ᠡᠯ᠎ᠡ ᠠᠶ᠋ᠢᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠲᠢᠩᠬᠢᠮ᠎ᠤᠨ ᠰᠢᠭᠤᠳ ᠬᠠᠷᠢᠶ᠎ᠠ ᠬᠣᠯᠪᠣᠭᠳᠠᠯ ᠪᠥᠬᠥᠶ ᠨᠢᠭᠡᠴᠢ᠎ᠳᠤ᠄
《ᠠᠶᠤᠯᠭᠦᠶ ᠦᠢ᠍ᠯᠡᠳᠪᠦᠷᠢᠯᠡᠯ᠎ᠤᠨ ᠬᠠᠤᠯᠢ》 ᠵᠢ ᠭᠦᠨᠵᠡᠭᠡᠶ ᠲᠣᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠬᠤ ᠵᠢᠨ ᠲᠦᠯᠦᠭᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠦᠨᠡᠯᠡᠬᠦ ᠬᠠᠮᠢᠶᠠᠷᠤᠯᠲᠠ ᠵᠢᠨ ᠠᠷᠭ᠎ᠠ》 (ᠰᠢᠨ᠎ᠡ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ)᠂ 《ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ ᠠᠬᠢᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠶᠤᠯᠭᠦᠶ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ᠎ᠤᠨ ᠮᠡᠳᠡᠭᠳᠡᠯ》 (ᠵᠠᠮ ᠠᠶᠤᠯᠭᠦᠶ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ [2016] 54 ᠳ᠋ᠦ᠍ᠭᠡᠷ ᠲᠣᠭ᠋ᠠᠲᠤ)᠎ᠢ ᠦᠨᠳᠦᠰᠦᠯᠡᠪᠡᠯ᠂ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠴᠢ ᠬᠣᠯᠪᠣᠭᠳᠠᠯ ᠪᠥᠬᠥᠶ ᠠᠵᠢᠯ᠎ᠢ ᠦᠨᠡᠯᠡᠬᠦ ᠵᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠡᠳᠦᠭᠡ ᠳᠣᠤᠷᠠᠬᠢ ᠮᠡᠲᠦ ᠮᠡᠳᠡᠭᠳᠡᠪᠡ᠄
ᠨᠢᠭᠡ᠂ ᠰᠢᠨ᠎ᠡ 《ᠬᠠᠮᠢᠶᠠᠷᠤᠯᠲᠠ ᠵᠢᠨ ᠠᠷᠭ᠎ᠠ》 ᠵᠢ ᠤᠬᠠᠭᠤᠯᠤᠨ ᠲᠣᠭᠤᠰᠢᠯᠠᠭᠤᠯᠬᠤ ᠪᠠ ᠲᠥᠷᠥ ᠵᠢᠨ ᠪᠣᠳᠣᠯᠭ᠎ᠠ᠎ᠪᠠᠷ ᠬᠥᠲᠥᠯᠦᠨ ᠵᠢᠯᠣᠭᠣᠳᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ
ᠡᠨᠡ ᠤᠳᠠᠭ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠦᠨᠡᠯᠡᠬᠦ ᠬᠠᠮᠢᠶᠠᠷᠤᠯᠲᠠ ᠵᠢᠨ ᠠᠷᠭ᠎ᠠ》᠎ᠨᠢ᠂ 2012 ᠣᠨ᠎ᠳᠤ ᠳᠠᠷᠤᠮᠠᠯᠯᠠᠨ ᠲᠠᠷᠬᠠᠭ᠋ᠠᠭᠰᠠᠨ 《ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢ ᠰᠢᠯᠭ᠋ᠠᠨ ᠦᠨᠡᠯᠡᠬᠦ ᠬᠠᠮᠢᠶᠠᠷᠤᠯᠲᠠ ᠵᠢᠨ ᠠᠷᠭ᠎ᠠ》᠂ 《ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠬᠠᠮᠢᠶ᠎ᠠ ᠪᠦᠬᠦᠢ ᠬᠡᠷᠡᠭᠵᠢᠭᠦᠯᠬᠦ ᠠᠷᠭ᠎ᠠ》 ᠵᠡᠷᠭᠡ᠎ᠲᠠᠢ ᠬᠠᠷᠢᠴᠠᠭᠤᠯᠪᠠᠯ ᠨᠡᠯᠢᠶᠡᠳ ᠶᠡᠬᠡ ᠲᠤᠬᠢᠷᠠᠭᠤᠯᠤᠯᠲᠠ ᠬᠤᠪᠢᠷᠠᠯᠲᠠ᠎ᠲᠠᠢ ᠪᠣᠯᠵᠠᠢ᠃ ᠪᠦᠬᠦ ᠣᠷᠣᠨ᠎ᠤ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠨᠢᠭᠡᠴᠢ᠂ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠰᠢᠨ᠎ᠡ 《ᠬᠠᠮᠢᠶᠠᠷᠤᠯᠲᠠ ᠵᠢᠨ ᠠᠷᠭ᠎ᠠ》 ᠵᠢ ᠰᠤᠷᠤᠯᠴᠠᠵᠤ ᠤᠬᠠᠭᠤᠯᠤᠨ ᠲᠣᠭᠤᠰᠢᠯᠠᠭᠤᠯᠬᠤ ᠪᠠ ᠲᠥᠷᠥ ᠵᠢᠨ ᠪᠣᠳᠣᠯᠭ᠎ᠠ᠎ᠪᠠᠷ ᠬᠥᠲᠥᠯᠦᠨ ᠵᠢᠯᠣᠭᠣᠳᠬᠤ ᠠᠵᠢᠯ᠎ᠢ ᠰᠠᠶ᠋ᠢᠲᠤᠷ ᠬᠢᠵᠦ᠂ ᠬᠣᠯᠪᠤᠭᠳᠠᠯ ᠪᠥᠬᠥᠶ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠡᠵᠡᠮᠰᠢᠨ ᠣᠶ᠋ᠢᠯᠠᠭ᠋ᠠᠵᠤ ᠨᠠᠶ᠋ᠢᠳᠠᠪᠤᠷᠢᠵᠢᠭᠤᠯᠤᠨ᠂ ᠠᠵᠢᠯ᠎ᠤᠨ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠴᠢ ᠦᠨᠡᠯᠡᠬᠦ ᠠᠵᠢᠯ᠎ᠢ ᠲᠥᠪ ᠭᠣᠤᠯᠴᠢ᠂ ᠵᠢᠷᠤᠮᠵᠢᠯ᠎ᠲᠠᠢ᠂ ᠡᠮᠬᠢ ᠵᠢᠷᠤᠮ᠎ᠲᠠᠢ᠂ ᠬᠠᠤᠯᠢ ᠶᠣᠰᠣᠭ᠋ᠠᠷ ᠠᠬᠢᠭᠤᠯᠬᠤ ᠬᠡᠷᠡᠭᠲᠡᠶ᠃
ᠬᠣᠶᠠᠷ᠂ ᠰᠢᠨ᠎ᠡ 《ᠬᠠᠮᠢᠶᠠᠷᠤᠯᠲᠠ ᠵᠢᠨ ᠠᠷᠭ᠎ᠠ》᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠬᠦ ᠬᠡᠷᠡᠭᠲᠡᠶ
(ᠨᠢᠭᠡ) ᠤᠤᠯ᠎ᠤᠨ ᠰᠢᠯᠭ᠋ᠠᠨ ᠲᠣᠭᠲᠠᠭ᠋ᠠᠭᠴᠢ᠂ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ ᠵᠢᠨ ᠰᠢᠯᠵᠢᠯᠲᠡ ᠪᠠ ᠪᠠᠷᠢᠮᠵᠢᠶ᠎ᠠ᠎ᠳᠤ ᠬᠦᠷᠦᠭᠰᠡᠨ ᠦᠨᠡᠮᠯᠡᠯ᠎ᠤᠨ ᠦᠨᠡᠮᠯᠡᠯ ᠰᠣᠯᠢᠬᠤ ᠠᠵᠢᠯ᠎ᠢ ᠰᠠᠶ᠋ᠢᠲᠤᠷ ᠬᠢᠨ᠎ᠠ᠃ ᠮᠠᠨ᠎ᠤ ᠣᠷᠣᠨ᠎ᠤ ᠤᠤᠯ᠎ᠤᠨ ᠰᠢᠯᠭ᠋ᠠᠨ ᠲᠣᠭᠲᠠᠭ᠋ᠠᠭᠴᠢ᠂ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ᠎ᠨᠢ ᠰᠢᠨ᠎ᠡ᠎ᠪᠠᠷ 《ᠬᠠᠮᠢᠶᠠᠷᠤᠯᠲᠠ ᠵᠢᠨ ᠠᠷᠭ᠎ᠠ》 ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ᠂ ᠬᠢᠨᠠᠨ ᠲᠣᠭᠲᠠᠭ᠋ᠠᠭᠴᠢ᠂ ᠦᠨᠡᠯᠡᠬᠦ ᠪᠠᠶ᠋ᠢᠭᠤᠯᠤᠮᠵᠢ᠎ᠳᠤ (ᠤᠤᠯ᠎ᠤᠨ ᠰᠢᠯᠭ᠋ᠠᠨ ᠲᠣᠭᠲᠠᠭ᠋ᠠᠭᠴᠢ ᠵᠢᠨ ᠬᠢᠷᠢ ᠬᠡᠮ᠎ᠤᠨ ᠦᠨᠡᠮᠯᠡᠯ᠂ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠦᠨᠡᠮᠯᠡᠯ᠎ᠨᠢ ᠠᠶᠠᠨᠳᠠᠭ᠋ᠠᠨ ᠬᠦᠴᠦᠨ ᠥᠬᠡᠶ ᠪᠣᠯᠤᠨ᠎ᠠ) ᠠᠶᠠᠨᠳᠠᠭ᠋ᠠᠨ ᠰᠢᠯᠵᠢᠬᠦ ᠵᠢᠨ ᠬᠠᠮᠲᠤ᠂ ᠰᠢᠨ᠎ᠡ 《ᠬᠠᠮᠢᠶᠠᠷᠤᠯᠲᠠ ᠵᠢᠨ ᠠᠷᠭ᠎ᠠ》 ᠵᠢᠨ ᠶᠣᠰᠣᠭ᠋ᠠᠷ ᠬᠢᠨᠠᠨ ᠲᠣᠭᠲᠠᠭ᠋ᠠᠭᠴᠢ᠂ ᠦᠨᠡᠯᠡᠬᠦ ᠪᠠᠶ᠋ᠢᠭᠤᠯᠤᠮᠵᠢ᠎ᠳᠤ ᠬᠠᠮᠢᠶᠠᠷᠤᠯᠲᠠ ᠬᠢᠨ᠎ᠠ᠃ ᠤᠤᠯ᠎ᠤᠨ ᠪᠠᠷᠢᠮᠵᠢᠶ᠎ᠠ᠎ᠳᠤ ᠬᠦᠷᠦᠭᠰᠡᠨ ᠦᠨᠡᠮᠯᠡᠯ᠎ᠤᠨ ᠵᠡᠷᠭᠡ ᠳᠡᠰ᠎ᠤᠨ ᠭᠡᠷᠡᠴᠢᠯᠡᠯ᠎ᠢ ᠰᠣᠯᠢᠬᠤ᠎ᠳᠤ᠂ ᠵᠠᠷᠴᠢᠮ ᠳᠡᠭᠡᠷ᠎ᠡ᠎ᠪᠠᠨ ᠰᠢᠯᠵᠢᠯᠲᠡ ᠵᠢᠨ ᠳᠠᠷᠠᠭ᠋ᠠᠬᠢ ᠦᠨᠡᠯᠡᠬᠦ ᠪᠠᠶ᠋ᠢᠭᠤᠯᠤᠮᠵᠢ᠎ᠠᠴᠠ ᠣᠨ᠎ᠤ ᠬᠠᠷᠭᠤᠭᠤᠯᠤᠨ ᠪᠠᠶ᠋ᠢᠴᠠᠭ᠋ᠠᠬᠤ ᠦᠶ᠎ᠡ᠎ᠳᠤ ᠬᠠᠮᠲᠤᠳᠤᠨᠢ ᠰᠣᠯᠢᠵᠤ ᠣᠯᠭᠣᠨ᠎ᠠ᠃
(ᠬᠣᠶᠠᠷ) ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠦᠨᠳᠦᠰᠦᠨ ᠵᠢᠷᠤᠮᠵᠢᠯ (ᠠᠵᠢᠯ ᠲᠥᠷᠥᠯ᠎ᠤᠨ ᠪᠠᠷᠢᠮᠵᠢᠶ᠎ᠠ)᠎ᠢ ᠬᠡᠷᠡᠭᠵᠢᠭᠦᠯᠬᠦ᠎ᠠᠴᠠ ᠡᠮᠦᠨᠡᠬᠢ ᠦᠨᠡᠯᠡᠯᠲᠡ ᠵᠢᠨ ᠠᠵᠢᠯ᠎ᠢ ᠰᠠᠶ᠋ᠢᠲᠤᠷ ᠬᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠱᠠᠭ᠋ᠠᠷᠳᠠᠯᠭ᠎ᠠ ᠵᠢ ᠦᠨᠳᠦᠰᠦᠯᠡᠪᠡᠯ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠦᠨᠳᠦᠰᠦᠨ ᠵᠢᠷᠤᠮᠵᠢᠯ᠎ᠢ ᠳᠣᠷᠣᠭᠰᠢ ᠪᠠᠭᠤᠯᠭ᠋ᠠᠬᠤ᠎ᠠᠴᠠ ᠡᠮᠦᠨ᠎ᠡ᠂ ᠡᠯ᠎ᠡ ᠭᠠᠵᠠᠷ᠂ ᠡᠯ᠎ᠡ ᠦᠨᠡᠯᠡᠬᠦ ᠪᠠᠶ᠋ᠢᠭᠤᠯᠤᠮᠵᠢ ᠦᠷᠭᠦᠯᠵᠢᠯᠡᠨ ᠤᠤᠯ᠎ᠤᠨ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠶᠣᠰᠣᠭ᠋ᠠᠷ ᠠᠵᠤ ᠠᠬᠤᠶ᠋ᠢᠯᠠᠯ᠎ᠳᠤ ᠦᠨᠡᠯᠡᠯᠲᠡ ᠬᠢᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠦᠨᠳᠦᠰᠦᠨ ᠵᠢᠷᠤᠮᠵᠢᠯ᠎ᠢ ᠳᠣᠷᠣᠭᠰᠢ ᠪᠠᠭᠤᠯᠭ᠋ᠠᠭᠰᠠᠨ᠎ᠤ ᠲᠠᠷᠠᠭ᠎ᠠ᠂ ᠰᠢᠨ᠎ᠡ ᠵᠢᠷᠤᠮᠵᠢᠯ᠎ᠤᠨ ᠶᠣᠰᠣᠭ᠋ᠠᠷ ᠬᠡᠷᠡᠭᠵᠢᠭᠦᠯᠦᠨ᠎ᠡ᠃
(ᠭᠤᠷᠪᠠ) ᠮᠠᠨ᠎ᠤ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ᠂ ᠦᠨᠡᠯᠡᠬᠦ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ ᠦᠨᠡᠯᠡᠬᠦ ᠪᠠᠶ᠋ᠢᠭᠤᠯᠤᠮᠵᠢ ᠵᠢᠨ ᠦᠨᠡᠯᠡᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠢ ᠨᠠᠩ ᠣᠯᠠᠨ ᠰᠣᠩᠭᠣᠬᠤ ᠡᠷᠬᠡ᠎ᠲᠠᠢ ᠪᠣᠯᠭ᠋ᠠᠵᠤ᠂ ᠮᠠᠨ᠎ᠤ ᠣᠷᠣᠨ᠎ᠳᠤ ᠳᠠᠩᠰᠠᠯᠠᠭᠤᠯᠤᠭᠰᠠᠨ ᠬᠣᠶᠠᠳᠤᠭ᠋ᠠᠷ ᠳᠡᠰ᠎ᠤᠨ ᠦᠨᠡᠯᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠳᠣᠲᠣᠷᠠᠬᠢ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠵᠡᠷᠭᠡ ᠲᠠᠰ᠎ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠦᠨᠡᠯᠡᠬᠦ ᠠᠵᠢᠯ᠎ᠢ ᠡᠭᠦᠷᠭᠡᠯᠡᠵᠦ ᠪᠣᠯᠤᠨ᠎ᠠ᠂ ᠭᠤᠷᠪᠠᠳᠤᠭ᠋ᠠᠷ ᠳᠡᠰ᠎ᠤᠨ ᠦᠨᠡᠯᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠳᠣᠲᠣᠷᠠᠬᠢ ᠭᠤᠷᠪᠠᠳᠤᠭ᠋ᠠᠷ ᠳᠡᠰ᠎ᠤᠨ ᠵᠡᠷᠭᠡ ᠲᠠᠰ᠎ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠦᠨᠡᠯᠡᠬᠦ ᠠᠵᠢᠯ᠎ᠢ ᠡᠭᠦᠷᠭᠡᠯᠡᠵᠦ ᠪᠣᠯᠤᠨ᠎ᠠ᠂ ᠣᠷᠣᠨ ᠪᠦᠰᠡ ᠵᠢᠨ ᠬᠢᠵᠠᠭ᠋ᠠᠷᠯᠠᠯ᠎ᠢ ᠬᠦᠯᠢᠶᠡᠬᠦ ᠥᠬᠡᠶ᠃ ᠦᠨᠡᠯᠡᠬᠦ ᠪᠠᠶ᠋ᠢᠭᠤᠯᠤᠮᠵᠢ᠎ᠨᠢ ᠦᠨᠡᠯᠡᠬᠦ ᠠᠵᠢᠯ᠎ᠢ ᠥᠷᠨᠢᠭᠦᠯᠬᠦ᠎ᠳᠤ᠂ ᠲᠣᠭᠲᠠᠭ᠋ᠠᠯ ᠶᠣᠰᠣᠭ᠋ᠠᠷ ᠦᠨᠡᠯᠡᠭᠳᠡᠬᠦ ᠠᠵᠤ ᠠᠬᠤᠶ᠋ᠢᠯᠠᠯ᠎ᠤᠨ ᠪᠠᠶ᠋ᠢᠭ᠎ᠠ ᠭᠠᠵᠠᠷ᠎ᠤᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠮᠡᠳᠡᠭᠳᠡᠵᠦ (ᠤᠷᠢᠳᠴᠢᠯᠠᠨ ᠮᠡᠳᠡᠭᠳᠡᠬᠦ)᠂ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃
(ᠳᠥᠷᠪᠡ) ᠰᠢᠨ᠎ᠡ 《ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ᠎ᠢ ᠦᠨᠳᠦᠰᠦᠯᠡᠨ᠂ ᠦᠨᠡᠯᠡᠬᠦ ᠠᠵᠢᠯ᠎ᠢ ᠨᠢᠭᠡᠳᠦᠯᠲᠡᠶ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮ ᠵᠶ᠋ᠠᠷ ᠳᠡᠮᠵᠢᠨ ᠥᠷᠨᠢᠭᠦᠯᠦᠨ᠎ᠡ᠃ ᠦᠨᠡᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂ ᠦᠨᠡᠯᠡᠬᠦ ᠵᠢᠴᠢ ᠣᠨ᠎ᠤ ᠬᠢᠨᠠᠨ ᠪᠠᠶ᠋ᠢᠴᠠᠭ᠋ᠠᠭᠰᠠᠨ ᠳ᠋ᠦᠩᠨᠡᠯᠲᠡ᠂ ᠦᠨᠡᠯᠡᠬᠦ ᠵᠡᠷᠭᠡ ᠲᠠᠰ᠎ᠤᠨ ᠭᠡᠷᠡᠴᠢᠯᠡᠯ ᠣᠯᠭᠣᠬᠤ ᠵᠢ ᠦᠨᠡᠯᠡᠬᠦ ᠪᠠᠶ᠋ᠢᠭᠤᠯᠤᠮᠵᠢ᠎ᠠᠴᠠ ᠬᠠᠷᠢᠭᠤᠴᠠᠨ᠎ᠠ᠃ ᠤᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠶ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠰᠢᠰᠲ᠋ᠧᠮ᠎ᠢ ᠰᠢᠨ᠎ᠡ᠎ᠪᠠᠷ 《ᠬᠠᠮᠢᠶᠠᠷᠤᠯᠲᠠ ᠵᠢᠨ ᠠᠷᠭ᠎ᠠ》 ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠬᠡᠷᠡᠭᠯᠡᠬᠦ᠎ᠪᠠᠨ ᠵᠣᠭᠰᠣᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠯ᠎ᠡ ᠠᠶ᠋ᠢᠮᠠᠭ ᠬᠤᠳᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶᠠᠨᠤᠭᠤᠳ ᠠᠵᠤ ᠠᠬᠤᠶ᠋ᠢᠯᠠᠯ᠎ᠳᠤ ᠪᠠᠷᠢᠮᠵᠢᠶ᠎ᠠ᠎ᠳᠤ ᠬᠥᠷᠥᠭᠰᠡᠨ ᠦᠨᠡᠮᠯᠡᠯ ᠣᠯᠭᠣᠬᠤ ᠥᠭᠡᠢ᠃ ᠦᠨᠡᠯᠡᠬᠦ ᠪᠠᠶ᠋ᠢᠭᠤᠯᠤᠮᠵᠢ ᠵᠡᠷᠭᠡ ᠳᠡᠰ᠎ᠤᠨ ᠭᠡᠷᠡᠴᠢᠯᠡᠯ ᠣᠯᠭᠣᠬᠤ᠎ᠳᠤ ᠦᠨᠡᠯᠡᠬᠦ ᠪᠠᠶ᠋ᠢᠭᠤᠯᠤᠮᠵᠢ ᠵᠢᠨ ᠦᠨᠡᠯᠡᠬᠦ ᠲᠤᠰᠬᠠᠶ ᠲᠠᠮᠠᠭ᠎ᠠ ᠵᠢ ᠬᠡᠷᠡᠭᠯᠡᠬᠦ ᠬᠡᠷᠡᠭᠲᠡᠶ᠃
(ᠲᠠᠪᠤ) ᠮᠠᠨ᠎ᠤ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ᠂ ᠮᠠᠨ᠎ᠤ ᠣᠷᠣᠨ᠎ᠳᠤ ᠠᠩᠬ᠎ᠠ ᠤᠳᠠᠭ᠎ᠠ ᠬᠣᠶᠠᠳᠤᠭ᠋ᠠᠷ ᠳᠡᠰ᠎ᠤᠨ ᠦᠨᠡᠯᠡᠬᠦ ᠪᠠᠶ᠋ᠢᠭᠤᠯᠤᠮᠵᠢ᠎ᠳᠤ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ᠂ ᠵᠣᠬᠢᠬᠤ ᠦᠨᠡᠯᠡᠬᠦ ᠪᠠᠶ᠋ᠢᠭᠤᠯᠤᠮᠵᠢ ᠵᠢᠨ ᠳᠠᠩᠰᠠᠯᠠᠭᠤᠯᠬᠤ ᠨᠥᠬᠥᠴᠡᠯ᠎ᠳᠤ ᠨᠡᠶ᠋ᠢᠴᠡᠬᠦ᠎ᠠᠴᠠ ᠭᠠᠳᠠᠨ᠎ᠠ᠂ ᠪᠠᠰᠠ ᠲᠣᠰ ᠲᠤᠰᠬᠠᠶ ᠮᠡᠷᠭᠡᠵᠢᠯ᠎ᠤᠨ ᠲᠥᠷᠥᠯ ᠬᠡᠯᠪᠡᠷᠢ ᠵᠢᠨ ᠭᠤᠷᠪᠠᠳᠤᠭ᠋ᠠᠷ ᠳᠡᠰ᠎ᠤᠨ ᠦᠨᠡᠯᠡᠬᠦ ᠪᠠᠶ᠋ᠢᠭᠤᠯᠤᠮᠵᠢ ᠵᠢ 1 ᠵᠢᠯ᠎ᠠᠴᠠ ᠳᠡᠭᠡᠭᠰᠢ ᠳᠠᠩᠰᠠᠯᠠᠭᠤᠯᠬᠤ ᠵᠢ ᠨᠢᠭᠡᠨᠲᠡ ᠪᠡᠶᠡᠯᠡᠭᠦᠯᠦᠭᠰᠡᠨ ᠪᠠᠶ᠋ᠢᠬᠤ ᠬᠡᠷᠡᠭᠲᠡᠶ ᠪᠥᠭᠡᠳ ᠬᠠᠮᠢᠶ᠎ᠠ ᠪᠥᠬᠥᠶ ᠦᠨᠡᠯᠡᠭᠰᠡᠨ ᠥᠩᠭᠡᠷᠡᠯᠲᠡ᠎ᠲᠠᠢ ᠪᠠᠶ᠋ᠢᠬᠤ ᠬᠡᠷᠡᠭᠲᠡᠶ᠂ ᠲᠤᠬᠠᠶ᠋ᠢᠯᠠᠪᠠᠯ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠳᠣᠲᠣᠷᠠᠬᠢ ᠭᠤᠷᠪᠠᠳᠤᠭ᠋ᠠᠷ ᠳᠡᠰ᠎ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶ᠋ᠢᠯᠠᠯ (ᠰᠢᠨ᠎ᠡ᠎ᠪᠠᠷ ᠨᠡᠮᠡᠭᠳᠡᠭᠰᠡᠨ ᠲᠤᠰᠬᠠᠶ ᠮᠡᠷᠭᠡᠵᠢᠯ᠎ᠤᠨ ᠲᠥᠷᠥᠯ ᠬᠡᠯᠪᠡᠷᠢ ᠬᠡᠷᠡᠭᠴᠡᠭᠡ ᠥᠬᠡᠶ)᠎ᠢ ᠦᠨᠡᠯᠡᠬᠦ ᠴᠢᠬᠤᠯᠠᠲᠠᠶ᠄ ᠵᠠᠮ ᠲᠡᠭᠡᠭᠡᠪᠦᠷᠢ ᠵᠢᠨ 50 ᠡᠷᠦᠬᠡ; ᠤᠰᠤᠨ ᠵᠠᠮ᠎ᠤᠨ ᠲᠡᠭᠡᠭᠡᠪᠦᠷᠢ ᠵᠢᠨ 20 ᠡᠷᠦᠬᠡ; ᠬᠣᠲᠠ ᠵᠢᠨ ᠠᠶᠠᠨᠴᠢᠳ᠎ᠤᠨ ᠲᠡᠭᠡᠭᠡᠪᠦᠷᠢ ᠵᠢᠨ 20 ᠡᠷᠦᠬᠡ; ᠵᠠᠮ ᠬᠠᠷᠢᠯᠴᠠᠭ᠋ᠠᠨ᠎ᠤ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ 50 ᠡᠷᠦᠬᠡ᠃
(ᠵᠢᠷᠭᠤᠭ᠎ᠠ) ᠦᠨᠡᠯᠡᠬᠦ ᠡᠪᠬᠡᠮᠡᠯ (ᠴᠠᠭ᠋ᠠᠰᠤᠨ ᠲᠠᠨᠢᠯᠴᠠᠭᠤᠯᠭ᠎ᠠ ᠵᠢᠨ ᠲᠠᠩᠰᠠ ᠡᠪᠬᠡᠮᠡᠯ᠎ᠤᠨ ᠮᠠᠲ᠋ᠧᠷᠢᠶᠠᠯ)᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠤᠤᠯ᠎ᠤᠨ ᠰᠢᠯᠭ᠋ᠠᠨ ᠦᠨᠡᠯᠡᠬᠦ ᠪᠠᠶ᠋ᠢᠭᠤᠯᠤᠮᠵᠢ ᠵᠢᠨ ᠰᠢᠯᠭ᠋ᠠᠨ ᠦᠨᠡᠯᠡᠭᠰᠡᠨ ᠡᠪᠬᠡᠮᠡᠯ (ᠴᠠᠭ᠋ᠠᠰᠤᠨ ᠲᠠᠨᠢᠯᠴᠠᠭᠤᠯᠭ᠎ᠠ ᠵᠢᠨ ᠲᠠᠩᠰᠠ ᠡᠪᠬᠡᠮᠡᠯ᠎ᠤᠨ ᠮᠠᠲ᠋ᠧᠷᠢᠶᠠᠯ)᠎ᠢ ᠮᠥᠨ ᠬᠦ᠌ ᠰᠢᠯᠵᠢᠯᠲᠡ ᠵᠢᠨ ᠳᠠᠷᠠᠭ᠋ᠠᠬᠢ ᠦᠨᠡᠯᠡᠬᠦ ᠪᠠᠶ᠋ᠢᠭᠤᠯᠤᠮᠵᠢ᠎ᠠᠴᠠ ᠬᠠᠮᠢᠶᠠᠷᠤᠨ᠎ᠠ᠃ ᠤᠤᠯ᠎ᠤᠨ ᠰᠢᠯᠭ᠋ᠠᠨ ᠦᠨᠡᠯᠡᠬᠦ ᠪᠠᠶ᠋ᠢᠭᠤᠯᠤᠮᠵᠢ᠎ᠨᠢ ᠬᠦᠴᠦᠨ ᠦᠭᠡᠢ ᠪᠣᠯᠭ᠋ᠠᠬᠤ᠎ᠪᠠᠷ ᠭᠤᠶᠤᠴᠢᠯᠠᠭᠰᠠᠨ ᠪᠠᠶ᠋ᠢᠪᠠᠯ᠂ ᠲᠡᠭᠦᠨ᠎ᠤ ᠰᠢᠯᠭ᠋ᠠᠨ ᠦᠨᠡᠯᠡᠭᠰᠡᠨ ᠡᠪᠬᠡᠮᠡᠯ (ᠴᠠᠭ᠋ᠠᠰᠤᠨ ᠲᠠᠨᠢᠯᠴᠠᠭᠤᠯᠭ᠎ᠠ ᠵᠢᠨ ᠳᠠᠨᠭ᠌ᠰᠠ ᠡᠪᠬᠡᠮᠡᠯ᠎ᠤᠨ ᠮᠠᠲ᠋ᠧᠷᠢᠶᠠᠯ)᠎ᠢ ᠳᠤᠰ ᠪᠠᠶ᠋ᠢᠭᠤᠯᠤᠮᠵᠢ ᠵᠢᠨ ᠭᠤᠤᠯᠯᠠᠨ ᠬᠠᠮᠢᠶᠠᠷᠬᠤ ᠪᠠᠶ᠋ᠢᠭᠤᠯᠭ᠎ᠠ᠎ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠤᠨ᠎ᠠ᠃ ᠦᠨᠡᠯᠡᠬᠦ ᠪᠠᠶ᠋ᠢᠭᠤᠯᠤᠮᠵᠢ᠎ᠨᠢ ᠬᠦᠴᠦᠨ ᠥᠬᠡᠶ ᠪᠣᠯᠭ᠋ᠠᠬᠤ᠎ᠪᠠᠷ ᠭᠤᠶᠤᠴᠢᠯᠠᠭᠰᠠᠨ ᠪᠠᠶ᠋ᠢᠪᠠᠯ᠂ ᠦᠨᠡᠯᠡᠬᠦ ᠡᠪᠬᠡᠮᠡᠯ (ᠴᠠᠭ᠋ᠠᠰᠤᠨ ᠲᠠᠨᠢᠯᠴᠠᠭᠤᠯᠭ᠎ᠠ ᠵᠢᠨ ᠲᠠᠩᠰᠠ ᠡᠪᠬᠡᠮᠡᠯ᠎ᠤᠨ ᠮᠠᠲ᠋ᠧᠷᠢᠶᠠᠯ)᠎ᠢ ᠭᠥᠯᠢᠶᠡᠨ ᠠᠪᠴᠤ ᠬᠠᠮᠢᠶᠠᠷᠤᠭᠰᠠᠨ ᠦᠨᠡᠯᠡᠬᠦ ᠪᠠᠶ᠋ᠢᠭᠤᠯᠤᠮᠵᠢ᠎ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ ᠦᠨᠡᠯᠡᠬᠦ ᠡᠪᠬᠡᠮᠡᠯ (ᠴᠠᠭ᠋ᠠᠰᠤᠨ ᠲᠠᠨᠢᠯᠴᠠᠭᠤᠯᠭ᠎ᠠ ᠵᠢᠨ ᠳᠠᠨᠭ᠌ᠰᠠ ᠡᠪᠬᠡᠮᠡᠯ᠎ᠤᠨ ᠮᠠᠲ᠋ᠧᠷᠢᠶᠠᠯ)᠎ᠢ ᠬᠠᠳᠠᠭ᠋ᠠᠯᠠᠬᠤ ᠬᠤᠭᠤᠴᠠᠭ᠎ᠠ ᠵᠢ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠭᠤᠷᠪᠠ᠂ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠦᠨᠡᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ᠎ᠠ
ᠮᠠᠨ᠎ᠤ ᠣᠷᠣᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠴᠢ ᠦᠨᠡᠯᠡᠬᠦ ᠠᠵᠢᠯ᠎ᠢ ᠦᠷᠭᠦᠯᠵᠢᠯᠡᠨ 《ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ》 ᠪᠠ 《ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ ᠶᠣᠰᠣᠭ᠋ᠠᠷ᠂ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠵᠢᠯᠤᠭᠤᠳᠬᠤ ᠵᠢ ᠬᠠᠷᠢᠭᠤᠴᠠᠬᠤ ᠵᠢᠨ ᠬᠠᠮᠲᠤ᠂ ᠳᠠᠩᠰᠠᠯᠠᠭᠤᠯᠤᠭᠰᠠᠨ ᠬᠣᠶᠠᠳᠤᠭ᠋ᠠᠷ ᠳᠡᠰ᠎ᠤᠨ ᠦᠨᠡᠯᠡᠬᠦ ᠪᠠᠶ᠋ᠢᠭᠤᠯᠤᠮᠵᠢ᠎ᠳᠤ ᠬᠢᠨᠠᠯᠲᠠ ᠬᠠᠮᠢᠶᠠᠷᠤᠯᠲᠠ ᠬᠢᠨ᠎ᠠ᠃ ᠡᠯ᠎ᠡ ᠠᠶ᠋ᠢᠮᠠᠭ ᠬᠤᠳᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶᠠᠨᠤᠭᠤᠳᠨᠢ ᠲᠤᠰ ᠠᠶ᠋ᠢᠮᠠᠭ ᠬᠤᠳᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠬᠤ ᠵᠢ ᠬᠠᠷᠢᠭᠤᠴᠠᠬᠤ ᠵᠢᠨ ᠬᠠᠮᠲᠤ ᠳᠠᠩᠰᠠᠯᠠᠭᠤᠯᠤᠭᠰᠠᠨ ᠭᠤᠷᠪᠠᠳᠤᠭ᠋ᠠᠷ ᠱᠠᠲᠤᠨ᠎ᠤ ᠦᠨᠡᠯᠡᠬᠦ ᠪᠠᠶ᠋ᠢᠭᠤᠯᠤᠮᠵᠢ᠎ᠳᠤ ᠬᠢᠨᠠᠯᠲᠠ ᠬᠠᠮᠢᠶᠠᠷᠤᠯᠲᠠ ᠬᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠬᠡᠯᠪᠡᠷᠢ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠣᠯᠪᠠᠰᠤᠷᠠᠯ᠎ᠤᠨ ᠲᠥᠪ᠎ᠳᠤ ᠨᠠᠢ᠌ᠳᠠᠵᠤ ᠲᠢᠩᠬᠢᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠡᠳᠦᠷ ᠲᠤᠲᠤᠮ᠎ᠤᠨ ᠬᠠᠮᠢᠶᠠᠷᠴᠤ ᠬᠠᠮᠠᠭ᠋ᠠᠯᠠᠬᠤ ᠠᠵᠢᠯ (ᠬᠠᠮᠢᠶᠠᠷᠴᠤ ᠬᠠᠮᠠᠭ᠋ᠠᠯᠠᠬᠤ ᠨᠢᠭᠡᠴᠢ ᠭᠡᠵᠦ ᠲᠣᠪᠴᠢᠯᠠᠨ᠎ᠠ)᠎ᠢ ᠡᠭᠦᠷᠭᠡᠭᠦᠯᠵᠦ᠂ ᠤᠤᠯ᠎ᠤᠨ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠪᠣᠯᠪᠠᠰᠤᠷᠠᠯ᠎ᠤᠨ ᠲᠥᠪ᠎ᠲᠤ ᠪᠠᠶ᠋ᠢᠭᠤᠯᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠰᠢᠯᠭ᠋ᠠᠨ ᠦᠨᠡᠯᠡᠬᠦ ᠬᠠᠮᠢᠶᠠᠷᠤᠯᠲᠠ ᠵᠢᠨ ᠲᠥᠪ (ᠲᠦᠷ ᠴᠠᠭ᠎ᠤᠨ ᠪᠠᠶ᠋ᠢᠭᠤᠯᠤᠮᠵᠢ)᠎ᠢ ᠬᠦᠴᠦᠨ ᠥᠬᠡᠶ ᠪᠣᠯᠭ᠋ᠠᠨ᠎ᠠ᠃
ᠡᠯ᠎ᠡ ᠠᠶ᠋ᠢᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠲᠢᠩᠬᠢᠮ᠎ᠤᠨ ᠰᠢᠭᠤᠳ ᠬᠠᠷᠢᠶ᠎ᠠ ᠬᠣᠯᠪᠣᠭᠳᠠᠯ ᠪᠥᠬᠥᠶ ᠨᠢᠭᠡᠴᠢ᠎ᠨᠦᠭᠦᠳ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠥᠷᠨᠢᠭᠦᠯᠬᠦ ᠵᠢ ᠢᠳᠡᠪᠬᠢᠲᠡᠶ᠎ᠪᠠᠷ ᠵᠣᠷᠢᠭᠵᠢᠭᠤᠯᠤᠨ ᠬᠥᠲᠥᠯᠦᠨ ᠵᠢᠯᠣᠭᠣᠳᠴᠤ᠂ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ᠎ᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠳᠤ ᠣᠷᠣᠭᠤᠯᠤᠨ᠂ ᠳᠣᠤᠷᠠᠳᠤ ᠱᠠᠲᠤᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠬᠠᠷᠢᠶ᠎ᠠ ᠠᠵᠤ ᠠᠬᠤᠶ᠋ᠢᠯᠠᠯ᠎ᠤᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠵᠤ ᠪᠠᠶ᠋ᠢᠭ᠎ᠠ ᠠᠵᠢᠯ᠎ᠤᠨ ᠪᠠᠶ᠋ᠢᠳᠠᠯ᠎ᠳᠤ ᠰᠤᠭᠤᠴᠢᠨ ᠪᠠᠶ᠋ᠢᠴᠠᠭ᠋ᠠᠯᠲᠠ ᠬᠢᠵᠦ᠂ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠠᠵᠢᠯ ᠲᠥᠷᠥᠯ᠎ᠳᠤ ᠮᠡᠳᠡᠭᠡᠯᠡᠬᠦ ᠬᠡᠷᠡᠭᠲᠡᠶ᠃ ᠦᠨᠡᠯᠡᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠦᠨᠡᠯᠡᠭᠰᠡᠨ ᠦᠷ᠎ᠡ ᠳ᠋ᠦᠩ᠎ᠢ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠢᠲᠡᠭᠡᠮᠵᠢ ᠵᠢᠨ ᠦᠨᠡᠯᠡᠬᠦ ᠬᠡᠪᠴᠢᠶᠡᠨ᠎ᠳᠤ ᠣᠷᠣᠭᠤᠯᠵᠤ᠂ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠦᠨᠡᠯᠡᠭᠰᠡᠨ ᠪᠠᠶ᠋ᠢᠳᠠᠯ᠎ᠢ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠠᠶᠦᠯᠭᠦᠢ ᠵᠢᠨ ᠨᠥᠬᠥᠴᠡᠯ᠎ᠤᠨ ᠴᠢᠬᠤᠯᠠ ᠦᠨᠳᠦᠰᠦᠯᠡᠯ ᠪᠣᠯᠭ᠋ᠠᠬᠤ᠎ᠪᠠᠷ ᠨᠢᠭᠡᠨᠲᠡ ᠲᠣᠳᠣᠷᠬᠠᠶ᠋ᠢᠯᠠᠭᠰᠠᠨ ᠪᠣᠯ ᠲᠡᠭᠦᠨ᠎ᠤ ᠲᠥᠷᠥ ᠵᠢᠨ ᠪᠤᠳᠤᠯᠭ᠎ᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠥᠷᠥᠭᠰᠡᠨ ᠥᠭᠡᠢ ᠪᠤᠶᠤ ᠵᠡᠷᠭᠡ ᠳᠡᠰ᠎ᠤᠨ ᠭᠡᠷᠡᠴᠢ᠎ᠪᠠᠨ ᠬᠦᠴᠦᠨ ᠥᠭᠡᠢ ᠪᠣᠯᠭ᠋ᠠᠭᠳᠠᠭᠰᠠᠨ ᠠᠵᠤ ᠠᠬᠤᠶ᠋ᠢᠯᠠᠯ᠎ᠳᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠷᠴᠢᠮ ᠵᠶ᠋ᠠᠨ ᠨᠡᠮᠡᠭᠳᠡᠭᠦᠯᠵᠦ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠬᠡᠷᠡᠭᠲᠡᠶ᠃ ᠦᠨᠡᠯᠡᠬᠦ ᠪᠠᠶ᠋ᠢᠭᠤᠯᠤᠮᠵᠢ ᠪᠠ ᠬᠢᠨᠠᠨ ᠲᠣᠭᠲᠠᠭ᠋ᠠᠭᠴᠢ ᠵᠢ ᠬᠢᠨᠠᠨ ᠬᠠᠮᠢᠶᠠᠷᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠦᠨᠡᠯᠡᠬᠦ ᠪᠠᠶ᠋ᠢᠭᠤᠯᠤᠮᠵᠢ ᠵᠢᠨ ᠦᠨᠡᠯᠡᠬᠦ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ ᠦᠨᠡᠯᠡᠬᠦ ᠪᠠᠶ᠋ᠢᠭᠤᠯᠤᠮᠵᠢ ᠵᠢᠨ ᠮᠡᠳᠡᠭᠦᠯᠦᠭᠰᠡᠨ ᠬᠦᠨᠳᠦ ᠶᠡᠬᠡ ᠠᠮᠤᠷ ᠲᠦᠪᠰᠢᠨ᠎ᠤ ᠡᠨᠳᠡᠯ᠎ᠤᠨ ᠳᠠᠯᠳᠠ ᠬᠡᠮ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠬᠢᠨᠠᠨ ᠪᠠᠶ᠋ᠢᠴᠠᠭ᠋ᠠᠵᠤ᠂ ᠨᠤᠲᠠᠯᠠᠭᠰᠠᠨ᠎ᠤ ᠳᠠᠷᠠᠭ᠎ᠠ ᠠᠵᠤ ᠠᠬᠤᠶ᠋ᠢᠯᠠᠯ᠎ᠢ ᠵᠠᠷᠯᠢᠭᠳᠠᠵᠤ ᠪᠠᠶ᠋ᠢᠭ᠋ᠠᠳ ᠳᠠᠷᠤᠶ᠋ᠢᠬᠠᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃ ᠦᠨᠡᠯᠡᠬᠦ ᠠᠵᠢᠯ᠎ᠳᠤ ᠬᠢᠨᠠᠯᠲᠠ ᠲᠠᠯᠪᠢᠬᠤ᠂ ᠵᠠᠭ᠋ᠠᠯᠳᠤᠬᠤ᠂ ᠢᠯᠡᠴᠢᠯᠡᠨ ᠮᠡᠳᠡᠭᠦᠯᠬᠦ᠂ ᠰᠢᠢ᠍ᠳᠪᠦᠷᠢᠯᠡᠬᠦ ᠵᠡᠷᠭᠡ ᠲᠦᠷᠢᠮ ᠪᠠ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠠᠮᠢᠶᠠᠷᠴᠤ ᠬᠠᠮᠠᠭ᠋ᠠᠯᠠᠬᠤ ᠨᠢᠭᠡᠴᠢ ᠵᠢᠨ ᠠᠵᠢᠯᠲᠠᠨ᠂ ᠬᠢᠨᠠᠨ ᠲᠣᠭᠲᠠᠭ᠋ᠠᠭᠴᠢ᠂ ᠦᠨᠡᠯᠡᠬᠦ ᠪᠠᠶ᠋ᠢᠭᠤᠯᠤᠮᠵᠢ᠂ ᠦᠨᠡᠯᠡᠭᠳᠡᠭᠰᠡᠨ ᠠᠵᠤ ᠠᠬᠤᠶ᠋ᠢᠯᠠᠯ᠎ᠳᠤ ᠡᠭᠦᠰᠦᠭᠰᠡᠨ ᠲᠤᠰᠢᠶᠠᠯ᠎ᠳᠤ᠎ᠪᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠲᠦᠷᠢᠮ ᠲᠣᠭᠲᠠᠭ᠋ᠠᠯ᠎ᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ᠂ ᠠᠮᠠᠯᠠᠯᠲᠠ ᠵᠢ ᠵᠥᠷᠢᠴᠡᠭᠰᠡᠨ᠂ ᠪᠣᠳᠠᠲᠤ ᠬᠡᠷᠡᠭ᠎ᠢ ᠨᠢᠭᠤᠨ ᠳᠠᠯᠳᠠᠯᠠᠭᠰᠠᠨ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠬᠦ ᠬᠡᠷᠡᠭᠲᠡᠶ᠃
ᠤᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠪᠠᠭᠤᠯᠭ᠋ᠠᠭᠰᠠᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠢᠨ᠎ᠡ 《ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ᠎ᠤᠨ ᠱᠠᠭ᠋ᠠᠷᠳᠠᠯᠭ᠎ᠠ᠎ᠲᠠᠢ ᠲᠤᠰ ᠮᠡᠳᠡᠭᠳᠡᠯ᠎ᠲᠠᠢ ᠨᠡᠶ᠋ᠢᠴᠡᠬᠦ ᠦᠭᠡᠢ ᠪᠠᠶ᠋ᠢᠪᠠᠯ᠂ ᠶᠠᠮᠤᠨ᠎ᠤ ᠰᠢᠨ᠎ᠡ 《ᠬᠠᠮᠢᠶᠠᠷᠤᠯᠲᠠ ᠵᠢᠨ ᠠᠷᠭ᠎ᠠ》 ᠪᠠ ᠲᠤᠰ ᠮᠡᠳᠡᠭᠳᠡᠯ ᠵᠶ᠋ᠠᠷ ᠪᠠᠷᠢᠮᠵᠢᠶ᠎ᠠ ᠪᠣᠯᠭ᠋ᠠᠨ᠎ᠠ᠃
ᠡᠯ᠎ᠡ ᠠᠶ᠋ᠢᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠨᠢ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ᠂ ᠲᠣᠰ ᠵᠢᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ ᠵᠶ᠋ᠠᠨ ᠲᠢᠩᠬᠢᠮ᠎ᠤᠨ ᠠᠶᠦᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠬᠡᠷ᠎ᠲᠤ ᠮᠡᠳᠡᠭᠦᠯᠬᠦ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
2016 ᠣᠨ᠎ᠤ 10 ᠳ᠋ᠤᠭ᠋ᠠᠷ ᠰᠠᠷ᠎ᠠ ᠵᠢᠨ 27᠎ᠤ ᠡᠳᠦᠷ