ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
《ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2021-11-18

      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ (ᠲᠣᠪᠴᠢᠶ᠎ᠠ᠂ ᠬᠣᠷᠢᠶ᠎ᠠ)᠎ᠳᠤ᠄
      ᠰᠢᠨ᠎ᠡ᠎ᠪᠠᠷ ᠨᠡᠶ᠋ᠢᠲᠡᠯᠡᠭᠰᠡᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ 《ᠵᠠᠰᠠᠮᠠᠯ ᠵᠠᠮ᠎ᠤᠨ ᠪᠦᠳᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠵᠠᠮ ᠵᠠᠰᠠᠮᠠᠯ ᠵᠠᠮ ᠲᠠᠷᠬᠠᠭ᠋ᠠᠭᠰᠠᠨ [2009] 731 ᠳ᠋ᠦ᠍ᠭᠡᠷ ᠲᠣᠭ᠋ᠠᠲᠤ)᠎ᠳᠤ ᠳᠣᠣᠷᠠᠬᠢ ᠮᠡᠲᠦ ᠵᠠᠰᠠᠪᠤᠷᠢ ᠣᠷᠣᠭᠤᠯᠬᠤ᠎ᠪᠠᠷ ᠲᠣᠭᠲᠠᠭ᠋ᠠᠪᠠ᠄
      ᠬᠣᠷᠢ ᠶᠢᠰᠦᠳᠦᠭᠡᠷ ᠵᠦᠢ᠍ᠯ᠎ᠢ 《ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠳᠡᠯᠦᠩᠭᠦᠶ ᠬᠠᠮᠢᠶᠠᠷᠤᠯᠲᠠ ᠵᠢᠨ ᠳᠤᠮᠳᠠ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶ᠋ᠢᠴᠠᠭ᠋ᠠᠨ ᠬᠡᠮᠵᠢᠬᠦ ᠵᠡᠷᠭᠡ ᠨᠢᠭᠡᠴᠢ ᠵᠢᠨ ᠠᠵᠢᠯᠳᠠᠨ᠂ ᠠᠵᠢᠯ᠎ᠤᠨ ᠠᠮᠵᠢᠯᠲᠠ ᠵᠡᠷᠭᠡ ᠵᠢᠨ ᠭᠦᠢ᠍ᠴᠡᠳᠬᠡᠬᠦ ᠲᠣᠭ᠎ᠠ᠎ᠨᠢ ᠬᠣᠯᠪᠣᠭᠳᠠᠯ ᠪᠦᠬᠦᠢ ᠬᠢᠷᠢ ᠬᠡᠮ᠂ ᠬᠢᠷᠢ ᠬᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠠᠴᠠ ᠳᠣᠣᠷ᠎ᠠ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ》 ᠭᠡᠵᠦ ᠵᠠᠰᠠᠪᠠ᠃
      ᠲᠤᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
     《ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠎ᠳᠤ ᠲᠣᠰ ᠮᠡᠳᠡᠭᠳᠡᠯ᠎ᠢ ᠦᠨᠳᠦᠰᠦᠯᠡᠨ ᠵᠣᠬᠢᠴᠠᠩᠭᠤᠶ᠎ᠪᠠᠷ ᠵᠠᠰᠠᠵᠤ᠂ ᠳᠠᠭᠢᠵᠤ ᠨᠡᠶ᠋ᠢᠲᠡᠯᠡᠨ᠎ᠡ᠃
   
                                          ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ
                                          2021 ᠣᠨ᠎ᠤ 7 ᠳ᠋ᠤᠭ᠋ᠠᠷ ᠰᠠᠷ᠎ᠠ ᠵᠢᠨ 27᠎ᠤ ᠡᠳᠦᠷ

      ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)

      ᠨᠢᠭᠡᠳᠦᠭᠡᠷ ᠪᠦᠯᠦᠭ   ᠵᠡᠷᠦᠩᠬᠡᠶ ᠲᠦᠷᠢᠮ
      ᠨᠢᠭᠡᠳᠦᠭᠡᠷ ᠵᠦᠢ᠍ᠯ   ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠠᠵᠢᠯ ᠡᠷᠬᠢᠯᠡᠵᠤ ᠪᠠᠶ᠋ᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ᠎ᠤᠨ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠵᠢᠷᠤᠮᠵᠢᠭᠤᠯᠤᠨ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠤᠢ ᠪᠣᠯᠭ᠋ᠠᠬᠤ ᠵᠢᠨ ᠲᠦᠯᠦᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠥᠷᠢᠮ》᠂ 《ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠠᠷᠭ᠎ᠠ》᠂ 《ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》᠂ 《ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲᠸᠮᠵᠢ ᠵᠢ ᠪᠠᠶ᠋ᠢᠭᠤᠯᠬᠤ ᠲᠤᠬᠠᠶ ᠵᠢᠯᠣᠭᠣᠳᠬᠤ ᠰᠠᠨᠠᠯ》᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ ᠡᠷᠬᠢᠯᠡᠵᠤ ᠪᠠᠶ᠋ᠢᠭ᠎ᠠ ᠨᠢᠭᠡᠴᠢ ᠵᠢᠴᠢ ᠠᠵᠢᠯ ᠡᠷᠭᠢᠯᠡᠭᠰᠡᠳ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠰᠢᠨᠡᠳᠬᠡᠬᠦ᠂ ᠨᠡᠶ᠋ᠢᠲᠡᠯᠡᠬᠦ᠂ ᠬᠠᠮᠢᠶᠠᠷᠬᠤ ᠵᠡᠷᠭᠡ ᠠᠵᠢᠯᠯᠠᠭ᠎ᠠ᠎ᠨᠢ ᠲᠣᠰ ᠠᠷᠭ᠎ᠠ᠎ᠳᠤ ᠲᠣᠬᠢᠷᠠᠨ᠎ᠠ᠃    
      ᠭᠤᠷᠪᠠᠳᠤᠭ᠋ᠠᠷ ᠵᠦᠢ᠍ᠯ   ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠪᠣᠯ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ᠂ ᠵᠠᠰᠠᠮᠠᠯ ᠵᠠᠮ᠎ᠤᠨ ᠠᠵᠢᠯ ᠲᠥᠷᠥᠯ᠎ᠤᠨ ᠨᠡᠶ᠋ᠢᠭᠡᠮ᠎ᠤᠨ ᠪᠦᠯᠬᠦᠮ᠎ᠤᠨ ᠵᠣᠬᠢᠶᠠᠨ ᠪᠠᠶ᠋ᠢᠭᠤᠯᠤᠯᠲᠠ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ᠂ ᠵᠢᠴᠢ ᠠᠵᠢᠯ ᠡᠷᠬᠢᠯᠡᠵᠦ ᠪᠠᠶ᠋ᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ᠎ᠤᠨ ᠠᠵᠢᠯᠯᠠᠬᠤ ᠶᠠᠪᠤᠴᠠ᠎ᠳᠤ ᠪᠤᠢ ᠪᠣᠯᠤᠭᠰᠠᠨ᠂ ᠲᠡᠮᠳᠡᠭᠯᠡᠭᠰᠡᠨ᠂ ᠴᠤᠭᠯᠠᠭᠤᠯᠤᠭᠰᠠᠨ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠠᠵᠢᠯ ᠡᠷᠬᠢᠯᠡᠵᠦ ᠪᠠᠢ᠌ᠭ᠎ᠠ ᠨᠢᠭᠡᠴᠢ ᠪᠣᠯᠤᠨ ᠠᠵᠢᠯ ᠡᠷᠬᠢᠯᠡᠭᠰᠡᠳ᠎ᠤᠨ ᠦᠨᠳᠦᠰᠦᠨ ᠪᠠᠶ᠋ᠢᠳᠠᠯ᠂ ᠵᠠᠬ᠎ᠠ ᠳᠡᠯᠭᠡᠭᠦᠷ᠎ᠤᠨ ᠢᠯᠡᠷᠡᠯ ᠵᠡᠷᠭᠡ ᠢᠲᠡᠭᠡᠮᠵᠢ ᠵᠢᠨ ᠪᠠᠶ᠋ᠢᠳᠠᠯ᠎ᠢ ᠲᠤᠰᠬᠠᠵᠤ ᠴᠢᠳᠠᠬᠤ ᠡᠯ᠎ᠡ ᠲᠤᠢ᠍ᠷᠦᠯ᠎ᠤᠨ ᠮᠡᠳᠡᠭᠡ ᠵᠠᠩᠭᠢ ᠵᠡᠷᠭᠡ ᠵᠢ ᠵᠢᠭ᠋ᠠᠵᠤ ᠪᠠᠢ᠌ᠨ᠎ᠠ᠃
      ᠳᠥᠷᠪᠡᠳᠦᠭᠡᠷ ᠵᠦᠢ᠍ᠯ   ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠎ᠳᠤ ᠪᠤᠰᠤᠳᠴᠢ᠂ ᠲᠥᠪ ᠭᠣᠣᠯᠴᠢ ᠪᠠᠶ᠋ᠢᠬᠤ ᠵᠠᠷᠴᠢᠮ᠎ᠢ ᠵᠢᠷᠤᠮᠯᠠᠨ᠂ ᠢᠲᠡᠭᠡᠮᠵᠢ ᠵᠢᠨ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠴᠠᠭ ᠲᠤᠬᠠᠢ᠍ᠢ᠍ᠴᠢ ᠴᠢᠨᠠᠷ ᠪᠣᠯᠤᠨ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠨ᠎ᠠ᠃
      ᠬᠣᠶᠠᠳᠤᠭ᠋ᠠᠷ ᠪᠦᠯᠦᠭ   ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ
      ᠲᠠᠪᠤᠳᠤᠭ᠋ᠠᠷ ᠵᠦᠢ᠍ᠯ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠨᠢᠭᠡᠳᠦᠯᠲᠡᠶ ᠬᠠᠮᠢᠶᠠᠷᠴᠤ᠂ ᠱᠠᠳᠤ ᠬᠤᠪᠢᠶᠠᠨ ᠬᠠᠷᠢᠭᠤᠴᠠᠬᠤ ᠵᠢ ᠬᠡᠷᠡᠭᠵᠢᠭᠦᠯᠦᠨ᠎ᠡ᠃
      ᠵᠢᠷᠭᠤᠳᠤᠭ᠋ᠠᠷ ᠵᠦᠢ᠍ᠯ   ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠵᠡᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄
     (ᠨᠢᠭᠡ) ᠪᠥᠬᠥ ᠤᠯᠤᠰ᠎ᠤᠨ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠥᠷᠢᠮ ᠲᠣᠭᠲᠠᠭ᠋ᠠᠯ᠎ᠢ ᠵᠣᠬᠢᠶᠠᠨ ᠪᠠᠶ᠋ᠢᠭᠤᠯᠤᠨ ᠲᠣᠭᠲᠠᠭ᠋ᠠᠨ᠎ᠠ;
     (ᠬᠣᠶᠠᠷ) ᠪᠥᠬᠥ ᠤᠯᠤᠰ᠎ᠤᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠠᠴᠠ ᠵᠥᠪᠰᠢᠶᠡᠷᠡᠭᠰᠡᠨ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ   ᠡᠷᠬᠢᠯᠡᠵᠦ ᠪᠠᠢ᠌ᠭ᠎ᠠ ᠨᠢᠭᠡᠴᠢ ᠵᠢᠨ ᠦᠨᠳᠦᠰᠦᠨ ᠪᠠᠶ᠋ᠢᠳᠠᠯ᠂ ᠱᠠᠩᠨᠠᠵᠤ ᠲᠣᠷᠭ᠋ᠠᠭᠰᠠᠨ ᠲᠡᠮᠳᠡᠭᠯᠡᠯ᠂ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ ᠵᠢᠴᠢ ᠤᠯᠤᠰ᠎ᠠᠴᠠ ᠬᠢᠨᠠᠨ ᠴᠤᠬᠤᠯᠠᠪᠤᠷᠢᠯᠠᠭᠰᠠᠨ ᠪᠤᠶᠤ ᠬᠢᠨᠠᠨ ᠵᠥᠪᠰᠢᠶᠡᠷᠡᠭᠰᠡᠨ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠮᠡᠳᠡᠭᠡ ᠵᠠᠩᠭᠢ ᠵᠡᠷᠭᠡ ᠵᠢ ᠨᠡᠶ᠋ᠢᠲᠡᠯᠡᠨ᠎ᠡ;
     (ᠭᠤᠷᠪᠠ) ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ᠎ᠠ᠃
      ᠳᠣᠯᠣᠳᠤᠭ᠋ᠠᠷ ᠵᠦᠢ᠍ᠯ   ᠮᠤᠵᠢ ᠵᠢᠨ ᠱᠠᠲᠤᠨ᠎ᠤ ᠵᠡᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠭᠦᠨ᠎ᠤ ᠭᠣᠣᠯ ᠡᠭᠦᠷᠭᠡ ᠬᠠᠷᠢᠭᠤᠴᠠᠯᠭ᠎ᠠ ᠪᠣᠯ᠄
     (ᠨᠢᠭᠡ) ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠥᠷᠢᠮ ᠪᠣᠯᠤᠨ ᠬᠠᠮᠢᠶᠠᠷᠤᠯᠲᠠ ᠵᠢᠨ ᠲᠥᠷᠢᠮ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ;
     (ᠬᠣᠶᠠᠷ) ᠮᠤᠵᠢ ᠵᠢᠨ ᠱᠠᠲᠤᠨ᠎ᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ;
     (ᠭᠤᠷᠪᠠ) ᠳᠣᠤᠷᠠᠬᠢ ᠮᠡᠲᠦ ᠮᠡᠳᠡᠭᠡ ᠵᠠᠩᠭᠢ ᠵᠢ ᠨᠡᠶ᠋ᠢᠲᠡᠯᠡᠨ᠎ᠡ᠄
     1. ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠦᠨᠳᠦᠰᠦᠨ ᠪᠠᠶ᠋ᠢᠳᠠᠯ (ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠵᠡᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠨᠡᠶ᠋ᠢᠲᠡᠯᠡᠬᠦ᠎ᠨᠢ ᠡᠭᠦᠨ᠎ᠳᠤ ᠪᠠᠭᠲᠠᠬᠤ ᠤᠢ᠍ᠭᠡᠢ);
2. ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠱᠠᠩᠨᠠᠵᠤ ᠲᠣᠷᠭ᠋ᠠᠭᠰᠠᠨ ᠲᠡᠮᠳᠡᠭᠯᠡᠯ ᠪᠠ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ;
3. ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠮᠡᠳᠡᠭᠡ ᠵᠠᠩᠭᠢ;
4. ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠯᠤᠭ᠎ᠠ ᠬᠣᠯᠪᠣᠭᠳᠠᠬᠤ ᠪᠤᠰᠤᠳ ᠮᠡᠳᠡᠭᠡ ᠵᠠᠩᠭᠢ᠃
     (ᠳᠥᠷᠪᠡ) ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠱᠠᠩᠨᠠᠵᠤ ᠲᠣᠷᠭ᠋ᠠᠬᠣ ᠮᠡᠳᠡᠭᠡ ᠵᠠᠩᠭᠢ᠂ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠂ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠮᠡᠳᠡᠭᠡ ᠵᠠᠩᠭᠢ᠂ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠯᠤᠭ᠎ᠠ ᠬᠣᠯᠪᠣᠭᠳᠠᠬᠤ ᠪᠤᠰᠤᠳ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ᠃
      ᠭᠤᠷᠪᠠᠳᠤᠭ᠋ᠠᠷ ᠪᠦᠯᠦᠭ   ᠢᠲᠡᠭᠡᠮᠵᠢ ᠵᠢᠨ ᠮᠡᠳᠡᠭᠡ ᠵᠠᠩᠭᠢ ᠵᠢᠨ ᠠᠭᠤᠯᠭ᠎ᠠ
      ᠨᠠᠢ᠍ᠮᠠᠳᠤᠭ᠋ᠠᠷ ᠵᠦᠢ᠍ᠯ   ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ᠎ᠳᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ᠂ ᠬᠦᠬᠢᠭᠦᠯᠦᠨ ᠱᠠᠩᠨᠠᠬᠤ ᠲᠥᠷᠥᠯ᠎ᠤᠨ ᠰᠠᠶ᠋ᠢᠨ ᠰᠠᠶ᠋ᠢᠬᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠂ ᠮᠠᠭᠤ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠪᠠ ᠢᠲᠡᠭᠡᠮᠵᠢ ᠵᠢᠨ ᠦᠨᠡᠯᠡᠯᠲᠡ ᠵᠢᠨ ᠮᠡᠳᠡᠭᠡ ᠵᠠᠩᠭᠢ ᠪᠠᠭᠲᠠᠨ᠎ᠠ᠃
      ᠶᠢᠰᠦᠳᠦᠭᠡᠷ ᠵᠦᠢ᠍ᠯ   ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ ᠪᠣᠯ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠪᠡᠶ᠎ᠡ ᠬᠡᠮ᠎ᠢ ᠢᠯᠭ᠋ᠠᠬᠤ᠂ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠪᠠᠶ᠋ᠢᠳᠠᠯ᠎ᠢ ᠲᠤᠰᠬᠠᠬᠤ ᠮᠡᠳᠡᠭᠡ ᠵᠠᠩᠭᠢ ᠪᠣᠯᠤᠨ᠎ᠠ᠂ ᠡᠭᠦᠨ᠎ᠳᠤ ᠭᠣᠤᠯᠳᠠᠭᠤ᠄
     (ᠨᠢᠭᠡ) ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠨᠡᠷᠡᠶ᠋ᠢᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠳᠡᠩᠰᠡᠯᠡᠨ ᠲᠡᠮᠳᠡᠭᠯᠡᠭᠦᠯᠦᠭᠰᠡᠨ ᠦᠨᠳᠦᠰᠦᠨ ᠪᠠᠶ᠋ᠢᠳᠠᠯ ᠵᠢᠴᠢ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ;
     (ᠬᠣᠶᠠᠷ) ᠦᠨᠳᠦᠰᠦᠨ ᠡᠳ᠋᠎ᠤᠨ ᠶᠠᠪᠤᠳᠠᠯ᠎ᠤᠨ ᠭᠦᠢ᠍ᠴᠡᠳᠬᠡᠯ ᠲᠣᠭ᠎ᠠ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠳᠤ ᠦᠨᠳᠦᠰᠦᠨ ᠳᠠᠩᠰᠠᠨ ᠡᠷᠦᠬᠡ ᠪᠠᠶ᠋ᠢᠭᠤᠯᠤᠭᠰᠠᠨ ᠪᠠᠶ᠋ᠢᠳᠠᠯ;
     (ᠭᠤᠷᠪᠠ) ᠬᠢᠷᠢ ᠬᠡᠮ᠂ ᠬᠢᠷᠢ ᠬᠡᠮ᠎ᠤᠨ ᠪᠠᠶ᠋ᠢᠳᠠᠯ;
     (ᠲᠥᠷᠪᠡ) ᠭᠣᠣᠯ ᠪᠣᠯᠬᠤ ᠠᠵᠤ ᠠᠬᠤᠶ᠂ ᠬᠠᠮᠢᠶᠠᠷᠤᠯᠲᠠ ᠪᠣᠯᠤᠨ ᠪᠠᠷᠢᠯᠭ᠎ᠠ ᠵᠢᠨ ᠮᠡᠷᠭᠡᠵᠢᠯ᠎ᠤᠨ ᠠᠵᠢᠯ ᠡᠷᠬᠢᠯᠡᠭᠰᠡᠳ᠎ᠤᠨ ᠮᠡᠷᠭᠡᠵᠢᠯ᠎ᠤᠨ ᠴᠣᠯᠠ ᠬᠢᠭᠡᠳ ᠠᠵᠢᠯ ᠡᠷᠬᠢᠯᠡᠬᠦ ᠬᠢᠷᠢ ᠬᠡᠮ᠎ᠤᠨ ᠦᠨᠳᠦᠰᠦᠨ ᠪᠠᠶ᠋ᠢᠳᠠᠯ;
     (ᠲᠠᠪᠤ) ᠥᠪᠡᠷ᠎ᠤᠨ ᠲᠥᠬᠥᠭᠡᠷᠦᠮᠵᠢ ᠵᠢᠨ ᠦᠨᠳᠦᠰᠦᠨ ᠪᠠᠶ᠋ᠢᠳᠠᠯ;
     (ᠵᠢᠷᠭᠤᠭ᠎ᠠ) ᠣᠶ᠋ᠢᠷ᠎ᠠ ᠵᠢᠨ 5 ᠵᠢᠯ᠎ᠤᠨ ᠭᠣᠤᠯ ᠠᠵᠢᠯ᠎ᠤᠨ ᠠᠮᠵᠢᠯᠲᠠ ᠵᠢᠴᠢ ᠪᠠᠶ᠋ᠢᠭᠤᠯᠵᠤ ᠪᠠᠶ᠋ᠢᠭ᠎ᠠ ᠪᠥᠬᠥ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠪᠠᠶ᠋ᠢᠳᠠᠯ ᠵᠡᠷᠭᠡ᠃
      ᠠᠷᠪᠠᠳᠤᠭ᠋ᠠᠷ ᠵᠦᠢ᠍ᠯ   ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠬᠦᠬᠢᠭᠦᠯᠦᠨ ᠱᠠᠩᠨᠠᠬᠤ ᠲᠥᠷᠥᠯ᠎ᠤᠨ ᠰᠠᠶ᠋ᠢᠨ ᠰᠠᠶ᠋ᠢᠬᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠎ᠳᠤ ᠭᠣᠤᠯᠳᠠᠭᠤ᠄
     (ᠨᠢᠭᠡ) ᠭᠡᠷ᠎ᠡ ᠵᠢ ᠵᠢᠱ᠌ᠢᠶᠡᠴᠢ᠎ᠪᠠᠷ ᠭᠦᠢ᠍ᠴᠡᠳᠬᠡᠵᠦ᠂ ᠦᠨᠡᠨᠴᠢ ᠢᠲᠡᠭᠡᠮᠵᠢᠲᠡᠶ᠎ᠪᠠᠷ ᠡᠵᠡᠩᠨᠡᠵᠦ᠂ ᠬᠤᠳᠠ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ᠎ᠯᠤᠭ᠎ᠠ ᠬᠣᠯᠪᠣᠭᠳᠠᠬᠤ ᠵᠠᠰᠠᠭ᠎ᠤᠨ ᠣᠷᠳᠣᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ ᠵᠢᠨ ᠬᠥᠬᠢᠭᠦᠯᠦᠯ ᠪᠠ ᠱᠠᠩᠨᠠᠯ᠎ᠢ ᠬᠥᠷᠳᠡᠭᠰᠡᠨ ᠮᠡᠳᠡᠭᠡ ᠵᠠᠩᠭᠢ;
     (ᠬᠣᠶᠠᠷ) ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠮᠤᠭ᠎ᠤᠨ ᠳᠡᠭᠡᠳᠦ ᠢᠲᠡᠭᠡᠮᠵᠢ ᠵᠢᠨ ᠳᠡᠰ (AA ᠳᠡᠰ) ᠵᠶ᠋ᠠᠷ ᠦᠨᠡᠯᠡᠭᠳᠡᠭᠰᠡᠨ ᠲᠡᠮᠳᠡᠭᠯᠡᠯ᠃
      ᠠᠷᠪᠠᠨ ᠨᠢᠭᠡᠳᠦᠭᠡᠷ ᠵᠦᠢ᠍ᠯ   ᠠᠵᠢᠯ ᠡᠷᠬᠢᠯᠡᠵᠤ ᠪᠠᠶ᠋ᠢᠭ᠎ᠠ ᠨᠢᠭᠡᠴᠢ ᠵᠢᠨ ᠮᠠᠭᠤ ᠥᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠎ᠳᠤ ᠭᠣᠣᠯᠳᠠᠭᠤ᠄
     (ᠨᠢᠭᠡ) ᠠᠵᠢᠯ ᠡᠷᠬᠢᠯᠡᠵᠦ ᠪᠠᠶ᠋ᠢᠭ᠎ᠠ ᠨᠢᠭᠡᠴᠢ᠎ᠨᠢ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠠᠵᠢᠯᠯᠠᠭ᠎ᠠ ᠬᠢᠬᠦ ᠵᠢᠴᠢ ᠢᠲᠡᠭᠡᠮᠵᠢ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠶᠠᠪᠤᠴᠠ᠎ᠳᠤ ᠬᠣᠯᠪᠣᠭᠳᠠᠯ ᠪᠥᠬᠥᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠪᠠᠷᠢᠮᠵᠢᠶ᠎ᠠ ᠵᠡᠷᠭᠡ ᠵᠢᠨ ᠱᠠᠭ᠋ᠠᠷᠳᠠᠯᠭ᠎ᠠ᠎ᠠᠴᠠ ᠵᠥᠷᠢᠴᠡᠵᠦ᠂ ᠬᠤᠳᠠ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ᠎ᠯᠤᠭ᠎ᠠ ᠬᠣᠯᠪᠣᠭᠳᠠᠬᠤ ᠵᠠᠰᠠᠭ᠎ᠤᠨ ᠣᠷᠳᠣᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠴᠢ ᠨᠡᠪᠲᠡᠷᠡᠭᠦᠯᠦᠨ ᠰᠢᠭᠦᠮᠵᠢᠯᠡᠭᠰᠡᠨ ᠮᠡᠳᠡᠭᠡ ᠵᠠᠩᠭᠢ;
     (ᠬᠣᠶᠠᠷ) ᠬᠠᠤᠯᠢ ᠴᠠᠭ᠋ᠠᠵᠠ ᠵᠢᠨ ᠪᠠᠶ᠋ᠢᠭᠤᠯᠭ᠎ᠠ᠂ ᠬᠢᠨᠠᠨ ᠪᠤᠳᠤᠬᠤ ᠰᠠᠯᠠᠭ᠎ᠠ ᠮᠥᠴᠢᠷ᠎ᠤᠨ ᠮᠠᠭ᠋ᠠᠳᠯᠠᠨ ᠲᠣᠭᠲᠠᠭ᠋ᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠮᠡᠳᠡᠭᠡ ᠵᠠᠩᠭᠢ;
     (ᠭᠤᠷᠪᠠ) ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠢᠲᠡᠭᠡᠮᠵᠢ ᠵᠢᠨ ᠬᠠᠮᠤᠭ᠎ᠤᠨ ᠳᠣᠣᠷ᠎ᠠ ᠲᠡᠰ (D ᠲᠡᠰ) ᠵᠶ᠋ᠠᠷ ᠦᠨᠡᠯᠡᠭᠳᠡᠭᠰᠡᠨ ᠲᠡᠮᠳᠡᠭᠯᠡᠯ᠃
      ᠠᠷᠪᠠᠨ ᠬᠣᠶᠠᠳᠤᠭ᠋ᠠᠷ ᠵᠦᠢ᠍ᠯ   ᠢᠲᠡᠭᠡᠮᠵᠢ ᠵᠢᠨ ᠦᠨᠡᠯᠡᠯᠲᠡ ᠵᠢᠨ ᠮᠡᠳᠡᠭᠡ ᠵᠠᠩᠭᠢ ᠪᠣᠯ ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠤ ᠨᠠᠶ᠋ᠢᠳᠠᠭᠰᠠᠨ ᠪᠠᠶ᠋ᠢᠭᠤᠯᠤᠮᠵᠢ᠎ᠠᠴᠠ ᠳᠦᠷᠦ ᠵᠢᠨ ᠶᠠᠪᠤᠳᠠᠯ᠎ᠤᠨ ᠬᠣᠷᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠠᠰᠠᠮᠠᠯ ᠵᠠᠮ᠎ᠢ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶ᠋ᠢᠴᠠᠭ᠋ᠠᠨ ᠬᠡᠮᠵᠢᠬᠦ ᠵᠡᠷᠭᠡ ᠠᠵᠤ ᠠᠬᠤᠶ᠋ᠢᠯᠠᠯ᠎ᠤᠨ ᠢᠲᠡᠭᠡᠮᠵᠢ ᠵᠢᠨ ᠦᠨᠡᠯᠡᠯᠲᠡ ᠵᠢᠨ ᠳᠦᠷᠢᠮ ᠶᠣᠰᠣᠭ᠋ᠠᠷ᠂ ᠵᠠᠰᠠᠮᠠᠯ ᠵᠠᠮ᠎ᠤᠨ ᠪᠦᠳᠦᠭᠡᠨ ᠪᠠᠶ᠋ᠢᠭᠤᠯᠤᠯᠲᠠ ᠵᠢᠨ ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠠᠵᠢᠯ ᠡᠷᠬᠢᠯᠡᠬᠦ ᠦᠢ᠍ᠯᠡ ᠠᠵᠢᠯᠯᠠᠭ᠎ᠠ ᠵᠢᠨ ᠪᠠᠶ᠋ᠢᠳᠠᠯ᠎ᠢ ᠦᠨᠡᠯᠡᠭᠰᠡᠨ ᠦᠷ᠎ᠡ ᠳ᠋ᠦᠩ ᠪᠣᠯᠤᠨ᠎ᠠ᠃
      ᠳᠥᠷᠪᠡᠳᠦᠭᠡᠷ ᠪᠦᠯᠦᠭ   ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠪᠠ ᠰᠢᠨᠡᠳᠬᠡᠬᠦ
      ᠠᠷᠪᠠᠨ ᠭᠤᠷᠪᠠᠳᠤᠭ᠋ᠠᠷ ᠵᠦᠢ᠍ᠯ   ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠳᠣᠤᠷᠠᠬᠢ ᠠᠷᠭ᠎ᠠ ᠮᠠᠶᠢᠭ ᠵᠶ᠋ᠠᠷ ᠴᠤᠭᠯᠠᠭᠤᠯᠵᠤ᠂ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠷᠢᠶᠠᠩᠭᠤᠶ᠋ᠢᠯᠠᠨ ᠪᠢᠴᠢᠵᠦ ᠣᠷᠣᠭᠤᠯᠤᠨ᠎ᠠ᠄
     (ᠨᠢᠭᠡ) ᠦᠨᠳᠦᠰᠦᠨ ᠮᠡᠳᠡᠭᠡ ᠵᠠᠩᠭᠢ ᠵᠢ ᠠᠵᠢᠯ ᠡᠷᠬᠢᠯᠡᠵᠦ ᠪᠠᠢ᠌ᠭ᠎ᠠ ᠨᠢᠭᠡᠴᠢ᠎ᠠᠴᠠ ᠲᠣᠭᠲᠠᠭ᠋ᠠᠯ ᠶᠣᠰᠣᠭ᠋ᠠᠷ ᠥᠪᠡᠷ ᠵᠶ᠋ᠠᠨ ᠲᠡᠮᠳᠡᠭᠯᠡᠵᠦ ᠲᠠᠭᠯᠠᠨ ᠮᠡᠳᠡᠭᠦᠯᠵᠦ᠂ ᠦᠨᠡᠨ ᠪᠣᠳᠠᠲᠤ ᠴᠢᠨᠠᠷ᠎ᠲᠤ ᠬᠠᠷᠢᠭᠤᠴᠠᠨ᠎ᠠ;
     (ᠬᠣᠶᠠᠷ) ᠬᠦᠬᠢᠭᠦᠯᠦᠨ ᠱᠠᠩᠨᠠᠬᠤ ᠲᠥᠷᠥᠯ᠎ᠤᠨ ᠰᠠᠢ᠍ᠢ᠍ᠨ ᠰᠠᠶ᠋ᠢᠬᠠᠨ ᠥᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠬᠤᠳᠠ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ᠎ᠯᠤᠭ᠎ᠠ ᠬᠣᠯᠪᠣᠭᠳᠠᠬᠤ ᠨᠢᠭᠡᠴᠢ ᠪᠤᠶᠤ ᠬᠣᠯᠪᠣᠭᠳᠠᠬᠤ ᠠᠵᠢᠯ ᠡᠷᠬᠢᠯᠡᠵᠦ ᠪᠠᠢ᠌ᠭ᠎ᠠ ᠨᠢᠭᠡᠴᠢ᠎ᠠᠴᠠ ᠬᠠᠩᠭ᠋ᠠᠨ᠎ᠠ᠃ ᠠᠵᠢᠯ ᠡᠷᠬᠢᠯᠡᠵᠦ ᠪᠠᠢ᠌ᠭ᠎ᠠ ᠨᠢᠭᠡᠴᠢ ᠡᠵᠡᠨ ᠮᠡᠳᠡᠵᠦ ᠬᠠᠩᠭ᠋ᠠᠭᠰᠠᠨ ᠪᠠᠶ᠋ᠢᠪᠠᠯ᠂ ᠬᠠᠮᠢᠶ᠎ᠠ ᠪᠥᠬᠥᠶ ᠬᠦᠬᠢᠭᠦᠯᠦᠨ ᠱᠠᠩᠨᠠᠬᠤ ᠵᠢ ᠨᠤᠲᠠᠯᠠᠭᠰᠠᠨ ᠪᠢᠴᠢᠭ ᠮᠠᠲ᠋ᠧᠷᠢᠶᠠᠯ᠎ᠢ ᠳᠠᠭ᠋ᠠᠯᠳᠤᠭᠤᠯᠬᠤ ᠬᠡᠷᠡᠭᠲᠡᠶ;
     (ᠭᠤᠷᠪᠠ) ᠮᠠᠭᠤ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠬᠤᠳᠠ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠣᠷᠣᠨ ᠨᠤᠲᠤᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ᠎ᠤᠨ ᠪᠦᠳᠦᠭᠡᠨ ᠪᠠᠶ᠋ᠢᠭᠤᠯᠤᠯᠲᠠ᠎ᠯᠤᠭ᠎ᠠ ᠬᠣᠯᠪᠣᠭᠳᠠᠬᠤ ᠨᠢᠭᠡᠴᠢ᠎ᠠᠴᠠ ᠬᠠᠩᠭ᠋ᠠᠨ᠎ᠠ;
     (ᠳᠥᠷᠪᠡ) ᠢᠲᠡᠭᠡᠮᠵᠢ ᠵᠢᠨ ᠦᠨᠡᠯᠡᠯᠲᠡ ᠵᠢᠨ ᠮᠡᠳᠡᠭᠡ ᠵᠠᠩᠭᠢ ᠵᠢ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠰ ᠲᠣᠰ ᠪᠢᠴᠢᠵᠦ ᠣᠷᠣᠭᠤᠯᠤᠨ᠎ᠠ᠃
      ᠠᠷᠪᠠᠨ ᠳᠥᠷᠪᠡᠳᠦᠭᠡᠷ ᠵᠦᠢ᠍ᠯ   ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠪᠤᠶᠤ ᠪᠥᠳᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠨᠢᠭᠡᠴᠢ᠎ᠠᠴᠠ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠪᠠᠶ᠋ᠢᠳᠠᠯ ᠬᠢᠭᠡᠳ ᠠᠵᠢᠯ ᠡᠷᠬᠢᠯᠡᠵᠤ ᠪᠠᠶ᠋ᠢᠭ᠎ᠠ ᠨᠢᠭᠡᠴᠢ ᠵᠢᠨ ᠡᠭᠦᠷᠭᠡᠯᠡᠬᠦ ᠲᠥᠷᠥᠯ ᠵᠦᠢ᠍ᠯ᠎ᠤᠨ ᠪᠠᠶ᠋ᠢᠳᠠᠯ᠂ ᠭᠡᠷ᠎ᠡ ᠵᠢ ᠭᠦᠢ᠍ᠴᠡᠳᠬᠡᠭᠰᠡᠨ ᠪᠠᠶ᠋ᠢᠳᠠᠯ᠎ᠢ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠠᠮᠢᠶ᠎ᠠ ᠪᠥᠬᠥᠢ ᠣᠷᠣᠨ ᠨᠤᠲᠤᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠵᠦ᠂ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠬᠢᠨ ᠬᠢᠨᠠᠭᠰᠠᠨ᠎ᠤ ᠲᠠᠷᠠᠭ᠎ᠠ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲᠸᠮ᠎ᠳᠤ ᠲᠡᠮᠳᠡᠭᠯᠡᠨ ᠣᠷᠣᠭᠤᠯᠬᠤ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ   ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠪᠤᠰᠤᠳ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠬᠠᠷᠢᠯᠴᠠᠭ᠎ᠠ᠎ᠪᠠᠨ ᠴᠢᠩᠭ᠋ᠠᠳᠬᠠᠵᠤ᠂ ᠢᠲᠡᠭᠡᠮᠵᠢ ᠵᠢᠨ ᠮᠡᠳᠡᠭᠡ ᠵᠠᠩᠭᠢ ᠵᠢᠨ ᠬᠣᠯᠪᠣᠯᠳᠤᠨ ᠨᠡᠪᠲᠡᠷᠡᠯᠴᠡᠬᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠠᠷᠭ᠎ᠠ ᠵᠠᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ᠂ ᠪᠦᠷᠢᠨ ᠪᠦᠲᠦᠨ᠂ ᠣᠨᠣᠪᠴᠢᠲᠠᠶ ᠴᠤᠭᠯᠠᠭᠤᠯᠬᠤ ᠵᠢ ᠪᠠᠲᠤᠯᠠᠨ᠎ᠠ᠃
      ᠠᠷᠪᠠᠨ ᠵᠢᠷᠭᠤᠳᠤᠭ᠋ᠠᠷ ᠵᠦᠢ᠍ᠯ   ᠪᠠᠷᠢᠯᠭ᠎ᠠ ᠵᠢᠨ ᠪᠠᠶ᠋ᠢᠭ᠎ᠠ ᠭᠠᠵᠠᠷ᠎ᠤᠨ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠭᠣᠣᠯ ᠠᠵᠢᠯ᠎ᠤᠨ ᠠᠮᠵᠢᠯᠲᠠ ᠪᠠ ᠪᠠᠶ᠋ᠢᠭᠤᠯᠵᠤ ᠪᠠᠶ᠋ᠢᠭ᠎ᠠ ᠵᠦᠢ᠍ᠯᠡᠰ᠎ᠤᠨ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠢ ᠬᠥᠳᠡᠯᠦᠩᠭᠦᠶ᠎ᠪᠠᠷ ᠬᠢᠨᠠᠨ ᠬᠠᠷᠭᠤᠭᠤᠯᠬᠤ ᠵᠢᠨ ᠬᠠᠮᠲᠤ᠂ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠴᠤ ᠰᠢᠢ᠍ᠳᠪᠦᠷᠢᠯᠡᠬᠦ ᠵᠢ ᠬᠠᠷᠢᠭᠤᠴᠠᠨ᠎ᠠ᠃ ᠠᠵᠢᠯ ᠡᠷᠭᠢᠯᠡᠵᠦ ᠪᠠᠶ᠋ᠢᠭ᠎ᠠ ᠨᠢᠭᠡᠴᠢ ᠵᠢᠨ ᠳᠠᠩᠰᠠᠯᠠᠭᠤᠯᠤᠭᠰᠠᠨ ᠭᠠᠵᠠᠷ᠎ᠤᠨ ᠮᠤᠵᠢ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠤᠰᠤᠳ ᠦᠨᠳᠦᠰᠦᠨ ᠮᠡᠳᠡᠭᠡ ᠵᠠᠩᠭᠢ ᠵᠢ ᠬᠥᠳᠡᠯᠦᠩᠭᠦᠶ᠎ᠪᠠᠷ ᠬᠢᠨᠠᠨ ᠬᠠᠷᠭᠤᠭᠤᠯᠬᠤ ᠵᠢᠨ ᠬᠠᠮᠲᠤ᠂ ᠢᠯᠡᠴᠢᠯᠡᠨ ᠮᠡᠳᠡᠭᠦᠯᠦᠭᠰᠡᠨ᠎ᠢ ᠭᠥᠯᠢᠶᠡᠨ ᠠᠪᠴᠤ ᠰᠢᠢ᠍ᠳᠪᠦᠷᠢᠯᠡᠬᠦ ᠵᠢ ᠬᠠᠷᠢᠭᠤᠴᠠᠨ᠎ᠠ᠃
      ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠴᠥᠮ ᠠᠵᠢᠯ ᠡᠷᠬᠢᠯᠡᠵᠤ ᠪᠠᠶ᠋ᠢᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ ᠵᠢ ᠲᠠᠬᠢᠨ ᠬᠢᠨᠠᠵᠤ᠂ ᠪᠠᠶ᠋ᠢᠴᠠᠭ᠋ᠠᠵᠤ ᠪᠣᠯᠤᠨ᠎ᠠ᠃
      ᠠᠷᠪᠠᠨ ᠳᠣᠯᠣᠳᠤᠭ᠋ᠠᠷ ᠵᠦᠢ᠍ᠯ   ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ᠎ᠨᠢ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠣᠨᠢᠰᠤᠯᠠᠭᠳᠠᠭᠰᠠᠨ ᠪᠠᠶ᠋ᠢᠳᠠᠯ᠎ᠳᠤ ᠪᠠᠶ᠋ᠢᠵᠤ᠂ ᠬᠤᠪᠢᠷᠠᠯᠲᠠ ᠭᠠᠷᠤᠭᠰᠠᠨ ᠪᠠᠶ᠋ᠢᠪᠠᠯ᠂ 10 ᠠᠵᠢᠯᠯᠠᠬᠤ ᠡᠳᠦᠷ᠎ᠤᠨ ᠳᠣᠲᠣᠷ᠎ᠠ ᠵᠣᠬᠢᠬᠤ ᠮᠡᠳᠡᠭᠡ ᠵᠠᠩᠭᠢ ᠵᠢ ᠨᠡᠶ᠋ᠢᠲᠡᠯᠡᠬᠦ ᠵᠢ ᠬᠠᠷᠢᠭᠤᠴᠠᠵᠤ ᠪᠠᠶ᠋ᠢᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ   ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠭᠰᠠᠨ᠎ᠤ ᠳᠠᠷᠠᠭ᠎ᠠ ᠰᠢᠨᠡᠳᠭᠡᠵᠦ ᠦᠭᠭᠦᠨ᠎ᠡ᠃
      ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠪᠤᠰᠤᠳ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠮᠡᠳᠡᠭᠦᠯᠦᠨ ᠬᠦᠷᠭᠡᠬᠦ᠂ ᠴᠠᠭ ᠲᠤᠬᠠᠶ᠎ᠳᠤ᠎ᠨᠢ ᠳᠠᠬᠢᠨ ᠬᠢᠨᠠᠬᠤ᠂ ᠴᠠᠭ ᠲᠤᠬᠠᠶ᠎ᠳᠤ᠎ᠨᠢ ᠰᠢᠨᠡᠳᠬᠡᠬᠦ ᠵᠠᠷᠴᠢᠮ ᠶᠣᠰᠣᠭ᠋ᠠᠷ᠂ ᠬᠥᠳᠡᠯᠦᠩᠭᠦᠶ᠎ᠪᠠᠷ ᠰᠢᠨᠡᠳᠬᠡᠬᠦ ᠵᠢ ᠪᠡᠶᠡᠯᠡᠭᠦᠯᠦᠨ᠎ᠡ᠃
      ᠠᠷᠪᠠᠨ ᠨᠠᠢ᠍ᠮᠠᠳᠤᠭ᠋ᠠᠷ ᠵᠦᠢ᠍ᠯ   ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠮᠠᠯ ᠵᠠᠮ᠎ᠤᠨ ᠪᠦᠳᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠲᠤᠰᠬᠠᠶ ᠬᠥᠮᠦᠨ ᠵᠢᠭ᠋ᠠᠨ ᠲᠣᠭᠲᠠᠭ᠋ᠠᠬᠤ ᠪᠤᠶᠤ ᠲᠤᠰᠬᠠᠶ ᠪᠠᠶ᠋ᠢᠭᠤᠯᠤᠮᠵᠢ᠎ᠳᠤ ᠨᠠᠶ᠋ᠢᠳᠠᠵᠤ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠭᠤᠯᠵᠤ᠂ ᠵᠠᠰᠠᠮᠠᠯ ᠵᠠᠮ᠎ᠤᠨ ᠪᠦᠳᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠰᠢᠨᠡᠳᠬᠡᠬᠦ ᠵᠢ ᠪᠠᠲᠤᠯᠠᠨ᠎ᠠ᠃
      ᠲᠠᠪᠤᠳᠤᠭ᠋ᠠᠷ ᠪᠦᠯᠦᠭ   ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠪᠠ ᠬᠠᠮᠢᠶᠠᠷᠬᠤ
      ᠠᠷᠪᠠ ᠶᠢᠰᠦᠳᠦᠭᠡᠷ ᠵᠦᠢ᠍ᠯ   ᠮᠤᠵᠢ ᠵᠢᠨ ᠱᠠᠲᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠵᠶ᠋ᠠᠷ ᠳᠠᠮᠵᠢᠭᠤᠯᠤᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠣᠬᠠᠢ᠎ᠳᠤ᠎ᠨᠢ ᠨᠡᠢ᠌ᠲᠡᠯᠡᠨ᠎ᠡ᠃
      ᠬᠣᠷᠢᠳᠤᠭ᠋ᠠᠷ ᠵᠦᠢ᠍ᠯ   ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲᠸᠮ᠎ᠢ ᠶᠠᠮᠤᠨ᠂ ᠮᠤᠵᠢ ᠬᠣᠶᠠᠷ ᠱᠠᠳᠤ᠎ᠪᠠᠷ ᠪᠠᠶ᠋ᠢᠭᠤᠯᠤᠨ᠎ᠠ᠃ ᠮᠤᠵᠢ ᠵᠢᠨ ᠱᠠᠲᠤᠨ᠎ᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ   ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠵᠠᠯᠭ᠋ᠠᠭ᠋ᠠᠳᠠᠰᠤ ᠵᠢᠨ ᠪᠠᠷᠢᠮᠵᠢᠶ᠎ᠠ᠎ᠪᠠᠷ ᠪᠥᠬᠥ ᠤᠯᠤᠰ᠎ᠤᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠯᠦᠭᠡ ᠵᠣᠯᠭ᠋ᠠᠭᠤᠯᠵᠤ᠂ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠦᠨ᠎ᠡ᠃
      ᠬᠣᠷᠢᠨ ᠨᠢᠭᠡᠳᠦᠭᠡᠷ ᠵᠦᠢ᠍ᠯ   ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ᠎ᠳᠤ᠎ᠪᠠᠨ ᠠᠵᠢᠯ ᠡᠷᠬᠢᠯᠡᠵᠤ ᠪᠠᠶ᠋ᠢᠭ᠎ᠠ   ᠨᠢᠭᠡᠴᠢ ᠵᠢᠨ ᠬᠤᠳᠠᠯᠳᠤᠭ᠋ᠠᠨ᠎ᠤ ᠨᠢᠭᠤᠴᠠ ᠪᠣᠯᠤᠨ ᠠᠵᠢᠯ ᠡᠷᠬᠢᠯᠡᠭᠰᠡᠳ᠎ᠤᠨ ᠬᠤᠪᠢ ᠬᠥᠮᠦᠨ᠎ᠤ ᠨᠢᠭᠤᠴᠠ ᠵᠢ ᠬᠠᠮᠠᠭ᠋ᠠᠯᠠᠬᠤ ᠬᠡᠷᠡᠭᠲᠡᠶ᠂ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠵᠤ ᠪᠣᠯᠬᠤ ᠥᠭᠡᠢ᠃ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠦᠨᠳᠦᠰᠦᠨ ᠳᠠᠩᠰᠠᠨ ᠡᠷᠦᠬᠡ ᠵᠡᠷᠭᠡ ᠬᠤᠳᠠᠯᠳᠤᠭ᠋ᠠᠨ᠎ᠤ ᠮᠡᠳᠡᠭᠡ ᠵᠠᠩᠭᠢ ᠵᠢ ᠵᠥᠪᠬᠡᠨ ᠵᠠᠮ ᠬᠠᠷᠢᠯᠴᠠᠭ᠎ᠠ ᠲᠡᠭᠡᠭᠡᠪᠦᠷᠢ ᠵᠢᠨ   ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ᠎ᠳᠤ ᠬᠡᠷᠡᠭᠯᠡᠬᠦ᠎ᠠᠴᠠ ᠪᠢᠰᠢ᠂ ᠭᠠᠳᠠᠭᠰᠢ ᠨᠡᠶ᠋ᠢᠲᠡᠯᠡᠬᠦ ᠦᠭᠡᠢ᠃
      ᠬᠣᠷᠢᠨ ᠬᠣᠶᠠᠳᠤᠭ᠋ᠠᠷ ᠵᠦᠢ᠍ᠯ   ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠬᠤᠭᠤᠴᠠᠭ᠎ᠠ ᠬᠢᠵᠠᠭ᠋ᠠᠷ ᠵᠢ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠲᠣᠭᠲᠠᠭ᠋ᠠᠨ᠎ᠠ᠄
     (ᠨᠢᠭᠡ) ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ ᠵᠢ ᠨᠡᠶ᠋ᠢᠲᠡᠯᠡᠬᠦ ᠬᠤᠭᠤᠴᠠᠭ᠎ᠠ ᠬᠢᠵᠠᠭ᠋ᠠᠷ᠎ᠨᠢ ᠤᠷᠳᠤ ᠬᠤᠭᠤᠴᠠᠭ᠎ᠠ;
     (ᠬᠣᠶᠠᠷ) ᠬᠦᠬᠢᠭᠦᠯᠦᠨ ᠱᠠᠩᠨᠠᠬᠤ ᠲᠥᠷᠥᠯ᠎ᠤᠨ ᠰᠠᠶ᠋ᠢᠨ ᠰᠠᠶ᠋ᠢᠬᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠂ ᠮᠠᠭᠤ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠬᠤᠭᠤᠴᠠᠭ᠎ᠠ ᠬᠢᠵᠠᠭ᠋ᠠᠷ᠎ᠨᠢ 2 ᠵᠢᠯ᠂ ᠢᠲᠡᠭᠡᠮᠵᠢ ᠵᠢᠨ ᠦᠨᠡᠯᠡᠯᠲᠡ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠬᠤᠭᠤᠴᠠᠭ᠎ᠠ ᠬᠢᠵᠠᠭ᠋ᠠᠷ᠎ᠨᠢ 1 ᠵᠢᠯ᠂ ᠬᠤᠭᠤᠴᠠᠭ᠎ᠠ ᠳᠦᠭᠦᠷᠦᠭᠰᠡᠨ᠎ᠤ ᠳᠠᠷᠠᠭ᠎ᠠ ᠰᠢᠰᠲ᠋ᠧᠮ᠎ᠨᠢ ᠠᠶᠠᠨᠳᠠᠭ᠋ᠠᠨ ᠨᠡᠶ᠋ᠢᠲᠡᠯᠡᠬᠦ᠎ᠪᠠᠨ ᠪᠤᠯᠢᠵᠤ᠂ ᠰᠢᠰᠲ᠋ᠧᠮ᠎ᠤᠨ ᠲᠠᠩᠰᠠ ᠡᠪᠬᠡᠮᠡᠯ᠎ᠤᠨ ᠮᠡᠳᠡᠭᠡ ᠵᠠᠩᠭᠢ ᠪᠣᠯᠭ᠋ᠠᠨ ᠬᠤᠪᠢᠷᠠᠭᠤᠯᠤᠨ᠎ᠠ᠃
      ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠤᠭᠤᠴᠠᠭ᠎ᠠ ᠳᠦᠭᠦᠷᠦᠭᠡᠳᠦᠶ ᠮᠠᠭᠤ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠤᠭᠤᠴᠠᠭ᠎ᠠ ᠳᠦᠭᠦᠷᠲᠡᠯ᠎ᠡ ᠤᠷᠲᠤᠳᠬᠠᠨ᠎ᠠ᠃
      ᠳᠡᠭᠡᠷ᠎ᠡ ᠳᠤᠷᠠᠳᠤᠭᠰᠠᠨ ᠬᠤᠭᠤᠴᠠᠭ᠎ᠠ ᠬᠢᠵᠠᠭ᠋ᠠᠷ ᠵᠢ ᠴᠥᠮ ᠵᠣᠬᠢᠴᠠᠩᠭᠤᠶ ᠦᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠭᠰᠠᠨ ᠪᠤᠶᠤ ᠵᠣᠬᠢᠬᠤ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠵᠦ ᠪᠤᠳᠤᠨ᠎ᠠ᠃
      ᠬᠣᠷᠢᠨ ᠭᠤᠷᠪᠠᠳᠤᠭ᠋ᠠᠷ ᠵᠦᠢ᠍ᠯ   ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ᠎ᠨᠢ ᠨᠡᠶ᠋ᠢᠭᠡᠮ᠎ᠤᠨ ᠬᠢᠨᠠᠯᠲᠠ ᠵᠢ ᠬᠦᠯᠢᠶᠡᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠠᠵᠢᠯ ᠡᠷᠬᠢᠯᠡᠵᠤ ᠪᠠᠶ᠋ᠢᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ᠎ᠨᠢ ᠬᠤᠳᠠᠯ ᠬᠠᠭᠤᠷᠮᠠᠭ ᠪᠠᠶ᠋ᠢᠬᠤ ᠵᠢ ᠣᠯᠵᠤ ᠮᠡᠳᠡᠪᠡᠯ᠂ ᠴᠥᠮ ᠠᠵᠢᠯ ᠡᠷᠬᠢᠯᠡᠵᠤ ᠪᠠᠶ᠋ᠢᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ ᠵᠢ ᠨᠡᠶ᠋ᠢᠲᠡᠯᠡᠬᠦ ᠵᠢ ᠬᠠᠷᠢᠭᠤᠴᠠᠵᠤ ᠪᠠᠶ᠋ᠢᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ ᠪᠣᠯᠤᠨ᠎ᠠ᠃
      ᠬᠣᠷᠢᠨ ᠳᠥᠷᠪᠡᠳᠦᠭᠡᠷ ᠵᠦᠢ᠍ᠯ   ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠵᠢᠯ ᠡᠷᠬᠢᠯᠡᠵᠦ ᠪᠠᠶ᠋ᠢᠭ᠎ᠠ ᠨᠢᠭᠡᠴᠢ ᠵᠢᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ᠎ᠨᠢ ᠬᠤᠳᠠᠯ ᠬᠠᠭᠤᠷᠮᠠᠭ ᠪᠠᠶ᠋ᠢᠬᠤ ᠵᠢ ᠪᠠᠶ᠋ᠢᠴᠠᠭ᠋ᠠᠨ ᠲᠤᠳᠤᠯᠠᠭᠰᠠᠨ ᠪᠠᠶ᠋ᠢᠪᠠᠯ᠂ ᠳᠠᠷᠤᠶ ᠮᠠᠭᠤ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ᠎ᠳᠤ ᠵᠢᠭᠰᠠᠭ᠋ᠠᠨ ᠣᠷᠣᠭᠤᠯᠬᠤ ᠵᠢᠨ ᠬᠠᠮᠲᠤ᠂ ᠬᠠᠮᠢᠶ᠎ᠠ ᠪᠦᠬᠦᠢ ᠦᠨᠡᠯᠡᠬᠦ ᠲᠦᠷᠢᠮ᠎ᠤᠨ ᠶᠣᠰᠣᠭ᠋ᠠᠷ ᠲᠡᠭᠦᠨ᠎ᠤ ᠢᠲᠡᠭᠡᠮᠵᠢ ᠵᠢᠨ ᠦᠨᠡᠯᠡᠯᠲᠡ ᠵᠢᠨ ᠣᠯᠤᠭᠰᠠᠨ ᠬᠤᠪᠢ ᠵᠢ ᠬᠠᠰᠤᠨ᠎ᠠ᠃
      ᠬᠣᠷᠢᠨ ᠲᠠᠪᠤᠳᠤᠭ᠋ᠠᠷ ᠵᠦᠢ᠍ᠯ   ᠠᠵᠢᠯ ᠡᠷᠬᠢᠯᠡᠵᠤ ᠪᠠᠶ᠋ᠢᠭ᠎ᠠ ᠨᠢᠭᠡᠴᠢ᠎ᠠᠴᠠ ᠨᠡᠶ᠋ᠢᠲᠡᠯᠡᠭᠰᠡᠨ ᠢᠲᠡᠭᠡᠮᠵᠢ ᠵᠢᠨ ᠮᠡᠳᠡᠭᠡ ᠵᠠᠩᠭᠢ ᠵᠢ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠥᠭᠡᠢ ᠭᠡᠵᠦ ᠦᠵᠡᠪᠡᠯ᠂ ᠵᠣᠬᠢᠬᠤ ᠮᠡᠳᠡᠭᠡ ᠵᠠᠩᠭᠢ ᠵᠢ ᠨᠡᠶ᠋ᠢᠲᠡᠯᠡᠬᠦ ᠵᠢ ᠬᠠᠷᠢᠭᠤᠴᠠᠵᠤ ᠪᠠᠶ᠋ᠢᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠤᠪᠢᠷᠠᠭᠤᠯᠬᠤ ᠭᠤᠶᠤᠴᠢᠯᠠᠯ ᠵᠶ᠋ᠠᠨ ᠴᠠᠭ ᠲᠤᠬᠠᠶ᠎ᠳᠤ᠎ᠨᠢ ᠳᠤᠷᠠᠳᠴᠤ᠂ ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠵᠢ ᠬᠠᠷᠢᠭᠤᠴᠠᠵᠤ ᠪᠠᠶ᠋ᠢᠭ᠎ᠠ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ 10 ᠠᠵᠢᠯᠯᠠᠬᠤ ᠡᠳᠦᠷ᠎ᠤᠨ ᠳᠣᠲᠣᠷ᠎ᠠ ᠰᠢᠢ᠍ᠳᠪᠦᠷᠢᠯᠡᠬᠦ ᠵᠢᠨ ᠬᠠᠮᠲᠤ᠂ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠶ᠃
      ᠬᠣᠷᠢᠨ ᠵᠢᠷᠭᠤᠳᠤᠭ᠋ᠠᠷ ᠵᠦᠢ᠍ᠯ   ᠪᠦᠬᠦ ᠤᠯᠤᠰ᠎ᠤᠨ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠨᠡᠶ᠋ᠢᠲᠡᠯᠡᠭᠰᠡᠨ ᠠᠵᠢᠯ ᠡᠷᠬᠢᠯᠡᠵᠦ ᠪᠠᠢ᠌ᠭ᠎ᠠ ᠨᠢᠭᠡᠴᠢ ᠵᠢᠨ ᠦᠨᠳᠦᠰᠦᠨ ᠮᠡᠳᠡᠭᠡ ᠵᠠᠩᠭᠢ ᠪᠣᠯ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠵᠡᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠷᠢ ᠭᠡᠮ᠎ᠲᠠᠢ ᠠᠵᠤ ᠠᠬᠤᠶ᠋ᠢᠯᠠᠯ᠎ᠤᠨ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠬᠢᠨᠠᠨ ᠪᠠᠶ᠋ᠢᠴᠠᠭ᠋ᠠᠵᠤ ᠬᠢᠨᠠᠨ ᠵᠥᠪᠰᠢᠶᠡᠷᠡᠬᠦ ᠰᠠᠭᠤᠷᠢ ᠮᠠᠲ᠋ᠧᠷᠢᠶᠠᠯ ᠪᠣᠯᠤᠨ᠎ᠠ᠃ ᠠᠵᠤ ᠠᠬᠤᠶ᠋ᠢᠯᠠᠯ᠎ᠤᠳ ᠵᠠᠰᠠᠮᠠᠯ ᠵᠠᠮ᠎ᠤᠨ ᠪᠠᠷᠢᠯᠭ᠎ᠠ ᠵᠢᠨ ᠬᠢᠷᠢ ᠬᠡᠮ᠎ᠢ ᠬᠢᠨᠠᠨ ᠪᠠᠶ᠋ᠢᠴᠠᠭ᠋ᠠᠬᠤ ᠪᠠ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠬᠤ᠎ᠳᠤ᠎ᠪᠠᠨ᠂ ᠬᠣᠯᠪᠣᠭᠳᠠᠯ ᠪᠥᠬᠥᠶ ᠠᠵᠢᠯ᠎ᠤᠨ ᠠᠮᠵᠢᠯᠲᠠ᠂ ᠭᠣᠤᠯ ᠪᠣᠯᠬᠤ ᠠᠵᠢᠯᠳᠠᠨ᠎ᠤ ᠬᠢᠷᠢ ᠬᠡᠮ᠎ᠢ ᠭᠡᠷᠡᠴᠢᠯᠡᠬᠦ ᠮᠠᠲ᠋ᠧᠷᠢᠶᠠᠯ᠎ᠤᠨ ᠪᠠᠭᠤᠯᠭ᠋ᠠᠪᠤᠷᠢ ᠵᠢ ᠳᠠᠭᠢᠵᠤ ᠲᠤᠰᠢᠶᠠᠬᠤ ᠥᠬᠡᠶ ᠪᠠᠶ᠋ᠢᠵᠤ ᠪᠣᠯᠤᠨ᠎ᠠ᠂ ᠪᠥᠬᠥ ᠤᠯᠤᠰ᠎ᠤᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠠᠬᠢ ᠬᠠᠮᠢᠶ᠎ᠠ ᠪᠥᠬᠥᠶ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠵᠦ ᠪᠣᠯᠤᠨ᠎ᠠ᠃
      ᠪᠥᠬᠥ ᠤᠯᠤᠰ᠎ᠤᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠲᠡᠮᠳᠡᠭᠯᠡᠭᠰᠡᠨ ᠥᠬᠡᠶ ᠠᠵᠢᠯ ᠡᠷᠬᠢᠯᠡᠵᠦ ᠪᠠᠢ᠌ᠭ᠎ᠠ ᠨᠢᠭᠡᠴᠢ᠂ ᠠᠵᠢᠯ᠎ᠤᠨ ᠠᠮᠵᠢᠯᠲᠠ ᠪᠠ ᠭᠣᠤᠯ ᠪᠣᠯᠬᠤ ᠢᠨᠵᠧᠨᠧᠷᠢᠩ᠎ᠤᠨ ᠮᠡᠷᠭᠡᠵᠢᠯ᠎ᠤᠨ ᠠᠵᠢᠯᠲᠠᠨ᠎ᠢ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠬᠤ᠎ᠳᠤ ᠮᠠᠭ᠋ᠠᠳᠯᠠᠨ ᠲᠣᠭᠲᠠᠭ᠋ᠠᠬᠤ ᠥᠬᠡᠶ ᠪᠠᠶ᠋ᠢᠵᠤ ᠪᠣᠯᠤᠨ᠎ᠠ᠃
      ᠳᠡᠭᠡᠷ᠎ᠡ ᠳᠤᠷᠠᠳᠤᠭᠰᠠᠨ ᠪᠣᠳᠠᠲᠠᠶ ᠱᠠᠭ᠋ᠠᠷᠳᠠᠯᠭ᠎ᠠ ᠵᠢ ᠳᠠᠭ᠋ᠠᠭ᠋ᠠᠴᠢᠯᠠᠯᠲᠠ ᠵᠠᠷᠯᠠᠭᠴᠢ᠎ᠠᠴᠠ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠳᠤ᠎ᠪᠠᠨ ᠲᠣᠭᠲᠠᠭ᠋ᠠᠨ᠎ᠠ᠃
      ᠬᠣᠷᠢᠨ ᠳᠣᠯᠣᠳᠤᠭ᠋ᠠᠷ ᠵᠦᠢ᠍ᠯ   ᠮᠤᠵᠢ ᠵᠢᠨ ᠱᠠᠲᠤᠨ᠎ᠤ ᠵᠠᠰᠠᠮᠠᠯ ᠵᠡᠮ᠎ᠤᠨ ᠪᠦᠳᠦᠭᠡᠠ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠯᠲᠡ ᠵᠢᠨ ᠲᠤᠬᠠᠶ ᠲᠣᠭᠲᠠᠭ᠋ᠠᠯ᠎ᠢ ᠮᠤᠵᠢ ᠵᠢᠨ ᠱᠠᠲᠤᠨ᠎ᠤ ᠵᠡᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠦᠴᠢᠷ ᠲᠣᠭᠲᠠᠭ᠋ᠠᠨ᠎ᠠ᠃
      ᠬᠣᠷᠢᠨ ᠨᠠᠢ᠍ᠮᠠᠳᠤᠭ᠋ᠠᠷ ᠵᠦᠢ᠍ᠯ   ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲᠸᠮ᠎ᠢ ᠭᠦᠢ᠍ᠴᠡᠳ ᠠᠰᠢᠭᠯᠠᠨ᠂ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠢᠲᠡᠭᠡᠮᠵᠢ ᠰᠠᠶ᠋ᠢᠲᠠᠶ ᠠᠵᠢᠯ ᠡᠷᠬᠢᠯᠡᠵᠦ ᠪᠠᠢ᠌ᠭ᠎ᠠ ᠨᠢᠭᠡᠴᠢ᠎ᠳᠤ ᠳᠠᠭ᠋ᠠᠭ᠋ᠠᠴᠢᠯᠠᠯᠲᠠ ᠬᠦᠯᠢᠶᠡᠬᠦ ᠲᠣᠭ᠎ᠠ ᠬᠡᠮᠵᠢᠶ᠎ᠡ᠂ ᠬᠢᠷᠢ ᠬᠡᠮ᠎ᠤᠨ ᠬᠢᠨᠠᠨ ᠪᠠᠶ᠋ᠢᠴᠠᠭ᠋ᠠᠯᠲᠠ᠂ ᠭᠡᠷ᠎ᠡ ᠭᠦᠢ᠍ᠴᠡᠳᠭᠡᠬᠦ ᠳᠠᠭ᠋ᠠᠭ᠋ᠠᠯᠲᠠ ᠵᠢᠨ ᠵᠣᠭᠣᠰ᠎ᠤᠨ ᠲᠣᠭ᠎ᠠ᠂ ᠶᠠᠰᠤ ᠴᠢᠨᠠᠷ᠎ᠤᠨ ᠪᠠᠲᠤᠯᠠᠭ᠎ᠠ ᠵᠢᠨ ᠵᠣᠭᠣᠰ᠎ᠤᠨ ᠲᠣᠭ᠎ᠠ ᠵᠡᠷᠭᠡ ᠲᠠᠯ᠎ᠠ᠎ᠪᠠᠷ ᠬᠠᠷᠠᠭ᠋ᠠᠯᠵᠠᠯ ᠪᠠ ᠱᠠᠩᠨᠠᠯ ᠣᠯᠭᠣᠵᠤ᠂ ᠢᠲᠡᠭᠡᠮᠵᠢ ᠵᠢᠨ ᠵᠡᠷᠭᠡ ᠳᠡᠰ ᠵᠶ᠋ᠠᠷ ᠳᠣᠤᠷ᠎ᠠ ᠪᠠ ᠮᠠᠭᠤ ᠦᠢ᠍ᠯᠡ ᠠᠵᠢᠯᠯᠠᠭ᠎ᠠ᠎ᠪᠠᠷ ᠨᠡᠯᠢᠶᠡᠳ ᠣᠯᠠᠨ ᠠᠵᠢᠯ ᠡᠷᠬᠢᠯᠡᠵᠦ ᠪᠠᠢ᠌ᠭ᠎ᠠ ᠨᠢᠭᠡᠴᠢ ᠵᠢ ᠭᠣᠤᠯᠳᠠᠯᠭ᠎ᠠ᠎ᠲᠠᠢ ᠬᠢᠨᠠᠨ ᠬᠠᠮᠢᠶᠠᠷᠴᠤ᠂ ᠠᠳᠠᠯᠢ ᠪᠤᠰᠤ ᠦᠢ᠍ᠯᠡ ᠪᠠᠶ᠋ᠢᠳᠠᠯ᠎ᠢ ᠦᠨᠳᠦᠰᠦᠯᠡᠨ ᠬᠢᠵᠠᠭ᠋ᠠᠷᠯᠠᠬᠤ ᠨᠥᠬᠥᠴᠡᠯ ᠳᠤᠷᠠᠳᠤᠨ᠎ᠠ᠃
      ᠬᠣᠷᠢ ᠶᠢᠰᠦᠳᠦᠭᠡᠷ ᠵᠦᠢ᠍ᠯ   ᠮᠤᠵᠢ ᠵᠢᠨ ᠱᠠᠳᠤ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠳᠡᠯᠦᠩᠭᠦᠶ ᠬᠠᠮᠢᠶᠠᠷᠤᠯᠲᠠ ᠵᠢᠨ ᠳᠤᠮᠳᠠ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶ᠋ᠢᠴᠠᠭ᠋ᠠᠨ ᠬᠡᠮᠵᠢᠬᠦ ᠵᠡᠷᠭᠡ ᠨᠢᠭᠡᠴᠢ ᠵᠢᠨ ᠠᠵᠢᠯᠳᠠᠨ᠎ᠤ ᠠᠵᠢᠯ᠎ᠤᠨ ᠠᠮᠵᠢᠯᠲᠠ ᠵᠡᠷᠭᠡ ᠵᠢᠨ ᠭᠦᠢ᠍ᠴᠡᠳᠬᠡᠬᠦ ᠲᠣᠭ᠎ᠠ᠎ᠨᠢ ᠬᠠᠮᠢᠶ᠎ᠠ ᠪᠦᠬᠦᠢ ᠬᠢᠷᠢ ᠬᠡᠮ᠂ ᠬᠢᠷᠢ ᠬᠡᠮ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠠᠴᠠ ᠳᠣᠣᠷ᠎ᠠ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠵᠢᠷᠭᠤᠳᠤᠭ᠋ᠠᠷ ᠪᠦᠯᠦᠭ   ᠳᠠᠭ᠋ᠠᠯᠳᠤᠭᠤᠯᠤᠭᠰᠠᠨ ᠲᠦᠷᠢᠮ
      ᠭᠤᠴᠢᠳᠤᠭ᠋ᠠᠷ ᠵᠦᠢ᠍ᠯ   ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠲᠤ ᠠᠵᠢᠯ ᠡᠷᠭᠢᠯᠡᠬᠦ ᠬᠢᠷᠢ ᠬᠡᠮ᠎ᠤᠨ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠡᠯ᠎ᠡ ᠲᠥᠷᠥᠯ᠎ᠤᠨ ᠠᠵᠢᠯ ᠡᠷᠭᠢᠯᠡᠭᠰᠡᠳ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠲᠣᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
      ᠭᠤᠴᠢᠨ ᠨᠢᠭᠡᠳᠦᠭᠡᠷ ᠵᠦᠢ᠍ᠯ   ᠲᠤᠰ ᠠᠷᠭ᠎ᠠ ᠵᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠭᠤᠴᠢᠨ ᠬᠣᠶᠠᠳᠤᠭ᠋ᠠᠷ ᠵᠦᠢ᠍ᠯ   ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

                        ᠰᠢᠯᠵᠢᠭᠦᠯᠦᠨ ᠨᠡᠶ᠋ᠢᠲᠡᠯᠡᠬᠦ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠦᠯᠵᠢᠶ᠎ᠡ

      ᠪᠢᠴᠢᠭ ᠮᠠᠲ᠋ᠧᠷᠢᠶᠠᠯ ᠪᠠᠭᠤᠯᠭ᠋ᠠᠬᠤ᠄ 《ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠮᠡᠳᠡᠭᠳᠡᠯ
     
ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠄ 《〈ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠮᠡᠳᠡᠭᠳᠡᠯ》᠎ᠤᠨ ᠲᠠᠶ᠋ᠢᠯᠤᠮᠵᠢ

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠲᠣᠭᠲᠠᠭ᠋ᠠᠯ (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠵᠠᠷᠯᠢᠭ 2022 ᠣᠨ᠎ᠤ 10 ᠳ᠋ᠤᠭ᠋ᠠᠷ ᠲᠣᠭ᠋ᠠᠲᠤ)
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ
ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
 
            