ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ
(2022 ᠣᠨ᠎ᠤ 12 ᠳ᠋ᠤᠭ᠋ᠠᠷ ᠰᠠᠷ᠎ᠠ ᠵᠢᠨ 28᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 258 ᠳ᠋ᠤᠭ᠋ᠠᠷ ᠲᠣᠭ᠋ᠠᠲᠤ ᠵᠢ ᠨᠡᠢ᠌ᠲᠡᠯᠡᠵᠦ᠂ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠦᠢ᠍ᠯᠡ ᠠᠵᠢᠯᠯᠠᠭ᠎ᠠ ᠵᠢ ᠵᠠᠰᠠᠵᠤ᠂ ᠵᠠᠰᠠᠮᠠᠯ ᠵᠠᠮ᠎ᠤᠨ ᠠᠮᠤᠷ ᠲᠦᠪᠰᠢᠨ᠂ ᠪᠦᠷᠢᠨ ᠪᠦᠲᠦᠨ ᠪᠠ ᠰᠠᠭ᠋ᠠᠳ ᠦᠭᠡᠶ ᠨᠡᠪᠲᠡᠷᠡᠬᠦ ᠵᠢ ᠪᠠᠲᠤᠯᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠡᠪᠴᠢᠶᠡᠨ᠎ᠳᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ᠎ᠳᠤ ᠲᠤᠰ ᠠᠷᠭ᠎ᠠ ᠲᠣᠬᠢᠷᠠᠨ᠎ᠠ᠃
ᠲᠤᠰ ᠠᠷᠭ᠎ᠠ᠎ᠳᠤ ᠬᠡᠯᠡᠵᠦ ᠪᠠᠢ᠌ᠭ᠎ᠠ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠭᠡᠳᠡᠭ᠎ᠨᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠲᠡᠷᠭᠡ ᠪᠠᠷᠠᠭ᠎ᠠ ᠵᠢᠨ ᠭᠠᠳᠠᠷ ᠬᠦᠪᠡᠭᠡ ᠵᠢᠨ ᠬᠡᠮᠵᠢᠶ᠎ᠡ᠂ ᠲᠡᠩᠭᠡᠯᠢᠭ᠎ᠤᠨ ᠳᠠᠭ᠋ᠠᠭ᠋ᠠᠴᠠ᠂ ᠶᠡᠷᠦᠩᠬᠡᠶ ᠮᠠᠰ᠎ᠨᠢ ᠤᠯᠤᠰ᠎ᠠᠴᠠ ᠲᠣᠭᠲᠠᠭ᠋ᠠᠭᠰᠠᠨ ᠪᠠᠷᠢᠮᠵᠢᠶ᠎ᠠ᠎ᠠᠴᠠ ᠬᠡᠲᠦᠷᠡᠭᠰᠡᠨ ᠪᠤᠶᠤ ᠵᠠᠰᠠᠮᠠᠯ ᠵᠠᠮ᠂ ᠵᠠᠰᠠᠮᠠᠯ ᠵᠠᠮ᠎ᠤᠨ ᠬᠥᠭᠥᠷᠭᠡ᠂ ᠵᠠᠰᠠᠮᠠᠯ ᠵᠠᠮ᠎ᠤᠨ ᠨᠦᠬᠡᠨ ᠵᠠᠮ᠎ᠤᠨ ᠵᠠᠮ ᠬᠠᠷᠢᠯᠴᠠᠭ᠋ᠠᠨ᠎ᠤ ᠲᠡᠮᠳᠡᠭ᠎ᠲᠤ ᠲᠣᠳᠣᠷᠬᠠᠢ᠌ᠯᠠᠭᠰᠠᠨ ᠳᠠᠭ᠋ᠠᠭ᠋ᠠᠴᠠ ᠵᠢ ᠬᠢᠵᠠᠭ᠋ᠠᠷᠯᠠᠬᠤ᠂ ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ᠂ ᠤᠷᠲᠤ ᠵᠢ ᠬᠢᠵᠠᠭ᠋ᠠᠷᠯᠠᠬᠤ ᠪᠠᠷᠢᠮᠵᠢᠶ᠎ᠠ᠎ᠠᠴᠠ ᠬᠡᠲᠦᠷᠡᠭᠰᠡᠨ᠎ᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ᠎ᠳᠤ ᠵᠠᠰᠠᠭ᠎ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠬᠣᠯᠪᠤᠭ᠋ᠠᠯᠠᠨ ᠬᠥᠳᠡᠯᠦᠯᠴᠡᠬᠦ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠬᠠᠮᠲᠤᠳᠤᠨᠢ ᠵᠠᠰᠠᠬᠤ᠂ ᠤᠷᠳᠤ ᠬᠤᠭᠤᠴᠠᠭ᠎ᠠ᠎ᠪᠠᠷ ᠪᠦᠲᠦᠮᠵᠢᠲᠡᠢ ᠵᠠᠰᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃
ᠳᠥᠷᠪᠡᠳᠦᠭᠡᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠡᠪᠴᠢᠶᠡᠨ᠎ᠳᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠠᠶᠤᠯᠭᠦᠢ ᠦᠢᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠤᠨ ᠬᠠᠮᠲᠤᠷᠠᠭᠰᠠᠨ ᠬᠤᠷᠠᠯ ᠪᠣᠯᠤᠨ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠢ ᠣᠨ᠎ᠤ ᠠᠵᠢᠯ᠎ᠤᠨ ᠬᠠᠷᠠᠯᠲᠠ ᠵᠢᠨ ᠰᠢᠯᠭ᠋ᠠᠨ ᠬᠢᠨᠠᠯᠲᠠ᠎ᠳᠤ ᠣᠷᠣᠭᠤᠯᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠤᠨ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ᠎ᠪᠠᠨ ᠣᠷᠣᠭᠤᠯᠬᠤ ᠬᠡᠷᠡᠭᠲᠡᠶ᠃
ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠡᠪᠴᠢᠶᠡᠨ᠎ᠳᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠢ ᠬᠠᠷᠢᠭᠤᠴᠠᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋᠎ᠤᠨ ᠵᠠᠰᠠᠭ᠂ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠶ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠶ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠳᠡᠮᠵᠢᠨ ᠬᠠᠮᠵᠢᠯᠴᠠᠵᠤ ᠪᠠᠢ᠌ᠭ᠋ᠠᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠢ ᠥᠷᠨᠢᠭᠦᠯᠬᠦ ᠬᠡᠷᠡᠭᠲᠡᠶ᠃
ᠵᠢᠷᠭᠤᠳᠤᠭ᠋ᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠵᠢᠨ ᠮᠡᠳᠡᠭᠡ ᠵᠠᠩᠭᠢᠴᠢᠯᠠᠭᠰᠠᠨ᠂ ᠤᠶᠤᠨᠴᠢᠯᠠᠭᠰᠠᠨ ᠪᠠᠢ᠌ᠭᠤᠯᠤᠯᠲᠠ ᠵᠢ ᠴᠢᠩᠭ᠋ᠠᠳᠬᠠᠨ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠳᠥᠯᠭᠢᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋᠎ᠤᠨ ᠵᠠᠰᠠᠭ᠂ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠶ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠠᠵᠤ ᠠᠬᠤᠢ᠌ᠯᠠᠯ᠂ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ ᠵᠡᠷᠭᠡ ᠵᠢ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠠᠪᠴᠠᠩ᠎ᠳᠤ ᠣᠷᠣᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠵᠠᠰᠠᠬᠤ ᠬᠢᠷᠢ ᠲᠥᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠶ᠃
ᠳᠣᠯᠣᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠠᠵᠤ ᠠᠬᠤᠢ᠌ᠯᠠᠯ᠂ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ᠎ᠨᠢ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠬᠡᠷᠡᠭᠲᠡᠶ᠃
ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠠᠵᠤ ᠠᠬᠤᠢ᠌ᠯᠠᠯ᠂ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ᠎ᠨᠢ ᠤᠯᠤᠰ᠎ᠠᠴᠠ ᠲᠣᠭᠲᠠᠭ᠋ᠠᠭᠰᠠᠨ ᠲᠡᠷᠭᠡ ᠬᠥᠰᠬᠡ ᠵᠢᠨ ᠠᠴᠢᠶᠠᠯᠠᠬᠤ ᠬᠢᠵᠠᠭ᠋ᠠᠷ᠎ᠲᠠᠢ ᠬᠡᠮᠵᠢᠭᠳᠡᠯ ᠪᠣᠯᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠲᠡᠮᠳᠡᠭ᠎ᠲᠤ ᠲᠣᠳᠣᠷᠬᠠᠢ᠌ᠯᠠᠭᠰᠠᠨ ᠳᠠᠭ᠋ᠠᠭ᠋ᠠᠴᠠ ᠵᠢ ᠬᠢᠵᠠᠭ᠋ᠠᠷᠯᠠᠬᠤ᠂ ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ᠂ ᠣᠷᠳᠣ ᠵᠢ ᠬᠢᠵᠠᠭ᠋ᠠᠷᠯᠠᠬᠤ ᠪᠠᠷᠢᠮᠵᠢᠶ᠎ᠠ ᠵᠢᠨ ᠶᠣᠰᠣᠭ᠋ᠠᠷ ᠠᠴᠢᠶᠠᠯᠠᠬᠤ᠂ ᠲᠡᠭᠡᠭᠡᠪᠦᠷᠢᠯᠡᠬᠦ ᠪᠠ ᠡᠵᠡᠩᠨᠡᠬᠦ ᠵᠢ ᠵᠢᠷᠤᠮᠵᠢᠭᠤᠯᠬᠤ ᠬᠡᠷᠡᠭᠲᠡᠶ᠃
ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠳᠤ ᠵᠠᠮ ᠵᠶ᠋ᠠᠷ ᠪᠠᠷᠠᠭ᠎ᠠ ᠲᠡᠭᠡᠭᠡᠪᠦᠷᠢᠯᠡᠬᠦ ᠥᠷᠲᠡᠭᠡ (ᠲᠠᠯᠠᠪᠤᠷ)᠂ ᠪᠠᠷᠠᠭ᠎ᠠ ᠵᠢᠨ ᠭᠦᠢᠯᠭᠡᠭᠡᠨ᠎ᠤ ᠬᠦᠷᠢᠶᠡᠯᠡᠩ ᠲᠣᠭᠣᠷᠢᠭ᠂ ᠦᠢᠯᠡᠳᠪᠦᠷᠢ ᠠᠭᠤᠷᠬᠠᠶ ᠵᠢᠨ ᠠᠵᠤ ᠠᠬᠤᠢ᠌ᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠴᠢ ᠨᠡᠭᠦᠷᠡᠰᠦ᠂ ᠬᠦᠳᠡᠷ᠂ ᠪᠣᠯᠣᠳ ᠮᠠᠲ᠋ᠧᠷᠢᠶᠠᠯ᠂ ᠱᠦᠢᠨᠢ᠂ ᠪᠸᠲ᠋ᠣᠨ᠂ ᠬᠠᠢ᠌ᠷ ᠴᠢᠯᠠᠭᠤ᠂ ᠰᠢᠪᠠᠷ ᠰᠢᠷᠣᠶ᠂ ᠲᠠᠸᠠᠷ᠎ᠤᠨ ᠲᠡᠷᠭᠡ᠂ ᠴᠢᠬᠤᠯᠠ ᠶᠡᠬᠡ ᠲᠣᠨᠣᠭ ᠲᠥᠬᠥᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ᠃
ᠨᠠᠢᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠠᠵᠤ ᠦᠢ᠍ᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠢᠲᠡᠭᠡᠮᠵᠢ ᠵᠢᠨ ᠳᠦᠷᠢᠮ ᠪᠠᠢ᠌ᠭᠤᠯᠵᠤ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠠᠵᠤ ᠠᠬᠤᠢ᠌ᠯᠠᠯ᠂ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠂ ᠵᠢᠯᠣᠭᠣᠴᠢ ᠵᠡᠷᠭᠡ ᠵᠢ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮᠵᠢ᠎ᠳᠤ ᠣᠷᠣᠭᠤᠯᠵᠤ᠂ ᠬᠠᠮᠢᠶ᠎ᠠ ᠪᠦᠬᠦᠢ ᠢᠲᠡᠭᠡᠮᠵᠢ ᠵᠢᠨ ᠮᠡᠳᠡᠭᠡ ᠵᠠᠩᠭᠢ ᠵᠢ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠣᠷᠣᠭᠤᠯᠬᠤ ᠬᠡᠷᠡᠭᠲᠡᠶ᠃
ᠶᠢᠰᠦᠳᠦᠭᠡᠷ ᠵᠦᠢᠯ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ᠎ᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠬᠠᠮᠢᠶ᠎ᠠ ᠪᠥᠬᠥᠶ ᠮᠡᠳᠡᠯᠭᠡ ᠵᠢᠨ ᠤᠬᠠᠭᠤᠯᠭ᠎ᠠ ᠵᠢ ᠥᠷᠨᠢᠭᠦᠯᠵᠦ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠦᠢᠯᠡ ᠠᠵᠢᠯᠯᠠᠭ᠎ᠠ᠎ᠳᠤ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠵᠢ ᠴᠢᠩᠭ᠋ᠠᠳᠬᠠᠬᠤ ᠬᠡᠷᠡᠭᠲᠡᠶ᠃
ᠠᠷᠪᠠᠳᠤᠭ᠋ᠠᠷ ᠵᠦᠢᠯ ᠶᠠᠮᠠᠷᠪᠠ ᠵᠣᠬᠢᠶᠠᠨ ᠪᠠᠢ᠌ᠭᠤᠯᠤᠯᠲᠠ ᠪᠣᠯᠤᠨ ᠬᠤᠪᠢ ᠬᠥᠮᠦᠨ᠎ᠨᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠥᠮ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠡᠷᠬᠡ᠎ᠲᠠᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ᠎ᠢ ᠨᠡᠢ᠌ᠭᠡᠮ᠎ᠳᠤ ᠨᠡᠢ᠌ᠲᠡᠯᠡᠵᠦ᠂ ᠬᠠᠤᠯᠢ ᠶᠣᠰᠣᠭ᠋ᠠᠷ ᠴᠠᠭ ᠲᠤᠬᠠᠶ᠎ᠳᠤᠨᠢ ᠰᠢᠢᠳᠪᠦᠷᠢᠯᠡᠬᠦ ᠵᠢᠨ ᠬᠠᠮᠲᠤ᠂ ᠰᠢᠢᠳᠪᠦᠷᠢᠯᠡᠭᠰᠡᠨ ᠦᠷ᠎ᠡ ᠳ᠋ᠦᠩ᠎ᠢ ᠵᠠᠭ᠋ᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠬᠥᠮᠦᠨ᠎ᠳᠤ ᠬᠠᠷᠢᠭᠤ ᠲᠤᠰᠬᠠᠬᠤ ᠬᠡᠷᠡᠭᠲᠡᠶ᠃
ᠬᠣᠶᠠᠳᠤᠭ᠋ᠠᠷ ᠪᠦᠯᠦᠭ ᠡᠬᠢ ᠡᠭᠦᠰᠦᠯ᠎ᠤᠨ ᠵᠠᠰᠠᠯᠲᠠ
ᠠᠷᠪᠠᠨ ᠨᠢᠭᠡᠳᠦᠭᠡᠷ ᠵᠦᠢ᠍ᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠦᠢ᠍ᠯᠡᠳᠪᠦᠷᠢᠯᠡᠬᠦ᠂ ᠥᠭᠡᠷᠡᠴᠢᠯᠡᠨ ᠤᠭᠰᠠᠷᠠᠬᠤ᠎ᠳᠤ ᠲᠡᠷᠭᠡ ᠬᠥᠰᠬᠡ ᠵᠢᠨ ᠭᠠᠳᠠᠷ ᠬᠦᠪᠡᠭᠡ ᠵᠢᠨ ᠬᠡᠮᠵᠢᠶ᠎ᠡ᠂ ᠲᠡᠩᠭᠡᠯᠢᠭ᠎ᠤᠨ ᠳᠠᠭ᠋ᠠᠭ᠋ᠠᠴᠠ᠂ ᠮᠠᠰ᠎ᠤᠨ ᠬᠢᠵᠠᠭ᠋ᠠᠷ᠎ᠲᠠᠢ ᠬᠡᠮᠵᠢᠭᠳᠡᠯ ᠵᠡᠷᠭᠡ ᠤᠯᠤᠰ᠎ᠤᠨ ᠬᠣᠯᠪᠣᠭᠳᠠᠯ ᠪᠦᠬᠦᠢ ᠮᠠᠰᠢᠨ ᠲᠡᠷᠭᠡᠨ᠎ᠤ ᠠᠮᠤᠷ ᠲᠥᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠢ᠌ᠴᠡᠬᠦ ᠦᠭᠡᠶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠦᠢ᠍ᠯᠡᠳᠪᠦᠷᠢᠯᠡᠬᠦ᠂ ᠬᠡᠷᠡᠭᠯᠡᠬᠦ᠂ ᠪᠣᠷᠣᠯᠠᠭᠤᠯᠬᠤ ᠵᠢ ᠴᠠᠭ᠋ᠠᠵᠠᠯᠠᠨ᠎ᠠ᠃
ᠶᠠᠮᠠᠷᠪᠠ ᠵᠣᠬᠢᠶᠠᠨ ᠪᠠᠢ᠌ᠭᠤᠯᠤᠯᠲᠠ ᠪᠣᠯᠤᠨ ᠬᠤᠪᠢ ᠬᠥᠮᠦᠨ᠎ᠨᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠨᠡᠢ᠌ᠯᠡᠭᠦᠯᠦᠨ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠭᠠᠳᠠᠷ ᠬᠡᠯᠪᠡᠷᠢ ᠪᠣᠯᠤᠨ ᠨᠢᠭᠡᠨᠲᠡ ᠳᠠᠩᠰᠠᠯᠠᠭᠤᠯᠤᠭᠰᠠᠨ ᠬᠣᠯᠪᠣᠭᠳᠠᠯ ᠪᠦᠬᠦᠢ ᠮᠡᠷᠭᠡᠵᠢᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠥᠬᠡᠶ᠃
ᠵᠠᠳᠠᠯᠵᠤ ᠪᠣᠯᠬᠤ ᠦᠭᠡᠢ ᠡᠳ᠋ ᠪᠣᠳᠠᠰ᠎ᠢ ᠲᠡᠭᠡᠭᠡᠪᠦᠷᠢᠯᠡᠬᠦ᠎ᠳᠤ ᠲᠡᠷᠭᠡ ᠬᠥᠰᠬᠡ ᠵᠢ ᠥᠭᠡᠷᠡᠴᠢᠯᠡᠨ ᠤᠭᠰᠠᠷᠠᠬᠤ ᠴᠢᠬᠤᠯᠠᠲᠠᠢ ᠪᠠᠢ᠌ᠪᠠᠯ᠂ ᠵᠣᠬᠢᠴᠠᠩᠭᠤᠢ ᠬᠢᠷᠢ ᠬᠡᠮ ᠪᠦᠬᠦᠢ ᠲᠡᠷᠭᠡ ᠬᠥᠰᠬᠡ ᠦᠢ᠍ᠯᠡᠳᠪᠦᠷᠢᠯᠡᠬᠦ ᠠᠵᠤ ᠠᠬᠤᠢ᠌ᠯᠠᠯ᠎ᠨᠢ ᠲᠣᠭᠲᠠᠭ᠋ᠠᠭᠰᠠᠨ ᠲᠡᠷᠭᠡᠨ᠎ᠤ ᠬᠡᠯᠪᠡᠷᠢ ᠪᠠ ᠮᠡᠷᠭᠡᠵᠢᠯ᠎ᠤᠨ ᠪᠤᠯᠵᠤᠯᠳᠤ ᠲᠣᠭ᠎ᠠ ᠶᠣᠰᠣᠭ᠋ᠠᠷ ᠥᠭᠡᠷᠡᠴᠢᠯᠡᠨ ᠤᠭᠰᠠᠷᠠᠬᠤ ᠵᠢᠨ ᠬᠠᠮᠲᠤ᠂ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ᠎ᠪᠠᠷ ᠭᠤᠶᠤᠴᠢᠯᠠᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠳᠡᠩᠰᠡᠯᠡᠨ ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠢ᠌ᠴᠠᠭ᠋ᠠᠬᠤ ᠲᠤᠬᠠᠢ᠌ᠯᠠᠭᠰᠠᠨ ᠠᠵᠢᠯ᠎ᠢ ᠭᠦᠢᠴᠡᠳᠬᠡᠬᠦ᠎ᠳᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠨᠡᠢ᠌ᠯᠡᠭᠦᠯᠦᠨ ᠤᠭᠰᠠᠷᠠᠭᠰᠠᠨ᠂ ᠥᠭᠡᠷᠡᠴᠢᠯᠡᠨ ᠤᠭᠰᠠᠷᠠᠭᠰᠠᠨ ᠪᠠᠢ᠌ᠳᠠᠯ᠎ᠢ ᠪᠠᠢ᠌ᠴᠠᠭ᠋ᠠᠨ ᠰᠢᠯᠭ᠋ᠠᠵᠤ᠂ ᠤᠯᠤᠰ᠎ᠤᠨ ᠠᠮᠤᠷ ᠲᠥᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠬᠦ ᠥᠬᠡᠶ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠳᠡᠩᠰᠡᠯᠡᠨ ᠲᠡᠮᠳᠡᠭᠯᠡᠬᠦ᠂ ᠦᠨᠡᠮᠯᠡᠯ ᠣᠯᠭᠣᠬᠤ ᠪᠠ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠭᠡᠷᠡᠴᠢ ᠣᠯᠭᠣᠵᠤ ᠪᠣᠯᠬᠤ ᠥᠬᠡᠶ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳᠠᠩᠰᠠᠯᠠᠭᠤᠯᠵᠤ ᠲᠡᠮᠳᠡᠭᠯᠡᠭᠦᠯᠦᠭᠰᠡᠨ ᠦᠭᠡᠢ ᠪᠠ ᠨᠡᠢ᠌ᠯᠡᠭᠦᠯᠦᠨ ᠤᠭᠰᠠᠷᠠᠭᠰᠠᠨ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠲᠡᠷᠭᠡ ᠬᠥᠰᠬᠡ ᠵᠢᠨ ᠲᠡᠭᠡᠭᠡᠪᠦᠷᠢ ᠡᠵᠡᠩᠨᠡᠬᠦ ᠦᠨᠡᠮᠯᠡᠯ ᠭᠦᠢ᠍ᠴᠡᠳᠬᠡᠵᠦ ᠥᠭᠴᠦ ᠪᠣᠯᠬᠤ ᠦᠭᠡᠶ᠃
ᠠᠷᠪᠠᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠢ᠌ᠭ᠎ᠠ ᠪᠤᠶᠤ ᠬᠡᠷᠡᠭᠯᠡᠵᠦ ᠪᠠᠢ᠌ᠭ᠎ᠠ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠪᠠᠢ᠌ᠴᠠᠭ᠋ᠠᠨ ᠰᠢᠢᠳᠪᠦᠷᠢᠯᠡᠬᠦ ᠬᠡᠷᠡᠭᠲᠡᠶ᠃ ᠪᠠᠢ᠌ᠴᠠᠭ᠋ᠠᠵᠤ ᠢᠯᠡᠷᠡᠭᠦᠯᠦᠭᠰᠡᠨ ᠨᠡᠢ᠌ᠯᠡᠭᠦᠯᠵᠦ ᠤᠭᠰᠠᠷᠠᠭᠰᠠᠨ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠨᠢᠭᠡᠴᠢ ᠪᠤᠶᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠥᠮᠴᠢᠯᠡᠭᠴᠢ ᠵᠢ ᠬᠠᠤᠯᠢ ᠶᠣᠰᠣᠭ᠋ᠠᠷ ᠵᠠᠷᠯᠢᠭᠳᠠᠵᠤ ᠪᠠᠢ᠌ᠭ᠋ᠠᠳ ᠦᠪᠡᠰᠦᠪᠡᠨ ᠵᠠᠳᠠᠯᠤᠭᠤᠯᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠬᠡᠪᠴᠢᠶᠡᠨ᠎ᠳᠠᠬᠢ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ ᠵᠢ ᠬᠢᠨᠠᠨ ᠪᠠᠢ᠌ᠴᠠᠭ᠋ᠠᠵᠤ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ ᠵᠢᠨ ᠨᠡᠷᠡᠰ᠎ᠢ ᠨᠠᠢ᠌ᠷᠠᠭᠤᠯᠤᠨ ᠵᠣᠬᠢᠶᠠᠵᠤ᠂ ᠪᠠᠷᠠᠭ᠎ᠠ ᠲᠠᠢ ᠲᠡᠭᠡᠭᠡᠪᠦᠷᠢᠯᠡᠭᠰᠡᠨ ᠬᠡᠮᠵᠢᠶ᠎ᠡ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢᠨ ᠬᠠᠤᠯᠢ᠎ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠢ᠌ᠳᠠᠯ᠎ᠢ ᠦᠨᠳᠦᠰᠦᠯᠡᠨ᠂ ᠭᠣᠣᠯᠳᠠᠯᠭ᠎ᠠ᠎ᠲᠠᠢ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ ᠵᠢ ᠲᠣᠭᠲᠠᠭ᠋ᠠᠨ᠂ ᠨᠡᠢ᠌ᠭᠡᠮ᠎ᠳᠤ ᠨᠡᠢ᠌ᠲᠡᠯᠡᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠬᠡᠷᠡᠭᠲᠡᠶ᠃
ᠠᠷᠪᠠᠨ ᠲᠠᠪᠤᠳᠤᠭ᠋ᠠᠷ ᠵᠦᠢᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠨᠦᠭᠦᠳ ᠳᠣᠤᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠄
(ᠨᠢᠭᠡ) ᠬᠣᠯᠪᠣᠭᠳᠠᠯ ᠪᠦᠬᠦᠢ ᠠᠵᠢᠯᠯᠠᠭᠰᠠᠳ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠢ᠌ᠭᠤᠯᠬᠤ ᠵᠢᠨ ᠬᠠᠮᠲᠤ ᠨᠠᠢ᠌ᠳᠠᠪᠤᠷᠢᠵᠢᠭᠤᠯᠬᠤ ᠬᠡᠷᠡᠭᠲᠡᠶ;
(ᠬᠣᠶᠠᠷ) ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠷᠠᠭ᠎ᠠ ᠲᠡᠭᠡᠭᠡᠪᠦᠷᠢᠯᠡᠬᠦ ᠬᠡᠮᠵᠢᠯᠲᠡ ᠵᠢᠨ ᠬᠦᠨᠳᠦ ᠵᠢ ᠬᠡᠮᠵᠢᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠵᠢ ᠲᠣᠭᠲᠠᠭ᠋ᠠᠯ ᠶᠣᠰᠣᠭ᠋ᠠᠷ ᠲᠣᠬᠢᠷᠠᠭᠤᠯᠬᠤ ᠵᠢᠨ ᠬᠠᠮᠲᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠯᠤᠭ᠎ᠠ ᠰᠦᠯᠵᠢᠶ᠎ᠡ ᠬᠣᠯᠪᠣᠬᠤ ᠬᠡᠷᠡᠭᠲᠡᠶ;
(ᠭᠤᠷᠪᠠ) ᠪᠠᠷᠠᠭ᠎ᠠ ᠠᠴᠢᠶᠠᠯᠠᠬᠤ᠂ ᠬᠦᠨᠳᠦ ᠵᠢ ᠬᠡᠮᠵᠢᠬᠦ᠂ ᠪᠠᠷᠢᠮᠲᠠ ᠣᠯᠭᠤᠬᠤ ᠵᠡᠷᠭᠡ ᠬᠣᠯᠪᠣᠭᠳᠠᠯ ᠪᠦᠬᠦᠢ ᠠᠵᠢᠯᠯᠠᠭᠰᠠᠳ᠎ᠲᠤ ᠪᠣᠯᠪᠠᠰᠤᠷᠠᠭᠤᠯᠤᠯ ᠬᠢᠬᠦ ᠬᠡᠷᠡᠭᠲᠡᠶ;
(ᠲᠥᠷᠪᠡ) ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠴᠢ ᠵᠢᠯᠣᠭᠣᠴᠢ ᠵᠢᠨ ᠲᠡᠷᠭᠡ ᠶᠠᠪᠤᠭᠤᠯᠬᠤ ᠦᠨᠡᠮᠯᠡᠯ᠂ ᠵᠠᠮ ᠲᠡᠭᠡᠭᠡᠪᠦᠷᠢ ᠵᠢᠨ ᠦᠨᠡᠮᠯᠡᠯ ᠪᠠ ᠵᠠᠮ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ᠎ᠢ ᠳᠠᠩᠰᠠᠯᠠᠬᠤ ᠬᠡᠷᠡᠭᠲᠡᠶ;
(ᠲᠠᠪᠤ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠵᠢᠨ ᠳᠠᠩᠰᠠᠯᠠᠬᠤ᠂ ᠪᠦᠷᠢᠳᠬᠡᠬᠦ ᠪᠠ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠮᠡᠳᠡᠭᠦᠯᠦᠨ ᠬᠦᠷᠭᠡᠬᠦ ᠬᠡᠷᠡᠭᠲᠡᠶ;
(ᠵᠢᠷᠭᠤᠭ᠎ᠠ) ᠬᠠᠤᠯᠢ ᠬᠡᠷᠡᠭᠵᠢᠭᠦᠯᠬᠦ ᠠᠵᠢᠯᠳᠠᠨ᠎ᠤ ᠬᠢᠨᠠᠯᠲᠠ ᠪᠠᠢ᠌ᠴᠠᠭ᠋ᠠᠯᠲᠠ ᠵᠢ ᠬᠦᠯᠢᠶᠡᠵᠦ᠂ ᠴᠠᠭᠳᠠᠨ ᠪᠠᠢ᠌ᠴᠠᠭ᠋ᠠᠬᠤ ᠪᠠ ᠣᠷᠣᠵᠤ ᠰᠠᠭᠤᠬᠤ ᠠᠵᠢᠯᠳᠠᠨ᠎ᠳᠤ ᠴᠢᠬᠤᠯᠠ ᠪᠦᠬᠦᠢ ᠲᠦᠬᠦᠮ ᠨᠥᠬᠥᠴᠡᠯ ᠬᠠᠩᠭ᠋ᠠᠵᠤ᠂ ᠬᠣᠯᠪᠣᠭᠳᠠᠯ ᠪᠦᠬᠦᠢ ᠪᠠᠢ᠌ᠳᠠᠯ ᠪᠣᠯᠤᠨ ᠮᠠᠲ᠋ᠧᠷᠢᠶᠠᠯ᠎ᠢ ᠦᠨᠡᠨ ᠮᠥᠨ ᠵᠶ᠋ᠡᠷ᠎ᠨᠢ ᠬᠠᠩᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠨᠦᠭᠦᠳ ᠳᠣᠣᠷᠠᠬᠢ ᠮᠡᠲᠦ ᠦᠢ᠍ᠯᠡ ᠠᠵᠢᠯᠯᠠᠭ᠎ᠠ ᠪᠠᠢ᠌ᠵᠤ ᠪᠣᠯᠬᠤ ᠦᠭᠡᠶ᠄
(ᠨᠢᠭᠡ) ᠲᠡᠷᠭᠡ ᠶᠠᠪᠤᠭᠤᠯᠬᠤ ᠦᠨᠡᠮᠯᠡᠯ᠂ ᠵᠠᠮ ᠲᠡᠭᠡᠭᠡᠪᠦᠷᠢ ᠵᠢᠨ ᠦᠨᠡᠮᠯᠡᠯ ᠦᠭᠡᠶ ᠪᠤᠶᠤ ᠳᠠᠩᠰᠠᠯᠠᠭᠤᠯᠵᠤ ᠲᠡᠮᠳᠡᠭᠯᠡᠭᠦᠯᠦᠭᠰᠡᠨ ᠦᠭᠡᠶ ᠪᠠᠷᠠᠭ᠎ᠠ ᠲᠡᠭᠡᠭᠡᠪᠦᠷᠢᠯᠡᠬᠦ ᠪᠤᠰᠤᠳ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ;
(ᠬᠣᠶᠠᠷ) ᠵᠠᠮ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ ᠣᠯᠤᠭ᠋ᠠᠳᠤᠶ ᠵᠢᠯᠣᠭᠣᠴᠢ ᠵᠢᠨ ᠵᠢᠯᠣᠭᠣᠳᠴᠤ ᠪᠠᠢ᠌ᠭ᠎ᠠ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ;
(ᠭᠤᠷᠪᠠ) ᠨᠡᠢ᠌ᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ ᠬᠣᠯᠪᠣᠭᠳᠠᠯ ᠪᠦᠬᠦᠢ ᠮᠡᠷᠭᠡᠵᠢᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ;
(ᠲᠥᠷᠪᠡ) ᠪᠠᠷᠢᠮᠵᠢᠶ᠎ᠠ᠎ᠠᠴᠠ ᠬᠡᠲᠦᠷᠡᠭᠦᠯᠦᠨ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ;
(ᠲᠠᠪᠤ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠳᠤᠷ᠎ᠠ᠎ᠪᠠᠷ ᠵᠶ᠋ᠠᠨ ᠲᠠᠯᠪᠢᠵᠤ ᠶᠠᠪᠤᠭᠤᠯᠬᠤ;
(ᠵᠢᠷᠭᠤᠭ᠎ᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠬᠤᠳᠠᠯ ᠬᠠᠭᠤᠷᠮᠠᠭ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠭᠡᠷᠡᠴᠢ ᠬᠠᠩᠭ᠋ᠠᠬᠤ᠃
ᠠᠷᠪᠠᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠷᠣᠵᠤ ᠰᠠᠭᠤᠬᠤ ᠪᠤᠶᠤ ᠴᠠᠭᠳᠠᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠡᠷ ᠳᠠᠮᠵᠢᠭᠤᠯᠤᠨ᠂ ᠭᠣᠣᠯᠳᠠᠯᠭ᠎ᠠ᠎ᠲᠠᠢ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠡᠷᠡᠭᠵᠢᠭᠦᠯᠬᠦ ᠬᠡᠷᠡᠭᠲᠡᠶ᠃
ᠠᠷᠪᠠᠨ ᠨᠠᠢᠮᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ᠎ᠳᠤ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠤᠰ ᠠᠵᠢᠯ ᠲᠥᠷᠥᠯ᠎ᠤᠨ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠳᠤ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠬᠡᠷᠡᠭᠲᠡᠶ᠃ ᠬᠢᠨᠠᠯᠲᠠ ᠲᠠᠯᠪᠢᠵᠤ ᠪᠠᠢ᠌ᠴᠠᠭ᠋ᠠᠬᠤ ᠶᠠᠪᠤᠴᠠ᠎ᠳᠤ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠣᠯᠵᠤ ᠮᠡᠳᠡᠪᠡᠯ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ ᠵᠢ ᠴᠡᠭᠴᠡᠯᠡᠨ ᠵᠠᠰᠠᠭᠤᠯᠬᠤ᠎ᠪᠠᠷ ᠱᠠᠭ᠋ᠠᠷᠳᠠᠬᠤ ᠬᠡᠷᠡᠭᠲᠡᠶ; ᠲᠤᠰ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠦᠯᠦ ᠬᠠᠷᠢᠶᠠᠯᠠᠭᠳᠠᠬᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠂ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠰᠠᠯᠠᠭ᠎ᠠ ᠮᠥᠴᠢᠷ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ ᠲᠦᠷᠦᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠪᠰᠤᠷᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠵᠢᠯ᠎ᠢ ᠰᠠᠢ᠌ᠲᠤᠷ ᠬᠢᠵᠦ᠂ ᠰᠢᠯᠵᠢᠭᠦᠯᠦᠨ ᠬᠦᠷᠭᠡᠭᠰᠡᠨ ᠬᠡᠷᠡᠭ᠎ᠢ᠎ᠨᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠬᠣᠷᠢᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ ᠳᠣᠣᠷᠠᠬᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠄
(ᠨᠢᠭᠡ) ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ᠎ᠳᠤ ᠠᠮᠤᠷ ᠲᠥᠪᠰᠢᠨ᠎ᠤ ᠮᠡᠳᠡᠯᠭᠡ ᠵᠢᠨ ᠪᠣᠯᠪᠠᠰᠤᠷᠠᠭᠤᠯᠤᠯ ᠬᠢᠵᠦ᠂ ᠰᠢᠯᠭ᠋ᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠲᠡᠷᠭᠡ ᠬᠥᠰᠬᠡ ᠬᠠᠩᠭ᠋ᠠᠵᠤ ᠲᠡᠭᠡᠭᠡᠪᠦᠷᠢ ᠵᠢᠨ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠦᠨ᠎ᠡ;
(ᠬᠣᠶᠠᠷ) ᠤᠯᠤᠰ᠎ᠤᠨ ᠪᠠᠷᠢᠮᠵᠢᠶ᠎ᠠ ᠪᠤᠶᠤ ᠠᠵᠢᠯ ᠲᠥᠷᠥᠯ᠎ᠤᠨ ᠪᠠᠷᠢᠮᠵᠢᠶ᠎ᠠ ᠵᠢᠨ ᠶᠣᠰᠣᠭ᠋ᠠᠷ ᠲᠣᠭᠲᠠᠭ᠋ᠠᠭᠰᠠᠨ ᠲᠡᠷᠭᠡ ᠬᠥᠰᠬᠡ ᠵᠢ ᠬᠢᠵᠠᠭ᠋ᠠᠷ᠎ᠲᠠᠢ ᠬᠡᠮᠵᠢᠭᠳᠡᠯ ᠵᠶ᠋ᠡᠷ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ ᠵᠢ ᠵᠥᠪᠰᠢᠶᠡᠷᠡᠨ᠎ᠡ;
(ᠭᠤᠷᠪᠠ) ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠣᠯᠤᠭ᠋ᠠᠳᠤᠶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ ᠵᠢ ᠤᠷᠢᠨ ᠬᠡᠷᠡᠭᠯᠡᠵᠦ ᠪᠣᠯᠬᠤ ᠦᠭᠡᠶ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ ᠵᠢ ᠵᠢᠭ᠋ᠠᠨ ᠳᠣᠬᠢᠵᠤ᠂ ᠠᠯᠪᠠᠳᠠᠵᠤ ᠪᠠᠢ᠌ᠭ᠋ᠠᠳ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠵᠢᠨ ᠲᠡᠭᠡᠭᠡᠪᠦᠷᠢ ᠵᠢ ᠬᠢᠯᠭᠡᠵᠦ ᠪᠣᠯᠬᠤ ᠦᠭᠡᠶ;
(ᠲᠥᠷᠪᠡ) ᠪᠠᠷᠠᠭ᠎ᠠ ᠠᠴᠢᠶᠠᠯᠠᠬᠤ ᠡᠬᠢ ᠡᠭᠦᠰᠦᠯ᠎ᠤᠨ ᠨᠢᠭᠡᠴᠢ ᠠᠶᠤᠯᠭᠦᠢ ᠦᠢᠯᠡᠳᠪᠦᠷᠢᠯᠡᠯ᠎ᠤᠨ ᠡᠭᠦᠷᠭᠡ᠎ᠪᠠᠨ ᠭᠦᠢᠴᠡᠳᠬᠡᠬᠦ ᠦᠭᠡᠶ ᠪᠤᠶᠤ ᠡᠰᠡᠬᠦᠯ᠎ᠡ ᠠᠮᠤᠷ ᠲᠥᠪᠰᠢᠨ᠎ᠤ ᠠᠰᠠᠭᠤᠳᠠᠯ ᠣᠷᠣᠰᠢᠵᠤ ᠪᠠᠢ᠌ᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠃
ᠭᠤᠷᠪᠠᠳᠤᠭ᠋ᠠᠷ ᠪᠦᠯᠦᠭ ᠵᠠᠮ᠎ᠤᠨ ᠵᠠᠰᠠᠯᠲᠠ
ᠬᠣᠷᠢᠨ ᠨᠢᠭᠡᠳᠦᠭᠡᠷ ᠵᠦᠢ᠍ᠯ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠠᠮ ᠳᠡᠭᠡᠷ᠎ᠡ ᠭᠠᠷᠬᠤ ᠵᠢ ᠴᠠᠭ᠋ᠠᠵᠠᠯᠠᠨ᠎ᠠ᠃
ᠵᠠᠳᠠᠯᠵᠤ ᠪᠣᠯᠬᠤ ᠦᠭᠡᠢ ᠡᠳ᠋ ᠪᠣᠳᠠᠰ᠎ᠢ ᠲᠡᠭᠡᠭᠡᠪᠦᠷᠢᠯᠡᠬᠦ ᠵᠢᠨ ᠬᠠᠮᠲᠤ ᠤᠯᠤᠰ᠎ᠤᠨ ᠵᠠᠰᠠᠮᠠᠯ ᠵᠠᠮ᠎ᠤᠨ ᠲᠡᠷᠭᠡ ᠬᠥᠰᠬᠡ ᠵᠢᠨ ᠨᠡᠪᠲᠡᠷᠡᠬᠦ ᠬᠢᠵᠠᠭ᠋ᠠᠷ᠎ᠲᠠᠢ ᠬᠡᠮᠵᠢᠭᠳᠡᠯ᠎ᠠᠴᠠ ᠬᠡᠲᠦᠷᠡᠭᠰᠡᠨ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠵᠠᠰᠠᠮᠠᠯ ᠵᠠᠮ᠎ᠤᠨ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠢ ᠵᠥᠪᠰᠢᠶᠡᠷᠡᠬᠦ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠳᠬᠡᠵᠦ᠂ ᠵᠢᠭ᠋ᠠᠨ ᠲᠣᠭᠲᠠᠭ᠋ᠠᠭᠰᠠᠨ ᠴᠠᠭ᠂ ᠵᠠᠮ ᠱᠤᠭᠤᠮ᠂ ᠬᠤᠷᠳᠤᠴᠠ᠎ᠪᠠᠷ ᠶᠠᠪᠤᠭᠤᠯᠬᠤ ᠵᠢᠨ ᠬᠠᠮᠲᠤ ᠢᠯᠡᠷᠬᠡᠶ ᠲᠡᠮᠳᠡᠭ ᠡᠯᠭᠦᠬᠦ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠬᠤ᠎ᠳᠤ᠂ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ᠎ᠳᠤ ᠪᠠᠢ᠌ᠴᠠᠭ᠋ᠠᠨ ᠬᠡᠮᠵᠢᠬᠦ᠂ ᠨᠡᠭᠦᠳᠡᠯ ᠪᠠᠢ᠌ᠴᠠᠭ᠋ᠠᠨ ᠬᠡᠮᠵᠢᠬᠦ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠎ᠪᠠᠷ ᠪᠠᠢ᠌ᠴᠠᠭ᠋ᠠᠨ ᠬᠡᠮᠵᠢᠬᠦ ᠵᠡᠷᠭᠡ ᠠᠷᠭ᠎ᠠ ᠮᠠᠶᠢᠭ᠎ᠢ ᠠᠪᠴᠤ ᠪᠣᠯᠤᠨ᠎ᠠ᠃
ᠬᠣᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠢᠭᠡᠳᠦᠯᠲᠡᠶ ᠲᠥᠯᠥᠪᠵᠢᠭᠦᠯᠬᠦ᠂ ᠵᠦᠢ ᠵᠣᠬᠢᠰᠲᠠᠶ ᠪᠠᠢ᠌ᠷᠢᠯᠠᠭᠤᠯᠬᠤ᠂ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠴᠠᠭᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠬᠦ ᠵᠠᠷᠴᠢᠮ᠎ᠤᠨ ᠶᠣᠰᠣᠭ᠋ᠠᠷ᠂ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ ᠴᠡᠭ ᠪᠠᠢ᠌ᠷᠢᠯᠠᠭᠤᠯᠬᠤ ᠲᠥᠰᠦᠯ ᠵᠶ᠋ᠡᠨ ᠳᠤᠷᠠᠳᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠰᠠᠨᠠᠯ᠎ᠢ ᠬᠤᠷᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃
ᠵᠠᠰᠠᠮᠠᠯ ᠵᠠᠮ᠎ᠢ ᠰᠢᠨ᠎ᠡ᠎ᠪᠠᠷ ᠪᠠᠢ᠌ᠭᠤᠯᠬᠤ᠂ ᠥᠭᠡᠷᠡᠴᠢᠯᠡᠨ ᠪᠠᠢ᠌ᠭᠤᠯᠬᠤ᠂ ᠥᠷᠭᠡᠳᠬᠡᠨ ᠪᠠᠢ᠌ᠭᠤᠯᠬᠤ᠎ᠳᠤ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ ᠴᠡᠭ᠎ᠢ ᠪᠦᠲᠦᠭᠡᠨ ᠪᠠᠢ᠌ᠭᠤᠯᠬᠤ ᠲᠥᠯᠥᠪᠵᠢᠭᠦᠯᠭᠡ ᠶᠣᠰᠣᠭ᠋ᠠᠷ᠂ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ ᠴᠡᠭ᠂ ᠲᠡᠷᠭᠡ ᠬᠥᠰᠬᠡ ᠵᠢ ᠪᠠᠢ᠌ᠴᠠᠭ᠋ᠠᠨ ᠬᠡᠮᠵᠢᠬᠦ᠂ ᠲᠡᠷᠭᠡ ᠬᠥᠰᠬᠡ ᠵᠢᠨ ᠬᠦᠨᠳᠦ ᠵᠢ ᠬᠡᠮᠵᠢᠬᠦ ᠵᠡᠷᠭᠡ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠵᠢ ᠵᠠᠰᠠᠮᠠᠯ ᠵᠠᠮ᠎ᠤᠨ ᠳᠠᠭ᠋ᠠᠯᠲᠠ ᠲᠥᠬᠦᠭᠡᠷᠦᠮᠵᠢ ᠪᠣᠯᠭ᠋ᠠᠨ ᠪᠠᠷᠢᠯᠭ᠎ᠠ ᠵᠢᠨ ᠲᠥᠰᠦᠪ᠎ᠲᠤ ᠬᠠᠮᠲᠤᠳᠤᠨᠢ ᠵᠢᠭᠰᠠᠭ᠋ᠠᠨ ᠣᠷᠣᠭᠤᠯᠵᠤ᠂ ᠵᠠᠰᠠᠮᠠᠯ ᠵᠠᠮ᠎ᠤᠨ ᠭᠣᠣᠯ ᠴᠣᠭᠴᠠ ᠪᠠᠷᠢᠯᠭ᠎ᠠ᠎ᠯᠤᠭ᠎ᠠ ᠵᠡᠷᠭᠡ᠎ᠳᠤ᠎ᠨᠢ ᠵᠢᠷᠤᠵᠤ ᠲᠥᠯᠥᠪᠯᠡᠵᠦ᠂ ᠵᠡᠷᠭᠡ᠎ᠳᠤ᠎ᠨᠢ ᠪᠦᠲᠦᠭᠡᠨ ᠪᠠᠢ᠌ᠭᠤᠯᠵᠤ᠂ ᠵᠡᠷᠭᠡ᠎ᠳᠤ᠎ᠨᠢ ᠰᠢᠯᠭ᠋ᠠᠨ ᠠᠪᠴᠤ ᠠᠵᠢᠯᠯᠠᠭᠤᠯᠬᠤ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠭᠠᠷᠴᠠ ᠣᠷᠤᠴᠠ᠂ ᠲᠡᠷᠭᠡ ᠵᠣᠭᠰᠣᠭ᠋ᠠᠬᠤ ᠲᠣᠭᠣᠷᠢᠭ᠂ ᠦᠢ᠍ᠯᠡᠴᠢᠯᠡᠭᠡᠨ᠎ᠤ ᠲᠣᠭᠣᠷᠢᠭ ᠵᠢᠴᠢ ᠡᠩ᠎ᠤᠨ ᠵᠠᠰᠠᠮᠠᠯ ᠵᠠᠮ᠎ᠤᠨ ᠰᠦᠢ᠍ᠳᠬᠡᠯ ᠬᠤᠷᠢᠶᠠᠬᠤ ᠥᠷᠲᠡᠭᠡ ᠵᠡᠷᠭᠡ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢᠨ ᠦᠢ᠍ᠯᠡ ᠠᠵᠢᠯᠯᠠᠭ᠎ᠠ ᠵᠢᠨ ᠣᠯᠠᠨ ᠭᠠᠷᠳᠠᠭ ᠵᠠᠮ᠎ᠤᠨ ᠬᠡᠰᠡᠭ᠂ ᠵᠠᠩᠭᠢᠯᠠᠭ᠎ᠠ ᠵᠢᠨ ᠴᠡᠭ᠎ᠲᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠥᠷᠲᠡᠭᠡ᠎ᠠᠴᠠ ᠵᠠᠢ᠌ᠯᠠᠵᠤ ᠲᠣᠭᠣᠷᠢᠨ ᠶᠠᠪᠤᠬᠤ᠂ ᠣᠢ᠌ᠷ᠎ᠠ ᠵᠠᠮ᠎ᠳᠤ ᠪᠤᠴᠠᠭ᠋ᠠᠨ ᠠᠴᠢᠶᠠᠯᠠᠬᠤ ᠵᠡᠷᠭᠡ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠬᠡᠮᠵᠢᠬᠦ ᠬᠡᠷᠡᠭᠲᠡᠶ᠃ ᠨᠡᠭᠦᠳᠡᠯ ᠪᠠᠢ᠌ᠴᠠᠭ᠋ᠠᠨ ᠬᠡᠮᠵᠢᠭᠰᠡᠨ ᠬᠡᠮᠵᠢᠶ᠎ᠡ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠣᠢ᠌ᠷ᠎ᠠ ᠬᠠᠪᠢ ᠵᠢᠨ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ ᠴᠡᠭ ᠪᠤᠶᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠬᠤ ᠵᠢᠨ ᠬᠠᠮᠲᠤ ᠨᠡᠢ᠌ᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡ ᠵᠣᠭᠰᠤᠭ᠋ᠠᠬᠤ ᠲᠠᠯᠠᠪᠠᠢ᠂ ᠠᠴᠢᠶ᠎ᠠ ᠪᠠᠭᠤᠯᠭ᠋ᠠᠬᠤ ᠲᠠᠯᠠᠪᠠᠶ ᠵᠡᠷᠭᠡ ᠲᠡᠷᠭᠡ ᠬᠥᠰᠬᠡ ᠵᠣᠭᠰᠣᠭ᠋ᠠᠬᠤ ᠪᠠ ᠠᠴᠢᠶ᠎ᠠ ᠪᠠᠭᠤᠯᠭ᠋ᠠᠬᠤ ᠨᠥᠬᠥᠴᠡᠯ᠎ᠲᠠᠢ ᠭᠠᠵᠠᠷ ᠪᠤᠶᠤ ᠲᠠᠯᠠᠪᠤᠷ᠎ᠲᠤ ᠬᠥᠲᠥᠯᠥᠨ ᠵᠢᠯᠣᠭᠣᠳᠴᠤ ᠪᠠᠢ᠌ᠭ᠋ᠠᠳ ᠰᠢᠢᠳᠪᠦᠷᠢᠯᠡᠬᠦ ᠬᠡᠷᠡᠭᠲᠡᠶ᠃
ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠡᠭᠡᠭᠡᠪᠦᠷᠢ ᠵᠢᠨ ᠡᠵᠡᠩᠨᠡᠯᠲᠡ ᠵᠢᠨ ᠨᠢᠭᠡᠴᠢ᠎ᠨᠦᠭᠦᠳ ᠬᠠᠷᠢᠶ᠎ᠠ ᠪᠦᠬᠦᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠭᠠᠷᠴᠠ ᠣᠷᠤᠴᠠ ᠵᠢᠨ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ ᠵᠢᠨ ᠴᠤᠭᠯᠠᠭᠤᠯᠤᠭᠰᠠᠨ ᠬᠠᠤᠯᠢ᠎ᠠᠴᠠ ᠵᠦᠷᠢᠴᠡᠭᠰᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠲᠡᠷᠭᠡ ᠬᠥᠰᠬᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠳᠤ ᠴᠠᠭ ᠲᠤᠬᠠᠶ᠎ᠳᠤᠨᠢ ᠳᠠᠮᠵᠢᠭᠤᠯᠬᠤ ᠬᠡᠷᠡᠭᠲᠡᠶ᠃
ᠬᠣᠷᠢᠨ ᠲᠠᠪᠤᠳᠤᠭ᠋ᠠᠷ ᠵᠦᠢᠯ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠮᠲᠤᠷᠠᠨ ᠬᠠᠤᠯᠢ ᠬᠡᠷᠡᠭᠵᠢᠭᠦᠯᠬᠦ ᠵᠢ ᠬᠡᠷᠡᠭᠵᠢᠭᠦᠯᠦᠨ᠎ᠡ᠃
ᠬᠣᠷᠢᠨ ᠵᠢᠷᠭᠤᠳᠤᠭ᠋ᠠᠷ ᠵᠦᠢ᠍ᠯ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ᠎ᠨᠢ ᠥᠷᠲᠡᠭᠡᠨ᠎ᠤ ᠡᠮᠦᠨᠡᠬᠢ ᠲᠡᠷᠭᠡ ᠵᠠᠯᠠᠬᠤ᠂ ᠠᠮᠤᠷ ᠲᠦᠪᠰᠢᠨ᠎ᠤ ᠲᠥᠬᠦᠭᠡᠷᠦᠮᠵᠢ ᠲᠣᠬᠢᠷᠠᠭᠤᠯᠵᠤ᠂ ᠴᠢᠬᠤᠯᠠ ᠪᠦᠬᠦᠢ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠪᠠ ᠪᠠᠢ᠌ᠴᠠᠭ᠋ᠠᠨ ᠬᠡᠮᠵᠢᠬᠦ᠂ ᠠᠴᠢᠶᠠᠯᠠᠵᠤ ᠪᠠᠭᠤᠯᠭ᠋ᠠᠬᠤ᠂ ᠴᠢᠮᠡᠭᠡ ᠬᠣᠯᠪᠣᠭ᠋ᠠᠨ᠎ᠤ ᠲᠥᠬᠥᠭᠡᠷᠦᠮᠵᠢ ᠲᠣᠬᠢᠷᠠᠭᠤᠯᠵᠤ᠂ ᠥᠷᠲᠡᠭᠡᠨ᠎ᠤ ᠳᠣᠲᠣᠷᠠᠬᠢ ᠢᠯᠡᠷᠬᠡᠶ ᠣᠷᠣᠨ ᠪᠠᠢ᠌ᠷᠢ᠎ᠳᠤ ᠵᠥᠪᠰᠢᠶᠡᠷᠡᠭᠰᠡᠨ ᠪᠠᠢ᠌ᠭᠤᠯᠭ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠳᠡᠰ ᠳᠠᠷᠠᠭ᠋ᠠᠯᠠᠯ᠂ ᠵᠠᠰᠠᠭ ᠵᠠᠬᠢᠷᠭ᠋ᠠᠨ ᠵᠶ᠋ᠠᠷ ᠰᠢᠢ᠍ᠳᠬᠡᠨ ᠲᠣᠷᠭ᠋ᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠵᠢ ᠨᠡᠢ᠌ᠲᠡ᠎ᠳᠤ ᠵᠠᠷᠯᠠᠬᠤ ᠬᠡᠷᠡᠭᠲᠡᠶ᠃
ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ᠎ᠨᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠨᠡᠪᠳᠡᠷᠡᠯ᠎ᠤᠨ ᠬᠡᠮᠵᠢᠶ᠎ᠡ ᠶᠣᠰᠣᠭ᠋ᠠᠷ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠪᠠᠢ᠌ᠴᠠᠭ᠋ᠠᠨ ᠬᠡᠮᠵᠢᠬᠦ ᠨᠡᠪᠲᠡᠷᠡᠬᠦ ᠵᠠᠮ᠂ ᠲᠡᠷᠭᠡ ᠬᠥᠰᠬᠡ ᠵᠠᠯᠠᠬᠤ ᠵᠠᠮ᠎ᠢ ᠵᠦᠢ ᠵᠣᠬᠢᠰᠲᠠᠶ ᠪᠠᠢ᠌ᠷᠢᠯᠠᠭᠤᠯᠬᠤ ᠪᠠ ᠵᠣᠬᠢᠴᠠᠩᠭᠤᠶ ᠬᠡᠪᠴᠢᠶ᠎ᠡ ᠪᠦᠬᠦᠢ ᠲᠡᠷᠭᠡ ᠵᠣᠭᠰᠣᠭ᠋ᠠᠬᠤ ᠲᠣᠭᠤᠷᠢᠭ᠂ ᠠᠴᠢᠶ᠎ᠠ ᠪᠠᠭᠤᠯᠭ᠋ᠠᠬᠤ ᠲᠣᠭᠤᠷᠢᠭ᠎ᠢ ᠲᠣᠬᠢᠷᠠᠭᠤᠯᠤᠨ ᠪᠠᠢ᠌ᠭᠤᠯᠵᠤ᠂ ᠲᠡᠷᠭᠡ ᠬᠥᠰᠬᠡ ᠵᠢ ᠪᠠᠢ᠌ᠴᠠᠭ᠋ᠠᠨ ᠬᠡᠮᠵᠢᠬᠦ᠎ᠠᠴᠠ ᠪᠣᠯᠵᠤ ᠪᠤᠰᠤᠳ ᠲᠡᠷᠭᠡ ᠬᠥᠰᠬᠡ ᠵᠢᠨ ᠬᠡᠪ ᠵᠶ᠋ᠠᠷ ᠨᠡᠪᠲᠡᠷᠡᠬᠦ ᠪᠠ ᠵᠠᠮ ᠬᠠᠷᠢᠯᠴᠠᠭ᠋ᠠᠨ᠎ᠤ ᠠᠮᠤᠷ ᠲᠥᠪᠰᠢᠨ᠎ᠢ ᠨᠥᠯᠥᠭᠡᠯᠡᠵᠦ ᠪᠣᠯᠬᠤ ᠦᠭᠡᠶ᠃
ᠬᠣᠷᠢᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠣᠨ ᠵᠠᠰᠠᠭ ᠣᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠬᠡᠮᠵᠢᠵᠦ ᠮᠠᠭ᠋ᠠᠳᠯᠠᠨ ᠲᠣᠭᠲᠠᠭ᠋ᠠᠭᠰᠠᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠳᠣᠣᠷᠠᠬᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠄
(ᠨᠢᠭᠡ) ᠬᠤᠪᠢᠶᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠵᠢᠨ ᠲᠠᠯᠠᠪᠠᠢ᠎ᠳᠤ᠎ᠨᠢ ᠠᠴᠢᠶ᠎ᠠ ᠪᠠᠭᠤᠯᠭ᠋ᠠᠬᠤ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠪᠠᠯ᠂ ᠲᠤᠬᠠᠢ ᠵᠢᠨ ᠬᠥᠮᠦᠨ᠎ᠢ ᠵᠠᠷᠯᠢᠭᠳᠠᠵᠤ ᠪᠠᠢ᠌ᠭ᠋ᠠᠳ ᠥᠪᠡᠰᠦᠪᠡᠨ ᠠᠴᠢᠶ᠎ᠠ ᠪᠠᠭᠤᠯᠭ᠋ᠠᠬᠤ᠂ ᠬᠤᠪᠢᠶᠠᠨ ᠠᠴᠢᠶᠠᠯᠠᠬᠤ ᠵᠡᠷᠭᠡ ᠵᠠᠯᠠᠷᠠᠭᠤᠯᠬᠤ ᠠᠷᠭ᠎ᠠ ᠬᠡᠮᠵᠢᠢ᠎ᠡ ᠠᠪᠤᠭᠤᠯᠵᠤ᠂ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ᠎ᠨᠢ ᠠᠷᠢᠯᠭ᠋ᠠᠭᠤᠯᠬᠤ ᠬᠡᠷᠡᠭᠲᠡᠢ᠃ ᠠᠴᠢᠶ᠎ᠠ ᠪᠠᠭᠤᠯᠭ᠋ᠠᠬᠤ᠂ ᠬᠤᠪᠢᠶᠠᠨ ᠠᠴᠢᠶᠠᠯᠠᠭᠰᠠᠨᠤ ᠳᠠᠷᠠᠭ᠋ᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠳᠠᠬᠢᠨ ᠪᠠᠢ᠌ᠴᠠᠭ᠋ᠠᠵᠤ᠂ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ᠎ᠤ ᠳᠠᠷᠠᠭ᠎ᠠ ᠰᠠᠶᠢ ᠵᠠᠮ᠎ᠳᠤ ᠭᠠᠷᠴᠤ ᠶᠠᠪᠤᠭᠤᠯᠵᠤ ᠪᠣᠯᠤᠨ᠎ᠠ;
(ᠬᠣᠶᠠᠷ) ᠬᠤᠪᠢᠶᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠵᠦ ᠪᠠᠢ᠌ᠭ᠎ᠠ ᠪᠣᠯᠪᠠᠴᠤ ᠲᠤᠬᠠᠶ ᠵᠢᠨ ᠲᠠᠯᠠᠪᠠᠶ᠎ᠳᠤ᠎ᠨᠢ ᠠᠴᠢᠶ᠎ᠠ ᠪᠠᠭᠤᠯᠭ᠋ᠠᠬᠤ ᠨᠥᠬᠥᠴᠡᠯ᠎ᠢ ᠪᠦᠷᠢᠯᠳᠦᠭᠦᠯᠦᠭᠰᠡᠨ ᠦᠭᠡᠢ ᠪᠣᠯ᠂ ᠲᠤᠬᠠᠢ ᠵᠢᠨ ᠬᠥᠮᠦᠨ᠎ᠢ ᠵᠠᠷᠯᠢᠭᠳᠠᠨ ᠣᠢ᠌ᠷ᠎ᠠ ᠬᠠᠪᠢ ᠵᠢᠨ ᠠᠴᠢᠶ᠎ᠠ ᠪᠠᠭᠤᠯᠭ᠋ᠠᠬᠤ ᠨᠥᠬᠥᠴᠡᠯ᠎ᠢ ᠪᠦᠷᠢᠯᠳᠦᠭᠦᠯᠦᠭᠰᠡᠨ ᠭᠠᠵᠠᠷ ᠲᠠᠯᠠᠪᠤᠷ᠎ᠲᠤ ᠣᠴᠢᠭᠤᠯᠵᠤ ᠠᠴᠢᠶ᠎ᠠ ᠪᠠᠭᠤᠯᠭ᠋ᠠᠭᠤᠯᠵᠤ᠂ ᠬᠤᠪᠢᠶᠠᠨ ᠠᠴᠢᠶᠠᠯᠠᠵᠤ᠂ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ᠎ᠨᠢ ᠠᠷᠢᠯᠭ᠋ᠠᠭᠤᠯᠬᠤ ᠬᠡᠷᠡᠭᠲᠡᠶ᠃ ᠠᠴᠢᠶ᠎ᠠ ᠪᠠᠭᠤᠯᠭ᠋ᠠᠬᠤ᠂ ᠬᠤᠪᠢᠶᠠᠨ ᠠᠴᠢᠶᠠᠯᠠᠭᠰᠠᠨᠤ ᠳᠠᠷᠠᠭ᠋ᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠳᠠᠬᠢᠨ ᠪᠠᠢ᠌ᠴᠠᠭ᠋ᠠᠵᠤ᠂ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ᠎ᠤ ᠳᠠᠷᠠᠭ᠎ᠠ ᠰᠠᠶᠢ ᠵᠠᠮ᠎ᠳᠤ ᠭᠠᠷᠴᠤ ᠶᠠᠪᠤᠭᠤᠯᠵᠤ ᠪᠣᠯᠤᠨ᠎ᠠ;
(ᠭᠤᠷᠪᠠ) ᠵᠠᠳᠠᠯᠵᠤ ᠪᠣᠯᠬᠤ ᠦᠭᠡᠶ ᠲᠣᠮᠣ ᠵᠦᠢ᠍ᠯ᠎ᠤᠨ ᠡᠳ᠋ ᠪᠠᠷᠠᠭ᠎ᠠ ᠲᠡᠭᠡᠭᠡᠪᠦᠷᠢᠯᠡᠬᠦ᠎ᠳᠤ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ᠎ᠤᠨ ᠭᠠᠷᠳᠠᠮ ᠭᠦᠢ᠍ᠴᠡᠳᠬᠡᠭᠰᠡᠨ ᠦᠭᠡᠶ ᠪᠣᠯ᠂ ᠲᠤᠬᠠᠢ ᠵᠢᠨ ᠬᠥᠮᠦᠨ᠎ᠢ ᠵᠠᠷᠯᠢᠭᠳᠠᠨ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ᠎ᠨᠢ ᠠᠷᠢᠯᠭ᠋ᠠᠭᠤᠯᠵᠤ᠂ ᠪᠠᠢ᠌ᠴᠠᠭ᠋ᠠᠨ ᠰᠢᠢᠳᠪᠦᠷᠢᠯᠡᠬᠦ ᠵᠢ ᠬᠦᠯᠢᠶᠡᠯᠭᠡᠬᠦ ᠵᠢᠨ ᠬᠠᠮᠲᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠦᠷᠴᠦ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠢ ᠵᠥᠪᠰᠢᠶᠡᠷᠡᠬᠦ ᠭᠠᠷᠳᠠᠮ ᠬᠢᠯᠭᠡᠬᠦ᠎ᠪᠠᠷ ᠭᠤᠶᠤᠴᠢᠯᠠᠬᠤ᠎ᠪᠠᠨ ᠲᠤᠬᠠᠢ ᠵᠢᠨ ᠬᠥᠮᠦᠨ᠎ᠳᠤ ᠮᠡᠳᠡᠭᠳᠡᠬᠦ ᠬᠡᠷᠡᠭᠲᠡᠶ;
(ᠲᠥᠷᠪᠡ) ᠨᠣᠴᠣᠮᠠᠲᠠᠭ᠋ᠠᠶ᠂ ᠳᠡᠯᠪᠡᠷᠡᠮᠡᠲᠡᠭᠡᠶ᠂ ᠳᠣᠭᠰᠢᠨ ᠬᠣᠣᠷᠲᠠᠢ᠂ ᠰᠠᠴᠤᠷᠠᠭ ᠴᠢᠨᠠᠷᠲᠠᠶ ᠵᠡᠷᠭᠡ ᠠᠶᠤᠯᠲᠠᠢ ᠡᠳ᠋ ᠪᠤᠳᠠᠰ᠎ᠢ ᠠᠴᠢᠶᠠᠯᠠᠬᠤ ᠪᠤᠶᠤ ᠬᠣᠯᠢᠵᠤ ᠰᠠᠪᠠᠯᠠᠬᠤ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠶᠣᠰᠣᠭ᠋ᠠᠷ ᠭᠦᠢ᠍ᠴᠡᠳᠬᠡᠬᠦ ᠬᠡᠷᠡᠭᠲᠡᠶ᠃
ᠳᠠᠭ᠋ᠠᠭ᠋ᠠᠨ ᠲᠡᠭᠡᠭᠡᠪᠦᠷᠢᠯᠡᠭᠴᠢ ᠲᠠᠪᠤᠨ ᠡᠳᠦᠷ᠎ᠤᠨ ᠳᠣᠲᠣᠷ᠎ᠠ ᠪᠠᠭᠤᠯᠭ᠋ᠠᠭᠰᠠᠨ ᠪᠠᠷᠠᠭ᠎ᠠ᠎ᠪᠠᠨ ᠰᠢᠢ᠍ᠳᠪᠦᠷᠢᠯᠡᠬᠦ ᠬᠡᠷᠡᠭᠲᠡᠢ; ᠬᠤᠭᠤᠴᠠᠭ᠎ᠠ ᠥᠩᠭᠡᠷᠡᠲᠡᠯ᠎ᠡ ᠰᠢᠢᠳᠪᠦᠷᠢᠯᠡᠬᠦ ᠦᠭᠡᠶ ᠪᠣᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢᠳᠪᠦᠷᠢᠯᠡᠨ᠎ᠡ᠃
ᠬᠣᠷᠢᠨ ᠨᠠᠢᠮᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠵᠢᠠᠭ᠋ᠠᠬᠤ ᠲᠡᠮᠳᠡᠭ ᠪᠤᠶᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠢᠯᠣᠭᠣᠳᠤᠯᠭ᠎ᠠ ᠶᠣᠰᠣᠭ᠋ᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠵᠢ ᠬᠦᠯᠢᠶᠡᠵᠦ᠂ ᠨᠡᠪᠲᠡᠷᠡᠬᠦ ᠲᠡᠷᠭᠡᠨ ᠵᠠᠮ᠎ᠢ ᠵᠣᠷᠢᠭᠤᠳᠠ ᠪᠥᠭᠯᠡᠬᠦ᠂ ᠬᠣᠷᠢᠭ᠎ᠠ ᠵᠢ ᠠᠯᠪᠠ᠎ᠪᠠᠷ ᠳᠠᠭ᠋ᠠᠷᠢᠬᠤ ᠪᠤᠶᠤ ᠪᠤᠰᠤᠳ ᠠᠷᠭ᠎ᠠ ᠮᠠᠶᠢᠭ ᠵᠶ᠋ᠡᠷ ᠪᠠᠢ᠌ᠴᠠᠭ᠋ᠠᠨ ᠬᠡᠮᠵᠢᠬᠦ ᠡᠮᠬᠢ ᠳᠢᠭᠯᠢᠮ᠎ᠢ ᠰᠠᠮᠠᠭᠤᠷᠠᠭᠤᠯᠵᠤ ᠪᠣᠯᠬᠤ ᠦᠭᠡᠶ᠂ ᠣᠢ᠌ᠷ᠎ᠠ ᠵᠠᠮ᠎ᠳᠤ ᠪᠤᠴᠠᠭ᠋ᠠᠨ ᠠᠴᠢᠶᠠᠯᠠᠬᠤ ᠵᠡᠷᠭᠡ ᠠᠷᠭ᠎ᠠ ᠮᠠᠶᠢᠭ᠎ᠢ ᠠᠪᠴᠤ ᠪᠠᠢ᠌ᠴᠠᠭ᠋ᠠᠨ ᠬᠡᠮᠵᠢᠬᠦ᠎ᠠᠴᠠ ᠵᠠᠢ᠌ᠯᠠᠵᠤ ᠪᠣᠯᠬᠤ ᠦᠭᠡᠶ᠃
ᠬᠣᠷᠢ ᠶᠢᠰᠦᠳᠦᠭᠡᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠦᠢᠳᠬᠡᠯ ᠬᠤᠷᠢᠶᠠᠬᠤ ᠵᠠᠰᠠᠮᠠᠯ ᠵᠠᠮ᠎ᠤᠨ ᠡᠵᠡᠩᠨᠡᠯᠲᠡ ᠬᠠᠮᠢᠶᠠᠷᠤᠯᠲᠠ ᠵᠢᠨ ᠨᠢᠭᠡᠴᠢ᠎ᠨᠢ ᠪᠠᠷᠠᠭ᠎ᠠ ᠲᠡᠭᠡᠭᠡᠪᠦᠷᠢᠯᠡᠬᠦ ᠭᠣᠤᠯ ᠨᠡᠪᠲᠡᠷᠡᠬᠦ ᠵᠠᠮ᠂ ᠴᠢᠬᠤᠯᠠ ᠬᠥᠭᠥᠷᠭᠡ᠂ ᠴᠢᠬᠤᠯᠠ ᠨᠦᠬᠡᠨ ᠵᠠᠮ᠎ᠤᠨ ᠣᠷᠤᠴᠠ ᠵᠢᠴᠢ ᠪᠠᠷᠠᠭ᠎ᠠ ᠲᠡᠭᠡᠭᠡᠪᠦᠷᠢᠯᠡᠬᠦ ᠨᠡᠪᠲᠡᠷᠡᠯ᠎ᠤᠨ ᠬᠡᠮᠵᠢᠶ᠎ᠡ᠎ᠪᠠᠷ ᠨᠡᠯᠢᠶᠡᠳ ᠶᠡᠬᠡ ᠵᠠᠮ᠎ᠤᠨ ᠬᠡᠰᠡᠭ ᠪᠣᠯᠤᠨ ᠵᠠᠩᠭᠢᠯᠠᠭ᠎ᠠ ᠴᠡᠭ᠎ᠲᠤ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ ᠲᠣᠬᠢᠷᠠᠭᠤᠯᠬᠤ ᠵᠢᠨ ᠬᠠᠮᠲᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠪᠠᠢ᠌ᠴᠠᠭ᠋ᠠᠨ ᠬᠡᠮᠵᠢᠭᠰᠡᠨ ᠮᠡᠳᠡᠭᠡ ᠵᠠᠩᠭᠢ᠎ᠪᠠᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠳᠤ ᠴᠠᠭ ᠲᠤᠬᠠᠶ᠎ᠳᠤᠨᠢ ᠳᠠᠮᠵᠢᠭᠤᠯᠤᠨ ᠬᠦᠷᠭᠡᠵᠦ᠂ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠣᠯᠵᠤ ᠮᠡᠳᠡᠭᠰᠡᠨ ᠲᠡᠭᠡᠭᠡᠪᠦᠷᠢ ᠵᠢᠨ ᠲᠡᠷᠭᠡ ᠬᠥᠰᠬᠡ ᠵᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠰᠢᠢᠳᠪᠦᠷᠢᠯᠡᠬᠦ ᠬᠡᠷᠡᠭᠲᠡᠶ᠃
ᠭᠤᠴᠢᠳᠤᠭ᠋ᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠬᠥᠳᠡᠯᠦᠩᠭᠦᠶ ᠪᠠᠢ᠌ᠳᠠᠯ᠎ᠤᠨ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠭᠠᠷᠴᠠ ᠣᠷᠤᠴᠠ ᠵᠢᠨ ᠮᠡᠷᠭᠡᠵᠢᠯ᠎ᠤᠨ ᠪᠠᠢ᠌ᠴᠠᠭ᠋ᠠᠨ ᠬᠡᠮᠵᠢᠵᠦ ᠬᠢᠨᠠᠨ ᠡᠵᠡᠮᠳᠡᠬᠦ ᠲᠥᠬᠥᠭᠡᠷᠦᠮᠵᠢ ᠵᠢ ᠠᠰᠢᠭᠯᠠᠨ ᠬᠠᠤᠯᠢ᠎ᠠᠴᠠ ᠵᠥᠷᠢᠴᠡᠭᠰᠡᠨ ᠪᠣᠳᠠᠲᠤ ᠶᠠᠪᠤᠳᠠᠯ᠎ᠢ ᠴᠤᠭᠯᠠᠭᠤᠯᠵᠤ᠂ ᠲᠣᠭᠲᠠᠪᠤᠷᠢᠵᠢᠭᠤᠯᠤᠭᠰᠠᠨ ᠪᠣᠯ᠂ ᠬᠠᠤᠯᠢ ᠲᠦᠷᠢᠮ ᠪᠠ ᠮᠡᠷᠭᠡᠵᠢᠯ᠎ᠤᠨ ᠬᠢᠨᠠᠨ ᠬᠠᠷᠭᠤᠭᠤᠯᠤᠯᠲᠠ᠎ᠪᠠᠷ ᠳᠠᠮᠵᠢᠭᠤᠯᠵᠤ᠂ ᠡᠯᠧᠺᠲᠷᠣᠨ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠎ᠨᠢ ᠪᠠᠷᠢᠮᠵᠢᠶ᠎ᠠ᠎ᠳᠤ ᠨᠡᠢ᠌ᠴᠡᠭᠰᠡᠨ᠂ ᠪᠠᠢ᠌ᠷᠢᠯᠠᠭᠤᠯᠤᠭᠰᠠᠨ᠎ᠨᠢ ᠵᠦᠶ ᠵᠣᠬᠢᠰᠲᠠᠶ᠂ ᠲᠡᠮᠳᠡᠭ᠎ᠨᠢ ᠢᠯᠡ ᠲᠣᠳᠣ ᠪᠠᠢ᠌ᠬᠤ ᠵᠢ ᠪᠠᠲᠤᠯᠠᠵᠤ᠂ ᠪᠠᠢ᠌ᠷᠢᠯᠠᠭᠤᠯᠤᠭᠰᠠᠨ ᠭᠠᠵᠠᠷ᠎ᠢ ᠨᠡᠢ᠌ᠭᠡᠮ᠎ᠳᠤ ᠨᠡᠢ᠌ᠲᠡᠯᠡᠵᠦ᠂ ᠣᠯᠤᠭᠰᠠᠨ ᠡᠯᠧᠺᠲᠷᠣᠨ ᠳ᠋ᠠᠢ᠌ᠲ᠋ᠠ᠎ᠪᠠᠷ ᠰᠠᠶᠢ ᠬᠡᠷᠡᠭ᠎ᠤᠨ ᠪᠣᠳᠠᠲᠤ ᠶᠠᠪᠤᠳᠠᠯ᠎ᠢ ᠮᠠᠭ᠋ᠠᠳᠯᠠᠨ ᠲᠣᠭᠲᠠᠭ᠋ᠠᠬᠤ ᠭᠡᠷᠡᠴᠢ ᠪᠠᠷᠢᠮᠲᠠ ᠪᠣᠯᠭ᠋ᠠᠵᠤ ᠪᠣᠯᠤᠨ᠎ᠠ᠃
ᠡᠯᠧᠺᠲᠷᠣᠨ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠎ᠨᠢ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠦᠨᠡᠨ ᠪᠣᠳᠠᠲᠠᠢ᠂ ᠲᠣᠳᠣᠷᠬᠠᠢ᠂ ᠪᠦᠷᠢᠨ ᠪᠦᠲᠦᠨ᠂ ᠵᠥᠪ ᠣᠨᠣᠪᠴᠢᠲᠠᠢ ᠲᠡᠮᠳᠡᠭᠯᠡᠭᠰᠡᠨ ᠪᠠᠢ᠌ᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠲᠡᠮᠳᠡᠭᠯᠡᠯ᠎ᠤᠨ ᠠᠭᠤᠯᠭ᠎ᠠ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ ᠵᠢ ᠬᠢᠨᠠᠨ ᠬᠠᠷᠭᠤᠭᠤᠯᠬᠤ ᠬᠡᠷᠡᠭᠲᠡᠢ; ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭ᠋ᠠᠳ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠪᠠᠢ᠌ᠪᠠᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠭᠡᠷᠡᠴᠢ ᠪᠠᠷᠢᠮᠲᠠ ᠪᠣᠯᠭ᠋ᠠᠵᠤ ᠪᠣᠯᠬᠤ ᠦᠭᠡᠢ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠢᠨᠠᠨ ᠬᠠᠷᠭᠤᠭᠤᠯᠤᠭ᠋ᠠᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠨᠢ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠨᠤᠲᠠᠯᠠᠭᠰᠠᠨ ᠪᠣᠯ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠮᠡᠳᠡᠭᠡ ᠵᠠᠩᠭᠢ ᠵᠢ ᠮᠠᠰᠢᠨ ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ ᠵᠢᠨ ᠳᠣᠲᠣᠷᠠᠬᠢ ᠬᠠᠷᠢᠯᠴᠠᠬᠤ ᠠᠷᠭ᠎ᠠ ᠮᠠᠶᠢᠭ᠎ᠤᠨ ᠶᠣᠰᠣᠭ᠋ᠠᠷ ᠪᠢᠴᠢᠭ᠎ᠤᠨ ᠮᠡᠳᠡᠭᠳᠡᠯ᠂ ᠳ᠋ᠢᠶᠠᠩᠬᠤᠸᠠ᠂ ᠭᠠᠷ ᠤᠲᠠᠰᠤᠨ᠎ᠤ ᠣᠬᠣᠷ ᠮᠡᠳᠡᠭᠡ᠂ ᠰᠢᠯᠵᠢᠮᠡᠯ ᠢᠨᠲ᠋ᠧᠷ ᠰᠦᠯᠵᠢᠶᠡᠨ᠎ᠤ ᠬᠡᠷᠡᠭᠯᠡᠭᠡᠨ᠎ᠤ ᠫᠷᠤᠭ᠌ᠷᠠᠮ ᠵᠡᠷᠭᠡ ᠠᠷᠭ᠎ᠠ ᠮᠠᠶᠢᠭ ᠵᠶ᠋ᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ᠎ᠳᠤ ᠮᠡᠳᠡᠭᠳᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠠᠷᠭ᠎ᠠ ᠮᠠᠶᠢᠭ ᠵᠶ᠋ᠠᠷ ᠳᠠᠮᠵᠢᠭᠤᠯᠤᠨ ᠮᠡᠳᠡᠭᠳᠡᠬᠦ ᠵᠢᠨ ᠠᠷᠭ᠎ᠠ ᠥᠬᠡᠶ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ ᠵᠢᠨ ᠵᠠᠷᠯᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠮᠡᠳᠡᠭᠳᠡᠵᠦ ᠪᠣᠯᠤᠨ᠎ᠠ᠃ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠵᠢᠯᠣᠭᠣᠴᠢ᠎ᠨᠢ ᠮᠡᠳᠡᠭᠳᠡᠯ ᠪᠤᠶᠤ ᠵᠠᠷᠯᠠᠨ ᠮᠡᠳᠡᠭᠳᠡᠭᠰᠡᠨᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠰᠢᠢᠳᠪᠦᠷᠢᠯᠡᠬᠦ ᠬᠡᠷᠡᠭᠲᠡᠶ᠃
ᠭᠤᠴᠢᠨ ᠨᠢᠭᠡᠳᠦᠭᠡᠷ ᠵᠦᠢ᠍ᠯ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠥᠷᠲᠡᠭᠡ ᠪᠠ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠭᠠᠷᠴᠠ ᠣᠷᠤᠴᠠ ᠵᠢᠨ ᠭᠠᠵᠠᠷ ᠵᠢᠩᠯᠡᠭᠦᠷ᠂ ᠳᠥᠭᠥᠮ ᠪᠠᠢ᠌ᠴᠠᠭ᠋ᠠᠨ ᠬᠡᠮᠵᠢᠬᠦ ᠭᠠᠵᠠᠷ ᠵᠢᠩᠯᠡᠭᠦᠷ ᠵᠢᠴᠢ ᠲᠡᠷᠭᠡ ᠵᠣᠭᠰᠣᠭ᠋ᠠᠬᠤ ᠦᠭᠡᠶ᠎ᠪᠠᠷ ᠪᠠᠢ᠌ᠴᠠᠭ᠋ᠠᠨ ᠬᠡᠮᠵᠢᠬᠦ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠬᠠᠤᠯᠢ ᠶᠣᠰᠣᠭ᠋ᠠᠷ ᠬᠠᠮᠢᠶᠠᠷᠬᠤ ᠵᠢᠨ ᠬᠠᠮᠲᠤ᠂ ᠬᠠᠤᠯᠢ᠎ᠪᠠᠷ ᠲᠣᠭᠲᠠᠭ᠋ᠠᠭᠰᠠᠨ ᠬᠢᠷᠢ ᠬᠡᠮ᠎ᠲᠠᠢ ᠬᠡᠮᠵᠢᠯᠲᠡ ᠵᠢᠨ ᠪᠠᠢ᠌ᠭᠤᠯᠤᠮᠵᠢ᠎ᠪᠠᠷ ᠰᠢᠯᠭ᠋ᠠᠨ ᠲᠣᠭᠲᠠᠭ᠋ᠠᠯᠭ᠋ᠠᠬᠤ ᠬᠡᠷᠡᠭᠲᠡᠶ᠃ ᠲᠣᠭᠲᠠᠭ᠋ᠠᠯ ᠶᠣᠰᠣᠭ᠋ᠠᠷ ᠰᠢᠯᠭ᠋ᠠᠨ ᠲᠣᠭᠲᠠᠭ᠋ᠠᠭᠰᠠᠨ ᠤᠢ᠍ᠭᠡᠢ᠂ ᠬᠤᠭᠤᠴᠠᠭ᠎ᠠ ᠬᠡᠲᠦᠷᠡᠲᠡᠯ᠎ᠡ ᠬᠢᠨᠠᠨ ᠲᠣᠭᠲᠠᠭ᠋ᠠᠭᠰᠠᠨ ᠤᠢ᠍ᠭᠡᠢ ᠪᠤᠶᠤ ᠰᠢᠯᠭ᠋ᠠᠨ ᠲᠣᠭᠲᠠᠭ᠋ᠠᠭ᠋ᠠᠳ ᠬᠢᠷᠢ ᠲᠡᠩᠴᠡᠭᠰᠡᠨ ᠤᠢ᠍ᠭᠡᠢ ᠪᠣᠯ ᠬᠡᠷᠡᠭᠯᠡᠵᠦ ᠪᠣᠯᠬᠤ ᠤᠢ᠍ᠭᠡᠢ᠃
ᠭᠤᠴᠢᠨ ᠬᠣᠶᠠᠳᠤᠭ᠋ᠠᠷ ᠵᠦᠢ᠍ᠯ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠦᠨ ᠭᠡᠳ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠭᠦᠰᠡᠨᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠂ ᠪᠡᠯᠡᠳᠬᠡᠮᠵᠢ ᠵᠢ ᠡᠪᠳᠡᠵᠦ ᠪᠣᠯᠬᠤ ᠦᠭᠡᠶ᠂ ᠲᠡᠷᠭᠡ ᠵᠣᠭᠰᠣᠭ᠋ᠠᠬᠤ ᠦᠭᠡᠶ᠎ᠪᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠭᠦᠰᠡᠨᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠂ ᠪᠡᠯᠡᠳᠬᠡᠮᠵᠢ ᠵᠢᠨ ᠠᠵᠢᠯᠯᠠᠭ᠋ᠠᠨ᠎ᠢ ᠬᠠᠷᠰᠢᠯᠠᠵᠤ ᠪᠣᠯᠬᠤ ᠦᠭᠡᠶ᠂ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠵᠠᠳᠠᠷᠠᠭᠤᠯᠬᠤ᠂ ᠬᠠᠰᠤᠬᠤ᠂ ᠥᠭᠡᠷᠡᠲᠦᠭᠦᠯᠵᠦ ᠪᠣᠯᠬᠤ ᠦᠭᠡᠶ᠃
ᠭᠤᠴᠢᠨ ᠭᠤᠷᠪᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠨᠢ ᠲᠡᠷᠭᠡ ᠵᠣᠭᠰᠣᠭ᠋ᠠᠬᠤ ᠦᠭᠡᠶ᠎ᠪᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠭᠦᠰᠡᠨᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠣᠷᠣᠨ ᠪᠦᠰᠡ ᠵᠢ ᠥᠩᠭᠡᠷᠡᠬᠦ ᠦᠶ᠎ᠡ᠎ᠳᠤ᠂ ᠵᠠᠮ ᠬᠠᠷᠢᠯᠴᠠᠭ᠋ᠠᠨ᠎ᠤ ᠲᠡᠮᠳᠡᠭ ᠵᠢᠷᠤᠭ᠋ᠠᠰᠤ ᠶᠣᠰᠣᠭ᠋ᠠᠷ ᠶᠠᠪᠤᠭᠤᠯᠬᠤ ᠬᠡᠷᠡᠭᠲᠡᠶ᠂ ᠳᠣᠣᠷᠠᠬᠢ ᠮᠡᠲᠦ ᠦᠢ᠍ᠯᠡ ᠠᠵᠢᠯᠯᠠᠭ᠎ᠠ ᠪᠠᠢ᠌ᠵᠤ ᠪᠣᠯᠬᠤ ᠦᠭᠡᠶ᠄
(ᠨᠢᠭᠡ) ᠵᠣᠷᠢᠭᠤᠳᠠ ᠬᠡᠳᠦ ᠳᠣᠣᠷ᠎ᠠ ᠬᠤᠷᠳᠤᠴᠠ᠎ᠪᠠᠷ ᠶᠠᠪᠤᠭᠤᠯᠬᠤ᠂ ᠲᠦᠷᠭᠡᠨ ᠲᠣᠷᠣᠮᠰᠤᠯᠠᠬᠤ᠂ ᠣᠯᠠᠨ ᠲᠡᠷᠭᠡ ᠬᠦᠰᠬᠡ ᠵᠢ ᠵᠡᠷᠭᠡᠴᠡᠭᠦᠯᠬᠦ᠂ ᠪᠣᠷᠪᠢᠳᠤᠨ ᠳᠠᠭ᠋ᠠᠬᠤ ᠪᠤᠶᠤ ᠬᠦᠨᠳᠦ ᠵᠢ ᠬᠡᠮᠵᠢᠬᠦ ᠲᠣᠨᠣᠭᠯᠠᠯ᠎ᠠᠴᠠ ᠵᠠᠢ᠌ᠳᠠᠭᠤᠯᠬᠤ ᠵᠡᠷᠭᠡ ᠠᠷᠭ᠎ᠠ ᠮᠠᠶᠢᠭ᠎ᠢ ᠠᠪᠴᠤ ᠪᠠᠢ᠌ᠴᠠᠭ᠋ᠠᠨ ᠬᠡᠮᠵᠢᠬᠦ᠎ᠠᠴᠠ ᠵᠠᠢ᠌ᠯᠠᠬᠤ;
(ᠬᠣᠶᠠᠷ) ᠵᠠᠮ ᠠᠯᠤᠰᠯᠠᠬᠤ᠂ ᠱᠤᠭᠤᠮ ᠳᠠᠷᠤᠬᠤ᠂ ᠮᠠᠰᠢᠨ ᠲᠡᠷᠭᠡ ᠵᠢᠨ ᠨᠣᠮᠧᠷ᠎ᠤᠨ ᠫᠠᠢ᠌ᠰᠠ ᠵᠢ ᠵᠣᠷᠢᠭᠤᠳᠠ ᠬᠠᠯᠬᠠᠯᠠᠬᠤ᠂ ᠪᠣᠬᠢᠷᠲᠤᠭᠤᠯᠬᠤ ᠪᠤᠶᠤ ᠬᠠᠭᠤᠷᠮᠠᠭᠯᠠᠨ ᠵᠣᠬᠢᠶᠠᠭᠰᠠᠨ᠎ᠢ ᠬᠡᠷᠡᠭᠯᠡᠬᠦ ᠵᠡᠷᠭᠡ ᠠᠷᠭ᠎ᠠ ᠮᠠᠶᠢᠭ ᠵᠶ᠋ᠠᠷ ᠪᠠᠢ᠌ᠴᠠᠭ᠋ᠠᠨ ᠬᠡᠮᠵᠢᠬᠦ᠎ᠠᠴᠠ ᠵᠠᠢ᠌ᠯᠠᠬᠤ᠃
ᠭᠤᠴᠢᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠰᠢᠶᠠᠩ᠎ᠤᠨ ᠵᠠᠮ᠂ ᠲᠣᠰᠬᠣᠨ᠎ᠤ ᠵᠠᠮ᠎ᠢ ᠬᠠᠮᠠᠭ᠋ᠠᠯᠠᠬᠤ ᠬᠡᠷᠡᠭᠴᠡᠭᠡ ᠵᠢ ᠦᠨᠳᠦᠰᠦᠯᠡᠨ᠂ ᠰᠢᠶᠠᠩ᠎ᠤᠨ ᠵᠠᠮ᠂ ᠲᠣᠰᠬᠣᠨ᠎ᠤ ᠵᠠᠮ᠎ᠤᠨ ᠭᠠᠷᠴᠠ ᠣᠷᠤᠴᠠ᠎ᠳᠤ ᠥᠨᠳᠥᠷ᠎ᠢ ᠬᠢᠵᠠᠭ᠋ᠠᠷᠯᠠᠬᠤ᠂ ᠥᠷᠭᠡᠨ᠎ᠢ ᠬᠢᠵᠠᠭ᠋ᠠᠷᠯᠠᠬᠤ ᠴᠢᠬᠤᠯᠠ ᠪᠦᠬᠦᠢ ᠲᠥᠬᠦᠭᠡᠷᠦᠮᠵᠢ ᠵᠢ ᠬᠠᠤᠯᠢ ᠶᠣᠰᠣᠭ᠋ᠠᠷ ᠪᠠᠢ᠌ᠷᠢᠯᠠᠭᠤᠯᠵᠤ ᠪᠣᠯᠤᠨ᠎ᠠ᠂ ᠭᠡᠬᠦ᠎ᠳᠤ᠎ᠪᠠᠨ ᠭᠠᠯ ᠤᠨᠲᠠᠷᠠᠭ᠋ᠠᠬᠤ ᠪᠠ ᠡᠷᠡᠭᠦᠯ ᠬᠠᠮᠠᠭ᠋ᠠᠯᠠᠯ᠎ᠤᠨ ᠲᠦᠷᠭᠡᠨ ᠠᠪᠤᠷᠠᠬᠤ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠡᠷᠡᠭᠴᠡᠭᠡ ᠵᠢ ᠨᠥᠯᠥᠭᠡᠯᠡᠵᠦ ᠪᠣᠯᠬᠤ ᠦᠭᠡᠶ᠂ ᠨᠡᠪᠲᠡᠷᠡᠬᠦ ᠲᠡᠷᠭᠡ ᠬᠥᠰᠬᠡ᠎ᠠᠴᠠ ᠰᠦᠢ᠍ᠳᠬᠡᠯ ᠬᠤᠷᠢᠶᠠᠵᠤ ᠪᠣᠯᠬᠤ ᠦᠭᠡᠶ᠃
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠲᠠᠪᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》᠂ 《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠶ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ ᠭᠠᠷᠭ᠋ᠠᠵᠤ᠂ ᠲᠣᠭᠲᠠᠭ᠋ᠠᠯ ᠵᠶ᠋ᠠᠷ᠎ᠨᠢ ᠬᠡᠷᠡᠭᠵᠢᠭᠦᠯᠬᠦ ᠬᠡᠷᠡᠭᠲᠡᠶ᠃
ᠭᠤᠴᠢᠨ ᠵᠢᠷᠭᠤᠳᠤᠭ᠋ᠠᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠳᠤ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ 1000 ᠲᠥᠭᠥᠷᠢᠭ᠎ᠠᠴᠠ ᠳᠡᠭᠡᠭᠰᠢ 3000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ ᠬᠡᠷᠡᠭᠲᠡᠶ᠄
(ᠨᠢᠭᠡ) ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠷᠠᠭ᠎ᠠ ᠲᠡᠭᠡᠭᠡᠪᠦᠷᠢᠯᠡᠬᠦ ᠬᠡᠮᠵᠢᠯᠲᠡ ᠵᠢᠨ ᠬᠦᠨᠳᠦ ᠵᠢ ᠬᠡᠮᠵᠢᠬᠦ ᠪᠠ ᠬᠢᠨᠠᠨ ᠡᠵᠡᠮᠳᠡᠬᠦ ᠲᠥᠬᠥᠭᠡᠷᠦᠮᠵᠢ ᠵᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠭᠰᠠᠨ ᠦᠭᠡᠶ;
(ᠬᠣᠶᠠᠷ) ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠦᠨᠳᠦ ᠵᠢ ᠬᠡᠮᠵᠢᠬᠦ ᠲᠣᠭ᠎ᠠ ᠪᠠᠷᠢᠮᠲᠠ ᠪᠣᠯᠤᠨ ᠬᠢᠨᠠᠨ ᠡᠵᠡᠮᠳᠡᠬᠦ ᠲᠣᠭ᠎ᠠ ᠪᠠᠷᠢᠮᠲᠠ ᠵᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠯᠤᠭ᠎ᠠ ᠰᠦᠯᠵᠢᠶ᠎ᠡ ᠬᠣᠯᠪᠤᠭᠰᠠᠨ ᠦᠭᠡᠶ;
(ᠭᠤᠷᠪᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠵᠢᠨ ᠳᠠᠩᠰᠠᠯᠠᠬᠤ᠂ ᠪᠦᠷᠢᠳᠬᠡᠬᠦ ᠪᠠ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠦᠭᠰᠡᠨ ᠦᠭᠡᠶ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠮᠡᠳᠡᠭᠦᠯᠦᠨ ᠬᠦᠷᠭᠡᠭᠰᠡᠨ ᠦᠭᠡᠶ᠃
ᠭᠤᠴᠢᠨ ᠳᠣᠯᠣᠳᠤᠭ᠋ᠠᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠳᠤ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ ᠬᠡᠷᠡᠭᠲᠡᠶ᠄
(ᠨᠢᠭᠡ) ᠲᠡᠷᠭᠡ ᠶᠠᠪᠤᠭᠤᠯᠬᠤ ᠦᠨᠡᠮᠯᠡᠯ᠂ ᠵᠠᠮ ᠲᠡᠭᠡᠭᠡᠪᠦᠷᠢ ᠵᠢᠨ ᠦᠨᠡᠮᠯᠡᠯ ᠦᠭᠡᠶ ᠪᠤᠶᠤ ᠳᠠᠩᠰᠠᠯᠠᠵᠤ ᠲᠡᠮᠳᠡᠭᠯᠡᠭᠦᠯᠦᠭᠰᠡᠨ ᠦᠭᠡᠶ ᠪᠠᠷᠠᠭ᠎ᠠ ᠵᠢᠨ ᠲᠡᠭᠡᠭᠡᠪᠦᠷᠢ ᠵᠢᠨ ᠪᠤᠰᠤᠳ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ;
(ᠬᠣᠶᠠᠷ) ᠨᠡᠢ᠌ᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ ᠬᠣᠯᠪᠣᠭᠳᠠᠯ ᠪᠦᠬᠦᠢ ᠮᠡᠷᠭᠡᠵᠢᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ;
(ᠭᠤᠷᠪᠠ) ᠪᠠᠷᠢᠮᠵᠢᠶ᠎ᠠ ᠶᠣᠰᠣᠭ᠋ᠠᠷ ᠪᠠᠷᠠᠭ᠎ᠠ ᠠᠴᠢᠶᠠᠯᠠᠭᠰᠠᠨ ᠦᠭᠡᠢ᠂ ᠲᠡᠭᠡᠭᠡᠪᠦᠷᠢ ᠲᠣᠬᠢᠷᠠᠭᠤᠯᠤᠭᠰᠠᠨ ᠦᠭᠡᠶ;
(ᠲᠥᠷᠪᠡ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠳᠤᠷ᠎ᠠ᠎ᠪᠠᠷ ᠵᠶ᠋ᠠᠨ ᠲᠠᠯᠪᠢᠵᠤ ᠶᠠᠪᠤᠭᠤᠯᠬᠤ;
(ᠲᠠᠪᠤ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠬᠤᠳᠠᠯ ᠬᠠᠭᠤᠷᠮᠠᠭ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠭᠡᠷᠡᠴᠢ ᠬᠠᠩᠭ᠋ᠠᠬᠤ᠃
ᠭᠤᠴᠢᠨ ᠨᠠᠢᠮᠠᠳᠤᠭ᠋ᠠᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ᠎ᠨᠢ ᠵᠠᠮ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠣᠯᠤᠭ᠋ᠠᠳᠤᠶ ᠵᠢᠯᠣᠭᠣᠴᠢ ᠵᠢᠨ ᠵᠢᠯᠣᠭᠣᠳᠴᠤ ᠪᠠᠢ᠌ᠭ᠎ᠠ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠲᠡᠷᠭᠡ ᠪᠦᠷᠢ ᠵᠢ 1000 ᠲᠥᠭᠥᠷᠢᠭ ᠵᠣᠭᠣᠰ ᠵᠶ᠋ᠠᠷ ᠲᠣᠷᠭ᠋ᠠᠬᠤ ᠬᠡᠷᠡᠭᠲᠡᠶ᠃
ᠭᠤᠴᠢ ᠶᠢᠰᠦᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠳᠣᠣᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠶᠣᠰᠣᠭ᠋ᠠᠷ ᠰᠢᠢᠳᠪᠦᠷᠢᠯᠡᠬᠦ ᠬᠡᠷᠡᠭᠲᠡᠶ᠄
(ᠨᠢᠭᠡ) ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠲᠡᠷᠭᠡ ᠵᠣᠭᠰᠣᠭ᠋ᠠᠬᠤ ᠦᠭᠡᠶ᠎ᠪᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠣᠷᠣᠨ ᠪᠦᠰᠡ ᠵᠢ ᠥᠩᠭᠡᠷᠡᠬᠦ ᠦᠶ᠎ᠡ᠎ᠳᠤ᠂ ᠬᠡᠳᠦ ᠳᠣᠣᠷ᠎ᠠ ᠬᠤᠷᠳᠤᠴᠠ᠎ᠪᠠᠷ ᠶᠠᠪᠤᠭᠤᠯᠬᠤ᠂ ᠲᠦᠷᠭᠡᠨ ᠲᠣᠷᠣᠮᠰᠤᠯᠠᠬᠤ᠂ ᠣᠯᠠᠨ ᠲᠡᠷᠭᠡ ᠬᠦᠰᠬᠡ ᠵᠢ ᠵᠡᠷᠭᠡᠴᠡᠭᠦᠯᠬᠦ᠂ ᠪᠣᠷᠪᠢᠳᠤᠨ ᠳᠠᠭ᠋ᠠᠬᠤ ᠪᠤᠶᠤ ᠬᠦᠨᠳᠦ ᠵᠢ ᠬᠡᠮᠵᠢᠬᠦ ᠲᠣᠨᠣᠭᠯᠠᠯ᠎ᠠᠴᠠ ᠵᠠᠢ᠌ᠳᠠᠭᠤᠯᠬᠤ ᠵᠡᠷᠭᠡ ᠠᠷᠭ᠎ᠠ ᠮᠠᠶᠢᠭ᠎ᠢ ᠠᠪᠴᠤ ᠪᠠᠢ᠌ᠴᠠᠭ᠋ᠠᠨ ᠬᠡᠮᠵᠢᠬᠦ᠎ᠠᠴᠠ ᠵᠠᠢ᠌ᠯᠠᠬᠤ;
(ᠬᠣᠶᠠᠷ) ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠲᠡᠷᠭᠡ ᠵᠣᠭᠰᠣᠭ᠋ᠠᠬᠤ ᠦᠭᠡᠶ᠎ᠪᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠣᠷᠣᠨ ᠪᠦᠰᠡ ᠵᠢ ᠥᠩᠭᠡᠷᠡᠬᠦ ᠦᠶ᠎ᠡ᠎ᠳᠤ᠂ ᠵᠠᠮ ᠠᠯᠤᠰᠯᠠᠬᠤ᠂ ᠱᠤᠭᠤᠮ ᠳᠠᠷᠤᠬᠤ᠂ ᠮᠠᠰᠢᠨ ᠲᠡᠷᠭᠡ ᠵᠢᠨ ᠨᠣᠮᠧᠷ᠎ᠤᠨ ᠫᠠᠢ᠌ᠰᠠ ᠵᠢ ᠵᠣᠷᠢᠭᠤᠳᠠ ᠬᠠᠯᠬᠠᠯᠠᠬᠤ᠂ ᠪᠣᠬᠢᠷᠲᠤᠭᠤᠯᠬᠤ ᠪᠤᠶᠤ ᠬᠠᠭᠤᠷᠮᠠᠭᠯᠠᠨ ᠵᠣᠬᠢᠶᠠᠭᠰᠠᠨ᠎ᠢ ᠬᠡᠷᠡᠭᠯᠡᠬᠦ ᠵᠡᠷᠭᠡ ᠠᠷᠭ᠎ᠠ ᠮᠠᠶᠢᠭ ᠵᠶ᠋ᠠᠷ ᠪᠠᠢ᠌ᠴᠠᠭ᠋ᠠᠨ ᠬᠡᠮᠵᠢᠬᠦ᠎ᠠᠴᠠ ᠵᠠᠢ᠌ᠯᠠᠬᠤ᠃
(ᠭᠤᠷᠪᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠂ ᠪᠡᠯᠡᠳᠬᠡᠮᠵᠢ ᠵᠢ ᠡᠪᠳᠡᠵᠦ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠥᠭᠡᠷᠦᠮᠵᠢ᠂ ᠪᠡᠯᠡᠳᠬᠡᠮᠵᠢ ᠵᠢᠨ ᠠᠵᠢᠯᠯᠠᠭ᠋ᠠᠨ᠎ᠢ ᠬᠠᠷᠰᠢᠯᠠᠬᠤ᠂ ᠬᠠᠮᠢᠶ᠎ᠠ ᠪᠥᠬᠥᠶ ᠲᠣᠭ᠎ᠠ ᠪᠠᠷᠢᠮᠲᠠ ᠵᠢ ᠵᠠᠳᠠᠷᠠᠭᠤᠯᠬᠤ᠂ ᠬᠠᠰᠤᠬᠤ᠂ ᠥᠭᠡᠷᠡᠲᠦᠭᠦᠯᠬᠦ᠃
ᠳᠥᠴᠢᠳᠦᠭᠡᠷ ᠵᠦᠢᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠨᠡᠢ᠌ᠯᠡᠭᠦᠯᠵᠦ ᠤᠭᠰᠠᠷᠠᠭᠰᠠᠨ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠵᠢᠯᠣᠭᠣᠳᠴᠤ ᠪᠠᠢ᠌ᠭ᠎ᠠ ᠵᠢᠯᠣᠭᠣᠴᠢ ᠵᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠶ; ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠢ᠌ᠭ᠎ᠠ ᠡᠵᠡᠩᠨᠡᠭᠴᠢ ᠵᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠶ; ᠡᠵᠡᠩᠨᠡᠯᠲᠡ ᠵᠢᠨ ᠦᠨᠡᠮᠯᠡᠯ ᠦᠭᠡᠶ᠎ᠪᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠡᠵᠡᠩᠨᠡᠭᠴᠢ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠶ᠃
ᠳᠥᠴᠢᠨ ᠨᠢᠭᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠢᠯᠲᠠᠨ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠤᠯᠢ ᠶᠣᠰᠣᠭ᠋ᠠᠷ ᠰᠢᠢ᠍ᠳᠬᠡᠯ ᠣᠯᠭᠣᠨ᠎ᠠ; ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠮᠠᠰᠢᠨ ᠲᠡᠷᠭᠡᠨ᠎ᠤ ᠤᠯᠤᠰ᠎ᠤᠨ ᠠᠮᠤᠷ ᠲᠥᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠬᠦ ᠦᠭᠡᠶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠳᠠᠩᠰᠠᠯᠠᠨ ᠲᠡᠮᠳᠡᠭᠯᠡᠬᠦ ᠪᠠ ᠨᠣᠮᠧᠷ᠎ᠤᠨ ᠫᠠᠢ᠌ᠰᠠ᠂ ᠲᠡᠷᠭᠡ ᠶᠠᠪᠤᠭᠤᠯᠬᠤ ᠦᠨᠡᠮᠯᠡᠯ᠂ ᠰᠢᠯᠭ᠋ᠠᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠲᠡᠮᠳᠡᠭ᠂ ᠵᠠᠮ ᠲᠡᠭᠡᠭᠡᠪᠦᠷᠢ ᠵᠢᠨ ᠦᠨᠡᠮᠯᠡᠯ᠎ᠢ ᠣᠯᠭᠤᠬᠤ;
(ᠬᠣᠶᠠᠷ) ᠲᠣᠭᠲᠠᠭ᠋ᠠᠯ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠵᠠᠰᠠᠮᠠᠯ ᠵᠠᠮ᠎ᠤᠨ ᠬᠡᠮᠵᠢᠶ᠎ᠡ᠎ᠠᠴᠠ ᠬᠡᠲᠦᠷᠡᠭᠦᠯᠦᠭᠰᠡᠨ ᠲᠡᠭᠡᠭᠡᠪᠦᠷᠢ ᠵᠢᠨ ᠵᠥᠪᠰᠢᠶᠡᠷᠡᠯ᠎ᠢ ᠭᠦᠢ᠍ᠴᠡᠳᠬᠡᠵᠦ ᠥᠭᠬᠦ;
(ᠭᠤᠷᠪᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠲᠣᠭᠲᠠᠭ᠋ᠠᠯ᠎ᠠᠴᠠ ᠵᠥᠷᠢᠴᠡᠨ ᠲᠠᠯᠪᠢᠵᠤ ᠶᠠᠪᠤᠭᠤᠯᠬᠤ;
(ᠲᠥᠷᠪᠡ) ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠬᠠᠤᠯᠢ᠎ᠠᠴᠠ ᠵᠥᠷᠢᠴᠡᠨ ᠦᠯᠡᠳᠡᠭᠡᠵᠦ ᠠᠪᠬᠤ ᠪᠤᠶᠤ ᠬᠠᠤᠯᠢ ᠶᠣᠰᠣᠭ᠋ᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠬᠡᠷᠡᠭᠯᠡᠬᠦ;
(ᠲᠠᠪᠤ) ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠭ᠋ᠠᠯᠳᠤᠭᠰᠠᠨ᠂ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭ᠋ᠠᠳ᠂ ᠴᠠᠭ ᠲᠤᠬᠠᠶ᠎ᠳᠤᠨᠢ ᠵᠣᠬᠢᠶᠠᠨ ᠪᠠᠢ᠌ᠭᠤᠯᠤᠨ ᠬᠢᠨᠠᠨ ᠪᠠᠢ᠌ᠴᠠᠭ᠋ᠠᠭᠰᠠᠨ ᠦᠭᠡᠶ;
(ᠵᠢᠷᠭᠤᠭ᠎ᠠ) ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ᠂ ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
ᠳᠥᠴᠢᠨ ᠬᠣᠶᠠᠳᠤᠭ᠋ᠠᠷ ᠵᠦᠢᠯ ᠲᠤᠰ ᠠᠷᠭ᠎ᠠ ᠵᠢ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 2013 ᠣᠨ᠎ᠤ 8 ᠳ᠋ᠤᠭ᠋ᠠᠷ ᠰᠠᠷ᠎ᠠ ᠵᠢᠨ 21᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠢ᠌ᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 198 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠶ ᠪᠣᠯᠭ᠋ᠠᠨ᠎ᠠ᠃
ᠬᠠᠮᠢᠶ᠎ᠠ ᠪᠥᠬᠥᠶ ᠲᠠᠢ᠌ᠯᠤᠮᠵᠢ᠄ ᠵᠢᠷᠤᠭᠲᠤ ᠲᠠᠢ᠌ᠯᠤᠮᠵᠢ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ
ᠪᠢᠴᠢᠭ ᠮᠠᠲ᠋ᠧᠷᠢᠶᠠᠯ᠎ᠢ ᠪᠠᠭᠤᠯᠭ᠋ᠠᠬᠤ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠠᠷᠭ᠎ᠠ.docx