ᠎ᠠ᠃ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠬᠠᠷᠢᠶᠠᠯᠠᠭᠳᠠᠪᠠᠯ᠂ ᠵᠠᠷᠴᠢᠮ ᠳᠡᠭᠡᠷ᠎ᠡ᠎ᠪᠠᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠥᠪᠡᠷ᠎ᠤᠨ ᠡᠳ᠋᠎ᠤᠨ ᠬᠦᠴᠦᠨ ᠵᠶ᠋ᠠᠨ ᠲᠣᠬᠢᠷᠠᠭᠤᠯᠬᠤ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠡᠭᠦᠷᠭᠡᠯᠡᠵᠦ ᠪᠦᠬᠦᠢ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠨ ᠭᠦᠢ᠍ᠴᠡᠳᠬᠡᠬᠦ᠂ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠳᠤ ᠣᠷᠣᠯᠭ᠎ᠠ ᠵᠠᠷᠤᠯᠭ᠎ᠠ ᠵᠢᠨ ᠳᠤᠲᠠᠭᠳᠠᠯ ᠣᠷᠤᠰᠢᠵᠤ ᠪᠠᠢ᠌ᠪᠠᠯ᠂ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠨᠢ ᠠᠳᠠᠯᠢ ᠪᠤᠰᠤ ᠴᠠᠭ ᠦᠶ᠎ᠡ ᠵᠢᠨ ᠬᠥᠭᠵᠢᠯᠲᠡ ᠵᠢᠨ ᠬᠠᠷᠠᠯᠲᠠ ᠵᠢ ᠦᠨᠳᠦᠰᠦᠯᠡᠨ ᠵᠣᠬᠢᠬᠤ ᠪᠡᠯᠡ ᠮᠥᠩᠭᠥ ᠵᠢᠨ ᠳᠡᠮᠵᠢᠯᠭᠡ ᠦᠵᠡᠭᠦᠯᠵᠦ ᠪᠣᠯᠤᠨ᠎ᠠ᠃
(ᠭᠤᠷᠪᠠ) ᠮᠤᠵᠢ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠵᠤ᠂ ᠮᠤᠵᠢ᠎ᠠᠴᠠ ᠳᠣᠷᠣᠭᠰᠢᠬᠢ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ ᠡᠯ᠎ᠡ ᠭᠠᠵᠠᠷ ᠣᠷᠣᠨ᠎ᠨᠢ ᠲᠤᠰ ᠲᠥᠰᠦᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠲᠤᠰ ᠭᠠᠵᠠᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠮᠤᠵᠢ᠎ᠠᠴᠠ ᠳᠣᠷᠣᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠲᠣᠭᠲᠠᠭ᠋ᠠᠵᠤ᠂ ᠬᠠᠮᠢᠶ᠎ᠠ ᠪᠦᠬᠦᠢ ᠥᠭᠡᠷᠡᠴᠢᠯᠡᠯᠲᠡ ᠵᠢᠨ ᠠᠵᠢᠯ᠎ᠢ ᠵᠣᠬᠢᠶᠠᠨ ᠪᠠᠢ᠌ᠭᠤᠯᠵᠤ ᠠᠬᠢᠭᠤᠯᠤᠨ᠎ᠠ᠃ ᠮᠤᠵᠢ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠵᠤ᠂ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠡᠭᠦᠷᠭᠡᠯᠡᠬᠦ ᠲᠤᠰᠢᠶᠠᠯ ᠬᠠᠷᠢᠭᠤᠴᠠᠯᠭ᠎ᠠ ᠪᠠ ᠴᠢᠳᠠᠪᠤᠷᠢ ᠵᠢ ᠵᠣᠬᠢᠰᠲᠠᠶ ᠴᠢᠩᠭ᠋ᠠᠳᠬᠠᠵᠤ᠂ ᠬᠡᠳᠦ ᠠᠷᠪᠢᠨ ᠵᠠᠷᠤᠯᠭ᠎ᠠ ᠵᠢᠨ ᠬᠠᠷᠢᠭᠤᠴᠠᠯᠭ᠎ᠠ ᠵᠢ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠳᠤ ᠲᠤᠰᠢᠶᠠᠨ ᠥᠭᠴᠦ ᠡᠭᠦᠷᠭᠡᠯᠡᠭᠦᠯᠬᠦ᠎ᠠᠴᠠ ᠵᠠᠶ᠋ᠢᠯᠠᠰᠬᠢᠨ᠎ᠡ᠃
(ᠳᠥᠷᠪᠡ) ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠵᠤ᠂ ᠰᠠᠶ᠋ᠢᠨ ᠨᠥᠬᠦᠴᠡᠯᠳᠦᠯ᠎ᠢ ᠪᠣᠶ ᠪᠣᠯᠭ᠋ᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠢᠳᠡᠪᠬᠢᠲᠡᠢ ᠯᠠᠪᠳᠠᠭᠤᠨ ᠵᠶ᠋ᠡᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠤ ᠤᠳᠤ ᠵᠢᠨ ᠪᠠᠶ᠋ᠢᠭ᠎ᠠ ᠴᠢᠬᠤᠯᠠ ᠶᠡᠬᠡ ᠥᠭᠡᠷᠡᠴᠢᠯᠡᠯᠲᠡ᠎ᠯᠦᠭᠡ ᠣᠷᠭ᠋ᠠᠨᠢᠭ ᠵᠶ᠋ᠠᠷ ᠵᠣᠯᠭ᠋ᠠᠭᠤᠯᠵᠤ᠂ ᠪᠦᠬᠦᠯᠢ ᠴᠣᠭᠴᠠ᠎ᠪᠠᠷ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠣᠷᠣᠢ ᠵᠢᠨ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠭᠰᠡᠨ ᠴᠠᠭ ᠲᠣᠬᠢᠶᠠᠯ᠂ ᠡᠷᠴᠢᠮ ᠪᠠ ᠠᠶ᠋ᠢᠵᠠᠮ᠎ᠢ ᠣᠨᠣᠪᠴᠢᠲᠠᠶ ᠡᠵᠡᠮᠰᠢᠨ᠂ ᠰᠠᠶ᠋ᠢᠨ ᠨᠥᠬᠥᠴᠡᠯᠳᠦᠯ᠂ ᠬᠠᠮᠵᠢᠯᠴᠠᠨ ᠠᠬᠢᠭᠤᠯᠬᠤ ᠪᠠᠢ᠌ᠳᠠᠯ᠎ᠢ ᠪᠣᠶ ᠪᠣᠯᠭ᠋ᠠᠨ᠎ᠠ᠃ ᠲᠥᠰᠦᠪ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠦᠯᠡᠳᠡᠭᠡᠯ ᠪᠡᠯᠡ ᠮᠥᠩᠭᠥ ᠵᠢ ᠠᠮᠢᠳᠤᠯᠢᠭ ᠪᠣᠯᠭ᠋ᠠᠵᠤ᠂ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠪᠠ ᠬᠡᠷᠡᠭᠯᠡᠯᠲᠡ ᠵᠢᠨ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠦᠨ᠎ᠡ᠃
(ᠲᠠᠪᠤ) ᠢᠵᠢ ᠪᠦᠷᠢᠳᠦᠭᠦᠯᠬᠦ ᠳᠦᠷᠢᠮ᠎ᠢ ᠲᠡᠭᠦᠯᠳᠡᠷᠵᠢᠭᠦᠯᠵᠦ᠂ ᠵᠢᠷᠤᠮᠵᠢᠭᠰᠠᠨ ᠠᠵᠢᠯᠯᠠᠭ᠋ᠠᠨ᠎ᠢ ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠵᠢᠨ ᠲᠠᠯ᠎ᠠ᠎ᠳᠠᠬᠢ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠳᠦᠷᠢᠮ᠎ᠢ ᠪᠦᠬᠦ ᠲᠠᠯ᠎ᠠ᠎ᠪᠠᠷ ᠰᠢᠰᠲ᠋ᠧᠮ᠎ᠲᠠᠢ᠎ᠪᠠᠷ ᠡᠮᠬᠢᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠳᠤ ᠱᠠᠯᠠᠪᠳᠠᠨ ᠵᠠᠰᠠᠪᠤᠷᠢ ᠣᠷᠣᠭᠤᠯᠵᠤ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ᠎ᠢ ᠰᠣᠳᠤᠯᠤᠨ ᠲᠡᠭᠦᠯᠳᠡᠷᠵᠢᠭᠦᠯᠬᠦ ᠵᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠬᠠᠤᠯᠢᠵᠢᠭᠤᠯᠬᠤ᠂ ᠵᠢᠷᠤᠮᠵᠢᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃
ᠲᠤᠰ ᠲᠥᠰᠦᠯ᠎ᠢ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠬᠠᠮᠢᠶ᠎ᠠ ᠪᠥᠬᠥᠶ ᠲᠠᠶ᠋ᠢᠯᠤᠮᠵᠢ᠄ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠤ ᠵᠣᠭᠣᠰ ᠵᠠᠷᠤᠬᠤ᠎ᠳᠤ᠂ ᠲᠥᠪ ᠪᠠ ᠣᠷᠣᠨ ᠨᠤᠲᠤᠭ᠎ᠠᠴᠠ ᠢᠩᠭᠢᠵᠦ ᠬᠤᠪᠢᠶᠠᠨ᠎ᠠ