2020 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠩᠰᠠ ᠡᠪᠬᠡᠮᠡᠯ᠎ᠤᠨ ᠬᠠᠤᠯᠢ》 ᠵᠢ ᠬᠢᠨᠠᠨ ᠪᠠᠲᠤᠯᠠᠵᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠠᠴᠠ ᠳᠥᠴᠢᠨ ᠳᠣᠯᠣᠳᠤᠭ᠋ᠠᠷ ᠲᠣᠭ᠋ᠠᠲᠤ ᠲᠡᠷᠢᠭᠦᠯᠡᠭᠴᠢ ᠵᠢᠨ ᠵᠠᠷᠯᠢᠭ᠎ᠲᠤ ᠭᠠᠷᠤᠨ ᠥᠰᠥᠭ ᠵᠢᠷᠤᠵᠤ ᠨᠡᠢ᠌ᠲᠡᠯᠡᠨ᠂ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃ ᠡᠨᠡ᠎ᠨᠢ ᠳᠠᠩᠰᠠ ᠡᠪᠬᠡᠮᠡᠯ᠎ᠤᠨ ᠬᠠᠤᠯᠢ ᠵᠢ 1988 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠭᠰᠡᠨ᠎ᠠᠴᠠ ᠨᠠᠭ᠋ᠠᠰᠢᠬᠢ ᠠᠩᠬ᠎ᠠ ᠤᠳᠠᠭ᠎ᠠ ᠵᠠᠰᠠᠪᠤᠷᠢ ᠣᠷᠣᠭᠤᠯᠤᠭᠰᠠᠨ ᠶᠠᠪᠤᠳᠠᠯ ᠮᠦᠨ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠳᠤᠮᠳᠠᠬᠢ ᠲᠠᠩᠰᠠ ᠡᠪᠬᠡᠮᠡᠯ ᠪᠣᠯᠤᠨ ᠲᠠᠩᠰᠠ ᠡᠪᠬᠡᠮᠡᠯ᠎ᠤᠨ ᠠᠵᠢᠯ᠎ᠤᠨ ᠰᠠᠭᠤᠷᠢᠯᠠᠬᠤ ᠴᠢᠨᠠᠷᠲᠠᠶ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠠᠭ ᠦᠶ᠎ᠡ ᠵᠢᠨ ᠲᠠᠩᠰᠠ ᠡᠪᠬᠡᠮᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠬᠤ᠎ᠳᠤ ᠠᠰᠢᠭᠲᠠᠶ ᠶᠤᠮ᠃
ᠨᠢᠭᠡ᠂ ᠲᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠤᠭᠰᠠᠨ ᠠᠬᠤᠶ ᠪᠠᠶ᠋ᠢᠳᠠᠯ ᠬᠢᠭᠡᠳ ᠶᠠᠪᠤᠴᠠ
ᠳᠠᠨᠭ᠌ᠰᠠ ᠡᠪᠬᠡᠮᠡᠯ ᠪᠣᠯ ᠲᠡᠤᠬᠡ ᠵᠢᠨ ᠦᠨᠡᠨ ᠪᠣᠳᠠᠲᠠᠶ ᠲᠡᠮᠳᠡᠭᠯᠡᠯ ᠮᠥᠨ᠂ ᠳᠠᠨᠭ᠌ᠰᠠ ᠡᠪᠬᠡᠮᠡᠯ᠎ᠤᠨ ᠠᠵᠢᠯ᠎ᠢ ᠰᠠᠢ᠌ᠲᠤᠷ ᠬᠢᠬᠦ ᠪᠣᠯ ᠨᠠᠮ ᠪᠣᠯᠤᠨ ᠤᠯᠤᠰ᠎ᠤᠨ ᠲᠡᠤᠬᠡ ᠵᠢᠨ ᠦᠨᠡᠨ ᠪᠣᠳᠠᠲᠠᠶ ᠳᠦᠷᠰᠦ ᠪᠠᠶ᠋ᠢᠳᠠᠯ᠎ᠢ ᠬᠠᠮᠠᠭ᠋ᠠᠯᠠᠬᠤ᠂ ᠠᠷᠠᠳ ᠤᠯᠠᠨ᠎ᠤ ᠦᠨᠳᠦᠰᠦᠨ ᠠᠰᠢᠭ ᠲᠤᠰᠠ ᠵᠢ ᠪᠠᠲᠤᠯᠠᠬᠤ ᠴᠢᠬᠤᠯᠠ ᠦᠢ᠍ᠯᠡᠰ ᠮᠥᠨ᠃ ᠳᠠᠩᠰᠠ ᠡᠪᠬᠡᠮᠡᠯ᠎ᠤᠨ ᠬᠠᠤᠯᠢ ᠵᠢ ᠬᠡᠷᠡᠭᠵᠢᠭᠦᠯᠦᠭᠰᠡᠨ 30 ᠭᠠᠷᠤᠶ ᠵᠢᠯ᠎ᠤᠨ ᠲᠤᠷᠰᠢ᠂ ᠳᠠᠩᠰᠠ ᠡᠪᠬᠡᠮᠡᠯ᠎ᠢ ᠴᠤᠭᠯᠠᠭᠤᠯᠬᠤ᠂ ᠬᠠᠮᠢᠶᠠᠷᠬᠤ ᠪᠠ ᠠᠰᠢᠭᠯᠠᠬᠤ ᠵᠢ ᠴᠢᠩᠭ᠋ᠠᠳᠬᠠᠵᠤ᠂ ᠤᠯᠤᠰ᠎ᠤᠨ ᠳᠠᠩᠰᠠ ᠡᠪᠬᠡᠮᠡᠯ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠦᠢ᠍ᠯᠡᠴᠢᠯᠡᠬᠦ᠎ᠳᠤ ᠴᠢᠬᠤᠯᠠ ᠦᠢ᠍ᠯᠡᠳᠦᠯ ᠪᠠᠳᠠᠷᠠᠭᠤᠯᠪᠠ᠃ ᠭᠡᠬᠦ᠎ᠳᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠨᠢ ᠰᠢᠨ᠎ᠡ ᠴᠠᠭ ᠦᠶ᠎ᠡ᠎ᠳᠤ ᠣᠷᠣᠬᠤ ᠪᠠ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠷᠭ᠎ᠠ ᠪᠤᠳᠤᠯᠭ᠎ᠠ ᠵᠢ ᠠᠬᠢᠭᠤᠯᠬᠤ ᠵᠢ ᠳᠠᠭ᠋ᠠᠯᠳᠤᠨ᠂ ᠨᠠᠮ᠎ᠤᠨ ᠲᠥᠪ ᠬᠣᠷᠢᠶ᠎ᠠ ᠪᠠ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠳᠠᠩᠰᠠ ᠡᠪᠬᠡᠮᠡᠯ᠎ᠤᠨ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠦᠢ᠍ᠯᠡᠳᠦᠯᠭᠡ ᠳᠤᠮᠳᠠ ᠪᠠᠰᠠ ᠵᠠᠷᠢᠮ ᠲᠤᠪᠤᠢ᠍ᠢ᠍ᠮ᠎ᠠ ᠠᠰᠠᠭᠤᠳᠠᠯ᠎ᠢ ᠲᠦᠷᠭᠡᠨ ᠰᠢᠢ᠍ᠳᠪᠦᠷᠢᠯᠡᠬᠦ ᠴᠢᠬᠤᠯᠠᠲᠠᠶ ᠪᠠᠢ᠌ᠵᠤ᠂ ᠲᠠᠨᠭ᠌ᠰᠠ ᠡᠪᠬᠡᠮᠡᠯ᠎ᠤᠨ ᠬᠠᠤᠯᠢ᠎ᠨᠢ ᠤᠯᠤᠰ᠎ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ᠎ᠲᠠᠢ ᠨᠢᠭᠡᠨᠲᠡ ᠵᠣᠬᠢᠴᠠᠬᠤ ᠦᠭᠡᠢ ᠪᠣᠯᠪᠠ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠨ ᠪᠦᠬᠦ ᠤᠯᠤᠰ᠎ᠤᠨ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ᠎ᠠᠴᠠ ᠳᠠᠨᠭ᠌ᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠮᠠᠰᠢ ᠤᠯᠠᠨ ᠳᠤᠷᠠᠳᠤᠯᠭ᠎ᠠ᠂ ᠵᠥᠪᠯᠡᠯᠭᠡ ᠵᠢ ᠳᠤᠷᠠᠳᠴᠤ᠂ ᠳᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠨᠢ ᠵᠠᠪᠠᠯ ᠬᠢᠬᠦ ᠬᠡᠷᠡᠭᠲᠡᠢ ᠪᠣᠯᠪᠠ᠃
2007 ᠣᠨ᠎ᠳᠤ᠂ ᠤᠯᠤᠰ᠎ᠤᠨ ᠳᠠᠩᠰᠠ ᠡᠪᠬᠡᠮᠡᠯ᠎ᠤᠨ ᠲᠣᠪᠴᠢᠶ᠎ᠠ ᠵᠢᠨ᠎ᠬᠢᠨ ᠳᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠤᠭᠤᠯᠬᠤ ᠠᠵᠢᠯ᠎ᠢ ᠡᠬᠢᠯᠡᠭᠦᠯᠵᠦ᠂ ᠶᠡᠬᠡ ᠬᠡᠮᠵᠢᠶᠡᠨ᠎ᠤ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ᠃ ᠲᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠢ ᠤᠷᠢᠳ ᠬᠣᠵᠢᠳ 2018 ᠣᠨ᠎ᠤ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠪᠠ᠃ 2019 ᠣᠨ᠎ᠤ 10 ᠳ᠋ᠤᠭ᠋ᠠᠷ ᠰᠠᠷ᠎ᠠ ᠵᠢᠨ 8᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠢᠷᠠᠨ ᠵᠢᠷᠭᠤᠳᠤᠭ᠋ᠠᠷ ᠤᠳᠠᠭ᠋ᠠᠨ᠎ᠤ ᠪᠠᠢ᠌ᠩᠭᠤ ᠵᠢᠨ ᠬᠤᠷᠠᠯ᠎ᠠᠴᠠ ᠳᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠶᠠᠷᠢᠯᠴᠠᠨ ᠪᠠᠲᠤᠯᠠᠵᠤ᠂ ᠶᠡᠷᠦᠩᠬᠡᠶ ᠰᠠᠶ᠋ᠢᠳ ᠯᠢ ᠺᠧ ᠴᠢᠶᠠᠩ᠎ᠠᠴᠠ ᠰᠠᠨᠠᠯ ᠵᠥᠪᠯᠡᠯᠭᠡ᠎ᠳᠤ ᠭᠠᠷᠤᠨ ᠦᠰᠦᠭ ᠵᠢᠷᠤᠵᠤ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠳᠤ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠪᠡ᠃ 2019 ᠣᠨ᠎ᠤ 10 ᠳ᠋ᠤᠭ᠋ᠠᠷ ᠰᠠᠷ᠎ᠠ ᠵᠢᠨ 25᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭ᠋ᠠᠨ᠎ᠳᠤ ᠲᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠠᠩᠬ᠎ᠠ ᠤᠳᠠᠭ᠎ᠠ ᠬᠢᠨᠠᠨ ᠵᠥᠪᠯᠡᠪᠡ᠃ 2020 ᠣᠨ᠎ᠤ 6 ᠳ᠋ᠤᠭ᠋ᠠᠷ ᠰᠠᠷ᠎ᠠ ᠵᠢᠨ 18᠎ᠤ ᠡᠳᠦᠷ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ᠎ᠠᠴᠠ ᠬᠣᠶᠠᠳᠤᠭ᠋ᠠᠷ ᠤᠳᠠᠭ᠎ᠠ ᠬᠢᠨᠠᠨ ᠵᠥᠪᠯᠡᠵᠦ᠂ 6 ᠳ᠋ᠤᠭ᠋ᠠᠷ ᠰᠠᠷ᠎ᠠ ᠵᠢᠨ 20᠎ᠤ ᠡᠳᠦᠷ ᠲᠠᠰᠤᠯᠤᠨ ᠪᠠᠲᠤᠯᠠᠪᠠ᠃
ᠬᠣᠶᠠᠷ᠂ ᠵᠠᠰᠠᠪᠤᠷᠢ ᠣᠷᠣᠭᠤᠯᠤᠭᠰᠠᠨ ᠭᠣᠤᠯ ᠠᠭᠤᠯᠭ᠎ᠠ
ᠳᠠᠩᠰᠠ ᠡᠪᠬᠡᠮᠡᠯ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠨᠢ ᠢᠮᠠᠭᠲᠠ ᠤᠯᠤᠰ ᠲᠥᠷᠥ ᠵᠢᠨ ᠤᠳᠤᠷᠢᠳᠤᠮᠵᠢ᠂ ᠠᠰᠠᠭᠤᠳᠠᠯ᠎ᠤᠨ ᠤᠳᠤᠷᠢᠳᠤᠮᠵᠢ ᠪᠠ ᠨᠡᠭᠡᠭᠡᠯᠲᠡ ᠵᠢᠨ ᠤᠳᠤᠷᠢᠳᠤᠮᠵᠢ ᠵᠢ ᠪᠠᠷᠢᠮᠲᠠᠯᠠᠵᠤ᠂ ᠬᠥᠭᠵᠢᠯᠲᠡ ᠬᠤᠪᠢᠷᠠᠯᠲᠠ ᠵᠢᠨ ᠰᠢᠨ᠎ᠡ ᠪᠠᠢ᠌ᠳᠠᠯ ᠰᠢᠨ᠎ᠡ ᠡᠭᠦᠷᠭᠡ ᠵᠢ ᠦᠨᠳᠦᠰᠦᠯᠡᠨ᠂ ᠳᠠᠩᠰᠠ ᠡᠪᠬᠡᠮᠡᠯ᠎ᠤᠨ ᠠᠵᠢᠯ᠎ᠤᠨ ᠤᠯᠤᠰ ᠲᠥᠷᠥ ᠵᠢᠨ ᠪᠠᠶ᠋ᠢᠷᠢ ᠲᠣᠭᠲᠠᠭ᠋ᠠᠯᠲᠠ ᠵᠢ ᠳᠣᠪᠣᠶ᠋ᠢᠯᠭ᠋ᠠᠵᠤ᠂ ᠳᠠᠩᠰᠠ ᠡᠪᠬᠡᠮᠡᠯ᠎ᠤᠨ ᠠᠵᠢᠯ᠎ᠤᠨ ᠪᠠᠶ᠋ᠢᠭᠤᠯᠤᠯ ᠲᠣᠭᠲᠠᠴᠠ ᠵᠢ ᠰᠢᠯᠤᠭᠤᠳᠬᠠᠵᠤ᠂ ᠳᠠᠩᠰᠠ ᠡᠪᠬᠡᠮᠡᠯ᠎ᠤᠨ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ᠂ ᠠᠮᠤᠷ ᠲᠦᠪᠰᠢᠨ᠎ᠤ ᠬᠠᠮᠢᠶᠠᠷᠤᠯᠲᠠ ᠪᠠ ᠨᠡᠭᠡᠭᠡᠯᠲᠡ᠎ᠲᠠᠢ᠎ᠪᠠᠷ ᠠᠰᠢᠭᠯᠠᠬᠤ ᠬᠣᠯᠪᠣᠭᠳᠠᠯ ᠪᠦᠬᠦᠢ ᠳᠦᠷᠢᠮ᠎ᠢ ᠰᠢᠯᠢᠳᠡᠭᠵᠢᠭᠦᠯᠵᠦ᠂ ᠳᠠᠩᠰᠠ ᠡᠪᠬᠡᠮᠡᠯ᠎ᠤᠨ ᠬᠢᠨᠠᠯᠲᠠ ᠪᠠᠶ᠋ᠢᠴᠠᠭ᠋ᠠᠯᠲᠠ ᠪᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠡᠭᠦᠯᠳᠡᠷᠵᠢᠭᠦᠯᠵᠦ᠂ ᠡᠨᠡ ᠪᠣᠯ ᠨᠢᠭᠡ ᠤᠳᠠᠭ᠋ᠠᠨ᠎ᠤ ᠪᠦᠬᠦ ᠲᠠᠯ᠎ᠠ ᠵᠢᠨ ᠰᠢᠯᠢᠳᠡᠭᠴᠢᠯᠡᠯᠲᠡ ᠪᠠ ᠳᠡᠰ ᠳᠠᠪᠰᠢᠯᠲᠠ ᠪᠣᠯᠤᠨ᠎ᠠ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠳᠠᠩᠰᠠ ᠡᠪᠬᠡᠮᠡᠯ᠎ᠤᠨ ᠬᠠᠤᠯᠢ᠎ᠨᠢ ᠤᠤᠯ᠎ᠤᠨ 6 ᠪᠦᠯᠦᠭ 27 ᠵᠤᠷᠪᠤᠰ ᠪᠠᠢ᠌ᠭᠰᠠᠨ᠎ᠠᠴᠠ᠎ᠪᠠᠨ 8 ᠪᠦᠯᠦᠭ 53 ᠵᠤᠷᠪᠤᠰ ᠪᠣᠯᠤᠨ ᠥᠷᠭᠡᠵᠢᠵᠦ᠂ 《ᠳᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ》 ᠪᠠ 《ᠬᠢᠨᠠᠯᠲᠠ ᠲᠠᠯᠪᠢᠵᠤ ᠪᠠᠶ᠋ᠢᠴᠠᠭ᠋ᠠᠬᠤ》 ᠬᠣᠶᠠᠷ ᠲᠤᠰᠬᠠᠶ ᠪᠦᠯᠦᠭ ᠨᠡᠮᠡᠵᠦ᠂ ᠳᠠᠩᠰᠠ ᠡᠪᠬᠡᠮᠡᠯ᠎ᠤᠨ ᠠᠵᠢᠯ᠎ᠤᠨ ᠬᠤᠪᠢᠰᠤᠯᠲᠠ ᠪᠠ ᠬᠡᠯᠪᠡᠷᠢ᠎ᠪᠠᠨ ᠬᠤᠪᠢᠷᠠᠭᠤᠯᠬᠤ᠂ ᠰᠢᠨ᠎ᠡ ᠵᠢ ᠡᠭᠦᠳᠬᠦ ᠬᠢᠭᠡᠳ ᠬᠥᠭᠵᠢᠬᠦ᠎ᠳᠤ ᠨᠡᠯᠢᠶᠡᠳ ᠭᠦᠢ᠍ᠴᠡᠳ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠪᠠ᠃
(ᠨᠢᠭᠡ) ᠪᠠᠶ᠋ᠢᠭᠤᠯᠤᠯ ᠲᠣᠭᠲᠠᠴᠠ ᠵᠢ ᠰᠢᠯᠤᠭᠤᠳᠬᠠᠬᠤ᠎ᠨᠢ᠂ ᠪᠦᠬᠦ ᠤᠯᠤᠰ᠎ᠤᠨ ᠳᠠᠩᠰᠠ ᠡᠪᠬᠡᠮᠡᠯ᠎ᠤᠨ ᠠᠵᠢᠯ᠎ᠢ ᠪᠦᠲᠦᠮᠵᠢᠲᠡᠶ ᠦᠷᠨᠢᠭᠦᠯᠵᠦ ᠰᠢᠨ᠎ᠡ ᠳᠠᠪᠠᠭᠤᠯᠢᠭ᠎ᠢ ᠬᠤᠷᠠᠮᠳᠤᠭᠤᠯᠬᠤ᠎ᠳᠤ ᠠᠰᠢᠭᠲᠠᠶ
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠠᠩᠰᠠ ᠡᠪᠬᠡᠮᠡᠯ᠎ᠤᠨ ᠠᠵᠢᠯ᠎ᠳᠠᠬᠢ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠶ》 ᠭᠡᠵᠦ ᠲᠣᠳᠣᠷᠬᠠᠶ ᠳᠤᠷᠠᠳᠴᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠠᠩᠰᠠ ᠡᠪᠬᠡᠮᠡᠯ᠎ᠤᠨ ᠠᠵᠢᠯ᠎ᠢ ᠴᠢᠩᠭ᠋ᠠᠳᠬᠠᠵᠤ᠂ ᠳᠠᠩᠰᠠ ᠡᠪᠬᠡᠮᠡᠯ᠎ᠤᠨ ᠦᠢ᠍ᠯᠡᠰ᠎ᠢ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠤᠭᠤᠯᠵᠤ᠂ ᠳᠠᠩᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ ᠵᠢᠨ ᠵᠠᠷᠤᠳᠠᠯ᠎ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠠᠤᠯᠢ ᠲᠣᠭᠲᠠᠭ᠋ᠠᠬᠤ ᠮᠡᠷᠭᠡᠵᠢᠯ᠎ᠤᠨ ᠳᠦᠷᠢᠮᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠤᠤᠯ ᠬᠠᠤᠯᠢ᠎ᠳᠠᠬᠢ 《ᠲᠠᠩᠰᠠ ᠡᠪᠬᠡᠮᠡᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ》᠎ᠢ 《ᠲᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ》 ᠭᠡᠵᠦ ᠨᠢᠭᠡᠳᠦᠯᠲᠡᠶ ᠵᠠᠰᠠᠵᠤ᠂ ᠤᠯᠤᠰ ᠪᠠ ᠣᠷᠣᠨ ᠨᠤᠲᠤᠭ᠎ᠤᠨ ᠡᠯ᠎ᠡ ᠱᠠᠲᠤᠨ᠎ᠤ ᠲᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠭᠰᠠᠨ ᠮᠥᠷᠲᠡᠭᠡᠨ᠂ ᠪᠠᠰᠠ ᠣᠷᠣᠨ ᠨᠤᠲᠤᠭ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠪᠣᠳᠠᠲᠤ ᠪᠠᠶ᠋ᠢᠳᠠᠯ᠎ᠳᠤ ᠪᠦᠲᠦᠮᠵᠢᠲᠡᠶ ᠵᠣᠬᠢᠴᠠᠵᠤ᠂ ᠨᠠᠮ᠎ᠤᠨ ᠳᠠᠩᠰᠠ ᠡᠪᠬᠡᠮᠡᠯ᠎ᠢ ᠬᠠᠮᠢᠶᠠᠷᠬᠤ ᠠᠵᠢᠯ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠬᠤ᠎ᠳᠤ ᠠᠰᠢᠭᠲᠠᠶ ᠶᠤᠮ᠃ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ ᠵᠠᠷᠴᠢᠮ᠎ᠢ ᠪᠠᠷᠢᠮᠲᠠᠯᠠᠬᠤ ᠤᠷᠢᠲᠠᠯ ᠳᠣᠣᠷ᠎ᠠ᠂ ᠲᠥᠪ᠎ᠤᠨ ᠲᠥᠷᠥ ᠵᠢᠨ ᠪᠠᠶ᠋ᠢᠭᠤᠯᠤᠯᠭ᠎ᠠ ᠵᠢ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠲᠤᠰ ᠰᠢᠰᠲ᠋ᠧᠮ᠎ᠤᠨ ᠵᠶ᠋ᠠᠨ ᠳᠠᠩᠰᠠ ᠡᠪᠬᠡᠮᠡᠯ᠎ᠤᠨ ᠲᠤᠬᠠᠶ᠋ᠢᠯᠠᠭᠰᠠᠨ ᠠᠵᠢᠯ᠎ᠢ ᠵᠢᠯᠣᠭᠣᠳᠬᠤ ᠵᠢ ᠱᠠᠭ᠋ᠠᠷᠳᠠᠵᠤ᠂ ᠡᠯ᠎ᠡ ᠠᠵᠢᠯ ᠲᠥᠷᠥᠯ᠎ᠤᠨ ᠳᠠᠩᠰᠠ ᠡᠪᠬᠡᠮᠡᠯ᠎ᠤᠨ ᠠᠵᠢᠯ᠎ᠤᠨ ᠣᠨᠴᠠᠭ᠋ᠠᠢ ᠴᠢᠨᠠᠷ᠎ᠢ ᠪᠦᠲᠦᠮᠵᠢᠲᠡᠶ ᠬᠠᠮᠲᠤᠳᠤᠨᠢ ᠬᠠᠷᠠᠭ᠋ᠠᠯᠵᠠᠵᠤ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢᠯᠠᠯᠲᠠ᠂ ᠲᠤᠰᠬᠠᠢ᠌ᠵᠢᠭᠤᠯᠤᠯᠲᠠᠢ ᠬᠠᠷᠠᠭᠤᠯᠬᠤ ᠬᠡᠷᠡᠭᠲᠡᠶ᠃
(ᠬᠣᠶᠠᠷ) ᠲᠦᠷᠢᠮ᠎ᠤᠨ ᠵᠢᠷᠤᠭ ᠲᠥᠯᠥᠪᠯᠡᠭᠡ ᠵᠢ ᠪᠦᠷᠢᠨᠰᠢᠭᠦᠯᠬᠦ᠎ᠨᠢ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠠᠰᠢᠭᠲᠠᠶ
ᠳᠠᠩᠰᠠ ᠡᠪᠬᠡᠮᠡᠯ᠎ᠤᠨ ᠬᠠᠤᠯᠢ ᠵᠢ ᠬᠡᠷᠡᠭᠯᠡᠬᠦ ᠬᠡᠪᠴᠢᠶ᠎ᠡ ᠪᠠ ᠳᠠᠩᠰᠠ ᠡᠪᠬᠡᠮᠡᠯ᠎ᠳᠤ ᠣᠷᠣᠭᠤᠯᠬᠤ ᠬᠡᠪᠴᠢᠶᠡᠨ᠎ᠳᠤ ᠣᠷᠣᠭᠤᠯᠬᠤ ᠶᠣᠰᠣᠲᠠᠶ ᠮᠠᠲ᠋ᠧᠷᠢᠶᠠᠯ᠎ᠢ ᠲᠣᠳᠣᠷᠬᠠᠶ᠋ᠢᠯᠠᠬᠤ ᠬᠡᠷᠡᠭᠲᠡᠶ᠃ ᠳᠠᠩᠰᠠ ᠡᠪᠬᠡᠮᠡᠯ᠎ᠢ ᠪᠦᠷᠢᠯᠳᠦᠭᠦᠯᠬᠦ ᠨᠢᠭᠡᠴᠢ ᠵᠢ ᠳᠠᠩᠰᠠ ᠡᠪᠬᠡᠮᠡᠯ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠵᠤ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ ᠵᠢ ᠱᠠᠭ᠋ᠠᠷᠳᠠᠵᠤ᠂ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤᠨᠢ ᠳᠠᠩᠰᠠ ᠡᠪᠬᠡᠮᠡᠯ᠎ᠳᠤ ᠣᠷᠣᠭᠤᠯᠬᠤ ᠵᠢᠨ ᠬᠠᠮᠲᠤ ᠳᠠᠩᠰᠠ ᠡᠪᠬᠡᠮᠡᠯ᠎ᠤᠨ ᠣᠷᠳᠤᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠳᠠᠩᠰᠠ ᠡᠪᠬᠡᠮᠡᠯ᠎ᠢ ᠰᠢᠯᠵᠢᠭᠦᠯᠦᠨ ᠲᠤᠰᠢᠶᠠᠬᠤ ᠵᠢᠨ ᠬᠠᠮᠲᠤ᠂ ᠬᠤᠪᠢᠷᠠᠯᠲᠠ ᠭᠠᠷᠤᠭᠰᠠᠨ ᠪᠤᠶᠤ ᠬᠦᠴᠦᠨ ᠦᠭᠡᠢ ᠪᠣᠯᠭ᠋ᠠᠬᠤ᠂ ᠨᠡᠶ᠋ᠢᠯᠡᠭᠦᠯᠬᠦ ᠵᠡᠷᠭᠡ ᠪᠠᠢ᠌ᠳᠠᠯ ᠭᠠᠷᠤᠭᠰᠠᠨ ᠦᠶ᠎ᠡ᠎ᠳᠤ ᠳᠠᠩᠰᠠ ᠡᠪᠬᠡᠮᠡᠯ᠎ᠢ ᠰᠢᠯᠵᠢᠭᠦᠯᠦᠨ ᠲᠤᠰᠢᠶᠠᠬᠤ ᠲᠣᠭᠲᠠᠭ᠋ᠠᠯ᠎ᠢ ᠨᠡᠮᠡᠪᠡ᠃ ᠳᠠᠩᠰᠠ ᠡᠪᠬᠡᠮᠡᠯ᠎ᠤᠨ ᠣᠷᠳᠤᠨ᠎ᠢ ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠢ ᠬᠦᠯᠢᠶᠡᠨ ᠠᠪᠬᠤ ᠵᠢ ᠱᠠᠭ᠋ᠠᠷᠳᠠᠵᠤ᠂ ᠲᠡᠪᠴᠢᠵᠦ ᠪᠣᠯᠬᠤ ᠦᠭᠡᠢ᠂ ᠬᠠᠨᠳᠢᠪᠯᠠᠬᠤ ᠵᠢ ᠬᠦᠯᠢᠶᠡᠨ ᠠᠪᠬᠤ᠂ ᠬᠤᠳᠠᠯᠳᠤᠨ ᠠᠪᠬᠤ᠂ ᠣᠷᠣᠯᠠᠨ ᠬᠠᠳᠠᠭ᠋ᠠᠯᠠᠬᠤ ᠵᠡᠷᠭᠡ ᠠᠷᠭ᠎ᠠ ᠮᠠᠶᠢᠭ ᠵᠶ᠋ᠠᠷ ᠳᠠᠩᠰᠠ ᠡᠪᠬᠡᠮᠡᠯ᠎ᠢ ᠴᠤᠭᠯᠠᠭᠤᠯᠵᠤ ᠪᠣᠯᠤᠨ᠎ᠠ᠃ ᠤᠯᠤᠰ᠎ᠤᠨ ᠥᠮᠴᠢᠯᠡᠯ᠎ᠤᠨ ᠳᠠᠩᠰᠠ ᠡᠪᠬᠡᠮᠡᠯ᠎ᠠᠴᠠ ᠭᠠᠳᠠᠨ᠎ᠠ᠂ ᠤᠯᠤᠰ᠎ᠤᠨ ᠦᠮᠴᠢᠯᠡᠯᠲᠦ ᠪᠤᠰᠤ ᠠᠵᠤ ᠠᠬᠤᠶ᠋ᠢᠯᠠᠯ᠂ ᠨᠡᠶ᠋ᠢᠭᠡᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠨᠢᠭᠡᠴᠢ ᠪᠠ ᠬᠤᠪᠢ ᠬᠥᠮᠦᠨ᠎ᠤ ᠳᠠᠩᠰᠠ ᠡᠪᠬᠡᠮᠡᠯ ᠪᠦᠷᠢᠯᠳᠦᠭᠦᠯᠬᠦ᠎ᠳᠤ ᠪᠣᠳᠠᠲᠠᠶ ᠱᠠᠭ᠋ᠠᠷᠳᠠᠯᠭ᠎ᠠ ᠳᠤᠷᠠᠳᠤᠭᠰᠠᠨ ᠪᠥᠭᠡᠳ ᠡᠳᠡᠭᠡᠷ ᠳᠠᠩᠰᠠ ᠡᠪᠬᠡᠮᠡᠯ᠎ᠳᠤ ᠬᠦᠨᠳᠦ ᠨᠣᠴᠢᠲᠠᠶ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠦᠶ᠎ᠡ᠎ᠳᠤ ᠮᠤᠵᠢ ᠵᠢᠨ ᠱᠠᠲᠤᠨ᠎ᠠᠴᠠ ᠳᠡᠭᠡᠭᠰᠢᠬᠢ ᠳᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠪᠰᠤᠷᠤᠨ ᠰᠢᠢ᠍ᠳᠪᠦᠷᠢᠯᠡᠵᠦ ᠥᠭᠬᠦ ᠪᠦᠲᠦᠮᠵᠢᠲᠡᠶ ᠠᠷᠭ᠎ᠠ ᠬᠡᠮᠵᠢᠶ᠎ᠡ ᠵᠢ ᠵᠢᠷᠤᠵᠤ ᠲᠥᠯᠥᠪᠯᠡᠭᠰᠡᠨ ᠪᠠᠶ᠋ᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠠᠴᠠ ᠰᠡᠩᠬᠡᠷᠡᠭᠦᠯᠦᠯ ᠣᠯᠵᠤ᠂ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠠᠵᠢᠯᠯᠠᠭ᠎ᠠ ᠵᠢᠨ ᠬᠠᠮᠢᠶ᠎ᠠ ᠪᠥᠬᠥᠶ ᠲᠠᠩᠰᠠ ᠡᠪᠬᠡᠮᠡᠯ᠎ᠢ ᠴᠤᠭᠯᠠᠭᠤᠯᠬᠤ᠂ ᠡᠮᠬᠢᠯᠡᠬᠦ᠂ ᠬᠠᠮᠠᠭ᠋ᠠᠯᠠᠬᠤ᠂ ᠠᠰᠢᠭᠯᠠᠬᠤ ᠠᠵᠢᠯ᠎ᠤᠨ ᠲᠣᠭᠲᠠᠴᠠ ᠵᠢ ᠨᠡᠮᠡᠭᠳᠡᠭᠦᠯᠪᠡ᠃ ᠣᠢ᠌ᠷ᠎ᠠ ᠵᠢᠨ ᠵᠢᠯ᠎ᠤᠨ ᠲᠤᠷᠰᠢᠬᠢ ᠳᠠᠩᠰᠠ ᠡᠪᠬᠡᠮᠡᠯ᠎ᠢ ᠬᠠᠳᠠᠭ᠋ᠠᠯᠠᠭᠤᠯᠬᠤ᠂ ᠲᠣᠭ᠋ᠠᠴᠢᠯᠠᠭᠰᠠᠨ ᠵᠡᠷᠭᠡ ᠳᠠᠩᠰᠠ ᠡᠪᠬᠡᠮᠡᠯ᠎ᠤᠨ ᠦᠢ᠍ᠯᠡᠴᠢᠯᠡᠭᠡ ᠥᠷᠨᠢᠨ ᠬᠥᠭᠵᠢᠭᠰᠡᠨ ᠰᠢᠨ᠎ᠡ ᠪᠠᠢ᠌ᠳᠠᠯ᠎ᠳᠤ ᠴᠢᠭᠯᠡᠭᠦᠯᠦᠨ᠂ ᠨᠠᠶ᠋ᠢᠳᠠᠯᠭ᠎ᠠ ᠵᠢᠨ ᠬᠡᠯᠡᠯᠴᠡᠭᠡᠷ ᠲᠣᠭᠲᠠᠬᠤ᠂ ᠦᠢ᠍ᠯᠡᠴᠢᠯᠡᠭᠡᠨ᠎ᠤ ᠠᠭᠤᠯᠭ᠎ᠠ ᠵᠢ ᠪᠣᠯᠵᠣᠨ ᠲᠣᠭᠲᠠᠬᠤ᠂ ᠠᠮᠤᠷ ᠲᠥᠪᠰᠢᠨ᠎ᠤ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠵᠢᠷᠤᠮᠯᠠᠬᠤ ᠵᠡᠷᠭᠡ ᠲᠠᠯ᠎ᠠ ᠵᠢᠨ ᠳᠦᠷᠢᠮ᠎ᠤᠨ ᠲᠣᠬᠢᠷᠠᠭᠤᠯᠤᠯᠲᠠ ᠵᠢ ᠨᠡᠮᠡᠵᠦ᠂ ᠡᠭᠦᠨ᠎ᠤ ᠬᠠᠮᠲᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ᠎ᠬᠢ ᠲᠣᠭᠲᠠᠭ᠋ᠠᠯ᠎ᠢ ᠨᠡᠮᠡᠪᠡ᠃ ᠰᠢᠨ᠎ᠡ ᠠᠴᠢᠶᠠᠯᠠᠪᠤᠷᠢ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠵᠠᠭᠪᠤᠷ᠎ᠲᠤ ᠵᠣᠬᠢᠴᠠᠵᠤ᠂ ᠲᠠᠩᠰᠠ ᠡᠪᠬᠡᠮᠡᠯ᠎ᠤᠨ ᠬᠢᠯᠢ᠎ᠠᠴᠠ ᠭᠠᠷᠬᠤ ᠬᠡᠯᠪᠡᠷᠢ ᠵᠢ ᠲᠡᠭᠡᠭᠡᠪᠦᠷᠢᠯᠡᠨ ᠬᠦᠷᠭᠡᠬᠦ᠂ ᠰᠢᠤᠳᠠᠨ ᠵᠶ᠋ᠠᠷ ᠢᠯᠡᠭᠡᠬᠦ᠂ ᠳᠠᠭ᠋ᠠᠭᠤᠯᠵᠤ ᠠᠪᠴᠤ ᠬᠢᠯᠢ᠎ᠠᠴᠠ ᠭᠠᠷᠬᠤ ᠪᠠ ᠢᠨᠲᠸᠷ ᠰᠦᠯᠵᠢᠶ᠎ᠡ᠎ᠪᠠᠷ ᠳᠠᠮᠵᠢᠭᠤᠯᠤᠨ ᠬᠢᠯᠢ᠎ᠠᠴᠠ ᠭᠠᠷᠭ᠋ᠠᠬᠤ ᠪᠣᠯᠭ᠋ᠠᠨ ᠥᠷᠭᠡᠳᠬᠡᠵᠦ᠂ ᠦᠨᠡᠬᠡᠷ ᠬᠢᠯᠢ᠎ᠠᠴᠠ ᠭᠠᠷᠬᠤ ᠴᠢᠬᠤᠯᠠᠲᠠᠶ ᠪᠣᠯ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢ᠍ᠴᠡᠳᠬᠡᠬᠦ ᠬᠡᠷᠡᠭᠲᠡᠶ ᠭᠡᠵᠦ ᠱᠠᠭ᠋ᠠᠷᠳᠠᠪᠠ᠃
(ᠭᠤᠷᠪᠠ) ᠨᠡᠭᠡᠭᠡᠯᠳᠡ ᠬᠢᠬᠦ ᠡᠷᠴᠢᠮ ᠵᠶ᠋ᠠᠨ ᠴᠢᠩᠭ᠋ᠠᠷᠠᠭᠤᠯᠬᠤ᠎ᠨᠢ᠂ ᠲᠠᠨᠭ᠌ᠰᠠ ᠡᠪᠬᠡᠮᠡᠯ᠎ᠤᠨ ᠦᠢ᠍ᠯᠡᠴᠢᠯᠡᠭᠡᠨ᠎ᠤ ᠳᠥᠭᠥᠮ ᠳᠥᠲᠡ ᠴᠢᠨᠠᠷ ᠪᠠ ᠬᠠᠮᠤᠷᠬᠤ ᠬᠡᠪᠴᠢᠶ᠎ᠡ ᠵᠢ ᠳᠡᠭᠡᠭᠰᠢᠯᠡᠭᠦᠯᠬᠦ᠎ᠳᠤ ᠠᠰᠢᠭᠲᠠᠶ
ᠨᠡᠶ᠋ᠢᠭᠡᠮ᠎ᠤᠨ ᠠᠯᠢᠪᠠ ᠪᠡᠶᠡᠴᠢ ᠴᠣᠭᠴᠠ᠎ᠨᠢ ᠳᠠᠩᠰᠠ ᠡᠪᠬᠡᠮᠡᠯ᠎ᠢ ᠬᠠᠤᠯᠢ ᠶᠣᠰᠣᠭ᠋ᠠᠷ ᠠᠰᠢᠭᠯᠠᠬᠤ ᠡᠷᠬᠡ᠎ᠲᠠᠢ ᠭᠡᠵᠦ ᠲᠣᠳᠣᠷᠬᠠᠶ ᠲᠣᠭᠲᠠᠭ᠋ᠠᠪᠠ᠃ ᠳᠠᠩᠰᠠ ᠡᠪᠬᠡᠮᠡᠯ᠎ᠤᠨ ᠨᠡᠭᠡᠭᠡᠯᠲᠡ ᠬᠢᠬᠦ ᠪᠠ ᠠᠰᠢᠭᠯᠠᠬᠤ᠎ᠳᠤ ᠤᠯᠠᠮ ᠨᠢᠭᠡ ᠠᠯᠬᠤᠮ ᠳᠥᠭᠥᠮ ᠨᠥᠬᠥᠴᠡᠯ ᠬᠠᠩᠭ᠋ᠠᠵᠤ᠂ ᠳᠠᠩᠰᠠ ᠡᠪᠬᠡᠮᠡᠯ᠎ᠤᠨ ᠣᠷᠳᠤᠨ᠎ᠤ ᠨᠡᠭᠡᠭᠡᠯᠲᠡ ᠬᠢᠬᠦ ᠳᠠᠩᠰᠠ ᠡᠪᠬᠡᠮᠡᠯ᠎ᠤᠨ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠬᠦ᠂ ᠠᠰᠢᠭᠯᠠᠬᠤ ᠳᠦᠷᠢᠮ᠎ᠢ ᠲᠡᠭᠦᠯᠳᠡᠷᠵᠢᠭᠦᠯᠬᠦ᠂ ᠦᠢ᠍ᠯᠡᠴᠢᠯᠡᠭᠡᠨ᠎ᠤ ᠬᠡᠯᠪᠡᠷᠢ ᠮᠠᠶᠢᠭ᠎ᠤᠨ ᠰᠢᠨ᠎ᠡ ᠵᠢ ᠡᠭᠦᠳᠬᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠲᠣᠭᠲᠠᠭ᠋ᠠᠬᠤ ᠪᠠ ᠬᠣᠯᠪᠣᠭᠳᠠᠯ ᠪᠦᠬᠦᠢ ᠠᠰᠠᠭᠤᠳᠠᠯ᠎ᠤᠨ ᠰᠤᠳᠤᠯᠤᠯ᠎ᠢ ᠥᠷᠨᠢᠭᠦᠯᠬᠦ᠎ᠳᠤ ᠳᠡᠮᠵᠢᠯᠭᠡ ᠪᠠ ᠳᠥᠭᠥᠮ ᠦᠵᠡᠭᠦᠯᠬᠦ ᠵᠡᠷᠭᠡ ᠲᠠᠯ᠎ᠠ ᠵᠢᠨ ᠲᠣᠭᠲᠠᠭ᠋ᠠᠯ᠎ᠢ ᠨᠡᠮᠡᠭᠳᠡᠭᠦᠯᠪᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠳᠠᠩᠰᠠ ᠡᠪᠬᠡᠮᠡᠯ᠎ᠤᠨ ᠣᠷᠳᠤᠨ᠎ᠤ ᠳᠠᠩᠰᠠ ᠡᠪᠬᠡᠮᠡᠯ᠎ᠢ ᠨᠡᠢ᠌ᠭᠡᠮ᠎ᠳᠤ ᠨᠡᠭᠡᠭᠡᠬᠦ ᠬᠤᠭᠤᠴᠠᠭ᠎ᠠ ᠵᠢ 30 ᠵᠢᠯ᠎ᠠᠴᠠ 25 ᠵᠢᠯ ᠪᠣᠯᠭ᠋ᠠᠨ ᠪᠣᠭᠣᠨᠢᠰᠬᠠᠵᠤ᠂ ᠡᠭᠦᠨ᠎ᠤ ᠬᠠᠮᠲᠤ ᠪᠤᠰᠤᠳ ᠲᠠᠩᠰᠠ ᠡᠪᠬᠡᠮᠡᠯ᠎ᠤᠨ ᠣᠷᠳᠤᠨ᠎ᠤ ᠲᠠᠩᠰᠠ ᠡᠪᠬᠡᠮᠡᠯ᠎ᠢ ᠨᠡᠶ᠋ᠢᠭᠡᠮ᠎ᠳᠤ ᠴᠢᠯᠥᠭᠡᠲᠡᠶ ᠨᠡᠭᠡᠭᠡᠬᠦ ᠵᠢ ᠵᠣᠷᠢᠭᠵᠢᠭᠤᠯᠤᠨ ᠳᠡᠮᠵᠢᠨ᠎ᠡ᠃ ᠳᠠᠩᠰᠠ ᠡᠪᠬᠡᠮᠡᠯ᠎ᠤᠨ ᠰᠠᠩ᠎ᠢ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ ᠰᠣᠶᠣᠯ᠎ᠤᠨ ᠤᠬᠠᠭᠤᠯᠭ᠎ᠠ ᠬᠥᠮᠦᠵᠢᠯ᠎ᠤᠨ ᠴᠢᠳᠠᠮᠵᠢ ᠵᠢ ᠪᠠᠳᠠᠷᠠᠭᠤᠯᠬᠤ ᠵᠢ ᠱᠠᠭ᠋ᠠᠡᠳᠠᠵᠤ᠂ ᠨᠡᠶ᠋ᠢᠭᠡᠮ ᠵᠢᠷᠤᠮ᠎ᠤᠨ ᠭᠣᠤᠯᠯᠠᠬᠤ ᠦᠷᠳᠡᠭ᠎ᠤᠨ ᠦᠵᠡᠯᠲᠡ ᠵᠢ ᠪᠠᠳᠠᠷᠠᠭᠤᠯᠵᠤ᠂ ᠮᠦᠽᠧᠶ᠂ ᠨᠣᠮ᠎ᠤᠨ ᠰᠠᠩ᠂ ᠳᠤᠷᠠᠰᠬᠠᠯ᠎ᠤᠨ ᠣᠷᠳᠣᠨ ᠵᠡᠷᠭᠡ ᠨᠢᠭᠡᠴᠢ᠎ᠲᠠᠢ ᠬᠠᠷᠢᠯᠴᠠᠨ ᠬᠠᠮᠵᠢᠯᠴᠠᠵᠤ᠂ ᠬᠠᠮᠲᠤᠷᠠᠨ ᠦᠵᠡᠰᠬᠦᠯᠡᠩ ᠡᠷᠬᠢᠯᠡᠵᠤ᠂ ᠬᠣᠯᠪᠣᠭᠳᠠᠯ ᠪᠦᠬᠦᠢ ᠲᠡᠤᠬᠡᠨ ᠮᠠᠲ᠋ᠧᠷᠢᠶᠠᠯ᠎ᠢ ᠬᠠᠮᠲᠤ᠎ᠪᠠᠷ ᠰᠤᠳᠤᠯᠬᠤ ᠪᠠ ᠨᠠᠶ᠋ᠢᠷᠠᠭᠤᠯᠤᠨ ᠬᠡᠪᠯᠡᠭᠦᠯᠦᠨ᠎ᠡ᠃ ᠡᠭᠦᠨ᠎ᠤ ᠬᠠᠮᠲᠤ᠂ ᠳᠠᠩᠰᠠ ᠡᠪᠬᠡᠮᠡᠯ᠎ᠤᠨ ᠣᠷᠳᠤᠨ᠎ᠳᠤ ᠰᠢᠯᠵᠢᠭᠦᠯᠦᠨ ᠲᠤᠰᠢᠶᠠᠭᠰᠠᠨ ᠡᠮᠦᠨ᠎ᠡ ᠬᠣᠶ᠋ᠢᠨᠠᠬᠢ ᠳᠠᠩᠰᠠ ᠡᠪᠬᠡᠮᠡᠯ᠎ᠢ ᠨᠡᠭᠡᠭᠡᠯᠲᠡ᠎ᠲᠠᠢ᠎ᠪᠠᠷ ᠬᠢᠨᠠᠨ ᠬᠠᠷᠭᠤᠭᠤᠯᠬᠤ ᠭᠣᠣᠯ ᠴᠣᠭᠴᠠ ᠵᠢ ᠲᠣᠳᠤᠷᠬᠠᠢ᠌ᠯᠠᠵᠤ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠬᠠᠷᠢᠭᠤᠴᠠᠯᠭ᠎ᠠ ᠵᠢ ᠡᠭᠦᠷᠭᠡᠯᠡᠬᠦ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠵᠤ᠂ ᠳᠠᠩᠰᠠ ᠡᠪᠬᠡᠮᠡᠯ᠎ᠤᠨ ᠣᠷᠳᠤᠨ᠎ᠤ ᠲᠣᠭᠲᠠᠭ᠋ᠠᠯ ᠶᠣᠰᠣᠭ᠋ᠠᠷ ᠨᠡᠭᠡᠭᠡᠭᠰᠡᠨ ᠦᠭᠡᠢ ᠪᠠ ᠠᠰᠢᠭᠯᠠᠬᠤ ᠦᠭᠡᠢ ᠵᠢᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠠᠷᠠᠳ ᠢᠷᠭᠡᠳ᠎ᠤᠨ ᠲᠡᠳᠬᠦᠮᠵᠢ ᠵᠢᠨ ᠠᠷᠭ᠎ᠠ ᠵᠠᠮ ᠪᠠ ᠳᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠬᠠᠤᠯᠢ ᠴᠠᠭ᠋ᠠᠵᠠ ᠵᠢᠨ ᠡᠭᠦᠷᠭᠡ ᠵᠡᠷᠭᠡ ᠲᠠᠯ᠎ᠠ ᠵᠢᠨ ᠲᠣᠭᠲᠠᠭ᠋ᠠᠯ᠎ᠢ ᠨᠡᠮᠡᠵᠦ᠂ ᠳᠠᠩᠰᠠ ᠡᠪᠬᠡᠮᠡᠯ᠎ᠢ ᠨᠡᠭᠡᠭᠡᠨ ᠠᠰᠢᠭᠯᠠᠬᠤ ᠵᠢ ᠠᠬᠢᠭᠤᠯᠬᠤ ᠪᠦᠷᠢᠨ ᠲᠦᠬᠦᠷ ᠳᠦᠷᠢᠮ᠎ᠤᠨ ᠲᠣᠬᠢᠷᠠᠭᠤᠯᠤᠯᠲᠠ ᠵᠢ ᠪᠦᠷᠢᠯᠳᠦᠭᠦᠯᠪᠡ᠃
(ᠲᠦᠷᠪᠡ) ᠠᠮᠤᠷ ᠲᠦᠪᠰᠢᠨ᠎ᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠬᠤ᠎ᠨᠢ᠂ ᠳᠠᠨᠭ᠌ᠰᠠ ᠡᠪᠬᠡᠮᠡᠯ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠤ ᠰᠢᠨ᠎ᠡ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠬᠤ᠎ᠳᠤ ᠠᠰᠢᠭᠲᠠᠶ
ᠳᠠᠩᠰᠠ ᠡᠪᠬᠡᠮᠡᠯ᠎ᠤᠨ ᠣᠷᠳᠤᠨ ᠪᠠ ᠳᠠᠩᠰᠠ ᠡᠪᠬᠡᠮᠡᠯ᠎ᠢ ᠪᠦᠷᠢᠯᠳᠦᠭᠦᠯᠬᠦ ᠨᠢᠭᠡᠴᠢ ᠵᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠢ ᠬᠠᠳᠠᠭ᠋ᠠᠯᠠᠬᠤ᠎ᠳᠤ ᠲᠣᠬᠢᠷᠠᠬᠤ ᠬᠥᠮᠥᠷᠭᠡ ᠪᠠ ᠲᠥᠬᠥᠭᠡᠷᠦᠮᠵᠢ᠂ ᠪᠡᠯᠡᠳᠬᠡᠮᠵᠢ ᠵᠢ ᠲᠣᠬᠢᠷᠠᠭᠤᠯᠬᠤ ᠵᠢ ᠱᠠᠭ᠋ᠠᠷᠳᠠᠪᠠ; ᠲᠠᠩᠰᠠ ᠡᠪᠬᠡᠮᠡᠯ᠎ᠤᠨ ᠠᠮᠤᠷ ᠲᠦᠪᠰᠢᠨ᠎ᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠠᠩᠰᠠ ᠡᠪᠬᠡᠮᠡᠯ᠎ᠤᠨ ᠠᠮᠤᠷ ᠲᠦᠪᠰᠢᠨ᠎ᠤ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠲᠠᠩᠰᠠ ᠡᠪᠬᠡᠮᠡᠯ᠎ᠤᠨ ᠠᠮᠤᠷ ᠲᠥᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ; ᠲᠠᠩᠰᠠ ᠡᠪᠬᠡᠮᠡᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠣᠯᠵᠤ ᠮᠡᠳᠡᠪᠡᠯ᠂ ᠴᠠᠭ ᠲᠤᠬᠠᠶ᠎ᠳᠤᠨᠢ ᠨᠥᠬᠥᠪᠥᠷᠢᠯᠡᠬᠦ ᠠᠷᠭ᠎ᠠ ᠬᠡᠮᠵᠢᠶ᠎ᠡ ᠠᠪᠴᠤ᠂ ᠲᠠᠩᠰᠠ ᠡᠪᠬᠡᠮᠡᠯ᠎ᠤᠨ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠬᠤ ᠬᠡᠷᠡᠭᠲᠡᠶ; ᠳᠠᠩᠰᠠ ᠡᠪᠬᠡᠮᠡᠯ ᠡᠪᠳᠡᠷᠡᠵᠦ ᠰᠦᠢ᠍ᠳᠦᠭᠰᠡᠨ᠂ ᠮᠡᠳᠡᠭᠡ ᠵᠠᠩᠭᠢ ᠵᠠᠳᠠᠷᠠᠭᠰᠠᠨ ᠵᠡᠷᠭᠡ ᠪᠠᠢ᠌ᠳᠠᠯ ᠭᠠᠷᠪᠠᠯ᠂ ᠳᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ ᠲᠡᠷᠡᠴᠢᠯᠡᠨ ᠡᠯᠧᠺᠲᠷᠣᠨ ᠳᠠᠨᠭ᠌ᠰᠠ ᠡᠪᠬᠡᠮᠡᠯ᠎ᠤᠨ ᠠᠶᠤᠯᠭᠦᠢ ᠵᠢᠨ ᠬᠠᠮᠢᠶᠠᠷᠤᠯᠲᠠ᠎ᠳᠤ ᠱᠠᠭ᠋ᠠᠷᠳᠠᠯᠭ᠎ᠠ ᠳᠤᠷᠠᠳᠴᠤ᠂ ᠡᠯᠸᠺᠲᠷᠣᠨ ᠳᠠᠨᠭ᠌ᠰᠠ ᠡᠪᠬᠡᠮᠡᠯ᠎ᠢ ᠠᠶᠤᠯᠭᠦᠶ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠣᠤᠷ ᠰᠦᠯᠵᠢᠶ᠎ᠡ ᠪᠤᠶᠤ ᠬᠠᠳᠠᠭ᠋ᠠᠯᠠᠬᠤ ᠵᠠᠭᠤᠴᠢ᠎ᠪᠠᠷ ᠳᠠᠮᠵᠢᠭᠤᠯᠤᠨ ᠳᠠᠨᠭ᠌ᠰᠠ ᠡᠪᠬᠡᠮᠡᠯ᠎ᠤᠨ ᠣᠷᠳᠣᠨ᠎ᠳᠤ ᠰᠢᠯᠵᠢᠭᠦᠯᠦᠨ ᠲᠤᠰᠢᠶᠠᠬᠤ ᠬᠡᠷᠡᠭᠲᠡᠶ; ᠲᠠᠩᠰᠠ ᠡᠪᠬᠡᠮᠡᠯ᠎ᠤᠨ ᠣᠷᠳᠤᠨ᠎ᠠᠴᠠ ᠭᠥᠯᠢᠶᠡᠨ ᠠᠪᠤᠭᠰᠠᠨ ᠡᠯᠧᠺᠲᠷᠣᠨ ᠲᠠᠩᠰᠠ ᠡᠪᠬᠡᠮᠡᠯ᠎ᠢ ᠪᠠᠶ᠋ᠢᠴᠠᠭ᠋ᠠᠨ ᠰᠢᠯᠭ᠋ᠠᠵᠤ᠂ ᠡᠯᠸᠺᠲᠷᠣᠨ ᠲᠠᠩᠰᠠ ᠡᠪᠬᠡᠮᠡᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠡᠷᠡᠭᠯᠡᠵᠦ ᠪᠣᠯᠬᠤᠶ᠋ᠢᠴᠠ ᠴᠢᠨᠠᠷ ᠪᠠ ᠠᠮᠤᠷ ᠲᠦᠪᠰᠢᠨ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ; ᠳᠠᠩᠰᠠ ᠡᠪᠬᠡᠮᠡᠯ᠎ᠤᠨ ᠣᠷᠳᠤᠨ᠎ᠨᠢ ᠴᠢᠬᠤᠯᠠ ᠡᠯᠧᠺᠲᠷᠣᠨ ᠳᠠᠩᠰᠠ ᠡᠪᠬᠡᠮᠡᠯ᠎ᠢ ᠣᠨᠳᠣᠤ ᠭᠠᠵᠠᠷ᠎ᠲᠤ ᠬᠤᠪᠢ ᠪᠡᠯᠡᠳᠬᠡᠨ ᠬᠠᠳᠠᠭ᠋ᠠᠯᠠᠵᠤ ᠪᠣᠯᠤᠨ᠎ᠠ᠃
(ᠲᠠᠪᠤ) ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ᠎ᠨᠢ᠂ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠣᠳᠣᠬᠢᠴᠢᠯᠠᠯᠲᠠ ᠵᠢᠨ ᠰᠢᠨ᠎ᠡ ᠠᠷᠭ᠎ᠠ ᠵᠠᠮ᠎ᠢ ᠨᠡᠭᠡᠭᠡᠬᠦ᠎ᠳᠤ ᠠᠰᠢᠭᠲᠠᠶ
ᠮᠡᠳᠡᠭᠡ ᠵᠠᠩᠬᠢᠴᠢᠯᠠᠯᠲᠠ ᠪᠠᠶ᠋ᠢᠬᠤ ᠦᠭᠡᠢ ᠪᠣᠯ ᠣᠳᠣᠬᠢᠴᠢᠯᠠᠯᠲᠠ ᠪᠠᠶ᠋ᠢᠵᠤ ᠴᠢᠳᠠᠬᠤ ᠦᠭᠡᠢ᠃ ᠲᠤᠰ ᠤᠳᠠᠭ᠋ᠠᠨ᠎ᠤ ᠵᠠᠰᠠᠪᠤᠷᠢ ᠣᠷᠤᠭᠤᠯᠤᠯᠲᠠ᠎ᠨᠢ ᠳᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠦᠢ᠍ᠯᠡᠳᠦᠯᠭᠡ ᠵᠢᠨ ᠬᠡᠷᠡᠭᠴᠡᠭᠡ ᠪᠣᠯᠤᠨ ᠵᠠᠷᠢᠮ ᠰᠠᠶ᠋ᠢᠨ ᠲᠤᠷᠰᠢᠯᠭ᠎ᠠ ᠠᠷᠭ᠎ᠠ ᠪᠠᠷᠢᠯ᠎ᠢ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ᠎ᠪᠠᠷ ᠨᠢᠭᠡ ᠪᠦᠯᠦᠭ ᠨᠡᠮᠡᠵᠦ᠂ ᠡᠯᠧᠺᠲᠷᠣᠨ ᠲᠠᠩᠰᠠ ᠡᠪᠬᠡᠮᠡᠯ᠎ᠤᠨ ᠬᠠᠤᠯᠢ ᠶᠣᠰᠣᠨ᠎ᠤ ᠴᠢᠬᠤᠯᠠ ᠨᠥᠬᠥᠴᠡᠯ᠂ ᠪᠠᠶ᠋ᠢᠷᠢ ᠰᠠᠭᠤᠷᠢ ᠪᠠ ᠦᠢ᠍ᠯᠡᠳᠦᠯ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ ᠪᠠ ᠮᠡᠳᠡᠭᠡ ᠵᠠᠩᠭᠢᠴᠢᠯᠠᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠲᠣᠳᠣᠷᠬᠠᠶ ᠲᠣᠭᠲᠠᠭ᠋ᠠᠯ ᠭᠠᠷᠭ᠋ᠠᠪᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠠᠩᠰᠠ ᠡᠪᠬᠡᠮᠡᠯ᠎ᠤᠨ ᠮᠡᠳᠡᠭᠡ ᠵᠠᠩᠭᠢᠴᠢᠯᠠᠯᠲᠠ ᠵᠢ ᠮᠡᠳᠡᠭᠡ ᠵᠠᠩᠭᠢᠴᠢᠯᠠᠯᠲᠠ ᠵᠢᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠡᠯᠧᠺᠲᠷᠣᠨ ᠲᠠᠩᠰᠠ ᠡᠪᠬᠡᠮᠡᠯ᠂ ᠤᠯᠠᠮᠵᠢᠯᠠᠯᠲᠤ ᠠᠴᠢᠶᠠᠯᠠᠪᠤᠷᠢ ᠵᠢᠨ ᠲᠠᠩᠰᠠ ᠡᠪᠬᠡᠮᠡᠯ᠎ᠤᠨ ᠲᠣᠭ᠋ᠠᠴᠢᠯᠠᠯᠲᠠ ᠵᠢᠨ ᠦᠷ᠎ᠡ ᠪᠦᠲᠦᠭᠡᠯ ᠵᠡᠷᠭᠡ ᠲᠠᠩᠰᠠ ᠡᠪᠬᠡᠮᠡᠯ᠎ᠤᠨ ᠲᠣᠭ᠋ᠠᠴᠢᠯᠠᠭᠰᠠᠨ ᠡᠬᠢ ᠪᠠᠶᠠᠯᠢᠭ᠎ᠢ ᠠᠮᠤᠷ ᠲᠦᠪᠰᠢᠨ ᠵᠶ᠋ᠠᠷ ᠬᠠᠳᠠᠭ᠋ᠠᠯᠠᠬᠤ ᠪᠠ ᠪᠦᠲᠦᠮᠵᠢᠲᠡᠶ ᠠᠰᠢᠭᠯᠠᠬᠤ ᠵᠢ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ ᠡᠯᠧᠺᠲᠷᠣᠨ ᠳᠠᠩᠰᠠ ᠡᠪᠬᠡᠮᠡᠯ᠎ᠤᠨ ᠢᠷᠡᠯᠲᠡ᠎ᠨᠢ ᠨᠠᠢ᠌ᠳᠠᠪᠤᠷᠢᠲᠠᠢ᠂ ᠳᠡᠰ ᠳᠠᠷᠠᠭ᠋ᠠᠯᠠᠯ᠎ᠨᠢ ᠵᠢᠷᠤᠮᠵᠢᠭᠰᠠᠨ᠂ ᠡᠯᠮᠸᠨ᠋ᠸᠲᠨᠢ ᠲᠣᠭᠲᠠᠭ᠋ᠠᠯ᠎ᠳᠤ ᠨᠡᠶ᠋ᠢᠴᠡᠭᠰᠡᠨ ᠪᠠᠢ᠌ᠬᠤ ᠬᠡᠷᠡᠭᠲᠡᠶ ᠭᠡᠵᠦ ᠲᠣᠭᠲᠠᠭ᠋ᠠᠵᠤ᠂ ᠡᠯᠧᠺᠲᠷᠣᠨ ᠳᠠᠩᠰᠠ ᠡᠪᠬᠡᠮᠡᠯ᠎ᠨᠢ ᠤᠯᠠᠮᠵᠢᠯᠠᠯᠲᠤ ᠠᠴᠢᠶᠠᠯᠠᠪᠤᠷᠢ ᠵᠢᠨ ᠳᠠᠩᠰᠠ ᠡᠪᠬᠡᠮᠡᠯ᠎ᠲᠠᠢ ᠠᠳᠠᠯᠢ ᠬᠦᠴᠦᠨ᠎ᠲᠠᠢ ᠪᠠᠶ᠋ᠢᠵᠤ᠂ ᠡᠯᠧᠺᠲᠷᠣᠨ ᠬᠡᠯᠪᠡᠷᠢ᠎ᠪᠠᠷ ᠭᠡᠷᠡᠴᠢ ᠪᠠᠷᠢᠮᠲᠠ ᠪᠣᠯᠭ᠋ᠠᠨ ᠬᠡᠷᠡᠭᠯᠡᠵᠦ ᠪᠣᠯᠤᠨ᠎ᠠ᠃ ᠡᠯᠧᠺᠲᠷᠣᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠂ ᠲᠣᠭ᠋ᠠᠴᠢᠯᠠᠭᠰᠠᠨ ᠳᠠᠩᠰᠠ ᠡᠪᠬᠡᠮᠡᠯ᠎ᠤᠨ ᠣᠷᠳᠤᠨ᠂ ᠳᠠᠩᠰᠠ ᠡᠪᠬᠡᠮᠡᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ᠎ᠳᠤ ᠱᠠᠭ᠋ᠠᠷᠳᠠᠯᠭ᠎ᠠ ᠳᠤᠷᠠᠳᠪᠠ᠃
(ᠵᠢᠷᠭᠤᠭ᠎ᠠ) ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠬᠤ᠎ᠨᠢ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠬᠤ᠎ᠳᠤ ᠰᠢᠨ᠎ᠡ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠬᠤ᠎ᠳᠤ ᠠᠰᠢᠭᠲᠠᠢ
ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠢ᠍ᠳᠪᠦᠷᠢᠯᠡᠬᠦ ᠪᠣᠯ ᠳᠠᠩᠰᠠ ᠡᠪᠬᠡᠮᠡᠯ᠎ᠤᠨ ᠠᠵᠢᠯ᠎ᠤᠨ ᠦᠢ᠍ᠯᠡᠳᠦᠯᠭᠡ ᠵᠢᠨ ᠨᠢᠭᠡᠨ ᠳᠤᠲᠠᠭᠤᠳᠠᠯ ᠪᠣᠯᠤᠨ᠎ᠠ᠃ ᠡᠨᠡ ᠬᠦ᠌ ᠠᠰᠠᠭᠤᠳᠠᠯ᠎ᠢ ᠰᠢᠢ᠍ᠳᠪᠦᠷᠢᠯᠡᠵᠦ᠂ ᠵᠠᠰᠠᠭ ᠵᠠᠬᠢᠷᠭ᠋ᠠᠨ᠎ᠤ ᠡᠷᠬᠡ ᠵᠢᠨ ᠬᠡᠷᠡᠭᠵᠢᠭᠦᠯᠦᠯᠲᠡ ᠵᠢ ᠵᠢᠷᠤᠮᠵᠢᠭᠤᠯᠬᠤ ᠵᠢᠨ ᠲᠥᠯᠥᠭᠡ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠠᠩᠰᠠ ᠡᠪᠬᠡᠮᠡᠯ᠎ᠤᠨ ᠬᠠᠤᠯᠢ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ 6 ᠲᠥᠷᠥᠯ᠎ᠤᠨ ᠵᠦᠢ᠍ᠯᠡᠰ᠎ᠢ ᠵᠢᠭᠰᠠᠭ᠋ᠠᠨ ᠭᠠᠷᠭ᠋ᠠᠵᠤ᠂ ᠲᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠩᠰᠠ ᠡᠪᠬᠡᠮᠡᠯ᠎ᠤᠨ ᠠᠵᠢᠯᠲᠠᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠬᠡᠮᠵᠢᠶ᠎ᠡ ᠠᠷᠭ᠎ᠠ ᠪᠠᠷᠢᠯ ᠵᠢᠴᠢ ᠵᠢᠷᠤᠮᠯᠠᠬᠤ ᠬᠡᠷᠡᠭᠲᠡᠶ ᠲᠦᠷᠢᠮ᠎ᠳᠤ ᠲᠣᠳᠣᠷᠬᠠᠶ ᠲᠣᠭᠲᠠᠭ᠋ᠠᠯ ᠭᠠᠷᠭ᠋ᠠᠪᠠ᠃ ᠠᠯᠢᠪᠠ ᠨᠢᠭᠡᠴᠢ ᠪᠣᠯᠤᠨ ᠬᠤᠪᠢ ᠬᠥᠮᠦᠨ᠎ᠳᠤ ᠳᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠪᠠᠶ᠋ᠢᠭᠤᠯᠭ᠎ᠠ᠎ᠳᠤ ᠳᠠᠩᠰᠠ ᠡᠪᠬᠡᠮᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ ᠣᠯᠭᠣᠵᠤ᠂ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠤᠭᠰᠠᠨ ᠳᠠᠩᠰᠠ ᠡᠪᠬᠡᠮᠡᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠪᠠᠢ᠌ᠭᠤᠯᠭ᠎ᠠ᠎ᠠᠴᠠ ᠴᠠᠭ ᠲᠤᠬᠠᠶ᠎ᠳᠤᠨᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠠᠴᠠ ᠭᠠᠳᠠᠨ᠎ᠠ᠂ 《ᠬᠠᠤᠯᠢ ᠴᠠᠭ᠋ᠠᠵᠠ ᠵᠢᠨ ᠬᠠᠷᠢᠭᠤᠴᠠᠯᠭ᠎ᠠ》 ᠭᠡᠬᠦ ᠨᠢᠭᠡ ᠪᠦᠯᠦᠭ᠎ᠢ ᠥᠷᠭᠡᠳᠬᠡᠵᠦ᠂ ᠳᠠᠩᠰᠠ ᠡᠪᠬᠡᠮᠡᠯ᠎ᠤᠨ ᠠᠵᠢᠯ᠎ᠤᠨ ᠦᠢ᠍ᠯᠡᠳᠦᠯᠭᠡ ᠵᠢ ᠦᠨᠳᠦᠰᠦᠯᠡᠨ᠂ ᠰᠢᠢ᠍ᠳᠬᠡᠯ ᠥᠭᠬᠦ ᠪᠠ ᠲᠣᠷᠭ᠋ᠠᠬᠤ ᠤᠴᠢᠷ ᠶᠠᠪᠤᠳᠠᠯ᠎ᠳᠤ ᠬᠡᠰᠡᠭ ᠲᠠᠯ᠎ᠠ ᠵᠢᠨ ᠲᠣᠬᠢᠷᠠᠭᠤᠯᠤᠯᠲᠠ ᠬᠢᠵᠦ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭ᠎ᠠ ᠬᠡᠮᠵᠢᠶ᠎ᠡ ᠵᠢ ᠲᠣᠳᠣᠷᠬᠠᠶ ᠪᠣᠯᠭ᠋ᠠᠵᠤ᠂ ᠡᠳ᠋ ᠬᠦᠷᠦᠨᠭᠭᠡ ᠵᠢᠨ ᠬᠣᠬᠢᠷᠠᠯ ᠪᠤᠶᠤ ᠪᠤᠰᠤᠳ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠬᠦ ᠲᠤᠬᠠᠶ ᠲᠣᠭᠲᠠᠭ᠋ᠠᠯ᠎ᠢ ᠨᠡᠮᠡᠪᠡ᠃
(ᠲᠤᠯᠤᠭ᠎ᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠪᠠᠲᠤᠯᠠᠭ᠎ᠠ ᠵᠢ ᠴᠢᠩᠭ᠋ᠠᠳᠬᠠᠬᠤ᠎ᠨᠢ᠂ ᠲᠠᠨᠭ᠌ᠰᠠ ᠡᠪᠬᠡᠮᠡᠯ᠎ᠤᠨ ᠦᠢ᠍ᠯᠡᠰ᠎ᠤᠨ ᠦᠷᠭᠦᠯᠵᠢᠯᠡᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ᠎ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ᠎ᠳᠤ ᠠᠰᠢᠭᠲᠠᠶ
ᠳᠠᠩᠰᠠ ᠡᠪᠬᠡᠮᠡᠯ᠎ᠤᠨ ᠠᠵᠢᠯ ᠪᠣᠯ ᠨᠢᠭᠡ ᠵᠦᠢ᠍ᠯ᠎ᠤᠨ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠮᠠᠰᠢ ᠴᠢᠩᠭ᠎ᠠ ᠠᠵᠢᠯ ᠪᠣᠯᠤᠨ᠎ᠠ᠂ ᠳᠠᠩᠰᠠ ᠡᠪᠬᠡᠮᠡᠯ᠎ᠢ ᠡᠮᠬᠢᠯᠡᠬᠦ᠂ ᠬᠠᠮᠠᠭ᠋ᠠᠯᠠᠬᠤ᠂ ᠬᠢᠨᠠᠨ ᠲᠣᠭᠲᠠᠭ᠋ᠠᠬᠤ᠂ ᠨᠠᠶ᠋ᠢᠷᠠᠭᠤᠯᠤᠨ ᠰᠤᠳᠤᠯᠬᠤ ᠵᠡᠷᠭᠡ ᠠᠵᠢᠯ᠎ᠳᠤ ᠴᠥᠮ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ ᠪᠠ ᠥᠨᠳᠥᠷ ᠬᠡᠪ ᠴᠢᠨᠠᠷ ᠪᠦᠬᠦᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ᠎ᠪᠠᠷ ᠲᠦᠰᠢᠭ ᠲᠤᠯᠭ᠋ᠠᠭᠤᠷᠢ ᠪᠣᠯᠭ᠋ᠠᠬᠤ ᠬᠡᠷᠡᠭᠲᠡᠶ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠳᠠᠩᠰᠠ ᠡᠪᠬᠡᠮᠡᠯ᠎ᠤᠨ ᠬᠠᠤᠯᠢ᠎ᠳᠤ ᠤᠯᠤᠰ᠎ᠠᠴᠠ ᠳᠠᠩᠰᠠ ᠡᠪᠬᠡᠮᠡᠯ᠎ᠤᠨ ᠠᠵᠢᠯ᠎ᠤᠨ ᠴᠢᠳᠠᠪᠤᠷᠢᠲᠠᠨ ᠬᠥᠮᠦᠵᠢᠭᠦᠯᠬᠦ ᠪᠠ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠳᠠᠩᠰᠠ ᠡᠪᠬᠡᠮᠡᠯ᠎ᠤᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠳᠡᠭᠡᠭᠰᠢᠯᠡᠭᠦᠯᠵᠦ᠂ ᠳᠠᠩᠰᠠ ᠡᠪᠬᠡᠮᠡᠯ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠰᠬᠠᠶ ᠮᠡᠷᠭᠡᠵᠢᠯ᠎ᠤᠨ ᠴᠣᠯᠠ ᠵᠢ ᠦᠨᠡᠯᠡᠨ ᠲᠣᠭᠲᠠᠭ᠋ᠠᠵᠤ ᠪᠣᠯᠬᠤ ᠵᠢ ᠲᠣᠳᠤᠷᠬᠠᠢ᠌ᠯᠠᠪᠠ᠃ ᠨᠡᠶ᠋ᠢᠭᠡᠮ᠎ᠤᠨ ᠬᠦᠴᠦᠨ᠎ᠤ ᠳᠠᠩᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ᠎ᠳᠤ ᠣᠷᠣᠯᠴᠠᠬᠤ ᠪᠠ ᠳᠡᠮᠵᠢᠬᠦ ᠵᠢ ᠵᠣᠷᠢᠭᠵᠢᠭᠤᠯᠵᠤ᠂ ᠳᠣᠪᠤᠢ᠌ᠮ᠎ᠠ ᠬᠤᠪᠢ ᠨᠡᠮᠡᠷᠢ ᠦᠵᠡᠭᠦᠯᠦᠭᠰᠡᠨ᠎ᠢ ᠨᠢᠭᠡᠴᠢ ᠪᠣᠯᠤᠨ ᠬᠤᠪᠢ ᠬᠥᠮᠦᠨ᠎ᠢ ᠮᠠᠭᠲᠠᠨ ᠰᠠᠢ᠌ᠰᠢᠶᠠᠵᠤ ᠱᠠᠩᠨᠠᠨ ᠬᠥᠬᠢᠭᠦᠯᠦᠨ᠎ᠡ; ᠲᠠᠩᠰᠠ ᠡᠪᠬᠡᠮᠡᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠳᠡᠮᠵᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠤᠨ᠎ᠠ; ᠳᠠᠨᠭ᠌ᠰᠠ ᠡᠪᠬᠡᠮᠡᠯ᠎ᠤᠨ ᠬᠦᠷᠢᠶᠡᠨ᠎ᠳᠤ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠵᠡᠷᠭᠡ ᠵᠢ ᠲᠣᠭᠲᠠᠭ᠋ᠠᠪᠠ᠃ ᠡᠲᠡᠭᠡᠷ ᠰᠢᠨ᠎ᠡ ᠱᠠᠭ᠋ᠠᠷᠳᠠᠯᠭ᠎ᠠ᠎ᠨᠢ ᠲᠠᠩᠰᠠ ᠡᠪᠬᠡᠮᠡᠯ᠎ᠤᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠬᠦ᠎ᠳᠤ ᠰᠢᠨ᠎ᠡ ᠠᠮᠢᠯᠠᠯ ᠪᠠ ᠠᠮᠢᠵᠢᠷᠠᠯ᠎ᠤᠨ ᠬᠦᠴᠦᠨ᠎ᠢ ᠨᠡᠮᠡᠷᠢᠯᠡᠬᠦ ᠪᠣᠯᠤᠨ᠎ᠠ᠃
ᠭᠤᠷᠪᠠ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠢ
ᠬᠠᠤᠯᠢ ᠴᠠᠭ᠋ᠠᠵᠠ ᠵᠢᠨ ᠠᠮᠢ ᠨᠠᠰᠤ᠎ᠨᠢ ᠬᠡᠷᠡᠭᠵᠢᠭᠦᠯᠬᠦ᠎ᠳᠤ ᠪᠣᠢ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠠᠩᠰᠠ ᠡᠪᠬᠡᠮᠡᠯ᠎ᠤᠨ ᠬᠠᠤᠯᠢ᠎ᠨᠢ ᠪᠢᠳᠡᠨ᠎ᠤ ᠰᠢᠨ᠎ᠡ ᠴᠠᠭ ᠦᠶ᠎ᠡ ᠵᠢᠨ ᠲᠠᠩᠰᠠ ᠡᠪᠬᠡᠮᠡᠯ᠎ᠤᠨ ᠠᠵᠢᠯ᠎ᠢ ᠴᠢᠩᠭ᠋ᠠᠳᠬᠠᠬᠤ᠎ᠳᠤ ᠬᠦᠴᠦᠲᠡᠶ ᠬᠠᠤᠯᠢ᠎ᠪᠠᠷ ᠵᠠᠰᠠᠬᠤ ᠪᠠᠲᠤᠯᠠᠭ᠎ᠠ ᠪᠠ ᠠᠵᠢᠯᠯᠠᠭ᠋ᠠᠨ᠎ᠤ ᠵᠦᠭᠯᠡᠭᠦᠷ ᠬᠠᠩᠭ᠋ᠠᠵᠤ᠂ ᠪᠢᠳᠡ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠢᠭᠡ᠎ᠳᠤ᠂ ᠤᠬᠠᠭᠤᠯᠬᠤ ᠪᠠ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠨ᠎ᠡ᠃ ᠳᠠᠩᠰᠠ ᠡᠪᠬᠡᠮᠡᠯ᠎ᠤᠨ ᠬᠠᠤᠯᠢ ᠵᠢᠨ ᠤᠳᠬ᠎ᠠ ᠵᠢᠨ ᠲᠠᠢ᠌ᠯᠪᠤᠷᠢ ᠵᠢ ᠨᠠᠶ᠋ᠢᠷᠠᠭᠤᠯᠤᠨ ᠪᠢᠴᠢᠵᠦ᠂ ᠡᠯ᠎ᠡ ᠲᠥᠷᠥᠯ᠎ᠤᠨ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ᠂ ᠤᠬᠠᠭᠤᠯᠤᠨ ᠲᠠᠶ᠋ᠢᠯᠪᠤᠷᠢᠯᠠᠬᠤ᠂ ᠰᠤᠳᠤᠯᠤᠨ ᠶᠠᠷᠢᠯᠴᠠᠬᠤ᠂ ᠪᠣᠯᠪᠠᠰᠤᠷᠠᠭᠤᠯᠬᠤ ᠵᠡᠷᠭᠡ ᠣᠯᠠᠨ ᠬᠡᠯᠪᠡᠷᠢ᠎ᠪᠠᠷ ᠳᠠᠮᠵᠢᠭᠤᠯᠤᠨ᠂ ᠳᠠᠩᠰᠠ ᠡᠪᠬᠡᠮᠡᠯ᠎ᠤᠨ ᠰᠢᠰᠲ᠋ᠧᠮ ᠪᠠ ᠪᠦᠬᠦ ᠨᠡᠶ᠋ᠢᠭᠡᠮ᠎ᠳᠤ ᠬᠠᠨᠳᠤᠭᠤᠯᠵᠤ ᠴᠢᠭᠯᠡᠭᠦᠯᠬᠦ ᠴᠢᠨᠠᠷᠲᠠᠶ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠥᠷᠨᠢᠭᠦᠯᠵᠦ᠂ ᠪᠦᠬᠦ ᠨᠡᠶ᠋ᠢᠭᠡᠮ᠎ᠤᠨ ᠳᠠᠩᠰᠠ ᠡᠪᠬᠡᠮᠡᠯ᠎ᠤᠨ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠬᠠᠤᠯᠢ ᠵᠢ ᠰᠤᠷᠤᠯᠴᠠᠬᠤ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃ ᠬᠣᠶᠠᠷ᠎ᠲᠤ᠂ ᠢᠵᠢ ᠪᠦᠷᠢᠳᠦᠭᠦᠯᠬᠦ ᠬᠠᠤᠯᠢ ᠲᠣᠭᠲᠠᠭ᠋ᠠᠯ ᠳᠦᠷᠢᠮ᠎ᠢ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭ᠋ᠠᠬᠤ ᠠᠵᠢᠯ᠎ᠢ ᠡᠬᠢᠯᠡᠭᠦᠯᠦᠨ᠎ᠡ᠃ ᠤᠯᠤᠰ᠎ᠤᠨ ᠲᠠᠩᠰᠠ ᠡᠪᠬᠡᠮᠡᠯ᠎ᠤᠨ ᠲᠣᠪᠴᠢᠶ᠎ᠠ᠎ᠠᠴᠠ ᠲᠠᠩᠰᠠ ᠡᠪᠬᠡᠮᠡᠯ᠎ᠤᠨ ᠬᠠᠤᠯᠢ ᠵᠢ ᠬᠡᠷᠡᠭᠵᠢᠭᠦᠯᠬᠦ ᠠᠷᠭ᠎ᠠ ᠵᠡᠷᠭᠡ ᠬᠠᠮᠢᠶ᠎ᠠ ᠪᠥᠬᠥᠶ ᠢᠵᠢ ᠪᠥᠷᠢᠳᠦᠭᠦᠯᠬᠦ ᠲᠣᠭᠲᠠᠭ᠋ᠠᠯ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠲᠦᠷᠭᠡᠬᠡᠨ ᠡᠬᠢᠯᠡᠭᠦᠯᠦᠨ᠎ᠡ᠃ ᠣᠷᠣᠨ ᠨᠤᠲᠤᠭ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠴᠦ᠍ ᠥᠪᠡᠷ ᠥᠪᠡᠷ᠎ᠤᠨ ᠳᠠᠩᠰᠠ ᠡᠪᠬᠡᠮᠡᠯ᠎ᠤᠨ ᠲᠥᠷᠢᠮ ᠲᠣᠭᠲᠠᠭ᠋ᠠᠯ ᠵᠶ᠋ᠠᠨ ᠡᠮᠬᠢᠯᠡᠬᠦ ᠪᠠ ᠪᠠᠶ᠋ᠢᠭᠤᠯᠵᠤ ᠬᠦᠴᠦᠨ ᠦᠭᠡᠶ ᠪᠣᠯᠭ᠋ᠠᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠳᠠᠩᠰᠠ ᠡᠪᠬᠡᠮᠡᠯ᠎ᠤᠨ ᠬᠠᠤᠯᠢᠯᠤᠭᠠ ᠪᠦᠲᠦᠮᠵᠢᠲᠡᠶ ᠵᠣᠯᠭ᠋ᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠨ᠎ᠡ᠃ ᠡᠯ᠎ᠡ ᠱᠠᠲᠤᠨ᠎ᠤ ᠳᠠᠩᠰᠠ ᠡᠪᠬᠡᠮᠡᠯ᠎ᠤᠨ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠰᠠᠶ᠋ᠢᠲᠤᠷ ᠭᠦᠢ᠍ᠴᠡᠳᠬᠡᠵᠦ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠵᠢᠷᠤᠮᠵᠢᠭᠰᠠᠨ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠵᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ᠂ ᠳᠠᠩᠰᠠ ᠡᠪᠬᠡᠮᠡᠯ᠎ᠤᠨ ᠬᠠᠤᠯᠢ ᠴᠠᠭ᠋ᠠᠵᠠ ᠵᠢᠨ ᠳᠦᠷᠢᠮ᠎ᠢ ᠳᠠᠩᠰᠠ ᠡᠪᠬᠡᠮᠡᠯ᠎ᠤᠨ ᠵᠠᠰᠠᠯᠲᠠ ᠵᠢᠨ ᠬᠦᠴᠦᠨ ᠴᠢᠳᠠᠪᠤᠷᠢ ᠪᠤᠯᠠᠭ᠋ᠠᠨ ᠬᠤᠪᠢᠷᠠᠭᠤᠯᠬᠤ ᠬᠡᠷᠡᠭᠲᠡᠶ᠃
ᠬᠠᠮᠢᠶ᠎ᠠ ᠪᠦᠬᠦᠢ ᠲᠥᠷᠦ ᠵᠢᠨ ᠪᠣᠳᠤᠯᠭ᠎ᠠ᠄ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠩᠰᠠ ᠡᠪᠬᠡᠮᠡᠯ᠎ᠤᠨ ᠬᠠᠤᠯᠢ