ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2023-09-28

      ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2023 ᠣᠨ᠎ᠤ 9 ᠳ᠋ᠦ᠍ᠭᠡᠷ ᠲᠣᠭ᠋ᠠᠲᠤ)
      《ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ》 ᠵᠢ 2023 ᠣᠨ᠎ᠤ 8 ᠳ᠋ᠤᠭ᠋ᠠᠷ ᠰᠠᠷ᠎ᠠ ᠵᠢᠨ 18᠎ᠤ ᠡᠳᠦᠷ17 ᠳ᠋ᠤᠭ᠋ᠠᠷ ᠶᠠᠮᠤᠨ᠎ᠤ ᠶᠠᠪᠤᠳᠠᠯ᠎ᠤᠨ ᠬᠤᠷᠠᠯ ᠵᠶ᠋ᠠᠷ ᠪᠠᠲᠤᠯᠠᠭ᠋ᠠᠳ᠂ ᠡᠳᠦᠭᠡ ᠨᠡᠢ᠌ᠲᠡᠯᠡᠪᠡ᠂ 2023 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
                                       ᠶᠠᠮᠤᠨ᠎ᠤ ᠰᠠᠢ᠌ᠳ    ᠯᠢ ᠰᠢᠶᠤᠤ ᠫᠧᠩ
                                            2023 ᠣᠨ᠎ᠤ 8 ᠳ᠋ᠤᠭ᠋ᠠᠷ ᠰᠠᠷ᠎ᠠ ᠵᠢᠨ 22᠎ᠤᠨ ᠡᠳᠦᠷ
       ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ
      ᠨᠢᠭᠡᠳᠦᠭᠡᠷ ᠪᠦᠯᠦᠭ   ᠶᠡᠷᠦᠩᠬᠡᠢ ᠳᠦᠷᠢᠮ
      ᠨᠢᠭᠡᠳᠦᠭᠡᠷ ᠵᠦᠢᠯ   ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ ᠵᠢᠴᠢ ᠠᠷᠠᠳ ᠲᠦᠮᠡᠨ᠎ᠤ ᠠᠮᠢ ᠨᠠᠰᠤ ᠪᠣᠯᠤᠨ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ 《ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》᠎ᠢ ᠦᠨᠳᠦᠰᠦᠯᠡᠨ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢᠯ   ᠵᠠᠰᠠᠮᠠᠯ ᠵᠠᠮ᠎ᠤᠨ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢᠴᠢ ᠬᠢᠨᠠᠯᠲᠠ ᠬᠠᠮᠢᠶᠠᠷᠤᠯᠲᠠ᠎ᠳᠤ ᠲᠤᠰ ᠠᠷᠭ᠎ᠠ ᠲᠣᠬᠢᠷᠠᠨ᠎ᠠ᠃
      ᠭᠤᠷᠪᠠᠳᠤᠭ᠋ᠠᠷ ᠵᠦᠢᠯ   ᠲᠤᠰ ᠠᠷᠭ᠎ᠠ᠎ᠳᠤ ᠬᠡᠯᠡᠵᠦ ᠪᠠᠢ᠌ᠭ᠎ᠠ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠭᠡᠳᠡᠭ᠎ᠨᠢ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠣᠯᠤᠭᠰᠠᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ (ᠳᠣᠷᠣᠭᠰᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠭᠡᠵᠦ ᠲᠣᠪᠴᠢᠯᠠᠨ᠎ᠠ)᠎ᠠᠴᠠ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠳᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ ᠬᠠᠮᠢᠶ᠎ᠠ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠵᠢᠷᠤᠮᠵᠢᠯ᠂ ᠳᠦᠷᠢᠮᠵᠢᠯ᠎ᠢ ᠪᠠᠷᠢᠮᠲᠠᠯᠠᠵᠤ᠂ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠬᠡᠷᠡᠭᠯᠡᠬᠦ ᠮᠠᠲ᠋ᠧᠷᠢᠶᠠᠯ᠂ ᠲᠣᠨᠣᠭᠯᠠᠭ᠋ᠠᠰᠤ᠂ ᠪᠠᠷᠢᠯᠭ᠎ᠠ ᠵᠢᠨ ᠪᠦᠲᠦᠭᠡᠭᠳᠡᠬᠦᠨ᠂ ᠪᠠᠷᠢᠯᠭ᠎ᠠ ᠵᠢᠨ ᠪᠣᠳᠠᠲᠤ ᠴᠣᠭᠴᠠ ᠵᠡᠷᠭᠡ᠎ᠳᠤ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠬᠦ ᠵᠢ ᠵᠢᠭ᠋ᠠᠵᠤ ᠪᠤᠶ᠃
      ᠳᠥᠷᠪᠡᠳᠦᠭᠡᠷ ᠵᠦᠢᠯ  ᠵᠠᠰᠠᠮᠠᠯ ᠵᠡᠮ ᠤᠰᠦᠠ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ᠎ᠨᠢ ᠰᠢᠨᠵᠢᠯᠡᠬᠦ ᠤᠬᠠᠭ᠋ᠠᠨᠴᠢ᠂ ᠪᠤᠰᠤᠳᠴᠢ᠂ ᠴᠢᠩᠭ᠎ᠠ ᠬᠢᠨᠠᠮᠠᠭ᠋ᠠᠢ᠂ ᠲᠥᠪ ᠭᠣᠤᠯᠴᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠶ᠃
      ᠲᠠᠪᠤᠳᠤᠭ᠋ᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠦᠬᠦ ᠤᠯᠤᠰ᠎ᠤᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
      ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠡᠮ ᠬᠠᠷᠢᠯᠴᠠᠭ᠎ᠠ ᠲᠡᠭᠡᠭᠡᠪᠦᠷᠢ ᠵᠢ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠮᠠᠯ ᠵᠡᠮ ᠤᠰᠦᠠ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢᠨ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
      ᠬᠣᠶᠠᠳᠤᠭ᠋ᠠᠷ ᠪᠦᠯᠦᠭ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠬᠠᠮᠢᠶᠠᠷᠤᠯᠲᠠ
      ᠵᠢᠷᠭᠤᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ (ᠳᠣᠷᠣᠭᠰᠢ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠭᠡᠵᠦ ᠲᠣᠪᠴᠢᠯᠠᠨ᠎ᠠ) ᠠᠵᠢᠯᠯᠠᠭ᠎ᠠ ᠬᠢᠬᠦ᠎ᠳᠤ᠂ ᠬᠢᠷᠢ ᠬᠡᠮ᠎ᠤᠨ ᠳᠡᠰ᠎ᠲᠠᠢ ᠬᠠᠷᠠᠭ᠋ᠠᠯᠵᠠᠭᠰᠠᠨ ᠵᠥᠪᠰᠢᠶᠡᠷᠡᠯ᠎ᠤᠨ ᠬᠡᠪᠴᠢᠶᠡᠨ ᠳᠣᠲᠣᠷ᠎ᠠ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠤᠬᠠᠢ᠌ᠯᠠᠭᠰᠠᠨ ᠠᠵᠢᠯ᠎ᠢ ᠡᠭᠦᠷᠭᠡᠯᠡᠬᠦ ᠬᠡᠷᠡᠭᠲᠡᠶ᠃
      ᠳᠣᠯᠣᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠵᠠᠰᠠᠮᠠᠯ ᠵᠠᠮ᠎ᠤᠨ ᠪᠠᠷᠢᠯᠭ᠎ᠠ ᠪᠣᠯᠤᠨ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠤᠰᠬᠠᠶ ᠮᠡᠷᠭᠡᠵᠢᠯ ᠭᠡᠵᠦ ᠬᠤᠪᠢᠶᠠᠨ᠎ᠠ᠃
      ᠵᠠᠰᠠᠮᠠᠯ ᠵᠠᠮ᠎ᠤᠨ ᠪᠠᠷᠢᠯᠭ᠎ᠠ ᠵᠢᠨ ᠲᠤᠰᠬᠠᠶ ᠠᠵᠢᠯ᠎ᠳᠤ ᠬᠥᠬᠡ ᠲᠠᠰ᠂ ᠬᠥᠬᠡᠭᠴᠢᠨ ᠲᠠᠰ᠂ ᠤᠯᠠᠭ᠋ᠠᠨ ᠲᠠᠰ᠎ᠤᠨ ᠬᠢᠷᠢ ᠬᠡᠮ ᠪᠠ ᠵᠠᠮ ᠬᠠᠷᠢᠯᠴᠠᠭ᠋ᠠᠨ᠎ᠤ ᠪᠠᠷᠢᠯᠭ᠎ᠠ ᠵᠢᠨ ᠲᠤᠰᠬᠠᠶ ᠵᠦᠢᠯ᠂ ᠬᠥᠭᠥᠷᠭᠡ ᠨᠦᠬᠡᠨ ᠵᠠᠮ᠎ᠤᠨ ᠪᠠᠷᠢᠯᠭ᠎ᠠ ᠵᠢᠨ ᠲᠤᠰᠬᠠᠶ ᠵᠦᠢᠯ᠎ᠤᠨ ᠬᠢᠷᠢ ᠬᠡᠮ᠎ᠢ ᠲᠣᠬᠢᠷᠠᠭᠤᠯᠤᠨ᠎ᠠ᠃
      ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ᠎ᠤᠨ ᠲᠤᠰᠬᠠᠶ ᠮᠡᠷᠭᠡᠵᠢᠯ᠎ᠢ ᠮᠠᠲ᠋ᠧᠷᠢᠶᠠᠯ᠎ᠤᠨ ᠲᠥᠷᠥᠯ ᠪᠠ ᠪᠦᠲᠦᠴᠡ ᠵᠢᠨ ᠲᠥᠷᠥᠯ ᠭᠡᠵᠦ ᠬᠤᠪᠢᠶᠠᠨ᠎ᠠ᠃ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠮᠠᠲ᠋ᠧᠷᠢᠶᠠᠯ᠎ᠤᠨ ᠲᠥᠷᠥᠯ᠎ᠳᠤ ᠬᠥᠬᠡ ᠲᠠᠰ᠂ ᠬᠥᠬᠡᠭᠴᠢᠨ ᠲᠠᠰ᠂ ᠤᠯᠠᠭ᠋ᠠᠨ ᠲᠠᠰ᠎ᠤᠨ ᠬᠢᠷᠢ ᠬᠡᠮ᠎ᠢ ᠲᠣᠬᠢᠷᠠᠭᠤᠯᠤᠨ᠎ᠠ᠃ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠪᠦᠲᠦᠴᠡ ᠵᠢᠨ ᠲᠥᠷᠥᠯ᠎ᠳᠤ ᠬᠥᠬᠡ ᠲᠠᠰ᠂ ᠬᠥᠬᠡᠭᠴᠢᠨ ᠲᠠᠰ᠎ᠤᠨ ᠬᠢᠷᠢ ᠭᠡᠮ᠎ᠢ ᠲᠣᠬᠢᠷᠠᠭᠤᠯᠤᠨ᠎ᠠ᠃
      ᠨᠠᠢᠮᠠᠳᠤᠭ᠋ᠠᠷ ᠵᠦᠢᠯ  ᠵᠠᠰᠠᠮᠠᠯ ᠵᠠᠮ᠎ᠤᠨ ᠪᠠᠷᠢᠯᠭ᠎ᠠ ᠵᠢᠨ ᠬᠥᠬᠡ ᠳᠡᠰ᠂ ᠵᠠᠮ ᠬᠠᠷᠢᠯᠴᠠᠭ᠋ᠠᠨ᠎ᠤ ᠪᠠᠷᠢᠯᠭ᠎ᠠ ᠵᠢᠨ ᠲᠤᠰᠬᠠᠶ ᠵᠦᠢᠯ᠂ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠮᠠᠲ᠋ᠧᠷᠢᠶᠠᠯ᠎ᠤᠨ ᠲᠥᠷᠥᠯ᠎ᠤᠨ ᠬᠥᠬᠡ ᠳᠡᠰ᠂ ᠪᠦᠲᠦᠴᠡ ᠵᠢᠨ ᠲᠥᠷᠥᠯ᠎ᠤᠨ ᠬᠥᠬᠡ ᠲᠠᠰ᠎ᠤᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠭᠤᠶᠤᠴᠢᠯᠠᠬᠤ᠎ᠳᠤ᠂ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠳᠤ ᠭᠤᠶᠤᠴᠢᠯᠠᠯ ᠵᠶ᠋ᠠᠨ ᠲᠤᠰᠢᠶᠠᠬᠤ ᠬᠡᠷᠡᠭᠲᠡᠶ᠃
      ᠵᠠᠰᠠᠮᠠᠯ ᠵᠠᠮ᠎ᠤᠨ ᠪᠠᠷᠢᠯᠭ᠎ᠠ ᠵᠢᠨ ᠬᠥᠬᠡᠭᠴᠢᠨ ᠲᠠᠰ ᠪᠠ ᠤᠯᠠᠭ᠋ᠠᠨ ᠲᠠᠰ᠂ ᠬᠥᠭᠥᠷᠭᠡ ᠨᠦᠬᠡᠨ ᠵᠠᠮ᠎ᠤᠨ ᠪᠠᠷᠢᠯᠭ᠎ᠠ ᠵᠢᠨ ᠲᠤᠰᠬᠠᠶ ᠲᠥᠷᠥᠯ᠂ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠮᠠᠲ᠋ᠧᠷᠢᠶᠠᠯ᠎ᠤᠨ ᠲᠥᠷᠥᠯ᠎ᠤᠨ ᠬᠥᠬᠡᠭᠴᠢᠨ ᠲᠠᠰ ᠪᠠ ᠤᠯᠠᠭ᠋ᠠᠨ ᠲᠠᠰ᠂ ᠪᠦᠲᠦᠴᠡ ᠵᠢᠨ ᠲᠥᠷᠥᠯ᠎ᠤᠨ ᠬᠥᠬᠡᠭᠴᠢᠨ ᠲᠠᠰ᠎ᠤᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠭᠤᠶᠤᠴᠢᠯᠠᠬᠤ᠎ᠳᠤ᠂ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠭᠠᠵᠠᠷ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠲᠤᠰᠢᠶᠠᠬᠤ ᠬᠡᠷᠡᠭᠲᠡᠶ᠃
      ᠶᠢᠰᠦᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠭᠤᠶᠤᠴᠢᠯᠠᠬᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ (ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ)᠎ᠨᠢ ᠳᠣᠤᠷᠠᠬᠢ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄ 
       (ᠨᠢᠭᠡ) ᠬᠠᠤᠯᠢ ᠶᠣᠰᠣᠭ᠋ᠠᠷ ᠪᠠᠢ᠌ᠭᠤᠯᠤᠭᠳᠠᠭᠰᠠᠨ ᠬᠠᠤᠯᠢ ᠵᠢᠨ ᠡᠷᠬᠡᠲᠡᠨ; 
       (ᠬᠣᠶᠠᠷ) ᠵᠣᠬᠢᠬᠤ ᠲᠣᠭ᠋ᠠᠨ᠎ᠤ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠲᠤᠰᠬᠠᠶ ᠮᠡᠷᠭᠡᠵᠢᠯ᠎ᠤᠨ ᠴᠢᠳᠠᠪᠤᠷᠢ᠎ᠲᠠᠢ ᠠᠵᠢᠯᠲᠠᠨ ᠪᠠᠢ᠌ᠬᠤ (ᠳᠣᠷᠣᠭᠰᠢ ᠪᠠᠢ᠌ᠴᠠᠭ᠋ᠠᠨ ᠬᠡᠮᠵᠢᠬᠦ ᠠᠵᠢᠯᠲᠠᠨ ᠭᠡᠵᠦ ᠲᠣᠪᠴᠢᠯᠠᠨ᠎ᠠ);
       (ᠭᠤᠷᠪᠠ) ᠭᠤᠶᠤᠴᠢᠯᠠᠬᠤ ᠬᠢᠷᠢ ᠬᠡᠮ᠎ᠲᠠᠢ ᠲᠣᠬᠢᠷᠠᠯᠴᠠᠭᠰᠠᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠭ᠋ᠠᠵᠢ ᠬᠡᠷᠡᠭᠰᠡᠯ ᠪᠡᠯᠡᠳᠬᠡᠮᠵᠢ ᠪᠠ ᠲᠥᠬᠥᠭᠡᠷᠦᠮᠵᠢ᠎ᠲᠠᠢ ᠪᠠᠢ᠌ᠬᠤ;
       (ᠳᠥᠷᠪᠡ) ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠣᠭᠲᠠᠮᠠᠯ ᠲᠠᠯᠠᠪᠠᠢ᠎ᠲᠠᠢ ᠪᠥᠭᠡᠳ ᠣᠷᠴᠢᠨ ᠲᠣᠭᠣᠷᠢᠨ᠎ᠤ ᠨᠥᠬᠥᠴᠡᠯ᠎ᠨᠢ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠱᠠᠭ᠋ᠠᠷᠳᠠᠯᠭ᠎ᠠ᠎ᠳᠤ ᠬᠦᠷᠦᠭᠰᠡᠨ ᠪᠠᠢ᠌ᠬᠤ;
       (ᠲᠠᠪᠤ) ᠪᠦᠲᠦᠮᠵᠢᠲᠡᠶ ᠠᠵᠢᠯᠯᠠᠭ᠋ᠠᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮᠵᠢ᠎ᠲᠠᠢ ᠪᠠᠢ᠌ᠬᠤ᠃
       ᠠᠷᠪᠠᠳᠤᠭ᠋ᠠᠷ ᠵᠦᠢᠯ  ᠭᠤᠶᠤᠴᠢᠯᠠᠭᠴᠢ ᠠᠳᠠᠯᠢ ᠪᠤᠰᠤ ᠵᠢᠨ ᠲᠤᠰᠬᠠᠶ ᠮᠡᠷᠭᠡᠵᠢᠯ᠂ ᠠᠳᠠᠯᠢ ᠪᠤᠰᠤ ᠵᠢᠨ ᠳᠡᠰ᠎ᠤᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠬᠠᠮᠲᠤ᠎ᠳᠤ᠎ᠨᠢ ᠭᠤᠶᠤᠴᠢᠯᠠᠵᠤ ᠪᠣᠯᠤᠨ᠎ᠠ᠃
       ᠠᠷᠪᠠᠨ ᠨᠢᠭᠡᠳᠦᠭᠡᠷ ᠵᠦᠢᠯ  ᠭᠤᠶᠤᠴᠢᠯᠠᠭᠴᠢ᠎ᠠᠴᠠ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠵᠥᠪᠰᠢᠶᠡᠷᠡᠬᠦ ᠪᠠᠢ᠌ᠭᠤᠯᠭ᠎ᠠ᠎ᠳᠤ ᠳᠣᠤᠷᠠᠬᠢ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠄
       (ᠨᠢᠭᠡ) ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠢ ᠭᠤᠶᠤᠴᠢᠯᠠᠬᠤ ᠪᠢᠴᠢᠭ;
       (ᠬᠣᠶᠠᠷ) ᠪᠠᠢ᠌ᠴᠠᠭ᠋ᠠᠨ ᠬᠡᠮᠵᠢᠬᠦ ᠠᠵᠢᠯᠲᠠᠨ᠂  ᠪᠠᠭ᠋ᠠᠵᠢ ᠬᠡᠷᠡᠭᠰᠡᠯ ᠪᠡᠯᠡᠳᠬᠡᠮᠵᠢ ᠪᠠ ᠲᠥᠬᠥᠭᠡᠷᠦᠮᠵᠢ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠠᠯᠠᠪᠠᠢ ᠵᠢᠨ ᠭᠡᠷᠡᠴᠢ ᠮᠠᠲ᠋ᠧᠷᠢᠶᠠᠯ; 
       (ᠭᠤᠷᠪᠠ) ᠶᠠᠰᠤ ᠴᠢᠨᠠᠷ᠎ᠢ ᠪᠠᠲᠤᠯᠠᠬᠤ ᠰᠢᠰᠲ᠋ᠧᠮ᠎ᠤᠨ ᠪᠢᠴᠢᠭ ᠮᠠᠲ᠋ᠧᠷᠢᠶᠠᠯ᠃
       ᠭᠤᠶᠤᠴᠢᠯᠠᠭᠴᠢ᠎ᠨᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ ᠵᠶ᠋ᠡᠷ ᠳᠠᠮᠵᠢᠭᠤᠯᠤᠨ ᠭᠤᠶᠤᠴᠢᠯᠠᠭᠰᠠᠨ ᠮᠠᠲ᠋ᠧᠷᠢᠶᠠᠯ ᠵᠶ᠋ᠠᠨ ᠲᠤᠰᠢᠶᠠᠬᠤ ᠵᠢᠨ ᠬᠠᠮᠲᠤ ᠭᠤᠶᠤᠴᠢᠯᠠᠭᠰᠠᠨ ᠮᠠᠲ᠋ᠧᠷᠢᠶᠠᠯ᠎ᠤᠨ ᠵᠶ᠋ᠠᠨ ᠪᠤᠳᠠᠳᠤ ᠠᠭᠤᠯᠭ᠎ᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠶ᠃ ᠵᠥᠪᠰᠢᠶᠡᠷᠡᠬᠦ ᠪᠠᠢ᠌ᠭᠤᠯᠭ᠎ᠠ ᠭᠤᠶᠤᠴᠢᠯᠠᠬᠤ ᠬᠢᠷᠢ ᠬᠡᠮ᠎ᠲᠠᠢ᠎ᠨᠢ ᠬᠣᠯᠪᠣᠭᠳᠠᠯ ᠦᠭᠡᠢ ᠮᠡᠷᠭᠡᠵᠢᠯ᠎ᠤᠨ ᠮᠠᠲ᠋ᠧᠷᠢᠶᠠᠯ ᠪᠠ ᠪᠤᠰᠤᠳ ᠮᠠᠲ᠋ᠧᠷᠢᠶᠠᠯ᠎ᠢ ᠲᠤᠰᠢᠶᠠᠯᠭ᠋ᠠᠬᠤ᠎ᠪᠠᠷ ᠭᠤᠶᠤᠴᠢᠯᠠᠭᠴᠢ ᠵᠢ ᠱᠠᠭ᠋ᠠᠷᠳᠠᠵᠤ ᠪᠣᠯᠬᠤ ᠦᠭᠡᠢ᠃
       ᠠᠷᠪᠠᠨ ᠬᠣᠶᠠᠳᠤᠭ᠋ᠠᠷ ᠵᠦᠢᠯ  ᠵᠥᠪᠰᠢᠶᠡᠷᠡᠬᠦ ᠪᠠᠢ᠌ᠭᠤᠯᠭ᠎ᠠ ᠭᠤᠶᠤᠴᠢᠯᠠᠯ᠎ᠢ ᠬᠦᠯᠢᠶᠡᠨ ᠠᠪᠤᠭᠰᠠᠨ᠎ᠤ ᠳᠠᠷᠠᠭ᠎ᠠ᠂ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠤᠭᠲᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠶ᠃
       ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢ ᠮᠡᠷᠭᠡᠵᠢᠯ᠎ᠤᠨ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠳᠤᠭᠤᠢ᠌ᠯᠠᠩ (ᠳᠣᠷᠣᠭᠰᠢ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠭᠡᠵᠦ     ᠲᠣᠪᠴᠢᠯᠠᠨ᠎ᠠ)᠎ᠠᠴᠠ ᠡᠭᠦᠷᠭᠡᠯᠡᠵᠦ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ ᠳᠠᠷᠤᠭ᠎ᠠ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ ᠃
       ᠬᠢᠨᠠᠨ ᠲᠣᠭᠲᠠᠭ᠋ᠠᠯᠲᠠ᠎ᠳᠤ ᠣᠷᠣᠯᠴᠠᠬᠤ ᠲᠤᠰᠬᠠᠢ ᠮᠡᠷᠭᠡᠵᠢᠯᠲᠡᠨ᠎ᠢ ᠵᠥᠪᠰᠢᠶᠡᠷᠡᠬᠦ ᠪᠠᠢ᠌ᠭᠤᠯᠭ᠎ᠠ᠎ᠨᠢ ᠪᠠᠢ᠌ᠭᠤᠯᠤᠭᠰᠠᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ᠎ᠪᠠᠨ ᠲᠣᠬᠢᠶᠠᠯᠳᠤᠯ ᠵᠶ᠋ᠠᠷ ᠰᠣᠩᠭᠣᠨ ᠠᠪᠬᠤ ᠪᠥᠭᠡᠳ ᠵᠠᠢ᠌ᠯᠠᠭᠤᠯᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
       ᠲᠤᠰᠬᠠᠢ ᠮᠡᠷᠭᠡᠵᠢᠯᠲᠡᠨ ᠬᠢᠨᠠᠨ ᠲᠣᠭᠲᠠᠭ᠋ᠠᠬᠤ ᠠᠵᠢᠯ᠎ᠢ ᠪᠤᠰᠤᠳᠴᠢ᠂ ᠪᠡᠶ᠎ᠡ᠎ᠪᠠᠨ ᠳᠠᠭ᠋ᠠᠭ᠋ᠠᠵᠤ᠂ ᠲᠥᠪ ᠭᠣᠣᠯᠴᠢ᠎ᠪᠠᠷ ᠥᠷᠨᠢᠭᠦᠯᠵᠦ᠂ ᠭᠤᠶᠤᠴᠢᠯᠠᠭᠴᠢ ᠵᠢᠨ ᠬᠤᠳᠠᠯᠳᠤᠭ᠋ᠠᠨ᠎ᠤ ᠨᠢᠭᠤᠴᠠ ᠵᠢ ᠬᠠᠮᠠᠭ᠋ᠠᠯᠠᠬᠤ ᠬᠡᠷᠡᠭᠲᠡᠢ᠃
       ᠠᠷᠪᠠᠨ ᠭᠤᠷᠪᠠᠳᠤᠭ᠋ᠠᠷ ᠵᠦᠢᠯ  ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ᠎ᠳᠤ ᠪᠢᠴᠢᠭ ᠵᠶ᠋ᠡᠷ ᠬᠢᠨᠠᠨ ᠪᠠᠢ᠌ᠴᠠᠭ᠋ᠠᠬᠤ ᠪᠠ ᠲᠤᠬᠠᠶ ᠵᠢᠨ ᠲᠠᠯᠠᠪᠠᠶ᠎ᠳᠤ ᠬᠢᠨᠠᠨ ᠪᠠᠢ᠌ᠴᠠᠭ᠋ᠠᠬᠤ ᠬᠣᠶᠠᠷ ᠱᠠᠲᠤ ᠪᠠᠭᠲᠠᠨ᠎ᠠ᠂ ᠬᠡᠷᠡᠭᠯᠡᠬᠦ ᠴᠠᠭ᠎ᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠴᠠᠭ ᠬᠤᠭᠤᠴᠠᠭ᠋ᠠᠨ᠎ᠳᠤ ᠪᠤᠳᠤᠵᠤ ᠣᠷᠣᠭᠤᠯᠬᠤ ᠥᠬᠡᠶ᠂ ᠭᠡᠪᠡᠴᠦ ᠵᠥᠪᠰᠢᠶᠡᠷᠡᠬᠦ ᠪᠠᠢ᠌ᠭᠤᠯᠭ᠎ᠠ᠎ᠨᠢ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢᠨ ᠴᠠᠭ ᠬᠤᠭᠤᠴᠠᠭ᠎ᠠ ᠵᠢ ᠪᠢᠴᠢᠭ ᠵᠶ᠋ᠡᠷ ᠲᠣᠬᠢᠷᠠᠭᠤᠯᠵᠤ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠶ᠃ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠬᠤ ᠴᠠᠭ᠎ᠢ ᠬᠠᠮᠤᠭ᠎ᠤᠨ ᠤᠷᠲᠤ᠎ᠳᠤ᠎ᠪᠠᠨ 60 ᠠᠵᠢᠯᠯᠠᠬᠤ ᠡᠳᠦᠷ᠎ᠠᠴᠠ ᠬᠡᠲᠦᠷᠡᠭᠦᠯᠵᠦ ᠪᠣᠯᠬᠤ ᠦᠭᠡᠶ᠃
       ᠠᠷᠪᠠᠨ ᠳᠥᠷᠪᠡᠳᠦᠭᠡᠷ ᠵᠦᠢᠯ  ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ᠎ᠨᠢ ᠭᠤᠶᠤᠴᠢᠯᠠᠭᠴᠢ ᠵᠢᠨ ᠳᠡᠪᠰᠢᠭᠦᠯᠦᠨ ᠲᠤᠰᠢᠶᠠᠭᠰᠠᠨ ᠪᠦᠬᠦ ᠮᠠᠲ᠋ᠧᠷᠢᠶᠠᠯ᠎ᠢ ᠪᠢᠴᠢᠭ ᠵᠶ᠋ᠡᠷ ᠬᠢᠨᠠᠨ ᠪᠠᠢ᠌ᠴᠠᠭ᠋ᠠᠬᠤ ᠬᠡᠷᠡᠭᠲᠡᠶ ᠪᠥᠭᠡᠳ ᠪᠣᠳᠠᠲᠤ ᠪᠠᠢ᠌ᠳᠠᠯ᠎ᠨᠢ ᠭᠤᠶᠤᠴᠢᠯᠠᠯ᠎ᠤᠨ ᠮᠠᠲ᠋ᠧᠷᠢᠶᠠᠯ᠎ᠯᠤᠭ᠎ᠠ ᠵᠢᠨ ᠨᠡᠢ᠌ᠴᠡᠬᠦ ᠴᠢᠨᠠᠷ᠂ ᠭᠤᠶᠤᠴᠢᠯᠠᠭᠴᠢ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠥᠷᠥᠯ ᠵᠦᠢᠯ᠎ᠤᠨ ᠪᠣᠳᠠᠲᠠᠶ ᠴᠢᠳᠠᠪᠤᠷᠢ᠂ ᠶᠠᠰᠤ ᠴᠢᠨᠠᠷ᠎ᠢ ᠪᠠᠲᠤᠯᠠᠬᠤ ᠰᠢᠰᠲ᠋ᠧᠮ᠎ᠤᠨ ᠠᠵᠢᠯᠯᠠᠭ᠋ᠠᠨ ᠵᠡᠷᠭᠡ ᠪᠠᠢ᠌ᠳᠠᠯ᠎ᠢ ᠲᠤᠬᠠᠶ ᠵᠢᠨ ᠲᠠᠯᠠᠪᠠᠶ᠎ᠳᠤ᠎ᠨᠢ ᠬᠢᠨᠠᠨ ᠪᠠᠢ᠌ᠴᠠᠭ᠋ᠠᠨ᠎ᠠ᠃
       ᠠᠷᠪᠠᠨ ᠲᠠᠪᠤᠳᠤᠭ᠋ᠠᠷ ᠵᠦᠢᠯ  ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢᠨ ᠬᠤᠭᠤᠴᠠᠭ᠋ᠠᠨ ᠳᠣᠲᠣᠷ᠎ᠠ ᠵᠥᠪᠰᠢᠶᠡᠷᠡᠬᠦ ᠪᠠᠢ᠌ᠭᠤᠯᠭ᠎ᠠ᠎ᠳᠤ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ ᠵᠢ ᠮᠡᠳᠡᠭᠦᠯᠦᠨ ᠬᠦᠷᠭᠡᠬᠦ ᠬᠡᠷᠡᠭᠲᠡᠶ᠃
       ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ᠎ᠳᠤ ᠭᠤᠶᠤᠴᠢᠯᠠᠭᠴᠢ ᠵᠢᠨ ᠬᠢᠷᠢ ᠬᠡᠮ᠎ᠤᠨ ᠨᠥᠬᠥᠴᠡᠯ ᠵᠡᠷᠭᠡ ᠵᠦᠢ᠍ᠯᠡᠰ᠎ᠢ ᠬᠠᠷᠭᠤᠭᠤᠯᠤᠨ ᠪᠠᠢ᠌ᠴᠠᠭ᠋ᠠᠵᠤ ᠰᠤᠭᠤᠴᠢᠨ ᠪᠠᠢ᠌ᠴᠠᠭ᠋ᠠᠭᠰᠠᠨ ᠪᠠᠢ᠌ᠳᠠᠯ ᠪᠠ ᠣᠷᠣᠰᠢᠵᠤ ᠪᠠᠢ᠌ᠭ᠎ᠠ ᠠᠰᠠᠭᠤᠳᠠᠯ᠂ ᠪᠣᠳᠠᠲᠠᠶ ᠪᠠᠢ᠌ᠳᠠᠯ ᠪᠠ ᠭᠤᠶᠤᠴᠢᠯᠠᠯ᠎ᠤᠨ ᠮᠠᠲ᠋ᠧᠷᠢᠶᠠᠯ᠎ᠯᠤᠭ᠎ᠠ ᠬᠦᠨᠳᠦ ᠨᠣᠴᠢᠲᠠᠶ ᠨᠡᠢ᠌ᠴᠡᠬᠦ ᠦᠭᠡᠶ ᠪᠠᠢ᠌ᠬᠤ᠂ ᠶᠠᠰᠤ ᠴᠢᠨᠠᠷ᠎ᠤᠨ ᠪᠠᠢ᠌ᠴᠠᠭ᠋ᠠᠨ ᠬᠡᠮᠵᠢᠬᠦ ᠮᠡᠳᠡᠭᠦᠯᠦᠯᠲᠡ ᠵᠢ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠬᠠᠭᠤᠷᠮᠠᠭ ᠲᠣᠭ᠎ᠠ ᠪᠠᠷᠢᠮᠲᠠ ᠭᠠᠷᠭ᠋ᠠᠵᠤ ᠥᠭᠬᠦ ᠵᠡᠷᠭᠡ ᠬᠠᠤᠯᠢ ᠲᠣᠭᠲᠠᠭ᠋ᠠᠯ᠎ᠠᠴᠠ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠵᠢᠴᠢ ᠬᠢᠨᠠᠨ ᠲᠣᠭᠲᠠᠭ᠋ᠠᠯᠲᠠ ᠵᠢᠨ ᠶᠡᠷᠦᠩᠬᠡᠶ ᠰᠠᠨᠠᠯ ᠵᠡᠷᠭᠡ ᠵᠢ ᠪᠠᠭᠲᠠᠭ᠋ᠠᠬᠤ ᠬᠡᠷᠡᠭᠲᠡᠶ᠃ 
        ᠵᠥᠪᠰᠢᠶᠡᠷᠡᠬᠦ ᠪᠠᠢ᠌ᠭᠤᠯᠭ᠎ᠠ ᠲᠤᠰᠬᠠᠢ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢᠨ ᠪᠠᠢ᠌ᠳᠠᠯ᠎ᠢ ᠨᠡᠢ᠌ᠭᠡᠮ ᠨᠡᠢ᠌ᠲᠡ᠎ᠳᠤ ᠵᠠᠷᠯᠠᠨ ᠨᠡᠢ᠌ᠲᠡᠯᠡᠵᠦ ᠪᠣᠯᠤᠨ᠎ᠠ ᠃
       ᠠᠷᠪᠠᠨ ᠵᠢᠷᠭᠤᠳᠤᠭ᠋ᠠᠷ ᠵᠦᠢᠯ  ᠵᠥᠪᠰᠢᠶᠡᠷᠡᠬᠦ ᠪᠠᠢ᠌ᠭᠤᠯᠭ᠎ᠠ ᠭᠤᠶᠤᠴᠢᠯᠠᠯ᠎ᠢ ᠬᠦᠯᠢᠶᠡᠨ ᠠᠪᠴᠤ ᠰᠢᠢᠳᠪᠦᠷᠢᠯᠡᠬᠦ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠡᠰᠡᠬᠦ ᠲᠤᠬᠠᠶ ᠲᠣᠭᠲᠠᠭ᠋ᠠᠯ ᠭᠠᠷᠭ᠋ᠠᠬᠤ ᠬᠡᠷᠡᠭᠲᠡᠶ᠃
       ᠵᠥᠪᠰᠢᠶᠡᠷᠡᠬᠦ ᠪᠠᠢ᠌ᠭᠤᠯᠭ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠭᠦᠭᠰᠡᠨ ᠪᠠᠢ᠌ᠪᠠᠯ᠂ ᠭᠤᠶᠤᠴᠢᠯᠠᠭᠴᠢ᠎ᠳᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ ᠣᠯᠭᠣᠬᠤ ᠬᠡᠷᠡᠭᠲᠡᠢ; ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠦᠭᠡᠶ ᠪᠣᠯ ᠪᠢᠴᠢᠭ᠎ᠤᠨ ᠲᠣᠭᠲᠠᠭ᠋ᠠᠯ ᠭᠠᠷᠭ᠋ᠠᠬᠤ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠨᠢ ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠵᠶ᠋ᠡᠷ ᠪᠦᠷᠢᠯᠳᠦᠨ᠎ᠡ᠃
      ᠵᠢᠩᠬᠢᠨᠢ ᠳᠡᠪᠲᠡᠷ ᠳᠡᠭᠡᠷ᠎ᠡ ᠪᠠᠢ᠌ᠭᠤᠯᠤᠮᠵᠢ ᠵᠢᠨ ᠨᠡᠷᠡᠢ᠌ᠳᠦᠯ᠂ ᠦᠨᠡᠮᠯᠡᠯ ᠣᠯᠭᠣᠭᠰᠠᠨ ᠪᠠᠢ᠌ᠭᠤᠯᠭ᠎ᠠ᠂ ᠬᠢᠷᠢ ᠬᠡᠮ᠎ᠤᠨ ᠲᠤᠰᠬᠠᠶ ᠮᠡᠷᠭᠡᠵᠢᠯ᠂ ᠲᠥᠷᠥᠯ ᠢᠯᠭ᠋ᠠᠯ᠂ ᠳᠡᠰ᠂ ᠦᠨᠡᠮᠯᠡᠯ ᠣᠯᠭᠣᠭᠰᠠᠨ ᠡᠳᠦᠷ ᠬᠤᠭᠤᠴᠠᠭ᠎ᠠ᠂ ᠬᠦᠴᠦᠨ᠎ᠲᠠᠢ ᠬᠤᠭᠤᠴᠠᠭ᠎ᠠ᠂ ᠦᠨᠡᠮᠯᠡᠯ᠎ᠤᠨ ᠳ᠋ᠤᠭ᠋ᠠᠷ᠂ ᠪᠠᠢ᠌ᠴᠠᠭ᠋ᠠᠨ ᠬᠡᠮᠵᠢᠬᠦ ᠬᠢᠷᠢ ᠬᠡᠮ᠎ᠤᠨ ᠲᠡᠮᠳᠡᠭ ᠵᠡᠷᠭᠡ ᠵᠢ ᠲᠣᠳᠣᠷᠬᠠᠢ᠌ᠯᠠᠬᠤ ᠬᠡᠷᠡᠭᠲᠡᠶ; ᠬᠠᠭᠤᠯᠪᠤᠷᠢ ᠳᠡᠪᠲᠡᠷ ᠳᠡᠭᠡᠷ᠎ᠡ ᠪᠠᠰᠠ ᠳᠠᠩᠰᠠᠯᠠᠭᠤᠯᠤᠭᠰᠠᠨ ᠬᠠᠶᠢᠭ᠂ ᠪᠠᠢ᠌ᠴᠠᠭ᠋ᠠᠨ ᠬᠡᠮᠵᠢᠬᠦ ᠲᠠᠯᠠᠪᠤᠷ᠎ᠤᠨ ᠬᠠᠶᠢᠭ᠂ ᠪᠠᠢ᠌ᠭᠤᠯᠤᠮᠵᠢ ᠵᠢᠨ ᠰᠢᠨᠵᠢ ᠴᠢᠨᠠᠷ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠵᠠᠰᠠᠭ ᠵᠠᠬᠢᠷᠭ᠋ᠠᠨ᠎ᠤ ᠬᠠᠷᠢᠭᠤᠴᠠᠯᠭ᠋ᠠᠲᠠᠨ᠂ ᠮᠡᠷᠭᠡᠵᠢᠯ᠎ᠤᠨ ᠬᠠᠷᠢᠭᠤᠴᠠᠯᠭ᠋ᠠᠲᠠᠨ᠂ ᠶᠠᠰᠤ ᠴᠢᠨᠠᠷ᠎ᠤᠨ ᠬᠠᠷᠢᠭᠤᠴᠠᠯᠭ᠋ᠠᠲᠠᠨ᠂ ᠪᠠᠢ᠌ᠴᠠᠭ᠋ᠠᠨ ᠬᠡᠮᠵᠢᠬᠦ ᠲᠥᠷᠥᠯ ᠵᠦᠢ᠍ᠯ ᠵᠢᠴᠢ ᠪᠣᠯᠵᠣᠯᠲᠤ ᠲᠣᠭ᠎ᠠ᠂ ᠬᠢᠷᠢ ᠬᠡᠮ᠎ᠢ ᠦᠷᠭᠦᠯᠵᠢᠯᠡᠭᠦᠯᠬᠦ ᠲᠡᠮᠳᠡᠭᠯᠡᠯ᠂ ᠬᠤᠪᠢᠷᠠᠯᠲᠠ ᠵᠢᠨ ᠲᠡᠮᠳᠡᠭᠯᠡᠯ ᠵᠡᠷᠭᠡ ᠵᠢ ᠲᠣᠳᠣᠷᠬᠠᠢ᠌ᠯᠠᠬᠤ ᠬᠡᠷᠡᠭᠲᠡᠶ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ᠎ᠢ ᠴᠠᠭ᠋ᠠᠰᠤᠨ ᠦᠨᠡᠮᠯᠡᠯ ᠪᠠ ᠡᠯᠧᠺᠲᠷᠣᠨ ᠦᠨᠡᠮᠯᠡᠯ ᠭᠡᠵᠦ ᠬᠤᠪᠢᠶᠠᠨ᠎ᠠ᠃ ᠴᠠᠭ᠋ᠠᠰᠤᠨ ᠦᠨᠡᠮᠯᠡᠯ ᠪᠣᠯᠣᠨ ᠡᠯᠧᠺᠲᠷᠣᠨ ᠦᠨᠡᠮᠯᠡᠯ᠎ᠨᠢ ᠪᠦᠬᠦ ᠤᠯᠤᠰ᠎ᠲᠤ ᠨᠡᠢ᠌ᠳᠡᠮ ᠬᠡᠷᠡᠭᠯᠡᠵᠦ᠂ ᠠᠳᠠᠯᠢᠬᠠᠨ ᠬᠦᠴᠦᠨ᠎ᠲᠠᠢ᠃ 
       ᠠᠷᠪᠠᠨ ᠨᠠᠢᠮᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠤᠨ᠎ᠠ᠃
      ᠬᠦᠴᠦᠨ᠎ᠲᠠᠢ ᠬᠤᠭᠤᠴᠠᠭ᠎ᠠ᠎ᠨᠢ ᠳᠦᠭᠦᠷᠴᠦ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠤᠬᠠᠢ᠌ᠯᠠᠭᠰᠠᠨ ᠠᠵᠢᠯ᠎ᠢ ᠦᠷᠭᠦᠯᠵᠢᠯᠡᠨ ᠬᠢᠬᠦ᠎ᠪᠠᠷ ᠪᠠᠢ᠌ᠪᠠᠯ᠂ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ 90 ᠠᠵᠢᠯᠯᠠᠬᠤ ᠡᠳᠦᠷ᠎ᠤᠨ ᠡᠮᠦᠨ᠎ᠡ ᠵᠥᠪᠰᠢᠶᠡᠷᠡᠬᠦ ᠪᠠᠢ᠌ᠭᠤᠯᠭ᠎ᠠ᠎ᠳᠤ ᠬᠢᠷᠢ ᠬᠡᠮ ᠵᠶ᠋ᠡᠨ ᠦᠷᠭᠦᠯᠵᠢᠯᠡᠭᠦᠯᠬᠦ ᠭᠤᠶᠤᠴᠢᠯᠠᠯ ᠭᠠᠷᠭ᠋ᠠᠬᠤ ᠬᠡᠷᠡᠭᠲᠡᠶ᠃
      ᠠᠷᠪᠠ ᠶᠢᠰᠦᠳᠦᠭᠡᠷ ᠵᠦᠢᠯ  ᠭᠤᠶᠤᠴᠢᠯᠠᠭᠴᠢ ᠬᠢᠷᠢ ᠬᠡᠮ ᠵᠶ᠋ᠡᠨ ᠦᠷᠭᠦᠯᠵᠢᠯᠡᠭᠦᠯᠬᠦ᠎ᠪᠠᠷ ᠬᠢᠨᠠᠨ ᠵᠥᠪᠰᠢᠶᠡᠷᠡᠭᠦᠯᠬᠦ ᠵᠢ ᠭᠤᠶᠤᠴᠢᠯᠠᠬᠤ᠎ᠳᠤ᠎ᠪᠠᠨ ᠶᠢᠰᠦᠳᠦᠭᠡᠷ ᠵᠦᠢᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃ 
       ᠬᠣᠷᠢᠳᠤᠭ᠋ᠠᠷ ᠵᠦᠢᠯ  ᠭᠤᠶᠤᠴᠢᠯᠠᠭᠴᠢ᠎ᠠᠴᠠ ᠲᠤᠰ ᠠᠷᠭ᠎ᠠ ᠵᠢᠨ ᠠᠷᠪᠠᠨ ᠨᠢᠭᠡᠳᠦᠭᠡᠷ ᠵᠦᠢᠯ᠎ᠤᠨ ᠲᠣᠭᠲᠠᠭ᠋ᠠᠯ ᠶᠣᠰᠣᠭ᠋ᠠᠷ᠂ ᠬᠢᠷᠢ ᠭᠡᠮ ᠵᠶ᠋ᠡᠨ ᠦᠷᠭᠦᠯᠵᠢᠯᠡᠭᠦᠯᠬᠦ᠎ᠪᠠᠷ ᠬᠢᠨᠠᠨ ᠵᠥᠪᠰᠢᠶᠡᠷᠡᠭᠦᠯᠬᠦ ᠵᠢ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃ 
       ᠬᠣᠷᠢᠨ ᠨᠢᠭᠡᠳᠦᠭᠡᠷ ᠵᠦᠢᠯ  ᠵᠥᠪᠰᠢᠶᠡᠷᠡᠬᠦ ᠪᠠᠢ᠌ᠭᠤᠯᠭ᠎ᠠ ᠬᠢᠷᠢ ᠭᠡᠮ ᠵᠶ᠋ᠡᠨ ᠦᠷᠭᠦᠯᠵᠢᠯᠡᠭᠦᠯᠬᠦ᠎ᠪᠠᠷ ᠬᠢᠨᠠᠨ ᠵᠥᠪᠰᠢᠶᠡᠷᠡᠭᠦᠯᠬᠦ ᠵᠢ ᠭᠤᠶᠤᠴᠢᠯᠠᠭᠰᠠᠨ ᠭᠤᠶᠤᠴᠢᠯᠠᠭᠴᠢ᠎ᠳᠤ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠬᠢᠬᠦ ᠵᠢᠨ ᠬᠠᠮᠲᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠳᠦᠭᠦᠷᠬᠦ᠎ᠠᠴᠠ ᠡᠮᠦᠨ᠎ᠡ ᠦᠷᠭᠦᠯᠵᠢᠯᠡᠭᠦᠯᠬᠦ ᠵᠢ᠎ᠨᠢ ᠵᠥᠪᠰᠢᠶᠡᠷᠡᠬᠦ ᠡᠰᠡᠬᠦ ᠲᠤᠬᠠᠶ ᠲᠣᠭᠲᠠᠭ᠋ᠠᠯ ᠭᠠᠷᠭ᠋ᠠᠬᠤ ᠬᠡᠷᠡᠭᠲᠡᠶ᠃ 
       ᠬᠢᠷᠢ ᠭᠡᠮ᠎ᠤᠨ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠵᠥᠪᠰᠢᠶᠡᠷᠡᠬᠦ ᠪᠠᠢ᠌ᠭᠤᠯᠭ᠎ᠠ᠎ᠠᠴᠠ ᠪᠠᠢ᠌ᠴᠠᠭ᠋ᠠᠨ ᠭᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠢ 5 ᠵᠢᠯ ᠦᠷᠭᠦᠯᠵᠢᠯᠡᠭᠦᠯᠬᠦ ᠵᠢ ᠵᠥᠪᠰᠢᠶᠡᠷᠡᠨ᠎ᠡ᠃ 
      ᠬᠣᠷᠢᠨ ᠬᠣᠶᠠᠳᠤᠭ᠋ᠠᠷ ᠵᠦᠢᠯ  ᠬᠢᠷᠢ ᠭᠡᠮ ᠵᠶ᠋ᠡᠨ ᠦᠷᠭᠦᠯᠵᠢᠯᠡᠭᠦᠯᠬᠦ᠎ᠪᠠᠷ ᠬᠢᠨᠠᠨ ᠵᠥᠪᠰᠢᠶᠡᠷᠡᠭᠦᠯᠬᠦ ᠶᠠᠪᠤᠴᠠ᠎ᠳᠠᠬᠢ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠵᠢ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ ᠪᠢᠴᠢᠭ ᠵᠶ᠋ᠡᠷ ᠬᠢᠨᠠᠨ ᠪᠠᠢ᠌ᠴᠠᠭ᠋ᠠᠬᠤ᠎ᠪᠠᠷ ᠭᠣᠤᠯ ᠪᠣᠯᠭ᠋ᠠᠨ᠎ᠠ᠂ ᠭᠡᠪᠡᠴᠦ ᠭᠤᠶᠤᠴᠢᠯᠠᠭᠴᠢ᠎ᠳᠤ ᠲᠤᠰ ᠠᠷᠭ᠎ᠠ ᠵᠢᠨ ᠳᠥᠴᠢᠨ ᠨᠠᠢᠮᠠᠳᠤᠭ᠋ᠠᠷ ᠵᠦᠢᠯ᠎ᠤᠨ ᠭᠤᠷᠪᠠᠳᠤᠭ᠋ᠠᠷ ᠵᠤᠷᠪᠤᠰ᠂ ᠲᠠᠪᠢᠨ ᠬᠣᠶᠠᠳᠤᠭ᠋ᠠᠷ ᠵᠦᠢᠯ᠂ ᠲᠠᠪᠢᠨ ᠭᠤᠷᠪᠠᠳᠤᠭ᠋ᠠᠷ ᠵᠦᠢᠯ᠎ᠤᠨ ᠲᠠᠪᠤᠳᠤᠭ᠋ᠠᠷ ᠵᠤᠷᠪᠤᠰ ᠪᠠ ᠲᠠᠪᠢᠨ ᠲᠠᠪᠤᠳᠤᠭ᠋ᠠᠷ ᠵᠦᠢᠯ᠎ᠳᠤ ᠲᠣᠭᠲᠠᠭ᠋ᠠᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠴᠢ ᠵᠥᠪᠰᠢᠶᠡᠷᠡᠬᠦ ᠪᠠᠢ᠌ᠭᠤᠯᠭ᠎ᠠ᠎ᠠᠴᠠ ᠬᠢᠨᠠᠨ ᠪᠠᠢ᠌ᠴᠠᠭ᠋ᠠᠬᠤ ᠴᠢᠬᠤᠯᠠᠲᠠᠶ ᠭᠡᠵᠦ ᠦᠵᠡᠭᠰᠡᠨ ᠪᠠᠢ᠌ᠳᠠᠯ ᠪᠠᠢ᠌ᠪᠠᠯ᠂ ᠲᠤᠬᠠᠶ ᠵᠢᠨ ᠲ᠋ᠠᠯᠠᠪᠠᠢ᠎ᠳᠤ᠎ᠨᠢ ᠬᠢᠨᠠᠨ ᠪᠠᠢ᠌ᠴᠠᠭ᠋ᠠᠯᠲᠠ ᠬᠢᠬᠦ ᠬᠡᠷᠡᠭᠲᠡᠶ᠃
       ᠬᠣᠷᠢᠨ ᠭᠤᠷᠪᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠨᠡᠷᠡᠢ᠌ᠳᠦᠯ᠂ ᠳᠠᠩᠰᠠᠯᠠᠭᠤᠯᠤᠭᠰᠠᠨ ᠬᠠᠶᠢᠭ᠂ ᠪᠠᠢ᠌ᠴᠠᠭ᠋ᠠᠨ ᠬᠡᠮᠵᠢᠬᠦ ᠲᠠᠯᠠᠪᠤᠷ᠎ᠤᠨ ᠬᠠᠶᠢᠭ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠵᠠᠰᠠᠭ ᠵᠠᠬᠢᠷᠭ᠋ᠠᠨ᠎ᠤ ᠬᠠᠷᠢᠭᠤᠴᠠᠯᠭ᠋ᠠᠲᠠᠨ᠂ ᠮᠡᠷᠭᠡᠵᠢᠯ᠎ᠤᠨ ᠬᠠᠷᠢᠭᠤᠴᠠᠯᠭ᠋ᠠᠲᠠᠨ ᠪᠠ ᠶᠠᠰᠤ ᠴᠢᠨᠠᠷ᠎ᠤᠨ ᠬᠠᠷᠢᠭᠤᠴᠠᠯᠭ᠋ᠠᠲᠠᠨ ᠵᠡᠷᠭᠡ ᠵᠦᠢᠯᠡᠰ᠎ᠲᠤ ᠬᠤᠪᠢᠷᠠᠯᠲᠠ ᠭᠠᠷᠤᠭᠰᠠᠨ ᠪᠠᠢ᠌ᠪᠠᠯ᠂ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠬᠤᠪᠢᠷᠠᠭᠤᠯᠵᠤ ᠪᠠᠷᠠᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠤᠤᠯ᠎ᠤᠨ ᠵᠥᠪᠰᠢᠶᠡᠷᠡᠭᠰᠡᠨ ᠪᠠᠢ᠌ᠭᠤᠯᠭ᠎ᠠ᠎ᠳᠤ ᠬᠤᠪᠢᠷᠠᠭᠤᠯᠬᠤ᠎ᠪᠠᠷ ᠭᠤᠶᠤᠴᠢᠯᠠᠬᠤ ᠬᠡᠷᠡᠭᠲᠡᠶ᠃
       ᠪᠠᠢ᠌ᠴᠠᠭ᠋ᠠᠨ ᠬᠡᠮᠵᠢᠬᠦ ᠲᠠᠯᠠᠪᠤᠷ᠎ᠤᠨ ᠬᠠᠶᠢᠭ᠎ᠨᠢ ᠬᠤᠪᠢᠷᠬᠠᠰᠠᠨ ᠪᠠᠢ᠌ᠪᠠᠯ᠂ ᠵᠥᠪᠰᠢᠶᠡᠷᠡᠭᠰᠡᠨ ᠪᠠᠢ᠌ᠭᠤᠯᠭ᠎ᠠ᠎ᠨᠢ 2᠎ᠠᠴᠠ ᠳᠡᠭᠡᠭᠰᠢ ᠲᠤᠰᠬᠠᠶ ᠮᠡᠷᠭᠡᠵᠢᠯᠲᠡᠨ᠎ᠢ ᠰᠣᠩᠭᠣᠨ ᠲᠣᠮᠢᠯᠠᠵᠤ ᠲᠤᠬᠠᠶ ᠵᠢᠨ ᠲᠠᠯᠠᠪᠠᠢ᠎ᠳᠤ᠎ᠨᠢ ᠬᠠᠷᠭᠤᠭᠤᠯᠤᠨ ᠪᠠᠢ᠌ᠴᠠᠭ᠋ᠠᠬᠤ ᠵᠢᠨ ᠬᠠᠮᠲᠤ 15 ᠠᠵᠢᠯᠯᠠᠬᠤ ᠡᠳᠦᠷ᠎ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠶ; ᠪᠤᠰᠤᠳ ᠬᠤᠪᠢᠷᠠᠭᠤᠯᠬᠤ ᠵᠦᠢ᠍ᠯᠡᠰ᠎ᠢ ᠵᠥᠪᠰᠢᠶᠡᠷᠡᠭᠰᠡᠨ ᠪᠠᠢ᠌ᠭᠤᠯᠭ᠎ᠠ 5 ᠠᠵᠢᠯᠯᠠᠬᠤ ᠡᠳᠦᠷ᠎ᠤᠨ ᠳᠣᠲᠣᠷ᠎ᠠ ᠭᠦᠢ᠍ᠴᠡᠳᠭᠡᠵᠦ ᠳᠠᠭᠤᠰᠬᠠᠬᠤ ᠬᠡᠷᠡᠭᠲᠡᠢ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠳᠤ ᠨᠡᠢ᠌ᠯᠡᠭᠦᠯᠬᠦ᠂ ᠰᠠᠯᠭ᠋ᠠᠨ ᠪᠠᠢ᠌ᠭᠤᠯᠬᠤ᠂ ᠳᠠᠬᠢᠨ ᠵᠣᠬᠢᠶᠠᠨ ᠪᠠᠢ᠌ᠭᠤᠯᠬᠤ᠂ ᠲᠦᠷᠢᠮ ᠵᠶ᠋ᠠᠨ ᠥᠭᠡᠷᠡᠴᠢᠯᠡᠬᠦ ᠵᠡᠷᠭᠡ ᠪᠠᠢ᠌ᠳᠠᠯ ᠭᠠᠷᠪᠠᠯ᠂ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠬᠢᠷᠢ ᠬᠡᠮ᠎ᠤᠨ ᠭᠤᠶᠤᠴᠢᠯᠠᠯ ᠵᠶ᠋ᠠᠨ ᠳᠠᠭᠢᠵᠤ ᠲᠤᠰᠢᠶᠠᠬᠤ ᠬᠡᠷᠡᠭᠲᠡᠶ᠃
      ᠬᠣᠷᠢᠨ ᠳᠥᠷᠪᠡᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠡᠵᠡᠩᠨᠡᠯᠲᠡ᠎ᠪᠠᠨ ᠳᠠᠭᠤᠰᠬᠠᠬᠤ ᠴᠢᠬᠤᠯᠠᠲᠠᠶ ᠪᠠᠢ᠌ᠪᠠᠯ᠂ ᠡᠵᠡᠩᠨᠡᠯᠲᠡ᠎ᠪᠠᠨ ᠳᠠᠭᠤᠰᠬᠠᠬᠤ ᠡᠳᠦᠷ᠎ᠠᠴᠠ ᠡᠮᠦᠨ᠎ᠡ 15 ᠡᠳᠦᠷ᠎ᠤᠨ ᠡᠮᠦᠨ᠎ᠡ ᠵᠦᠪᠰᠢᠶᠡᠷᠡᠭᠰᠡᠨ ᠪᠠᠢ᠌ᠭᠤᠯᠭ᠎ᠠ᠎ᠳᠤ ᠮᠡᠳᠡᠭᠳᠡᠬᠦ ᠬᠡᠷᠡᠭᠲᠡᠶ ᠪᠥᠭᠡᠳ ᠲᠣᠭᠲᠠᠭ᠋ᠠᠯ ᠶᠣᠰᠣᠭ᠋ᠠᠷ ᠬᠦᠴᠦᠨ ᠦᠭᠡᠶ ᠪᠣᠯᠭ᠋ᠠᠬᠤ ᠭᠠᠷᠳᠠᠮ ᠵᠶ᠋ᠡᠨ ᠭᠦᠢᠴᠡᠳᠬᠡᠬᠦ ᠬᠡᠷᠡᠭᠲᠡᠶ᠃
      ᠬᠣᠷᠢᠨ ᠲᠠᠪᠤᠳᠤᠭ᠋ᠠᠷ ᠵᠦᠢᠯ  ᠵᠥᠪᠰᠢᠶᠡᠷᠡᠬᠦ ᠪᠠᠢ᠌ᠭᠤᠯᠭ᠎ᠠ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠴᠢᠳᠠᠮᠵᠢ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ ᠪᠣᠯᠤᠨ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠯᠲᠠ ᠬᠢᠬᠦ᠎ᠳᠤ ᠰᠦᠢᠳᠬᠡᠯ ᠬᠤᠷᠢᠶᠠᠵᠤ ᠪᠣᠯᠬᠤ ᠦᠭᠡᠶ᠃
      ᠬᠣᠷᠢᠨ ᠵᠢᠷᠭᠤᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠨᠢ ᠭᠡᠭᠡᠭᠳᠡᠭᠰᠡᠨ ᠪᠤᠶᠤ ᠪᠤᠵᠠᠷᠲᠤᠭᠰᠠᠨ ᠪᠠᠢ᠌ᠪᠠᠯ᠂ ᠵᠥᠪᠰᠢᠶᠡᠷᠡᠭᠰᠡᠨ ᠪᠠᠢ᠌ᠭᠤᠯᠭ᠎ᠠ᠎ᠳᠤ ᠭᠤᠶᠤᠴᠢᠯᠠᠯ ᠭᠠᠷᠭ᠋ᠠᠵᠤ ᠨᠥᠬᠥᠪᠥᠷᠢᠯᠡᠨ ᠣᠯᠭᠣᠵᠤ ᠪᠣᠯᠤᠨ᠎ᠠ᠃ 
       ᠭᠤᠷᠪᠠᠳᠤᠭ᠋ᠠᠷ ᠪᠦᠯᠦᠭ  ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢᠨ ᠬᠠᠮᠢᠶᠠᠷᠤᠯᠲᠠ
      ᠬᠣᠷᠢᠨ ᠳᠣᠯᠣᠳᠤᠭ᠋ᠠᠷ ᠵᠦᠢᠯ  ᠬᠢᠷᠢ ᠬᠡᠮ ᠣᠯᠤᠭᠰᠠᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠬᠡᠷᠡᠭᠴᠡᠭᠡ᠎ᠪᠠᠨ ᠦᠨᠳᠦᠰᠦᠯᠡᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠷᠢᠯᠭ᠎ᠠ ᠵᠢᠨ ᠭᠠᠵᠠᠷ᠎ᠤᠨ ᠲᠤᠷᠰᠢᠯᠲᠠ ᠵᠢᠨ ᠲᠠᠰᠤᠭ (ᠳᠣᠷᠣᠭᠰᠢ ᠪᠠᠷᠢᠯᠭ᠎ᠠ ᠵᠢᠨ ᠭᠠᠵᠠᠷ᠎ᠤᠨ ᠲᠤᠷᠰᠢᠯᠲᠠ ᠵᠢᠨ ᠲᠠᠰᠤᠭ ᠭᠡᠵᠦ ᠲᠣᠪᠴᠢᠯᠠᠨ᠎ᠠ) ᠪᠠᠢ᠌ᠭᠤᠯᠬᠤ ᠬᠡᠷᠡᠭᠲᠡᠶ᠃
      ᠪᠠᠷᠢᠯᠭ᠎ᠠ ᠵᠢᠨ ᠭᠠᠵᠠᠷ᠎ᠤᠨ ᠲᠤᠷᠰᠢᠯᠲᠠ ᠵᠢᠨ ᠲᠠᠰᠤᠭ ᠪᠣᠯ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠠᠴᠠ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠤᠬᠠᠶ ᠵᠢᠨ ᠭᠠᠵᠠᠷ᠎ᠲᠤ ᠲᠣᠬᠢᠷᠠᠭᠤᠯᠵᠤ᠂ ᠲᠥᠬᠥᠭᠡᠷᠦᠮᠵᠢ ᠬᠠᠩᠭ᠋ᠠᠵᠤ᠂ ᠠᠵᠢᠯᠲᠠᠨ ᠲᠣᠮᠢᠯᠠᠨ ᠰᠠᠭᠤᠯᠭ᠋ᠠᠵᠤ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠵᠣᠬᠢᠴᠠᠩᠭᠤᠶ ᠲᠤᠬᠠᠢ᠌ᠯᠠᠭᠰᠠᠨ ᠠᠵᠢᠯ᠎ᠢ ᠡᠭᠦᠷᠭᠡᠯᠡᠬᠦ ᠲᠦᠷ ᠴᠠᠭ᠎ᠤᠨ ᠠᠵᠢᠯᠯᠠᠬᠤ ᠲᠠᠯᠠᠪᠤᠷ ᠪᠣᠯᠤᠨ᠎ᠠ᠃
      ᠪᠠᠷᠢᠯᠭ᠎ᠠ ᠵᠢᠨ ᠪᠦᠳᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠶᠠᠰᠤ ᠴᠢᠨᠠᠷ᠎ᠢ ᠬᠢᠨᠠᠵᠤ ᠬᠠᠮᠢᠶᠠᠷᠬᠤ ᠬᠠᠷᠢᠭᠤᠴᠠᠯᠭ᠎ᠠ᠎ᠲᠠᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠷᠢᠯᠭ᠎ᠠ ᠵᠢᠨ ᠭᠠᠵᠠᠷ᠎ᠤᠨ ᠲᠤᠷᠰᠢᠯᠲᠠ ᠵᠢᠨ ᠲᠠᠰᠣᠭ᠎ᠢ ᠬᠢᠨᠠᠵᠤ ᠬᠠᠮᠢᠶᠠᠷᠬᠤ ᠬᠡᠷᠡᠭᠲᠡᠢ᠃
     ᠬᠣᠷᠢᠨ ᠨᠠᠢᠮᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠠ  ᠪᠠᠢ᠌ᠴᠠᠭ᠋ᠠᠨ ᠬᠡᠮᠵᠢᠬᠦ ᠠᠵᠢᠯᠳᠠᠨ ᠪᠡᠶ᠎ᠡ᠎ᠪᠠᠨ ᠳᠠᠭ᠋ᠠᠭ᠋ᠠᠵᠤ ᠪᠠᠢ᠌ᠴᠠᠭ᠋ᠠᠨ ᠬᠡᠮᠵᠢᠬᠦ ᠠᠵᠢᠯ ᠥᠷᠨᠢᠭᠦᠯᠵᠦ᠂ ᠶᠠᠮᠠᠷᠪᠠ ᠬᠠᠷᠰᠢᠯᠠᠯ ᠪᠠ ᠨᠥᠯᠥᠭᠡ ᠵᠢ ᠬᠦᠷᠳᠡᠬᠦ ᠦᠭᠡᠢ ᠪᠠᠢ᠌ᠵᠤ᠂  ᠪᠠᠢ᠌ᠴᠠᠭ᠋ᠠᠨ ᠬᠡᠮᠵᠢᠭᠰᠡᠨ ᠲᠣᠭ᠎ᠠ ᠪᠠᠷᠢᠮᠲᠠ ᠵᠢᠨ ᠪᠤᠰᠤᠳᠴᠢ᠂ ᠲᠥᠪ ᠭᠣᠤᠯᠴᠢ᠂ ᠵᠥᠪ ᠣᠨᠣᠪᠴᠢᠲᠠᠶ ᠪᠠᠢ᠌ᠬᠤ ᠵᠢ ᠪᠠᠲᠤᠯᠠᠬᠤ ᠬᠡᠷᠡᠭᠲᠡᠶ᠃
       ᠬᠣᠷᠢ ᠶᠢᠰᠦᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠠᠴᠠ ᠶᠠᠰᠤ ᠴᠢᠨᠠᠷ᠎ᠢ ᠪᠠᠲᠤᠯᠠᠬᠤ ᠰᠢᠰᠲ᠋ᠧᠮ᠎ᠤᠨ ᠪᠦᠲᠦᠮᠵᠢᠲᠡᠶ ᠠᠵᠢᠯᠯᠠᠬᠤ ᠵᠢ ᠪᠠᠲᠤᠯᠠᠬᠤ ᠬᠡᠷᠡᠭᠲᠡᠶ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠭ᠋ᠠᠵᠢ ᠬᠡᠷᠡᠭᠰᠡᠯ ᠲᠥᠬᠥᠭᠡᠷᠦᠮᠵᠢ᠎ᠪᠠᠨ ᠬᠡᠪ᠎ᠤᠨ ᠶᠣᠰᠣᠭ᠋ᠠᠷ ᠬᠠᠮᠠᠭ᠋ᠠᠯᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠲᠣᠭᠲᠠᠭ᠋ᠠᠵᠤ ᠬᠢᠨᠠᠨ ᠰᠢᠯᠭ᠋ᠠᠬᠤ ᠬᠡᠷᠡᠭᠲᠡᠢ᠃
       ᠭᠤᠴᠢᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠦᠯᠢᠭᠡᠷ ᠡᠳ᠋᠎ᠤᠨ ᠬᠠᠮᠢᠶᠠᠷᠤᠯᠲᠠ ᠵᠢᠨ ᠳᠦᠷᠢᠮ ᠪᠠᠢ᠌ᠭᠤᠯᠵᠤ᠂ ᠰᠣᠬᠣᠷ ᠪᠠᠯᠠᠶ᠎ᠪᠠᠷ ᠬᠠᠮᠢᠶᠠᠷᠬᠤ ᠵᠢ ᠰᠠᠨᠠᠭ᠋ᠠᠴᠢᠯᠠᠬᠤ ᠬᠡᠷᠡᠭᠲᠡᠶ᠃
      ᠭᠤᠴᠢᠨ ᠨᠢᠭᠡᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠳᠠᠩᠰᠠ ᠡᠪᠬᠡᠮᠡᠯ᠎ᠤᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠠᠩᠬᠠᠨ᠎ᠤ ᠲᠡᠮᠳᠡᠭᠯᠡᠯ ᠪᠠ ᠶᠠᠰᠤ ᠴᠢᠨᠠᠷ᠎ᠢ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢᠨ ᠠᠭᠤᠯᠭ᠎ᠠ᠎ᠨᠢ ᠡᠷᠬᠡᠪᠰᠢ ᠲᠣᠳᠣᠷᠬᠠᠶ᠂ ᠪᠦᠷᠢᠨ ᠪᠦᠲᠦᠨ᠂ ᠵᠢᠷᠤᠮᠵᠢᠯ᠎ᠲᠠᠢ ᠪᠠᠢ᠌ᠵᠤ᠂ ᠳᠠᠩᠰᠠ ᠡᠪᠬᠡᠮᠡᠯ᠎ᠤᠨ ᠪᠦᠷᠢᠨ ᠭᠦᠢᠴᠡᠳ ᠪᠠᠢ᠌ᠬᠤ ᠪᠠ ᠪᠠᠢ᠌ᠴᠠᠭ᠋ᠠᠨ ᠬᠡᠮᠵᠢᠭᠰᠡᠨ ᠲᠣᠭ᠎ᠠ ᠪᠠᠷᠢᠮᠲᠠ ᠵᠢ ᠨᠡᠬᠡᠮᠵᠢᠯᠡᠵᠦ ᠪᠣᠯᠬᠤ ᠵᠢ ᠪᠠᠲᠤᠯᠠᠬᠤ ᠬᠡᠷᠡᠭᠲᠡᠶ᠃
      ᠭᠤᠴᠢᠨ ᠬᠣᠶᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢ ᠴᠢᠬᠤᠯᠠᠴᠢᠯᠠᠵᠤ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠭ᠋ᠠᠵᠢ ᠬᠡᠷᠡᠭᠰᠡᠯ ᠲᠥᠬᠥᠭᠡᠷᠦᠮᠵᠢ ᠪᠠ  ᠪᠡᠯᠡᠳᠭᠡᠮᠵᠢ ᠵᠢ ᠴᠠᠭ ᠲᠤᠬᠠᠶ᠎ᠳᠤ᠎ᠨᠢ ᠰᠢᠨᠡᠳᠬᠡᠬᠦ ᠬᠡᠷᠡᠭᠲᠡᠶ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠮᠡᠳᠡᠭᠡ ᠵᠠᠩᠭᠢᠴᠢᠯᠠᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠮᠡᠳᠡᠭᠡ ᠵᠠᠩᠭᠢᠴᠢᠯᠠᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
      ᠭᠤᠴᠢᠨ ᠭᠤᠷᠪᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠭᠠᠷᠭ᠋ᠠᠵᠤ ᠥᠭᠭᠦᠭᠰᠡᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ᠎ᠨᠢ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠂ ᠡᠭᠦᠨ᠎ᠳᠤ ᠪᠠᠢ᠌ᠴᠠᠭ᠋ᠠᠨ ᠬᠡᠮᠵᠢᠭᠰᠡᠨ ᠲᠥᠷᠥᠯ ᠵᠦᠢᠯ᠂ ᠪᠤᠯᠵᠤᠯᠳᠤ ᠲᠣᠭ᠎ᠠ ᠬᠡᠮᠵᠢᠶ᠎ᠡ (ᠪᠦᠯᠦᠭ       ᠤᠳᠠᠭ᠎ᠠ)᠂ ᠪᠠᠢ᠌ᠴᠠᠭ᠋ᠠᠨ ᠬᠡᠮᠵᠢᠭᠰᠡᠨ ᠦᠨᠳᠦᠰᠦᠯᠡᠯ᠂ ᠪᠠᠢ᠌ᠴᠠᠭ᠋ᠠᠨ ᠬᠡᠮᠵᠢᠬᠦ ᠲᠠᠯᠠᠪᠤᠷ᠎ᠤᠨ ᠬᠠᠶᠢᠭ᠂ ᠪᠠᠢ᠌ᠴᠠᠭ᠋ᠠᠨ ᠬᠡᠮᠵᠢᠭᠰᠡᠨ ᠲᠣᠭ᠎ᠠ ᠪᠠᠷᠢᠮᠲᠠ᠂ ᠪᠠᠢ᠌ᠴᠠᠭ᠋ᠠᠨ ᠬᠡᠮᠵᠢᠭᠰᠡᠨ ᠦᠷ᠎ᠡ ᠳ᠋ᠦᠩ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠪᠠᠭᠲᠠᠨ᠎ᠠ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠬᠤᠳᠠᠯ ᠬᠠᠭᠤᠷᠮᠠᠭ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠭᠠᠷᠭ᠋ᠠᠵᠤ ᠪᠣᠯᠬᠤ ᠦᠭᠡᠢ᠂  ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢ ᠥᠭᠡᠷᠡᠲᠦᠭᠦᠯᠬᠦ ᠪᠤᠶᠤ ᠬᠠᠭᠤᠷᠮᠠᠭᠯᠠᠨ ᠵᠣᠬᠢᠶᠠᠵᠤ ᠪᠣᠯᠬᠤ ᠦᠭᠡᠢ ᠃
     ᠭᠤᠴᠢᠨ ᠳᠥᠷᠪᠡᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠠᠳᠠᠯᠢ ᠨᠢᠭᠡᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠢᠨ ᠬᠡᠰᠡᠭ᠎ᠲᠤ ᠪᠦᠲᠦᠭᠡᠨ ᠪᠠᠢ᠌ᠭᠤᠯᠬᠤ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠵᠡᠷᠭᠡ ᠣᠯᠠᠨ ᠲᠠᠯ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠨᠠᠢ᠌ᠳᠠᠯᠭ᠎ᠠ ᠵᠢ ᠵᠡᠷᠭᠡ᠎ᠳᠤ᠎ᠨᠢ ᠬᠦᠯᠢᠶᠡᠵᠦ ᠪᠣᠯᠬᠤ ᠦᠭᠡᠶ᠃
       ᠭᠤᠴᠢᠨ ᠲᠠᠪᠤᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠭᠡᠷ᠎ᠡ᠎ᠪᠠᠨ ᠦᠨᠳᠦᠰᠦᠯᠡᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠤᠬᠠᠢ᠌ᠯᠠᠭᠰᠠᠨ ᠠᠵᠢᠯ᠎ᠢ ᠡᠭᠦᠷᠭᠡᠯᠡᠬᠦ ᠬᠡᠷᠡᠭᠲᠡᠶ᠂ ᠰᠢᠯᠵᠢᠭᠦᠯᠦᠨ ᠳᠠᠭ᠋ᠠᠭ᠋ᠠᠴᠢᠯᠠᠭᠤᠯᠬᠤ ᠪᠠ ᠲᠣᠭᠲᠠᠭ᠋ᠠᠯ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠵᠤ ᠪᠣᠯᠬᠤ ᠦᠭᠡᠶ᠃
      ᠭᠤᠴᠢᠨ ᠵᠢᠷᠭᠤᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠶᠠᠪᠤᠴᠠ᠎ᠳᠤ ᠪᠠᠢ᠌ᠴᠠᠭ᠋ᠠᠨ ᠬᠡᠮᠵᠢᠬᠦ ᠲᠥᠷᠥᠯ ᠵᠦᠢᠯ᠎ᠨᠢ ᠬᠢᠷᠢ ᠲᠡᠩᠴᠡᠬᠦ ᠦᠭᠡᠶ ᠮᠥᠷᠲᠡᠭᠡᠨ ᠪᠠᠷᠢᠯᠭ᠎ᠠ ᠵᠢᠨ ᠭᠣᠤᠯ ᠴᠣᠭᠴᠠ ᠵᠢᠨ ᠪᠦᠲᠦᠴᠡ ᠵᠢᠨ ᠠᠶᠣᠯᠬᠦᠢ᠎ᠳᠤ ᠬᠣᠯᠪᠣᠭᠳᠠᠵᠤ ᠪᠠᠢ᠌ᠬᠤ ᠵᠢ ᠣᠯᠵᠤ ᠮᠡᠳᠡᠪᠡᠯ᠂ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠡᠭᠦᠷᠭᠡᠯᠡᠵᠦ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠬᠦ ᠬᠡᠷᠡᠭᠲᠡᠶ᠃
      ᠭᠤᠴᠢᠨ ᠳᠣᠯᠣᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠮᠡᠷᠭᠡᠵᠢᠯ᠎ᠤᠨ ᠬᠠᠷᠢᠭᠤᠴᠠᠯᠭ᠋ᠠᠲᠠᠨ ᠪᠣᠯᠤᠨ ᠶᠠᠰᠤ ᠴᠢᠨᠠᠷ᠎ᠤᠨ ᠬᠠᠷᠢᠭᠤᠴᠠᠯᠭ᠋ᠠᠲᠠᠨ᠎ᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠤᠷᠰᠢᠯᠲᠠ ᠵᠢᠨ ᠪᠠᠢ᠌ᠴᠠᠭ᠋ᠠᠨ ᠬᠡᠮᠵᠢᠭᠴᠢ ᠡᠭᠦᠷᠭᠡᠯᠡᠬᠦ ᠬᠡᠷᠡᠭᠲᠡᠶ᠃
      ᠶᠠᠰᠤ ᠴᠢᠨᠠᠷ᠎ᠢ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢ ᠵᠠᠰᠠᠮᠠᠯ ᠵᠡᠮ ᠤᠰᠦᠠ ᠲᠡᠭᠡᠭᠡᠪᠦᠷᠢ ᠵᠢᠨ ᠪᠠᠷᠢᠯᠭ᠎ᠠ ᠵᠢᠨ ᠲᠤᠷᠰᠢᠯᠲᠠ ᠵᠢᠨ ᠬᠡᠮᠵᠢᠭᠴᠢ᠎ᠨᠢ ᠬᠢᠨᠠᠨ ᠬᠠᠷᠭᠤᠭᠤᠯᠤᠭ᠋ᠠᠳ ᠭᠠᠷ᠎ᠤᠨ ᠤᠢ᠍ᠰᠦᠭ ᠵᠢᠷᠤᠵᠤ ᠶᠠᠪᠤᠭᠤᠯᠬᠤ ᠬᠡᠷᠡᠭᠲᠡᠢ᠃
      ᠭᠤᠴᠢᠨ ᠨᠠᠢᠮᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠠᠴᠠ ᠪᠠᠢ᠌ᠴᠠᠭ᠋ᠠᠨ ᠬᠡᠮᠵᠢᠬᠦ ᠠᠵᠢᠯᠲᠠᠨ᠎ᠤ ᠪᠣᠯᠪᠠᠰᠤᠷᠠᠯ᠎ᠢ ᠴᠢᠩᠭ᠋ᠠᠳᠬᠠᠵᠤ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃
      ᠭᠤᠴᠢ ᠶᠢᠰᠦᠳᠦᠭᠡᠷ ᠵᠦᠢ᠍ᠯ  ᠪᠠᠢ᠌ᠴᠠᠭ᠋ᠠᠨ ᠬᠡᠮᠵᠢᠬᠦ ᠠᠵᠢᠯᠳᠠᠨ ᠬᠣᠶᠠᠷ ᠪᠤᠶᠤ ᠬᠣᠶᠠᠷ᠎ᠠᠴᠠ ᠳᠡᠭᠡᠭᠰᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠳᠤ ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢ ᠵᠡᠷᠭᠡ᠎ᠪᠠᠷ ᠬᠢᠵᠦ ᠪᠣᠯᠬᠤ ᠦᠭᠡᠢ᠂ ᠠᠵᠢᠯ᠎ᠤᠨ ᠲᠦᠬᠦᠮ ᠵᠶ᠋ᠡᠨ ᠠᠰᠢᠭᠯᠠᠨ ᠪᠦᠳᠦᠭᠡᠨ ᠪᠠᠢ᠌ᠭᠤᠯᠤᠯᠲᠠ ᠵᠢᠨ ᠮᠠᠲ᠋ᠧᠷᠢᠶᠠᠯ᠂ ᠲᠣᠨᠣᠭᠯᠠᠭ᠋ᠠᠰᠤ ᠪᠠ ᠲᠥᠬᠥᠭᠡᠷᠦᠮᠵᠢ ᠵᠢ ᠪᠣᠷᠣᠯᠠᠭᠤᠯᠵᠤ ᠪᠣᠯᠬᠤ ᠦᠭᠡᠢ᠃
       ᠳᠥᠴᠢᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠢ ᠰᠢᠯᠵᠢᠭᠦᠯᠦᠨ ᠥᠭᠬᠦ ᠪᠠ ᠲᠦᠷᠢᠶᠡᠰᠦᠯᠡᠭᠦᠯᠵᠦ ᠪᠣᠯᠬᠤ ᠦᠭᠡᠶ᠃ 
       ᠳᠥᠷᠪᠡᠳᠦᠭᠡᠷ ᠪᠦᠯᠦᠭ  ᠬᠢᠨᠠᠯᠲᠠ ᠲᠠᠯᠪᠢᠵᠤ ᠬᠠᠮᠢᠶᠠᠷᠬᠤ
      ᠳᠥᠴᠢᠨ ᠨᠢᠭᠡᠳᠦᠭᠡᠷ ᠵᠦᠢᠯ  ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ (ᠳᠣᠷᠣᠭᠰᠢ ᠵᠠᠮ ᠬᠠᠷᠢᠯᠴᠠᠭ᠎ᠠ ᠲᠡᠭᠡᠭᠡᠪᠦᠷᠢ ᠵᠢᠨ  ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ) ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠲᠤᠰ ᠠᠷᠭ᠎ᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ ᠵᠠᠯᠠᠷᠠᠭᠤᠯᠤᠨ ᠪᠠᠢ᠌ᠴᠠᠭ᠋ᠠᠨ ᠰᠢᠢᠳᠪᠦᠷᠢᠯᠡᠬᠦ ᠬᠡᠷᠡᠭᠲᠡᠶ᠃
     ᠳᠥᠴᠢᠨ ᠬᠣᠶᠠᠳᠤᠭ᠋ᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠥᠷᠨᠢᠭᠦᠯᠬᠦ᠎ᠳᠤ ᠭᠣᠤᠯᠳᠠᠭᠤ ᠳᠣᠤᠷ᠎ᠠ ᠵᠢᠭᠰᠠᠭ᠋ᠠᠭᠰᠠᠨ ᠠᠭᠤᠯᠭ᠎ᠠ᠎ᠨᠤᠭᠤᠳ᠎ᠢ ᠪᠠᠭᠲᠠᠭ᠋ᠠᠨ᠎ᠠ᠄
      (ᠨᠢᠭᠡ) ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ᠎ᠤᠨ ᠬᠡᠷᠡᠭᠯᠡᠯᠲᠡ ᠵᠢᠨ ᠵᠢᠷᠤᠮᠵᠢᠯᠳᠤ ᠴᠢᠨᠠᠷ᠂ ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠲᠣᠭᠲᠠᠭ᠋ᠠᠯ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠬᠤ᠂ ᠵᠥᠪᠰᠢᠶᠡᠷᠡᠯ᠎ᠤᠨ ᠬᠡᠪᠴᠢᠶᠡᠨ᠎ᠠᠴᠠ ᠬᠡᠲᠦᠷᠡᠭᠦᠯᠦᠨ ᠲᠤᠬᠠᠢ᠌ᠯᠠᠭᠰᠠᠨ ᠠᠵᠢᠯ ᠳᠠᠭ᠋ᠠᠭ᠋ᠠᠴᠢᠯᠠᠬᠤ᠂ ᠬᠢᠷᠢ ᠬᠡᠮ᠎ᠤᠨ ᠦᠨᠡᠮᠯᠡᠯ᠎ᠢ ᠪᠠᠯᠠᠯᠤᠨ ᠵᠠᠰᠠᠬᠤ ᠪᠠ ᠲᠦᠷᠢᠶᠡᠰᠦᠯᠡᠨ ᠵᠢᠭᠡᠯᠡᠭᠦᠯᠬᠦ ᠵᠡᠷᠭᠡ ᠦᠢᠯᠡ ᠠᠵᠢᠯᠯᠠᠭ᠎ᠠ ᠪᠠᠢ᠌ᠬᠤ ᠡᠰᠡᠬᠦ;
      (ᠬᠣᠶᠠᠷ) ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠴᠢᠳᠠᠪᠤᠷᠢ ᠵᠢᠨ ᠨᠡᠢ᠌ᠴᠡᠬᠦ ᠴᠢᠨᠠᠷ᠂ ᠪᠠᠷᠢᠯᠭ᠎ᠠ ᠵᠢᠨ ᠭᠠᠵᠠᠷ᠎ᠤᠨ ᠲᠤᠷᠰᠢᠯᠲᠠ ᠵᠢᠨ ᠲᠠᠰᠤᠭ ᠪᠠᠢ᠌ᠭᠤᠯᠤᠭᠰᠠᠨ ᠪᠠ ᠪᠠᠷᠢᠯᠭ᠎ᠠ ᠵᠢᠨ ᠭᠠᠵᠠᠷ᠎ᠤᠨ ᠪᠠᠢ᠌ᠴᠠᠭ᠋ᠠᠨ ᠬᠡᠮᠵᠢᠭᠰᠡᠨ ᠪᠠᠢ᠌ᠳᠠᠯ; 
      (ᠭᠤᠷᠪᠠ) ᠠᠩᠬᠠᠨ᠎ᠤ ᠲᠡᠮᠳᠡᠭᠯᠡᠯ᠂ ᠶᠠᠰᠤ ᠴᠢᠨᠠᠷ᠎ᠢ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢᠨ ᠦᠨᠡᠨ ᠪᠣᠳᠠᠲᠤ ᠴᠢᠨᠠᠷ᠂ ᠵᠢᠷᠤᠮᠵᠢᠯ ᠪᠠ ᠪᠦᠷᠢᠨ ᠪᠦᠲᠦᠨ ᠴᠢᠨᠠᠷ;
      (ᠲᠦᠷᠪᠡ) ᠬᠡᠷᠡᠭᠯᠡᠭᠰᠡᠨ ᠮᠡᠷᠭᠡᠵᠢᠯ᠎ᠤᠨ ᠪᠠᠷᠢᠮᠵᠢᠶ᠎ᠠ᠂ ᠵᠢᠷᠤᠮᠵᠢᠯ ᠪᠠ ᠲᠦᠷᠢᠮ᠎ᠨᠢ ᠬᠠᠤᠯᠢ᠎ᠳᠤ ᠨᠡᠢ᠌ᠴᠡᠬᠦ ᠪᠥᠭᠡᠳ ᠬᠦᠴᠦᠨ᠎ᠲᠠᠢ ᠡᠰᠡᠬᠦ᠂ ᠦᠯᠢᠭᠡᠷ ᠡᠳ᠋᠎ᠤᠨ ᠬᠠᠮᠢᠶᠠᠷᠤᠯᠲᠠ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ;
      (ᠲᠠᠪᠤ)  ᠪᠠᠭ᠋ᠠᠵᠢ ᠲᠥᠬᠥᠭᠡᠷᠦᠮᠵᠢ ᠵᠢᠨ ᠠᠵᠢᠯᠯᠠᠭᠰᠠᠨ᠂ ᠰᠢᠯᠭ᠋ᠠᠨ ᠲᠣᠭᠲᠠᠭ᠋ᠠᠭᠰᠠᠨ ᠪᠠ ᠬᠠᠷᠭᠤᠭᠤᠯᠤᠭᠰᠠᠨ ᠪᠠᠢ᠌ᠳᠠᠯ;
      (ᠵᠢᠷᠭᠤᠭ᠎ᠠ)  ᠶᠠᠰᠤ ᠴᠢᠨᠠᠷ᠎ᠢ ᠪᠠᠲᠤᠯᠠᠬᠤ ᠰᠢᠰᠲ᠋ᠧᠮ᠎ᠤᠨ ᠠᠵᠢᠯᠯᠠᠭ᠋ᠠᠨ᠎ᠤ ᠪᠦᠲᠦᠮᠵᠢᠲᠦ ᠴᠢᠨᠠᠷ;
      (ᠳᠣᠯᠣᠭ᠎ᠠ)  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠣᠯᠤᠨ ᠪᠠᠢ᠌ᠴᠠᠭ᠋ᠠᠨ ᠬᠡᠮᠵᠢᠬᠦ ᠠᠵᠢᠯᠲᠠᠨ᠎ᠤ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢᠨ ᠵᠢᠷᠤᠮᠵᠢᠯ᠎ᠤᠨ ᠴᠢᠨᠠᠷ᠂ ᠬᠠᠤᠯᠢ ᠶᠣᠰᠣᠴᠢ ᠴᠢᠨᠠᠷ ᠪᠣᠯᠤᠨ ᠦᠨᠡᠨ ᠪᠣᠳᠠᠲᠤ ᠴᠢᠨᠠᠷ;
      (ᠨᠠᠢ᠍ᠮᠠ) ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠬᠢᠨᠠᠯᠲᠠ ᠲᠠᠯᠪᠢᠵᠤ ᠪᠠᠢ᠌ᠴᠠᠭ᠋ᠠᠬᠤ ᠬᠡᠷᠡᠭᠲᠡᠢ ᠪᠤᠰᠤᠳ ᠠᠭᠤᠯᠭ᠎ᠠ᠃
     ᠳᠥᠴᠢᠨ ᠭᠤᠷᠪᠠᠳᠤᠭ᠋ᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠢ᠌ᠴᠠᠭ᠋ᠠᠯᠲᠠ ᠶᠠᠪᠤᠭᠤᠯᠬᠤ᠎ᠳᠤ᠎ᠪᠠᠨ ᠳᠣᠤᠷᠠᠬᠢ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ᠄
      (ᠨᠢᠭᠡ) ᠪᠠᠢ᠌ᠴᠠᠭ᠋ᠠᠭᠳᠠᠬᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠤᠶᠤ ᠬᠣᠯᠪᠣᠭᠳᠠᠯ ᠪᠦᠬᠦᠢ ᠨᠢᠭᠡᠴᠢ ᠵᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠨ᠎ᠠ;
      (ᠬᠣᠶᠠᠷ)  ᠪᠠᠢ᠌ᠴᠠᠭ᠋ᠠᠨ ᠦᠵᠡᠬᠦ᠂ ᠲᠡᠮᠳᠡᠭᠯᠡᠬᠦ᠂ ᠳᠠᠭᠤ ᠰᠢᠩᠭᠡᠭᠡᠬᠦ᠂ ᠳᠦᠷᠰᠦ ᠰᠢᠩᠭᠡᠭᠡᠬᠦ᠂ ᠰᠡᠭᠦᠳᠡᠷᠯᠡᠬᠦ ᠪᠠ ᠪᠠᠢ᠌ᠴᠠᠭ᠋ᠠᠬᠤ᠎ᠳᠤ ᠬᠣᠯᠪᠣᠭᠳᠠᠬᠤ ᠵᠦᠢ᠍ᠯᠡᠰ ᠪᠠ ᠮᠠᠲ᠋ᠧᠷᠢᠶᠠᠯ᠎ᠢ ᠪᠠᠭᠤᠯᠭ᠋ᠠᠵᠤ ᠠᠪᠤᠨ᠎ᠠ;
      (ᠭᠤᠷᠪᠠ) ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠪᠠᠢ᠌ᠴᠠᠭ᠋ᠠᠨ ᠬᠡᠮᠵᠢᠬᠦ ᠠᠵᠢᠯ᠎ᠤᠨ ᠲᠠᠯᠠᠪᠤᠷ᠎ᠲᠤ ᠣᠷᠣᠵᠤ ᠰᠤᠭᠤᠴᠢᠨ ᠪᠠᠢ᠌ᠴᠠᠭ᠋ᠠᠨ᠎ᠠ;
      (ᠳᠥᠷᠪᠡ) ᠬᠣᠯᠪᠣᠭᠳᠠᠯ ᠪᠦᠬᠦᠢ ᠪᠠᠷᠢᠮᠵᠢᠶ᠎ᠠ᠂ ᠵᠢᠷᠤᠮᠵᠢᠯ᠂ ᠳᠦᠷᠢᠮ ᠪᠣᠯᠤᠨ ᠲᠤᠰ ᠠᠷᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠦᠢ᠍ᠯᠡ ᠠᠵᠢᠯᠯᠠᠭ᠎ᠠ᠎ᠲᠠᠢ ᠨᠡᠢ᠌ᠴᠡᠬᠦ ᠦᠭᠡᠢ ᠪᠠᠢ᠌ᠬᠤ ᠵᠢ ᠣᠯᠵᠤ ᠮᠡᠳᠡᠪᠡᠯ᠂ ᠵᠠᠷᠯᠢᠭᠳᠠᠵᠤ ᠪᠠᠢ᠌ᠭ᠋ᠠᠳ ᠳᠠᠷᠤᠢ᠌ᠬᠠᠨ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠵᠠᠯᠠᠷᠠᠭᠤᠯᠤᠨ᠎ᠠ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ ᠬᠠᠮᠵᠢᠯᠴᠠᠵᠤ᠂ ᠪᠠᠢ᠌ᠳᠠᠯ ᠵᠶ᠋ᠠᠨ ᠦᠨᠡᠨ ᠮᠥᠨ ᠵᠶ᠋ᠡᠷ᠎ᠨᠢ ᠲᠣᠳᠣᠷᠬᠠᠢ᠌ᠯᠠᠬᠤ ᠪᠠ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
      ᠳᠥᠴᠢᠨ ᠳᠥᠷᠪᠡᠳᠦᠭᠡᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢᠳᠬᠠᠬᠤ ᠲᠤᠷᠰᠢᠯᠲᠠ ᠵᠢ ᠵᠣᠬᠢᠶᠠᠨ ᠪᠠᠢ᠌ᠭᠤᠯᠵᠤ᠂ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠴᠢᠳᠠᠪᠤᠷᠢ ᠵᠢ ᠰᠢᠯᠭ᠋ᠠᠨ ᠬᠡᠮᠵᠢᠵᠦ᠂ ᠠᠳᠠᠯᠢᠳᠬᠠᠬᠤ ᠲᠤᠷᠰᠢᠯᠲᠠ ᠬᠢᠭᠰᠡᠨ ᠪᠠᠢ᠌ᠳᠠᠯ ᠵᠶ᠋ᠠᠨ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠬᠤ ᠬᠡᠷᠡᠭᠲᠡᠶ᠃
      ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠡᠮᠦᠨᠡᠬᠢ ᠲᠣᠭᠲᠠᠭ᠋ᠠᠯ ᠶᠣᠰᠣᠭ᠋ᠠᠷ ᠠᠳᠠᠯᠢᠳᠬᠠᠬᠤ ᠲᠤᠷᠰᠢᠯᠲᠠ᠎ᠳᠤ ᠣᠷᠣᠯᠴᠠᠬᠤ ᠪᠥᠭᠡᠳ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
      ᠳᠥᠴᠢᠨ ᠲᠠᠪᠤᠳᠤᠭ᠋ᠠᠷ ᠵᠦᠢᠯ  ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠭᠰᠡᠨ ᠦᠢ᠍ᠯᠡ ᠠᠵᠢᠯᠯᠠᠭ᠎ᠠ ᠵᠢ ᠵᠠᠭ᠋ᠠᠯᠳᠤᠬᠤ ᠪᠤᠶᠤ ᠢᠯᠡᠴᠢᠯᠡᠨ ᠮᠡᠳᠡᠭᠦᠯᠬᠦ ᠡᠷᠬᠡ᠎ᠲᠠᠢ᠃
      ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠵᠠᠭ᠋ᠠᠯᠳᠤᠯᠭ᠎ᠠ ᠪᠤᠶᠤ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ᠎ᠤ ᠳᠠᠷᠠᠭ᠎ᠠ᠂ ᠴᠠᠭ ᠲᠤᠬᠠᠶ᠎ᠳᠤ᠎ᠨᠢ ᠬᠢᠨᠠᠨ ᠮᠠᠭ᠋ᠠᠳᠯᠠᠵᠤ ᠰᠢᠢᠳᠪᠦᠷᠢᠯᠡᠬᠦ ᠬᠡᠷᠡᠭᠲᠡᠶ᠃
      ᠳᠥᠴᠢᠨ ᠵᠢᠷᠭᠤᠳᠤᠭ᠋ᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠢᠲᠡᠭᠡᠮᠵᠢ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ᠃
       ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠢᠲᠡᠭᠡᠮᠵᠢ ᠵᠢᠨ ᠬᠠᠮᠢᠶᠠᠷᠤᠯᠲᠠ ᠵᠢ ᠨᠢᠭᠡᠳᠦᠯᠲᠡᠶ ᠤᠳᠤᠷᠢᠳᠴᠤ᠂ ᠱᠠᠲᠤ ᠬᠤᠪᠢᠶᠠᠨ ᠬᠠᠷᠢᠭᠤᠴᠠᠭᠤᠯᠤᠨ᠎ᠠ᠃ ᠡᠯ᠎ᠡ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠣᠯᠤᠨ ᠪᠠᠢ᠌ᠴᠠᠭ᠋ᠠᠨ ᠬᠡᠮᠵᠢᠬᠦ ᠠᠵᠢᠯᠲᠠᠨ᠎ᠤ ᠠᠵᠢᠯ ᠡᠷᠬᠢᠯᠡᠬᠦ ᠦᠢ᠍ᠯᠡ ᠠᠵᠢᠯᠯᠠᠭ᠎ᠠ᠎ᠳᠤ ᠢᠲᠡᠭᠡᠮᠵᠢ ᠵᠢᠨ ᠬᠠᠮᠢᠶᠠᠷᠤᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠵᠢᠨ ᠬᠠᠮᠲᠤ ᠨᠡᠢ᠌ᠭᠡᠮ᠎ᠳᠤ ᠢᠯᠡ ᠪᠣᠯᠭ᠋ᠠᠬᠤ ᠬᠡᠷᠡᠭᠲᠡᠶ᠃
      ᠳᠥᠴᠢᠨ ᠳᠣᠯᠣᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠬᠢᠷᠢ ᠬᠡᠮ ᠣᠯᠤᠭᠰᠠᠨ᠎ᠤ ᠳᠠᠷᠠᠭ᠎ᠠ᠂ ᠬᠠᠷᠠᠭ᠋ᠠᠯᠵᠠᠭᠰᠠᠨ ᠬᠢᠷᠢ ᠬᠡᠮ᠎ᠤᠨ ᠨᠥᠬᠥᠴᠡᠯ᠎ᠳᠤ ᠨᠡᠢ᠌ᠴᠡᠬᠦ᠎ᠪᠠᠨ ᠪᠤᠯᠢᠭᠰᠠᠨ ᠪᠠᠢ᠌ᠪᠠᠯ᠂ ᠵᠥᠪᠰᠢᠶᠡᠷᠡᠬᠦ ᠪᠠᠢ᠌ᠭᠤᠯᠭ᠎ᠠ ᠲᠡᠭᠦᠨ᠎ᠢ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠢ᠌ᠵᠢᠷᠠᠭᠤᠯᠬᠤ ᠵᠢᠨ ᠬᠠᠮᠲᠤ ᠨᠡᠢ᠌ᠭᠡᠮ᠎ᠳᠤ ᠢᠯᠡ ᠪᠣᠯᠭ᠋ᠠᠬᠤ ᠬᠡᠷᠡᠭᠲᠡᠶ᠃ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠴᠡᠭᠴᠡᠯᠡᠨ ᠰᠠᠢ᠌ᠵᠢᠷᠠᠭᠤᠯᠵᠤ ᠳᠠᠭᠤᠰᠬᠠᠭᠰᠠᠨ᠎ᠤ ᠳᠠᠷᠠᠭ᠎ᠠ᠂ ᠵᠥᠪᠰᠢᠶᠡᠷᠡᠬᠦ ᠪᠠᠢ᠌ᠭᠤᠯᠭ᠎ᠠ᠎ᠳᠤ ᠬᠢᠷᠢ ᠬᠡᠮ ᠵᠶ᠋ᠡᠨ ᠳᠠᠬᠢᠨ ᠬᠢᠨᠠᠨ ᠲᠣᠭᠲᠠᠭ᠋ᠠᠯᠭ᠋ᠠᠬᠤ ᠭᠤᠶᠤᠴᠢᠯᠠᠯ ᠭᠠᠷᠭ᠋ᠠᠬᠤ ᠬᠡᠷᠡᠭᠲᠡᠶ᠃
      ᠲᠠᠪᠤᠳᠤᠭ᠋ᠠᠷ ᠪᠦᠯᠦᠭ  ᠬᠠᠤᠯᠢ ᠴᠠᠭ᠋ᠠᠵᠠ ᠵᠢᠨ ᠬᠠᠷᠢᠭᠤᠴᠠᠯᠭ᠎ᠠ
      ᠳᠥᠴᠢᠨ ᠨᠠᠢᠮᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ᠎ᠨᠢ ᠬᠦᠴᠦᠨ ᠦᠭᠡᠶ ᠪᠥᠭᠡᠳ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠬᠣᠣᠷ ᠬᠥᠨᠥᠭᠡᠯ᠎ᠤᠨ ᠦᠷ᠎ᠡ ᠤᠷᠰᠢᠭ ᠲᠠᠲᠠᠭᠰᠠᠨ ᠪᠠᠢ᠌ᠪᠠᠯ᠂ 3 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      (ᠨᠢᠭᠡ) ᠬᠠᠷᠠᠭ᠋ᠠᠯᠵᠠᠭᠰᠠᠨ ᠬᠢᠷᠢ ᠬᠡᠮ ᠣᠯᠤᠭᠰᠠᠨ ᠤᠢ᠍ᠭᠡᠢ᠎ᠪᠠᠷ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ;
      (ᠬᠣᠶᠠᠷ) ᠬᠢᠷᠢ ᠭᠡᠮ᠎ᠤᠨ ᠦᠨᠡᠮᠯᠡᠯ᠎ᠨᠢ ᠬᠦᠴᠦᠨ᠎ᠲᠠᠢ ᠬᠤᠭᠤᠴᠠᠭ᠎ᠠ᠎ᠠᠴᠠ᠎ᠪᠠᠨ ᠥᠩᠭᠡᠷᠡᠭᠰᠡᠨ ᠪᠠᠢ᠌ᠲᠠᠯ᠎ᠠ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ;
      (ᠭᠤᠷᠪᠠ) ᠬᠢᠷᠢ ᠭᠡᠮ᠎ᠤᠨ ᠵᠥᠪᠰᠢᠶᠡᠷᠡᠯ᠎ᠤᠨ ᠬᠡᠪᠴᠢᠶᠡᠨ᠎ᠠᠴᠠ᠎ᠪᠠᠨ ᠳᠠᠪᠠᠵᠤ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ᠃
      ᠳᠥᠴᠢ ᠶᠢᠰᠦᠳᠦᠭᠡᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠬᠣᠯᠪᠣᠭᠳᠠᠯ ᠪᠦᠬᠦᠢ ᠪᠠᠢ᠌ᠳᠠᠯ ᠵᠶ᠋ᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠬᠢᠷᠢ ᠬᠡᠮ ᠭᠤᠶᠤᠴᠢᠯᠠᠭᠰᠠᠨ ᠪᠠᠢ᠌ᠪᠠᠯ᠂ ᠵᠥᠪᠰᠢᠶᠡᠷᠡᠬᠦ ᠪᠠᠢ᠌ᠭᠤᠯᠭ᠎ᠠ ᠬᠦᠯᠢᠶᠡᠨ ᠠᠪᠴᠤ ᠰᠢᠢᠳᠪᠦᠷᠢᠯᠡᠬᠦ ᠦᠭᠡᠶ ᠪᠤᠶᠤ ᠵᠠᠰᠠᠭ ᠵᠠᠬᠢᠷᠭ᠋ᠠᠨ᠎ᠤ ᠵᠥᠪᠰᠢᠶᠡᠷᠡᠯ ᠥᠭᠬᠦ ᠦᠭᠡᠶ ᠪᠥᠭᠡᠳ ᠰᠡᠷᠡᠮᠵᠢ ᠥᠭᠭᠦᠨ᠎ᠡ; ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ 1 ᠵᠢᠯ᠎ᠤᠨ ᠳᠣᠲᠣᠷ᠎ᠠ ᠲᠣᠰ ᠬᠢᠷᠢ ᠬᠡᠮ᠎ᠢ ᠳᠠᠬᠢᠨᠲᠠ ᠭᠤᠶᠤᠴᠢᠯᠠᠵᠤ ᠪᠣᠯᠬᠤ ᠥᠬᠡᠶ᠃
     ᠲᠠᠪᠢᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠶ ᠪᠤᠰᠤ ᠠᠷᠭ᠎ᠠ ᠪᠠᠷᠢᠯ ᠵᠶ᠋ᠠᠷ ᠬᠢᠷᠢ ᠭᠡᠮ᠎ᠤᠨ ᠦᠨᠡᠮᠯᠡᠯ ᠣᠯᠤᠭᠰᠠᠨ ᠪᠠᠢ᠌ᠪᠠᠯ᠂ ᠵᠥᠪᠰᠢᠶᠡᠷᠡᠬᠦ ᠪᠠᠢ᠌ᠭᠤᠯᠭ᠎ᠠ᠎ᠠᠴᠠ ᠬᠦᠴᠦᠨ ᠦᠭᠡᠢ ᠪᠣᠯᠭ᠋ᠠᠨ᠎ᠠ; ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠨᠢ 3 ᠵᠢᠯ᠎ᠤᠨ ᠳᠣᠲᠣᠷ᠎ᠠ ᠲᠤᠰ ᠬᠢᠷᠢ ᠬᠡᠮ᠎ᠢ ᠳᠠᠬᠢᠨᠲᠠ ᠭᠤᠶᠤᠴᠢᠯᠠᠵᠤ ᠪᠣᠯᠬᠤ ᠦᠭᠡᠶ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠲᠠᠪᠢᠨ ᠨᠢᠭᠡᠳᠦᠭᠡᠷ ᠵᠦᠢᠯ   ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠲᠤᠰ ᠠᠷᠭ᠎ᠠ ᠵᠢᠨ ᠬᠣᠷᠢᠨ ᠭᠤᠷᠪᠠᠳᠤᠭ᠋ᠠᠷ ᠵᠦᠢᠯ᠎ᠤᠨ ᠲᠣᠭᠲᠠᠭ᠋ᠠᠯ ᠶᠣᠰᠣᠭ᠋ᠠᠷ ᠬᠤᠪᠢᠷᠠᠭᠤᠯᠬᠤ᠎ᠪᠠᠷ ᠭᠤᠶᠤᠴᠢᠯᠠᠭᠰᠠᠨ ᠦᠭᠡᠶ ᠪᠣᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠭᠦᠢᠴᠡᠳᠬᠡᠯᠭᠡᠨ᠎ᠡ; ᠬᠤᠭᠤᠴᠠᠭ᠎ᠠ ᠥᠩᠭᠡᠷᠡᠲᠡᠯ᠎ᠡ  ᠭᠦᠢ᠍ᠴᠡᠳᠭᠡᠭᠰᠡᠨ ᠦᠭᠡᠶ ᠪᠣᠯ ᠰᠡᠷᠡᠮᠵᠢ ᠥᠭᠬᠦ ᠪᠤᠶᠤ  ᠨᠡᠢ᠌ᠲᠡᠯᠡᠨ ᠰᠢᠭᠦᠮᠵᠢᠯᠡᠬᠦ ᠬᠡᠷᠡᠭᠲᠡᠶ᠃
      ᠲᠠᠪᠢᠨ ᠬᠣᠶᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠬᠣᠣᠷ ᠬᠥᠨᠥᠭᠡᠯ᠎ᠤᠨ ᠦᠷ᠎ᠡ ᠤᠷᠰᠢᠭ ᠲᠠᠲᠠᠭᠰᠠᠨ ᠪᠠᠢ᠌ᠪᠠᠯ᠂ 3 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠤᠭᠰᠢ ᠵᠣᠭᠣᠰ ᠵᠶ᠋ᠠᠷ ᠲᠣᠷᠭ᠋ᠠᠨ᠎ᠠ; ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      (ᠨᠢᠭᠡ) ᠬᠤᠳᠠᠯ ᠬᠠᠭᠤᠷᠮᠠᠭ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠭᠠᠷᠭ᠋ᠠᠵᠤ᠂ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢ ᠥᠭᠡᠷᠡᠲᠦᠭᠦᠯᠵᠦ᠂ ᠬᠠᠭᠤᠷᠮᠠᠭᠯᠠᠨ ᠵᠣᠬᠢᠶᠠᠭᠰᠠᠨ;
      (ᠬᠣᠶᠠᠷ) ᠪᠠᠢ᠌ᠴᠠᠭ᠋ᠠᠨ ᠬᠡᠮᠵᠢᠬᠦ ᠲᠤᠬᠠᠢ᠌ᠯᠠᠭᠰᠠᠨ ᠠᠵᠢᠯ ᠵᠶ᠋ᠠᠨ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ᠂ ᠲᠣᠭᠲᠠᠭ᠋ᠠᠯ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠤᠭᠰᠠᠨ᠃
     ᠲᠠᠪᠢᠨ ᠭᠤᠷᠪᠠᠳᠤᠭ᠋ᠠᠷ ᠵᠦᠢᠯ    ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ 5000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠭᠡᠨ᠎ᠡ᠄
      (ᠨᠢᠭᠡ) ᠶᠠᠰᠤ ᠴᠢᠨᠠᠷ᠎ᠢ ᠪᠠᠲᠤᠯᠠᠬᠤ ᠰᠢᠰᠲ᠋ᠧᠮ᠎ᠨᠢ ᠪᠦᠲᠦᠮᠵᠢᠲᠡᠢ ᠠᠵᠢᠯᠯᠠᠭᠰᠠᠨ ᠦᠭᠡᠢ᠂ ᠡᠰᠡᠬᠦᠯ᠎ᠡ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠭ᠋ᠠᠵᠢ ᠲᠥᠬᠥᠭᠡᠷᠦᠮᠵᠢ ᠵᠢ ᠬᠡᠪ᠎ᠤᠨ ᠶᠣᠰᠣᠭ᠋ᠠᠷ ᠬᠠᠮᠠᠭ᠋ᠠᠯᠠᠭᠰᠠᠨ ᠦᠭᠡᠢ;
      (ᠬᠣᠶᠠᠷ) ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠤᠨ ᠬᠠᠮᠢᠶᠠᠷᠤᠯᠲᠠ ᠬᠢᠭᠰᠡᠨ ᠦᠭᠡᠢ᠎ᠠᠴᠠ ᠪᠣᠯᠵᠤ ᠪᠠᠢ᠌ᠴᠠᠭ᠋ᠠᠨ ᠬᠡᠮᠵᠢᠭᠰᠡᠨ ᠲᠣᠭ᠎ᠠ ᠪᠠᠷᠢᠮᠲᠠ ᠵᠢ ᠨᠡᠬᠡᠮᠵᠢᠯᠡᠬᠦ ᠵᠢᠨ ᠠᠷᠭ᠎ᠠ ᠦᠭᠡᠢ ᠪᠣᠯᠭ᠋ᠠᠭᠰᠠᠨ;
      (ᠭᠤᠷᠪᠠ) ᠠᠳᠠᠯᠢ ᠨᠢᠭᠡᠨ ᠪᠠᠷᠢᠯᠭ᠎ᠠ ᠵᠢᠨ ᠵᠦᠢ᠍ᠯᠡᠰ᠎ᠤᠨ ᠳᠠᠭ᠋ᠠᠭ᠋ᠠᠴᠢᠯᠠᠯᠲᠠ ᠵᠢᠨ ᠬᠡᠰᠡᠭ᠎ᠲᠤ ᠪᠦᠳᠦᠭᠡᠠ ᠪᠠᠢ᠌ᠭᠤᠯᠬᠤ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠵᠡᠷᠭᠡ ᠤᠯᠡᠠ ᠲᠠᠯ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠨᠠᠢ᠌ᠳᠠᠯᠭ᠎ᠠ ᠵᠢ ᠵᠡᠷᠭᠡ᠎ᠳᠤ᠎ᠨᠢ ᠬᠦᠯᠢᠶᠡᠭᠰᠡᠨ;
      (ᠳᠥᠷᠪᠡ) ᠪᠠᠢ᠌ᠴᠠᠭ᠋ᠠᠨ ᠬᠡᠮᠵᠢᠬᠦ ᠶᠠᠪᠤᠴᠠ᠎ᠳᠤ ᠪᠠᠢ᠌ᠴᠠᠭ᠋ᠠᠨ ᠬᠡᠮᠵᠢᠬᠦ ᠲᠥᠷᠥᠯ ᠵᠦᠢ᠍ᠯ᠎ᠨᠢ ᠬᠢᠷᠢ ᠲᠡᠩᠴᠡᠬᠦ ᠦᠭᠡᠶ ᠮᠥᠷᠲᠡᠭᠡᠨ ᠪᠠᠷᠢᠯᠭ᠎ᠠ ᠵᠢᠨ ᠭᠣᠣᠯ ᠴᠣᠭᠴᠠ ᠵᠢᠨ ᠪᠦᠲᠦᠴᠡ ᠵᠢᠨ ᠠᠶᠦᠯᠭᠦᠢ᠎ᠳᠤ ᠬᠣᠯᠪᠣᠭᠳᠠᠭᠰᠠᠨ᠎ᠢ ᠲᠣᠭᠲᠠᠭ᠋ᠠᠯ ᠶᠣᠰᠣᠭ᠋ᠠᠷ ᠮᠡᠳᠡᠭᠦᠯᠦᠭᠰᠡᠨ ᠦᠭᠡᠶ;
      (ᠲᠠᠪᠤ) ᠬᠢᠨᠠᠯᠲᠠ ᠪᠠᠢ᠌ᠴᠠᠭ᠋ᠠᠯᠲᠠ ᠵᠢ ᠬᠦᠯᠢᠶᠡᠬᠦ᠎ᠳᠡᠭᠡᠨ ᠬᠣᠯᠪᠣᠭᠳᠠᠯ ᠪᠦᠬᠦᠢ ᠮᠠᠲ᠋ᠧᠷᠢᠶᠠᠯ᠎ᠢ ᠦᠨᠡᠨ ᠮᠥᠨ ᠵᠶ᠋ᠡᠷ᠎ᠨᠢ ᠬᠠᠩᠭ᠋ᠠᠭᠰᠠᠨ ᠦᠭᠡᠢ ᠪᠤᠶᠤ ᠬᠢᠨᠠᠯᠲᠠ ᠪᠠᠢ᠌ᠴᠠᠭ᠋ᠠᠯᠲᠠ ᠵᠢ ᠲᠡᠪᠴᠢᠭᠰᠡᠨ᠂ ᠬᠠᠷᠰᠢᠯᠠᠭᠰᠠᠨ᠃
      ᠲᠠᠪᠢᠨ ᠳᠥᠷᠪᠡᠳᠦᠭᠡᠷ ᠵᠦᠢᠯ   ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠪᠤᠶᠤ ᠪᠠᠢ᠌ᠴᠠᠭ᠋ᠠᠨ ᠬᠡᠮᠵᠢᠬᠦ ᠠᠵᠢᠯᠲᠠᠨ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠳᠣᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠬᠦ ᠪᠤᠶᠤ  ᠨᠡᠢ᠌ᠲᠡᠯᠡᠨ ᠰᠢᠭᠦᠮᠵᠢᠯᠡᠨ᠎ᠡ᠄
      (ᠨᠢᠭᠡ) ᠲᠣᠭᠲᠠᠭ᠋ᠠᠯ ᠶᠣᠰᠣᠭ᠋ᠠᠷ ᠤᠢ᠍ᠯᠢᠭᠡᠷ ᠡᠳ᠋᠎ᠤᠨ ᠬᠠᠮᠢᠶᠠᠷᠤᠯᠲᠠ ᠬᠢᠭᠰᠡᠨ ᠤᠢ᠍ᠭᠡᠢ;
      (ᠬᠣᠶᠠᠷ) ᠵᠡᠷᠭᠡ᠎ᠪᠠᠷ ᠬᠣᠶᠠᠷ ᠪᠤᠶᠤ ᠬᠣᠶᠠᠷ᠎ᠠᠴᠠ ᠳᠡᠭᠡᠭᠰᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ᠎ᠳᠤ ᠪᠠᠢ᠌ᠴᠠᠭ᠋ᠠᠨ ᠬᠡᠮᠵᠢᠬᠦ ᠠᠵᠢᠯᠯᠠᠭ᠎ᠠ ᠬᠢᠭᠰᠡᠨ;    
      (ᠭᠤᠷᠪᠠ) ᠠᠵᠢᠯ᠎ᠤᠨ ᠲᠥᠬᠥᠮ᠎ᠢ ᠠᠰᠢᠭᠯᠠᠨ ᠪᠥᠲᠥᠭᠡᠨ ᠪᠠᠢ᠌ᠭᠤᠯᠤᠯᠲᠠ ᠵᠢᠨ ᠮᠠᠲ᠋ᠧᠷᠢᠶᠠᠯ᠂ ᠲᠣᠨᠣᠭᠯᠠᠭ᠋ᠠᠰᠤ ᠪᠠ ᠲᠥᠬᠥᠭᠡᠷᠦᠮᠵᠢ ᠵᠢ ᠪᠣᠷᠣᠯᠠᠭᠤᠯᠤᠭᠰᠠᠨ;
      (ᠲᠦᠷᠪᠡ) ᠠᠳᠠᠯᠢᠳᠬᠠᠬᠤ ᠲᠤᠷᠰᠢᠯᠲᠠ᠎ᠳᠤ ᠱᠠᠭ᠋ᠠᠷᠳᠠᠯᠭ᠎ᠠ ᠶᠣᠰᠣᠭ᠋ᠠᠷ ᠣᠷᠣᠯᠴᠠᠭᠰᠠᠨ ᠦᠭᠡᠢ᠃
      ᠲᠠᠪᠢᠨ ᠲᠠᠪᠤᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ ᠵᠶ᠋ᠡᠨ ᠪᠤᠰᠤᠳ᠎ᠲᠤ ᠰᠢᠯᠵᠢᠭᠦᠯᠦᠭᠰᠡᠨ᠂ ᠲᠦᠷᠢᠶᠡᠰᠦᠯᠡᠭᠦᠯᠦᠭᠰᠡᠨ ᠪᠣᠯ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠣᠯᠪᠣᠭᠳᠠᠯ ᠪᠦᠬᠦᠢ ᠦᠨᠡᠮᠯᠡᠯ᠎ᠢ᠎ᠨᠢ ᠬᠤᠷᠢᠶᠠᠮᠵᠢᠯᠠᠨ ᠠᠪᠴᠤ᠂ 5000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
     ᠲᠠᠪᠢᠨ ᠵᠢᠷᠭᠤᠳᠤᠭ᠋ᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠵᠢᠯ᠎ᠤᠨ ᠳᠤᠮᠳᠠ᠂ ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠤᠯᠢ ᠶᠣᠰᠣᠭ᠋ᠠᠷ ᠰᠢᠢ᠍ᠳᠬᠡᠯ ᠣᠯᠭᠣᠨ᠎ᠠ; ᠶᠠᠯ᠎ᠠ ᠪᠤᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
       (ᠨᠢᠭᠡ) ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠦᠯᠦ ᠨᠡᠢ᠌ᠴᠡᠬᠦ ᠭᠤᠶᠤᠴᠢᠯᠠᠭᠴᠢ᠎ᠳᠤ ᠬᠢᠷᠢ ᠭᠡᠮ᠎ᠤᠨ ᠦᠨᠡᠮᠯᠡᠯ ᠣᠯᠭᠣᠭᠰᠠᠨ;
       (ᠬᠣᠶᠠᠷ) ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠭᠤᠶᠤᠴᠢᠯᠠᠭᠴᠢ᠎ᠳᠤ ᠬᠢᠷᠢ ᠭᠡᠮ᠎ᠤᠨ ᠦᠨᠡᠮᠯᠡᠯ ᠣᠯᠭᠣᠭᠰᠠᠨ ᠦᠭᠡᠶ;
       (ᠭᠤᠷᠪᠠ) ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠭᠤᠶᠤᠴᠢᠯᠠᠭᠴᠢ᠎ᠳᠤ ᠬᠠᠤᠯᠢ᠎ᠪᠠᠷ ᠲᠣᠭᠲᠠᠭ᠋ᠠᠭᠰᠠᠨ ᠬᠤᠭᠤᠴᠠᠭ᠋ᠠᠨ ᠳᠣᠲᠣᠷ᠎ᠠ ᠬᠢᠷᠢ ᠭᠡᠮ᠎ᠤᠨ ᠦᠨᠡᠮᠯᠡᠯ ᠣᠯᠭᠣᠭᠰᠠᠨ ᠦᠭᠡᠶ; 
       (ᠲᠤᠢ᠍ᠷᠪᠡ) ᠡᠭᠦᠷᠭᠡ ᠲᠤᠰᠢᠶᠠᠯ᠎ᠤᠨ ᠲᠤᠢ᠍ᠬᠦᠮ ᠵᠶ᠋ᠡᠨ ᠠᠰᠢᠭᠯᠠᠨ ᠪᠤᠰᠤᠳ᠎ᠤᠨ ᠵᠣᠭᠣᠰ ᠮᠥᠩᠭᠥ ᠡᠳ᠋ ᠪᠣᠳᠠᠰ᠎ᠢ ᠨᠡᠬᠡᠵᠦ ᠠᠪᠤᠭᠰᠠᠨ᠂ ᠬᠦᠯᠢᠶᠡᠠ ᠠᠪᠤᠭᠰᠠᠨ ᠪᠤᠶᠤ ᠪᠤᠰᠤᠳ ᠠᠰᠢᠭ ᠲᠤᠰᠠ ᠣᠯᠤᠭᠰᠠᠨ;
       (ᠲᠠᠪᠤ) ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ ᠪᠤᠶᠤ ᠴᠢᠩᠭ᠎ᠠ ᠬᠢᠨᠠᠯᠲᠠ ᠲᠠᠯᠪᠢᠭᠰᠠᠨ ᠦᠭᠡᠢ᠎ᠠᠴᠠ ᠪᠤᠯᠵᠤ ᠬᠦᠨᠳᠦ ᠨᠣᠴᠢᠲᠠᠢ ᠤᠷᠰᠢᠭ ᠲᠠᠲᠠᠭᠰᠠᠨ᠃
      ᠵᠢᠷᠭᠤᠳᠤᠭ᠋ᠠᠷ ᠪᠦᠯᠦᠭ  ᠳᠠᠭ᠋ᠠᠯᠳᠤᠭᠤᠯᠤᠭᠰᠠᠨ ᠲᠤᠢ᠍ᠷᠢᠮ
      ᠲᠠᠪᠢᠨ ᠳᠣᠯᠣᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠳᠡᠰ᠎ᠤᠨ ᠨᠥᠬᠥᠴᠡᠯ᠂ ᠲᠤᠰᠬᠠᠶ ᠮᠡᠷᠭᠡᠵᠢᠯᠲᠡᠨ᠎ᠤ ᠮᠡᠷᠭᠡᠵᠢᠯ᠎ᠤᠨ ᠬᠢᠨᠠᠨ ᠲᠣᠭᠲᠠᠭ᠋ᠠᠬᠤ ᠠᠵᠢᠯ᠎ᠤᠨ ᠵᠢᠷᠤᠮ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠠᠰ᠎ᠲᠤ᠎ᠨᠢ ᠲᠣᠭᠲᠠᠭ᠋ᠠᠨ᠎ᠠ᠃
      ᠲᠠᠪᠢᠨ ᠨᠠᠢᠮᠠᠳᠤᠭ᠋ᠠᠷ ᠵᠦᠢᠯ  ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠦᠨᠡᠮᠯᠡᠯ᠎ᠢ ᠵᠥᠪᠰᠢᠶᠡᠷᠡᠬᠦ ᠪᠠᠢ᠌ᠭᠤᠯᠭ᠎ᠠ᠎ᠠᠴᠠ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠲᠣᠭᠲᠠᠭ᠋ᠠᠭᠰᠠᠨ ᠨᠢᠭᠡᠳᠦᠯᠲᠡᠶ ᠵᠠᠭᠪᠤᠷ ᠶᠣᠰᠣᠭ᠋ᠠᠷ ᠵᠣᠬᠢᠶᠠᠨ᠎ᠠ᠃
      ᠲᠠᠪᠢ ᠶᠢᠰᠦᠳᠦᠭᠡᠷ ᠵᠦᠢᠯ  ᠲᠤᠰ ᠠᠷᠭ᠎ᠠ ᠵᠢ 2023 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠵᠠᠮ ᠬᠠᠷᠢᠯᠴᠠᠭ᠋ᠠᠨ᠎ᠤ ᠶᠠᠮᠤᠨ᠎ᠤ 2005 ᠣᠨ᠎ᠤ 10 ᠳ᠋ᠤᠭ᠋ᠠᠷ ᠰᠠᠷ᠎ᠠ ᠵᠢᠨ 19᠎ᠤ ᠡᠳᠦᠷ ᠨᠡᠢ᠌ᠲᠡᠯᠡᠭᠰᠡᠨ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ》 (ᠵᠠᠮ ᠬᠠᠷᠢᠯᠴᠠᠭ᠋ᠠᠨ᠎ᠤ ᠶᠠᠮᠤᠨ᠎ᠤ ᠵᠠᠷᠯᠢᠭ 2005 ᠣᠨ᠎ᠤ 12 ᠳ᠋ᠤᠭ᠋ᠠᠷ ᠲᠣᠭ᠋ᠠᠲᠤ)᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ 2016 ᠣᠨ᠎ᠤ 12 ᠳ᠋ᠤᠭ᠋ᠠᠷ ᠰᠠᠷ᠎ᠠ ᠵᠢᠨ 10᠎ᠤ ᠡᠳᠦᠷ ᠨᠡᠢ᠌ᠲᠡᠯᠡᠭᠰᠡᠨ 《〈ᠵᠠᠰᠠᠮᠠᠯ ᠵᠠᠮ ᠤᠰᠤᠨ ᠲᠡᠭᠡᠭᠡᠪᠦᠷᠢ ᠵᠢᠨ  ᠪᠠᠷᠢᠯᠭ᠎ᠠ ᠵᠢᠨ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠲᠣᠭᠲᠠᠭ᠋ᠠᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2016 ᠣᠨ᠎ᠤ 80 ᠳ᠋ᠤᠭ᠋ᠠᠷ ᠲᠣᠭ᠋ᠠᠲᠤ )᠂ 2019 ᠣᠨ᠎ᠤ 11 ᠳ᠋ᠦ᠍ᠭᠡᠷ ᠰᠠᠷ᠎ᠠ ᠵᠢᠨ 28᠎ᠤ ᠡᠳᠦᠷ ᠨᠡᠢ᠌ᠲᠡᠯᠡᠭᠰᠡᠨ          《〈ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠲᠤᠷᠰᠢᠯᠲᠠ ᠬᠢᠵᠦ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠲᠣᠭᠲᠠᠭ᠋ᠠᠯ》       (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2019 ᠣᠨ᠎ᠤ 38 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃ 
      ᠪᠢᠴᠢᠭ ᠮᠠᠲ᠋ᠧᠷᠢᠶᠠᠯ᠎ᠢ ᠪᠠᠭᠤᠯᠭ᠋ᠠᠬᠤ᠄ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2023 ᠣᠨ᠎ᠤ 9 ᠳ᠋ᠦ᠍ᠭᠡᠷ ᠲᠣᠭ᠋ᠠᠲᠤ) . docx      

      ᠬᠠᠮᠢᠶ᠎ᠠ ᠪᠥᠬᠥᠶ ᠲᠠᠢ᠌ᠯᠤᠮᠵᠢ᠄ 《ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
 
            