ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠦᠷᠢᠮ
ᠨᠡᠶ᠋ᠢᠲᠡᠯᠡᠭᠰᠡᠨ ᠴᠠᠭ᠄ 2021-09-03

     2020 ᠣᠨ᠎ᠤ 11 ᠳ᠋ᠦ᠍ᠭᠡᠷ ᠰᠠᠷ᠎ᠠ ᠵᠢᠨ 26᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢᠨ ᠭᠤᠷᠪᠠᠳᠤᠭ᠋ᠠᠷ ᠬᠤᠷᠠᠯ᠎ᠠᠴᠠ ᠪᠠᠲᠤᠯᠠᠪᠠ᠃
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠰᠠᠢ᠌ᠲᠤᠷ ᠪᠦᠲᠦᠭᠡᠨ ᠪᠠᠢ᠌ᠭᠤᠯᠵᠤ᠂ ᠰᠠᠢ᠌ᠲᠤᠷ ᠬᠠᠮᠢᠶᠠᠷᠴᠤ᠂ ᠰᠠᠢ᠌ᠲᠤᠷ ᠬᠠᠮᠠᠭ᠋ᠠᠯᠠᠨ᠂ ᠰᠠᠢ᠌ᠲᠤᠷ ᠡᠵᠡᠩᠨᠡᠵᠦ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠂ ᠲᠠᠷᠢᠶᠠᠯᠠᠬᠤ ᠮᠠᠯᠵᠢᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠳᠤ ᠵᠣᠬᠢᠴᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠪᠠ ᠲᠤᠯᠭ᠋ᠠᠭᠤᠷᠢᠯᠠᠬᠤ ᠵᠢᠨ ᠲᠤᠰᠠᠳᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ ᠬᠢᠬᠦ᠂ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ᠂ ᠡᠵᠡᠩᠨᠡᠬᠦ ᠵᠢᠴᠢ ᠬᠠᠮᠢᠶ᠎ᠠ ᠪᠦᠬᠦᠢ ᠠᠵᠢᠯ᠎ᠳᠤ᠂ ᠲᠤᠰ ᠳᠦᠷᠢᠮ ᠲᠣᠬᠢᠷᠠᠨ᠎ᠠ᠃ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠨᠢᠭᠡᠨᠲᠡ ᠲᠣᠭᠲᠠᠭ᠋ᠠᠯ᠎ᠲᠠᠢ ᠪᠠᠢ᠌ᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
ᠭᠤᠷᠪᠠᠳᠤᠭ᠋ᠠᠷ ᠵᠦᠢᠯ᠂ ᠲᠤᠰ ᠲᠦᠷᠢᠮ᠎ᠳᠤ ᠬᠡᠯᠡᠵᠦ ᠪᠠᠢ᠌ᠭ᠎ᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠭᠡᠳᠡᠭ᠎ᠨᠢ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ᠎ᠳᠤ ᠣᠷᠣᠭᠤᠯᠤᠭᠰᠠᠨ᠎ᠤ ᠬᠠᠮᠲᠤ ᠵᠠᠰᠠᠮᠠᠯ ᠵᠠᠮ᠎ᠤᠨ ᠪᠠᠷᠢᠯᠭ᠎ᠠ ᠵᠢᠨ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠪᠠᠢ᠌ᠭᠤᠯᠤᠭᠰᠠᠨ ᠰᠢᠶᠠᠨ᠎ᠤ ᠵᠠᠮ᠂ ᠰᠢᠶᠠᠩ᠎ᠤᠨ ᠵᠠᠮ᠂ ᠲᠣᠰᠬᠣᠨ᠎ᠤ ᠵᠠᠮ ᠵᠢᠴᠢ ᠳᠠᠭ᠋ᠠᠯᠲᠠ ᠲᠥᠬᠦᠭᠡᠷᠦᠮᠵᠢ ᠵᠢ ᠵᠢᠭ᠋ᠠᠵᠤ ᠪᠤᠶ᠂ ᠡᠭᠦᠨ᠎ᠳᠤ ᠵᠠᠰᠠᠮᠠᠯ ᠵᠠᠮ᠎ᠤᠨ ᠬᠥᠭᠥᠷᠭᠡ᠂ ᠨᠦᠬᠡᠨ ᠵᠠᠮ ᠪᠣᠯᠤᠨ ᠣᠯᠣᠮ᠎ᠢ ᠪᠠᠭᠲᠠᠭ᠋ᠠᠨ᠎ᠠ᠃
ᠰᠢᠶᠠᠨ᠎ᠤ ᠵᠠᠮ ᠭᠡᠳᠡᠭ᠎ᠨᠢ ᠤᠯᠤᠰ᠎ᠤᠨ ᠵᠠᠮ᠂ ᠮᠤᠵᠢ ᠵᠢᠨ ᠵᠠᠮ᠎ᠠᠴᠠ ᠭᠠᠳᠠᠨᠠᠬᠢ ᠰᠢᠶᠠᠨ᠎ᠤ ᠬᠣᠭᠣᠷᠣᠨᠳᠣᠬᠢ ᠵᠠᠰᠠᠮᠠᠯ ᠵᠠᠮ ᠵᠢᠴᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ ᠬᠢᠭᠡᠳ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ ᠪᠣᠯᠤᠨ ᠭᠣᠣᠯ ᠪᠣᠯᠬᠤ ᠲᠠᠸᠠᠷ᠎ᠤᠨ ᠦᠢ᠍ᠯᠡᠳᠪᠦᠷᠢᠯᠡᠯ᠂ ᠲᠥᠪᠯᠡᠷᠡᠭᠦᠯᠵᠦ ᠲᠠᠷᠬᠠᠭ᠋ᠠᠬᠤ ᠭᠠᠵᠠᠷ᠎ᠢ ᠬᠣᠯᠪᠣᠭᠰᠠᠨ ᠵᠠᠰᠠᠮᠠᠯ ᠵᠠᠮ᠎ᠢ ᠵᠢᠭ᠋ᠠᠵᠤ ᠪᠤᠶ᠃
ᠰᠢᠶᠠᠩ᠎ᠤᠨ ᠵᠠᠮ ᠭᠡᠳᠡᠭ᠎ᠨᠢ ᠰᠢᠶᠠᠨ᠎ᠤ ᠵᠠᠮ ᠵᠢᠴᠢ ᠰᠢᠶᠠᠨ᠎ᠤ ᠵᠠᠮ᠎ᠠᠴᠠ ᠳᠡᠭᠡᠭᠰᠢᠬᠢ ᠵᠡᠷᠭᠡ ᠳᠡᠰ᠎ᠤᠨ ᠵᠠᠰᠠᠮᠠᠯ ᠵᠠᠮ᠎ᠠᠴᠠ ᠭᠠᠳᠠᠨᠠᠬᠢ ᠰᠢᠶᠠᠩ᠎ᠤᠨ ᠬᠣᠭᠣᠷᠣᠨᠳᠣᠬᠢ ᠵᠠᠰᠠᠮᠠᠯ ᠵᠠᠮ ᠵᠢᠴᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ ᠬᠢᠭᠡᠳ ᠭᠠᠴᠠᠭ᠎ᠠ ᠲᠣᠰᠬᠣᠨ᠎ᠢ ᠬᠣᠯᠪᠣᠭᠰᠠᠨ ᠵᠠᠰᠠᠮᠠᠯ ᠵᠠᠮ᠎ᠢ ᠵᠢᠭ᠋ᠠᠵᠤ ᠪᠤᠶ᠃
ᠲᠣᠰᠬᠣᠨ᠎ᠤ ᠵᠠᠮ ᠭᠡᠳᠡᠭ᠎ᠨᠢ ᠰᠢᠶᠠᠩ᠎ᠤᠨ ᠵᠠᠮ ᠵᠢᠴᠢ ᠰᠢᠶᠠᠩ᠎ᠤᠨ ᠵᠠᠮ᠎ᠠᠴᠠ ᠳᠡᠭᠡᠭᠰᠢᠬᠢ ᠵᠡᠷᠭᠡ ᠳᠡᠰ᠎ᠤᠨ ᠵᠠᠰᠠᠮᠠᠯ ᠵᠠᠮ᠎ᠠᠴᠠ ᠭᠠᠳᠠᠨᠠᠬᠢ ᠭᠠᠴᠠᠭ᠎ᠠ ᠲᠣᠰᠬᠣᠨ ᠬᠢᠭᠡᠳ ᠭᠠᠴᠠᠭ᠎ᠠ ᠲᠤᠰᠬᠤᠨ᠂ ᠭᠠᠴᠠᠭ᠎ᠠ ᠲᠣᠰᠬᠣᠨ ᠬᠢᠭᠡᠳ ᠠᠢ᠌ᠯ ᠲᠣᠰᠬᠣᠨ᠂ ᠭᠠᠴᠠᠭ᠎ᠠ ᠲᠣᠰᠬᠣᠨ ᠬᠢᠭᠡᠳ ᠭᠠᠳᠠᠨᠠᠬᠢ ᠵᠠᠰᠠᠮᠠᠯ ᠵᠠᠮ᠎ᠢ ᠵᠢᠭ᠋ᠠᠵᠤ ᠪᠤᠶ᠂ ᠭᠡᠬᠦ᠎ᠳᠤ᠎ᠪᠠᠨ ᠲᠣᠰᠬᠣᠨ᠎ᠤ ᠳᠣᠲᠣᠷᠠᠬᠢ ᠵᠡᠭᠡᠯᠢ ᠭᠤᠳᠤᠮᠵᠢ ᠪᠣᠯᠤᠨ ᠲᠠᠷᠢᠶᠠᠨ ᠭᠠᠵᠠᠷ᠎ᠤᠨ ᠬᠣᠭᠣᠷᠣᠨᠳᠣᠬᠢ ᠮᠠᠰᠢᠨ ᠵᠶ᠋ᠠᠷ ᠲᠠᠷᠢᠬᠤ ᠵᠠᠮ᠎ᠢ ᠪᠠᠭᠲᠠᠭ᠋ᠠᠬᠤ ᠦᠭᠡᠶ᠃
ᠳᠠᠭ᠋ᠠᠯᠲᠠ ᠲᠦᠬᠦᠭᠡᠷᠦᠮᠵᠢ ᠭᠡᠳᠡᠭ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠬᠠᠮᠠᠭ᠋ᠠᠯᠠᠬᠤ᠂ ᠠᠷᠠᠴᠢᠯᠠᠨ ᠬᠠᠮᠠᠭ᠋ᠠᠯᠠᠬᠤ ᠪᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠵᠢᠨ ᠲᠤᠰᠠᠳᠠ ᠪᠠᠢ᠌ᠷᠢᠯᠠᠭᠤᠯᠤᠭᠰᠠᠨ ᠵᠠᠰᠠᠮᠠᠯ ᠵᠠᠮ᠎ᠤᠨ ᠰᠡᠷᠭᠡᠢ᠌ᠯᠡᠨ ᠬᠠᠮᠠᠭ᠋ᠠᠯᠠᠬᠤ᠂ ᠤᠰᠤ ᠵᠠᠯᠠᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠡᠵᠡᠩᠨᠡᠬᠦ᠂ ᠦᠢᠯᠡᠴᠢᠯᠡᠬᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠬᠢᠨᠠᠨ ᠡᠵᠡᠮᠳᠡᠬᠦ᠂ ᠴᠢᠮᠡᠭᠡ ᠬᠣᠯᠪᠣᠭ᠎ᠠ ᠵᠡᠷᠭᠡ ᠲᠥᠬᠥᠭᠡᠷᠦᠮᠵᠢ᠂ ᠪᠡᠯᠡᠳᠬᠡᠮᠵᠢ ᠵᠢᠴᠢ ᠲᠤᠰᠬᠠᠶ ᠬᠡᠷᠡᠭᠯᠡᠭᠡᠨ᠎ᠤ ᠪᠠᠷᠢᠯᠭ᠎ᠠ᠂ ᠪᠠᠷᠢᠯᠭ᠎ᠠ ᠵᠢᠨ ᠵᠦᠢᠯ ᠵᠡᠷᠭᠡ ᠵᠢ ᠵᠢᠭ᠋ᠠᠵᠤ ᠪᠣᠶ᠃
ᠳᠥᠷᠪᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠥᠭᠵᠢᠯᠲᠡ᠎ᠳᠤ ᠨᠢᠭᠡᠳᠦᠯᠲᠡᠶ ᠲᠥᠯᠥᠪᠵᠢᠭᠦᠯᠬᠦ᠂ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠬᠤ᠂ ᠠᠶᠤᠯ ᠦᠭᠡᠶ ᠪᠥᠭᠡᠳ ᠲᠣᠬᠢᠷᠠᠬᠤ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ᠂ ᠡᠵᠡᠩᠨᠡᠬᠦ ᠵᠢ ᠵᠡᠷᠭᠡ᠎ᠳᠤ᠎ᠨᠢ ᠴᠢᠬᠤᠯᠠᠴᠢᠯᠠᠬᠤ ᠵᠠᠷᠴᠢᠮ᠎ᠢ ᠵᠢᠷᠤᠮᠯᠠᠵᠤ᠂ ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠠᠵᠢᠯ ᠲᠥᠷᠥᠯ᠎ᠤᠨ᠎ᠬᠢᠨ ᠬᠢᠨᠠᠨ ᠬᠠᠮᠢᠶᠠᠷᠬᠤ᠂ ᠰᠠᠯᠠᠭ᠎ᠠ ᠮᠥᠴᠢᠷ᠎ᠤᠳ ᠬᠠᠮᠵᠢᠯᠴᠠᠬᠤ᠂ ᠨᠡᠢ᠌ᠭᠡᠮ᠎ᠠᠴᠠ ᠣᠷᠣᠯᠴᠠᠬᠤ ᠬᠠᠮᠢᠶᠠᠷᠤᠯᠲᠠ ᠵᠢᠨ ᠪᠠᠢ᠌ᠭᠤᠯᠤᠯ᠎ᠢ ᠬᠡᠷᠡᠭᠵᠢᠭᠦᠯᠬᠦ ᠬᠡᠷᠡᠭᠲᠡᠶ᠃
ᠲᠠᠪᠤᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠥᠭᠵᠢᠯᠲᠡ ᠵᠢ ᠲᠤᠰ ᠭᠠᠵᠠᠷ ᠣᠷᠣᠨ᠎ᠤ᠎ᠪᠠᠨ ᠤᠯᠤᠰ ᠠᠷᠠᠳ᠎ᠤᠨ ᠠᠵᠤ ᠠᠬᠤᠶ ᠪᠣᠯᠤᠨ ᠨᠡᠢ᠌ᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠵᠢᠯ᠎ᠢ ᠵᠠᠰᠠᠭ᠎ᠤᠨ ᠣᠷᠳᠣᠨ᠎ᠤ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠶ᠃
ᠵᠢᠷᠭᠤᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠵᠢᠯ᠎ᠤᠨ ᠬᠠᠷᠢᠭᠤᠴᠠᠯᠭ᠎ᠠ ᠵᠢᠨ ᠭᠣᠤᠯ ᠴᠣᠭᠴᠠ ᠪᠣᠯᠤᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂ ᠵᠣᠬᠢᠬᠤ ᠪᠠᠢ᠌ᠭᠤᠯᠤᠮᠵᠢ ᠪᠤᠶᠤ ᠲᠤᠰᠬᠠᠶ ᠠᠵᠢᠯᠲᠠᠨ᠎ᠢ ᠲᠣᠳᠣᠷᠬᠠᠢ᠌ᠯᠠᠨ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠬᠠᠮᠢᠶ᠎ᠠ ᠪᠥᠬᠥᠶ ᠠᠵᠢᠯ᠎ᠢ ᠬᠠᠷᠢᠭᠤᠴᠠᠭᠤᠯᠬᠤ ᠬᠡᠷᠡᠭᠲᠡᠶ᠃ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠨᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠵᠢᠨ ᠳᠣᠣᠷ᠎ᠠ ᠲᠣᠰᠬᠣᠨ᠎ᠤ ᠵᠠᠮ᠎ᠤᠨ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠠᠵᠢᠯ᠎ᠢ ᠵᠣᠬᠢᠶᠠᠨ ᠪᠠᠢ᠌ᠭᠤᠯᠬᠤ ᠬᠡᠷᠡᠭᠲᠡᠶ᠃
ᠳᠣᠯᠣᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠵᠢᠯ᠎ᠢ ᠭᠣᠣᠯᠯᠠᠨ ᠬᠠᠮᠢᠶᠠᠷᠤᠨ᠎ᠠ᠃ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠬᠠᠮᠢᠶ᠎ᠠ ᠪᠦᠬᠦᠢ ᠠᠵᠢᠯ᠎ᠢ ᠵᠢᠯᠣᠭᠣᠳᠬᠤ᠂ ᠬᠢᠨᠠᠯᠲᠠ ᠲᠠᠯᠪᠢᠬᠤ ᠵᠢ ᠪᠣᠳᠠᠲᠠᠶ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ᠂ ᠪᠠᠢ᠌ᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ᠂ ᠶᠠᠳᠠᠭᠤ ᠵᠢ ᠲᠡᠳᠬᠦᠬᠦ᠂ ᠤᠰᠤᠨ᠎ᠤ ᠵᠠᠰᠠᠭ ᠵᠠᠬᠢᠷᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠠᠮᠢᠶ᠎ᠠ ᠪᠦᠬᠦᠢ ᠠᠵᠢᠯ᠎ᠢ ᠬᠠᠤᠯᠢ ᠶᠣᠰᠣᠭ᠋ᠠᠷ ᠰᠠᠢ᠌ᠲᠤᠷ ᠬᠢᠬᠦ ᠬᠡᠷᠡᠭᠲᠡᠶ᠃
ᠨᠠᠢᠮᠠᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠡᠳ᠋ ᠪᠠᠷᠠᠭ᠎ᠠ ᠵᠡᠷᠭᠡ ᠲᠠᠯ᠎ᠠ᠎ᠪᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠂ ᠵᠠᠬ᠎ᠠ ᠬᠢᠵᠠᠭ᠋ᠠᠷ ᠭᠠᠵᠠᠷ ᠣᠷᠣᠨ ᠪᠣᠯᠤᠨ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠎ᠢ ᠬᠠᠪᠰᠤᠷᠤᠨ ᠲᠡᠳᠬᠦᠵᠦ ᠪᠠᠢ᠌ᠭ᠋ᠠᠳ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠦᠢᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠬᠤ ᠬᠡᠷᠡᠭᠲᠡᠶ᠃
ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠠᠷᠭ᠎ᠠ ᠮᠠᠶᠢᠭ᠎ᠢ ᠠᠪᠴᠤ ᠲᠠᠷᠢᠶᠠᠴᠢᠨ ᠮᠠᠯᠴᠢᠳ᠎ᠢ ᠵᠣᠬᠢᠶᠠᠨ ᠪᠠᠢ᠌ᠭᠤᠯᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠪᠣᠯᠤᠨ ᠠᠷᠠᠴᠢᠯᠠᠨ ᠬᠠᠮᠠᠭ᠋ᠠᠯᠠᠬᠤ᠎ᠳᠤ ᠣᠷᠣᠯᠴᠠᠭᠤᠯᠬᠤ ᠵᠢ ᠵᠣᠷᠢᠭᠵᠢᠭᠤᠯᠬᠤ ᠬᠡᠷᠡᠭᠲᠡᠶ᠃
ᠶᠢᠰᠦᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠪᠦᠲᠦᠭᠡᠨ ᠪᠠᠢ᠌ᠭᠤᠯᠬᠤ ᠪᠠ ᠠᠷᠠᠴᠢᠯᠠᠨ ᠬᠠᠮᠠᠭ᠋ᠠᠯᠠᠬᠤ᠎ᠳᠤ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠨ ᠳᠠᠷᠬ᠎ᠠ᠂ ᠰᠢᠨ᠎ᠡ ᠲᠥᠬᠥᠭᠡᠷᠦᠮᠵᠢ ᠬᠡᠷᠡᠭᠯᠡᠬᠦ ᠵᠢ ᠵᠣᠷᠢᠭᠵᠢᠭᠤᠯᠵᠤ᠂ ᠪᠦᠲᠦᠭᠡᠨ ᠪᠠᠢ᠌ᠭᠤᠯᠬᠤ ᠪᠠ ᠠᠷᠠᠴᠢᠯᠠᠨ ᠬᠠᠮᠠᠭ᠋ᠠᠯᠠᠬᠤ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠬᠤ ᠪᠣᠯᠤᠨ ᠠᠷᠠᠴᠢᠯᠠᠨ ᠬᠠᠮᠠᠭ᠋ᠠᠯᠠᠬᠤ ᠶᠠᠰᠤ ᠴᠢᠨᠠᠷ᠎ᠢ ᠪᠠᠲᠤᠯᠠᠭᠰᠠᠨ ᠤᠷᠢᠲᠠᠯ ᠳᠣᠣᠷ᠎ᠠ᠂ ᠬᠠᠭᠤᠴᠢᠨ ᠵᠠᠮ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ᠂ ᠵᠠᠮ ᠵᠠᠰᠠᠬᠤ᠎ᠳᠤ ᠲᠣᠬᠢᠷᠠᠬᠤ ᠬᠠᠶᠠᠭᠳᠠᠮᠠᠯ ᠬᠠᠭᠤᠴᠢᠨ ᠮᠠᠲᠸᠷᠢᠶᠠᠯ ᠪᠣᠯᠪᠠᠰᠤᠷᠠᠭᠤᠯᠬᠤ ᠵᠡᠷᠭᠡ ᠵᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠪᠣᠯᠤᠨ ᠠᠷᠠᠴᠢᠯᠠᠨ ᠬᠠᠮᠠᠭ᠋ᠠᠯᠠᠬᠤ᠎ᠳᠤ ᠬᠡᠷᠡᠭᠯᠡᠬᠦ ᠵᠢ ᠵᠣᠷᠢᠭᠵᠢᠭᠤᠯᠵᠤ᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠵᠢ ᠲᠦᠯᠬᠢᠨ ᠠᠬᠢᠭᠤᠯᠬᠤ ᠬᠡᠷᠡᠭᠲᠡᠶ᠃
ᠬᠣᠶᠠᠳᠤᠭ᠋ᠠᠷ ᠪᠦᠯᠦᠭ ᠲᠥᠯᠥᠪᠵᠢᠭᠦᠯᠭᠡ
ᠠᠷᠪᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ ᠵᠢ ᠣᠷᠣᠨ ᠪᠦᠰᠡ ᠵᠢᠨ ᠠᠵᠤ ᠠᠬᠤᠶ ᠵᠢᠨ ᠬᠥᠭᠵᠢᠯᠲᠡ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠬᠠᠷᠢᠯᠴᠠᠨ ᠵᠣᠬᠢᠴᠠᠭᠤᠯᠵᠤ᠂ ᠤᠯᠤᠰ᠎ᠤᠨ ᠵᠠᠮ᠂ ᠮᠤᠵᠢ ᠵᠢᠨ ᠵᠠᠮ ᠵᠢᠴᠢ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠤᠰᠤᠨ ᠲᠡᠭᠡᠭᠡᠪᠦᠷᠢ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠵᠢᠨ ᠬᠥᠭᠵᠢᠯᠲᠡ ᠵᠢᠨ ᠲᠥᠯᠥᠪᠵᠢᠭᠦᠯᠭᠡ᠎ᠯᠦᠭᠡ ᠬᠠᠷᠢᠯᠴᠠᠨ ᠵᠣᠬᠢᠴᠠᠭᠤᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠥᠪᠵᠢᠭᠦᠯᠭᠡ᠎ᠳᠤ ᠨᠡᠢ᠌ᠴᠡᠭᠦᠯᠬᠦ ᠵᠢᠨ ᠬᠠᠮᠲᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ  ᠃
ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ᠂ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠥᠷᠲᠡᠭᠡ ᠵᠡᠷᠭᠡ ᠲᠦᠬᠦᠭᠡᠷᠦᠮᠵᠢ ᠵᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠯᠤᠭ᠎ᠠ ᠨᠢᠭᠡᠳᠦᠯᠲᠡᠶ ᠲᠥᠯᠥᠪᠵᠢᠭᠦᠯᠬᠦ ᠵᠢᠨ ᠬᠠᠮᠲᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠷᠢᠮᠵᠢᠶ᠎ᠠ ᠶᠣᠰᠣᠭ᠋ᠠᠷ ᠪᠦᠲᠦᠭᠡᠨ ᠪᠠᠢ᠌ᠭᠤᠯᠬᠤ ᠬᠡᠷᠡᠭᠲᠡᠶ᠃
ᠠᠷᠪᠠᠨ ᠨᠢᠭᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ᠎ᠳᠤ ᠰᠢᠶᠠᠨ᠎ᠤ ᠵᠠᠮ᠎ᠤᠨ ᠲᠥᠯᠥᠪᠵᠢᠭᠦᠯᠭᠡ᠂ ᠰᠢᠶᠠᠩ᠎ᠤᠨ ᠵᠠᠮ᠎ᠤᠨ ᠲᠥᠯᠥᠪᠵᠢᠭᠦᠯᠭᠡ ᠪᠣᠯᠤᠨ ᠲᠣᠰᠬᠣᠨ᠎ᠤ ᠵᠠᠮ᠎ᠤᠨ ᠲᠥᠯᠥᠪᠵᠢᠭᠦᠯᠭᠡ ᠪᠠᠭᠲᠠᠨ᠎ᠠ᠃
ᠰᠢᠶᠠᠨ᠎ᠤ ᠵᠠᠮ᠎ᠤᠨ ᠲᠥᠯᠥᠪᠵᠢᠭᠦᠯᠭᠡ ᠵᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠠᠢ᠌ᠷᠠᠭᠤᠯᠤᠨ ᠵᠣᠬᠢᠶᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ᠂ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃
ᠰᠢᠶᠠᠩ᠎ᠤᠨ ᠵᠠᠮ᠎ᠤᠨ ᠲᠥᠯᠥᠪᠵᠢᠭᠦᠯᠭᠡ ᠪᠣᠯᠤᠨ ᠲᠣᠰᠬᠣᠨ᠎ᠤ ᠵᠠᠮ᠎ᠤᠨ ᠲᠥᠯᠥᠪᠵᠢᠭᠦᠯᠭᠡ ᠵᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠢ ᠬᠠᠮᠵᠢᠨ ᠨᠠᠢ᠌ᠷᠠᠭᠤᠯᠤᠨ ᠵᠣᠬᠢᠶᠠᠵᠤ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ᠂ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃
ᠵᠥᠪᠰᠢᠶᠡᠷᠡᠭᠦᠯᠦᠭᠰᠡᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠴᠢᠬᠤᠯᠠ᠎ᠲᠠᠢ ᠪᠣᠯ᠂ ᠤᠤᠯ᠎ᠤᠨ ᠨᠠᠢ᠌ᠷᠠᠭᠤᠯᠤᠨ ᠵᠣᠬᠢᠶᠠᠭᠰᠠᠨ ᠨᠢᠭᠡᠴᠢ᠎ᠠᠴᠠ ᠵᠠᠰᠠᠪᠤᠷᠢ ᠣᠷᠣᠭᠤᠯᠬᠤ ᠲᠥᠰᠦᠯ ᠳᠤᠷᠠᠳᠬᠤ ᠵᠢᠨ ᠬᠠᠮᠲᠤ᠂ ᠤᠤᠯ᠎ᠤᠨ ᠬᠢᠨᠠᠨ ᠵᠥᠪᠰᠢᠶᠡᠷᠡᠭᠰᠡᠨ ᠵᠢᠷᠤᠮ᠎ᠤᠨ ᠶᠣᠰᠣᠭ᠋ᠠᠷ ᠵᠥᠪᠰᠢᠶᠡᠷᠡᠵᠦ ᠳᠠᠩᠰᠠᠯᠠᠭᠤᠯᠬᠤ ᠬᠡᠷᠡᠭᠲᠡᠶ᠃
ᠠᠷᠪᠠᠨ ᠬᠣᠶᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠲᠣᠰᠬᠣᠨ ᠪᠠᠯᠭ᠋ᠠᠰᠤ ᠵᠢᠨ ᠪᠠᠢ᠌ᠷᠢᠯᠠᠭᠤᠯᠤᠯ᠎ᠢ ᠰᠢᠯᠢᠳᠡᠭᠵᠢᠭᠦᠯᠬᠦ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢᠯᠡᠰ᠎ᠤᠨ ᠬᠦᠷᠢᠶᠡᠯᠡᠩ᠎ᠢ ᠪᠠᠢ᠌ᠭᠤᠯᠬᠤ᠂ ᠣᠯᠠᠨ ᠲᠦᠮᠡᠨ᠎ᠤ ᠠᠮᠤᠷ ᠲᠦᠪᠰᠢᠨ ᠵᠶ᠋ᠡᠷ ᠶᠠᠪᠤᠵᠤ ᠰᠠᠭᠤᠬᠤ᠎ᠳᠤ ᠳᠥᠭᠥᠮ ᠳᠥᠲᠡ ᠪᠠᠢ᠌ᠯᠭ᠋ᠠᠬᠤ᠎ᠯᠤᠭ᠎ᠠ ᠬᠠᠷᠢᠯᠴᠠᠨ ᠵᠣᠬᠢᠴᠠᠭᠤᠯᠵᠤ᠂ ᠪᠠᠢ᠌ᠷᠢᠯᠠᠭᠤᠯᠤᠯ᠎ᠨᠢ ᠵᠦᠶ ᠵᠣᠬᠢᠰᠲᠠᠶ᠂ ᠵᠣᠯᠭ᠋ᠠᠯᠲᠠ᠎ᠨᠢ ᠰᠢᠯᠤᠭᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠣᠤᠷ᠎ᠢ ᠪᠠᠢ᠌ᠭᠤᠯᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢᠯ᠎ᠤᠨ ᠬᠥᠮᠥᠷᠭᠡ ᠵᠢ ᠵᠡᠷᠭᠡ᠎ᠳᠤ᠎ᠨᠢ ᠪᠠᠢ᠌ᠭᠤᠯᠵᠤ᠂ ᠵᠥᠪᠰᠢᠶᠡᠷᠡᠭᠦᠯᠬᠦ ᠪᠠ ᠳᠠᠩᠰᠠᠯᠠᠭᠤᠯᠬᠤ ᠭᠠᠷᠳᠠᠮ᠎ᠢ ᠵᠡᠷᠭᠡ᠎ᠳᠤ᠎ᠨᠢ ᠭᠦᠢᠴᠡᠳᠬᠡᠬᠦ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢ᠍ᠯ᠎ᠤᠨ ᠬᠥᠮᠥᠷᠭᠡ᠎ᠳᠤ ᠬᠦᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠬᠡᠷᠡᠭᠴᠡᠭᠡ᠎ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠨ᠎ᠡ᠃ ᠲᠥᠷᠥᠯ ᠵᠦᠢ᠍ᠯ᠎ᠤᠨ ᠬᠥᠮᠥᠷᠭᠡ᠎ᠳᠤ ᠲᠣᠬᠢᠷᠠᠭᠤᠯᠤᠯᠲᠠ ᠬᠢᠬᠦ᠎ᠳᠤ ᠤᠤᠯ᠎ᠤᠨ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ᠂ ᠵᠥᠪᠰᠢᠶᠡᠷᠡᠭᠰᠡᠨ ᠪᠠᠢ᠌ᠭᠤᠯᠭ᠎ᠠ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢᠯ᠎ᠤᠨ ᠬᠥᠮᠥᠷᠭᠡ ᠵᠢ ᠦᠨᠳᠦᠰᠦᠯᠡᠨ᠂ ᠡᠳ᠋᠎ᠤᠨ ᠵᠠᠰᠠᠭ᠎ᠤᠨ ᠣᠷᠣᠭᠤᠯᠤᠯᠲᠠ᠂ ᠣᠨ᠎ᠤ ᠪᠦᠲᠦᠭᠡᠨ ᠪᠠᠢ᠌ᠭᠤᠯᠤᠯᠲᠠ ᠵᠢᠨ ᠭᠣᠤᠯᠳᠠᠯᠭ᠎ᠠ᠂ ᠠᠷᠠᠴᠢᠯᠠᠨ ᠬᠠᠮᠠᠭ᠋ᠠᠯᠠᠬᠤ ᠴᠢᠳᠠᠪᠤᠷᠢ ᠵᠡᠷᠭᠡ ᠬᠦᠴᠦᠨ ᠵᠦᠢᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠱᠠᠲᠤᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠣᠨ᠎ᠤ ᠲᠥᠯᠥᠪᠯᠡᠭᠡ᠎ᠪᠠᠨ ᠨᠠᠢ᠌ᠷᠠᠭᠤᠯᠤᠨ ᠵᠣᠬᠢᠶᠠᠬᠤ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢᠯ᠎ᠤᠨ ᠬᠥᠮᠥᠷᠭᠡ᠎ᠳᠤ ᠣᠷᠣᠭᠤᠯᠤᠭᠰᠠᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ᠂ ᠨᠢᠭᠡᠨᠲᠡ ᠵᠥᠪᠰᠢᠶᠡᠷᠡᠭᠦᠯᠦᠭᠰᠡᠨ ᠲᠥᠷᠥᠯ ᠵᠦᠢᠯ ᠪᠣᠯᠭ᠋ᠠᠵᠤ᠂ ᠲᠥᠷᠥᠯ ᠵᠦᠢᠯ ᠪᠠᠢ᠌ᠭᠤᠯᠬᠤ ᠭᠠᠷᠳᠠᠮ᠎ᠢ ᠠᠰ᠎ᠲᠤ᠎ᠨᠢ ᠭᠦᠢᠴᠡᠳᠬᠡᠬᠦ ᠦᠭᠡᠶ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠮᠡᠳᠡᠭᠡ ᠵᠠᠩᠭᠢ ᠵᠢ ᠨᠡᠢ᠌ᠭᠡᠮ᠎ᠳᠤ ᠢᠯᠡ ᠪᠣᠯᠭ᠋ᠠᠬᠤ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠲᠥᠷᠥᠯ ᠵᠦᠢ᠍ᠯ᠎ᠤᠨ ᠬᠥᠮᠥᠷᠭᠡ᠎ᠳᠤ ᠣᠷᠣᠭᠤᠯᠤᠭ᠋ᠠᠳᠤᠶ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ᠂ ᠣᠨ᠎ᠤ ᠲᠥᠯᠥᠪᠯᠡᠭᠡ᠎ᠳᠤ ᠣᠷᠣᠭᠤᠯᠵᠤ ᠪᠣᠯᠬᠤ ᠦᠭᠡᠶ᠃
ᠭᠤᠷᠪᠠᠳᠤᠭ᠋ᠠᠷ ᠪᠦᠯᠦᠭ ᠪᠦᠲᠦᠭᠡᠨ ᠪᠠᠢ᠌ᠭᠤᠯᠤᠯᠲᠠ
ᠠᠷᠪᠠᠨ ᠲᠠᠪᠤᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠠᠵᠤ ᠠᠬᠤᠶ ᠨᠡᠢ᠌ᠭᠡᠮ᠎ᠤᠨ ᠬᠥᠭᠵᠢᠯᠲᠡ᠂ ᠪᠠᠢ᠌ᠭ᠋ᠠᠯᠢ ᠵᠢᠨ ᠭᠠᠵᠠᠷ ᠵᠦᠶ ᠵᠢᠨ ᠨᠥᠬᠥᠴᠡᠯ᠂ ᠨᠤᠲᠤᠭ ᠪᠡᠯᠴᠢᠭᠡᠷ᠎ᠤᠨ ᠤᠰᠤᠷᠬᠠᠭ ᠭᠠᠵᠠᠷ᠎ᠢ ᠬᠠᠮᠠᠭ᠋ᠠᠯᠠᠬᠤ ᠪᠠ ᠵᠠᠰᠠᠮᠠᠯ ᠵᠠᠮ᠎ᠤᠨ ᠴᠢᠳᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠪᠣᠳᠠᠲᠤ ᠪᠠᠢ᠌ᠳᠠᠯ᠎ᠢ ᠦᠨᠳᠦᠰᠦᠯᠡᠨ᠂ ᠮᠡᠷᠭᠡᠵᠢᠯ᠎ᠤᠨ ᠵᠡᠷᠭᠡ ᠳᠡᠰ᠎ᠢ᠎ᠨᠢ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠬᠡᠪᠴᠢᠶ᠎ᠡ᠂ ᠴᠢᠳᠠᠮᠵᠢ᠂ ᠮᠡᠷᠭᠡᠵᠢᠯ᠎ᠤᠨ ᠪᠤᠳᠤᠯᠢᠶᠠᠨᠲᠤ ᠬᠡᠮᠵᠢᠶ᠎ᠡ ᠵᠡᠷᠭᠡ ᠬᠦᠴᠦᠨ ᠵᠦᠢᠯ᠎ᠤᠨ ᠶᠣᠰᠣᠭ᠋ᠠᠷ᠂ ᠴᠢᠬᠤᠯᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠤᠨ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ ᠭᠡᠵᠦ ᠬᠤᠪᠢᠶᠠᠨ᠎ᠠ᠃ ᠮᠡᠷᠭᠡᠵᠢᠯ᠎ᠤᠨ ᠲᠠᠰ᠎ᠤᠨ ᠬᠣᠶᠠᠳᠤᠭ᠋ᠠᠷ ᠳᠡᠰ᠎ᠠᠴᠠ ᠳᠡᠭᠡᠭᠰᠢᠬᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠤᠨ ᠨᠦᠬᠡᠨ ᠵᠠᠮ᠂ ᠲᠣᠮᠣ ᠬᠡᠯᠪᠡᠷᠢ ᠵᠢᠨ ᠬᠥᠭᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯ ᠴᠢᠬᠤᠯᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠤᠨ᠎ᠠ᠂ ᠪᠤᠰᠤᠳ ᠲᠥᠷᠥᠯ ᠵᠦᠢᠯ ᠪᠣᠯ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠤᠨ᠎ᠠ᠃
ᠴᠢᠬᠤᠯᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠤᠯᠤᠰ᠎ᠠᠴᠠ ᠲᠣᠭᠲᠠᠭ᠋ᠠᠭᠰᠠᠨ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠳᠡᠰ ᠳᠠᠷᠠᠭ᠋ᠠᠯᠠᠯ ᠪᠣᠯᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠬᠦ ᠬᠡᠷᠡᠭᠲᠡᠶ᠃ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠪᠦᠲᠦᠭᠡᠨ ᠪᠠᠢ᠌ᠭᠤᠯᠤᠯᠲᠠ ᠵᠢᠨ ᠳᠡᠰ ᠳᠠᠷᠠᠭ᠋ᠠᠯᠠᠯ᠎ᠢ ᠳᠥᠭᠥᠮᠴᠢᠯᠡᠨ ᠬᠡᠷᠡᠭᠵᠢᠭᠦᠯᠵᠦ ᠪᠣᠯᠤᠨ᠎ᠠ᠃
ᠠᠷᠪᠠᠨ ᠳᠣᠯᠣᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠭᠠᠵᠠᠷ᠎ᠢ ᠠᠷᠪᠢᠯᠠᠨ ᠬᠡᠷᠡᠭᠯᠡᠬᠦ ᠵᠠᠷᠴᠢᠮ᠎ᠢ ᠪᠠᠷᠢᠮᠲᠠᠯᠠᠨ᠂ ᠲᠠᠷᠢᠶᠠᠨ ᠭᠠᠵᠠᠷ᠂ ᠣᠶ ᠮᠣᠳᠣᠨ᠎ᠤ ᠭᠠᠵᠠᠷ᠂ ᠪᠡᠯᠴᠢᠭᠡᠷ ᠪᠣᠯᠤᠨ ᠤᠰᠤᠷᠬᠠᠭ ᠭᠠᠵᠠᠷ᠎ᠢ ᠴᠢᠩᠭ᠎ᠠ ᠬᠠᠮᠠᠭ᠋ᠠᠯᠠᠵᠤ᠂ ᠣᠳᠣ ᠪᠠᠢ᠌ᠭ᠎ᠠ ᠵᠠᠰᠠᠮᠠᠯ ᠵᠠᠮ᠎ᠢ ᠭᠦᠢᠴᠡᠳ ᠠᠰᠢᠭᠯᠠᠨ ᠥᠭᠡᠷᠡᠴᠢᠯᠡᠨ ᠪᠠᠢ᠌ᠭᠤᠯᠬᠤ ᠪᠤᠶᠤ ᠥᠷᠭᠡᠳᠬᠡᠨ ᠪᠠᠢ᠌ᠭᠤᠯᠬᠤ ᠬᠡᠷᠡᠭᠲᠡᠶ᠃
ᠠᠷᠪᠠᠨ ᠨᠠᠢᠮᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠪᠠᠷᠢᠯᠭ᠎ᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢᠨ ᠳᠦᠷᠢᠮ ᠪᠣᠯᠤᠨ ᠬᠦᠯᠦᠰᠦᠨ ᠠᠵᠢᠯᠴᠢᠳ᠎ᠤᠨ ᠴᠠᠯᠢᠩ᠎ᠤᠨ ᠪᠠᠲᠤᠯᠠᠭ᠎ᠠ ᠵᠢᠨ ᠮᠥᠩᠭᠥ ᠵᠢᠨ ᠳᠦᠷᠢᠮ᠎ᠢ ᠬᠡᠷᠡᠭᠵᠢᠭᠦᠯᠦᠨ᠎ᠡ᠃
ᠠᠷᠪᠠ ᠶᠢᠰᠦᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠲᠥᠷᠥᠯ ᠵᠦᠢᠯ᠎ᠤᠨ ᠥᠮᠴᠢᠲᠡᠨ᠎ᠤ ᠬᠠᠷᠢᠭᠤᠴᠠᠯᠭ᠎ᠠ ᠵᠢᠨ ᠳᠦᠷᠢᠮ᠂ ᠠᠶᠤᠯᠭᠦᠢ ᠦᠢᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ ᠪᠣᠯᠤᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠨᠠᠰᠤᠨ ᠲᠤᠷᠰᠢ ᠵᠢᠨ ᠳᠦᠷᠢᠮ᠎ᠢ ᠬᠡᠷᠡᠭᠵᠢᠭᠦᠯᠦᠨ᠎ᠡ᠃
ᠲᠥᠷᠥᠯ ᠵᠦᠢ᠍ᠯ᠎ᠤᠨ ᠥᠮᠴᠢᠲᠡᠨ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠶᠠᠰᠤ ᠴᠢᠨᠠᠷ᠎ᠲᠤ ᠶᠡᠷᠦᠩᠬᠡᠶ ᠬᠠᠷᠢᠭᠤᠴᠠᠯᠭ᠎ᠠ ᠵᠢ ᠬᠠᠷᠢᠭᠤᠴᠠᠵᠤ᠂ ᠪᠦᠲᠦᠭᠡᠨ ᠪᠠᠢ᠌ᠭᠤᠯᠬᠤ ᠲᠥᠷᠥᠯ ᠵᠦᠢ᠍ᠯ᠎ᠤᠨ ᠵᠣᠬᠢᠴᠠᠩᠭᠤᠶ ᠪᠦᠬᠦᠢ ᠬᠠᠮᠢᠶᠠᠷᠤᠯᠲᠠ ᠪᠣᠯᠤᠨ ᠮᠡᠷᠭᠡᠵᠢᠯ᠎ᠤᠨ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ᠃
ᠲᠥᠷᠥᠯ ᠵᠦᠢ᠍ᠯ᠎ᠤᠨ ᠥᠮᠴᠢᠲᠡᠨ᠂ ᠬᠠᠢ᠌ᠨ ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠵᠡᠷᠭᠡ ᠨᠢᠭᠡᠴᠢ᠎ᠨᠦᠭᠦᠳ ᠵᠣᠬᠢᠴᠠᠩᠭᠤᠶ ᠶᠠᠰᠤ ᠴᠢᠨᠠᠷ᠎ᠤᠨ ᠠᠮᠤᠷ ᠲᠥᠪᠰᠢᠨ᠎ᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃
ᠬᠣᠷᠢᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠳᠦᠷᠢᠮ᠎ᠢ ᠬᠡᠷᠡᠭᠵᠢᠭᠦᠯᠦᠨ᠎ᠡ᠃
ᠬᠠᠢ᠌ᠨ ᠪᠠᠢ᠌ᠴᠠᠭ᠋ᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠢᠴᠢ ᠪᠠᠷᠢᠯᠭ᠎ᠠ ᠵᠢᠨ ᠪᠦᠳᠦᠭᠡᠨ ᠪᠠᠢ᠌ᠭᠤᠯᠤᠯᠲᠠ᠎ᠳᠤ ᠬᠣᠯᠪᠣᠭᠳᠠᠬᠤ ᠴᠢᠬᠤᠯᠠ ᠲᠤᠨᠤᠭ ᠲᠥᠬᠥᠭᠡᠷᠦᠮᠵᠢ᠂ ᠮᠠᠲ᠋ᠧᠷᠢᠶᠠᠯ᠎ᠢ ᠬᠤᠳᠠᠯᠳᠤᠨ ᠠᠪᠬᠤ ᠵᠡᠷᠭᠡ᠎ᠨᠢ ᠬᠠᠤᠯᠢ᠎ᠪᠠᠷ ᠲᠣᠭᠲᠠᠭ᠋ᠠᠭᠰᠠᠨ ᠳᠠᠭ᠋ᠠᠭ᠋ᠠᠴᠢᠯᠠᠯᠲᠠ ᠵᠠᠷᠯᠠᠬᠤ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠪᠠᠯ᠂ ᠬᠠᠤᠯᠢ ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ ᠬᠡᠷᠡᠭᠲᠡᠢ᠃
ᠬᠠᠤᠯᠢ᠎ᠪᠠᠷ ᠲᠣᠭᠲᠠᠭ᠋ᠠᠭᠰᠠᠨ ᠳᠠᠭ᠋ᠠᠭ᠋ᠠᠴᠢᠯᠠᠯᠲᠠ ᠵᠠᠷᠯᠠᠬᠤ ᠪᠠᠷᠢᠮᠵᠢᠶ᠎ᠠ᠎ᠳᠤ ᠬᠦᠷᠦᠭᠰᠡᠨ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠣᠯᠠᠨ ᠲᠥᠷᠥᠯ ᠵᠦᠢᠯ᠎ᠢ ᠬᠠᠮᠲᠤ᠎ᠳᠤ᠎ᠨᠢ ᠳᠠᠭ᠋ᠠᠭ᠋ᠠᠴᠢᠯᠠᠯᠲᠠ ᠵᠠᠷᠯᠠᠵᠤ ᠪᠣᠯᠤᠨ᠎ᠠ᠃
ᠨᠡᠢ᠌ᠭᠡᠮ᠎ᠠᠴᠠ ᠡᠳ᠋ ᠮᠦᠩᠭᠦ᠎ᠪᠠᠷ ᠲᠤᠰᠠᠯᠠᠬᠤ᠂ ᠣᠯᠠᠨ ᠲᠦᠮᠡᠨ ᠬᠦᠴᠦ ᠬᠥᠳᠡᠯᠮᠦᠷᠢ ᠣᠷᠣᠭᠤᠯᠬᠤ᠎ᠪᠠᠷ ᠭᠣᠣᠯ ᠪᠣᠯᠭ᠋ᠠᠭᠰᠠᠨ ᠲᠣᠰᠬᠣᠨ᠎ᠤ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ᠂ ᠳᠠᠭ᠋ᠠᠭ᠋ᠠᠴᠢᠯᠠᠯᠲᠠ ᠵᠠᠷᠯᠠᠬᠤ ᠦᠭᠡᠶ ᠪᠠᠢ᠌ᠵᠤ ᠪᠣᠯᠤᠨ᠎ᠠ᠂ ᠭᠠᠴᠠᠭ᠎ᠠ ᠲᠣᠰᠬᠣᠨ᠎ᠤ ᠠᠷᠠᠳ᠎ᠤᠨ ᠬᠤᠷᠠᠯ ᠪᠤᠶᠤ ᠭᠠᠴᠠᠭ᠎ᠠ ᠲᠣᠰᠬᠣᠨ᠎ᠤ ᠠᠷᠠᠳ᠎ᠤᠨ ᠲᠥᠯᠥᠭᠡᠯᠡᠭᠴᠢᠳ᠎ᠤᠨ ᠬᠤᠷᠠᠯ᠎ᠠᠴᠠ ᠡᠵᠡᠨ ᠮᠡᠳᠡᠨ ᠲᠣᠭᠲᠠᠭ᠋ᠠᠵᠤ ᠪᠣᠯᠤᠨ᠎ᠠ᠃
ᠬᠣᠷᠢᠨ ᠨᠢᠭᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠵᠢᠷᠤᠭ ᠲᠥᠯᠥᠪᠯᠡᠭᠡ ᠵᠢ ᠵᠣᠬᠢᠴᠠᠩᠭᠤᠶ ᠬᠢᠷᠢ ᠬᠡᠮ᠎ᠲᠠᠢ ᠵᠢᠷᠤᠭ ᠲᠥᠯᠥᠪᠯᠡᠭᠡᠨ᠎ᠤ ᠨᠢᠭᠡᠴᠢ᠎ᠠᠴᠠ ᠡᠭᠦᠷᠭᠡᠯᠡᠬᠦ ᠬᠡᠷᠡᠭᠲᠡᠶ᠃
ᠴᠢᠬᠤᠯᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠬᠢᠬᠦ ᠪᠠ ᠪᠠᠷᠢᠯᠭ᠎ᠠ ᠵᠢᠨ ᠠᠵᠢᠯ᠎ᠤᠨ ᠵᠢᠷᠤᠭ᠎ᠤᠨ ᠵᠢᠷᠤᠭ ᠲᠥᠯᠥᠪᠯᠡᠭᠡ ᠬᠢᠬᠦ ᠬᠡᠷᠡᠭᠲᠡᠶ᠃ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠪᠠᠷᠢᠯᠭ᠎ᠠ ᠵᠢᠨ ᠠᠵᠢᠯ᠎ᠤᠨ ᠵᠢᠷᠤᠭ᠎ᠤᠨ ᠵᠢᠷᠤᠭ ᠲᠥᠯᠥᠪᠯᠡᠭᠡ ᠵᠢ ᠰᠢᠭᠤᠳ ᠬᠢᠵᠦ ᠪᠣᠯᠬᠤ ᠪᠦᠭᠡᠳ ᠣᠯᠠᠨ ᠲᠥᠷᠥᠯ ᠵᠦᠢᠯ᠎ᠢ ᠬᠠᠮᠲᠤ᠎ᠳᠤ᠎ᠨᠢ ᠬᠢᠵᠦ ᠪᠣᠯᠤᠨ᠎ᠠ᠃
ᠨᠡᠢ᠌ᠭᠡᠮ᠎ᠠᠴᠠ ᠡᠳ᠋ ᠮᠥᠩᠭᠥ᠎ᠪᠠᠷ ᠲᠤᠰᠠᠯᠠᠬᠤ᠂ ᠣᠯᠠᠨ ᠲᠦᠮᠡᠨ ᠬᠦᠴᠦ ᠬᠥᠳᠡᠯᠮᠦᠷᠢ ᠣᠷᠣᠭᠤᠯᠬᠤ᠎ᠪᠠᠷ ᠭᠣᠣᠯ ᠪᠣᠯᠭ᠋ᠠᠭᠰᠠᠨ ᠲᠣᠰᠬᠣᠨ᠎ᠤ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠷᠢᠯᠭ᠎ᠠ ᠵᠢᠨ ᠠᠵᠢᠯ᠎ᠤᠨ ᠵᠢᠷᠤᠭ᠎ᠤᠨ ᠵᠢᠷᠤᠭ ᠲᠥᠯᠦᠪᠯᠡᠭᠡᠨ᠎ᠤ ᠪᠢᠴᠢᠭ ᠮᠠᠲᠸᠷᠢᠶᠠᠯ᠎ᠢ ᠬᠠᠩᠭ᠋ᠠᠵᠤ ᠪᠣᠯᠤᠨ᠎ᠠ᠃
ᠬᠣᠷᠢᠨ ᠬᠣᠶᠠᠳᠤᠭ᠋ᠠᠷ ᠵᠦᠢᠯ᠂ ᠴᠢᠬᠤᠯᠠ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠪᠠᠷᠢᠯᠭ᠎ᠠ ᠵᠢᠨ ᠠᠵᠢᠯ᠎ᠤᠨ ᠵᠢᠷᠤᠭ᠎ᠤᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠢ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠥᠪᠰᠢᠶᠡᠷᠡᠵᠦ᠂ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠪᠠᠷᠢᠯᠭ᠎ᠠ ᠵᠢᠨ ᠠᠵᠢᠯ᠎ᠤᠨ ᠵᠢᠷᠤᠭ᠎ᠤᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ   ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠥᠪᠰᠢᠶᠡᠷᠡᠬᠦ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠴᠢᠬᠤᠯᠠ ᠶᠡᠬᠡ ᠪᠤᠶᠤ ᠨᠡᠯᠢᠶᠡᠳ ᠶᠡᠬᠡ ᠵᠢᠷᠤᠭ ᠲᠥᠯᠥᠪᠯᠡᠭᠡ ᠵᠢ ᠬᠤᠪᠢᠷᠠᠭ᠋ᠠᠬᠤ᠎ᠳᠤ ᠤᠤᠯ᠎ᠤᠨ ᠵᠥᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
ᠬᠣᠷᠢᠨ ᠭᠤᠷᠪᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠨᠢ ᠵᠣᠬᠢᠴᠠᠩᠭᠤᠶ ᠬᠢᠷᠢ ᠬᠡᠮ᠎ᠢ ᠪᠦᠷᠢᠳᠦᠭᠦᠯᠦᠭᠰᠡᠨ ᠨᠢᠭᠡᠴᠢ ᠵᠢ ᠰᠣᠩᠭᠣᠨ ᠪᠠᠷᠢᠯᠭ᠎ᠠ ᠵᠢᠨ ᠠᠵᠢᠯ ᠬᠢᠯᠭᠡᠬᠦ ᠬᠡᠷᠡᠭᠲᠡᠶ᠃ ᠪᠠᠷᠢᠯᠭ᠎ᠠ ᠵᠢᠨ ᠶᠠᠰᠤ ᠴᠢᠨᠠᠷ᠎ᠢ ᠪᠠᠲᠤᠯᠠᠭᠰᠠᠨ ᠨᠥᠬᠥᠴᠡᠯ ᠳᠣᠣᠷ᠎ᠠ᠂ ᠲᠤᠰᠬᠠᠶ ᠮᠡᠷᠭᠡᠵᠢᠯ᠎ᠤᠨ ᠠᠵᠢᠯᠲᠠᠨ᠎ᠤ ᠵᠢᠯᠣᠭᠣᠳᠤᠯᠭ᠎ᠠ ᠳᠣᠣᠷ᠎ᠠ ᠵᠠᠮ ᠳᠠᠭ᠋ᠠᠤ ᠵᠢᠨ ᠭᠠᠴᠠᠭ᠎ᠠ ᠲᠣᠰᠬᠣᠨ᠎ᠤ ᠠᠷᠠᠳ᠎ᠢ ᠵᠣᠬᠢᠶᠠᠨ ᠪᠠᠢ᠌ᠭᠤᠯᠤᠨ ᠲᠣᠰᠬᠣᠨ᠎ᠤ ᠵᠠᠮ᠎ᠤᠨ ᠪᠦᠲᠦᠭᠡᠨ ᠪᠠᠢ᠌ᠭᠤᠯᠤᠯᠲᠠ᠎ᠳᠤ ᠮᠡᠷᠭᠡᠵᠢᠯ᠎ᠤᠨ ᠬᠦᠴᠢᠷᠳᠡᠯ ᠵᠶ᠋ᠡᠷ ᠳᠣᠣᠷ᠎ᠠ ᠵᠠᠮ᠎ᠤᠨ ᠰᠠᠭᠤᠷᠢ ᠪᠠ ᠳᠠᠭ᠋ᠠᠯᠲᠠ ᠲᠦᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ ᠪᠣᠯᠤᠨ᠎ᠠ᠃
ᠬᠣᠷᠢᠨ ᠳᠥᠷᠪᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠵᠣᠬᠢᠴᠠᠩᠭᠤᠶ ᠪᠦᠬᠦᠢ ᠬᠢᠷᠢ ᠬᠡᠮ᠎ᠲᠠᠢ ᠬᠢᠨᠠᠨ ᠬᠠᠮᠢᠶᠠᠷᠬᠤ ᠨᠢᠭᠡᠴᠢ᠎ᠠᠴᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ ᠵᠡᠷᠭᠡ ᠶᠣᠰᠣᠭ᠋ᠠᠷ ᠬᠢᠨᠠᠨ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠶ᠃
ᠬᠣᠷᠢᠨ ᠲᠠᠪᠤᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠯᠭ᠋ᠠᠨ ᠠᠪᠬᠤ ᠬᠡᠷᠡᠭᠲᠡᠶ᠃ ᠰᠢᠯᠭ᠋ᠠᠨ ᠠᠪᠤᠭᠰᠠᠨ ᠤᠢ᠍ᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠤᠢ᠍ᠭᠡᠢ ᠪᠠᠢ᠌ᠪᠠᠯ᠂ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠤᠢ᠍ᠭᠡᠢ᠃ ᠡᠩ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠠᠵᠢᠯ ᠲᠤᠰᠢᠶᠠᠬᠤ᠂ ᠠᠵᠢᠯ ᠳᠠᠭᠤᠰᠤᠭᠰᠠᠨ᠎ᠢ ᠰᠢᠯᠭ᠋ᠠᠨ ᠠᠪᠬᠤ ᠵᠢ ᠨᠡᠢ᠌ᠯᠡᠭᠦᠯᠦᠨ ᠶᠠᠪᠤᠭᠳᠠᠭᠤᠯᠵᠤ ᠪᠣᠯᠬᠤ ᠪᠦᠭᠡᠳ ᠣᠯᠠᠨ ᠲᠥᠷᠥᠯ ᠵᠦᠢ᠍ᠯ᠎ᠢ ᠬᠠᠮᠲᠤ᠎ᠳᠤ᠎ᠨᠢ ᠰᠢᠯᠭ᠋ᠠᠨ ᠬᠤᠷᠢᠶᠠᠵᠤ ᠪᠣᠯᠤᠨ᠎ᠠ᠃
ᠬᠣᠷᠢᠨ ᠵᠢᠷᠭᠤᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠳᠤ ᠬᠣᠯᠪᠣᠭᠳᠠᠯ ᠪᠦᠬᠦᠢ ᠪᠠᠷᠢᠮᠵᠢᠶ᠎ᠠ ᠶᠣᠰᠣᠭ᠋ᠠᠷ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠰᠡᠷᠭᠡᠢ᠌ᠯᠡᠨ ᠬᠠᠮᠠᠭ᠋ᠠᠯᠠᠬᠤ᠂ ᠤᠰᠤ ᠵᠠᠯᠠᠬᠤ᠂ ᠪᠡᠯᠭᠡ ᠲᠡᠮᠳᠡᠭ᠂ ᠲᠡᠮᠳᠡᠭ ᠵᠢᠷᠤᠭ᠋ᠠᠰᠤ᠂ ᠲᠡᠷᠭᠡ ᠬᠦᠯᠢᠶᠡᠬᠦ ᠮᠤᠬᠤᠯᠠᠭ᠂ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠥᠷᠲᠡᠭᠡ ᠵᠡᠷᠭᠡ ᠳᠠᠭ᠋ᠠᠯᠲᠠ ᠲᠦᠬᠦᠭᠡᠷᠦᠮᠵᠢ ᠲᠣᠬᠢᠷᠠᠭᠤᠯᠬᠤ ᠵᠢᠨ ᠬᠠᠮᠲᠤ᠂ ᠲᠥᠷᠥᠯ ᠵᠦᠢᠯ᠎ᠤᠨ ᠪᠦᠲᠦᠭᠡᠨ ᠪᠠᠢ᠌ᠭᠤᠯᠤᠯᠲᠠ ᠵᠢᠨ ᠥᠪᠡᠷ᠎ᠤᠨ ᠥᠷᠲᠡᠭ᠎ᠲᠤ ᠣᠷᠣᠭᠤᠯᠵᠤ᠂ ᠭᠣᠤᠯ ᠴᠣᠭᠴᠠ ᠪᠠᠷᠢᠯᠭ᠎ᠠ᠎ᠯᠤᠭ᠎ᠠ ᠵᠡᠷᠭᠡ᠎ᠳᠤ᠎ᠨᠢ ᠵᠢᠷᠤᠭᠯᠠᠨ ᠲᠥᠯᠥᠪᠯᠡᠵᠦ᠂ ᠵᠡᠷᠭᠡ᠎ᠳᠤ᠎ᠨᠢ ᠪᠠᠷᠢᠯᠭ᠎ᠠ ᠪᠠᠷᠢᠵᠤ᠂ ᠵᠡᠷᠭᠡ᠎ᠳᠤ᠎ᠨᠢ ᠠᠰᠢᠭᠯᠠᠯᠲᠠ᠎ᠳᠤ ᠣᠷᠣᠭᠤᠯᠬᠤ ᠬᠡᠷᠡᠭᠲᠡᠶ᠃ ᠨᠢᠭᠡᠨᠲᠡ ᠪᠠᠢ᠌ᠭᠤᠯᠤᠭᠰᠠᠨ ᠰᠢᠶᠠᠨ᠎ᠤ ᠵᠠᠮ᠂ ᠰᠢᠶᠠᠩ᠎ᠤᠨ ᠵᠠᠮ ᠪᠣᠯᠤᠨ ᠠᠶᠠᠨᠴᠢᠳ᠎ᠤᠨ ᠲᠡᠭᠡᠭᠡᠪᠦᠷᠢ ᠨᠡᠪᠲᠡᠷᠡᠬᠦ ᠲᠣᠰᠬᠣᠨ᠎ᠤ ᠵᠠᠮ᠎ᠢ᠂ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠬᠦ ᠬᠡᠷᠡᠭᠲᠡᠶ᠃
ᠬᠣᠷᠢᠨ ᠳᠣᠯᠣᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠲᠣᠭᠲᠠᠭ᠋ᠠᠯ ᠶᠣᠰᠣᠭ᠋ᠠᠷ ᠨᠡᠷᠡᠢ᠌ᠳᠬᠦ ᠪᠠ ᠳ᠋ᠤᠭ᠋ᠠᠷᠯᠠᠬᠤ ᠬᠡᠷᠡᠭᠲᠡᠶ᠃
ᠰᠢᠶᠠᠨ᠎ᠤ ᠵᠠᠮ ᠪᠣᠯᠤᠨ ᠰᠢᠶᠠᠩ᠎ᠤᠨ ᠵᠠᠮ᠎ᠤᠨ ᠨᠡᠷᠡᠢ᠌ᠳᠦᠯ ᠪᠣᠯᠤᠨ ᠳ᠋ᠤᠭ᠋ᠠᠷ᠎ᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠣᠭᠲᠠᠭ᠋ᠠᠨ᠎ᠠ᠃
ᠲᠣᠰᠬᠣᠨ᠎ᠤ ᠵᠠᠮ᠎ᠤᠨ ᠨᠡᠷᠡᠢ᠌ᠳᠦᠯ ᠪᠣᠯᠤᠨ ᠳ᠋ᠤᠭ᠋ᠠᠷ᠎ᠢ᠂ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠲᠣᠭᠲᠠᠭ᠋ᠠᠨ᠎ᠠ᠃
ᠬᠣᠷᠢᠨ ᠨᠠᠢᠮᠠᠳᠤᠭ᠋ᠠᠷ ᠵᠦᠢᠯ᠂ ᠲᠥᠷᠥᠯ ᠵᠦᠢᠯ᠎ᠤᠨ ᠥᠮᠴᠢᠲᠡᠨ᠎ᠨᠢ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠪᠠᠷᠢᠯᠭ᠎ᠠ ᠵᠢᠨ ᠮᠠᠲ᠋ᠧᠷᠢᠶᠠᠯ᠎ᠢ ᠴᠤᠭᠯᠠᠭᠤᠯᠵᠤ᠂ ᠡᠮᠬᠢᠯᠡᠵᠦ᠂ ᠬᠠᠳᠠᠭ᠋ᠠᠯᠠᠨ᠂ ᠪᠠᠷᠢᠯᠭ᠎ᠠ ᠵᠢᠨ ᠳᠠᠩᠰᠠ ᠡᠪᠬᠡᠮᠡᠯ ᠪᠠᠢ᠌ᠭᠤᠯᠵᠤ᠂ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠬᠠᠳᠠᠭ᠋ᠠᠯᠠᠭᠤᠯᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠰᠠᠭᠤᠷᠢ ᠳ᠋ᠠᠢ᠌ᠲ᠋ᠠ ᠬᠥᠮᠥᠷᠭᠡ᠂ ᠡᠯᠸᠺᠲᠷᠣᠨ ᠭᠠᠵᠠᠷ᠎ᠤᠨ ᠵᠢᠷᠤᠭ ᠵᠡᠷᠭᠡ ᠮᠡᠳᠡᠭᠡ ᠵᠠᠩᠭᠢ ᠵᠢ ᠲᠣᠭᠲᠠᠭ᠋ᠠᠯ ᠶᠣᠰᠣᠭ᠋ᠠᠷ ᠬᠢᠨᠠᠨ ᠪᠠᠢ᠌ᠴᠠᠭ᠋ᠠᠬᠤ ᠪᠠ ᠰᠢᠨᠡᠳᠬᠡᠵᠦ᠂ ᠳ᠋ᠠᠢ᠌ᠲ᠋ᠠ ᠵᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠬᠣᠷᠢ ᠶᠢᠰᠦᠳᠦᠭᠡᠷ ᠵᠦᠢᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠢᠲᠡᠭᠡᠮᠵᠢ ᠵᠢᠨ ᠦᠨᠡᠯᠡᠬᠦ ᠰᠢᠰᠲ᠋ᠧᠮᠵᠢ ᠵᠢ ᠪᠠᠢ᠌ᠭᠤᠯᠵᠤ᠂ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ᠂ ᠡᠵᠡᠩᠨᠡᠬᠦ ᠭᠣᠤᠯ ᠴᠣᠭᠴᠠ ᠵᠢᠨ ᠭᠡᠷ᠎ᠡ᠎ᠪᠠᠨ ᠭᠦᠢᠴᠡᠳᠬᠡᠭᠰᠡᠨ ᠪᠠᠢ᠌ᠳᠠᠯ᠎ᠢ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠳᠤ ᠣᠷᠣᠭᠤᠯᠬᠤ ᠵᠢᠨ ᠬᠠᠮᠲᠤ᠂ ᠢᠲᠡᠭᠡᠮᠵᠢ᠎ᠲᠠᠢ ᠪᠠᠢ᠌ᠬᠤ ᠵᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ᠎ᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠶ᠃
ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠪᠣᠯᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠢᠲᠡᠭᠡᠮᠵᠢ ᠵᠢᠨ ᠦᠨᠡᠯᠡᠯᠲᠡ ᠬᠢᠬᠦ ᠠᠵᠢᠯ᠎ᠢ ᠬᠠᠷᠢᠭᠤᠴᠠᠵᠤ᠂ ᠢᠲᠡᠭᠡᠮᠵᠢ ᠵᠢᠨ ᠦᠨᠡᠯᠡᠯᠲᠡ ᠬᠢᠭᠰᠡᠨ ᠪᠠᠢ᠌ᠳᠠᠯ᠎ᠢ ᠲᠡᠮᠳᠡᠭᠯᠡᠬᠦ ᠵᠢᠨ ᠬᠠᠮᠲᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ᠃
ᠳᠥᠷᠪᠡᠳᠦᠭᠡᠷ ᠪᠦᠯᠦᠭ ᠬᠠᠮᠢᠶᠠᠷᠤᠯᠲᠠ
ᠭᠤᠴᠢᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮᠵᠢ ᠪᠣᠯᠤᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠳᠤ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠶ᠃
ᠭᠤᠴᠢᠨ ᠨᠢᠭᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠠᠮᠢᠶᠠᠷᠤᠯᠲᠠ᠎ᠳᠤ ᠵᠠᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠵᠠᠮ᠎ᠤᠨ ᠳᠠᠷᠤᠭ᠎ᠠ᠎ᠨᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠵᠣᠬᠢᠴᠠᠩᠭᠤᠶ ᠪᠦᠬᠦᠢ ᠠᠵᠢᠯ᠎ᠢ ᠬᠠᠷᠢᠭᠤᠴᠠᠨ ᠵᠣᠬᠢᠶᠠᠨ ᠪᠠᠢ᠌ᠭᠤᠯᠵᠤ ᠤᠳᠤᠷᠢᠳᠤᠨ᠎ᠠ᠃
ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠣᠤᠯ ᠬᠠᠷᠢᠭᠤᠴᠠᠯᠭ᠋ᠠᠲᠠᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠶᠡᠷᠦᠩᠬᠡᠶ ᠵᠠᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠨ᠎ᠡ᠃
ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠢᠶᠠᠨ᠎ᠤ ᠵᠠᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠨ᠎ᠡ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠢᠶᠠᠩ᠎ᠤᠨ ᠵᠠᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠨ᠎ᠡ᠃
ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠤᠨ ᠭᠣᠣᠯ ᠬᠠᠷᠢᠭᠤᠴᠠᠯᠭ᠋ᠠᠲᠠᠨ᠎ᠨᠢ ᠲᠣᠰᠬᠣᠨ᠎ᠤ ᠵᠠᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠨ᠎ᠡ᠃
ᠭᠤᠴᠢᠨ ᠬᠣᠶᠠᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠣᠳᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠨᠢ ᠲᠤᠬᠠᠶ ᠵᠢᠨ ᠭᠠᠵᠠᠷ᠎ᠤᠨ ᠲᠠᠷᠢᠶᠠᠴᠢᠨ ᠮᠠᠯᠴᠢᠨ᠎ᠢ ᠤᠷᠢᠨ ᠬᠡᠷᠡᠭᠯᠡᠵᠦ ᠬᠠᠪᠰᠤᠷᠤᠨ ᠬᠠᠮᠢᠶᠠᠷᠤᠭᠴᠢ ᠪᠣᠯᠭ᠋ᠠᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠠᠮᠠᠭ᠋ᠠᠯᠠᠯᠲᠠ ᠵᠢᠨ ᠠᠵᠢᠯ᠎ᠢ ᠬᠠᠮᠵᠢᠨ ᠦᠷᠨᠢᠭᠦᠯᠵᠦ ᠪᠣᠯᠤᠨ᠎ᠠ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠨᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠵᠢᠯᠴᠠᠨ ᠰᠢᠶᠠᠩ᠎ᠤᠨ ᠵᠠᠮ᠂ ᠲᠣᠰᠬᠣᠨ᠎ᠤ ᠵᠠᠮ᠎ᠢ ᠡᠪᠳᠡᠭᠰᠡᠨ ᠦᠢ᠍ᠯᠡ ᠠᠵᠢᠯᠯᠠᠭ᠎ᠠ᠎ᠳᠤ ᠲᠥᠯᠥᠪᠦᠷᠢ ᠨᠡᠬᠡᠬᠦ ᠬᠡᠷᠡᠭᠲᠡᠶ᠃
ᠭᠤᠴᠢᠨ ᠭᠤᠷᠪᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠣᠶᠠᠷ ᠲᠠᠯ᠎ᠠ ᠵᠢᠨ ᠬᠠᠵᠠᠭᠤ ᠵᠢᠨ ᠭᠤᠤ (ᠤᠰᠤ ᠬᠣᠷᠢᠬᠤ ᠭᠤᠤ᠂ ᠪᠠᠯ᠎ᠤᠨ ᠬᠣᠷᠮᠣᠢ ᠬᠠᠮᠠᠭ᠋ᠠᠯᠠᠬᠤ ᠨᠠᠯᠠᠤ ᠵᠠᠮ) ᠵᠢᠨ ᠭᠠᠳᠠᠷ ᠬᠥᠪᠡᠭᠡ᠎ᠠᠴᠠ ᠡᠬᠢᠯᠡᠨ 1 ᠮᠸᠲᠷ᠎ᠠᠴᠠ ᠳᠤᠲᠠᠭᠤ ᠦᠭᠡᠢ ᠪᠣᠯ ᠵᠠᠰᠠᠮᠠᠯ ᠵᠠᠮ᠎ᠤᠨ ᠬᠡᠷᠡᠭᠯᠡᠬᠦ ᠭᠠᠵᠠᠷ ᠪᠣᠯᠤᠨ᠎ᠠ; ᠵᠠᠰᠠᠮᠠᠯ ᠵᠠᠮ᠎ᠤᠨ ᠬᠡᠷᠡᠭᠯᠡᠬᠦ ᠭᠠᠵᠠᠷ᠎ᠤᠨ ᠭᠠᠳᠠᠷ ᠬᠦᠪᠡᠭᠡ᠎ᠠᠴᠠ ᠡᠬᠢᠯᠡᠨ᠂ ᠰᠢᠶᠠᠨ᠎ᠤ ᠵᠠᠮ᠎ᠢ 10 ᠮᠸᠲᠷ᠎ᠠᠴᠠ ᠳᠤᠲᠠᠭᠤ ᠦᠭᠡᠶ᠂ ᠰᠢᠶᠠᠩ᠎ᠤᠨ ᠵᠠᠮ᠎ᠢ 5 ᠮᠸᠲᠷ᠎ᠠᠴᠠ ᠳᠤᠲᠠᠭᠤ ᠦᠭᠡᠶ᠂ ᠲᠣᠰᠬᠣᠨ᠎ᠤ ᠵᠠᠮ᠎ᠢ 3 ᠮᠸᠲᠷ᠎ᠠᠴᠠ ᠳᠤᠲᠠᠭᠤ ᠦᠭᠡᠶ ᠪᠠᠷᠢᠮᠵᠢᠶ᠎ᠠ ᠶᠣᠰᠤᠭ᠋ᠠᠷ ᠵᠠᠰᠠᠮᠠᠯ ᠵᠠᠮ᠎ᠤᠨ ᠪᠠᠷᠢᠯᠭ᠎ᠠ ᠵᠢᠨ ᠡᠵᠡᠮᠳᠡᠬᠦ ᠲᠣᠭᠣᠷᠢᠭ᠎ᠢ ᠬᠤᠪᠢᠶᠠᠷᠢᠯᠠᠨ ᠲᠣᠭᠲᠠᠭ᠋ᠠᠨ᠎ᠠ᠃
ᠭᠤᠴᠢᠨ ᠳᠥᠷᠪᠡᠳᠦᠭᠡᠷ ᠵᠦᠢᠯ᠂ ᠳᠣᠤᠷᠠᠬᠢ ᠮᠡᠲᠦ ᠪᠠᠷᠢᠯᠭ᠎ᠠ ᠵᠢᠨ ᠠᠵᠢᠯ ᠬᠢᠬᠦ᠎ᠳᠤ ᠲᠣᠰᠬᠣᠨ᠎ᠤ ᠵᠠᠮ᠎ᠳᠤ ᠬᠣᠯᠪᠣᠭᠳᠠᠪᠠᠯ᠂ ᠪᠦᠲᠦᠭᠡᠨ ᠪᠠᠢ᠌ᠭᠤᠯᠬᠤ ᠨᠢᠭᠡᠴᠢ᠎ᠨᠢ ᠤᠷᠢᠳᠠᠪᠠᠷ ᠬᠣᠯᠪᠣᠭᠳᠠᠯ ᠪᠦᠬᠦᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠤᠨ ᠰᠠᠨᠠᠯ᠎ᠢ ᠬᠤᠷᠢᠶᠠᠬᠤ ᠵᠢᠨ ᠬᠠᠮᠲᠤ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠬᠦ ᠬᠡᠷᠡᠭᠲᠡᠶ᠄
(ᠨᠢᠭᠡ) ᠲᠡᠮᠦᠷ ᠵᠠᠮ᠂ ᠨᠢᠰᠬᠡᠯ᠎ᠤᠨ ᠪᠠᠭᠤᠳᠠᠯ᠂ ᠴᠠᠬᠢᠯᠭ᠋ᠠᠨ ᠬᠠᠩᠭ᠋ᠠᠬᠤ᠂ ᠤᠰᠤᠨ ᠠᠰᠢᠭᠯᠠᠯᠲᠠ᠂ ᠰᠢᠲᠠᠮᠠᠬᠠᠶ ᠬᠡᠢ᠂ ᠴᠢᠮᠡᠭᠡ ᠬᠣᠯᠪᠣᠭ᠎ᠠ ᠵᠡᠷᠭᠡ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢ ᠪᠠᠢ᠌ᠭᠤᠯᠬᠤ᠎ᠠᠴᠠ ᠪᠣᠯᠵᠤ ᠲᠣᠰᠬᠣᠨ᠎ᠤ ᠵᠠᠮ ᠵᠢᠴᠢ ᠬᠡᠷᠡᠭᠯᠡᠬᠦ ᠭᠠᠵᠠᠷ᠎ᠢ᠎ᠨᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠲᠣᠰᠬᠣᠨ᠎ᠤ ᠵᠠᠮ᠎ᠢ ᠬᠤᠪᠢᠷᠠᠭᠤᠯᠬᠤ;
(ᠬᠣᠶᠠᠷ) ᠲᠣᠰᠬᠣᠨ᠎ᠤ ᠵᠠᠮ᠎ᠢ ᠳᠠᠪᠠᠵᠤ ᠬᠥᠭᠥᠷᠭᠡ᠂ ᠰᠤᠪᠠᠭ ᠵᠠᠰᠠᠬᠤ ᠪᠤᠶᠤ ᠬᠣᠭᠣᠯᠠᠶ᠂ ᠴᠠᠬᠢᠯᠭ᠋ᠠᠨ ᠳᠡᠭᠡᠰᠦ ᠵᠡᠷᠭᠡ ᠲᠦᠬᠦᠭᠡᠷᠦᠮᠵᠢ ᠵᠢ ᠲᠠᠲᠠᠬᠤ᠂ ᠪᠤᠯᠠᠵᠤ ᠲᠠᠯᠪᠢᠬᠤ;
(ᠭᠤᠷᠪᠠ) ᠲᠤᠰᠬᠤᠨ᠎ᠤ ᠵᠠᠮ᠎ᠤᠨ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷ᠎ᠠ ᠬᠣᠭᠣᠯᠠᠢ᠂ ᠴᠠᠬᠢᠯᠭ᠋ᠠᠨ ᠳᠡᠭᠡᠰᠦ ᠵᠡᠷᠭᠡ ᠲᠥᠬᠥᠭᠡᠷᠦᠮᠵᠢ ᠵᠢ ᠲᠠᠲᠠᠬᠤ᠂ ᠪᠤᠯᠠᠵᠤ ᠲᠠᠯᠪᠢᠬᠤ;
(ᠳᠥᠷᠪᠡ) ᠲᠣᠰᠬᠣᠨ᠎ᠤ ᠵᠠᠮ᠎ᠤᠨ ᠬᠥᠭᠥᠷᠭᠡ᠂ ᠨᠦᠬᠡᠨ ᠵᠠᠮ᠂ ᠭᠤᠯᠳᠤᠩ᠎ᠢ ᠠᠰᠢᠭᠯᠠᠨ ᠴᠠᠬᠢᠯᠭ᠋ᠠᠨ ᠳᠡᠭᠡᠰᠦ ᠵᠡᠷᠭᠡ   ᠲᠦᠬᠦᠭᠡᠷᠦᠮᠵᠢ ᠵᠢ ᠳᠡᠪᠢᠰᠬᠦ;
(ᠲᠠᠪᠤ) ᠲᠣᠰᠬᠣᠨ᠎ᠤ ᠵᠠᠮ ᠠᠯᠤᠰᠯᠠᠭᠰᠠᠨ ᠲᠦᠬᠦᠭᠡᠷᠦᠮᠵᠢ ᠵᠢ ᠠᠰᠢᠭᠯᠠᠨ ᠵᠠᠰᠠᠮᠠᠯ ᠵᠠᠮ᠎ᠤᠨ ᠪᠤᠰᠤ ᠲᠡᠮᠳᠡᠭ᠎ᠢ ᠡᠯᠭᠦᠬᠦ;  
(ᠵᠢᠷᠭᠤᠭ᠎ᠠ) ᠲᠣᠰᠬᠣᠨ᠎ᠤ ᠵᠠᠮ᠎ᠤᠨ ᠪᠠᠷᠢᠯᠭ᠎ᠠ ᠵᠢᠨ ᠡᠵᠡᠮᠰᠢᠯ᠎ᠤᠨ ᠣᠷᠣᠨ ᠳᠣᠲᠣᠷ᠎ᠠ ᠬᠣᠭᠣᠯᠠᠶ᠂ ᠴᠠᠬᠢᠯᠭ᠋ᠠᠨ ᠳᠡᠭᠡᠰᠦ ᠵᠡᠷᠭᠡ ᠲᠦᠬᠦᠭᠡᠷᠦᠮᠵᠢ ᠵᠢ ᠪᠤᠯᠠᠵᠤ ᠲᠠᠯᠪᠢᠬᠤ;
(ᠳᠣᠯᠣᠭ᠎ᠠ) ᠬᠠᠪᠲᠠᠭ᠋ᠠᠶ ᠵᠠᠮ᠎ᠤᠨ ᠠᠭᠤᠯᠵᠠᠷ᠎ᠢ ᠥᠭᠡᠷᠡᠴᠢᠯᠡᠬᠦ᠃
ᠡᠮᠦᠨᠡᠬᠢ ᠪᠠᠳᠠᠭ᠎ᠲᠤ ᠲᠣᠭᠲᠠᠭ᠋ᠠᠭᠰᠠᠨ ᠠᠵᠢᠯᠯᠠᠭ᠎ᠠ᠎ᠨᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠨᠥᠯᠥᠭᠡᠯᠡᠬᠦ᠎ᠳᠤ ᠬᠦᠷᠪᠡᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠠᠬᠢ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠤᠯᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢᠯ᠂ ᠲᠣᠰᠬᠣᠨ᠎ᠤ ᠵᠠᠮ ᠵᠢᠴᠢ ᠪᠣᠰᠤᠳ ᠬᠡᠷᠡᠭᠯᠡᠬᠦ ᠭᠠᠵᠠᠷ᠎ᠤᠨ ᠬᠡᠪᠴᠢᠶᠡᠨ᠎ᠳᠤ ᠳᠣᠤᠷᠠᠬᠢ ᠮᠡᠲᠦ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠶ᠄
(ᠨᠢᠭᠡ) ᠬᠠᠷᠰᠢ ᠰᠠᠭ᠋ᠠᠳ ᠲᠠᠯᠪᠢᠬᠤ᠂ ᠳᠠᠭ᠋ᠠᠯᠲᠠ ᠲᠥᠬᠥᠭᠡᠷᠦᠮᠵᠢ ᠵᠢ ᠡᠪᠳᠡᠬᠦ ᠪᠤᠶᠤ ᠳᠤᠷ᠎ᠠ᠎ᠪᠠᠷ ᠵᠶ᠋ᠠᠨ ᠰᠢᠯᠵᠢᠭᠦᠯᠬᠦ᠂ ᠪᠠᠯᠠᠯᠤᠨ ᠵᠠᠰᠠᠬᠤ;
(ᠬᠣᠶᠠᠷ) ᠤᠰᠤ ᠨᠡᠮᠡᠬᠦ ᠥᠷᠲᠡᠭᠡ᠂ ᠲᠣᠰᠣ ᠨᠡᠮᠡᠬᠦ ᠥᠷᠲᠡᠭᠡ᠂ ᠲᠡᠷᠭᠡᠨ ᠵᠣᠭᠰᠣᠭ᠋ᠠᠯ᠂ ᠲᠡᠷᠭᠡ ᠤᠬᠢᠶᠠᠬᠤ ᠲᠠᠯᠠᠪᠠᠶ᠂ ᠲᠡᠷᠭᠡ ᠵᠠᠰᠠᠬᠤ ᠦᠢᠯᠡᠳᠪᠦᠷᠢ ᠪᠣᠯᠤᠨ ᠵᠠᠷ ᠮᠡᠳᠡᠭᠡ ᠵᠢᠨ ᠫᠠᠢ᠌ᠰᠠ ᠵᠡᠷᠭᠡ ᠲᠦᠬᠦᠭᠡᠷᠦᠮᠵᠢ ᠪᠠᠢ᠌ᠷᠢᠯᠠᠭᠤᠯᠬᠤ;
(ᠭᠤᠷᠪᠠ) ᠰᠦᠢ᠍ᠳᠬᠡᠯ ᠬᠤᠷᠢᠶᠠᠬᠤ᠂ ᠬᠠᠤᠯᠢ ᠪᠤᠰᠤ᠎ᠪᠠᠷ ᠬᠣᠷᠢᠭ᠎ᠠ ᠲᠠᠯᠪᠢᠬᠤ;
(ᠳᠥᠷᠪᠡ) ᠵᠠᠮ ᠳᠠᠭ᠋ᠠᠤ ᠵᠢᠨ ᠨᠣᠭᠣᠭ᠋ᠠᠷᠠᠭᠤᠯᠤᠯᠲᠠ ᠵᠢᠨ ᠮᠣᠳᠣ ᠵᠢ ᠳᠤᠷ᠎ᠠ᠎ᠪᠠᠷ ᠵᠶ᠋ᠠᠨ ᠣᠭᠲᠣᠯᠬᠤ;
(ᠲᠠᠪᠤ) ᠲᠡᠮᠦᠷ ᠬᠦᠷᠳᠦᠲᠦ ᠲᠡᠷᠭᠡ᠂ ᠭᠢᠨᠵᠢᠲᠦ ᠲᠡᠷᠭᠡ ᠪᠠ ᠵᠠᠰᠠᠮᠠᠯ ᠵᠠᠮ᠎ᠤᠨ ᠭᠠᠳᠠᠷᠭᠤ ᠵᠢ ᠡᠪᠳᠡᠵᠦ ᠮᠡᠳᠡᠬᠦ ᠪᠤᠰᠤᠳ ᠮᠠᠰᠢᠨ ᠪᠠᠭ᠋ᠠᠵᠢ᠎ᠪᠠᠷ ᠲᠣᠰᠬᠣᠨ᠎ᠤ ᠵᠠᠮ ᠳᠡᠭᠡᠷ᠎ᠡ ᠶᠠᠪᠤᠬᠤ;
(ᠵᠢᠷᠭᠤᠭ᠎ᠠ) ᠲᠣᠰᠬᠣᠨ᠎ᠤ ᠵᠠᠮ᠎ᠤᠨ ᠵᠠᠰᠠᠮᠠᠯ ᠵᠠᠮ᠎ᠤᠨ ᠬᠡᠷᠡᠭᠯᠡᠬᠦ ᠭᠠᠵᠠᠷ᠎ᠤᠨ ᠭᠠᠳᠠᠷ ᠬᠦᠪᠡᠭᠡ᠎ᠠᠴᠠ ᠡᠬᠢᠯᠡᠨ ᠭᠠᠳᠠᠭᠰᠢ 50 ᠮᠸᠲᠷ᠎ᠤᠨ ᠬᠡᠪᠴᠢᠶᠡᠨ ᠳᠣᠲᠣᠷ᠎ᠠ ᠬᠠᠢ᠌ᠷ ᠮᠠᠯᠲᠠᠬᠤ᠂ ᠠᠭᠤᠷᠬᠠᠶ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ᠂ ᠬᠠᠶᠠᠭᠳᠠᠮᠠᠯ ᠡᠳ᠋ ᠴᠢᠳᠬᠤᠬᠤ᠂ ᠳᠡᠯᠪᠡᠴᠢᠬᠦ ᠠᠵᠢᠯ ᠬᠢᠬᠦ ᠪᠠ ᠪᠣᠰᠤᠳ ᠵᠠᠰᠠᠮᠠᠯ ᠵᠠᠮ᠎ᠤᠨ ᠠᠮᠤᠷ ᠲᠥᠪᠰᠢᠨ᠎ᠳᠤ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ;
(ᠳᠣᠯᠣᠭ᠎ᠠ) ᠳᠡᠯᠭᠡᠨ ᠬᠤᠳᠠᠯᠳᠤᠬᠤ ᠴᠡᠭ ᠪᠠᠢ᠌ᠭᠤᠯᠬᠤ᠂ ᠡᠳ᠋ ᠪᠣᠳᠠᠰ ᠣᠪᠣᠭ᠋ᠠᠯᠠᠬᠤ᠂ ᠬᠣᠭ ᠨᠣᠪᠰᠢ ᠬᠠᠶᠠᠬᠤ᠂ ᠰᠤᠪᠠᠭ ᠮᠠᠯᠲᠠᠵᠤ ᠤᠰᠤ ᠲᠠᠲᠠᠬᠤ᠂ ᠦᠲᠦᠷᠮ᠎ᠡ ᠠᠪᠴᠤ ᠠᠮᠤ ᠪᠤᠳᠠᠭ᠎ᠠ ᠬᠠᠳᠠᠭ᠋ᠠᠬᠤ᠂ ᠲᠠᠷᠢᠮᠠᠯ ᠲᠠᠷᠢᠬᠤ᠂ ᠮᠠᠯ ᠬᠠᠷᠢᠭᠤᠯᠬᠤ᠂ ᠡᠳ᠋ ᠪᠣᠳᠠᠰ ᠰᠢᠲᠠᠭ᠋ᠠᠬᠤ᠂ ᠵᠠᠰᠠᠮᠠᠯ ᠵᠠᠮ᠎ᠤᠨ ᠬᠠᠵᠠᠭᠤ ᠵᠢᠨ ᠭᠤᠤ ᠵᠢ ᠠᠰᠢᠭᠯᠠᠨ ᠪᠣᠬᠢᠷ ᠪᠣᠳᠠᠰ ᠭᠠᠳᠠᠭᠰᠢᠯᠠᠭᠤᠯᠬᠤ;
(ᠨᠠᠢᠮᠠ) ᠲᠣᠰᠬᠣᠨ᠎ᠤ ᠵᠠᠮ᠎ᠢ ᠲᠡᠷᠭᠡᠨ᠎ᠤ ᠲᠣᠷᠮᠣᠰᠯᠠᠬᠤ ᠴᠢᠳᠠᠮᠵᠢ ᠵᠢ ᠰᠢᠯᠭ᠋ᠠᠬᠤ ᠲᠡᠷᠭᠡ ᠲᠤᠷᠰᠢᠬᠤ ᠲᠠᠯᠠᠪᠤᠷ ᠪᠣᠯᠭ᠋ᠠᠬᠤ;
(ᠶᠢᠰᠦ) ᠲᠣᠰᠬᠣᠨ᠎ᠤ ᠵᠠᠮ᠎ᠢ ᠡᠵᠡᠯᠡᠬᠦ᠂ ᠡᠪᠳᠡᠬᠦ᠂ ᠡᠪᠳᠡᠯᠡᠬᠦ᠂ ᠲᠣᠰᠬᠣᠨ᠎ᠤ ᠵᠠᠮ᠎ᠤᠨ ᠠᠮᠤᠷ ᠲᠦᠪᠰᠢᠨ᠎ᠳᠤ ᠠᠶᠤᠯ ᠤᠴᠠᠷᠠᠭᠤᠯᠬᠤ ᠪᠤᠰᠤᠳ ᠦᠢ᠍ᠯᠡ ᠠᠵᠢᠯᠯᠠᠭ᠎ᠠ᠃
ᠲᠠᠷᠢᠶᠠᠯᠠᠩ᠎ᠤᠨ ᠮᠧᠬᠠᠨᠢᠭ᠎ᠨᠢ ᠲᠤᠬᠠᠢ ᠵᠢᠨ ᠭᠠᠵᠠᠷ᠎ᠤᠨ ᠲᠠᠷᠢᠶᠠᠨ ᠠᠵᠢᠯ᠎ᠤᠨ ᠬᠡᠷᠡᠭᠴᠡᠭᠡ᠎ᠠᠴᠠ ᠪᠤᠯᠵᠤ ᠲᠣᠰᠬᠣᠨ᠎ᠤ ᠵᠠᠮ ᠵᠶ᠋ᠠᠷ ᠤᠢ᠍ᠢ᠍ᠷ᠎ᠠ ᠵᠠᠢ᠎ᠳᠤ ᠶᠠᠪᠤᠬᠤ ᠪᠤᠶᠤ ᠴᠡᠷᠢᠭ᠎ᠤᠨ ᠬᠡᠷᠡᠭᠯᠡᠭᠡᠨ᠎ᠤ ᠲᠡᠷᠭᠡ ᠬᠦᠰᠬᠡ᠎ᠨᠢ ᠡᠭᠦᠷᠭᠡ ᠭᠦᠢ᠍ᠴᠡᠳᠬᠡᠬᠦ᠎ᠳᠤ ᠲᠣᠰᠬᠣᠨ᠎ᠤ ᠵᠠᠮ ᠵᠶ᠋ᠠᠷ ᠶᠠᠪᠤᠬᠤ ᠴᠢᠬᠤᠯᠠᠲᠠᠢ ᠪᠠᠢ᠌ᠪᠠᠯ᠂ ᠡᠮᠦᠨᠡᠬᠢ ᠪᠠᠳᠠᠭ᠎ᠤᠨ ᠲᠠᠪᠤᠳᠤᠭ᠋ᠠᠷ ᠵᠤᠷᠪᠤᠰ᠎ᠲᠤ ᠬᠢᠵᠠᠭ᠋ᠠᠷᠯᠠᠭᠳᠠᠬᠤ ᠦᠭᠡᠢ ᠪᠠᠢ᠌ᠵᠤ ᠪᠣᠯᠤᠨ᠎ᠠ᠂ ᠭᠡᠪᠡᠴᠦ ᠠᠶᠤᠯᠭᠦᠢ ᠵᠢᠨ ᠬᠠᠮᠠᠭ᠋ᠠᠯᠠᠯᠲᠠ ᠵᠢᠨ ᠠᠷᠭ᠎ᠠ ᠬᠡᠮᠵᠢᠢ᠎ᠡ ᠠᠪᠬᠤ ᠬᠡᠷᠡᠭᠲᠡᠢ᠃ ᠲᠣᠰᠬᠣᠨ᠎ᠤ ᠵᠠᠮ᠎ᠳᠤ ᠬᠣᠬᠢᠷᠠᠯ ᠤᠴᠠᠷᠠᠭᠤᠯᠤᠭᠰᠠᠨ ᠪᠣᠯ ᠬᠣᠬᠢᠷᠠᠭᠰᠠᠨ ᠬᠡᠮᠵᠢᠶ᠎ᠡ᠎ᠪᠠᠷ᠎ᠨᠢ ᠨᠥᠬᠥᠪᠥᠷᠢ ᠥᠭᠴᠦ᠂ ᠬᠠᠮᠢᠶ᠎ᠠ ᠪᠦᠬᠦᠢ ᠨᠥᠬᠥᠪᠥᠷᠢ ᠵᠠᠷᠤᠳᠠᠯ᠎ᠢ ᠲᠣᠰᠬᠣᠨ᠎ᠤ ᠵᠠᠮ᠎ᠢ ᠰᠡᠷᠭᠦᠭᠡᠬᠦ᠎ᠳᠤ ᠬᠡᠷᠡᠭᠯᠡᠬᠦ ᠬᠡᠷᠡᠭᠲᠡᠶ᠃
ᠭᠤᠴᠢᠨ ᠵᠢᠷᠭᠤᠳᠤᠭ᠋ᠠᠷ ᠵᠦᠢᠯ᠂ ᠬᠠᠤᠯᠢ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢᠨ ᠲᠡᠷᠭᠡ ᠬᠥᠰᠬᠡ ᠪᠣᠯᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠠᠭ᠋ᠠᠭ᠋ᠠᠴᠠ ᠵᠢ ᠬᠢᠵᠠᠭ᠋ᠠᠷᠯᠠᠬᠤ᠂ ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ᠂ ᠤᠷᠲᠤ ᠵᠢ ᠬᠢᠵᠠᠭ᠋ᠠᠷᠯᠠᠬᠤ ᠪᠠᠷᠢᠮᠵᠢᠶ᠎ᠠ᠎ᠠᠴᠠ ᠬᠡᠲᠦᠷᠡᠭᠦᠯᠦᠭᠰᠡᠨ ᠲᠡᠷᠭᠡ ᠬᠥᠰᠬᠡ᠎ᠨᠢ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠵᠶ᠋ᠠᠷ ᠶᠠᠪᠤᠵᠤ ᠪᠣᠯᠬᠤ ᠦᠭᠡᠶ᠃
ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠬᠦᠨᠳᠦ ᠠᠴᠢᠶᠠᠯᠠᠬᠤ ᠲᠡᠷᠭᠡ ᠬᠥᠰᠬᠡ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠵᠶ᠋ᠠᠷ ᠨᠡᠪᠲᠡᠷᠡᠬᠦ ᠴᠢᠬᠤᠯᠠᠲᠠᠢ ᠪᠣᠯ᠂ ᠪᠦᠲᠦᠭᠡᠨ ᠪᠠᠢ᠌ᠭᠤᠯᠤᠯᠲᠠ ᠵᠢᠨ ᠨᠢᠭᠡᠴᠢ᠎ᠨᠢ ᠲᠡᠷᠭᠡ ᠶᠠᠪᠤᠭᠤᠯᠬᠤ ᠵᠠᠮ ᠱᠤᠭᠤᠮ᠎ᠢ ᠵᠦᠢ ᠵᠣᠬᠢᠰᠲᠠᠶ ᠲᠥᠯᠥᠪᠵᠢᠭᠦᠯᠵᠦ᠂ ᠲᠡᠷᠭᠡ ᠬᠥᠰᠬᠡ ᠵᠢᠨ ᠳᠠᠭ᠋ᠠᠭ᠋ᠠᠴᠠ ᠵᠢ ᠬᠢᠵᠠᠭ᠋ᠠᠷᠯᠠᠨ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠶᠠᠰᠤ ᠴᠢᠨᠠᠷ᠎ᠤᠨ ᠠᠮᠤᠷ ᠲᠥᠪᠰᠢᠨ᠎ᠤ ᠲᠠᠯ᠎ᠠ᠎ᠪᠠᠷ᠎ᠬᠢ ᠨᠥᠯᠥᠭᠡ ᠵᠢ ᠪᠠᠭ᠋ᠠᠰᠬᠠᠵᠤ᠂ ᠪᠠᠷᠢᠯᠭ᠎ᠠ ᠪᠠᠷᠢᠬᠤ᠎ᠠᠴᠠ ᠡᠮᠦᠨ᠎ᠡ ᠨᠡᠪᠲᠡᠷᠡᠬᠦ ᠵᠠᠮ᠎ᠤᠨ ᠬᠡᠰᠡᠭ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠎ᠠ ᠵᠢᠨ ᠭᠣᠣᠯ ᠴᠣᠭᠴᠠ᠎ᠯᠤᠭ᠎ᠠ ᠵᠠᠰᠠᠵᠤ ᠰᠡᠷᠭᠦᠭᠡᠬᠦ᠂ ᠨᠥᠬᠥᠪᠥᠷᠢ ᠥᠭᠬᠦ ᠵᠡᠷᠭᠡ ᠵᠥᠪᠯᠡᠯᠴᠡᠭᠡᠷ ᠲᠣᠭᠲᠠᠬᠤ ᠬᠡᠷᠡᠭᠲᠡᠶ᠃
ᠭᠤᠴᠢᠨ ᠳᠣᠯᠣᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠠᠷᠠᠭ᠎ᠠ ᠵᠢᠨ ᠲᠡᠭᠡᠭᠡᠪᠦᠷᠢ ᠵᠢᠨ ᠢᠷᠡᠯᠲᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠢ ᠴᠢᠩᠭ᠋ᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠣᠯᠤᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠢ᠌ᠭ᠋ᠠᠯᠢ ᠵᠢᠨ ᠡᠬᠢ ᠪᠠᠶᠠᠯᠢᠭ᠂ ᠤᠰᠤᠨ᠎ᠤ ᠵᠠᠰᠠᠭ ᠵᠠᠬᠢᠷᠭ᠋ᠠᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠢ ᠵᠣᠬᠢᠶᠠᠨ ᠪᠠᠢ᠌ᠭᠤᠯᠤᠨ ᠪᠠᠷᠠᠭ᠎ᠠ ᠵᠢᠨ ᠲᠡᠭᠡᠭᠡᠪᠦᠷᠢ ᠵᠢᠨ ᠢᠷᠡᠯᠲᠡ ᠵᠢᠨ ᠨᠢᠭᠡᠴᠢ ᠵᠢᠨ ᠪᠠᠷᠠᠭ᠎ᠠ ᠠᠴᠢᠶᠠᠯᠠᠬᠤ ᠭᠣᠭᠴᠣᠭ᠎ᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠬᠡᠷᠡᠭᠲᠡᠶ᠃
ᠭᠤᠴᠢᠨ ᠨᠠᠢᠮᠠᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠬᠡᠷᠡᠭᠴᠡᠭᠡ ᠵᠢ ᠦᠨᠳᠦᠰᠦᠯᠡᠨ᠂ ᠠᠮᠤᠷ ᠲᠦᠪᠰᠢᠨ ᠨᠡᠪᠲᠡᠷᠡᠬᠦ ᠪᠠ ᠭᠠᠯ ᠤᠨᠲᠠᠷᠠᠭ᠋ᠠᠬᠤ᠂ ᠡᠷᠡᠭᠦᠯ ᠬᠠᠮᠠᠭ᠋ᠠᠯᠠᠯ᠎ᠤᠨ ᠲᠦᠷᠭᠡᠨ ᠠᠪᠤᠷᠠᠬᠤ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠡᠷᠡᠭᠴᠡᠭᠡ ᠵᠢ ᠪᠠᠲᠤᠯᠠᠭᠰᠠᠨ ᠤᠷᠢᠲᠠᠯ ᠳᠣᠤᠷ᠎ᠠ᠂ ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠣᠷᠤᠴᠠ ᠭᠠᠷᠴᠠ᠎ᠳᠤ ᠬᠠᠤᠯᠢ ᠶᠣᠰᠣᠭ᠋ᠠᠷ ᠴᠢᠬᠤᠯᠠ ᠪᠦᠬᠦᠢ ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ ᠲᠦᠬᠦᠭᠡᠷᠦᠮᠵᠢ ᠵᠢ ᠲᠣᠬᠢᠷᠠᠭᠤᠯᠵᠤ ᠪᠣᠯᠤᠨ᠎ᠠ᠃ ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ ᠲᠥᠬᠥᠭᠡᠷᠦᠮᠵᠢ᠎ᠨᠢ ᠢᠯᠡᠷᠬᠡᠢ ᠲᠡᠮᠳᠡᠭ ᠪᠠ ᠰᠥᠨᠢ᠎ᠪᠠᠷ ᠭᠡᠷᠡᠯ ᠣᠢ᠌ᠯᠠᠭ᠋ᠠᠭᠴᠢ᠎ᠲᠠᠢ ᠪᠠᠢ᠌ᠬᠤ ᠬᠡᠷᠡᠭᠲᠡᠢ᠃
ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ ᠤᠶᠤᠨᠲᠤ ᠲᠦᠬᠦᠭᠡᠷᠦᠮᠵᠢ ᠪᠠᠢ᠌ᠷᠢᠯᠠᠭᠤᠯᠬᠤ ᠵᠢ ᠵᠣᠷᠢᠭᠵᠢᠭᠤᠯᠤᠨ᠎ᠠ  ᠃
ᠲᠠᠪᠤᠳᠤᠭ᠋ᠠᠷ ᠪᠦᠯᠦᠭ ᠠᠷᠠᠴᠢᠯᠠᠨ ᠬᠠᠮᠠᠭ᠋ᠠᠯᠠᠬᠤ
ᠭᠤᠴᠢ ᠶᠢᠰᠦᠳᠦᠭᠡᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ 《ᠰᠢᠶᠠᠨ᠎ᠤ ᠵᠠᠮ᠎ᠢ ᠰᠢᠶᠠᠨ᠎ᠠᠴᠠ ᠬᠠᠮᠢᠶᠠᠷᠬᠤ᠂ ᠰᠢᠶᠠᠩ ᠲᠣᠰᠬᠣᠨ᠎ᠤ ᠵᠠᠮ᠎ᠢ ᠰᠢᠶᠠᠩ ᠲᠣᠰᠬᠣᠨ᠎ᠠᠴᠠ ᠬᠠᠮᠢᠶᠠᠷᠬᠤ》 ᠵᠠᠷᠴᠢᠮ᠎ᠤᠨ ᠶᠣᠰᠣᠭ᠋ᠠᠷ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠶ᠃
ᠳᠥᠴᠢᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ ᠪᠣᠯᠤᠨ ᠠᠵᠢᠯᠯᠠᠬᠤ ᠳᠦᠷᠢᠮ᠎ᠤᠨ ᠶᠣᠰᠣᠭ᠋ᠠᠷ ᠶᠠᠪᠤᠭᠳᠠᠭᠤᠯᠵᠤ᠂ ᠵᠠᠮ᠎ᠤᠨ ᠰᠠᠭᠤᠷᠢ᠂ ᠬᠦᠪᠡᠭᠡᠨ ᠨᠠᠯᠠᠤ᠎ᠤᠨ ᠲᠣᠭᠲᠠᠭᠤᠨ ᠪᠠᠢ᠌ᠬᠤ᠂ ᠵᠠᠮ᠎ᠤᠨ ᠭᠠᠳᠠᠷᠭᠤ᠂ ᠪᠦᠲᠦᠴᠡ ᠡᠳ᠋ ᠪᠦᠷᠢᠨ ᠪᠦᠲᠦᠨ ᠪᠠᠢ᠌ᠬᠤ ᠵᠢ ᠪᠠᠲᠤᠯᠠᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠮᠡᠷᠭᠡᠵᠢᠯ᠎ᠤᠨ ᠰᠠᠢ᠌ᠨ ᠰᠠᠢ᠌ᠬᠠᠨ ᠪᠠᠢ᠌ᠳᠠᠯ᠎ᠲᠠᠢ ᠪᠠᠢ᠌ᠬᠤ ᠵᠢ ᠪᠠᠲᠤᠯᠠᠬᠤ ᠬᠡᠷᠡᠭᠲᠡᠶ᠃
ᠳᠥᠴᠢᠨ ᠨᠢᠭᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠡᠳᠦᠷ ᠲᠤᠲᠤᠮ᠎ᠤᠨ ᠠᠷᠠᠴᠢᠯᠠᠨ ᠬᠠᠮᠠᠭ᠋ᠠᠯᠠᠬᠤ ᠬᠢᠭᠡᠳ ᠲᠥᠪᠯᠡᠷᠡᠭᠦᠯᠦᠨ ᠠᠷᠠᠴᠢᠯᠠᠨ ᠬᠠᠮᠠᠭ᠋ᠠᠯᠠᠬᠤ᠂ ᠣᠯᠠᠨ ᠲᠦᠮᠡᠨ ᠠᠷᠠᠴᠢᠯᠠᠨ ᠬᠠᠮᠠᠭ᠋ᠠᠯᠠᠬᠤ ᠬᠢᠭᠡᠳ ᠲᠤᠰᠬᠠᠶ ᠠᠷᠠᠴᠢᠯᠠᠨ ᠬᠠᠮᠠᠭ᠋ᠠᠯᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠢ ᠲᠤᠰᠬᠠᠢ᠌ᠵᠢᠭᠤᠯᠬᠤ᠂ ᠵᠠᠬ᠎ᠠ ᠳᠡᠯᠭᠡᠭᠦᠷᠴᠢᠯᠡᠬᠦ ᠵᠢ ᠲᠦᠯᠬᠢᠨ ᠠᠬᠢᠭᠤᠯᠬᠤ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠲᠤᠰᠬᠠᠶ ᠠᠵᠢᠯ᠎ᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ ᠥᠷᠨᠢᠭᠦᠯᠬᠦ ᠵᠢ ᠵᠣᠷᠢᠭᠵᠢᠭᠤᠯᠤᠨ᠂ ᠨᠡᠢ᠌ᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠢ᠌ᠷᠢ ᠲᠣᠬᠢᠷᠠᠭᠤᠯᠬᠤ᠂ ᠬᠤᠪᠢ ᠬᠥᠮᠦᠨ ᠪᠤᠶᠤ ᠭᠡᠷ ᠪᠦᠯᠢ ᠬᠡᠰᠡᠭ ᠬᠤᠪᠢᠶᠠᠨ ᠳᠠᠭ᠋ᠠᠭ᠋ᠠᠴᠢᠯᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠡᠷ ᠳᠠᠮᠵᠢᠭᠤᠯᠤᠨ ᠲᠤᠬᠠᠶ ᠵᠢᠨ ᠭᠠᠵᠠᠷ᠎ᠤᠨ ᠲᠠᠷᠢᠶᠠᠴᠢᠨ ᠮᠠᠯᠴᠢᠳ᠎ᠢ ᠰᠢᠩᠭᠡᠭᠡᠨ ᠠᠪᠴᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠣᠷᠣᠯᠴᠠᠭᠤᠯᠬᠤ ᠬᠡᠷᠡᠭᠲᠡᠶ᠃
ᠳᠥᠴᠢᠨ ᠬᠣᠶᠠᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠂ ᠬᠥᠭᠥᠷᠭᠡ ᠪᠣᠯᠤᠨ ᠨᠦᠬᠡᠨ ᠵᠠᠮ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠬᠡᠮᠵᠢᠬᠦ ᠪᠠ ᠦᠨᠡᠯᠡᠨ ᠲᠣᠭᠲᠠᠭ᠋ᠠᠬᠤ ᠵᠢᠨ ᠬᠠᠮᠲᠤ᠂ ᠪᠠᠢ᠌ᠴᠠᠭ᠋ᠠᠨ ᠬᠡᠮᠵᠢᠭᠰᠡᠨ ᠪᠠ ᠦᠨᠡᠯᠡᠨ ᠲᠣᠭᠲᠠᠭ᠋ᠠᠭᠰᠠᠨ ᠦᠷ᠎ᠡ ᠳ᠋ᠦᠩ᠎ᠲᠠᠢ᠎ᠪᠠᠨ ᠤᠶᠠᠯᠳᠤᠭᠤᠯᠤᠨ᠂ ᠠᠷᠠᠴᠢᠯᠠᠨ ᠬᠠᠮᠠᠭ᠋ᠠᠯᠠᠬᠤ ᠲᠥᠯᠥᠪᠯᠡᠭᠡ ᠪᠣᠯᠤᠨ ᠠᠷᠠᠴᠢᠯᠠᠨ ᠬᠠᠮᠠᠭ᠋ᠠᠯᠠᠬᠤ ᠲᠥᠰᠦᠯ ᠵᠶ᠋ᠡᠨ ᠳᠤᠷᠠᠳᠬᠤ ᠬᠡᠷᠡᠭᠲᠡᠶ᠃
ᠪᠠᠢ᠌ᠴᠠᠭ᠋ᠠᠨ ᠰᠢᠯᠭ᠋ᠠᠬᠤ᠎ᠪᠠᠷ ᠳᠠᠮᠵᠢᠭ᠋ᠠᠳ ᠠᠮᠤᠷ ᠲᠥᠪᠰᠢᠨ᠎ᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠬᠦᠷᠦᠭᠡᠳᠦᠶ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠥᠭᠥᠷᠭᠡ ᠪᠣᠯᠤᠨ ᠨᠦᠬᠡᠨ ᠵᠠᠮ᠎ᠢ ᠣᠯᠵᠤ ᠮᠡᠳᠡᠪᠡᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠨᠡᠪᠲᠡᠷᠡᠬᠦ ᠵᠢ ᠬᠢᠵᠠᠭ᠋ᠠᠷᠯᠠᠬᠤ ᠪᠤᠶᠤ ᠵᠠᠮ ᠬᠠᠷᠢᠯᠴᠠᠭ᠎ᠠ ᠵᠢ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ  ᠂ ᠵᠢᠷᠤᠮ ᠶᠣᠰᠣᠭ᠋ᠠᠷ ᠴᠠᠭ ᠲᠤᠬᠠᠶ᠎ᠳᠤ᠎ᠨᠢ ᠰᠡᠯᠪᠢᠨ ᠵᠠᠰᠠᠵᠤ ᠪᠡᠬᠢᠵᠢᠭᠦᠯᠬᠦ ᠪᠤᠶᠤ ᠳᠠᠬᠢᠨ ᠪᠠᠢ᠌ᠭᠤᠯᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ᠃
ᠳᠥᠴᠢᠨ ᠭᠤᠷᠪᠠᠳᠤᠭ᠋ᠠᠷ ᠵᠦᠢᠯ᠂ ᠰᠢᠶᠠᠨ᠎ᠤ ᠵᠠᠮ ᠠᠷᠠᠴᠢᠯᠠᠨ ᠬᠠᠮᠠᠭ᠋ᠠᠯᠠᠬᠤ ᠵᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠤ ᠨᠠᠢ᠌ᠳᠠᠭᠰᠠᠨ ᠬᠠᠮᠢᠶ᠎ᠠ ᠪᠦᠬᠦᠢ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠢ᠌ᠭᠤᠯᠤᠮᠵᠢ᠎ᠠᠴᠠ ᠬᠠᠷᠢᠭᠤᠴᠠᠨ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃
ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠠᠷᠠᠴᠢᠯᠠᠨ ᠬᠠᠮᠠᠭ᠋ᠠᠯᠠᠬᠤ ᠵᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠴᠠᠩᠭᠤᠶ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠭᠤᠯᠤᠮᠵᠢ᠎ᠳᠤ ᠨᠠᠢ᠌ᠳᠠᠵᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠪᠣᠯᠤᠨ᠎ᠠ᠃
ᠳᠥᠴᠢᠨ ᠳᠥᠷᠪᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠬᠠᠢ᠌ᠷ ᠮᠠᠯᠲᠠᠬᠤ᠂ ᠴᠢᠯᠠᠭᠤ ᠭᠠᠷᠭ᠋ᠠᠬᠤ᠂ ᠰᠢᠷᠣᠶ ᠠᠪᠬᠤ᠂ ᠤᠰᠤ ᠠᠪᠬᠤ ᠴᠢᠬᠤᠯᠠ᠎ᠲᠠᠢ ᠪᠣᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠬᠡᠷᠡᠭᠲᠡᠶ᠃
ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢ ᠬᠡᠷᠡᠭᠵᠢᠭᠦᠯᠬᠦ ᠶᠠᠪᠤᠴᠠ᠎ᠳᠤ᠂ ᠬᠥᠷᠥᠰᠥ ᠰᠢᠷᠣᠶ ᠵᠢ ᠬᠠᠮᠠᠭ᠋ᠠᠯᠠᠬᠤ ᠪᠠ ᠲᠦᠷ ᠴᠠᠭ᠎ᠤᠨ ᠰᠡᠷᠭᠡᠢ᠌ᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠬᠡᠷᠡᠭᠲᠡᠶ᠃ ᠵᠠᠮ ᠬᠠᠮᠠᠭ᠋ᠠᠯᠠᠬᠤ ᠮᠣᠳᠣ ᠵᠢ ᠲᠦᠷ ᠴᠠᠭ ᠰᠢᠯᠵᠢᠭᠦᠯᠦᠨ ᠵᠠᠢ᠌ᠯᠠᠬᠤ ᠴᠢᠬᠤᠯᠠ᠎ᠲᠠᠢ ᠪᠣᠯ᠂ ᠪᠠᠷᠢᠯᠭ᠎ᠠ ᠳᠠᠭᠤᠰᠤᠭᠰᠠᠨ᠎ᠤ ᠳᠠᠷᠠᠭ᠎ᠠ ᠴᠠᠭ ᠲᠤᠬᠠᠶ᠎ᠳᠤ᠎ᠨᠢ ᠰᠡᠷᠭᠦᠭᠡᠬᠦ ᠬᠡᠷᠡᠭᠲᠡᠶ; ᠵᠠᠮ ᠬᠠᠮᠠᠭ᠋ᠠᠯᠠᠬᠤ ᠮᠣᠳᠣ ᠵᠢ ᠰᠢᠨᠡᠳᠬᠡᠨ ᠣᠭᠲᠣᠯᠬᠤ ᠴᠢᠬᠤᠯᠠ᠎ᠲᠠᠢ ᠪᠣᠯ ᠬᠣᠯᠪᠣᠭᠳᠠᠯ ᠪᠥᠬᠥᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
ᠳᠥᠴᠢᠨ ᠲᠠᠪᠤᠳᠤᠭ᠋ᠠᠷ ᠵᠦᠢᠯ᠂ ᠪᠠᠢ᠌ᠭ᠋ᠠᠯᠢ ᠵᠢᠨ ᠭᠠᠮᠰᠢᠭ ᠵᠡᠷᠭᠡ ᠰᠢᠯᠲᠠᠭ᠋ᠠᠨ᠎ᠠᠴᠠ ᠪᠣᠯᠵᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠎ᠠ ᠵᠢ ᠬᠠᠷᠰᠢᠯᠠᠭᠰᠠᠨ ᠪᠤᠶᠤ ᠲᠠᠰᠤᠯᠳᠠᠭᠤᠯᠤᠭᠰᠠᠨ ᠪᠣᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠠᠮᠰᠢᠭ᠎ᠤᠨ ᠪᠠᠢ᠌ᠳᠠᠯ᠎ᠢ ᠴᠠᠭ ᠲᠤᠬᠠᠶ᠎ᠳᠤ᠎ᠨᠢ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠵᠢᠨ ᠬᠠᠮᠲᠤ᠂ ᠳᠠᠷᠤᠢ᠌ᠬᠠᠨ ᠵᠣᠬᠢᠶᠠᠨ ᠪᠠᠢ᠌ᠭᠤᠯᠤᠨ ᠱᠠᠯᠠᠪᠳᠠᠨ ᠵᠠᠰᠠᠵᠤ᠂ ᠪᠠᠢ᠌ᠳᠠᠯ᠎ᠢ᠎ᠨᠢ ᠦᠵᠡᠵᠦ ᠪᠠᠢ᠌ᠭ᠋ᠠᠳ ᠣᠢ᠌ᠷ᠎ᠠ ᠬᠠᠪᠢ ᠵᠢᠨ ᠪᠠᠢ᠌ᠭᠤᠯᠭ᠎ᠠ᠂ ᠪᠦᠯᠬᠦᠮ᠂ ᠠᠵᠤ ᠠᠬᠤᠢ᠌ᠯᠠᠯ ᠠᠵᠢᠯ ᠦᠢᠯᠡᠰ᠎ᠤᠨ ᠨᠢᠭᠡᠴᠢ ᠵᠢᠴᠢ ᠵᠠᠮ ᠳᠠᠭ᠋ᠠᠤ ᠵᠢᠨ ᠣᠯᠠᠨ ᠲᠦᠮᠡᠨ᠎ᠢ ᠳᠠᠢ᠌ᠴᠢᠯᠠᠨ ᠵᠣᠬᠢᠶᠠᠨ ᠪᠠᠢ᠌ᠭᠤᠯᠵᠤ ᠬᠠᠮᠲᠤ᠎ᠪᠠᠷ ᠣᠷᠣᠯᠴᠠᠭᠤᠯᠬᠤ ᠬᠡᠷᠡᠭᠲᠡᠶ᠃
ᠣᠬᠣᠷ ᠬᠤᠭᠤᠴᠠᠭ᠋ᠠᠨ ᠳᠣᠲᠣᠷ᠎ᠠ ᠰᠡᠯᠪᠢᠨ ᠵᠠᠰᠠᠬᠤ᠎ᠳᠤ ᠬᠦᠴᠢᠷᠲᠡᠶ ᠪᠣᠯ᠂ ᠲᠦᠷ ᠴᠠᠭ᠎ᠤᠨ ᠵᠦᠷᠢᠭ ᠵᠠᠮ᠂ ᠳᠥᠭᠥᠮ ᠬᠥᠭᠥᠷᠭᠡ ᠪᠠᠢ᠌ᠭᠤᠯᠬᠤ ᠪᠤᠶᠤ ᠲᠣᠭᠣᠷᠢᠵᠤ ᠭᠠᠷᠬᠤ ᠵᠠᠮ ᠱᠤᠭᠤᠮ᠎ᠢ ᠵᠢᠭ᠋ᠠᠨ ᠲᠣᠳᠣᠷᠬᠠᠢ᠌ᠯᠠᠵᠤ᠂ ᠳᠤᠷᠠᠢ᠌ᠮ᠎ᠠ ᠰᠡᠷᠡᠮᠵᠢᠯᠡᠭᠦᠯᠬᠦ ᠲᠡᠮᠳᠡᠭ ᠫᠠᠢ᠌ᠰᠠ ᠪᠠᠢ᠌ᠷᠢᠯᠠᠭᠤᠯᠬᠤ ᠬᠡᠷᠡᠭᠲᠡᠶ᠃
ᠳᠥᠴᠢᠨ ᠵᠢᠷᠭᠤᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠣᠷᠴᠢᠨ ᠲᠣᠭᠣᠷᠢᠨ᠎ᠳᠤ ᠶᠡᠷᠦᠩᠬᠡᠢ᠌ᠯᠡᠭᠰᠡᠨ ᠵᠠᠰᠠᠯᠲᠠ ᠬᠢᠵᠦ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠨᠣᠭᠣᠭ᠋ᠠᠷᠠᠭᠤᠯᠬᠤ ᠪᠠ ᠭᠤᠶᠤᠵᠢᠭᠤᠯᠬᠤ ᠵᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠬᠢᠭᠡᠳ ᠠᠮᠢ ᠠᠬᠤᠶ ᠵᠢᠨ ᠣᠷᠴᠢᠨ ᠲᠣᠭᠣᠷᠢᠨ᠎ᠤ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ ᠪᠠᠢ᠌ᠬᠤ ᠵᠢ ᠠᠬᠢᠭᠤᠯᠬᠤ ᠬᠡᠷᠡᠭᠲᠡᠶ᠃
ᠵᠢᠷᠭᠤᠳᠤᠭ᠋ᠠᠷ ᠪᠦᠯᠦᠭ ᠡᠵᠡᠩᠨᠡᠯᠲᠡ
ᠳᠥᠴᠢᠨ ᠳᠣᠯᠣᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠡᠭᠡᠭᠡᠪᠦᠷᠢ ᠡᠵᠡᠩᠨᠡᠬᠦ᠎ᠳᠤ ᠬᠣᠲᠠ ᠬᠥᠳᠡᠭᠡ ᠵᠢ ᠨᠢᠭᠡᠳᠦᠯᠲᠡᠶ ᠲᠥᠯᠥᠪᠯᠡᠬᠦ᠂ ᠬᠣᠲᠠ᠎ᠪᠠᠷ ᠬᠥᠳᠡᠭᠡ ᠵᠢ ᠳᠠᠢ᠌ᠴᠢᠯᠠᠬᠤ᠂ ᠬᠣᠲᠠ ᠬᠥᠳᠡᠭᠡ ᠵᠢ ᠨᠢᠭᠡ ᠴᠣᠭᠴᠠᠵᠢᠭᠤᠯᠬᠤ᠂ ᠠᠶᠠᠨᠴᠢᠳ ᠪᠠ ᠪᠠᠷᠠᠭ᠎ᠠ ᠵᠢ ᠵᠡᠷᠭᠡ᠎ᠳᠤ᠎ᠨᠢ ᠴᠢᠬᠤᠯᠠᠴᠢᠯᠠᠬᠤ᠂ ᠲᠡᠭᠡᠭᠡᠪᠦᠷᠢ ᠪᠠ ᠰᠢᠦᠳᠠᠨ᠎ᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠵᠤ᠂ ᠲᠤᠰ ᠭᠠᠵᠠᠷ ᠣᠷᠣᠨ᠎ᠤ᠎ᠪᠠᠨ ᠠᠵᠤ ᠠᠬᠤᠶ ᠨᠡᠢ᠌ᠭᠡᠮ᠎ᠤᠨ ᠬᠥᠭᠵᠢᠯᠲᠡ᠂ ᠵᠠᠮ ᠬᠠᠷᠢᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠬᠠᠷᠢᠯᠴᠠᠨ ᠵᠣᠬᠢᠴᠠᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠪᠣᠯᠤᠨ ᠪᠠᠷᠠᠭ᠋ᠠᠨ᠎ᠤ ᠭᠦᠢᠯᠭᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
ᠳᠥᠴᠢᠨ ᠨᠠᠢᠮᠠᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠲᠣᠤᠷ᠎ᠤᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠤᠨ ᠶᠠᠪᠤᠵᠤ ᠰᠠᠭᠤᠬᠤ ᠬᠡᠷᠡᠭᠴᠡᠭᠡ ᠱᠠᠭ᠋ᠠᠷᠳᠠᠯᠭ᠎ᠠ᠂ ᠵᠠᠰᠠᠮᠠᠯ ᠵᠠᠮ᠎ᠤᠨ ᠨᠡᠪᠲᠡᠷᠡᠬᠦ ᠨᠥᠬᠥᠴᠡᠯ ᠵᠡᠷᠭᠡ ᠬᠦᠴᠦᠨ ᠵᠦᠢᠯ᠎ᠢ ᠦᠨᠳᠦᠰᠦᠯᠡᠨ᠂ ᠬᠣᠲᠠ ᠬᠥᠳᠡᠭᠡ ᠵᠢᠨ ᠣᠯᠠᠨ ᠨᠡᠢ᠌ᠲᠡ ᠵᠢᠨ ᠵᠠᠮ ᠬᠠᠷᠢᠯᠴᠠᠭ᠎ᠠ᠂ ᠱᠤᠭᠤᠮ ᠲᠣᠭᠲᠠᠭ᠋ᠠᠬᠤ ᠡᠭᠡᠯᠵᠢ ᠵᠢᠨ ᠲᠡᠷᠭᠡ᠂ ᠣᠷᠣᠨ ᠪᠦᠰᠡ ᠵᠢᠨ ᠡᠵᠡᠩᠨᠡᠯᠲᠡ᠂ ᠪᠣᠯᠵᠣᠨ ᠳᠠᠭ᠋ᠠᠬᠤ ᠵᠡᠷᠭᠡ ᠡᠵᠡᠩᠨᠡᠬᠦ ᠠᠷᠭ᠎ᠠ ᠮᠠᠶᠢᠭ᠎ᠢ ᠠᠪᠴᠤ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠦᠢᠯᠡᠴᠢᠯᠡᠭᠡᠨ᠎ᠢ ᠥᠷᠨᠢᠭᠦᠯᠬᠦ ᠬᠡᠷᠡᠭᠲᠡᠶ᠃
ᠳᠥᠴᠢ ᠶᠢᠰᠦᠳᠦᠭᠡᠷ ᠵᠦᠢᠯ᠂ ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠲᠣᠤᠷ᠎ᠲᠤ ᠲᠦᠰᠢᠭᠯᠡᠨ᠂ ᠪᠠᠷᠠᠭ᠎ᠠ ᠲᠡᠭᠡᠭᠡᠪᠦᠷᠢᠯᠡᠬᠦ ᠡᠭᠡᠯᠵᠢ ᠵᠢᠨ ᠱᠤᠭᠤᠮ᠂ ᠠᠶᠠᠨᠴᠢᠳ᠎ᠤᠨ ᠲᠡᠭᠡᠭᠡᠪᠦᠷᠢ ᠵᠢᠨ ᠡᠭᠡᠯᠵᠢ ᠵᠢᠨ ᠲᠡᠷᠭᠡ ᠵᠢᠨ ᠰᠢᠦᠳᠠᠨ᠎ᠤ ᠵᠦᠢᠯ᠎ᠢ ᠣᠷᠣᠯᠠᠨ ᠲᠡᠭᠡᠭᠡᠪᠦᠷᠢᠯᠡᠬᠦ ᠵᠡᠷᠭᠡ ᠲᠠᠷᠢᠶᠠᠯᠠᠬᠤ ᠮᠠᠯᠵᠢᠬᠤ ᠣᠷᠣᠨ᠎ᠤ ᠪᠠᠷᠠᠭ᠋ᠠᠨ᠎ᠤ ᠭᠦᠢᠯᠭᠡᠭᠡᠨ᠎ᠤ ᠵᠣᠬᠢᠶᠠᠨ ᠪᠠᠢ᠌ᠭᠤᠯᠤᠯᠲᠠ ᠵᠢᠨ ᠵᠠᠭᠪᠤᠷ᠎ᠢ ᠬᠡᠷᠡᠭᠵᠢᠭᠦᠯᠬᠦ ᠵᠢ ᠵᠣᠷᠢᠭᠵᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ ᠵᠢᠨ ᠡᠳ᠋ ᠪᠠᠷᠠᠭ᠎ᠠ ᠲᠡᠭᠡᠭᠡᠪᠦᠷᠢᠯᠡᠬᠦ ᠦᠢᠯᠡᠴᠢᠯᠡᠭᠡᠨ᠎ᠤ ᠴᠢᠳᠠᠮᠵᠢ᠎ᠪᠠᠨ ᠥᠷᠭᠡᠳᠬᠡᠬᠦ ᠵᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠶᠡᠷᠦᠩᠬᠡᠢ᠌ᠯᠡᠭᠰᠡᠨ ᠲᠡᠭᠡᠭᠡᠪᠦᠷᠢ ᠵᠢᠨ ᠦᠢᠯᠡᠴᠢᠯᠡᠭᠡᠨ᠎ᠤ ᠥᠷᠲᠡᠭᠡ ᠵᠢ ᠪᠠᠢ᠌ᠭᠤᠯᠤᠨ᠂ ᠲᠠᠷᠢᠶᠠᠯᠠᠩ ᠮᠠᠯ᠎ᠤᠨ ᠪᠦᠲᠦᠭᠡᠭᠳᠡᠬᠦᠨ᠎ᠤ ᠲᠡᠭᠡᠭᠡᠪᠦᠷᠢ᠂ ᠲᠦᠷᠭᠡᠨ ᠬᠦᠷᠭᠡᠯᠲᠡ᠂ ᠪᠠᠷᠠᠭ᠋ᠠᠨ᠎ᠤ ᠭᠦᠢᠯᠭᠡᠭᠡᠨ᠎ᠤ ᠳᠣᠭᠢᠷᠠᠭᠤᠯᠤᠨ ᠬᠦᠷᠭᠡᠬᠦ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃
ᠲᠠᠪᠢᠳᠤᠭ᠋ᠠᠷ ᠵᠦᠢᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠷᠣᠯᠴᠠᠭᠰᠠᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠵᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠢ ᠰᠢᠮᠳᠠᠭᠤᠯᠵᠤ ᠪᠠᠢ᠌ᠭ᠋ᠠᠳ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠶ; ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠡᠵᠡᠩᠨᠡᠭᠴᠢ ᠵᠢᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠰᠢᠮᠳᠠᠭᠤᠯᠬᠤ ᠬᠡᠷᠡᠭᠲᠡᠶ᠃
ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠡᠵᠡᠩᠨᠡᠭᠴᠢ᠎ᠨᠢ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠦᠨ᠂ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃
ᠳᠣᠯᠣᠳᠤᠭ᠋ᠠᠷ ᠪᠦᠯᠦᠭ ᠪᠡᠯᠡ ᠮᠥᠩᠭᠥ
ᠲᠠᠪᠢᠨ ᠨᠢᠭᠡᠳᠦᠭᠡᠷ ᠵᠦᠢᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠪᠠ ᠡᠵᠡᠩᠨᠡᠬᠦ᠎ᠳᠤ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ᠎ᠪᠠᠨ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ᠎ᠳᠤ ᠣᠷᠣᠭᠤᠯᠬᠤ ᠪᠡᠯᠡ ᠮᠥᠩᠭᠥ ᠵᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠶ ᠪᠥᠭᠡᠳ᠂ ᠲᠤᠰ ᠭᠠᠵᠠᠷ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠣᠯᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠡᠪᠴᠢᠶ᠎ᠡ᠎ᠯᠦᠭᠡ ᠬᠠᠷᠢᠯᠴᠠᠨ ᠲᠣᠬᠢᠷᠠᠯᠴᠠᠭᠰᠠᠨ᠂ ᠠᠷᠠᠴᠢᠯᠠᠨ ᠬᠠᠮᠠᠭ᠋ᠠᠯᠠᠬᠤ ᠥᠪᠡᠷ᠎ᠤᠨ ᠥᠷᠲᠡᠭ᠎ᠤᠨ ᠬᠤᠪᠢᠷᠠᠯᠲᠠ ᠵᠡᠷᠭᠡ ᠬᠦᠴᠦᠨ ᠵᠦᠢᠯ᠎ᠯᠦᠭᠡ ᠬᠣᠯᠪᠣᠭᠳᠠᠬᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠵᠢ ᠪᠠᠢ᠌ᠭᠤᠯᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠥᠬᠥᠶ ᠡᠳ᠋᠎ᠤᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ᠎ᠪᠠᠨ ᠦᠨᠳᠦᠰᠦᠯᠡᠨ ᠵᠠᠷᠤᠯᠭ᠎ᠠ ᠵᠢᠨ ᠬᠠᠷᠢᠭᠤᠴᠠᠯᠭ᠎ᠠ᠎ᠪᠠᠨ ᠬᠤᠪᠢᠶᠠᠷᠢᠯᠠᠨ ᠨᠠᠢ᠌ᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠪᠠ ᠠᠷᠠᠴᠢᠯᠠᠨ ᠬᠠᠮᠠᠭ᠋ᠠᠯᠠᠬᠤ᠎ᠳᠤ ᠬᠡᠷᠡᠭᠰᠡᠬᠦ ᠪᠠᠯᠠ ᠮᠥᠩᠭᠥ ᠵᠢ ᠪᠠᠲᠤᠯᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠬᠥᠭᠵᠢᠯᠲᠡ ᠵᠢᠨ ᠪᠠᠢ᠌ᠳᠠᠯ᠎ᠢ ᠦᠨᠳᠦᠰᠦᠯᠡᠨ᠂ ᠵᠣᠬᠢᠬᠤ ᠲᠣᠭ᠎ᠠ ᠬᠡᠮᠵᠢᠶᠡᠨ᠎ᠤ ᠲᠤᠰᠬᠠᠶ ᠵᠦᠢ᠍ᠯ᠎ᠤᠨ ᠲᠤᠰᠠᠯᠠᠮᠵᠢ ᠵᠢᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠠᠵᠢᠯ᠎ᠳᠤ ᠬᠡᠷᠡᠭᠯᠡᠬᠦ ᠬᠡᠷᠡᠭᠲᠡᠶ᠃
ᠲᠠᠪᠢᠨ ᠬᠣᠶᠠᠳᠤᠭ᠋ᠠᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠪᠠ ᠡᠵᠡᠩᠨᠡᠬᠦ ᠪᠡᠯᠡ ᠮᠥᠩᠭᠥ ᠵᠢᠨ ᠭᠣᠤᠯ ᠢᠷᠡᠯᠲᠡ ᠪᠣᠯ᠄
(ᠨᠢᠭᠡ) ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠬᠢᠷᠠᠭᠤᠯᠤᠭᠰᠠᠨ ᠡᠳ᠋᠎ᠤᠨ ᠵᠠᠰᠠᠭ᠎ᠤᠨ ᠲᠥᠰᠦᠪ᠎ᠤᠨ ᠪᠡᠯᠡ ᠮᠥᠩᠭᠥ;
(ᠬᠣᠶᠠᠷ) ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠥᠬᠥᠪᠥᠷᠢ ᠪᠡᠯᠡ ᠮᠥᠩᠭᠥ;
(ᠭᠤᠷᠪᠠ) ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ;
(ᠳᠥᠷᠪᠡ) ᠱᠠᠩᠨᠠᠬᠤ᠎ᠪᠠᠷ ᠲᠤᠰᠠᠯᠠᠬᠤ ᠵᠢ ᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠡᠷ ᠳᠠᠮᠵᠢᠭᠤᠯᠤᠨ ᠴᠤᠭᠯᠠᠭᠤᠯᠤᠭᠰᠠᠨ ᠪᠡᠯᠡ ᠮᠥᠩᠭᠥ;
(ᠲᠠᠪᠤ) ᠶᠠᠳᠠᠭᠤ ᠵᠢ ᠲᠡᠳᠬᠦᠬᠦ᠂ ᠲᠠᠷᠢᠶᠠᠯᠠᠩ᠎ᠳᠤ ᠬᠣᠯᠪᠣᠭᠳᠠᠬᠤ᠂ ᠮᠠᠯ ᠠᠵᠤ ᠠᠬᠤᠶ᠎ᠳᠤ ᠬᠣᠯᠪᠣᠭᠳᠠᠬᠤ ᠡᠯ᠎ᠡ ᠲᠥᠷᠥᠯ᠎ᠤᠨ ᠲᠥᠷᠥᠯ ᠵᠦᠢᠯ᠎ᠳᠠᠬᠢ ᠲᠣᠭᠲᠠᠭ᠋ᠠᠯ ᠶᠣᠰᠣᠭ᠋ᠠᠷ ᠵᠠᠮ ᠬᠠᠷᠢᠯᠴᠠᠭ᠋ᠠᠨ᠎ᠤ ᠬᠥᠭᠵᠢᠯᠲᠡ᠎ᠳᠤ ᠬᠡᠷᠡᠭᠯᠡᠵᠦ ᠪᠣᠯᠬᠤ ᠪᠡᠯᠡ ᠮᠥᠩᠭᠥ ᠵᠢ ᠡᠮᠬᠢᠯᠡᠨ ᠨᠡᠢ᠌ᠯᠡᠭᠦᠯᠬᠦ;
(ᠵᠢᠷᠭᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠨᠡᠷ᠎ᠡ ᠬᠠᠳᠠᠬᠤ ᠡᠷᠬᠡ᠂ ᠵᠠᠮ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠡᠷᠬᠡ ᠵᠢ ᠦᠨ᠎ᠡ ᠬᠠᠶᠠᠯᠴᠠᠨ ᠬᠤᠳᠠᠯᠳᠤᠬᠤ᠂ ᠰᠢᠯᠵᠢᠭᠦᠯᠦᠨ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠴᠤᠭᠯᠠᠭᠤᠯᠤᠭᠰᠠᠨ ᠪᠠᠯᠠ ᠮᠥᠩᠭᠥ;
(ᠳᠣᠯᠣᠭ᠎ᠠ) ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ 《ᠨᠢᠭᠡ ᠶᠠᠪᠤᠳᠠᠯ᠎ᠢ ᠨᠢᠭᠡ ᠵᠥᠪᠯᠡᠬᠦ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠴᠤᠭᠯᠠᠭᠤᠯᠤᠭᠰᠠᠨ ᠲᠣᠰᠬᠣᠨ᠎ᠤ ᠵᠠᠮ᠎ᠤᠨ ᠪᠦᠲᠦᠭᠡᠨ ᠪᠠᠢ᠌ᠭᠤᠯᠬᠤ ᠪᠠ ᠠᠷᠠᠴᠢᠯᠠᠨ ᠬᠠᠮᠠᠭ᠋ᠠᠯᠠᠬᠤ ᠪᠡᠯᠡ ᠮᠥᠩᠭᠥ;  
(ᠨᠠᠢᠮᠠ) ᠨᠡᠢ᠌ᠭᠡᠮ᠎ᠤᠨ ᠬᠦᠴᠦᠨ᠎ᠤ ᠲᠤᠰᠠᠯᠠᠭᠰᠠᠨ ᠪᠡᠯᠡ ᠮᠥᠩᠭᠥ;
(ᠶᠢᠰᠦ) ᠪᠤᠰᠤᠳ ᠠᠷᠭ᠎ᠠ ᠮᠠᠶᠢᠭ ᠵᠶ᠋ᠠᠷ ᠳᠠᠮᠵᠢᠭᠤᠯᠤᠨ ᠴᠤᠭᠯᠠᠭᠤᠯᠤᠭᠰᠠᠨ ᠪᠡᠯᠡ ᠮᠥᠩᠭᠥ᠃
ᠲᠠᠪᠢᠨ ᠭᠤᠷᠪᠠᠳᠤᠭ᠋ᠠᠷ ᠵᠦᠢᠯ᠂ ᠳᠠᠭ᠋ᠠᠳᠬᠠᠯ᠎ᠤᠨ ᠦᠢᠯᠡᠰ᠎ᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠦᠢᠯᠡᠰ᠎ᠲᠤ ᠣᠷᠣᠯᠴᠠᠬᠤ ᠵᠢ ᠵᠣᠷᠢᠭᠵᠢᠭᠤᠯᠤᠨ᠎ᠠ; ᠨᠢᠭᠡᠴᠢ᠂ ᠨᠡᠢ᠌ᠭᠡᠮ᠎ᠤᠨ ᠪᠦᠯᠬᠦᠮ ᠪᠣᠯᠤᠨ ᠬᠤᠪᠢ ᠬᠥᠮᠦᠨ᠎ᠠᠴᠠ ᠡᠳ᠋ ᠬᠥᠷᠥᠩᠭᠡ ᠪᠡᠯᠡᠭᠯᠡᠨ ᠬᠦᠷᠭᠡᠬᠦ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠦᠢ᠍ᠯᠡᠰ᠎ᠤᠨ ᠬᠥᠭᠵᠢᠯᠲᠡ᠎ᠳᠤ ᠲᠤᠰᠠᠯᠠᠨ ᠳᠡᠮᠵᠢᠬᠦ ᠵᠢ ᠵᠣᠷᠢᠭᠵᠢᠭᠤᠯᠤᠨ᠎ᠠ; ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠬᠢᠭᠡᠳ ᠠᠵᠤ ᠦᠢ᠍ᠯᠡᠰ᠂ ᠬᠦᠷᠢᠶᠡᠯᠡᠩ ᠲᠣᠭᠣᠷᠢᠭ᠂ ᠬᠥᠳᠡᠭᠡ ᠲᠣᠰᠬᠣᠨ᠎ᠤ ᠵᠢᠭᠤᠯᠴᠢᠯᠠᠯ ᠵᠡᠷᠭᠡ ᠡᠵᠡᠩᠨᠡᠯᠲᠡ ᠵᠢᠨ ᠴᠢᠨᠠᠷᠲᠠᠶ ᠲᠥᠷᠥᠯ ᠵᠦᠢ᠍ᠯ᠎ᠳᠤ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃
ᠲᠠᠪᠢᠨ ᠳᠥᠷᠪᠡᠳᠦᠭᠡᠷ ᠵᠦᠢᠯ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠪᠠ ᠡᠵᠡᠩᠨᠡᠬᠦ ᠪᠡᠯᠡ ᠮᠥᠩᠭᠥ ᠵᠢ ᠲᠤᠰᠬᠠᠶ ᠵᠦᠢᠯ᠎ᠳᠤ᠎ᠨᠢ ᠬᠡᠷᠡᠭᠯᠡᠬᠦ ᠵᠢ ᠬᠡᠷᠡᠭᠵᠢᠭᠦᠯᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠳᠤᠮᠳᠠ᠎ᠠᠴᠠ᠎ᠨᠢ ᠦᠯᠡᠳᠡᠭᠡᠵᠦ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠭᠡᠶ᠃
ᠡᠳ᠋᠎ᠤᠨ ᠵᠠᠰᠠᠭ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ᠎ᠨᠢ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠪᠠ ᠡᠵᠡᠩᠨᠡᠬᠦ ᠪᠡᠯᠡ ᠮᠥᠩᠭᠥ ᠵᠢᠨ ᠬᠡᠷᠡᠭᠯᠡᠯᠲᠡ ᠵᠢᠨ ᠪᠠᠢ᠌ᠳᠠᠯ᠎ᠳᠤ ᠬᠠᠤᠯᠢ ᠶᠣᠰᠣᠭ᠋ᠠᠷ ᠬᠢᠨᠠᠯᠲᠠ ᠪᠠᠢ᠌ᠴᠠᠭ᠋ᠠᠯᠲᠠ ᠬᠢᠬᠦ ᠬᠡᠷᠡᠭᠲᠡᠶ᠃
ᠲᠠᠪᠢᠨ ᠲᠠᠪᠤᠳᠤᠭ᠋ᠠᠷ ᠵᠦᠢ᠍ᠯ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠨᠢ ᠲᠣᠰᠬᠣᠨ᠎ᠤ ᠵᠠᠮ᠎ᠤᠨ ᠪᠦᠲᠦᠭᠡᠨ ᠪᠠᠢ᠌ᠭᠤᠯᠬᠤ᠂ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢ ᠥᠪᠡᠷ᠎ᠲᠤ᠎ᠪᠠᠨ ᠴᠤᠭᠯᠠᠭᠤᠯᠬᠤ᠎ᠳᠤ᠂ ᠬᠤᠪᠢ ᠵᠢᠨ᠎ᠬᠢᠨ ᠰᠠᠢ᠌ᠨ ᠳᠤᠷ᠎ᠠ᠎ᠠᠴᠠ᠎ᠪᠠᠨ ᠪᠠᠢ᠌ᠬᠤ᠂ ᠴᠢᠳᠠᠯ᠎ᠤᠨ ᠬᠢᠷᠢ᠎ᠪᠠᠷ ᠵᠶ᠋ᠡᠨ ᠬᠢᠬᠦ ᠵᠠᠷᠴᠢᠮ᠎ᠢ ᠵᠢᠷᠤᠮᠯᠠᠬᠤ ᠵᠢᠨ ᠬᠠᠮᠲᠤ᠂ ᠪᠡᠯᠡ ᠮᠥᠩᠭᠥ ᠵᠢᠨ ᠬᠡᠷᠡᠭᠯᠡᠭᠰᠡᠨ ᠪᠠᠢ᠌ᠳᠠᠯ ᠵᠶ᠋ᠠᠨ ᠨᠡᠢ᠌ᠲᠡᠯᠡᠵᠦ᠂ ᠲᠠᠷᠢᠶᠠᠴᠢᠨ ᠮᠠᠯᠴᠢᠳ᠎ᠤᠨ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃
ᠨᠠᠢ᠍ᠮᠠᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠲᠠᠪᠢᠨ ᠵᠢᠷᠭᠤᠳᠤᠭ᠋ᠠᠷ ᠵᠦᠢᠯ᠂ ᠲᠤᠰ ᠳᠦᠷᠢᠮ᠎ᠤᠨ ᠭᠤᠴᠢᠨ ᠳᠥᠷᠪᠡᠳᠦᠭᠡᠷ ᠵᠦᠢᠯ᠎ᠤᠨ ᠨᠢᠭᠡᠳᠦᠭᠡᠷ ᠪᠠᠳᠠᠭ᠎ᠤᠨ ᠨᠢᠭᠡᠳᠦᠭᠡᠷ ᠵᠤᠷᠪᠤᠰ᠎ᠠᠴᠠ ᠲᠠᠪᠤᠳᠤᠭ᠋ᠠᠷ ᠵᠤᠷᠪᠤᠰ ᠬᠦᠷᠲᠡᠯᠡᠬᠢ ᠲᠣᠭᠲᠠᠭ᠋ᠠᠯ᠎ᠢ ᠵᠥᠷᠢᠴᠡᠵᠦ᠂ ᠵᠥᠪᠰᠢᠶᠡᠷᠡᠭᠦᠯᠦᠭᠡᠳᠦᠶ᠎ᠪᠠᠷ ᠲᠣᠰᠬᠣᠨ᠎ᠤ ᠵᠠᠮ᠎ᠤᠨ ᠪᠠᠷᠢᠯᠭ᠎ᠠ ᠵᠢᠨ ᠠᠵᠢᠯᠯᠠᠭ᠎ᠠ᠎ᠳᠤ ᠬᠣᠯᠪᠣᠭᠳᠠᠭᠰᠠᠨ ᠪᠣᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
ᠲᠤᠰ ᠳᠦᠷᠢᠮ᠎ᠤᠨ ᠭᠤᠴᠢᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠤᠨ ᠵᠢᠷᠭᠤᠳᠤᠭ᠋ᠠᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠨ᠂ ᠵᠥᠪᠰᠢᠶᠡᠷᠡᠭᠦᠯᠦᠭᠡᠳᠦᠶ᠎ᠪᠠᠷ ᠲᠣᠰᠬᠣᠨ᠎ᠤ ᠵᠠᠮ᠎ᠤᠨ ᠪᠠᠷᠢᠯᠭ᠎ᠠ ᠵᠢᠨ ᠠᠵᠢᠯᠯᠠᠭ᠎ᠠ᠎ᠳᠤ ᠬᠣᠯᠪᠣᠭᠳᠠᠭᠰᠠᠨ ᠪᠣᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠨᠤᠷᠠᠭ᠋ᠠᠯᠭ᠋ᠠᠵᠤ᠂ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
ᠲᠤᠰ ᠳᠦᠷᠢᠮ᠎ᠤᠨ ᠭᠤᠴᠢᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠤᠨ ᠳᠣᠯᠣᠳᠤᠭ᠋ᠠᠷ ᠵᠤᠷᠪᠤᠰ᠎ᠤᠨ ᠲᠣᠭᠲᠠᠭ᠋ᠠᠯ᠎ᠠᠴᠠ ᠵᠥᠷᠢᠴᠡᠨ᠂ ᠵᠥᠪᠰᠢᠶᠡᠷᠡᠭᠦᠯᠦᠭᠡᠳᠦᠶ᠎ᠪᠠᠷ ᠲᠣᠰᠬᠣᠨ᠎ᠤ ᠵᠠᠮ᠎ᠤᠨ ᠪᠠᠷᠢᠯᠭ᠎ᠠ ᠵᠢᠨ ᠠᠵᠢᠯᠯᠠᠭ᠎ᠠ᠎ᠳᠤ ᠬᠣᠯᠪᠣᠭᠳᠠᠭᠰᠠᠨ ᠪᠣᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠵᠠᠯᠠᠷᠠᠭᠤᠯᠬᠤ ᠵᠢᠨ ᠬᠠᠮᠲᠤ᠂ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
ᠲᠠᠪᠢᠨ ᠳᠣᠯᠣᠳᠤᠭ᠋ᠠᠷ ᠵᠦᠢ᠍ᠯ᠂ ᠲᠤᠰ ᠳᠦᠷᠢᠮ᠎ᠤᠨ ᠭᠤᠴᠢᠨ ᠲᠠᠪᠤᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠠᠴᠠ ᠵᠦᠷᠢᠴᠡᠨ᠂ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠢ᠍ᠳᠬᠡᠵᠦ᠂ ᠲᠣᠰᠬᠣᠨ᠎ᠤ ᠵᠠᠮ ᠵᠢᠴᠢ ᠳᠠᠭ᠋ᠠᠯᠲᠠ ᠲᠦᠬᠦᠭᠡᠷᠦᠮᠵᠢ ᠵᠢ ᠡᠪᠳᠡᠭᠰᠡᠨ ᠪᠣᠯ᠂ ᠬᠠᠤᠯᠢ ᠶᠣᠰᠣᠭ᠋ᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠄
(ᠨᠢᠭᠡ) ᠤᠰᠤ ᠨᠡᠮᠡᠬᠦ ᠥᠷᠲᠡᠭᠡ᠂ ᠲᠣᠰᠣ ᠨᠡᠮᠡᠬᠦ ᠥᠷᠲᠡᠭᠡ᠂ ᠲᠡᠷᠭᠡᠨ ᠵᠣᠭᠰᠣᠭ᠋ᠠᠯ᠂ ᠲᠡᠷᠭᠡ ᠤᠬᠢᠶᠠᠬᠤ ᠲᠠᠯᠠᠪᠠᠶ᠂ ᠲᠡᠷᠭᠡ ᠵᠠᠰᠠᠬᠤ ᠦᠢ᠍ᠯᠡᠳᠪᠦᠷᠢ ᠪᠣᠯᠤᠨ ᠵᠠᠷ ᠮᠡᠳᠡᠭᠡ ᠵᠢᠨ ᠫᠠᠢ᠌ᠰᠠ ᠵᠡᠷᠭᠡ ᠲᠦᠬᠦᠭᠡᠷᠦᠮᠵᠢ ᠭᠠᠷᠭ᠋ᠠᠭᠰᠠᠨ ᠪᠣᠯ᠂ ᠵᠠᠷᠯᠢᠭᠳᠠᠵᠤ ᠪᠠᠢ᠌ᠭ᠋ᠠᠳ ᠵᠠᠯᠠᠷᠠᠭᠤᠯᠵᠤ᠂ 2000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ;
(ᠬᠣᠶᠠᠷ) ᠲᠣᠰᠬᠣᠨ᠎ᠤ ᠵᠠᠮ᠎ᠤᠨ ᠵᠠᠰᠠᠮᠠᠯ ᠵᠠᠮ᠎ᠤᠨ ᠬᠡᠷᠡᠭᠯᠡᠬᠦ ᠭᠠᠵᠠᠷ᠎ᠤᠨ ᠭᠠᠳᠠᠷ ᠬᠦᠪᠡᠭᠡ᠎ᠠᠴᠠ ᠡᠬᠢᠯᠡᠨ ᠭᠠᠳᠠᠭᠰᠢ 50   ᠮᠸᠲᠷ᠎ᠤᠨ ᠬᠡᠪᠴᠢᠶᠡᠨ ᠳᠣᠲᠣᠷ᠎ᠠ ᠬᠠᠢ᠌ᠷ ᠮᠠᠯᠲᠠᠭᠰᠠᠨ᠂ ᠠᠭᠤᠷᠬᠠᠶ ᠮᠠᠯᠲᠠᠭᠰᠠᠨ᠂ ᠴᠢᠯᠠᠭᠤ ᠭᠠᠷᠭ᠋ᠠᠭᠰᠠᠨ᠂ ᠰᠢᠷᠣᠶ ᠠᠪᠤᠭᠰᠠᠨ᠂ ᠬᠠᠶᠠᠭᠳᠠᠮᠠᠯ ᠡᠳ᠋ ᠬᠠᠶᠠᠭᠰᠠᠨ᠂ ᠳᠡᠯᠪᠡᠴᠢᠬᠦ ᠠᠵᠢᠯ ᠬᠢᠭᠰᠡᠨ ᠪᠠ ᠵᠠᠰᠠᠮᠠᠯ ᠵᠠᠮ᠎ᠤᠨ ᠠᠮᠤᠷ ᠲᠦᠪᠰᠢᠨ᠎ᠳᠤ ᠬᠥᠨᠥᠭᠡᠯ ᠤᠴᠠᠷᠠᠭᠤᠯᠬᠤ ᠪᠤᠰᠤᠳ ᠠᠵᠢᠯᠯᠠᠭ᠎ᠠ ᠬᠢᠭᠰᠡᠨ ᠪᠣᠯ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
ᠲᠠᠪᠢᠨ ᠨᠠᠢᠮᠠᠳᠤᠭ᠋ᠠᠷ ᠵᠦᠢᠯ᠂ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ ᠬᠢᠭᠡᠳ ᠲᠡᠭᠦᠨ᠎ᠤ ᠳᠠᠭ᠋ᠠᠯᠲᠠ ᠲᠦᠬᠦᠭᠡᠷᠦᠮᠵᠢ ᠵᠢ ᠡᠪᠳᠡᠭᠰᠡᠨ ᠪᠣᠯ᠂ ᠤᠤᠯ᠎ᠤᠨ ᠮᠡᠷᠭᠡᠵᠢᠯ᠎ᠤᠨ ᠪᠠᠷᠢᠮᠵᠢᠶ᠎ᠠ᠎ᠠᠴᠠ ᠳᠣᠤᠷ᠎ᠠ ᠦᠭᠡᠶ ᠬᠡᠮᠵᠢᠶ᠎ᠡ᠎ᠪᠠᠷ ᠰᠡᠯᠪᠢᠨ ᠵᠠᠰᠠᠬᠤ ᠪᠤᠶᠤ ᠡᠪᠳᠡᠭᠰᠡᠨ ᠬᠡᠮᠵᠢᠶ᠎ᠡ᠎ᠪᠠᠷ᠎ᠨᠢ ᠲᠥᠯᠥᠪᠦᠷᠢ ᠥᠭᠬᠦ ᠬᠡᠷᠡᠭᠲᠡᠶ᠃
ᠲᠠᠪᠢ ᠶᠢᠰᠦᠳᠦᠭᠡᠷ ᠵᠦᠢᠯ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠂ ᠪᠠᠢ᠌ᠭᠤᠯᠤᠮᠵᠢ᠎ᠳᠤ ᠳᠣᠤᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠭᠣᠣᠯᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠦᠰ᠎ᠲᠤ ᠬᠠᠤᠯᠢ ᠶᠣᠰᠣᠭ᠋ᠠᠷ ᠰᠢᠢ᠍ᠳᠬᠡᠯ ᠣᠯᠭᠣᠨ᠎ᠠ; ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠳᠠᠭ᠋ᠠᠭ᠋ᠠᠴᠢᠯᠠᠯᠲᠠ ᠵᠠᠷᠯᠠᠬᠤ ᠬᠡᠷᠡᠭᠲᠡᠶ ᠪᠠᠢ᠌ᠲᠠᠯ᠎ᠠ ᠳᠠᠭ᠋ᠠᠭ᠋ᠠᠴᠢᠯᠠᠯᠲᠠ ᠵᠠᠷᠯᠠᠭᠰᠠᠨ ᠦᠭᠡᠶ;
(ᠬᠣᠶᠠᠷ) ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ ᠪᠣᠯᠤᠨ ᠠᠮᠤᠷ ᠲᠥᠪᠰᠢᠨ᠎ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠶ᠎ᠠᠴᠠ ᠪᠣᠯᠵᠤ᠂ ᠶᠠᠰᠤ ᠴᠢᠨᠠᠷ᠎ᠤᠨ ᠬᠦᠨᠳᠦ ᠶᠡᠬᠡ ᠠᠰᠠᠭᠤᠳᠠᠯ ᠭᠠᠷᠭ᠋ᠠᠭᠰᠠᠨ;
(ᠭᠤᠷᠪᠠ) ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠶ᠎ᠠᠴᠠ ᠪᠣᠯᠵᠤ᠂ ᠬᠦᠨᠳᠦ ᠨᠣᠴᠢᠲᠠᠶ ᠦᠷ᠎ᠡ ᠤᠷᠰᠢᠭ ᠭᠠᠷᠭ᠋ᠠᠭᠰᠠᠨ;
(ᠳᠥᠷᠪᠡ) ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠪᠠ ᠡᠵᠡᠩᠨᠡᠬᠦ ᠪᠡᠯᠡ ᠮᠥᠩᠭᠥ ᠵᠢ ᠳᠤᠮᠳᠠ᠎ᠠᠴᠠ᠎ᠨᠢ ᠦᠯᠡᠳᠡᠭᠡᠭᠰᠡᠨ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ;
(ᠲᠠᠪᠤ) ᠠᠯᠪᠠᠨ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠶᠢᠰᠦᠳᠦᠭᠡᠷ ᠪᠦᠯᠦᠭ ᠳᠠᠭ᠋ᠠᠯᠳᠤᠭᠤᠯᠤᠭᠰᠠᠨ ᠳᠦᠷᠢᠮ
ᠵᠢᠷᠠᠳᠤᠭ᠋ᠠᠷ ᠵᠦᠢᠯ᠂ ᠲᠤᠰ ᠲᠦᠷᠢᠮ᠎ᠢ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
      ᠪᠢᠴᠢᠭ ᠮᠠᠲ᠋ᠧᠷᠢᠶᠠᠯ᠎ᠤᠨ ᠢᠷᠡᠯᠲᠡ᠄ ᠥᠪᠥᠷ ᠮᠣᠩᠭᠣᠯ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠦᠯᠵᠢᠶ᠎ᠡ
      ᠪᠢᠴᠢᠭ ᠮᠠᠲ᠋ᠧᠷᠢᠶᠠᠯ᠎ᠢ ᠪᠠᠭᠤᠯᠭ᠋ᠠᠬᠤ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠦᠷᠢᠮ.doc
      ᠬᠠᠮᠢᠶ᠎ᠠ ᠪᠥᠬᠥᠶ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠤᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠴᠢ ᠦᠨᠡᠯᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠵᠠᠰᠠᠮᠠᠯ ᠵᠠᠮ᠎ᠤᠨ ᠪᠥᠳᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠮᠡᠳᠡᠭᠳᠡᠯ
《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠲᠣᠭᠲᠠᠭ᠋ᠠᠯ (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠵᠠᠷᠯᠢᠭ 2022 ᠣᠨ᠎ᠤ 10 ᠳ᠋ᠤᠭ᠋ᠠᠷ ᠲᠣᠭ᠋ᠠᠲᠤ)
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ
 
            