《ᠵᠠᠮ ᠬᠠᠷᠢᠯᠴᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠲᠣᠭᠲᠠᠭ᠋ᠠᠯ (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠵᠠᠷᠯᠢᠭ 2022 ᠣᠨ᠎ᠤ 10 ᠳ᠋ᠤᠭ᠋ᠠᠷ ᠲᠣᠭ᠋ᠠᠲᠤ)
《〈ᠵᠠᠮ ᠬᠠᠷᠢᠯᠴᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ 2021 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ 23 ᠳ᠋ᠤᠭ᠋ᠠᠷ ᠤᠳᠠᠭ᠋ᠠᠨ᠎ᠤ ᠶᠠᠮᠤᠨ᠎ᠤ ᠶᠠᠪᠤᠳᠠᠯ᠎ᠤᠨ ᠬᠤᠷᠠᠯ ᠵᠶ᠋ᠠᠷ ᠪᠠᠲᠤᠯᠠᠭᠰᠠᠨ ᠪᠥᠭᠡᠳ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠨᠡᠢ᠌ᠲᠡᠯᠡᠪᠡ᠂ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠠᠢ᠌ᠳ ᠯᠢ ᠰᠢᠶᠤᠤ ᠫᠸᠩ
ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠢ᠌ᠳ ᠵᠣᠣ ᠺᠸ ᡁᠢ
ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠰᠠᠢ᠌ᠳ ᠬᠤᠸᠠᠩ ᠮᠢᠩ
2022 ᠣᠨ᠎ᠤ 2 ᠳ᠋ᠤᠭ᠋ᠠᠷ ᠰᠠᠷ᠎ᠠ ᠵᠢᠨ 14᠎ᠤ ᠡᠳᠦᠷ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ 《ᠵᠠᠮ ᠬᠠᠷᠢᠯᠴᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠠᠴᠠ 《ᠵᠠᠮ ᠬᠠᠷᠢᠯᠴᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠵᠠᠷᠯᠢᠭ 2016 ᠣᠨ᠎ᠤ 55 ᠳ᠋ᠤᠭ᠋ᠠᠷ ᠲᠣᠭ᠋ᠠᠲᠤ)᠎ᠳᠤ ᠳᠣᠤᠷᠠᠬᠢ ᠮᠡᠲᠦ ᠵᠠᠰᠠᠪᠤᠷᠢ ᠣᠷᠣᠭᠤᠯᠬᠤ᠎ᠪᠠᠷ ᠲᠣᠭᠲᠠᠭ᠋ᠠᠪᠠ᠄
ᠨᠢᠭᠡ᠂ ᠵᠢᠷᠭᠤᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠲᠠᠬᠢ 《JT/T 796》 ᠭᠡᠳᠡᠭ᠎ᠢ 《GB/T 35658》 ᠭᠡᠵᠦ ᠵᠠᠰᠠᠪᠠ᠃
ᠬᠣᠶᠠᠷ᠂ ᠵᠢᠷᠭᠤᠳᠤᠭ᠋ᠠᠷ ᠵᠦᠢᠯ᠂ ᠳᠣᠯᠣᠳᠤᠭ᠋ᠠᠷ ᠵᠦᠢᠯ᠎ᠳᠠᠬᠢ 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠦᠵᠦᠭᠦᠷ᠎ᠤᠨ ᠮᠡᠳᠡᠭᠡᠯᠡᠯ᠎ᠤᠨ ᠵᠥᠪᠯᠡᠯᠴᠡᠭᠡᠷ ᠬᠢᠭᠡᠳ ᠲᠣᠭ᠎ᠠ ᠪᠠᠷᠢᠮᠲᠠ ᠵᠢᠨ ᠵᠠᠭᠪᠤᠷ》᠎ᠢ 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠦᠵᠦᠭᠦᠷ᠎ᠤᠨ ᠬᠣᠯᠪᠣᠭ᠋ᠠᠨ᠎ᠤ ᠵᠥᠪᠯᠡᠯᠴᠡᠭᠡᠷ ᠬᠢᠭᠡᠳ ᠲᠣᠭ᠎ᠠ ᠪᠠᠷᠢᠮᠲᠠ ᠵᠢᠨ ᠵᠠᠭᠪᠤᠷ》 ᠭᠡᠵᠦ ᠵᠠᠰᠠᠪᠤᠷᠢ ᠣᠷᠤᠭᠤᠯᠪᠠ᠃
ᠭᠤᠷᠪᠠ᠂ ᠨᠠᠢ᠍ᠮᠠᠳᠤᠭ᠋ᠠᠷ ᠵᠦᠢ᠍ᠯ᠎ᠢ ᠬᠠᠰᠤᠪᠠ᠃
ᠳᠥᠷᠪᠡ᠂ ᠠᠷᠪᠠᠳᠤᠭ᠋ᠠᠷ ᠵᠦᠢᠯ᠎ᠢ ᠶᠢᠰᠦᠳᠦᠭᠡᠷ ᠵᠦᠢᠯ ᠪᠣᠯᠭ᠋ᠠᠵᠤ᠄ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠰᠢᠨ᠎ᠡ᠎ᠪᠠᠷ ᠪᠠᠢ᠌ᠭᠤᠯᠬᠤ ᠪᠤᠶᠤ ᠬᠢᠨᠠᠨ ᠡᠵᠡᠮᠳᠡᠬᠦ ᠲᠠᠪᠴᠠᠩ ᠵᠶ᠋ᠠᠨ ᠬᠤᠪᠢᠷᠠᠭᠤᠯᠬᠤ᠎ᠳᠤ᠂ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ ᠤᠤᠯ᠎ᠤᠨ 〈ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ〉 ᠣᠯᠭᠣᠭᠰᠠᠨ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠳᠠᠩᠰᠠᠯᠠᠭᠤᠯᠬᠤ ᠬᠡᠷᠡᠭᠲᠡᠶ᠃》 ᠭᠡᠵᠦ ᠵᠠᠰᠠᠪᠤᠷᠢ ᠣᠷᠤᠭᠤᠯᠪᠠ᠃
ᠲᠠᠪᠤ᠂ ᠠᠷᠪᠠᠨ ᠨᠢᠭᠡᠳᠦᠭᠡᠷ ᠵᠦᠢ᠍ᠯ᠎ᠢ ᠠᠷᠪᠠᠳᠤᠭ᠋ᠠᠷ ᠵᠦᠢ᠍ᠯ ᠪᠣᠯᠭ᠋ᠠᠵᠤ᠂ ᠳᠥᠷᠪᠡᠳᠦᠭᠡᠷ ᠵᠤᠷᠪᠤᠰ᠎ᠢ ᠬᠠᠰᠤᠪᠠ᠃
ᠵᠢᠷᠭᠤᠭ᠎ᠠ᠂ ᠠᠷᠪᠠ ᠶᠢᠰᠦᠳᠦᠭᠡᠷ ᠵᠦᠢᠯ᠎ᠢ ᠠᠷᠪᠠᠨ ᠨᠠᠢᠮᠠᠳᠤᠭ᠋ᠠᠷ ᠵᠦᠢᠯ ᠪᠣᠯᠭ᠋ᠠᠵᠤ᠂ ᠲᠡᠭᠦᠨ᠎ᠤ ᠳᠣᠲᠣᠷᠠᠬᠢ 《ᠰᠢᠰᠲ᠋ᠧᠮ᠎ᠤᠨ ᠲᠣᠭ᠎ᠠ ᠪᠠᠷᠢᠮᠲᠠ ᠵᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ᠎ᠲᠠᠢ᠎ᠪᠠᠷ ᠭᠠᠷᠭ᠋ᠠᠨ ᠠᠪᠬᠤ》 ᠭᠡᠳᠡᠭ᠎ᠢ 《ᠰᠢᠰᠲ᠋ᠧᠮ᠎ᠳᠠᠬᠢ ᠪᠦᠬᠦ ᠤᠯᠤᠰ᠎ᠤᠨ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠢ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ᠎ᠲᠠᠢ᠎ᠪᠠᠷ ᠭᠠᠷᠭ᠋ᠠᠨ ᠠᠪᠬᠤ》 ᠭᠡᠵᠦ ᠵᠠᠰᠠᠪᠤᠷᠢ ᠣᠷᠤᠭᠤᠯᠪᠠ᠃
ᠳᠣᠯᠣᠭ᠎ᠠ᠂ ᠬᠣᠷᠢᠨ ᠳᠥᠷᠪᠡᠳᠦᠭᠡᠷ ᠵᠦᠢᠯ᠎ᠢ ᠬᠣᠷᠢᠨ ᠭᠤᠷᠪᠠᠳᠤᠭ᠋ᠠᠷ ᠵᠦᠢᠯ ᠪᠣᠯᠭ᠋ᠠᠵᠤ᠂ ᠲᠡᠭᠦᠨ᠎ᠤ ᠳᠣᠲᠣᠷᠠᠬᠢ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠶ》 ᠭᠡᠳᠡᠭ᠎ᠢ 《ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠶ》 ᠭᠡᠵᠦ ᠵᠠᠰᠠᠪᠤᠷᠢ ᠣᠷᠣᠭᠤᠯᠪᠠ᠃
ᠨᠠᠢ᠍ᠮᠠ᠂ ᠭᠤᠴᠢᠨ ᠵᠢᠷᠭᠤᠳᠤᠭ᠋ᠠᠷ ᠵᠦᠢ᠍ᠯ᠎ᠢ ᠭᠤᠴᠢᠨ ᠲᠠᠪᠤᠳᠤᠭ᠋ᠠᠷ ᠵᠦᠢ᠍ᠯ ᠪᠣᠯᠭ᠋ᠠᠵᠤ᠂ ᠲᠡᠭᠦᠨ᠎ᠤ ᠳᠣᠲᠣᠷᠠᠬᠢ 《3000 ᠲᠥᠭᠥᠷᠢᠭ᠎ᠠᠴᠠ ᠳᠡᠭᠡᠭᠰᠢ 8000 ᠲᠥᠭᠥᠷᠢᠭ᠎ᠠᠴᠠ ᠳᠣᠷᠣᠭᠰᠢ》 ᠭᠡᠳᠡᠭ᠎ᠢ 《1000 ᠲᠥᠭᠥᠷᠢᠭ᠎ᠠᠴᠠ ᠳᠡᠭᠡᠭᠰᠢ 3000 ᠲᠥᠭᠥᠷᠢᠭ᠎ᠠᠴᠠ ᠳᠣᠷᠤᠭᠰᠢ》 ᠭᠡᠵᠦ ᠵᠠᠰᠠᠵᠤ᠂ ᠭᠤᠷᠪᠠᠳᠤᠭ᠋ᠠᠷ ᠵᠤᠷᠪᠤᠰ᠎ᠲᠠᠬᠢ 《ᠲᠣᠭᠲᠠᠭ᠋ᠠᠯ ᠶᠣᠰᠣᠭ᠋ᠠᠷ ᠲᠤᠰᠬᠠᠢ ᠬᠢᠨᠠᠨ ᠡᠵᠡᠮᠳᠡᠬᠦ ᠠᠵᠢᠯᠳᠠᠨ ᠲᠤᠬᠢᠷᠠᠭᠤᠯᠤᠬᠰᠠᠨ ᠦᠭᠡᠢ》 ᠭᠡᠳᠡᠭ᠎ᠢ 《ᠲᠣᠭᠲᠠᠭ᠋ᠠᠯ ᠶᠣᠰᠣᠭ᠋ᠠᠷ ᠲᠤᠰᠬᠠᠢ ᠬᠢᠨᠠᠨ ᠡᠵᠡᠮᠳᠡᠬᠦ ᠠᠵᠢᠯᠳᠠᠨ ᠲᠤᠬᠢᠷᠠᠭᠤᠯᠤᠬᠰᠠᠨ ᠦᠭᠡᠢ᠂ ᠡᠰᠡᠬᠦᠯ᠎ᠡ ᠬᠢᠨᠠᠨ ᠡᠵᠡᠮᠳᠡᠬᠦ ᠠᠵᠢᠯᠳᠠᠨ ᠬᠢᠨᠠᠨ ᠡᠵᠡᠮᠳᠡᠬᠦ ᠲᠤᠰᠢᠶᠠᠯ ᠬᠠᠷᠢᠭᠤᠴᠠᠯᠭ᠎ᠠ᠎ᠪᠠᠨ ᠪᠦᠲᠦᠮᠵᠢᠲᠡᠢ ᠭᠦᠢ᠍ᠴᠡᠳᠬᠡᠭᠰᠡᠨ ᠦᠭᠡᠢ》 ᠭᠡᠵᠦ ᠵᠠᠰᠠᠪᠤᠷᠢ ᠣᠷᠣᠭᠤᠯᠪᠠ᠃
ᠶᠢᠰᠦ᠂ ᠭᠤᠴᠢᠨ ᠳᠣᠯᠣᠳᠤᠭ᠋ᠠᠷ ᠵᠦᠢᠯ᠎ᠢ ᠭᠤᠴᠢᠨ ᠵᠢᠷᠭᠤᠳᠤᠭ᠋ᠠᠷ ᠵᠦᠢᠯ ᠪᠣᠯᠭ᠋ᠠᠵᠤ᠄ 《ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠵᠠᠮ ᠲᠡᠭᠡᠭᠡᠪᠦᠷᠢ ᠵᠢᠨ ᠡᠵᠡᠩᠨᠡᠭᠴᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢᠢ ᠬᠡᠷᠡᠭᠯᠡᠵᠦ ᠪᠠᠢ᠌ᠭ᠋ᠠᠳ ᠰᠦᠯᠵᠢᠶᠡᠨ ᠳᠡᠭᠡᠷ᠎ᠡ ᠪᠠᠢ᠌ᠵᠤ ᠳᠡᠢ᠌ᠯᠬᠦ ᠦᠭᠡᠢ ᠲᠡᠭᠡᠭᠡᠪᠦᠷᠢ ᠵᠢᠨ ᠲᠡᠷᠭᠡ ᠬᠥᠰᠬᠡ᠎ᠨᠢ ᠡᠵᠡᠩᠨᠡᠯᠲᠡ ᠵᠢᠨ ᠠᠵᠢᠯᠯᠠᠭ᠎ᠠ ᠬᠢᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠲᠡᠭᠦᠨ᠎ᠢ ᠰᠤᠷᠭ᠋ᠠᠨ ᠬᠥᠮᠦᠵᠢᠭᠦᠯᠬᠦ ᠵᠢᠨ ᠬᠠᠮᠲᠤ ᠵᠠᠷᠯᠢᠭᠳᠠᠨ ᠵᠠᠯᠠᠷᠠᠭᠤᠯᠵᠤ᠂ ᠵᠠᠯᠠᠷᠠᠭᠤᠯᠬᠤ ᠦᠭᠡᠶ ᠪᠤᠶᠤ ᠵᠠᠯᠠᠷᠠᠭᠤᠯᠤᠭᠰᠠᠨ᠎ᠤ ᠳᠠᠷᠠᠭ᠎ᠠ ᠠᠳᠠᠯᠢ ᠲᠥᠷᠥᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠠᠢ᠌ᠳᠠᠯ ᠳᠠᠬᠢᠨ ᠭᠠᠷᠤᠭᠰᠠᠨ ᠪᠣᠯ᠂ 200 ᠲᠥᠭᠥᠷᠢᠭ᠎ᠠᠴᠠ ᠳᠡᠭᠡᠭᠰᠢ 800 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ》 ᠭᠡᠵᠦ ᠵᠠᠰᠠᠪᠤᠷᠢ ᠣᠷᠣᠭᠤᠯᠪᠠ᠃
ᠠᠷᠪᠠ᠂ ᠭᠤᠴᠢᠨ ᠨᠠᠢᠮᠠᠳᠤᠭ᠋ᠠᠷ ᠵᠦᠢᠯ᠎ᠢ ᠭᠤᠴᠢᠨ ᠳᠣᠯᠣᠳᠤᠭ᠋ᠠᠷ ᠵᠦᠢᠯ ᠪᠣᠯᠭ᠋ᠠᠵᠤ᠄ 《ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠤᠶᠤ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠨ ᠡᠵᠡᠮᠳᠡᠬᠦ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠵᠤ ᠪᠠᠢ᠌ᠭ᠎ᠠ ᠨᠢᠭᠡᠴᠢ᠎ᠨᠢ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠠᠰᠤᠭᠰᠠᠨ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠠᠷᠯᠢᠭᠳᠠᠨ ᠵᠠᠯᠠᠷᠠᠭᠤᠯᠵᠤ᠂ 500 ᠲᠥᠭᠥᠷᠢᠭ᠎ᠠᠴᠠ ᠳᠡᠭᠡᠭᠰᠢ 2000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃》 ᠭᠡᠵᠦ ᠵᠠᠰᠠᠪᠤᠷᠢ ᠣᠷᠤᠭᠤᠯᠪᠠ᠃
ᠠᠷᠪᠠᠨ ᠨᠢᠭᠡ᠂ 《ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ》᠎ᠢ 《ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ》 ᠭᠡᠵᠦ ᠨᠢᠭᠡᠳᠦᠯᠲᠡᠢ ᠵᠠᠰᠠᠪᠠ᠃
ᠵᠦᠢ᠍ᠯ ᠵᠤᠷᠪᠤᠰ᠎ᠤᠨ ᠳ᠋ᠤᠭ᠋ᠠᠷᠯᠠᠯ ᠪᠠ ᠣᠨᠴᠠ ᠵᠠᠷᠢᠮ ᠤᠢ᠍ᠰᠦᠭ ᠪᠢᠴᠢᠭ᠎ᠲᠤ ᠵᠣᠬᠢᠴᠠᠩᠭᠤᠢ ᠲᠤᠬᠢᠷᠡᠭᠤᠯᠦᠯᠳᠠ ᠬᠢᠪᠡ᠃
ᠲᠤᠰ ᠲᠣᠭᠲᠠᠭ᠋ᠠᠯ᠎ᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》᠎ᠳᠤ ᠲᠤᠰ ᠲᠣᠭᠲᠠᠭ᠋ᠠᠯ᠎ᠢ ᠦᠨᠳᠦᠰᠦᠯᠡᠨ ᠵᠣᠬᠢᠴᠠᠩᠭᠤᠶ ᠵᠠᠰᠠᠪᠤᠷᠢ ᠣᠷᠣᠭᠤᠯᠵᠤ᠂ ᠳᠠᠬᠢᠵᠤ ᠨᠡᠢ᠌ᠲᠡᠯᠡᠪᠡ᠃
ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ
(2014 ᠣᠨ᠎ᠤ 1 ᠳ᠋ᠦ᠍ᠭᠡᠷ ᠰᠠᠷ᠎ᠠ ᠵᠢᠨ 28᠎ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠠᠴᠠ ᠨᠡᠢ᠌ᠲᠡᠯᠡᠪᠡ 2016 ᠣᠨ᠎ᠤ 4 ᠳ᠋ᠦ᠍ᠭᠡᠷ ᠰᠠᠷ᠎ᠠ ᠵᠢᠨ 20᠎ᠤ ᠡᠳᠦᠷ᠎ᠤᠨ 《〈ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠲᠣᠭᠲᠠᠭ᠋ᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ 2022 ᠣᠨ᠎ᠤ 2 ᠳ᠋ᠤᠭ᠋ᠠᠷ ᠰᠠᠷ᠎ᠠ ᠵᠢᠨ 14᠎ᠤ ᠡᠳᠦᠷ᠎ᠤᠨ 《〈ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠲᠣᠭᠲᠠᠭ᠋ᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠤᠷᠢ ᠣᠷᠣᠭᠤᠯᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠵᠠᠮ ᠬᠠᠷᠢᠯᠴᠠᠭ᠋ᠠᠨ᠎ᠤ ᠡᠨᠳᠡᠯ᠎ᠢ ᠰᠡᠷᠭᠡᠢ᠌ᠯᠡᠬᠦ ᠪᠠ ᠪᠠᠭ᠋ᠠᠰᠬᠠᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ》 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠳᠦᠷᠢᠮ》 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠲᠡᠭᠡᠭᠡᠪᠦᠷᠢ ᠵᠢᠨ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠲᠡᠷᠭᠡ ᠬᠥᠰᠬᠡ ᠠᠶᠠᠯᠠᠬᠤ ᠵᠢ ᠲᠡᠮᠳᠡᠭᠯᠡᠬᠦ ᠴᠢᠳᠠᠮᠵᠢ᠎ᠲᠠᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠦᠭᠡᠷᠦᠮᠵᠢ (ᠳᠣᠷᠣᠭᠰᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠦᠭᠡᠷᠦᠮᠵᠢ ᠭᠡᠵᠦ ᠲᠣᠪᠴᠢᠯᠠᠨ᠎ᠠ) ᠵᠢᠴᠢ ᠬᠠᠮᠢᠶ᠎ᠠ ᠪᠦᠬᠦᠢ ᠠᠮᠤᠷ ᠲᠥᠪᠰᠢᠨ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯᠯᠠᠭ᠎ᠠ᠎ᠳᠤ ᠲᠤᠰ ᠠᠷᠭ᠎ᠠ ᠲᠣᠬᠢᠷᠠᠨ᠎ᠠ᠃
ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠮ ᠲᠡᠭᠡᠭᠡᠪᠦᠷᠢ ᠵᠢᠨ ᠲᠡᠷᠭᠡ ᠬᠥᠰᠬᠡ ᠭᠡᠳᠡᠭ᠎ᠲᠤ᠂ ᠵᠠᠰᠠᠮᠠᠯ ᠵᠠᠮ᠎ᠤᠨ ᠲᠡᠭᠡᠭᠡᠪᠦᠷᠢ ᠵᠢᠨ ᠡᠵᠡᠩᠨᠡᠯᠲᠡ᠎ᠳᠤ ᠬᠡᠷᠡᠭᠯᠡᠬᠦ ᠠᠶᠠᠨᠴᠢᠳ ᠲᠡᠭᠡᠭᠡᠪᠦᠷᠢᠯᠡᠬᠦ ᠮᠠᠰᠢᠨ ᠲᠡᠷᠭᠡ᠂ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠂ ᠰᠠᠯᠤᠩᠬᠢ ᠴᠢᠷᠦᠭᠦᠯ ᠲᠡᠷᠭᠡ ᠬᠢᠭᠡᠳ ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ (ᠶᠡᠷᠦᠩᠬᠡᠶ ᠮᠠᠰ᠎ᠨᠢ 12 ᠲᠣᠨ ᠵᠢᠴᠢ ᠲᠡᠭᠦᠨ᠎ᠠᠴᠠ ᠳᠡᠭᠡᠭᠰᠢᠬᠢ ᠡᠩ᠎ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ) ᠪᠠᠭᠲᠠᠨ᠎ᠠ᠃
ᠳᠥᠷᠪᠡᠳᠦᠭᠡᠷ ᠵᠦᠢ᠍ᠯ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ᠎ᠳᠤ ᠠᠵᠤ ᠠᠬᠤᠢ᠌ᠯᠠᠯ ᠬᠢᠨᠠᠨ ᠡᠵᠡᠮᠳᠡᠬᠦ᠂ ᠵᠠᠰᠠᠭ᠎ᠤᠨ ᠣᠷᠳᠣᠨ ᠬᠢᠨᠠᠨ ᠬᠠᠮᠢᠶᠠᠷᠬᠤ᠂ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠵᠠᠷᠴᠢᠮ᠎ᠢ ᠵᠢᠷᠤᠮᠯᠠᠬᠤ ᠬᠡᠷᠡᠭᠲᠡᠶ᠃
ᠲᠠᠪᠤᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ᠂ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠢ ᠬᠢᠨᠠᠨ ᠡᠵᠡᠮᠳᠡᠬᠦ ᠠᠵᠢᠯ᠎ᠳᠤ ᠬᠠᠮᠲᠤᠷᠠᠨ ᠬᠢᠨᠠᠯᠲᠠ ᠲᠠᠯᠪᠢᠵᠤ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠶ᠃
ᠬᠣᠶᠠᠳᠤᠭ᠋ᠠᠷ ᠪᠦᠯᠦᠭ ᠰᠢᠰᠲ᠋ᠧᠮ᠎ᠤᠨ ᠪᠠᠢ᠌ᠭᠤᠯᠤᠯᠲᠠ
ᠵᠢᠷᠭᠤᠳᠤᠭ᠋ᠠᠷ ᠵᠦᠢᠯ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠲᠠᠪᠴᠠᠩ᠎ᠨᠢ ᠳᠣᠤᠷᠠᠬᠢ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠄
(ᠨᠢᠭᠡ) 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲᠸᠮ᠎ᠤᠨ ᠲᠠᠪᠴᠠᠩ᠎ᠤᠨ ᠮᠡᠷᠭᠡᠵᠢᠯ᠎ᠤᠨ ᠱᠠᠭ᠋ᠠᠷᠳᠠᠯᠭ᠎ᠠ》 (GB/T 35658);
(ᠬᠣᠶᠠᠷ) 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠦᠵᠦᠭᠦᠷ᠎ᠤᠨ ᠬᠣᠯᠪᠣᠭ᠋ᠠᠨ᠎ᠤ ᠵᠥᠪᠯᠡᠯᠴᠡᠭᠡᠷ ᠬᠢᠭᠡᠳ ᠲᠣᠭ᠎ᠠ ᠪᠠᠷᠢᠮᠲᠠ ᠵᠢᠨ ᠵᠠᠭᠪᠤᠷ》 (JT/T 808);
(ᠭᠤᠷᠪᠠ) 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠲᠠᠪᠴᠠᠩ᠎ᠤᠨ ᠲᠣᠭ᠎ᠠ ᠪᠠᠷᠢᠮᠲᠠ ᠵᠢᠨ ᠰᠣᠯᠢᠯᠴᠠᠭ᠎ᠠ》 (JT/T 809)᠃
ᠳᠣᠯᠣᠳᠤᠭ᠋ᠠᠷ ᠵᠦᠢᠯ ᠵᠠᠮ ᠲᠡᠭᠡᠭᠡᠪᠦᠷᠢ ᠵᠢᠨ ᠲᠡᠷᠭᠡ ᠬᠥᠰᠬᠡ ᠳᠡᠭᠡᠷ᠎ᠡ ᠤᠭᠰᠠᠷᠠᠭᠰᠠᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠦᠭᠡᠷᠦᠮᠵᠢ᠎ᠨᠢ ᠳᠣᠤᠷᠠᠬᠢ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠄
(ᠨᠢᠭᠡ) 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲᠸᠮ᠎ᠤᠨ ᠲᠡᠷᠭᠡᠨ ᠳᠡᠭᠡᠷᠡᠬᠢ ᠦᠵᠦᠭᠦᠷ᠎ᠤᠨ ᠮᠡᠷᠭᠡᠵᠢᠯ᠎ᠤᠨ ᠱᠠᠭ᠋ᠠᠷᠳᠠᠯᠭ᠎ᠠ》 (JT/T 794);
(ᠬᠣᠶᠠᠷ) 《ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠦᠵᠦᠭᠦᠷ᠎ᠤᠨ ᠬᠣᠯᠪᠣᠭ᠋ᠠᠨ᠎ᠤ ᠵᠥᠪᠯᠡᠯᠴᠡᠭᠡᠷ ᠬᠢᠭᠡᠳ ᠲᠣᠭ᠎ᠠ ᠪᠠᠷᠢᠮᠲᠠ ᠵᠢᠨ ᠵᠠᠭᠪᠤᠷ》 (JT/T 808);
(ᠭᠤᠷᠪᠠ) 《ᠮᠠᠰᠢᠨ ᠲᠡᠷᠭᠡᠨ᠎ᠤ ᠠᠶᠠᠯᠠᠯ᠎ᠤᠨ ᠠᠮᠤᠷ ᠲᠥᠪᠰᠢᠨ᠎ᠤ ᠮᠡᠷᠭᠡᠵᠢᠯ᠎ᠤᠨ ᠨᠥᠬᠥᠴᠡᠯ》 (GB 7258);
(ᠳᠦᠷᠪᠡ) 《ᠮᠠᠰᠢᠨ ᠲᠡᠷᠭᠡᠨ᠎ᠤ ᠠᠶᠠᠯᠠᠯ᠎ᠤᠨ ᠲᠡᠮᠳᠡᠭᠯᠡᠭᠦᠷ》 (GB/T 19056)᠃
ᠨᠠᠢᠮᠠᠳᠤᠭ᠋ᠠᠷ ᠵᠦᠢᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠂ ᠵᠠᠮ᠎ᠤᠨ ᠠᠶᠤᠯᠲᠠᠢ ᠪᠠᠷᠠᠭ᠎ᠠ ᠵᠢᠨ ᠲᠡᠭᠡᠭᠡᠪᠦᠷᠢ ᠵᠢᠨ ᠠᠵᠤ ᠠᠬᠤᠢ᠌ᠯᠠᠯ ᠪᠣᠯᠤᠨ 50 ᠰᠠᠤᠷᠢ ᠵᠢᠴᠢ ᠲᠡᠭᠦᠨ᠎ᠠᠴᠠ ᠳᠡᠭᠡᠭᠰᠢᠬᠢ ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠮᠠᠰᠢᠨ ᠲᠡᠷᠭᠡ᠎ᠲᠠᠢ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠪᠠᠷᠢᠮᠵᠢᠶ᠎ᠠ ᠶᠣᠰᠣᠭ᠋ᠠᠷ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠤᠨ ᠬᠢᠨᠠᠨ ᠡᠵᠡᠮᠳᠡᠬᠦ ᠲᠠᠪᠴᠠᠩ᠎ᠢ ᠪᠦᠲᠦᠭᠡᠨ ᠪᠠᠢ᠌ᠭᠤᠯᠬᠤ ᠪᠤᠶᠤ ᠨᠥᠬᠥᠴᠡᠯ᠎ᠳᠤ ᠨᠡᠢ᠌ᠴᠡᠬᠦ ᠨᠡᠢ᠌ᠭᠡᠮᠴᠢᠯᠡᠭᠰᠡᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲ᠋ᠧᠮ᠎ᠤᠨ ᠬᠢᠨᠠᠨ ᠡᠵᠡᠮᠳᠡᠬᠦ ᠲᠠᠪᠴᠠᠩ (ᠳᠣᠷᠣᠭᠰᠢ ᠬᠢᠨᠠᠨ ᠡᠵᠡᠮᠳᠡᠬᠦ ᠲᠠᠪᠴᠠᠩ ᠭᠡᠵᠦ ᠶᠡᠷᠦᠩᠬᠡᠢ᠌ᠯᠡᠨ ᠨᠡᠷᠡᠯᠡᠨ᠎ᠡ)᠎ᠢ ᠬᠡᠷᠡᠭᠯᠡᠵᠦ᠂ ᠬᠠᠷᠢᠶ᠎ᠠ ᠪᠦᠬᠦᠢ ᠵᠠᠮ ᠲᠡᠭᠡᠭᠡᠪᠦᠷᠢ ᠵᠢᠨ ᠲᠡᠷᠭᠡ ᠬᠥᠰᠬᠡ ᠪᠣᠯᠤᠨ ᠵᠢᠯᠣᠭᠣᠴᠢ ᠵᠢᠨ ᠠᠵᠢᠯᠯᠠᠭ᠋ᠠᠨ᠎ᠤ ᠶᠠᠪᠤᠴᠠ ᠵᠢ ᠴᠠᠭ ᠲᠤᠬᠠᠶ᠎ᠳᠤᠨᠢ ᠬᠢᠨᠠᠨ ᠡᠵᠡᠮᠳᠡᠬᠦ ᠪᠠ ᠬᠠᠮᠢᠶᠠᠷᠬᠤ ᠬᠡᠷᠡᠭᠲᠡᠶ᠃
ᠶᠢᠰᠦᠳᠦᠭᠡᠷ ᠵᠦᠢᠯ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠬᠢᠨᠠᠨ ᠡᠵᠡᠮᠳᠡᠬᠦ ᠲᠠᠪᠴᠠᠩ᠎ᠢ ᠰᠢᠨ᠎ᠡ᠎ᠪᠠᠷ ᠪᠠᠢ᠌ᠭᠤᠯᠬᠤ ᠪᠤᠶᠤ ᠬᠤᠪᠢᠷᠠᠭ᠋ᠠᠬᠤ᠎ᠳᠤ᠂ ᠠᠰᠢᠭᠯᠠᠯᠲᠠ᠎ᠳᠤ ᠣᠷᠣᠭᠤᠯᠬᠤ᠎ᠠᠴᠠ ᠡᠮᠦᠨ᠎ᠡ ᠤᠤᠯ᠎ᠤᠨ 《ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》 ᠣᠯᠭᠣᠭᠰᠠᠨ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠳᠠᠩᠰᠠᠯᠠᠭᠤᠯᠬᠤ ᠬᠡᠷᠡᠭᠲᠡᠶ᠃
ᠠᠷᠪᠠᠳᠤᠭ᠋ᠠᠷ ᠵᠦᠢᠯ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠨ ᠡᠵᠡᠮᠳᠡᠬᠦ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠬᠤ᠎ᠳᠤ᠂ ᠮᠤᠵᠢ ᠵᠢᠨ ᠱᠠᠲᠤᠨ᠎ᠤ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠳᠠᠩᠰᠠᠯᠠᠭᠤᠯᠬᠤ ᠵᠢᠨ ᠬᠠᠮᠲᠤ᠂ ᠳᠣᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
(ᠨᠢᠭᠡ) ᠡᠵᠡᠩᠨᠡᠯᠲᠡ ᠵᠢᠨ ᠦᠨᠡᠮᠯᠡᠯ;
(ᠬᠣᠶᠠᠷ) ᠦᠢ᠍ᠯᠡᠴᠢᠯᠡᠭᠡᠨ᠎ᠤ ᠬᠡᠯᠪᠡᠷᠢᠵᠢᠭᠰᠡᠨ ᠵᠦᠢ᠍ᠯ ᠵᠤᠷᠪᠤᠰ᠂ ᠦᠢ᠍ᠯᠡᠴᠢᠯᠡᠭᠡᠨ᠎ᠤ ᠠᠮᠠᠯᠠᠯᠲᠠ;
(ᠭᠤᠷᠪᠠ) ᠦᠢ᠍ᠯᠡᠴᠢᠯᠡᠭᠡᠨ᠎ᠤ ᠴᠢᠳᠠᠪᠤᠷᠢ᠎ᠪᠠᠨ ᠭᠦᠢ᠍ᠴᠡᠳᠬᠡᠭᠰᠡᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃
ᠠᠷᠪᠠᠨ ᠨᠢᠭᠡᠳᠦᠭᠡᠷ ᠵᠦᠢ᠍ᠯ ᠵᠢᠭᠤᠯᠴᠢᠯᠠᠯ᠎ᠤᠨ ᠠᠶᠠᠨᠴᠢᠳ᠎ᠤᠨ ᠲᠡᠷᠭᠡ᠂ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠲᠡᠷᠭᠡ᠂ ᠭᠤᠷᠪᠠᠳᠤᠭ᠋ᠠᠷ ᠲᠥᠷᠥᠯ᠎ᠠᠴᠠ ᠳᠡᠭᠡᠭᠰᠢᠬᠢ ᠡᠭᠡᠯᠵᠢ ᠵᠢᠨ ᠱᠤᠭᠤᠮ᠎ᠤᠨ ᠠᠶᠠᠨᠴᠢᠳ᠎ᠤᠨ ᠲᠡᠷᠭᠡ ᠪᠣᠯᠤᠨ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠦᠢ᠍ᠯᠡᠳᠪᠦᠷᠢ᠎ᠠᠴᠠ ᠭᠠᠷᠭ᠋ᠠᠬᠤ᠎ᠠᠴᠠ ᠡᠮᠦᠨ᠎ᠡ ᠪᠠᠷᠢᠮᠵᠢᠶ᠎ᠠ᠎ᠳᠤ ᠨᠡᠢ᠌ᠴᠡᠬᠦ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠦᠭᠡᠷᠦᠮᠵᠢ ᠤᠭᠰᠠᠷᠠᠬᠤ ᠬᠡᠷᠡᠭᠲᠡᠶ᠃ ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠣᠯᠤᠨ ᠰᠠᠯᠤᠩᠬᠢ ᠴᠢᠷᠦᠭᠦᠯ ᠲᠡᠷᠭᠡ ᠵᠢ ᠦᠢ᠍ᠯᠡᠳᠪᠦᠷᠢ᠎ᠠᠴᠠ ᠭᠠᠷᠭ᠋ᠠᠬᠤ᠎ᠠᠴᠠ ᠡᠮᠦᠨ᠎ᠡ ᠪᠠᠷᠢᠮᠵᠢᠶ᠎ᠠ᠎ᠳᠤ ᠨᠡᠢ᠌ᠴᠡᠬᠦ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠬᠤ ᠵᠢᠨ ᠬᠠᠮᠲᠤ᠂ ᠪᠦᠬᠦ ᠤᠯᠤᠰ᠎ᠤᠨ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠲᠠᠪᠴᠠᠩ᠎ᠳᠤ ᠵᠠᠯᠭ᠋ᠠᠵᠤ ᠣᠷᠤᠭᠤᠯᠬᠤ ᠬᠡᠷᠡᠭᠲᠡᠢ (ᠳᠣᠷᠣᠭᠰᠢ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ ᠭᠡᠵᠦ ᠲᠣᠪᠴᠢᠯᠠᠨ᠎ᠠ)᠃
ᠲᠡᠷᠭᠡ ᠬᠥᠰᠬᠡ ᠦᠢ᠍ᠯᠡᠳᠬᠦ ᠠᠵᠤ ᠠᠬᠤᠢ᠌ᠯᠠᠯ᠎ᠨᠢ ᠵᠠᠮ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠢᠮᠵᠢᠶ᠎ᠠ᠎ᠳᠤ ᠨᠡᠢ᠌ᠴᠡᠬᠦ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠭᠰᠠᠨᠤ ᠳᠠᠷᠠᠭ᠎ᠠ᠂ ᠲᠡᠷᠭᠡ ᠬᠥᠰᠬᠡ᠎ᠳᠤ᠎ᠪᠠᠨ ᠬᠠᠮᠢᠶ᠎ᠠ ᠪᠦᠬᠦᠢ ᠤᠭᠰᠠᠷᠠᠬᠤ ᠭᠡᠷᠡᠴᠢ ᠮᠠᠲᠸᠷᠢᠶᠠᠯ ᠵᠶ᠋ᠠᠨ ᠳᠠᠭ᠋ᠠᠯᠳᠤᠭᠤᠯᠬᠤ ᠬᠡᠷᠡᠭᠲᠡᠶ᠃
ᠠᠷᠪᠠᠨ ᠬᠣᠶᠠᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠡᠵᠡᠩᠨᠡᠭᠴᠢ᠎ᠨᠢ ᠪᠠᠷᠢᠮᠵᠢᠶ᠎ᠠ᠎ᠳᠤ ᠨᠡᠢ᠌ᠴᠡᠭᠰᠡᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠭᠰᠠᠨ ᠲᠡᠷᠭᠡ ᠬᠦᠰᠬᠡ ᠵᠢ ᠰᠣᠩᠭᠣᠨ ᠬᠤᠳᠠᠯᠳᠤᠨ ᠠᠪᠬᠤ ᠵᠢᠨ ᠬᠠᠮᠲᠤ ᠱᠠᠭ᠋ᠠᠷᠳᠠᠯᠭ᠎ᠠ᠎ᠳᠤ ᠨᠡᠢ᠌ᠴᠡᠭᠰᠡᠨ ᠬᠢᠨᠠᠨ ᠡᠵᠡᠮᠳᠡᠬᠦ ᠲᠠᠪᠴᠠᠩ ᠵᠠᠯᠭ᠋ᠠᠵᠤ ᠣᠷᠣᠭᠤᠯᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠬᠢᠨᠠᠨ ᠡᠵᠡᠮᠳᠡᠬᠦ ᠲᠠᠪᠴᠠᠩ᠎ᠤᠨ ᠳᠣᠲᠣᠷ᠎ᠠ᠎ᠪᠠᠨ ᠬᠠᠷᠢᠶ᠎ᠠ ᠪᠦᠬᠦᠢ ᠵᠠᠮ ᠲᠡᠭᠡᠭᠡᠪᠦᠷᠢ ᠵᠢᠨ ᠲᠡᠷᠭᠡ ᠬᠥᠰᠬᠡ ᠪᠣᠯᠤᠨ ᠵᠢᠯᠣᠭᠣᠴᠢ ᠵᠢᠨ ᠰᠠᠭᠤᠷᠢ ᠮᠠᠲᠸᠷᠢᠶᠠᠯ ᠵᠡᠷᠭᠡ ᠮᠡᠳᠡᠭᠡ ᠵᠠᠩᠭᠢ ᠵᠢ ᠪᠦᠷᠢᠨ ᠭᠦᠢ᠍ᠴᠡᠳ᠂ ᠣᠨᠣᠪᠴᠢᠲᠠᠶ ᠰᠢᠩᠭᠡᠭᠡᠨ ᠣᠷᠣᠭᠤᠯᠬᠤ ᠵᠢᠨ ᠬᠠᠮᠲᠤ ᠴᠠᠭ ᠲᠤᠬᠠᠶ᠎ᠳᠤᠨᠢ ᠰᠢᠨᠡᠳᠬᠡᠬᠦ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠠᠵᠤ ᠠᠬᠤᠢ᠌ᠯᠠᠯ ᠪᠣᠯᠤᠨ ᠵᠠᠮ ᠵᠶ᠋ᠠᠷ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠢ᠌ᠯᠠᠯ᠎ᠤᠨ ᠬᠢᠨᠠᠨ ᠡᠵᠡᠮᠳᠡᠬᠦ ᠲᠠᠪᠴᠠᠩ᠎ᠢ ᠪᠦᠬᠦ ᠤᠯᠤᠰ᠎ᠤᠨ ᠭᠣᠣᠯᠳᠠᠯᠭ᠎ᠠ᠎ᠲᠠᠢ ᠡᠵᠡᠩᠨᠡᠯᠲᠡ ᠵᠢᠨ ᠲᠡᠷᠭᠡ ᠬᠥᠰᠬᠡ ᠵᠢᠨ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠰᠢᠰᠲᠸᠮ (ᠳᠣᠷᠣᠭᠰᠢ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠰᠢᠰᠲᠸᠮ ᠭᠡᠵᠦ ᠲᠣᠪᠴᠢᠯᠠᠨ᠎ᠠ)᠎ᠳᠤ ᠵᠠᠯᠭ᠋ᠠᠵᠤ ᠣᠷᠣᠭᠤᠯᠬᠤ ᠵᠢᠨ ᠬᠠᠮᠲᠤ᠂ ᠱᠠᠭ᠋ᠠᠷᠳᠠᠯᠭ᠎ᠠ ᠶᠣᠰᠣᠭ᠋ᠠᠷ ᠲᠡᠷᠭᠡ ᠬᠥᠰᠬᠡ ᠠᠶᠠᠯᠠᠬᠤ ᠬᠦᠳᠡᠯᠦᠩᠭᠦᠢ ᠪᠠᠢ᠌ᠳᠠᠯ᠎ᠤᠨ ᠮᠡᠳᠡᠭᠡ ᠵᠠᠩᠭᠢ ᠪᠣᠯᠤᠨ ᠠᠵᠤ ᠠᠬᠤᠢ᠌ᠯᠠᠯ᠂ ᠵᠢᠯᠣᠭᠣᠴᠢ᠂ ᠲᠡᠷᠭᠡ ᠬᠥᠰᠬᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠱᠠᠲᠤ ᠳᠠᠷᠠᠭ᠋ᠠᠯᠠᠨ ᠪᠦᠬᠦ ᠤᠯᠤᠰ᠎ᠤᠨ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠤᠨ ᠮᠡᠳᠡᠭᠡ ᠵᠠᠩᠭᠢ ᠵᠢᠨ ᠣᠯᠠᠨ ᠨᠡᠢ᠌ᠲᠡ ᠵᠢᠨ ᠰᠣᠯᠢᠯᠴᠠᠭ᠋ᠠᠨ᠎ᠤ ᠲᠠᠪᠴᠠᠩ᠎ᠳᠤ ᠳᠠᠮᠵᠢᠭᠤᠯᠬᠤ ᠬᠡᠷᠡᠭᠲᠡᠶ᠃
ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠢ᠌ᠯᠠᠯ᠎ᠤᠨ ᠬᠢᠨᠠᠨ ᠡᠵᠡᠮᠳᠡᠬᠦ ᠲᠠᠪᠴᠠᠩ᠎ᠢ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠯᠤᠭ᠎ᠠ ᠵᠣᠯᠭ᠋ᠠᠭᠤᠯᠵᠤ᠂ ᠱᠠᠭ᠋ᠠᠷᠳᠠᠯᠭ᠎ᠠ ᠶᠣᠰᠣᠭ᠋ᠠᠷ ᠠᠵᠤ ᠠᠬᠤᠢ᠌ᠯᠠᠯ᠂ ᠵᠢᠯᠣᠭᠣᠴᠢ᠂ ᠲᠡᠷᠭᠡ ᠬᠥᠰᠬᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠳᠤ ᠳᠠᠮᠵᠢᠭᠤᠯᠬᠤ ᠵᠢᠨ ᠬᠠᠮᠲᠤ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠳᠤ ᠳᠠᠮᠵᠢᠭᠤᠯᠬᠤ ᠵᠢᠨ ᠬᠠᠮᠲᠤ᠂ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠠᠴᠠ ᠳᠠᠮᠵᠢᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠠᠶᠠᠯᠠᠬᠤ ᠬᠦᠳᠡᠯᠦᠩᠭᠦᠢ ᠪᠠᠢ᠌ᠳᠠᠯ᠎ᠤᠨ ᠮᠡᠳᠡᠭᠡ ᠵᠠᠩᠭᠢ ᠵᠢ ᠬᠦᠯᠢᠶᠡᠨ ᠠᠪᠬᠤ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠲᠡᠭᠡᠭᠡᠪᠦᠷᠢ ᠡᠵᠡᠩᠨᠡᠬᠦ ᠭᠠᠷᠳᠠᠮ ᠭᠦᠢ᠍ᠴᠡᠳᠬᠡᠬᠦ᠎ᠳᠤ᠎ᠪᠠᠨ᠂ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠭᠰᠠᠨ ᠬᠢᠭᠡᠳ ᠰᠢᠰᠲᠸᠮ᠎ᠤᠨ ᠲᠠᠪᠴᠠᠩ ᠵᠠᠯᠭ᠋ᠠᠵᠤ ᠣᠷᠤᠭᠤᠯᠤᠭᠰᠠᠨ ᠪᠠᠢ᠌ᠳᠠᠯ ᠵᠢ ᠬᠢᠨᠠᠨ ᠬᠠᠷᠭᠤᠭᠤᠯᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠰᠢᠨ᠎ᠡ᠎ᠪᠠᠷ ᠦᠢ᠍ᠯᠡᠳᠪᠦᠷᠢ᠎ᠠᠴᠠ ᠭᠠᠷᠤᠭᠰᠠᠨ ᠲᠡᠷᠭᠡ ᠬᠥᠰᠬᠡ ᠵᠢᠨ ᠨᠢᠭᠡᠨᠲᠡ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠭᠰᠠᠨ ᠵᠢ ᠶᠠᠮᠠᠷᠪᠠ ᠨᠢᠭᠡᠴᠢ ᠪᠠ ᠬᠤᠪᠢ ᠬᠥᠮᠦᠨ᠎ᠨᠢ ᠳᠤᠷ᠎ᠠ᠎ᠪᠠᠷ ᠵᠶ᠋ᠠᠨ ᠵᠠᠳᠠᠯᠵᠤ ᠪᠣᠯᠬᠤ ᠦᠭᠡᠶ᠃ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠨᠢ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠰᠢᠰᠲ᠋ᠧᠮ᠎ᠤᠨ ᠬᠢᠨᠠᠨ ᠡᠵᠡᠮᠳᠡᠬᠦ ᠲᠠᠪᠴᠠᠩ᠎ᠳᠤ ᠵᠠᠯᠭ᠋ᠠᠵᠤ ᠣᠷᠣᠭᠤᠯᠬᠤ ᠦᠶ᠎ᠡ᠎ᠳᠤ ᠬᠣᠯᠪᠣᠭᠳᠠᠯ ᠪᠦᠬᠦᠢ ᠪᠠᠷᠢᠮᠵᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ ᠵᠣᠬᠢᠴᠠᠩᠭᠤᠶ ᠪᠠᠢ᠌ᠷᠢᠯᠠᠭᠤᠯᠬᠤ ᠵᠢ ᠭᠠᠷᠭ᠋ᠠᠪᠠᠯ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠲᠡᠷᠭᠡᠨ ᠳᠡᠭᠡᠷᠡᠬᠢ ᠦᠵᠦᠭᠦᠷ᠎ᠤᠨ ᠬᠢᠨᠠᠨ ᠡᠵᠡᠮᠳᠡᠬᠦ ᠲᠥᠪ᠎ᠤᠨ ᠣᠷᠣᠨ᠎ᠤ ᠨᠡᠷ᠎ᠡ ᠵᠢᠨ ᠪᠠᠢ᠌ᠷᠢᠯᠠᠭᠤᠯᠤᠯᠲᠠ ᠵᠢ ᠬᠤᠪᠢᠷᠠᠭᠤᠯᠵᠤ ᠪᠣᠯᠬᠤ ᠦᠭᠡᠶ᠃
ᠠᠷᠪᠠᠨ ᠳᠣᠯᠣᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠮᠡᠳᠡᠭᠡ ᠵᠠᠩᠭᠢ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠬᠤ ᠪᠠ ᠬᠠᠮᠠᠭ᠋ᠠᠯᠠᠬᠤ ᠵᠢ ᠬᠠᠷᠢᠭᠤᠴᠠᠵᠤ᠂ ᠬᠠᠮᠠᠭ᠋ᠠᠯᠠᠬᠤ ᠵᠠᠷᠤᠳᠠᠯ᠎ᠢ ᠨᠠᠢ᠌ᠳᠠᠪᠤᠷᠢᠵᠢᠭᠤᠯᠤᠨ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠣᠨ᠎ᠤ ᠲᠥᠰᠦᠪ᠎ᠲᠤ᠎ᠪᠠᠨ ᠣᠷᠣᠭᠤᠯᠬᠤ᠎ᠪᠠᠷ ᠴᠢᠷᠮᠠᠢ᠌ᠬᠤ ᠬᠡᠷᠡᠭᠲᠡᠶ᠃ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠱᠠᠲᠤ ᠳᠠᠷᠠᠭ᠋ᠠᠯᠠᠨ ᠬᠢᠨᠠᠨ ᠰᠢᠯᠭ᠋ᠠᠬᠤ ᠪᠠ ᠨᠡᠢ᠌ᠲᠡᠯᠡᠬᠦ ᠳᠦᠷᠢᠮ ᠪᠠᠢ᠌ᠭᠤᠯᠵᠤ᠂ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠰᠢᠰᠲ᠋ᠧᠮ᠎ᠤᠨ ᠤᠷᠲᠤ ᠬᠤᠭᠤᠴᠠᠭ᠎ᠠ᠎ᠪᠠᠷ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠶ᠃
ᠠᠷᠪᠠᠨ ᠨᠠᠢᠮᠠᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠬᠤ ᠬᠡᠷᠡᠭᠲᠡᠶ᠃
ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠡᠷᠡᠭᠴᠡᠭᠡ᠎ᠪᠠᠨ ᠦᠨᠳᠦᠰᠦᠯᠡᠨ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠤᠨ ᠮᠡᠳᠡᠭᠡ ᠵᠠᠩᠭᠢ ᠵᠢᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠭᠤᠯᠤᠨ᠂ ᠰᠢᠰᠲᠸᠮ᠎ᠳᠠᠬᠢ ᠪᠦᠬᠦ ᠤᠯᠤᠰ᠎ᠤᠨ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠤᠨ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ᠎ᠲᠠᠢ᠎ᠪᠠᠷ ᠭᠠᠷᠭ᠋ᠠᠨ ᠠᠪᠴᠤ ᠪᠣᠯᠤᠨ᠎ᠠ᠃
ᠠᠷᠪᠠ ᠶᠢᠰᠦᠳᠦᠭᠡᠷ ᠵᠦᠢ᠍ᠯ ᠶᠠᠮᠠᠷᠪᠠ ᠨᠢᠭᠡᠴᠢ᠂ ᠬᠤᠪᠢ ᠬᠥᠮᠦᠨ᠎ᠨᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲᠸᠮ᠎ᠤᠨ ᠲᠠᠪᠴᠠᠩ᠎ᠤᠨ ᠲᠡᠦᠬᠡᠨ ᠪᠠ ᠲᠤᠬᠠᠶ ᠵᠢᠨ ᠴᠠᠭ᠎ᠤᠨ ᠬᠦᠳᠡᠯᠦᠩᠭᠦᠢ ᠪᠠᠢ᠌ᠳᠠᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠠᠨ ᠵᠠᠳᠠᠷᠠᠭᠤᠯᠵᠤ᠂ ᠬᠠᠰᠤᠵᠤ᠂ ᠥᠭᠡᠷᠡᠴᠢᠯᠡᠵᠦ ᠪᠣᠯᠬᠤ ᠦᠭᠡᠶ᠃
ᠭᠤᠷᠪᠠᠳᠤᠭ᠋ᠠᠷ ᠪᠦᠯᠦᠭ ᠲᠡᠷᠭᠡ ᠬᠥᠰᠬᠡ ᠵᠢ ᠬᠢᠨᠠᠨ ᠡᠵᠡᠮᠳᠡᠬᠦ
ᠬᠣᠷᠢᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠣᠯ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠨ ᠡᠵᠡᠮᠳᠡᠬᠦ ᠬᠠᠷᠢᠭᠤᠴᠠᠯᠭ᠎ᠠ ᠵᠢᠨ ᠭᠣᠣᠯ ᠴᠣᠭᠴᠠ ᠪᠣᠯᠤᠨ᠎ᠠ᠃
ᠬᠣᠷᠢᠨ ᠨᠢᠭᠡᠳᠦᠭᠡᠷ ᠵᠦᠢ᠍ᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠂ ᠵᠠᠮ ᠵᠶ᠋ᠠᠷ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠢ᠌ᠯᠠᠯ ᠪᠣᠯᠤᠨ 50 ᠰᠠᠤᠷᠢ ᠵᠢᠴᠢ ᠲᠡᠭᠦᠨ᠎ᠠᠴᠠ ᠳᠡᠭᠡᠭᠰᠢᠬᠢ ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠲᠡᠷᠭᠡ᠎ᠲᠠᠢ ᠵᠠᠮ ᠵᠶ᠋ᠡᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠢ᠌ᠯᠠᠯ᠎ᠨᠢ ᠲᠤᠰᠬᠠᠶ ᠲᠤᠰᠢᠶᠠᠯ᠎ᠤᠨ ᠬᠢᠨᠠᠨ ᠡᠵᠡᠮᠳᠡᠬᠦ ᠠᠵᠢᠯᠲᠠᠨ ᠲᠣᠬᠢᠷᠠᠭᠤᠯᠬᠤ ᠬᠡᠷᠡᠭᠲᠡᠶ᠃ ᠲᠤᠰᠬᠠᠶ ᠲᠤᠰᠢᠶᠠᠯ᠎ᠤᠨ ᠬᠢᠨᠠᠨ ᠡᠵᠡᠮᠳᠡᠬᠦ ᠠᠵᠢᠯᠲᠠᠨ᠎ᠢ ᠲᠣᠬᠢᠷᠠᠭᠤᠯᠬᠤ᠎ᠳᠤ ᠵᠠᠷᠴᠢᠮ ᠳᠡᠭᠡᠷ᠎ᠡ᠎ᠪᠠᠨ ᠬᠢᠨᠠᠨ ᠡᠵᠡᠮᠳᠡᠬᠦ ᠲᠠᠪᠴᠠᠩ᠎ᠤᠨ 100 ᠲᠡᠷᠭᠡ ᠵᠠᠯᠭ᠋ᠠᠵᠤ ᠣᠷᠣᠭᠤᠯᠬᠤ ᠪᠦᠷᠢ 1 ᠬᠥᠮᠦᠨ ᠲᠣᠬᠢᠷᠠᠭᠤᠯᠬᠤ ᠪᠠᠷᠢᠮᠵᠢᠶ᠎ᠠ᠎ᠪᠠᠷ ᠲᠠᠭ᠋ᠠᠷᠠᠭᠤᠯᠵᠤ᠂ ᠠᠳᠠᠭ᠎ᠲᠤ᠎ᠪᠠᠨ 2 ᠬᠥᠮᠦᠨ ᠪᠠᠢ᠌ᠯᠭ᠋ᠠᠬᠤ ᠬᠡᠷᠡᠭᠲᠡᠢ᠃
ᠬᠢᠨᠠᠨ ᠡᠵᠡᠮᠳᠡᠬᠦ ᠠᠵᠢᠯᠲᠠᠨ᠎ᠨᠢ ᠤᠯᠤᠰ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠪᠣᠯᠤᠨ ᠲᠥᠷᠥ ᠵᠢᠨ ᠪᠣᠳᠣᠯᠭ᠎ᠠ ᠵᠢ ᠡᠵᠡᠮᠰᠢᠵᠦ᠂ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠪᠣᠯᠪᠠᠰᠤᠷᠠᠭᠤᠯᠤᠯ᠂ ᠰᠢᠯᠭ᠋ᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ ᠠᠵᠢᠯ᠎ᠤᠨ ᠪᠠᠢ᠌ᠷᠢ᠎ᠳᠤ ᠭᠠᠷᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠤᠯᠠᠨ ᠨᠡᠢ᠍ᠢ᠍ᠳᠡ ᠵᠢᠨ ᠲᠠᠪᠴᠠᠩ᠎ᠨᠢ ᠬᠤᠪᠢ ᠵᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠪᠣᠯᠤᠨ ᠪᠠᠭ᠎ᠠ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠠᠵᠤ ᠠᠬᠤᠢ᠌ᠯᠠᠯ (50 ᠰᠠᠤᠷᠢ᠎ᠠᠴᠠ ᠳᠣᠷᠣᠭᠰᠢᠬᠢ ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠲᠡᠷᠭᠡ᠎ᠲᠠᠢ)᠎ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠥᠳᠡᠯᠦᠩᠭᠦᠢ ᠪᠠᠢ᠌ᠳᠠᠯ᠎ᠤᠨ ᠬᠢᠨᠠᠨ ᠡᠵᠡᠮᠳᠡᠬᠦ ᠵᠢ ᠬᠠᠷᠢᠭᠤᠴᠠᠬᠤ ᠬᠡᠷᠡᠭᠲᠡᠢ᠃ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠳᠤ ᠬᠤᠷᠳᠤᠴᠠ᠎ᠠᠴᠠ ᠬᠡᠲᠦᠷᠡᠭᠦᠯᠦᠨ ᠶᠠᠪᠤᠭᠤᠯᠬᠤ ᠵᠢ ᠬᠢᠨᠠᠨ ᠡᠵᠡᠮᠳᠡᠬᠦ ᠪᠠ ᠶᠠᠳᠠᠷᠠᠭᠤ᠎ᠪᠠᠷ ᠲᠡᠷᠭᠡ ᠵᠢᠯᠣᠭᠣᠳᠬᠤ ᠵᠢᠨ ᠬᠢᠵᠠᠭ᠋ᠠᠷ ᠬᠡᠮᠵᠢᠭᠳᠡᠯ᠎ᠢ ᠲᠣᠬᠢᠷᠠᠭᠤᠯᠵᠤ᠂ ᠵᠢᠯᠣᠭᠣᠴᠢ᠎ᠳᠤ ᠬᠤᠷᠳᠤᠴᠠ ᠬᠡᠲᠦᠷᠡᠭᠰᠡᠨ᠂ ᠶᠠᠳᠠᠷᠠᠭᠤ᠎ᠪᠠᠷ ᠲᠡᠷᠭᠡ ᠵᠢᠯᠣᠭᠣᠳᠬᠤ ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠵᠠᠯᠠᠷᠠᠭᠤᠯᠬᠤ ᠵᠢ ᠠᠦ᠋ᠲ᠋ᠣ᠋᠎ᠪᠠᠷ ᠰᠠᠨᠠᠭᠤᠯᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠬᠥᠳᠡᠯᠦᠩᠭᠦᠢ ᠪᠠᠢ᠌ᠳᠠᠯ᠎ᠤᠨ ᠬᠢᠨᠠᠨ ᠡᠵᠡᠮᠳᠡᠬᠦ ᠬᠠᠮᠢᠶᠠᠷᠤᠯᠲᠠ ᠵᠢᠨ ᠬᠠᠮᠢᠶ᠎ᠠ ᠪᠦᠬᠦᠢ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ ᠴᠢᠩᠭ᠎ᠠ ᠨᠠᠢ᠌ᠳᠠᠪᠤᠷᠢᠵᠢᠭᠤᠯᠵᠤ᠂ ᠬᠥᠳᠡᠯᠦᠩᠭᠦᠢ ᠪᠠᠢ᠌ᠳᠠᠯ᠎ᠢ ᠬᠢᠨᠠᠨ ᠡᠵᠡᠮᠳᠡᠬᠦ ᠠᠵᠢᠯ᠎ᠢ ᠵᠢᠷᠤᠮᠵᠢᠭᠤᠯᠬᠤ ᠬᠡᠷᠡᠭᠲᠡᠢ᠄
(ᠨᠢᠭᠡ) ᠰᠢᠰᠲ᠋ᠧᠮ᠎ᠤᠨ ᠲᠠᠪᠴᠠᠩ᠎ᠤᠨ ᠪᠠᠢ᠌ᠭᠤᠯᠤᠯᠲᠠ᠂ ᠬᠠᠮᠠᠭ᠋ᠠᠯᠠᠯᠲᠠ ᠵᠢᠴᠢ ᠬᠠᠮᠢᠶᠠᠷᠤᠯᠲᠠ ᠵᠢᠨ ᠲᠦᠷᠢᠮ;
(ᠬᠣᠶᠠᠷ) ᠲᠡᠷᠭᠡᠨ ᠳᠡᠭᠡᠷᠡᠬᠢ ᠦᠵᠦᠭᠦᠷ᠎ᠤᠨ ᠤᠭᠰᠠᠷᠠᠬᠤ᠂ ᠬᠡᠷᠡᠭᠯᠡᠬᠦ ᠵᠢᠴᠢ ᠬᠠᠮᠠᠭ᠋ᠠᠯᠠᠬᠤ ᠳᠦᠷᠢᠮ;
(ᠭᠤᠷᠪᠠ) ᠬᠢᠨᠠᠨ ᠡᠵᠡᠮᠳᠡᠬᠦ ᠠᠵᠢᠯᠲᠠᠨ᠎ᠤ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ ᠵᠢᠴᠢ ᠬᠠᠮᠢᠶᠠᠷᠤᠯᠲᠠ ᠵᠢᠨ ᠳᠦᠷᠢᠮ;
(ᠳᠦᠷᠪᠡ) ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠥᠳᠡᠯᠦᠩᠭᠦᠶ ᠪᠠᠢ᠌ᠳᠠᠯ᠎ᠤᠨ ᠮᠡᠳᠡᠭᠡ ᠵᠠᠩᠭᠢ ᠵᠢ ᠰᠢᠢᠳᠪᠦᠷᠢᠯᠡᠬᠦ ᠪᠠ ᠪᠦᠷᠢᠳᠬᠡᠨ ᠵᠠᠳᠠᠯᠬᠤ ᠳᠦᠷᠢᠮ;
(ᠲᠠᠪᠤ) ᠪᠣᠰᠤᠳ ᠲᠣᠭᠲᠠᠭ᠋ᠠᠬᠤ ᠴᠢᠬᠤᠯᠠᠲᠠᠢ ᠳᠦᠷᠢᠮ᠃
ᠬᠣᠷᠢᠨ ᠳᠥᠷᠪᠡᠳᠦᠭᠡᠷ ᠵᠦᠢ᠍ᠯ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ ᠲᠡᠷᠭᠡ ᠬᠥᠰᠬᠡ ᠵᠢᠨ ᠶᠠᠪᠤᠬᠤ ᠵᠠᠮ᠎ᠤᠨ ᠪᠣᠳᠠᠲᠤ ᠪᠠᠢ᠌ᠳᠠᠯ᠎ᠢ ᠦᠨᠳᠦᠰᠦᠯᠡᠨ᠂ ᠲᠣᠭᠲᠠᠭ᠋ᠠᠯ ᠶᠣᠰᠣᠭ᠋ᠠᠷ ᠬᠤᠷᠳᠤᠴᠠ᠎ᠠᠴᠠ ᠬᠡᠲᠦᠷᠡᠭᠦᠯᠦᠨ ᠶᠠᠪᠤᠭᠤᠯᠬᠤ ᠵᠢ ᠬᠢᠨᠠᠨ ᠡᠵᠡᠮᠳᠡᠬᠦ ᠪᠠ ᠶᠠᠳᠠᠷᠠᠭᠤ᠎ᠪᠠᠷ ᠲᠡᠷᠭᠡ ᠵᠢᠯᠣᠭᠣᠳᠬᠤ ᠵᠢᠨ ᠬᠢᠵᠠᠭ᠋ᠠᠷ ᠬᠡᠮᠵᠢᠭᠳᠡᠯ᠎ᠢ ᠲᠣᠬᠢᠷᠠᠭᠤᠯᠬᠤ ᠵᠢᠴᠢ ᠡᠵᠡᠩᠨᠡᠯᠲᠡ ᠵᠢᠨ ᠵᠠᠮ ᠱᠤᠭᠤᠮ᠂ ᠣᠷᠣᠨ ᠪᠦᠰᠡ ᠵᠢᠴᠢ ᠰᠥᠨᠢ᠎ᠪᠠᠷ ᠶᠠᠪᠤᠭᠤᠯᠬᠤ ᠴᠠᠭ ᠵᠡᠷᠭᠡ ᠵᠢ ᠬᠢᠨᠠᠨ ᠲᠣᠭᠲᠠᠭ᠋ᠠᠵᠤ᠂ ᠬᠠᠷᠢᠶ᠎ᠠ ᠪᠦᠬᠦᠢ ᠲᠡᠷᠭᠡ ᠬᠥᠰᠬᠡ ᠵᠢᠨ ᠠᠵᠢᠯᠯᠠᠬᠤ ᠬᠤᠭᠤᠴᠠᠭ᠋ᠠᠨ᠎ᠳᠤ ᠲᠡᠷᠭᠡ ᠬᠥᠰᠬᠡ ᠪᠣᠯᠤᠨ ᠵᠢᠯᠣᠭᠣᠴᠢ ᠵᠢ ᠴᠠᠭ ᠲᠤᠬᠠᠶ᠎ᠳᠤᠨᠢ ᠬᠢᠨᠠᠨ ᠡᠵᠡᠮᠳᠡᠬᠦ ᠪᠠ ᠬᠠᠮᠢᠶᠠᠷᠬᠤ ᠬᠡᠷᠡᠭᠲᠡᠶ᠃
ᠬᠤᠷᠳᠤᠴᠠ᠎ᠠᠴᠠ ᠬᠡᠲᠦᠷᠡᠭᠦᠯᠦᠨ ᠶᠠᠪᠤᠭᠤᠯᠬᠤ ᠪᠠ ᠶᠠᠳᠠᠷᠠᠭᠤ᠎ᠪᠠᠷ ᠲᠡᠷᠭᠡ ᠵᠢᠯᠣᠭᠣᠳᠬᠤ ᠵᠢᠨ ᠬᠢᠵᠠᠭ᠋ᠠᠷ ᠬᠡᠮᠵᠢᠭᠳᠡᠯ᠎ᠢ ᠲᠣᠬᠢᠷᠠᠭᠤᠯᠬᠤ᠎ᠳᠤ᠂ ᠠᠶᠠᠨᠴᠢᠳ᠎ᠤᠨ ᠲᠡᠭᠡᠭᠡᠪᠦᠷᠢ ᠵᠢᠨ ᠵᠢᠯᠣᠭᠣᠴᠢ ᠵᠢᠨ 24 ᠴᠠᠭ᠎ᠤᠨ ᠳᠣᠲᠣᠷ᠎ᠠ ᠲᠡᠷᠭᠡ ᠵᠢᠯᠣᠭᠣᠳᠤᠭᠰᠠᠨ ᠨᠡᠢ᠌ᠲᠡ ᠴᠠᠭ᠎ᠢ ᠵᠠᠷᠴᠢᠮ ᠳᠡᠭᠡᠷ᠎ᠡ᠎ᠪᠠᠨ 8 ᠴᠠᠭ᠎ᠠᠴᠠ ᠬᠡᠲᠦᠷᠡᠭᠦᠯᠵᠦ ᠪᠣᠯᠬᠤ ᠦᠭᠡᠶ᠂ ᠡᠳᠦᠷ᠎ᠨᠢ ᠵᠠᠯᠭ᠋ᠠᠭ᠋ᠠᠪᠠᠷ ᠲᠡᠷᠭᠡ ᠵᠢᠯᠣᠭᠣᠳᠬᠤ ᠵᠢ 4 ᠴᠠᠭ᠎ᠠᠴᠠ ᠬᠡᠲᠦᠷᠡᠭᠦᠯᠵᠦ ᠪᠣᠯᠬᠤ ᠦᠭᠡᠶ᠂ ᠰᠥᠨᠢ᠎ᠨᠢ ᠵᠠᠯᠭ᠋ᠠᠭ᠋ᠠᠪᠠᠷ ᠲᠡᠷᠭᠡ ᠵᠢᠯᠣᠭᠣᠳᠬᠤ ᠵᠢ 2 ᠴᠠᠭ᠎ᠠᠴᠠ ᠬᠡᠲᠦᠷᠡᠭᠦᠯᠵᠦ ᠪᠣᠯᠬᠤ ᠦᠭᠡᠶ᠂ ᠤᠳᠠᠭ᠎ᠠ ᠪᠦᠷᠢ ᠲᠡᠷᠭᠡ ᠵᠣᠭᠰᠣᠭ᠋ᠠᠵᠤ ᠠᠮᠠᠷᠠᠬᠤ ᠴᠠᠭ᠎ᠢ 20 ᠮᠢᠨᠦ᠋ᠲ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠶ᠂ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠬᠥᠰᠬᠡ ᠵᠢᠨ ᠰᠥᠨᠢ᠎ᠪᠠᠷ ᠶᠠᠪᠤᠭᠤᠯᠬᠤ ᠬᠤᠷᠳᠤᠴᠠ ᠵᠢ ᠡᠳᠦᠷ᠎ᠤᠨ ᠬᠤᠷᠳᠤᠴᠠ ᠵᠢᠨ 80%᠎ᠠᠴᠠ ᠬᠡᠲᠦᠷᠡᠭᠦᠯᠵᠦ ᠪᠣᠯᠬᠤ ᠦᠭᠡᠶ ᠭᠡᠰᠡᠨ ᠱᠠᠭ᠋ᠠᠷᠳᠠᠯᠭ᠎ᠠ᠎ᠳᠤ ᠨᠡᠢ᠌ᠴᠡᠭᠦᠯᠬᠦ ᠬᠡᠷᠡᠭᠲᠡᠶ᠃
ᠬᠣᠷᠢᠨ ᠲᠠᠪᠤᠳᠤᠭ᠋ᠠᠷ ᠵᠦᠢᠯ ᠬᠢᠨᠠᠨ ᠡᠵᠡᠮᠳᠡᠬᠦ ᠠᠵᠢᠯᠲᠠᠳ ᠲᠡᠷᠭᠡ ᠬᠥᠰᠬᠡ ᠵᠢᠨ ᠶᠠᠪᠤᠵᠤ ᠪᠠᠢ᠌ᠭ᠎ᠠ ᠬᠦᠳᠡᠯᠦᠩᠭᠦᠢ ᠪᠠᠢ᠌ᠳᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠵᠠᠳᠠᠯᠤᠨ ᠰᠢᠢᠳᠪᠦᠷᠢᠯᠡᠵᠦ᠂ ᠬᠤᠷᠳᠤᠴᠠ᠎ᠠᠴᠠ ᠬᠡᠲᠦᠷᠡᠭᠦᠯᠦᠨ ᠶᠠᠪᠤᠭᠤᠯᠤᠭᠰᠠᠨ᠂ ᠶᠠᠳᠠᠷᠠᠭᠤ᠎ᠪᠠᠷ ᠲᠡᠷᠭᠡ ᠵᠢᠯᠣᠭᠣᠳᠤᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ᠎ᠨᠢ ᠵᠠᠯᠠᠷᠠᠭᠤᠯᠬᠤ᠎ᠪᠠᠷ ᠵᠢᠯᠣᠭᠣᠴᠢ᠎ᠳᠤ ᠴᠠᠭ ᠲᠤᠬᠠᠶ᠎ᠳᠤᠨᠢ ᠰᠠᠨᠠᠭᠤᠯᠬᠤ ᠵᠢᠨ ᠬᠠᠮᠲᠤ᠂ ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠡᠬᠡ ᠲᠠᠩᠰᠠ᠎ᠳᠤ ᠲᠡᠮᠳᠡᠭᠯᠡᠨ ᠬᠠᠳᠠᠭ᠋ᠠᠯᠠᠬᠤ ᠬᠡᠷᠡᠭᠲᠡᠶ; ᠰᠠᠨᠠᠭᠤᠯᠤᠭᠰᠠᠨ ᠪᠠᠢ᠌ᠲᠠᠯ᠎ᠠ ᠮᠥᠨ ᠯᠡ ᠦᠷᠭᠦᠯᠵᠢᠯᠡᠨ ᠬᠠᠤᠯᠢ ᠵᠢ ᠵᠥᠷᠢᠴᠡᠨ ᠲᠡᠷᠭᠡ ᠵᠢᠯᠣᠭᠣᠳᠤᠭᠰᠠᠨ ᠵᠢᠯᠣᠭᠣᠴᠢ ᠵᠢ᠂ ᠠᠵᠤ ᠠᠬᠤᠢ᠌ᠯᠠᠯ᠎ᠤᠨ ᠠᠮᠤᠷ ᠲᠥᠪᠰᠢᠨ᠎ᠤ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠴᠠᠭ ᠲᠤᠬᠠᠢᠳᠤᠨᠢ ᠮᠡᠳᠡᠭᠦᠯᠵᠦ᠂ ᠠᠮᠤᠷ ᠲᠥᠪᠰᠢᠨ᠎ᠤ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠲᠡᠷᠡ ᠳᠠᠷᠤᠢ᠎ᠳᠤ᠎ᠨᠢ ᠠᠷᠭ᠎ᠠ ᠬᠡᠮᠵᠢᠢ᠎ᠡ ᠠᠪᠴᠤ ᠬᠣᠷᠢᠭᠯᠠᠨ ᠵᠣᠭᠰᠣᠭ᠋ᠠᠬᠤ ᠬᠡᠷᠡᠭᠲᠡᠢ; ᠬᠣᠷᠢᠭᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠦᠭᠡᠶ ᠪᠠᠢ᠌ᠵᠤ ᠮᠥᠨ ᠬᠦ᠌ ᠦᠷᠭᠦᠯᠵᠢᠯᠡᠨ ᠬᠠᠤᠯᠢ᠎ᠠᠴᠠ ᠵᠥᠷᠢᠴᠡᠨ ᠲᠡᠷᠭᠡ ᠵᠢᠯᠣᠭᠣᠳᠤᠭᠰᠠᠨ ᠪᠣᠯ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠦᠯᠬᠦ ᠵᠢᠨ ᠬᠠᠮᠲᠤ᠂ ᠬᠡᠷᠡᠭ᠎ᠤᠨ ᠳᠠᠷᠠᠭ᠎ᠠ ᠵᠢᠯᠣᠭᠣᠴᠢ ᠤᠷᠢᠬᠤ᠎ᠪᠠᠨ ᠵᠣᠭᠰᠣᠭ᠋ᠠᠬᠤ ᠬᠡᠷᠡᠭᠲᠡᠶ᠃
ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠠᠳᠠᠭ᠎ᠲᠤ᠎ᠪᠠᠨ 6 ᠰᠠᠷ᠎ᠠ ᠬᠠᠳᠠᠭ᠋ᠠᠯᠠᠵᠤ᠂ ᠬᠠᠤᠯᠢ᠎ᠠᠴᠠ ᠵᠥᠷᠢᠴᠡᠨ ᠲᠡᠷᠭᠡ ᠵᠢᠯᠣᠭᠣᠳᠤᠭᠰᠠᠨ ᠮᠡᠳᠡᠭᠡ ᠵᠠᠩᠭᠢ ᠵᠢᠴᠢ ᠰᠢᠢᠳᠪᠦᠷᠢᠯᠡᠭᠰᠡᠨ ᠪᠠᠢ᠌ᠳᠠᠯ᠎ᠢ ᠠᠳᠠᠭ᠎ᠲᠤ᠎ᠪᠠᠨ 3 ᠵᠢᠯ ᠬᠠᠳᠠᠭ᠋ᠠᠯᠠᠬᠤ ᠬᠡᠷᠡᠭᠲᠡᠶ᠃ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠮᠡᠳᠡᠭᠡ ᠵᠠᠩᠭᠢ ᠣᠷᠣᠰᠢᠵᠤ ᠪᠠᠢ᠌ᠭ᠎ᠠ ᠵᠢᠯᠤᠭᠣᠴᠢ ᠵᠢ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠬᠡᠷᠡᠭ᠎ᠤᠨ ᠳᠠᠷᠠᠭ᠎ᠠ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃
ᠬᠣᠷᠢᠨ ᠵᠢᠷᠭᠤᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠡᠵᠡᠩᠨᠡᠭᠴᠢ᠎ᠨᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠦᠭᠡᠷᠦᠮᠵᠢ ᠵᠢᠨ ᠬᠡᠪ᠎ᠤᠨ ᠶᠣᠰᠣᠭ᠋ᠠᠷ ᠬᠡᠷᠡᠭᠯᠡᠭᠳᠡᠬᠦ ᠵᠢ ᠦᠨᠡᠨ ᠬᠦ᠌ ᠪᠠᠲᠤᠯᠠᠵᠤ᠂ ᠲᠡᠷᠭᠡ ᠬᠥᠰᠬᠡ ᠵᠢᠨ ᠠᠶᠠᠯᠠᠬᠤ᠎ᠨᠢ ᠲᠤᠬᠠᠢ ᠵᠢᠨ ᠴᠠᠭ᠎ᠲᠤ ᠰᠦᠯᠵᠢᠶᠡᠨ ᠳᠡᠭᠡᠷ᠎ᠡ ᠪᠠᠢ᠌ᠬᠤ ᠵᠢ ᠪᠠᠲᠤᠯᠠᠬᠤ ᠬᠡᠷᠡᠭᠲᠡᠶ᠃
ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠰᠠᠭ᠋ᠠᠳ ᠭᠠᠷᠤᠭᠰᠠᠨ᠎ᠠᠴᠠ ᠪᠣᠯᠵᠤ ᠰᠦᠯᠵᠢᠶᠡᠨ ᠳᠡᠭᠡᠷ᠎ᠡ ᠪᠠᠢ᠌ᠵᠤ ᠳᠡᠢ᠌ᠯᠬᠦ ᠦᠭᠡᠢ ᠲᠡᠭᠡᠭᠡᠪᠦᠷᠢ ᠵᠢᠨ ᠲᠡᠷᠭᠡ ᠬᠥᠰᠬᠡ ᠵᠢ᠂ ᠵᠠᠮ ᠲᠡᠭᠡᠭᠡᠪᠦᠷᠢ ᠵᠢᠨ ᠡᠵᠡᠩᠨᠡᠭᠴᠢ ᠪᠣᠰᠤᠳ ᠵᠠᠮ ᠲᠡᠭᠡᠭᠡᠪᠦᠷᠢ ᠵᠢᠨ ᠡᠵᠡᠩᠨᠡᠯᠲᠡ ᠵᠢᠨ ᠠᠵᠢᠯᠯᠠᠭ᠎ᠠ ᠬᠢᠯᠭᠡᠬᠦ᠎ᠪᠠᠷ ᠲᠣᠬᠢᠷᠠᠭᠤᠯᠵᠤ ᠪᠣᠯᠬᠤ ᠦᠭᠡᠶ᠃
ᠬᠣᠷᠢᠨ ᠳᠣᠯᠣᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠦᠨ᠎ᠨᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠥᠭᠡᠷᠦᠮᠵᠢ ᠵᠢ ᠡᠪᠳᠡᠬᠦ ᠵᠢᠴᠢ ᠮᠠᠭᠤ ᠰᠠᠨᠠᠭ᠎ᠠ᠎ᠪᠠᠷ ᠵᠣᠷᠢᠭᠤᠳᠠ ᠬᠠᠷᠠᠰᠢᠯᠠᠬᠤ᠂ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠤᠭ ᠲᠥᠬᠥᠭᠡᠷᠦᠮᠵᠢ ᠵᠢᠨ ᠳᠣᠬᠢᠶ᠎ᠠ ᠵᠢ ᠬᠠᠯᠬᠠᠯᠠᠵᠤ ᠪᠣᠯᠬᠤ ᠦᠭᠡᠢ᠂ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠵᠢᠨ ᠲᠣᠭ᠎ᠠ ᠪᠠᠷᠢᠮᠲᠠ ᠵᠢ ᠥᠭᠡᠷᠡᠲᠦᠭᠦᠯᠵᠦ ᠪᠣᠯᠬᠤ ᠦᠭᠡᠶ᠃
ᠬᠣᠷᠢᠨ ᠨᠠᠢᠮᠠᠳᠤᠭ᠋ᠠᠷ ᠵᠦᠢ᠍ᠯ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠰᠢᠰᠲᠸᠮ᠎ᠤᠨ ᠲᠠᠪᠴᠠᠩ᠎ᠨᠢ ᠦᠷᠭᠦᠯᠵᠢᠯᠡᠭᠰᠡᠨ᠂ ᠨᠠᠢ᠌ᠳᠠᠪᠤᠷᠢᠲᠠᠶ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠵᠤ᠂ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠢ ᠬᠢᠨᠠᠨ ᠡᠵᠡᠮᠳᠡᠬᠦ ᠲᠣᠭ᠎ᠠ ᠪᠠᠷᠢᠮᠲᠠ ᠵᠢᠨ ᠦᠨᠡᠨ ᠪᠣᠳᠠᠲᠠᠶ᠂ ᠣᠨᠣᠪᠴᠢᠲᠠᠶ ᠪᠠᠢ᠌ᠬᠤ ᠵᠢ ᠪᠠᠲᠤᠯᠠᠵᠤ᠂ ᠬᠢᠨᠠᠨ ᠡᠵᠡᠮᠳᠡᠬᠦ ᠦᠢ᠍ᠯᠡᠴᠢᠯᠡᠭᠡ ᠬᠠᠩᠭ᠋ᠠᠬᠤ ᠰᠢᠰᠲᠸᠮ᠎ᠤᠨ ᠲᠠᠪᠴᠠᠩ᠎ᠤᠨ ᠠᠮᠤᠷ ᠲᠥᠪᠰᠢᠨ᠂ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠢ᠌ᠴᠠᠭ᠋ᠠᠬᠤ
ᠬᠣᠷᠢ ᠶᠢᠰᠦᠳᠦᠭᠡᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠬᠢᠨᠠᠨ ᠡᠵᠡᠮᠳᠡᠬᠦ ᠲᠠᠪᠴᠠᠩ᠎ᠤᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠠᠵᠢᠯ᠎ᠤᠨ ᠪᠠᠢ᠌ᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠨ ᠬᠢᠨᠠᠨ ᠰᠢᠯᠭ᠋ᠠᠬᠤ ᠵᠢᠨ ᠬᠠᠮᠲᠤ᠂ ᠲᠡᠭᠦᠨ᠎ᠢ ᠠᠵᠤ ᠠᠬᠤᠢ᠌ᠯᠠᠯ᠎ᠤᠨ ᠶᠠᠰᠤ ᠴᠢᠨᠠᠷ᠎ᠤᠨ ᠢᠲᠡᠭᠡᠯ ᠬᠦᠨᠳᠦ ᠵᠢ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠵᠤ᠂ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠡᠭᠡᠯᠵᠢ ᠵᠢᠨ ᠱᠤᠭᠤᠮ᠎ᠤᠨ ᠳᠠᠭ᠋ᠠᠭ᠋ᠠᠴᠢᠯᠠᠯᠲᠠ ᠵᠠᠷᠯᠠᠬᠤ ᠪᠠ ᠣᠨ᠎ᠤ ᠬᠢᠨᠠᠨ ᠰᠢᠯᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠶ᠃
ᠭᠤᠴᠢᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠢ ᠬᠢᠨᠠᠨ ᠡᠵᠡᠮᠳᠡᠬᠦ ᠰᠢᠰᠲᠸᠮ᠎ᠤᠨ ᠲᠡᠮᠳᠡᠭᠯᠡᠭᠰᠡᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠮᠡᠳᠡᠭᠡ ᠵᠠᠩᠭᠢ ᠵᠢ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭ᠋ᠠᠵᠤ᠂ ᠬᠠᠤᠯᠢ ᠶᠣᠰᠣᠭ᠋ᠠᠷ ᠪᠠᠢ᠌ᠴᠠᠭ᠋ᠠᠨ ᠰᠢᠢᠳᠪᠦᠷᠢᠯᠡᠵᠦ ᠪᠣᠯᠤᠨ᠎ᠠ᠃
ᠭᠤᠴᠢᠨ ᠨᠢᠭᠡᠳᠦᠭᠡᠷ ᠵᠦᠢ᠍ᠯ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠨᠳᠡᠯ᠎ᠢ ᠪᠠᠢ᠌ᠴᠠᠭ᠋ᠠᠬᠤ ᠠᠵᠢᠯ᠎ᠢ ᠬᠢᠨᠠᠮᠠᠭ᠋ᠠᠶ ᠥᠷᠨᠢᠭᠦᠯᠵᠦ᠂ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠬᠠᠷᠢᠭᠤᠴᠠᠯᠭ᠋ᠠᠲᠤ ᠨᠢᠭᠡᠴᠢ ᠪᠣᠯᠤᠨ ᠠᠵᠢᠯᠲᠠᠨ᠎ᠢ ᠴᠢᠩᠭ᠎ᠠ ᠪᠠᠢ᠌ᠴᠠᠭ᠋ᠠᠨ ᠰᠢᠢᠳᠪᠦᠷᠢᠯᠡᠬᠦ ᠬᠡᠷᠡᠭᠲᠡᠶ᠃
ᠭᠤᠴᠢᠨ ᠬᠣᠶᠠᠳᠤᠭ᠋ᠠᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯᠲᠠᠨ᠎ᠨᠢ ᠪᠠᠢ᠌ᠴᠠᠭ᠋ᠠᠭᠳᠠᠬᠤ ᠨᠢᠭᠡᠴᠢ ᠪᠣᠯᠤᠨ ᠬᠤᠪᠢ ᠬᠥᠮᠦᠨ᠎ᠠᠴᠠ ᠪᠠᠢ᠌ᠳᠠᠯ᠎ᠢ ᠣᠢ᠌ᠯᠠᠭ᠋ᠠᠵᠤ᠂ ᠬᠣᠯᠪᠣᠭᠳᠠᠯ ᠪᠦᠬᠦᠢ ᠮᠠᠲᠸᠷᠢᠶᠠᠯ᠎ᠢ ᠪᠠᠢ᠌ᠴᠠᠭ᠋ᠠᠨ ᠦᠵᠡᠬᠦ ᠪᠠ ᠪᠠᠭᠤᠯᠭ᠋ᠠᠨ ᠠᠪᠴᠤ ᠪᠣᠯᠤᠨ᠎ᠠ᠃ ᠬᠢᠨᠠᠯᠲᠠ ᠲᠠᠯᠪᠢᠵᠤ ᠪᠠᠢ᠌ᠴᠠᠭ᠋ᠠᠭᠳᠠᠵᠤ ᠪᠠᠢ᠌ᠭ᠎ᠠ ᠨᠢᠭᠡᠴᠢ ᠪᠣᠯᠤᠨ ᠬᠤᠪᠢ ᠬᠥᠮᠦᠨ ᠬᠢᠨᠠᠯᠲᠠ ᠲᠠᠯᠪᠢᠵᠤ ᠪᠠᠢ᠌ᠴᠠᠭ᠋ᠠᠬᠤ᠎ᠳᠤ ᠢᠳᠡᠪᠬᠢᠲᠡᠶ ᠬᠠᠮᠵᠢᠯᠴᠠᠨ᠂ ᠬᠣᠯᠪᠣᠭᠳᠠᠯ ᠪᠦᠬᠦᠢ ᠮᠠᠲᠸᠷᠢᠶᠠᠯ᠎ᠢ ᠦᠨᠡᠨ ᠪᠣᠳᠠᠲᠠᠶ᠎ᠪᠠᠷ ᠬᠠᠩᠭ᠋ᠠᠬᠤ ᠪᠠ ᠪᠠᠢ᠌ᠳᠠᠯ ᠵᠶ᠋ᠠᠨ ᠲᠣᠳᠣᠷᠬᠠᠢ᠌ᠯᠠᠬᠤ ᠬᠡᠷᠡᠭᠲᠡᠶ᠃
ᠵᠠᠮ ᠲᠡᠭᠡᠭᠡᠪᠦᠷᠢ ᠵᠢᠨ ᠲᠡᠷᠭᠡ ᠬᠥᠰᠬᠡ ᠵᠠᠮ ᠬᠠᠷᠢᠯᠴᠠᠭ᠋ᠠᠨ᠎ᠤ ᠡᠨᠳᠡᠯ ᠭᠠᠷᠪᠠᠯ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠤᠶᠤ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠤᠨ ᠬᠠᠷᠢᠭᠤᠴᠠᠬᠤ ᠨᠢᠭᠡᠴᠢ᠎ᠨᠢ ᠡᠨᠳᠡᠯ᠎ᠤᠨ ᠮᠡᠳᠡᠭᠡ ᠵᠠᠩᠭᠢ ᠵᠢ ᠬᠦᠯᠢᠶᠡᠨ ᠠᠪᠤᠭᠰᠠᠨ᠎ᠤ ᠳᠠᠷᠠᠭ᠎ᠠ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠳᠠᠷᠤᠶ ᠲᠦᠷᠭᠡᠨ ᠪᠢᠲᠡᠭᠦᠮᠵᠢᠯᠡᠨ ᠬᠠᠳᠠᠭ᠋ᠠᠯᠠᠵᠤ᠂ ᠡᠨᠳᠡᠯ᠎ᠤᠨ ᠪᠠᠢ᠌ᠴᠠᠭ᠋ᠠᠯᠲᠠ᠎ᠳᠤ ᠬᠠᠮᠵᠢᠯᠴᠠᠨ᠂ ᠬᠡᠷᠡᠭ ᠭᠠᠷᠭ᠋ᠠᠭᠰᠠᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠦᠨᠡᠨ ᠪᠣᠳᠠᠲᠠᠶ᠎ᠪᠠᠷ ᠬᠠᠩᠭ᠋ᠠᠬᠤ ᠬᠡᠷᠡᠭᠲᠡᠶ; ᠬᠡᠷᠡᠭ ᠭᠠᠷᠭ᠋ᠠᠭᠰᠠᠨ ᠲᠡᠷᠭᠡ ᠬᠥᠰᠬᠡ᠎ᠳᠤ ᠲᠡᠷᠭᠡᠨ ᠳᠡᠭᠡᠷᠡᠬᠢ ᠬᠠᠷᠠᠭ᠋ᠠᠨ ᠳᠠᠪᠲᠠᠮᠵᠢ ᠵᠢᠨ ᠲᠣᠨᠣᠭ ᠲᠥᠬᠥᠭᠡᠷᠦᠮᠵᠢ ᠤᠭᠰᠠᠷᠠᠭᠰᠠᠨ ᠪᠣᠯ᠂ ᠪᠠᠰᠠ ᠬᠠᠷᠠᠭ᠋ᠠᠨ ᠳᠠᠪᠲᠠᠮᠵᠢ ᠵᠢᠨ ᠮᠠᠲᠸᠷᠢᠶᠠᠯ ᠵᠶ᠋ᠠᠨ ᠬᠠᠩᠭ᠋ᠠᠬᠤ ᠬᠡᠷᠡᠭᠲᠡᠶ᠃
ᠭᠤᠴᠢᠨ ᠭᠤᠷᠪᠠᠳᠤᠭ᠋ᠠᠷ ᠵᠦᠢ᠍ᠯ ᠡᠯ᠎ᠡ ᠭᠠᠵᠠᠷ᠎ᠤᠨ᠎ᠬᠢᠨ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠵᠢ ᠠᠰᠢᠭᠯᠠᠨ᠂ ᠲᠡᠭᠡᠭᠡᠪᠦᠷᠢ ᠡᠵᠡᠩᠨᠡᠵᠦ ᠪᠠᠢ᠌ᠭ᠎ᠠ ᠵᠢᠯᠣᠭᠣᠴᠢ ᠵᠢᠨ ᠠᠮᠤᠷ ᠲᠥᠪᠰᠢᠨ ᠵᠶ᠋ᠡᠷ ᠶᠠᠪᠤᠭᠤᠯᠬᠤ ᠵᠠᠮ᠎ᠤᠨ ᠤᠷᠲᠤ ᠵᠢ ᠪᠦᠷᠢᠳᠬᠡᠨ ᠵᠠᠳᠠᠯᠵᠤ᠂ ᠠᠮᠤᠷ ᠲᠥᠪᠰᠢᠨ ᠵᠶ᠋ᠡᠷ ᠲᠡᠷᠭᠡ ᠵᠢᠯᠤᠭᠣᠳᠬᠤ ᠵᠢᠯᠣᠭᠣᠴᠢ ᠵᠢᠨ ᠤᠷᠤᠯᠳᠤᠭ᠋ᠠᠨ᠎ᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠬᠤ ᠬᠡᠷᠡᠭᠲᠡᠶ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠳᠥᠷᠪᠡᠳᠦᠭᠡᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠱᠠᠭ᠋ᠠᠷᠳᠠᠯᠭ᠎ᠠ ᠶᠣᠰᠣᠭ᠋ᠠᠷ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠭᠰᠠᠨ ᠦᠭᠡᠶ ᠪᠤᠶᠤ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠤᠭᠰᠠᠷᠠᠭᠰᠠᠨ ᠪᠣᠯᠪᠠᠴᠤ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠰᠢᠰᠲᠸᠮ (ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠠ ᠰᠠᠯᠤᠩᠭᠢ ᠴᠢᠷᠦᠭᠦᠯ ᠲᠡᠷᠭᠡ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ)᠎ᠳᠤ ᠬᠡᠪ᠎ᠤᠨ ᠶᠣᠰᠣᠭ᠋ᠠᠷ ᠢᠯᠡᠷᠡᠵᠦ ᠳᠡᠢ᠌ᠯᠦᠭᠰᠡᠨ ᠦᠭᠡᠶ ᠲᠡᠷᠭᠡ ᠬᠥᠰᠬᠡ᠎ᠳᠤ᠂ 《ᠵᠠᠮ ᠲᠡᠭᠡᠭᠡᠪᠦᠷᠢ ᠵᠢᠨ ᠦᠨᠡᠮᠯᠡᠯ》 ᠣᠯᠭᠣᠬᠤ ᠪᠤᠶᠤ ᠬᠢᠨᠠᠨ ᠰᠢᠯᠭ᠋ᠠᠬᠤ ᠦᠭᠡᠶ ᠪᠠᠢ᠌ᠬᠤ ᠬᠡᠷᠡᠭᠲᠡᠶ᠃
ᠭᠤᠴᠢᠨ ᠲᠠᠪᠤᠳᠤᠭ᠋ᠠᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠳᠤ ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠵᠠᠯᠠᠷᠠᠭᠤᠯᠬᠤ ᠦᠭᠡᠢ ᠪᠠᠢ᠌ᠪᠠᠯ᠂ 1000 ᠲᠥᠭᠥᠷᠢᠭ᠎ᠠᠴᠠ ᠳᠡᠭᠡᠭᠰᠢ 3000 ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢᠳᠬᠡᠨ᠎ᠡ᠄
(ᠨᠢᠭᠡ) ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠨᠢ ᠪᠠᠷᠢᠮᠵᠢᠶ᠎ᠠ᠎ᠳᠤ ᠨᠡᠢ᠌ᠴᠡᠬᠦ ᠬᠢᠨᠠᠨ ᠡᠵᠡᠮᠳᠡᠬᠦ ᠲᠠᠪᠴᠠᠩ᠎ᠢ ᠬᠡᠷᠡᠭᠯᠡᠭᠰᠡᠨ ᠦᠭᠡᠶ᠂ ᠬᠢᠨᠠᠨ ᠡᠵᠡᠮᠳᠡᠬᠦ ᠲᠠᠪᠴᠠᠩ᠎ᠨᠢ ᠲᠣᠣᠷᠵᠢᠭᠤᠯᠵᠤ ᠬᠣᠯᠪᠣᠭ᠋ᠠᠯᠠᠨ ᠡᠵᠡᠮᠳᠡᠬᠦ ᠰᠢᠰᠲᠸᠮ᠎ᠳᠤ ᠵᠠᠯᠭ᠋ᠠᠵᠤ ᠣᠷᠣᠭᠤᠯᠤᠭᠰᠠᠨ ᠦᠭᠡᠶ᠂ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠳᠡᠯᠦᠩᠭᠦᠢ ᠪᠠᠢ᠌ᠳᠠᠯ᠎ᠤᠨ ᠮᠡᠳᠡᠭᠡ ᠵᠠᠩᠭᠢ ᠵᠢ ᠲᠣᠭᠲᠠᠭ᠋ᠠᠯ ᠶᠣᠰᠣᠭ᠋ᠠᠷ ᠳᠡᠭᠡᠭᠰᠢ ᠳᠠᠮᠵᠢᠭᠤᠯᠤᠭᠰᠠᠨ ᠦᠭᠡᠶ;
(ᠬᠣᠶᠠᠷ) ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠥᠳᠡᠯᠦᠩᠭᠦᠶ ᠪᠠᠢ᠌ᠳᠠᠯ᠎ᠤᠨ ᠮᠡᠳᠡᠭᠡ ᠵᠠᠩᠭᠢ ᠵᠢ ᠰᠢᠢᠳᠪᠦᠷᠢᠯᠡᠬᠦ ᠲᠦᠷᠢᠮ᠎ᠢ ᠪᠠᠢ᠌ᠭᠤᠯᠤᠭᠰᠠᠨ ᠥᠬᠡᠶ ᠪᠤᠶᠤ ᠪᠦᠲᠦᠮᠵᠢᠲᠡᠶ ᠬᠡᠷᠡᠭᠵᠢᠭᠦᠯᠦᠭᠰᠡᠨ ᠥᠬᠡᠶ ᠪᠠᠢ᠌ᠵᠤ᠂ ᠵᠢᠯᠣᠭᠣᠴᠢ ᠵᠢᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ᠎ᠢ ᠰᠢᠢᠳᠪᠦᠷᠢᠯᠡᠬᠦ ᠨᠣᠷᠮ᠎ᠠ᠎ᠨᠢ 90%᠎ᠠᠴᠠ ᠳᠣᠤᠷ᠎ᠠ ᠪᠠᠢ᠌ᠬᠤ;
(ᠭᠤᠷᠪᠠ) ᠲᠣᠭᠲᠠᠭ᠋ᠠᠯ ᠶᠣᠰᠣᠭ᠋ᠠᠷ ᠲᠤᠰᠬᠠᠶ ᠲᠤᠰᠢᠶᠠᠯ᠎ᠤᠨ ᠬᠢᠨᠠᠨ ᠡᠵᠡᠮᠳᠡᠬᠦ ᠠᠵᠢᠯᠲᠠᠨ ᠳᠣᠭᠢᠷᠠᠭᠤᠯᠤᠭᠰᠠᠨ ᠥᠬᠡᠶ ᠪᠤᠶᠤ ᠬᠢᠨᠠᠨ ᠡᠵᠡᠮᠳᠡᠬᠦ ᠠᠵᠢᠯᠲᠠᠨ ᠬᠢᠨᠠᠨ ᠡᠵᠡᠮᠳᠡᠬᠦ ᠲᠤᠰᠢᠶᠠᠯ ᠬᠠᠷᠢᠭᠤᠴᠠᠯᠭ᠎ᠠ᠎ᠪᠠᠨ ᠪᠦᠲᠦᠮᠵᠢᠲᠡᠶ ᠭᠦᠢᠴᠡᠳᠬᠡᠭᠰᠡᠨ ᠥᠬᠡᠶ᠃
ᠭᠤᠴᠢᠨ ᠵᠢᠷᠭᠤᠳᠤᠭ᠋ᠠᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠵᠠᠮ ᠲᠡᠭᠡᠭᠡᠪᠦᠷᠢ ᠵᠢᠨ ᠡᠵᠡᠩᠨᠡᠭᠴᠢ᠎ᠨᠢ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠵᠢ ᠬᠡᠷᠡᠭᠯᠡᠵᠦ ᠪᠠᠢ᠌ᠭ᠋ᠠᠳ ᠰᠦᠯᠵᠢᠶᠡᠨ ᠳᠡᠭᠡᠷ᠎ᠡ ᠪᠠᠢ᠌ᠵᠤ ᠳᠡᠢ᠌ᠯᠬᠦ ᠦᠭᠡᠢ ᠲᠡᠭᠡᠭᠡᠪᠦᠷᠢ ᠵᠢᠨ ᠲᠡᠷᠭᠡ ᠬᠥᠰᠬᠡ᠎ᠨᠢ ᠡᠵᠡᠩᠨᠡᠯᠲᠡ ᠵᠢᠨ ᠠᠵᠢᠯᠯᠠᠭ᠎ᠠ ᠬᠢᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠲᠡᠭᠦᠨ᠎ᠢ ᠰᠤᠷᠭ᠋ᠠᠨ ᠬᠥᠮᠦᠵᠢᠭᠦᠯᠬᠦ ᠵᠢᠨ ᠬᠠᠮᠲᠤ ᠵᠠᠷᠯᠢᠭᠳᠠᠨ ᠵᠠᠯᠠᠷᠠᠭᠤᠯᠵᠤ᠂ ᠵᠠᠯᠠᠷᠠᠭᠤᠯᠬᠤ ᠦᠭᠡᠶ ᠪᠤᠶᠤ ᠵᠠᠯᠠᠷᠠᠭᠤᠯᠤᠭᠰᠠᠨ᠎ᠤ ᠳᠠᠷᠠᠭ᠎ᠠ ᠠᠳᠠᠯᠢ ᠲᠥᠷᠥᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠠᠢ᠌ᠳᠠᠯ ᠳᠠᠬᠢᠨ ᠭᠠᠷᠤᠭᠰᠠᠨ ᠪᠣᠯ᠂ 200 ᠲᠥᠭᠥᠷᠢᠭ᠎ᠠᠴᠠ ᠳᠡᠭᠡᠭᠰᠢ 800 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ ᠬᠡᠷᠡᠭᠲᠡᠶ᠃
ᠭᠤᠴᠢᠨ ᠳᠣᠯᠣᠳᠤᠭ᠋ᠠᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠤᠶᠤ ᠵᠠᠮ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠨᠡᠢ᠌ᠭᠡᠮᠴᠢᠯᠡᠭᠰᠡᠨ ᠦᠢ᠍ᠯᠡᠴᠢᠯᠡᠭᠡ ᠬᠠᠩᠭ᠋ᠠᠭᠰᠠᠨ ᠨᠢᠭᠡᠴᠢ᠎ᠨᠢ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠢ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠠᠰᠤᠭᠰᠠᠨ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ 500 ᠲᠥᠭᠥᠷᠢᠭ᠎ᠠᠴᠠ ᠳᠡᠭᠡᠭᠰᠢ 2000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ ᠬᠡᠷᠡᠭᠲᠡᠶ᠃
ᠭᠤᠴᠢᠨ ᠨᠠᠢᠮᠠᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠵᠠᠮ ᠬᠠᠷᠢᠯᠴᠠᠭ᠋ᠠᠨ᠎ᠤ ᠡᠨᠳᠡᠯ ᠭᠠᠷᠤᠭᠰᠠᠨ ᠪᠣᠯ᠂ ᠭᠤᠴᠢᠨ ᠲᠠᠪᠤᠳᠤᠭ᠋ᠠᠷ ᠵᠦᠢ᠍ᠯ᠂ ᠭᠤᠴᠢᠨ ᠵᠢᠷᠭᠤᠳᠤᠭ᠋ᠠᠷ ᠵᠦᠢ᠍ᠯ᠂ ᠭᠤᠴᠢᠨ ᠳᠣᠯᠣᠳᠤᠭ᠋ᠠᠷ ᠵᠦᠢ᠍ᠯ᠎ᠤᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢ ᠶᠢᠰᠦᠳᠦᠭᠡᠷ ᠵᠦᠢ᠍ᠯ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯᠲᠠᠨ᠎ᠨᠢ ᠲᠤᠰ ᠠᠷᠭ᠎ᠠ ᠵᠢ ᠬᠡᠷᠡᠭᠵᠢᠭᠦᠯᠬᠦ ᠶᠠᠪᠤᠴᠠ᠎ᠳᠤ ᠠᠯᠪᠠᠨ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠣᠯ᠂ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠣᠨ᠎ᠠ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
ᠳᠥᠴᠢᠳᠦᠭᠡᠷ ᠵᠦᠢ᠍ᠯ ᠲᠤᠰ ᠠᠷᠭ᠎ᠠ ᠵᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠲᠡᠭᠡᠭᠡᠪᠦᠷᠢ ᠵᠢᠨ ᠵᠠᠬ᠎ᠠ ᠳᠡᠯᠭᠡᠭᠦᠷ᠎ᠲᠤ ᠤᠷᠤᠭᠰᠠᠨ ᠬᠦᠨᠳᠦ ᠬᠡᠯᠪᠡᠷᠢ ᠵᠢᠨ ᠪᠠᠷᠠᠭ᠋ᠠᠨ᠎ᠤ ᠮᠠᠰᠢᠨ ᠲᠡᠷᠭᠡ ᠪᠣᠯᠤᠨ ᠰᠠᠯᠤᠩᠭᠢ ᠴᠢᠷᠦᠭᠦᠯ ᠲᠡᠷᠭᠡ᠎ᠳᠤ᠂ 2015 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠠᠭ᠋ᠠᠭᠤᠯᠢ ᠣᠳᠣᠨ᠎ᠤ ᠣᠷᠣᠨ ᠲᠣᠭᠲᠠᠭ᠋ᠠᠬᠤ ᠲᠣᠨᠣᠭ ᠲᠥᠬᠥᠭᠡᠷᠦᠮᠵᠢ ᠵᠢ ᠪᠦᠬᠦᠨ᠎ᠢ ᠤᠭᠰᠠᠷᠠᠵᠤ ᠬᠡᠷᠡᠭᠯᠡᠬᠦ ᠵᠢᠨ ᠬᠠᠮᠲᠤ᠂ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠣᠯᠠᠨ ᠨᠡᠢ᠌ᠲᠡ ᠵᠢᠨ ᠲᠠᠪᠴᠠᠩ᠎ᠳᠤ ᠵᠠᠯᠭ᠋ᠠᠵᠤ ᠣᠷᠣᠭᠤᠯᠬᠤ ᠬᠡᠷᠡᠭᠲᠡᠶ᠃
ᠬᠥᠳᠡᠭᠡ ᠲᠣᠰᠬᠣᠨ᠎ᠤ ᠠᠶᠠᠨᠴᠢᠳ᠎ᠤᠨ ᠲᠡᠭᠡᠭᠡᠪᠦᠷᠢ ᠵᠢᠨ ᠲᠡᠷᠭᠡ ᠬᠥᠰᠬᠡ ᠵᠢᠨ ᠬᠥᠳᠡᠯᠦᠩᠭᠦᠶ ᠪᠠᠢ᠌ᠳᠠᠯ᠎ᠤᠨ ᠬᠢᠨᠠᠯᠲᠠ ᠬᠠᠮᠢᠶᠠᠷᠤᠯᠲᠠ ᠵᠢ ᠲᠤᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
ᠳᠥᠴᠢᠨ ᠨᠢᠭᠡᠳᠦᠭᠡᠷ ᠵᠦᠢᠯ ᠲᠣᠰ ᠠᠷᠭ᠎ᠠ ᠵᠢ 2014 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃