ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠡᠷᠭᠡ ᠠᠷᠪᠠᠨ ᠬᠣᠶᠠᠷ ᠰᠠᠯᠠᠭ᠎ᠠ ᠮᠥᠴᠢᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-08-08

    ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠡᠯ᠎ᠡ ᠠᠢ᠌ᠮᠠᠭ ᠬᠣᠲᠠ ᠵᠢᠨ ᠬᠤᠪᠢᠶᠠᠷᠢ ᠪᠠᠩᠬᠢ᠂ ᠡᠯ᠎ᠡ ᠠᠢ᠌ᠮᠠᠭ ᠬᠣᠲᠠ ᠵᠢᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠬᠤᠪᠢᠶᠠᠷᠢ ᠲᠣᠪᠴᠢᠶ᠎ᠠ᠂ ᠡᠯ᠎ᠡ ᠠᠢ᠌ᠮᠠᠭ ᠬᠣᠲᠠ ᠵᠢᠨ ᠰᠢᠦᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠳᠤ᠄
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ》᠎ᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠣᠭᠤᠰᠢᠯᠠᠭᠤᠯᠤᠨ ᠬᠡᠷᠡᠭᠵᠢᠭᠦᠯᠦᠭᠡᠷᠡᠢ᠃
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ    ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ   ᠤᠯᠤᠰ᠎ᠤᠨ ᠮᠥᠩᠭᠥᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ  
                             2024 ᠣᠨ᠎ᠤ 7 ᠳ᠋ᠤᠭ᠋ᠠᠷ ᠰᠠᠷ᠎ᠠ ᠵᠢᠨ 10᠎ᠤ ᠡᠳᠦᠷ


     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ

     ᠶᠡᠬᠡ  ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ
    ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠵᠢ ᠠᠬᠢᠭᠤᠯᠬᠤ ᠪᠣᠯ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠬᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢᠯᠡᠴᠢᠯᠡᠬᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠲᠦᠯᠬᠢᠨ ᠠᠬᠢᠭᠤᠯᠬᠤ ᠠᠵᠢᠯ᠎ᠤᠨ ᠡᠯ᠎ᠡ ᠵᠦᠢᠯ᠎ᠤᠨ ᠪᠠᠢ᠌ᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠢ ᠲᠦᠯᠬᠢᠨ ᠠᠬᠢᠭᠤᠯᠬᠤ ᠵᠢᠨ ᠲᠥᠯᠥᠭᠡ᠂ ᠲᠤᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
    ᠨᠢᠭᠡ᠂ ᠶᠡᠷᠦᠩᠬᠡᠶ ᠬᠠᠷᠠᠯᠲᠠ
    ᠬᠣᠲᠠ ᠵᠢᠨ ᠣᠯᠠᠨ ᠨᠡᠢ᠌ᠲᠡ ᠵᠢᠨ ᠮᠠᠰᠢᠨ ᠲᠡᠷᠭᠡ ᠵᠢ ᠴᠠᠬᠢᠯᠭ᠋ᠠᠨᠵᠢᠭᠤᠯᠤᠯᠲᠠ᠎ᠪᠠᠷ ᠣᠷᠣᠯᠠᠭᠤᠯᠬᠤ᠂ ᠬᠠᠭᠤᠴᠢᠷᠠᠭᠰᠠᠨ ᠴᠠᠢ᠌ᠶᠢᠦ ᠲᠣᠰᠣᠨ᠎ᠤ ᠲᠡᠭᠡᠭᠡᠪᠦᠷᠢ ᠡᠵᠡᠩᠨᠡᠵᠦ ᠪᠠᠢ᠌ᠭ᠎ᠠ ᠪᠠᠷᠠᠭ᠋ᠠᠨ᠎ᠤ ᠲᠡᠷᠭᠡ ᠵᠢ ᠰᠢᠭᠰᠢᠭᠳᠡᠭᠦᠯᠦᠨ ᠰᠢᠨᠡᠳᠬᠡᠬᠦ᠂ ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠢ᠌ᠭ᠎ᠠ ᠣᠩᠭᠣᠴᠠ ᠵᠢ ᠬᠡᠷᠡᠭᠯᠡᠭᠡᠨ᠎ᠠᠴᠠ ᠭᠠᠷᠭ᠋ᠠᠨ ᠰᠢᠨᠡᠳᠬᠡᠬᠦ᠂ ᠲᠡᠮᠦᠷ ᠵᠠᠮ᠎ᠤᠨ ᠪᠤᠬ᠎ᠠ ᠲᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠡᠷᠡᠭᠯᠡᠭᠡᠨ᠎ᠠᠴᠠ ᠭᠠᠷᠭ᠋ᠠᠨ ᠰᠢᠨᠡᠳᠬᠡᠬᠦ᠂ ᠰᠢᠦᠳᠠᠨ᠎ᠤ ᠲᠦᠷᠭᠡᠨ ᠬᠦᠷᠭᠡᠯᠲᠡ ᠵᠢᠨ ᠬᠠᠭᠤᠴᠢᠨ ᠲᠥᠬᠥᠭᠡᠷᠦᠮᠵᠢ ᠵᠢ ᠣᠷᠣᠯᠠᠭᠤᠯᠬᠤ᠂ ᠪᠠᠷᠠᠭ᠋ᠠᠨ᠎ᠤ ᠭᠦᠢᠯᠭᠡᠭᠡ ᠵᠢᠨ ᠪᠡᠯᠡᠳᠬᠡᠮᠵᠢ ᠲᠥᠬᠥᠭᠡᠷᠦᠮᠵᠢ ᠵᠢ ᠰᠢᠨᠡᠳᠬᠡᠨ ᠥᠭᠡᠷᠡᠴᠢᠯᠡᠬᠦ᠂ ᠰᠢᠨ᠎ᠡ ᠡᠨᠧᠷᠭᠢ ᠵᠢᠨ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠳᠡᠯᠭᠡᠷᠡᠭᠦᠯᠦᠨ ᠬᠡᠷᠡᠭᠯᠡᠬᠦ᠂ ᠴᠠᠬᠢᠯᠭ᠋ᠠᠨ ᠴᠡᠨᠡᠭᠯᠡᠬᠦ ᠰᠠᠭᠤᠷᠢ ᠲᠦᠭᠦᠭᠡᠷᠤᠮᠵᠢ ᠵᠢ ᠢᠵᠢ ᠪᠦᠷᠢᠳᠦᠭᠦᠯᠬᠦ ᠪᠦᠲᠦᠭᠡᠨ ᠪᠠᠢ᠌ᠭᠤᠯᠤᠯᠲᠠ᠂ ᠪᠠᠷᠢᠮᠵᠢᠶ᠎ᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠬᠦ ᠵᠡᠷᠭᠡ᠎ᠪᠠᠷ ᠭᠣᠤᠯᠳᠠᠯᠭ᠎ᠠ ᠪᠣᠯᠭ᠋ᠠᠵᠤ᠂ ᠲᠡᠷᠢᠭᠦᠨ᠎ᠤ ᠲᠥᠬᠥᠭᠡᠷᠦᠮᠵᠢ ᠪᠠ ᠳᠣᠬᠢᠭᠤᠷ ᠲᠤᠯᠤᠭ᠋ᠠᠨ ᠣᠲᠣ ᠨᠡᠷᠡᠮᠵᠢᠲᠦ ᠳᠠᠭ᠋ᠠᠭᠤᠯᠢ ᠣᠳᠣ᠎ᠪᠠᠷ ᠠᠶᠠᠯᠠᠯ ᠵᠠᠯᠠᠬᠤ ᠰᠢᠰᠲ᠋ᠧᠮ᠎ᠤᠨ ᠦᠵᠦᠭᠦᠷ᠎ᠤᠨ ᠬᠡᠷᠡᠭᠯᠡᠯᠲᠡ ᠵᠢ ᠶᠡᠬᠡ᠎ᠪᠠᠷ ᠠᠬᠢᠭᠤᠯᠤᠨ᠂ ᠵᠠᠮ ᠬᠠᠷᠢᠯᠴᠠᠭ᠋ᠠᠨ᠎ᠤ ᠡᠨᠧᠷᠭᠢ ᠵᠢᠨ ᠬᠥᠳᠡᠯᠭᠡᠬᠦ ᠬᠦᠴᠦᠨ᠎ᠤ ᠰᠢᠰᠲ᠋ᠧᠮ᠎ᠢ ᠴᠡᠪᠡᠷᠰᠢᠭᠦᠯᠦᠨ᠂ ᠳᠣᠤᠷ᠎ᠠ ᠨᠡᠭᠦᠷᠡᠰᠦᠲᠥ᠋ᠷᠥᠭᠴᠢᠲᠦ᠂ ᠥᠨᠳᠥᠷ ᠦᠷ᠎ᠡ ᠪᠦᠲᠦᠮᠵᠢᠲᠡᠶ ᠬᠥᠭᠵᠢᠭᠦᠯᠬᠦ ᠵᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ᠎ᠪᠠᠨ ᠬᠤᠪᠢᠷᠠᠭᠤᠯᠬᠤ ᠵᠢ ᠤᠯᠠᠮ ᠨᠢᠭᠡ ᠠᠯᠬᠤᠮ ᠠᠬᠢᠭᠤᠯᠤᠨ᠎ᠠ᠃
    2027 ᠣᠨ ᠪᠣᠯᠬᠤ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠤ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠵᠢᠨ ᠬᠡᠪᠴᠢᠶ᠎ᠡ᠎ᠨᠢ 2023 ᠣᠨ᠎ᠤ᠎ᠬᠢ᠎ᠠᠴᠠ 25%᠎ᠠᠴᠠ ᠳᠡᠭᠡᠭᠰᠢ ᠨᠡᠮᠡᠭᠳᠡᠭᠦᠯᠦᠨ᠎ᠡ᠃ 2028 ᠣᠨ ᠪᠣᠯᠬᠤ᠎ᠳᠤ᠂ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡ ᠵᠢᠨ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠵᠢᠨ ᠡᠵᠡᠩᠨᠡᠯᠲᠡ ᠵᠢᠨ ᠲᠥᠷᠥᠯ᠎ᠤᠨ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢ ᠦᠨᠳᠦᠰᠦᠨ᠎ᠳᠤ᠎ᠪᠠᠨ ᠰᠢᠭᠰᠢᠭᠳᠡᠨ᠎ᠡ; ᠬᠣᠲᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠰᠢᠨ᠎ᠡ ᠡᠨᠧᠷᠭᠢ ᠵᠢᠨ ᠲᠡᠷᠭᠡ ᠵᠢᠨ ᠬᠠᠷᠢᠴᠠᠯ᠎ᠢ 75%᠎ᠠᠴᠠ ᠳᠡᠭᠡᠭᠰᠢ᠎ᠳᠤ ᠬᠦᠷᠦᠭᠦᠯᠦᠨ᠎ᠡ; ᠰᠢᠦᠳᠠᠨ᠎ᠤ ᠵᠦᠢ᠍ᠯ ᠲᠦᠷᠭᠡᠨ ᠬᠦᠷᠭᠡᠬᠦ ᠵᠦᠢ᠍ᠯ᠎ᠤᠨ ᠣᠶᠤᠨᠴᠢ ᠠᠶᠦᠯᠭᠦᠢ ᠵᠢᠨ ᠪᠠᠢ᠌ᠴᠠᠭ᠋ᠠᠯᠲᠠ ᠵᠢᠨ ᠲᠥᠬᠥᠭᠡᠷᠦᠮᠵᠢ ᠵᠢ ᠥᠷᠭᠡᠨ ᠵᠶ᠋ᠡᠷ ᠳᠡᠯᠭᠡᠷᠡᠭᠦᠯᠦᠨ ᠬᠡᠷᠡᠭᠯᠡᠵᠦ᠂ ᠢᠯᠡᠭᠡᠨ ᠬᠦᠷᠭᠡᠬᠦ ᠬᠦᠷᠢᠶᠡᠨ᠎ᠤ ᠠᠶᠦᠯᠭᠦᠢ ᠵᠢᠨ ᠪᠠᠢ᠌ᠴᠠᠭ᠋ᠠᠯᠲᠠ ᠵᠢᠨ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠦᠨ᠎ᠡ; ᠳᠣᠬᠢᠭᠤᠷ ᠲᠤᠯᠤᠭ᠋ᠠᠨ ᠣᠲᠣ ᠨᠡᠷᠡᠮᠵᠢᠲᠦ ᠳᠠᠭ᠋ᠠᠭᠤᠯᠢ ᠣᠳᠣ᠎ᠪᠠᠷ ᠠᠶᠠᠯᠠᠯ ᠵᠠᠯᠠᠬᠤ ᠰᠢᠰᠲ᠋ᠧᠮ᠎ᠤᠨ ᠦᠵᠦᠭᠦᠷ᠎ᠤᠨ ᠬᠡᠷᠡᠭᠯᠡᠯᠲᠡ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ; ᠰᠢᠨ᠎ᠡ ᠡᠨᠧᠷᠭᠢ ᠵᠢᠨ ᠲᠦᠷᠢᠶᠡᠰᠦᠨ ᠮᠠᠰᠢᠨ ᠲᠡᠷᠭᠡ ᠵᠢ 8000᠎ᠠᠴᠠ ᠳᠡᠭᠡᠭᠰᠢ ᠳᠡᠯᠭᠡᠷᠡᠭᠦᠯᠦᠨ ᠰᠢᠨᠡᠳᠬᠡᠨ᠎ᠡ; ᠮᠠᠯᠵᠢᠬᠤ ᠲᠠᠷᠢᠶᠠᠯᠠᠬᠤ ᠣᠷᠣᠨ᠎ᠤ ᠴᠠᠬᠢᠯᠭ᠋ᠠᠨ ᠴᠡᠨᠡᠭᠯᠡᠬᠦ ᠲᠦᠭᠦᠭᠡᠷᠤᠮᠵᠢ  ᠵᠢ 34700᠎ᠠᠴᠠ ᠳᠡᠭᠡᠭᠰᠢ ᠪᠠᠢ᠌ᠭᠤᠯᠤᠨ᠎ᠠ; ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠ ᠪᠣᠬᠢᠷᠲᠤᠯ ᠡᠳ᠋ ᠭᠠᠳᠠᠭᠰᠢᠯᠠᠭᠤᠯᠬᠤ ᠬᠦᠴᠦᠯᠡᠴᠡ ᠵᠢ ᠲᠠᠰᠤᠷᠠᠯᠲᠠ ᠥᠬᠡᠶ ᠪᠠᠭᠤᠷᠠᠭᠤᠯᠵᠤ᠂ ᠪᠣᠬᠢᠷᠲᠤᠯ ᠡᠳ᠋ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠤᠯᠠᠮ ᠨᠢᠭᠡ ᠠᠯᠬᠤᠮ ᠪᠠᠭᠤᠷᠠᠭᠤᠯᠤᠨ᠎ᠠ᠃
    ᠬᠣᠶᠠᠷ᠂ ᠭᠣᠣᠯᠳᠠᠯᠭ᠎ᠠ᠎ᠲᠠᠢ ᠡᠭᠦᠷᠭᠡ
    (ᠨᠢᠭᠡ) ᠬᠣᠲᠠ ᠵᠢᠨ ᠣᠯᠠᠨ ᠨᠡᠢ᠌ᠲᠡ ᠵᠢᠨ ᠮᠠᠰᠢᠨ ᠲᠡᠷᠭᠡ ᠵᠢᠨ ᠴᠠᠬᠢᠯᠭ᠋ᠠᠨᠵᠢᠭᠤᠯᠤᠯᠲᠠ᠎ᠪᠠᠷ ᠣᠷᠣᠯᠠᠭᠤᠯᠬᠤ ᠵᠢ ᠠᠬᠢᠭᠤᠯᠬᠤ
    ᠨᠥᠬᠥᠴᠡᠯ᠎ᠲᠠᠢ ᠠᠢ᠌ᠮᠠᠭ ᠬᠣᠲᠠ᠂ ᠬᠣᠰᠢᠭᠤ ᠰᠢᠶᠠᠨ᠎ᠢ ᠵᠣᠷᠢᠭᠵᠢᠭᠤᠯᠵᠤ ᠪᠠᠢ᠌ᠭ᠋ᠠᠳ ᠬᠣᠲᠠ ᠵᠢᠨ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠲᠣᠭᠲᠠᠭᠤᠨ ᠵᠶ᠋ᠠᠷ ᠡᠵᠡᠩᠨᠡᠬᠦ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠰᠢᠨ᠎ᠡ ᠡᠨᠧᠷᠭᠢ ᠵᠢᠨ ᠣᠯᠠᠨ ᠨᠡᠢ᠌ᠲᠡ ᠵᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠲᠥᠯᠥᠪᠯᠡᠭᠡ ᠵᠢ ᠲᠣᠭᠲᠠᠭ᠋ᠠᠵᠤ᠂ ᠬᠡᠷᠡᠭᠴᠡᠭᠡ᠎ᠠᠴᠠ ᠭᠠᠷᠭ᠋ᠠᠭᠰᠠᠨ ᠬᠥᠳᠡᠯᠭᠡᠬᠦ ᠬᠦᠴᠦᠨ᠎ᠤ ᠳ᠋ᠢᠶᠠᠨ ᡂᠢ ᠵᠢᠨ ᠥᠮᠴᠢᠯᠡᠬᠦ ᠡᠷᠬᠡ᠎ᠲᠠᠢ ᠲᠠᠯ᠎ᠠ ᠵᠢ ᠬᠥᠲᠥᠯᠥᠨ ᠵᠢᠯᠣᠭᠣᠳᠴᠤ ᠪᠠᠢ᠌ᠭ᠋ᠠᠳ ᠬᠡᠷᠡᠭᠴᠡᠭᠡ᠎ᠠᠴᠠ ᠭᠠᠷᠭ᠋ᠠᠭᠰᠠᠨ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠶᠡᠷᠦᠩᠬᠡᠢ᠌ᠯᠡᠨ ᠠᠰᠢᠭᠯᠠᠬᠤ ᠠᠵᠤ ᠠᠬᠤᠢ᠌ᠯᠠᠯ᠎ᠳᠤ  ᠬᠤᠳᠠᠯᠳᠤᠭᠤᠯᠤᠨ᠎ᠠ᠃ ᠵᠢᠵᠢᠭ ᠬᠡᠯᠪᠡᠷᠢ ᠵᠢᠨ ᠨᠡᠢ᠌ᠲᠡ ᠵᠢᠨ ᠮᠠᠰᠢᠨ ᠲᠡᠷᠭᠡ᠂ ᠳᠣᠣᠷ᠎ᠠ ᠱᠠᠯᠠ ᠵᠢᠨ ᠬᠠᠪᠲᠠᠰᠤ ᠵᠢᠴᠢ ᠳᠣᠣᠷ᠎ᠠ ᠣᠷᠣᠬᠤ ᠡᠭᠦᠳᠡ᠎ᠲᠠᠢ ᠨᠠᠰᠤᠳᠠᠢ᠌ᠴᠤᠳ᠎ᠲᠤ ᠲᠤᠬᠢᠷᠠᠬᠤ ᠬᠤᠳᠠ ᠵᠢᠨ ᠨᠡᠢ᠌ᠲᠡ ᠵᠢᠨ ᠮᠠᠰᠢᠨ ᠲᠡᠷᠭᠡ ᠵᠢ ᠢᠳᠡᠪᠬᠢᠲᠡᠢ ᠳᠡᠯᠭᠡᠷᠡᠭᠦᠯᠵᠦ᠂ 10 ᠵᠢᠯ᠎ᠠᠴᠠ ᠳᠡᠭᠡᠭᠰᠢᠬᠢ ᠬᠠᠭᠤᠴᠢᠷᠠᠭᠰᠠᠨ ᠬᠤᠳᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠰᠢᠨᠡᠴᠢᠯᠡᠯᠲᠡ ᠵᠢ ᠡᠮᠬᠢ ᠵᠢᠷᠤᠮ᠎ᠲᠠᠢ ᠠᠬᠢᠭᠤᠯᠵᠤ᠂ ᠰᠢᠨ᠎ᠡ ᠡᠨᠧᠷᠭᠢ ᠵᠢᠨ ᠨᠡᠢ᠌ᠲᠡ ᠵᠢᠨ ᠮᠠᠰᠢᠨ ᠲᠡᠷᠭᠡᠨ᠎ᠤ ᠬᠠᠷᠢᠴᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠨᠥᠬᠥᠴᠡᠯ ᠪᠦᠷᠢᠯᠳᠦᠭᠦᠯᠦᠭᠰᠡᠨ ᠭᠠᠵᠠᠷ ᠣᠷᠣᠨ᠎ᠤ ᠤᠰᠤᠲᠥ᠋ᠷᠥᠭᠴᠢᠲᠦ ᠡᠨᠧᠷᠭᠢ ᠵᠢᠨ ᠨᠡᠢ᠌ᠲᠡ ᠵᠢᠨ ᠮᠠᠰᠢᠨ ᠲᠡᠷᠭᠡ ᠵᠢᠨ ᠵᠢᠱ᠌ᠢᠶ᠎ᠡ ᠦᠵᠡᠭᠦᠯᠦᠨ ᠬᠡᠷᠡᠭᠯᠡᠬᠦ ᠵᠢ ᠰᠦᠪᠡᠭᠴᠢᠯᠡᠨ ᠥᠷᠨᠢᠭᠦᠯᠬᠦ ᠵᠢ ᠵᠣᠷᠢᠭᠵᠢᠭᠤᠯᠵᠤ᠂ ᠨᠡᠢ᠌ᠲᠡ ᠵᠢᠨ ᠮᠠᠰᠢᠨ ᠲᠡᠷᠭᠡ ᠵᠢᠨ ᠴᠡᠨᠡᠭᠯᠡᠵᠦ ᠰᠣᠯᠢᠬᠤ ᠴᠠᠬᠢᠯᠭ᠋ᠠᠨ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠠᠭᠤᠷᠢ ᠲᠦᠭᠦᠭᠡᠷᠦᠮᠵᠢ ᠵᠢᠨ ᠲᠥᠯᠥᠪᠵᠢᠭᠦᠯᠦᠨ ᠪᠠᠢ᠌ᠷᠢᠯᠠᠭᠤᠯᠬᠤ ᠵᠢ ᠵᠡᠷᠭᠡᠪᠡᠷ ᠠᠬᠢᠭᠤᠯᠤᠨ᠎ᠠ᠃
    (ᠬᠣᠶᠠᠷ) ᠬᠠᠭᠤᠴᠢᠷᠠᠭᠰᠠᠨ ᠴᠠᠢ᠌ᠶᠢᠦ ᠲᠤᠰᠤᠨ᠎ᠤ ᠡᠵᠡᠩᠨᠡᠯᠲᠡ ᠵᠢᠨ ᠲᠡᠷᠭᠡ ᠵᠢ ᠰᠢᠭᠰᠢᠭᠳᠡᠭᠦᠯᠦᠨ ᠰᠢᠨᠡᠳᠬᠡᠬᠦ ᠵᠢ ᠲᠦᠯᠬᠢᠨ ᠠᠬᠢᠭᠤᠯᠬᠤ
    1. ᠬᠠᠭᠤᠴᠢᠷᠠᠭᠰᠠᠨ ᠴᠠᠢ᠌ᠶᠢᠦ ᠲᠣᠰᠣᠨ᠎ᠤ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠰᠢᠭᠰᠢᠭᠳᠡᠭᠦᠯᠦᠨ ᠰᠢᠨᠡᠳᠬᠡᠬᠦ ᠵᠢ ᠲᠦᠷᠭᠡᠳᠬᠡᠨ᠎ᠡ᠃ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠡᠵᠡᠩᠨᠡᠭᠴᠢ ᠵᠢ ᠬᠥᠲᠥᠯᠥᠨ ᠵᠢᠯᠣᠭᠣᠳᠴᠤ ᠪᠠᠢ᠌ᠭ᠋ᠠᠳ ᠤᠯᠤᠰ᠎ᠤᠨ ᠭᠤᠷᠪᠠᠳᠤᠭ᠋ᠠᠷ ᠱᠠᠲᠤᠨ᠎ᠤ ᠮᠠᠰᠢᠨ ᠲᠡᠷᠭᠡ ᠵᠢᠨ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠵᠢᠨ ᠡᠵᠡᠩᠨᠡᠯᠲᠡ ᠵᠢᠨ ᠲᠥᠷᠥᠯ᠎ᠤᠨ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢ ᠰᠢᠭᠰᠢᠭᠳᠡᠭᠦᠯᠦᠨ ᠰᠢᠨᠡᠳᠬᠡᠬᠦ ᠵᠢ ᠲᠦᠷᠭᠡᠳᠬᠡᠵᠦ᠂ ᠤᠯᠤᠰ᠎ᠤᠨ ᠳᠦᠷᠪᠡᠳᠦᠭᠡᠷ ᠱᠠᠲᠤᠨ᠎ᠤ ᠮᠠᠰᠢᠨ ᠲᠡᠷᠭᠡ ᠵᠢᠨ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠴᠠᠢ᠌ᠶᠢᠦ ᠲᠣᠰᠣᠨ᠎ᠤ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠤᠷᠢᠳᠴᠢᠯᠠᠨ ᠰᠢᠭᠰᠢᠭᠳᠡᠭᠦᠯᠦᠨ ᠰᠢᠨᠡᠳᠬᠡᠬᠦ ᠵᠢ ᠵᠣᠷᠢᠭᠵᠢᠭᠤᠯᠤᠨ᠎ᠠ᠃ ᠵᠠᠮ ᠲᠡᠭᠡᠭᠡᠪᠦᠷᠢ ᠵᠢᠨ ᠲᠡᠷᠭᠡ ᠵᠢᠨ ᠪᠠᠷᠢᠮᠵᠢᠶ᠎ᠠ᠎ᠳᠤ  ᠬᠦᠷᠬᠦ ᠲᠡᠷᠭᠡᠨ᠎ᠤ ᠬᠡᠯᠪᠡᠷᠢ ᠵᠢᠨ ᠬᠠᠮᠢᠶᠠᠷᠤᠯᠲᠠ ᠵᠢᠨ ᠠᠵᠢᠯ᠎ᠳᠤ ᠲᠦᠰᠢᠭᠯᠡᠨ᠂ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠡᠨᠧᠷᠭᠢ ᠠᠷᠪᠢᠯᠠᠵᠤ ᠳᠣᠣᠷ᠎ᠠ ᠨᠡᠭᠦᠷᠡᠰᠦᠲᠥ᠋ᠷᠥᠭᠴᠢᠲᠦ ᠲᠥᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃
    2. ᠰᠢᠨ᠎ᠡ ᠡᠨᠧᠷᠭᠢ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠡᠮᠬᠢ ᠵᠢᠷᠤᠮ᠎ᠲᠠᠢ᠎ᠪᠠᠷ ᠳᠡᠯᠭᠡᠷᠡᠭᠦᠯᠦᠨ᠎ᠡ᠃ ᠡᠯ᠎ᠡ ᠭᠠᠵᠠᠷ᠎ᠤᠨ᠎ᠬᠢᠨ᠎ᠢ ᠵᠣᠷᠢᠭᠵᠢᠭᠤᠯᠵᠤ ᠪᠠᠢ᠌ᠭ᠋ᠠᠳ ᠵᠠᠰᠠᠮᠠᠯ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠠᠵᠢᠯ ᠲᠥᠷᠥᠯ᠎ᠤᠨ ᠬᠥᠭᠵᠢᠯᠲᠡ ᠵᠢᠨ ᠪᠣᠳᠠᠲᠠᠶ ᠪᠠᠢ᠌ᠳᠠᠯ᠂ ᠣᠷᠣᠨ ᠪᠦᠰᠡ ᠵᠢᠨ ᠬᠡᠷᠡᠭᠯᠡᠭᠡᠨ᠎ᠤ ᠲᠠᠯᠠᠪᠤᠷ ᠭᠠᠵᠠᠷ ᠪᠠ ᠴᠡᠨᠡᠭᠯᠡᠨ ᠰᠣᠯᠢᠬᠤ ᠴᠠᠬᠢᠯᠭ᠋ᠠᠨ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠢᠨ ᠲᠥᠯᠥᠪᠵᠢᠭᠦᠯᠭᠡ ᠵᠢᠨ ᠪᠠᠢ᠌ᠷᠢᠰᠢᠭᠤᠯᠤᠯᠲᠠ᠎ᠲᠠᠢ ᠤᠶᠠᠯᠳᠤᠭᠤᠯᠤᠨ᠂ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ᠎ᠪᠠᠷ ᠳᠠᠮᠵᠢᠭᠤᠯᠵᠤ᠂ ᠰᠢᠨ᠎ᠡ ᠡᠨᠧᠷᠭᠢ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠣᠲᠠ ᠵᠢᠨ ᠪᠠᠷᠠᠭ᠋ᠠᠨ᠎ᠤ ᠭᠦᠢ᠍ᠯᠭᠡᠭᠡ ᠵᠢᠨ ᠳᠣᠭᠢᠷᠠᠭᠤᠯᠤᠨ ᠬᠦᠷᠭᠡᠬᠦ᠂ ᠦᠢᠯᠡᠳᠪᠦᠷᠢ ᠠᠭᠤᠷᠬᠠᠶ ᠵᠢᠨ ᠪᠢᠲᠡᠭᠦᠮᠵᠢᠯᠡᠭᠰᠡᠨ ᠣᠷᠣᠨ᠂ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠣᠷᠢᠭ᠂ ᠭᠣᠤᠯ ᠱᠤᠭᠤᠮ᠎ᠤᠨ ᠪᠠᠷᠠᠭ᠋ᠠᠨ᠎ᠤ ᠭᠦᠢ᠍ᠯᠭᠡᠭᠡ ᠵᠡᠷᠭᠡ ᠲᠠᠯᠠᠪᠤᠷ ᠭᠠᠵᠠᠷ᠎ᠲᠤ ᠬᠡᠷᠡᠭᠯᠡᠬᠦ ᠵᠢ ᠠᠬᠢᠭᠤᠯᠤᠨ᠎ᠠ᠃ 《ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ + ᠲᠣᠭ᠋ᠠᠴᠢᠯᠠᠭᠰᠠᠨ ᠡᠬᠡ ᠬᠠᠭᠤᠷᠠᠶ ᠵᠢᠨ ᠭᠠᠷᠠᠮ + ᠲᠠᠷᠠᠬᠠᠶ ᠪᠤᠲᠠᠷᠬᠠᠶ ᠵᠢ ᠲᠥᠪᠯᠡᠷᠡᠭᠦᠯᠬᠦ》 ᠲᠡᠭᠡᠭᠡᠪᠦᠷᠢ ᠵᠢᠨ ᠵᠠᠭᠪᠤᠷ ᠪᠠ 《ᠲᠡᠷᠭᠡ ᠴᠠᠬᠢᠯᠭ᠋ᠠᠨ᠎ᠢ ᠰᠠᠯᠭ᠋ᠠᠬᠤ》 ᠬᠤᠳᠠᠯᠳᠤᠭ᠋ᠠᠨ᠎ᠤ ᠵᠠᠭᠪᠤᠷ᠎ᠢ ᠰᠦᠪᠡᠭᠴᠢᠯᠡᠨ ᠬᠡᠷᠡᠭᠵᠢᠭᠦᠯᠦᠨ᠎ᠡ᠃ ᠠᠭᠤᠷᠬᠠᠶ ᠵᠢᠨ ᠡᠬᠢ ᠪᠠᠶᠠᠯᠢᠭ᠎ᠤᠨ ᠪᠣᠭᠣᠮᠲᠠ ᠬᠢᠯᠢ ᠠᠯᠤᠰᠯᠠᠨ ᠲᠡᠭᠡᠭᠡᠪᠦᠷᠢᠯᠡᠬᠦ ᠠᠬᠤᠶ ᠪᠠᠢ᠌ᠳᠠᠯ᠎ᠳᠤ ᠲᠦᠰᠢᠭᠯᠡᠨ᠂ ᠠᠦ᠋ᠲ᠋ᠣ᠋ ᠵᠢᠯᠣᠭᠣᠳᠣᠯᠭ᠎ᠠ᠎ᠪᠠᠷ ᠳᠤᠭᠤᠢ᠌ᠯᠠᠩ ᠬᠤᠪᠢᠶᠠᠨ ᠲᠡᠭᠡᠭᠡᠪᠦᠷᠢᠯᠡᠬᠦ᠂ AGV᠂ ᠵᠢᠯᠣᠭᠣᠴᠢ ᠥᠬᠡᠶ ᠴᠢᠩᠭᠡᠯᠢᠭ᠎ᠤᠨ ᠠᠴᠢᠶᠠᠨ᠎ᠤ ᠮᠠᠰᠢᠨ ᠵᠡᠷᠭᠡ ᠰᠢᠨ᠎ᠡ ᠮᠡᠷᠭᠡᠵᠢᠯ᠂ ᠰᠢᠨ᠎ᠡ ᠵᠠᠭᠪᠤᠷ᠎ᠢ ᠳᠡᠯᠭᠡᠷᠡᠭᠦᠯᠦᠨ ᠬᠡᠷᠡᠭᠯᠡᠨ᠎ᠡ᠃
    (ᠭᠤᠷᠪᠠ) ᠬᠠᠭᠤᠴᠢᠷᠠᠭᠰᠠᠨ ᠡᠵᠡᠩᠨᠡᠯᠲᠡ ᠵᠢᠨ ᠣᠩᠭᠣᠴᠠ ᠰᠠᠯ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠠᠬᠢᠭᠤᠯᠬᠤ
    1. ᠡᠨᠧᠷᠭᠢ ᠵᠢᠨ ᠬᠣᠷᠣᠭᠳᠠᠯ ᠶᠡᠬᠡᠲᠡᠶ ᠭᠠᠳᠠᠭᠰᠢᠯᠠᠭᠤᠯᠤᠯᠲᠠ ᠶᠡᠬᠡᠲᠡᠶ ᠬᠠᠭᠤᠴᠢᠷᠠᠭᠰᠠᠨ ᠲᠡᠭᠡᠭᠡᠪᠦᠷᠢ ᠵᠢᠨ ᠣᠩᠭᠣᠴᠠ ᠰᠠᠯ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠲᠦᠷᠭᠡᠳᠬᠡᠨ᠎ᠡ᠃ ᠳᠣᠲᠣᠭ᠋ᠠᠳᠤ ᠭᠣᠣᠯ ᠮᠥᠷᠡᠨ᠎ᠤ ᠠᠶᠠᠨᠴᠢᠳ᠎ᠤᠨ ᠣᠩᠭᠣᠴᠠ᠂ ᠭᠠᠲᠤᠯᠬᠤ ᠣᠩᠭᠣᠴᠠ᠂ ᠵᠤᠭ᠋ᠠᠴᠠᠬᠤ ᠣᠩᠭᠣᠴᠠ ᠵᠡᠷᠭᠡ 10 ᠵᠢᠯ᠎ᠠᠴᠠ ᠳᠡᠭᠡᠭᠰᠢᠬᠢ ᠠᠶᠠᠨᠴᠢᠳ᠎ᠤᠨ ᠲᠡᠭᠡᠭᠡᠪᠦᠷᠢ ᠵᠢᠨ ᠣᠩᠭᠣᠴᠠ ᠰᠠᠯ ᠵᠢᠴᠢ ᠳᠣᠲᠣᠭ᠋ᠠᠳᠤ ᠭᠣᠣᠯ ᠮᠥᠷᠡᠨ᠎ᠤ ᠴᠢᠷᠭᠡᠦᠯ ᠣᠩᠭᠣᠴᠠ᠂ ᠠᠵᠢᠯᠯᠠᠬᠤ ᠣᠩᠭᠣᠴᠠ᠂ ᠰᠢᠪᠠᠷ ᠮᠠᠯᠲᠠᠬᠤ ᠣᠩᠭᠣᠴᠠ ᠵᠡᠷᠭᠡ 15 ᠵᠢᠯ᠎ᠠᠴᠠ ᠳᠡᠭᠡᠭᠰᠢᠬᠢ ᠠᠵᠢᠯᠯᠠᠭᠰᠠᠨ ᠣᠩᠭᠣᠴᠠ ᠰᠠᠯ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠲᠦᠷᠭᠡᠳᠬᠡᠨ᠎ᠡ᠃ ᠣᠩᠭᠣᠴᠠ ᠰᠠᠯ᠎ᠤᠨ ᠰᠢᠲᠠᠭ᠋ᠠᠯᠭ᠎ᠠ ᠵᠢᠨ ᠲᠤᠰᠤᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠩᠭᠣᠴᠠ ᠰᠠᠯ᠎ᠤᠨ ᠤᠰᠤᠨ᠎ᠤ ᠪᠣᠬᠢᠷᠲᠤᠯ᠂ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠵᠠᠰᠠᠬᠤ ᠠᠵᠢᠯ᠎ᠢ ᠰᠠᠢ᠌ᠲᠤᠷ ᠬᠢᠵᠦ᠂ ᠨᠥᠬᠥᠴᠡᠯ᠎ᠲᠠᠢ ᠭᠠᠵᠠᠷ ᠣᠷᠣᠨ ᠤᠳᠤ ᠵᠢᠨ ᠪᠠᠢ᠌ᠭ᠎ᠠ ᠲᠣᠰᠣ ᠰᠢᠲᠠᠭ᠋ᠠᠬᠤ ᠣᠩᠭᠣᠴᠠ ᠰᠠᠯ᠎ᠢ ᠬᠡᠷᠡᠭᠯᠡᠭᠡᠨ᠎ᠠᠴᠠ ᠭᠠᠷᠭ᠋ᠠᠬᠤ ᠲᠣᠭᠲᠠᠴᠠ ᠪᠠᠢ᠌ᠭᠤᠯᠬᠤ ᠵᠢ ᠵᠣᠷᠢᠭᠵᠢᠭᠤᠯᠤᠨ᠎ᠠ᠃
    2. ᠰᠢᠨ᠎ᠡ ᠡᠨᠧᠷᠭᠢ ᠴᠡᠪᠡᠷ ᠡᠨᠧᠷᠭᠢ ᠵᠢᠨ ᠬᠥᠳᠡᠯᠭᠡᠭᠴᠢ ᠬᠦᠴᠦᠨ᠎ᠤ ᠲᠡᠭᠡᠭᠡᠪᠦᠷᠢ ᠵᠢᠨ ᠣᠩᠭᠣᠴᠠ ᠰᠠᠯ᠎ᠤᠨ ᠬᠥᠭᠵᠢᠯᠲᠡ ᠵᠢ ᠶᠡᠬᠡ᠎ᠪᠠᠷ ᠳᠡᠮᠵᠢᠨ᠎ᠡ᠃ ᠰᠢᠨ᠎ᠡ ᠡᠨᠧᠷᠭᠢ᠂ ᠴᠡᠪᠡᠷ ᠡᠨᠧᠷᠭᠢ ᠵᠢᠨ ᠬᠥᠳᠡᠯᠭᠡᠭᠴᠢ ᠬᠦᠴᠦᠨ᠎ᠤ ᠣᠩᠭᠣᠴᠠ ᠰᠠᠯ᠎ᠢ ᠰᠢᠨ᠎ᠡ᠎ᠪᠠᠷ ᠦᠢ᠍ᠯᠡᠳᠬᠦ ᠵᠢ ᠳᠠᠮᠵᠢᠵᠤ᠂ ᠪᠠᠢ᠌ᠭ᠋ᠠᠯᠢ ᠵᠢᠨ ᠰᠢᠲᠠᠮᠠᠬᠠᠶ ᠬᠡᠢ (LNG)᠂ ᠠᠮᠢᠳᠤ ᠪᠣᠳᠠᠰ᠎ᠤᠨ ᠴᠠᠢ᠌ᠶᠢᠦ ᠲᠣᠰᠣᠨ᠎ᠤ ᠬᠥᠳᠡᠯᠭᠡᠭᠴᠢ ᠬᠦᠴᠦᠨ᠎ᠤ ᠣᠩᠭᠣᠴᠠ ᠰᠠᠯ᠎ᠢ ᠨᠥᠬᠥᠴᠡᠯ ᠪᠦᠷᠢᠯᠳᠦᠭᠦᠯᠦᠭᠰᠡᠨ ᠳᠣᠲᠣᠭ᠋ᠠᠳᠤ ᠭᠣᠣᠯ ᠮᠥᠷᠡᠨ᠎ᠤ ᠠᠶᠠᠯᠠᠯ᠎ᠤᠨ ᠱᠤᠭᠤᠮ᠎ᠳᠤ ᠬᠡᠷᠡᠭᠯᠡᠬᠦ ᠵᠢ ᠠᠬᠢᠭᠤᠯᠤᠨ᠎ᠠ᠃ ᠴᠡᠪᠡᠷ ᠳ᠋ᠢᠶᠠᠨ ᡂᠢ ᠵᠢᠨ ᠬᠥᠳᠡᠯᠭᠡᠬᠦ ᠬᠦᠴᠦᠨ᠎ᠢ ᠳᠤᠮᠳᠠ ᠵᠢᠵᠢᠭ ᠬᠡᠯᠪᠡᠷᠢ ᠵᠢᠨ᠂ ᠤᠢ᠍ᠢ᠍ᠷ᠎ᠠ ᠵᠠᠢ ᠵᠢᠨ ᠳᠣᠲᠣᠭ᠋ᠠᠳᠤ ᠭᠣᠣᠯ ᠮᠥᠷᠡᠨ᠎ᠤ ᠣᠩᠭᠣᠴᠠ ᠰᠠᠯ᠎ᠳᠤ ᠲᠤᠷᠰᠢᠨ ᠬᠡᠷᠡᠭᠯᠡᠬᠦ ᠵᠢ ᠲᠡᠮᠵᠢᠵᠤ᠂ ᠪᠤᠬᠢᠷᠲᠤᠯ ᠦᠭᠡᠢ ᠴᠠᠬᠢᠯᠭ᠋ᠠᠨ᠂ LNG᠂ ᠠᠮᠢᠳᠤ ᠪᠣᠳᠠᠰ᠎ᠤᠨ ᠴᠠᠢ᠌ᠶᠢᠦ ᠲᠤᠰᠤ ᠵᠡᠷᠭᠡ ᠡᠨᠧᠷᠭᠢ ᠵᠢᠨ ᠰᠤᠷᠪᠤᠯᠵᠢ ᠵᠢ ᠣᠩᠭᠣᠴᠠ ᠰᠠᠯ᠎ᠤᠨ ᠬᠦᠷᠢᠶᠡᠨ᠎ᠳᠤ ᠬᠡᠷᠡᠭᠯᠡᠬᠦ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ᠃
    (ᠳᠥᠷᠪᠡ) ᠲᠡᠮᠦᠷ ᠵᠠᠮ᠎ᠤᠨ ᠪᠤᠬ᠎ᠠ ᠲᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠭᠰᠢᠭᠳᠡᠭᠦᠯᠦᠨ ᠰᠢᠨᠡᠳᠬᠡᠬᠦ ᠵᠢ ᠲᠦᠯᠬᠢᠨ ᠠᠬᠢᠭᠤᠯᠬᠤ
    ᠤᠯᠤᠰ᠎ᠤᠨ ᠲᠡᠮᠦᠷ ᠵᠠᠮ᠎ᠤᠨ ᠳᠣᠲᠣᠭ᠋ᠠᠳᠤ ᠰᠢᠲᠠᠯᠲᠠ ᠵᠢᠨ ᠪᠤᠬ᠎ᠠ ᠲᠡᠷᠭᠡ ᠵᠢ 30 ᠵᠢᠯ ᠬᠡᠷᠡᠭᠯᠡᠪᠡᠯ ᠠᠯᠪᠠᠳᠠᠯᠭ᠎ᠠ᠎ᠪᠠᠷ ᠬᠡᠷᠡᠭᠯᠡᠭᠡᠨ᠎ᠠᠴᠠ ᠭᠠᠷᠭ᠋ᠠᠬᠤ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠣᠷᠣᠨ᠎ᠤ ᠳᠣᠲᠣᠷᠠᠬᠢ ᠣᠷᠣᠨ ᠨᠤᠲᠤᠭ᠎ᠤᠨ ᠲᠡᠮᠦᠷ ᠵᠠᠮ᠎ᠤᠨ ᠠᠵᠤ ᠠᠬᠤᠢ᠌ᠯᠠᠯ᠎ᠤᠨ ᠬᠠᠭᠤᠴᠢᠷᠠᠭᠰᠠᠨ ᠳᠣᠲᠣᠭ᠋ᠠᠳᠤ ᠰᠢᠲᠠᠯᠲᠠ ᠵᠢᠨ ᠪᠤᠬ᠎ᠠ ᠲᠡᠷᠭᠡ ᠵᠢ ᠤᠷᠢᠳ ᠵᠶ᠋ᠠᠷ ᠬᠡᠷᠡᠭᠯᠡᠭᠡᠨ᠎ᠠᠴᠠ ᠭᠠᠷᠭ᠋ᠠᠬᠤ ᠵᠢ ᠵᠣᠷᠢᠭᠵᠢᠭᠤᠯᠤᠨ᠎ᠠ᠃ ᠤᠯᠤᠰ᠎ᠤᠨ ᠰᠢᠨ᠎ᠡ ᠡᠨᠧᠷᠭᠢ ᠵᠢᠨ ᠪᠤᠬ᠎ᠠ ᠲᠡᠷᠭᠡ ᠵᠢ ᠰᠢᠨᠡᠳᠬᠡᠬᠦ ᠲᠥᠷᠥ ᠵᠢᠨ ᠪᠣᠳᠣᠯᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠤᠯᠤᠰ᠎ᠤᠨ ᠪᠠᠷᠢᠮᠵᠢᠶᠠᠵᠢᠭᠤᠯᠤᠭᠰᠠᠨ ᠰᠢᠨ᠎ᠡ ᠡᠨᠧᠷᠭᠢ ᠵᠢᠨ ᠲᠡᠮᠦᠷ ᠵᠠᠮ᠎ᠤᠨ ᠲᠣᠨᠣᠭ ᠲᠥᠬᠥᠭᠡᠷᠦᠮᠵᠢ ᠵᠢᠨ ᠲᠠᠪᠴᠠᠩ᠎ᠳᠤ ᠲᠦᠰᠢᠭᠯᠡᠨ᠂ ᠣᠷᠣᠨ᠎ᠤ ᠳᠣᠲᠣᠷᠠᠬᠢ ᠣᠷᠣᠨ ᠨᠤᠲᠤᠭ᠎ᠤᠨ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠵᠢ ᠰᠢᠨᠡᠳᠬᠡᠨ ᠰᠣᠯᠢᠬᠤ ᠵᠢ  ᠶᠡᠬᠡ᠎ᠪᠠᠷ ᠠᠬᠢᠭᠤᠯᠤᠨ᠎ᠠ ᠃
    (ᠲᠠᠪᠤ) ᠰᠢᠦᠳᠠᠨ᠎ᠤ ᠲᠦᠷᠭᠡᠨ ᠬᠦᠷᠭᠡᠯᠲᠡ ᠵᠢᠨ ᠬᠠᠭᠤᠴᠢᠷᠠᠭᠰᠠᠨ ᠲᠥᠬᠥᠭᠡᠷᠦᠮᠵᠢ ᠵᠢ ᠣᠷᠣᠯᠠᠭᠤᠯᠬᠤ ᠵᠢ ᠠᠬᠢᠭᠤᠯᠬᠤ
    1. ᠬᠠᠭᠤᠴᠢᠷᠠᠭᠰᠠᠨ ᠠᠶᠤᠯᠬᠦᠢ ᠵᠢᠨ ᠪᠠᠢ᠌ᠴᠠᠭ᠋ᠠᠯᠲᠠ ᠵᠢᠨ ᠲᠥᠬᠥᠭᠡᠷᠦᠮᠵᠢ ᠵᠢ ᠰᠢᠨᠡᠳᠬᠡᠬᠦ ᠵᠢ ᠳᠡᠮᠵᠢᠨ᠎ᠡ᠃ ᠰᠢᠦᠳᠠᠨ᠎ᠤ ᠲᠦᠷᠭᠡᠨ ᠬᠦᠷᠭᠡᠬᠦ ᠠᠵᠤ ᠠᠬᠤᠢ᠌ᠯᠠᠯ᠎ᠤᠨ ᠬᠠᠭᠤᠴᠢᠷᠬᠠᠰᠠᠨ ᠪᠢᠴᠢᠯ ᠬᠡᠮᠵᠢᠶ᠎ᠡ ᠵᠢᠨ X ᠰᠠᠴᠤᠷᠠᠭ᠎ᠤᠨ ᠠᠶᠤᠯᠬᠦᠢ ᠵᠢᠨ ᠪᠠᠢ᠌ᠴᠠᠭ᠋ᠠᠯᠲᠠ ᠵᠢᠨ ᠲᠥᠬᠥᠭᠡᠷᠦᠮᠵᠢ ᠵᠢ ᠰᠢᠭᠰᠢᠭᠳᠡᠭᠦᠯᠦᠨ ᠰᠢᠨᠡᠳᠬᠡᠬᠦ ᠵᠢ ᠠᠬᠢᠭᠤᠯᠵᠤ᠂ ᠰᠢᠦᠳᠠᠨ᠎ᠤ ᠵᠦᠢ᠍ᠯ ᠲᠦᠷᠭᠡᠨ ᠬᠦᠷᠭᠡᠬᠦ ᠵᠦᠢ᠍ᠯ᠎ᠤᠨ ᠤᠶᠤᠨᠲᠤ X ᠰᠠᠴᠤᠷᠠᠭ᠎ᠤᠨ ᠠᠶᠤᠯᠬᠦᠢ ᠵᠢᠨ ᠪᠠᠢ᠌ᠴᠠᠭ᠋ᠠᠯᠲᠠ ᠵᠢᠨ ᠲᠥᠬᠥᠭᠡᠷᠦᠮᠵᠢ ᠵᠢ ᠲᠣᠬᠢᠷᠠᠭᠤᠯᠤᠨ ᠬᠡᠷᠡᠭᠯᠡᠨ᠎ᠡ᠃ ᠰᠢᠦᠳᠠᠨ᠎ᠤ ᠲᠦᠷᠭᠡᠨ  ᠬᠦᠷᠭᠡᠯᠲᠡ ᠵᠢᠨ ᠠᠵᠤ ᠠᠬᠤᠢ᠌ᠯᠠᠯ᠎ᠤᠨ ᠠᠶᠤᠯᠬᠦᠢ ᠵᠢᠨ ᠪᠠᠢ᠌ᠴᠠᠭ᠋ᠠᠯᠲᠠ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢ ᠵᠣᠷᠢᠭᠵᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠢ᠌ᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ ᠴᠢᠳᠠᠪᠤᠷᠢ᠂ ᠴᠥᠷᠬᠡᠯᠡᠭᠡ ᠳ᠋ᠠᠢ᠌ᠲ᠋ᠠ ᠵᠡᠷᠭᠡ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ  ᠠᠶᠤᠯᠬᠦᠢ ᠵᠢᠨ ᠪᠠᠢ᠌ᠴᠠᠭ᠋ᠠᠯᠲᠠ ᠵᠢᠨ ᠬᠦᠷᠢᠶᠡᠨ᠎ᠳᠠᠬᠢ ᠬᠡᠷᠡᠭᠯᠡᠭᠡᠨ᠎ᠢ ᠴᠢᠩᠭ᠋ᠠᠷᠠᠭᠤᠯᠤᠨ᠂ ᠠᠶᠤᠯᠬᠦᠢ ᠵᠢᠨ ᠪᠠᠢ᠌ᠴᠠᠭ᠋ᠠᠯᠲᠠ ᠵᠢᠨ ᠠᠵᠢᠯ᠎ᠢ ᠮᠡᠳᠡᠭᠡ ᠵᠠᠩᠭᠢᠵᠢᠯᠲᠠ᠂ ᠤᠶᠤᠨᠴᠢᠯᠠᠯᠲᠠ ᠵᠢᠨ ᠬᠠᠮᠢᠶᠠᠷᠤᠯᠲᠠ ᠲᠡᠢ᠌ᠰᠢ ᠳᠡᠪᠰᠢᠬᠦ ᠵᠢ ᠠᠬᠢᠭᠤᠯᠤᠨ᠎ᠠ ᠃
    2. ᠰᠢᠦᠳᠠᠨ᠎ᠤ ᠲᠦᠷᠭᠡᠨ ᠬᠦᠷᠭᠡᠯᠲᠡ ᠵᠢᠨ ᠲᠡᠭᠦᠰᠬᠡᠯ ᠦᠵᠦᠭᠦᠷ᠎ᠤᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠵᠢ ᠰᠢᠨᠡᠳᠬᠡᠬᠦ ᠵᠢ ᠥᠷᠨᠢᠭᠦᠯᠦᠨ᠎ᠡ᠃ ᠬᠣᠲᠠ ᠵᠢᠨ ᠣᠯᠠᠨ ᠨᠡᠢ᠌ᠲᠡ ᠵᠢᠨ ᠬᠦᠷᠢᠶ᠎ᠡ ᠴᠠᠷᠠᠭ᠎ᠠ᠎ᠳᠠᠬᠢ ᠲᠡᠷᠭᠡ ᠬᠥᠰᠬᠡ ᠵᠢᠨ ᠴᠠᠬᠢᠯᠭ᠋ᠠᠨᠵᠢᠭᠤᠯᠤᠯᠲᠠ ᠵᠢ ᠤᠷᠢᠳ ᠵᠶ᠋ᠠᠷ ᠬᠡᠷᠡᠭᠵᠢᠭᠦᠯᠬᠦ ᠲᠣᠭᠣᠷᠢᠭ᠎ᠤᠨ ᠲᠤᠷᠰᠢᠯᠲᠠ ᠵᠢᠨ ᠴᠡᠭ᠎ᠲᠠᠢ ᠤᠶᠠᠯᠳᠤᠭᠤᠯᠤᠨ᠂ ᠡᠯ᠎ᠡ ᠭᠠᠵᠠᠷ᠎ᠤᠨ᠎ᠬᠢᠨ᠎ᠢ ᠵᠢᠯᠣᠭᠣᠳᠴᠤ ᠪᠠᠢ᠌ᠭ᠋ᠠᠳ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠳᠣᠭᠢᠷᠠᠭᠤᠯᠤᠨ ᠰᠢᠨ᠎ᠡ ᠡᠨᠧᠷᠭᠢ ᠵᠢᠨ ᠲᠡᠷᠭᠡ ᠬᠥᠰᠬᠡ ᠵᠢ ᠰᠢᠨᠡᠳᠬᠡᠬᠦ ᠲᠥᠯᠥᠪᠯᠡᠭᠡ ᠵᠢ ᠲᠣᠭᠲᠠᠭ᠋ᠠᠵᠤ᠂ ᠱᠠᠲᠤ ᠦᠶ᠎ᠡ ᠪᠠ ᠲᠠᠰ ᠳᠠᠪᠬᠤᠷᠭ᠎ᠠ ᠬᠤᠪᠢᠶᠠᠨ ᠠᠬᠢᠭᠤᠯᠵᠤ᠂ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠨᠢᠭᠡ ᠪᠦᠯᠦᠭ ᠲᠡᠭᠡᠭᠡᠪᠦᠷᠢᠯᠡᠬᠦ ᠪᠠ ᠲᠡᠭᠦᠰᠬᠡᠯ ᠦᠵᠦᠭᠦᠷ᠎ᠤᠨ ᠳᠣᠭᠢᠷᠠᠭᠤᠯᠤᠨ ᠬᠦᠷᠭᠡᠬᠦ ᠲᠡᠷᠭᠡ ᠬᠥᠰᠬᠡ ᠵᠢ ᠰᠢᠭᠰᠢᠭᠳᠡᠭᠦᠯᠦᠨ ᠰᠢᠨᠡᠳᠬᠡᠬᠦ ᠵᠢ ᠳᠡᠮᠵᠢᠵᠦ᠂ ᠠᠵᠤ ᠠᠬᠤᠢ᠌ᠯᠠᠯ᠎ᠤᠨ᠎ᠬᠢᠨ᠎ᠤ ᠱᠠᠭ᠋ᠠᠷᠳᠠᠯᠭ᠎ᠠ᠎ᠳᠤ ᠨᠡᠢ᠌ᠴᠡᠭᠰᠡᠨ ᠭᠠᠵᠠᠷ ᠣᠷᠣᠨ᠎ᠳᠤ ᠰᠢᠨ᠎ᠡ ᠡᠨᠧᠷᠭᠢ ᠵᠢᠨ ᠳᠣᠭᠢᠷᠠᠭᠤᠯᠤᠨ ᠬᠦᠷᠭᠡᠬᠦ ᠬᠥᠮᠦᠨ ᠥᠬᠡᠶ ᠲᠡᠷᠭᠡ ᠵᠢ ᠶᠡᠬᠡ ᠬᠡᠪᠴᠢᠶ᠎ᠡ᠎ᠪᠠᠷ ᠬᠡᠷᠡᠭᠯᠡᠬᠦ ᠵᠢ ᠵᠣᠷᠢᠭᠵᠢᠭᠤᠯᠤᠨ᠂ ᠰᠢᠦᠳᠠᠨ᠎ᠤ ᠵᠦᠢ᠍ᠯ ᠲᠦᠷᠭᠡᠨ ᠬᠦᠷᠭᠡᠯᠲᠡ ᠵᠢᠨ ᠵᠦᠢᠯ᠎ᠤᠨ ᠳᠠᠮᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
    3. ᠬᠠᠭᠤᠴᠢᠷᠠᠭᠰᠠᠨ ᠢᠯᠭ᠋ᠠᠬᠤ ᠲᠥᠬᠥᠭᠡᠷᠦᠮᠵᠢ ᠵᠢ ᠰᠢᠨᠡᠳᠬᠡᠬᠦ ᠵᠢ ᠳᠠᠮᠵᠢᠨ᠎ᠠ᠃ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠠᠢ᠌ᠮᠠᠭ ᠬᠣᠲᠠ᠂ ᠬᠣᠰᠢᠭᠤ ᠰᠢᠶᠠᠨ᠎ᠤ ᠭᠣᠤᠯ ᠪᠣᠯᠬᠤ ᠰᠢᠦᠳᠠᠨ᠎ᠤ ᠵᠦᠢᠯ ᠲᠦᠷᠭᠡᠨ ᠬᠦᠷᠭᠡᠯᠲᠡ ᠵᠢᠨ ᠵᠦᠢᠯ᠎ᠢ ᠰᠢᠢᠳᠪᠦᠷᠢᠯᠡᠬᠦ ᠲᠠᠯᠠᠪᠤᠷ ᠭᠠᠵᠠᠷ᠎ᠲᠤ ᠪᠠᠢ᠌ᠬᠤ᠎ᠨᠢ ᠬᠠᠭᠤᠴᠢᠷᠠᠭᠰᠠᠨ ᠢᠯᠭ᠋ᠠᠬᠤ ᠲᠥᠬᠥᠭᠡᠷᠦᠮᠵᠢ ᠵᠢ ᠰᠢᠭᠰᠢᠭᠳᠡᠭᠦᠯᠬᠦ ᠵᠢ ᠠᠬᠢᠭᠤᠯᠵᠤ᠂ ᠪᠦᠷᠢᠨ ᠠᠦ᠋ᠲ᠋ᠣ᠋ ᠣᠶᠤᠨᠴᠢ᠎ᠪᠠᠷ ᠢᠯᠭ᠋ᠠᠬᠤ ᠢᠵᠢ ᠪᠦᠷᠢᠨ ᠲᠥᠬᠥᠭᠡᠷᠦᠮᠵᠢ ᠵᠢ ᠳᠣᠭᠢᠷᠠᠭᠤᠯᠤᠨ ᠬᠡᠷᠡᠭᠯᠡᠨ᠎ᠡ᠃ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠪᠣᠳᠠᠲᠠᠶ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠢᠯᠭ᠋ᠠᠬᠤ ᠲᠥᠬᠥᠭᠡᠷᠦᠮᠵᠢ ᠵᠢ ᠰᠢᠨᠡᠳᠬᠡᠬᠦ ᠲᠥᠯᠥᠪᠯᠡᠭᠡ ᠲᠣᠭᠲᠠᠭ᠋ᠠᠬᠤ ᠵᠢ ᠵᠢᠯᠣᠭᠣᠳᠴᠤ᠂ ᠰᠢᠢᠳᠪᠦᠷᠢᠯᠡᠬᠦ ᠲᠠᠯᠠᠪᠤᠷ ᠭᠠᠵᠠᠷ᠎ᠤᠨ ᠬᠡᠷᠡᠭᠯᠡᠬᠦ ᠭᠠᠵᠠᠷ ᠵᠡᠷᠭᠡ ᠰᠠᠭᠤᠷᠢ ᠨᠥᠬᠥᠴᠡᠯ᠎ᠢ ᠨᠠᠢ᠌ᠳᠠᠪᠤᠷᠢᠵᠢᠭᠤᠯᠤᠨ᠂ ᠣᠶᠤᠨᠴᠢ ᠢᠯᠭ᠋ᠠᠬᠤ ᠢᠵᠢ ᠪᠦᠷᠢᠨ ᠲᠥᠬᠥᠭᠡᠷᠦᠮᠵᠢ ᠵᠢ ᠳᠠᠪᠲᠠᠨ ᠣᠷᠣᠯᠠᠭᠤᠯᠬᠤ ᠵᠢ ᠠᠬᠢᠭᠤᠯᠵᠤ᠂ ᠢᠯᠭ᠋ᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠲᠥᠬᠥᠭᠡᠷᠦᠮᠵᠢ ᠵᠢᠨ ᠣᠶᠤᠨᠴᠢᠯᠠᠭᠰᠠᠨ ᠳᠣᠤᠷ᠎ᠠ ᠨᠡᠭᠦᠷᠡᠰᠦᠲᠥ᠋ᠷᠥᠭᠴᠢᠲᠦ ᠲᠠᠰ ᠳᠡᠪᠰᠢᠬᠦ ᠵᠢ ᠠᠬᠢᠭᠤᠯᠤᠨ᠎ᠠ ᠃
    4. ᠣᠶᠤᠨᠴᠢ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ ᠪᠠ ᠬᠥᠮᠦᠨ ᠥᠬᠡᠶ ᠮᠡᠷᠭᠡᠵᠢᠯ᠎ᠢ ᠬᠡᠷᠡᠭᠯᠡᠬᠦ ᠵᠢ ᠳᠡᠮᠵᠢᠨ᠎ᠡ᠃ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠲᠠᠯᠠᠪᠤᠷ ᠭᠠᠵᠠᠷ᠂ ᠰᠢᠢᠳᠪᠦᠷᠢᠯᠡᠬᠦ ᠲᠠᠯᠠᠪᠤᠷ ᠭᠠᠵᠠᠷ ᠪᠠ ᠲᠡᠭᠡᠭᠡᠪᠦᠷᠢ ᠵᠢᠨ ᠲᠡᠷᠭᠡ ᠬᠥᠰᠬᠡ ᠳᠡᠭᠡᠷ᠎ᠡ ᠣᠶᠤᠨᠴᠢ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ ᠬᠡᠷᠡᠭᠯᠡᠬᠦ ᠵᠢ ᠠᠬᠢᠭᠤᠯᠵᠤ᠂ ᠨᠥᠬᠥᠴᠡᠯ᠎ᠳᠤ ᠨᠡᠢ᠌ᠴᠡᠭᠰᠡᠨ ᠭᠠᠵᠠᠷ ᠣᠷᠣᠨ᠎ᠳᠤ ᠰᠠᠬᠢᠭᠴᠢ ᠥᠬᠡᠶ ᠥᠷᠲᠡᠭᠡ᠂ ᠵᠢᠯᠣᠭᠣᠴᠢ ᠥᠬᠡᠶ ᠮᠠᠰᠢᠨ ᠵᠡᠷᠭᠡ ᠲᠡᠷᠢᠭᠦᠨ᠎ᠤ ᠲᠥᠬᠥᠭᠡᠷᠦᠮᠵᠢ ᠵᠢ ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠨ᠎ᠡ᠃
    (ᠵᠢᠷᠭᠤᠭ᠎ᠠ) ᠪᠠᠷᠠᠭ᠋ᠠᠨ᠎ᠤ ᠭᠦᠢ᠍ᠯᠭᠡᠭᠡ ᠵᠢᠨ ᠲᠤᠨᠤᠭ ᠲᠥᠬᠥᠭᠡᠷᠦᠮᠵᠢ ᠵᠢ ᠰᠢᠨᠡᠳᠬᠡᠨ ᠥᠭᠡᠷᠡᠴᠢᠯᠡᠬᠦ ᠵᠢ ᠲᠦᠯᠬᠢᠨ ᠠᠬᠢᠭᠤᠯᠬᠤ
    ᠤᠯᠤᠰ᠎ᠠᠴᠠ ᠪᠠᠷᠠᠭ᠋ᠠᠨ᠎ᠤ ᠭᠦᠢ᠍ᠯᠭᠡᠭᠡ ᠵᠢᠨ ᠬᠦᠢ᠍ᠰᠦ᠂ ᠤᠯᠤᠰ᠎ᠠᠴᠠ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢᠨ ᠭᠣᠤᠯᠯᠠᠬᠤ ᠰᠠᠭᠤᠷᠢᠨ ᠭᠠᠵᠠᠷ᠂ ᠤᠯᠤᠰ᠎ᠠᠴᠠ ᠲᠡᠰ᠎ᠤᠨ ᠵᠢᠱ᠌ᠢᠶ᠎ᠡ ᠦᠵᠡᠭᠦᠯᠬᠦ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠤᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢᠯᠡᠬᠦ ᠲᠠᠯᠠᠪᠠᠢ ᠥᠷᠲᠡᠭᠡ ᠪᠠ ᠳᠠᠮᠵᠢᠭᠤᠯᠤᠨ ᠲᠡᠭᠡᠭᠡᠪᠦᠷᠢᠯᠡᠬᠦ ᠲᠤᠨᠤᠭ ᠲᠥᠬᠥᠭᠡᠷᠦᠮᠵᠢ ᠵᠢ ᠳᠡᠰ ᠳᠡᠪᠰᠢᠭᠦᠯᠦᠨ ᠥᠭᠡᠷᠡᠴᠢᠯᠡᠬᠦ ᠵᠢ ᠵᠣᠷᠢᠭᠵᠢᠭᠤᠯᠤᠨ᠎ᠠ᠃ ᠤᠶᠤᠨᠲᠤ ᠪᠠᠷᠠᠭ᠋ᠠᠨ᠎ᠤ ᠭᠦᠢ᠍ᠯᠭᠡᠭᠡ ᠵᠢᠨ ᠬᠦᠢ᠍ᠰᠦ᠂ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ᠎ᠤᠨ ᠣᠶᠤᠨᠴᠢᠯᠠᠭᠰᠠᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠤᠨ᠎ᠠ᠃ ᠥᠨᠳᠥᠷ ᠪᠠᠷᠢᠮᠵᠢᠶᠠᠲᠤ ᠬᠥᠮᠥᠷᠭᠡ᠂ ᠬᠢᠯᠢ ᠵᠢᠨ ᠪᠣᠭᠣᠮᠲᠠ ᠵᠢᠨ ᠲᠡᠮᠦᠷ ᠵᠠᠮ᠎ᠤᠨ ᠰᠣᠯᠢᠵᠤ ᠲᠡᠭᠡᠭᠡᠪᠦᠷᠢᠯᠡᠬᠦ ᠲᠤᠨᠤᠭ ᠲᠥᠬᠥᠭᠡᠷᠦᠮᠵᠢ ᠵᠢᠴᠢ ᠠᠦ᠋ᠲ᠋ᠣ᠋᠎ᠪᠠᠷ ᠢᠯᠭ᠋ᠠᠬᠤ ᠰᠢᠰᠲ᠋ᠧᠮ᠂ ᠣᠪᠣᠭ᠋ᠠᠯᠠᠬᠤ ᠮᠠᠰᠢᠨ᠂ ᠴᠠᠬᠢᠯᠭ᠋ᠠᠨ ᠬᠦᠳᠡᠯᠭᠡᠭᠦᠷ᠎ᠤᠨ ᠠᠴᠠᠲᠤ ᠲᠡᠷᠭᠡ ᠵᠡᠷᠭᠡ ᠲᠤᠨᠤᠭ ᠲᠥᠬᠥᠭᠡᠷᠦᠮᠵᠢ ᠵᠢ ᠬᠡᠷᠡᠭᠯᠡᠬᠦ ᠣᠶᠤᠨᠴᠢ ᠪᠣᠰᠣᠭ᠎ᠠ ᠴᠣᠭᠴᠠᠲᠤ ᠬᠥᠮᠥᠷᠭᠡᠯᠡᠨ ᠬᠠᠳᠠᠭ᠋ᠠᠯᠠᠬᠤ ᠲᠥᠬᠥᠭᠡᠷᠦᠮᠵᠢ ᠵᠢ ᠲᠠᠰ ᠳᠡᠪᠰᠢᠭᠦᠯᠦᠨ ᠥᠭᠡᠷᠡᠴᠢᠯᠡᠬᠦ ᠵᠢ ᠳᠡᠮᠵᠢᠨ᠎ᠡ᠃ ᠬᠥᠯᠳᠡᠭᠡᠵᠦ ᠬᠠᠳᠠᠭ᠋ᠠᠯᠠᠬᠤ ᠲᠡᠷᠭᠡ ᠵᠡᠷᠭᠡ ᠲᠡᠭᠡᠭᠡᠪᠦᠷᠢ ᠵᠢᠨ ᠲᠥᠬᠥᠭᠡᠷᠦᠮᠵᠢ᠂ ᠬᠥᠯᠳᠡᠭᠡᠬᠦ ᠰᠢᠰᠲ᠋ᠧᠮ ᠵᠡᠷᠭᠡ ᠬᠦᠢ᠍ᠲᠡᠨ ᠬᠡᠯᠬᠢᠶᠡᠲᠦ ᠲᠦᠭᠦᠭᠡᠷᠤᠮᠵᠢ ᠵᠢᠨ ᠣᠶᠤᠨᠴᠢᠯᠠᠭᠰᠠᠨ ᠪᠣᠬᠢᠷᠲᠤᠯ ᠥᠬᠡᠶ ᠳᠡᠰ ᠳᠡᠪᠰᠢᠭᠦᠯᠦᠨ ᠥᠭᠡᠷᠡᠴᠢᠯᠡᠬᠦ ᠵᠢ ᠳᠠᠮᠵᠢᠨ᠎ᠠ᠃
    (ᠳᠣᠯᠣᠭ᠎ᠠ) ᠰᠢᠨ᠎ᠡ ᠡᠨᠧᠷᠭᠢ ᠵᠢᠨ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠬᠤ
    ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢᠨ ᠴᠠᠬᠢᠯᠭ᠋ᠠᠨᠵᠢᠭᠰᠠᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠬᠢᠷ ᠬᠦᠢᠲᠡᠨ ᠭᠠᠵᠠᠷ ᠣᠷᠣᠨ᠎ᠤ ᠲᠥᠷᠥᠯ ᠬᠤᠪᠢᠶᠠᠬᠤ ᠵᠢ ᠦᠨᠳᠦᠰᠦᠯᠡᠵᠦ᠂ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠳᠣᠭᠢᠷᠠᠭᠤᠯᠤᠨ᠂ ᠰᠢᠨ᠎ᠡ ᠡᠨᠧᠷᠭᠢ ᠵᠢᠨ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠳᠡᠯᠭᠡᠷᠡᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠠᠯᠪᠠᠨ᠎ᠤ ᠮᠠᠰᠢᠨ ᠲᠡᠷᠭᠡ ᠵᠢᠨ ᠠᠯᠪᠠᠨ᠎ᠠᠴᠠ ᠡᠵᠡᠩᠨᠡᠭᠰᠡᠨ ᠲᠦᠷᠢᠶᠡᠰᠦᠨ ᠮᠠᠰᠢᠨ ᠲᠡᠷᠭᠡᠨ᠎ᠤ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠪᠦᠬᠦᠨ ᠵᠶ᠋ᠡᠷ ᠰᠢᠨᠡᠳᠬᠡᠨ ᠬᠡᠷᠡᠭᠯᠡᠬᠦ ᠵᠢ ᠲᠦᠯᠬᠢᠨ ᠠᠬᠢᠭᠤᠯᠵᠤ᠂ ᠬᠤᠪᠢ ᠵᠢᠨ ᠡᠵᠡᠩᠨᠡᠭᠴᠢ ᠵᠢᠨ ᠳᠡᠯᠭᠡᠷᠡᠭᠦᠯᠦᠨ ᠬᠡᠷᠡᠭᠯᠡᠬᠦ ᠵᠢ ᠬᠦᠲᠦᠯᠦᠨ ᠳᠠᠭ᠋ᠠᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠱᠠᠭ᠋ᠠᠷᠳᠠᠯᠭ᠎ᠠ᠎ᠳᠤ ᠨᠡᠢ᠌ᠴᠡᠬᠦ ᠴᠠᠬᠢᠯᠭ᠋ᠠᠨ ᠴᠡᠨᠡᠭᠯᠡᠬᠦ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠭᠰᠠᠳ᠎ᠲᠤ ᠲᠡᠷᠭᠡ ᠪᠦᠷᠢ 4 ᠲᠦᠮᠡᠨ ᠲᠥᠭᠥᠷᠢᠭ᠎ᠤᠨ ᠨᠥᠬᠥᠪᠥᠷᠢ ᠥᠭᠴᠦ᠂ ᠳ᠋ᠢᠶᠠᠨ ᠊ᠣᠣᠢ ᠰᠣᠯᠢᠬᠤ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠨ ᠠᠪᠤᠭᠰᠠᠳ᠎ᠲᠤ ᠲᠡᠷᠭᠡ ᠪᠦᠷᠢ 4.5 ᠲᠦᠮᠡᠨ ᠲᠥᠭᠥᠷᠢᠭ᠎ᠤᠨ ᠨᠥᠬᠥᠪᠥᠷᠢ ᠥᠭᠭᠦᠨ᠎ᠡ᠃ ᠬᠡᠷᠡᠭᠯᠡᠭᠡᠨ᠎ᠠᠴᠠ ᠭᠠᠷᠭ᠋ᠠᠬᠤ ᠬᠤᠭᠤᠴᠠᠭ᠎ᠠ᠎ᠨᠢ ᠣᠢ᠌ᠷᠠᠲᠤᠭᠰᠠᠨ ᠬᠠᠭᠤᠴᠢᠷᠠᠭᠰᠠᠨ ᠲᠦᠷᠢᠶᠡᠰᠦᠨ ᠮᠠᠰᠢᠨ ᠲᠡᠷᠭᠡ ᠵᠢ ᠰᠢᠨ᠎ᠡ ᠡᠨᠧᠷᠭᠢ ᠵᠢᠨ ᠮᠠᠰᠢᠨ ᠲᠡᠷᠭᠡ ᠪᠣᠯᠭ᠋ᠠᠨ ᠰᠢᠨᠡᠳᠭᠡᠬᠦ᠂ ᠲᠣᠰᠣ (ᠬᠡᠶ) ᠰᠢᠲᠠᠭ᠋ᠠᠬᠤ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ 1 ᠵᠢᠯ ᠡᠷᠲᠡ ᠬᠡᠷᠡᠭᠯᠡᠭᠡᠨ᠎ᠠᠴᠠ ᠭᠠᠷᠭ᠋ᠠᠨ ᠰᠢᠨ᠎ᠡ ᠡᠨᠧᠷᠭᠢ ᠵᠢᠨ ᠲᠤᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠪᠣᠯᠭ᠋ᠠᠨ ᠰᠢᠨᠡᠳᠬᠡᠬᠦ᠎ᠳᠤ᠎ᠨᠢ ᠲᠡᠷᠭᠡ ᠪᠦᠷᠢ᠎ᠳᠤ ᠳᠠᠬᠢᠨ 5000 ᠲᠥᠭᠥᠷᠢᠭ ᠨᠥᠬᠥᠪᠥᠷᠢᠯᠡᠨ᠎ᠡ᠃
    (ᠨᠠᠢᠮᠠ) ᠴᠠᠬᠢᠯᠭ᠋ᠠᠨ ᠴᠡᠨᠡᠭᠯᠡᠬᠦ ᠰᠠᠭᠤᠷᠢ ᠲᠦᠭᠦᠭᠡᠷᠤᠮᠵᠢ ᠵᠢᠨ ᠢᠵᠢ ᠪᠦᠷᠢᠳᠦᠭᠦᠯᠬᠦ ᠪᠠᠢ᠌ᠭᠤᠯᠤᠯᠲᠠ ᠵᠢ ᠲᠦᠯᠬᠢᠨ ᠠᠬᠢᠭᠤᠯᠬᠤ
    ᠰᠢᠨ᠎ᠡ ᠡᠨᠧᠷᠭᠢ ᠵᠢᠨ ᠲᠡᠷᠭᠡ ᠬᠥᠰᠬᠡ ᠵᠢᠨ ᠪᠠᠢ᠌ᠬᠤ ᠬᠡᠮᠵᠢᠶ᠎ᠡ ᠪᠠ ᠬᠥᠭᠵᠢᠯᠲᠡ ᠵᠢᠨ ᠣᠨᠴᠠᠯᠢᠭ᠎ᠢ ᠦᠨᠳᠦᠰᠦᠯᠡᠨ᠂ ᠰᠢᠨᠵᠢᠯᠡᠬᠦ ᠤᠬᠠᠭ᠋ᠠᠨᠴᠢ᠎ᠪᠠᠷ ᠪᠠᠢ᠌ᠷᠢᠰᠢᠭᠤᠯᠵᠤ᠂ ᠵᠠᠰᠠᠮᠠᠯ ᠵᠠᠮ ᠳᠠᠭ᠋ᠠᠤ ᠵᠢᠨ ᠢᠵᠢ ᠪᠦᠷᠢᠳᠦᠭᠦᠯᠦᠭᠰᠡᠨ ᠴᠠᠬᠢᠯᠭ᠋ᠠᠨ ᠴᠡᠨᠡᠭᠯᠡᠵᠦ ᠰᠣᠯᠢᠬᠤ ᠥᠷᠲᠡᠭᠡ᠂ ᠬᠡᠲᠦ ᠲᠦᠷᠭᠡᠨ ᠴᠠᠬᠢᠯᠭ᠋ᠠᠨ ᠴᠡᠨᠡᠭᠯᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠠᠭᠤᠷᠢ  ᠲᠦᠭᠦᠭᠡᠷᠤᠮᠵᠢ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠪᠥᠲᠥᠭᠡᠨ ᠪᠠᠢ᠌ᠭᠤᠯᠤᠨ᠎ᠠ ᠃ ᠳᠡᠭᠡᠳᠦ ᠬᠤᠷᠳᠤ ᠵᠢᠨ ᠵᠠᠰᠠᠮᠠᠯ ᠵᠠᠮ᠂ ᠡᠩ᠎ᠤᠨ ᠤᠯᠤᠰ ᠮᠤᠵᠢ ᠵᠢᠨ ᠭᠣᠣᠯ ᠱᠤᠭᠤᠮ ᠪᠣᠯᠤᠨ ᠲᠠᠷᠢᠶᠠᠯᠠᠬᠤ ᠮᠠᠯᠵᠢᠬᠤ ᠣᠷᠣᠨ᠎ᠤ ᠴᠠᠬᠢᠯᠭ᠋ᠠᠨ ᠴᠡᠨᠡᠭᠯᠡᠬᠦ ᠰᠠᠭᠤᠷᠢ ᠲᠦᠭᠦᠭᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ 《ᠬᠣᠲᠠ ᠵᠢᠨ᠎ᠤᠨ ᠬᠠᠪᠲᠠᠭ᠋ᠠᠢ ᠬᠡᠯᠪᠡᠷᠢ᠂ ᠵᠠᠰᠠᠮᠠᠯ ᠵᠠᠮ᠎ᠤᠨ ᠱᠤᠭᠤᠮ ᠬᠡᠯᠪᠡᠷᠢ᠂ ᠬᠥᠳᠡᠭᠡ ᠲᠣᠰᠬᠣᠨ᠎ᠤ ᠴᠡᠭ ᠬᠡᠯᠪᠡᠷᠢ》 ᠪᠦᠬᠦᠢ ᠴᠠᠬᠢᠯᠭ᠋ᠠᠨ ᠴᠡᠨᠡᠭᠯᠡᠬᠦ ᠰᠠᠭᠤᠷᠢ ᠲᠦᠭᠦᠭᠡᠷᠤᠮᠵᠢ ᠵᠢᠨ ᠲᠣᠣᠷ᠎ᠢ ᠦᠨᠳᠦᠰᠦᠨ᠎ᠳᠤ᠎ᠪᠠᠨ ᠪᠤᠶ ᠪᠣᠯᠭ᠋ᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠠᠶᠠᠨᠴᠢᠳ᠎ᠤᠨ ᠲᠡᠭᠡᠭᠡᠪᠦᠷᠢ ᠵᠢᠨ ᠲᠠᠯᠠᠪᠠᠶ ᠥᠷᠲᠡᠭᠡ᠂ ᠦᠢᠯᠡᠴᠢᠯᠡᠭᠡᠨ᠎ᠤ ᠲᠣᠭᠣᠷᠢᠭ᠎ᠤᠨ ᠰᠢᠨ᠎ᠡ᠎ᠪᠠᠷ ᠪᠠᠢ᠌ᠭᠤᠯᠤᠭᠰᠠᠨ ᠰᠢᠨ᠎ᠡ ᠡᠨᠧᠷᠭᠢ ᠵᠢᠨ ᠲᠦᠭᠦᠭᠡᠷᠤᠮᠵᠢ ᠪᠦᠷᠢ᠎ᠳᠤ 2 ᠲᠦᠮᠡᠨ ᠲᠥᠭᠥᠷᠢᠭ᠎ᠤᠨ ᠨᠥᠬᠥᠪᠥᠷᠢ ᠵᠢᠨ ᠪᠠᠷᠢᠮᠵᠢᠶ᠎ᠠ ᠵᠢ ᠨᠠᠢ᠌ᠳᠠᠪᠤᠷᠢᠵᠢᠭᠤᠯᠵᠤ᠂ ᠵᠠᠮ ᠬᠠᠷᠢᠯᠴᠠᠭ᠋ᠠᠨ᠎ᠤ ᠬᠦᠢᠰᠦ᠎ᠳᠤ ᠣᠯᠠᠨ ᠨᠡᠢ᠌ᠲᠡ ᠵᠢᠨ ᠴᠠᠬᠢᠯᠭ᠋ᠠᠨ ᠴᠡᠨᠡᠭᠯᠡᠬᠦ ᠲᠦᠭᠦᠭᠡᠷᠤᠮᠵᠢ ᠵᠢ ᠤᠷᠢᠳ ᠵᠶ᠋ᠠᠷ ᠳᠣᠭᠢᠷᠠᠭᠤᠯᠵᠤ᠂ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠎ᠤᠨ ᠴᠠᠬᠢᠯᠭ᠋ᠠᠨ ᠴᠡᠨᠡᠭᠯᠡᠬᠦ ᠱᠣᠩ᠎ᠤᠨ ᠪᠥᠲᠥᠭᠡᠨ ᠪᠠᠢ᠌ᠭᠤᠯᠬᠤ ᠪᠠᠷᠢᠮᠵᠢᠶ᠎ᠠ᠂ ᠪᠥᠲᠥᠭᠡᠨ ᠪᠠᠢ᠌ᠭᠤᠯᠬᠤ ᠬᠠᠷᠠᠯᠲᠠ᠂ ᠪᠥᠲᠥᠭᠡᠨ ᠪᠠᠢ᠌ᠭᠤᠯᠤᠨ ᠡᠵᠡᠩᠨᠡᠬᠦ ᠭᠣᠤᠯ ᠴᠣᠭᠴᠠ ᠵᠢ ᠤᠯᠠᠮ ᠨᠢᠭᠡ ᠠᠯᠬᠤᠮ ᠲᠣᠳᠣᠷᠬᠠᠢ᠌ᠯᠠᠨ᠎ᠠ᠃
    (ᠶᠢᠰᠦ ) ᠪᠠᠷᠢᠮᠵᠢᠶ᠎ᠠ ᠵᠢ ᠳᠡᠭᠡᠭᠰᠢᠯᠡᠭᠦᠯᠬᠦ ᠠᠵᠢᠯᠯᠠᠭ᠎ᠠ ᠬᠡᠷᠡᠭᠵᠢᠭᠦᠯᠬᠦ
    ᠬᠤᠳᠠᠯᠳᠤᠭ᠋ᠠᠨ᠎ᠳᠤ ᠬᠡᠷᠡᠭᠯᠡᠬᠦ ᠲᠡᠷᠭᠡᠨ᠎ᠤ ᠡᠨᠧᠷᠭᠢ ᠵᠢᠨ ᠬᠣᠷᠣᠭᠳᠠᠯ᠎ᠤᠨ ᠬᠡᠮᠵᠢᠶ᠎ᠡ ᠵᠢ ᠬᠢᠵᠠᠭ᠋ᠠᠷᠯᠠᠬᠤ᠂ ᠪᠣᠬᠢᠷᠲᠤᠯ ᠪᠤᠳᠠᠰ ᠭᠠᠳᠠᠭᠰᠢᠯᠠᠭᠤᠯᠬᠤ᠂ ᠭᠣᠤᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭ᠋ᠠᠴᠠᠭ᠎ᠠ ᠬᠢᠬᠦ ᠵᠡᠷᠭᠡ ᠬᠦᠷᠢᠶᠡᠨ᠎ᠳᠠᠬᠢ ᠤᠯᠤᠰ᠎ᠤᠨ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠦᠷᠨᠢᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠨᠣᠭ ᠲᠥᠬᠥᠭᠡᠷᠦᠮᠵᠢ ᠵᠢᠨ ᠠᠮᠤᠷ ᠲᠦᠪᠰᠢᠨ ᠪᠣᠬᠢᠷᠲᠤᠯ ᠥᠬᠡᠶ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠰᠬᠠᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠵᠤ ᠰᠡᠷᠭᠦᠭᠡᠬᠦ᠂ ᠡᠬᠢ ᠪᠠᠶᠠᠯᠢᠭ᠎ᠢ ᠠᠷᠪᠢᠲᠠᠶ ᠡᠷᠴᠢᠮᠵᠢᠭᠦᠯᠦᠨ ᠠᠰᠢᠭᠯᠠᠬᠤ ᠵᠡᠷᠭᠡ ᠲᠠᠯ᠎ᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ ᠵᠢ ᠡᠮᠬᠢ ᠵᠢᠷᠤᠮ᠎ᠲᠠᠢ ᠠᠬᠢᠭᠤᠯᠤᠨ᠎ᠠ᠃
    (ᠠᠷᠪᠠ) ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠵᠢ ᠬᠥᠲᠥᠯᠦᠨ ᠳᠠᠭ᠋ᠠᠭᠤᠯᠬᠤ ᠵᠢ ᠦᠷᠨᠢᠭᠦᠯᠬᠦ
    ᠣᠯᠠᠨ ᠨᠡᠢ᠌ᠲᠡ ᠵᠢᠨ ᠵᠠᠮ ᠬᠠᠷᠢᠯᠴᠠᠭ᠎ᠠ ᠵᠢ ᠤᠷᠢᠳ ᠵᠶ᠋ᠠᠷ ᠬᠥᠭᠵᠢᠭᠦᠯᠬᠦ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠬᠣᠲᠠ ᠵᠢᠨ ᠪᠣᠬᠢᠷᠲᠤᠯ ᠥᠬᠡᠶ ᠪᠠᠷᠠᠭ᠎ᠠ ᠲᠡᠭᠡᠭᠡᠪᠦᠷᠢᠯᠡᠵᠦ ᠲᠣᠬᠢᠷᠠᠭᠤᠯᠤᠨ ᠬᠦᠷᠭᠡᠬᠦ ᠠᠵᠢᠯ᠎ᠢ ᠦᠷᠭᠦᠯᠵᠢᠯᠡᠨ ᠠᠬᠢᠭᠤᠯᠵᠤ᠂ ᠬᠣᠲᠠ ᠬᠥᠳᠡᠭᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠨᠢᠭᠡ ᠴᠣᠠᠠᠴᠠᠵᠢᠭᠤᠯᠥᠠᠠᠰᠠᠨ ᠬᠥᠭᠵᠢᠯᠲᠡ ᠵᠢ ᠭᠦᠨᠵᠡᠭᠡᠢ᠌ᠷᠡᠭᠦᠯᠦᠨ᠂ ᠣᠷᠳᠣᠰ ᠬᠣᠲᠠ ᠵᠢᠨ ᠬᠣᠲᠠ ᠵᠢᠨ ᠣᠯᠠᠨ ᠨᠡᠢ᠌ᠲᠡ ᠵᠢᠨ ᠬᠦᠷᠢᠶᠡᠨ᠎ᠳᠠᠬᠢ ᠲᠡᠷᠭᠡ ᠬᠥᠰᠬᠡ ᠵᠢᠨ ᠪᠥᠬᠥ ᠲᠠᠯ᠎ᠠ᠎ᠪᠠᠷ ᠴᠠᠬᠢᠯᠭ᠋ᠠᠨᠵᠢᠭᠤᠯᠤᠯᠲᠠ ᠵᠢ ᠤᠷᠢᠳ ᠵᠶ᠋ᠠᠷ ᠬᠡᠷᠡᠭᠵᠢᠭᠦᠯᠬᠦ ᠭᠠᠵᠠᠷ᠎ᠤᠨ ᠲᠤᠷᠰᠢᠯᠲᠠ ᠵᠢᠨ ᠴᠡᠭ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠵᠢᠨ ᠲᠡᠷᠭᠡ ᠬᠥᠰᠬᠡ ᠵᠢ ᠳᠡᠯᠭᠡᠷᠡᠭᠦᠯᠦᠨ ᠬᠡᠷᠡᠭᠯᠡᠬᠦ ᠵᠢ ᠵᠢᠱ᠌ᠢᠶ᠎ᠡ ᠦᠵᠡᠭᠦᠯᠦᠨ ᠡᠭᠦᠳᠦᠨ ᠪᠠᠢ᠌ᠭᠤᠯᠬᠤ ᠵᠢᠨ ᠭᠣᠤᠯ ᠡᠭᠦᠷᠭᠡ ᠪᠣᠯᠭ᠋ᠠᠬᠤ ᠵᠢ ᠪᠠᠷᠢᠮᠲᠠᠯᠠᠨ᠂ ᠪᠥᠬᠥ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠨᠣᠭ ᠲᠥᠬᠥᠭᠡᠷᠦᠮᠵᠢ ᠵᠢᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠢ᠌ᠴᠢᠯᠠᠨ᠎ᠠ᠃ ᠡᠯ᠎ᠡ ᠭᠠᠵᠠᠷ᠎ᠤᠨ ᠰᠢᠶᠠᠨ᠎ᠤ ᠬᠡᠪᠴᠢᠶᠡᠨ᠎ᠳᠤ ᠴᠠᠬᠢᠯᠭ᠋ᠠᠨ ᠴᠡᠨᠡᠭᠯᠡᠵᠦ ᠰᠣᠯᠢᠬᠤ ᠲᠦᠭᠦᠭᠡᠷᠤᠮᠵᠢ ᠵᠢᠨ ᠲᠤᠲᠠᠭᠤᠳᠠᠯ ᠵᠶ᠋ᠠᠨ ᠨᠥᠬᠥᠪᠥᠷᠢᠯᠡᠬᠦ ᠲᠤᠷᠰᠢᠯᠲᠠ ᠵᠢᠨ ᠴᠡᠭ ᠪᠠ ᠴᠠᠬᠢᠯᠭ᠋ᠠᠨ ᠴᠡᠨᠡᠭᠯᠡᠬᠦ ᠰᠠᠭᠤᠷᠢ ᠲᠦᠭᠦᠭᠡᠷᠤᠮᠵᠢ ᠵᠢ ᠪᠥᠲᠥᠭᠡᠨ ᠪᠠᠢ᠌ᠭᠤᠯᠵᠤ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ ᠰᠢᠶᠠᠨ᠂ ᠵᠢᠱ᠌ᠢᠶ᠎ᠡ ᠦᠵᠡᠭᠦᠯᠬᠦ ᠰᠢᠶᠠᠩ ᠪᠠᠯᠭ᠋ᠠᠰᠤ ᠪᠠᠢ᠌ᠭᠤᠯᠬᠤ ᠵᠢ ᠭᠤᠶᠤᠴᠢᠯᠠᠨ ᠮᠡᠳᠡᠭᠦᠯᠬᠦ ᠵᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠢ᠌ᠲᠡ ᠵᠢᠨ ᠴᠠᠬᠢᠯᠭ᠋ᠠᠨ ᠴᠡᠨᠡᠭᠯᠡᠵᠦ ᠰᠣᠯᠢᠬᠤ ᠲᠦᠭᠦᠭᠡᠷᠤᠮᠵᠢ ᠵᠢᠨ ᠲᠤᠲᠠᠭᠤᠳᠠᠯ ᠵᠶ᠋ᠠᠨ ᠨᠥᠬᠥᠪᠥᠷᠢᠯᠡᠬᠦ ᠵᠢ ᠲᠦᠷᠭᠡᠳᠬᠡᠵᠦ᠂ ᠵᠠᠮ ᠬᠠᠷᠢᠯᠴᠠᠭ᠋ᠠᠨ᠎ᠤ ᠲᠥᠬᠥᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ ᠬᠦᠴᠦᠨ ᠨᠡᠮᠡᠷᠢᠯᠡᠨ᠎ᠡ᠃
    ᠭᠤᠷᠪᠠ᠂  ᠪᠠᠲᠤᠯᠠᠬᠤ ᠠᠷᠭ᠎ᠠ ᠬᠡᠮᠵᠢᠢ᠎ᠡ
    (ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠮᠣ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠵᠢ ᠲᠣᠪᠣᠢ᠌ᠮ᠎ᠠ ᠴᠢᠬᠤᠯᠠ ᠪᠠᠢ᠌ᠷᠢᠨ᠎ᠳᠤ ᠲᠠᠯᠪᠢᠵᠤ᠂ ᠡᠭᠦᠷᠭᠡ ᠵᠢᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠨ᠂ ᠬᠠᠷᠢᠭᠤᠴᠠᠯᠭ᠎ᠠ ᠵᠢᠨ ᠭᠣᠤᠯ ᠴᠣᠭᠴᠠ ᠵᠢ ᠨᠠᠢ᠌ᠳᠠᠪᠤᠷᠢᠵᠢᠭᠤᠯᠵᠤ᠂ ᠮᠥᠷᠳᠡᠨ ᠵᠢᠯᠣᠭᠣᠳᠬᠤ᠎ᠪᠠᠨ ᠴᠢᠩᠭ᠋ᠠᠳᠬᠠᠨ᠂ ᠡᠯ᠎ᠡ ᠵᠦᠢᠯ᠎ᠤᠨ ᠡᠭᠦᠷᠭᠡ ᠵᠢ ᠪᠣᠳᠠᠲᠠᠶ ᠨᠠᠷᠢᠯᠢᠭ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠵᠢᠯ ᠵᠶ᠋ᠠᠨ ᠬᠤᠪᠢᠳᠠᠨ ᠬᠠᠮᠵᠢᠯᠴᠠᠬᠤ᠎ᠪᠠᠨ ᠴᠢᠩᠭ᠋ᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠬᠤ ᠵᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠤᠭᠤᠰᠢᠯᠠᠭᠤᠯᠬᠤ ᠲᠠᠢ᠌ᠯᠤᠮᠵᠢ ᠵᠢ ᠰᠠᠢ᠌ᠲᠤᠷ ᠬᠢᠵᠦ᠂ ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠂ ᠪᠣᠬᠢᠷᠲᠤᠯ ᠥᠬᠡᠶ ᠶᠠᠪᠤᠵᠤ ᠰᠠᠭᠤᠬᠤ ᠤᠬᠠᠭᠤᠯᠭ᠎ᠠ ᠵᠢᠨ ᠰᠠᠷ᠎ᠠ ᠵᠡᠷᠭᠡ ᠠᠵᠢᠯᠯᠠᠭ᠎ᠠ᠎ᠲᠠᠢ ᠤᠶᠠᠯᠳᠤᠭᠤᠯᠬᠤ ᠵᠢ ᠴᠢᠬᠤᠯᠠᠴᠢᠯᠠᠵᠤ᠂ ᠠᠵᠤ ᠠᠬᠤᠢ᠌ᠯᠠᠯ᠂ ᠣᠯᠠᠨ ᠲᠦᠮᠡᠨ᠎ᠤ ᠣᠷᠣᠯᠴᠠᠯᠭ᠎ᠠ ᠪᠠ ᠳᠡᠮᠵᠢᠯᠭᠡ ᠵᠢ ᠢᠳᠡᠪᠬᠢᠲᠡᠶ ᠣᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠬᠥᠭᠡᠷᠦᠮᠵᠢ ᠵᠢ ᠰᠢᠨᠡᠳᠬᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
    (ᠬᠣᠶᠠᠷ) ᠪᠡᠯᠡ ᠮᠥᠩᠭᠥ ᠵᠢᠨ ᠳᠡᠮᠵᠢᠯᠭᠡ᠎ᠪᠠᠨ ᠨᠡᠮᠡᠭᠳᠡᠭᠦᠯᠦᠨ᠎ᠡ᠃ ᠤᠯᠤᠰ᠎ᠤᠨ ᠬᠠᠭᠤᠴᠢᠷᠠᠭᠰᠠᠨ ᠡᠵᠡᠩᠨᠡᠯᠲᠡ ᠵᠢᠨ ᠲᠡᠷᠭᠡ ᠣᠩᠭᠣᠴᠠ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠠᠯᠠ ᠮᠥᠩᠭᠥ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠨᠠᠷᠢᠨ ᠲᠦᠷᠢᠮ᠎ᠢ ᠨᠡᠢ᠌ᠲᠡᠯᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠠᠴᠠ ᠢᠵᠢ ᠪᠥᠷᠢᠳᠦᠭᠦᠯᠬᠦ ᠠᠵᠢᠯᠯᠠᠭ᠋ᠠᠨ᠎ᠤ ᠨᠠᠷᠢᠨ ᠲᠦᠷᠢᠮ᠎ᠢ ᠲᠣᠭᠲᠠᠭ᠋ᠠᠵᠤ᠂ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠪᠠᠯᠠ ᠮᠥᠩᠭᠥ ᠵᠢᠨ ᠬᠡᠷᠡᠭᠯᠡᠯᠲᠡ ᠵᠢ ᠵᠢᠷᠤᠮᠵᠢᠭᠤᠯᠪᠠ᠃ ᠡᠯ᠎ᠡ ᠭᠠᠵᠠᠷ᠎ᠤᠨ᠎ᠬᠢᠨ ᠬᠠᠭᠤᠴᠢᠷᠠᠭᠰᠠᠨ ᠡᠵᠡᠩᠨᠡᠯᠲᠡ ᠵᠢᠨ ᠲᠡᠷᠭᠡ ᠣᠩᠭᠣᠴᠠ ᠵᠢ ᠰᠢᠭᠰᠢᠳᠡᠭᠦᠯᠦᠨ ᠰᠢᠨᠡᠳᠬᠡᠬᠦ ᠨᠥᠬᠥᠪᠥᠷᠢ ᠵᠢ ᠰᠠᠢ᠌ᠲᠤᠷ ᠬᠡᠷᠡᠭᠵᠢᠭᠦᠯᠵᠦ᠂ ᠨᠥᠬᠥᠴᠡᠯ᠎ᠳᠤ ᠨᠡᠢ᠌ᠴᠡᠬᠦ ᠲᠥᠬᠥᠭᠡᠷᠦᠮᠵᠢ ᠵᠢ ᠰᠢᠨᠡᠳᠬᠡᠬᠦ ᠲᠥᠷᠥᠯ ᠵᠦᠢᠯ᠎ᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠥ ᠵᠢᠨ ᠳᠡᠮᠵᠢᠬᠦ ᠬᠡᠪᠴᠢᠶᠡᠨ᠎ᠳᠤ ᠣᠷᠣᠭᠤᠯᠬᠤ᠎ᠪᠠᠷ ᠢᠳᠡᠪᠬᠢᠯᠡᠨ ᠴᠢᠷᠮᠠᠢ᠌ᠬᠤ ᠬᠡᠷᠡᠭᠲᠡᠶ᠃ ᠲᠥᠪ᠎ᠤᠨ ᠡᠳ᠋᠎ᠤᠨ ᠵᠠᠰᠠᠭ᠎ᠠᠴᠠ ᠲᠣᠬᠢᠷᠠᠭᠤᠯᠤᠭᠰᠠᠨ ᠬᠣᠲᠠ ᠵᠢᠨ ᠵᠠᠮ ᠬᠠᠷᠢᠯᠴᠠᠭ᠎ᠠ ᠵᠢ ᠬᠦᠭᠵᠢᠭᠦᠯᠬᠦ ᠱᠠᠩᠨᠠᠯ᠎ᠤᠨ ᠪᠠᠯᠠ ᠮᠥᠩᠭᠥ ᠵᠢ ᠨᠢᠭᠡᠳᠦᠯᠲᠡᠶ ᠲᠥᠯᠥᠪᠯᠡᠨ ᠠᠰᠢᠭᠯᠠᠵᠤ᠂ ᠰᠢᠨ᠎ᠡ ᠡᠨᠧᠷᠭᠢ ᠵᠢᠨ ᠨᠡᠢ᠌ᠲᠡ ᠵᠢᠨ ᠮᠠᠰᠢᠨ ᠲᠡᠷᠭᠡ᠂ ᠬᠥᠳᠡᠯᠭᠡᠬᠦ ᠬᠦᠴᠦᠨ᠎ᠤ ᠳ᠋ᠢᠶᠠᠨ ᡂᠢ ᠵᠢ ᠰᠢᠨᠡᠳᠬᠡᠬᠦ ᠪᠠ ᠰᠢᠨ᠎ᠡ ᠡᠨᠧᠷᠭᠢ ᠵᠢᠨ ᠲᠣᠭᠣᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠳᠡᠯᠭᠡᠷᠡᠭᠦᠯᠦᠨ ᠬᠡᠷᠡᠭᠯᠡᠬᠦ ᠵᠢ ᠳᠡᠮᠵᠢᠨ᠎ᠡ᠃ ᠵᠠᠰᠠᠮᠠᠯ ᠵᠠᠮ ᠠᠷᠠᠴᠢᠯᠠᠬᠤ ᠮᠠᠰᠢᠨ ᠲᠣᠨᠣᠭᠯᠠᠯ ᠵᠢᠴᠢ ᠪᠠᠴᠢᠮ ᠪᠠᠢ᠌ᠳᠠᠯ᠎ᠢ  ᠠᠷᠭ᠋ᠠᠴᠠᠭ᠋ᠠᠬᠤ ᠲᠣᠨᠣᠭ ᠲᠥᠬᠥᠭᠡᠷᠦᠮᠵᠢ ᠵᠢᠨ ᠰᠢᠨᠡᠳᠬᠡᠬᠦ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠴᠠᠭ᠋ᠠᠯᠲᠠ ᠪᠠ ᠲᠥᠷᠥ ᠵᠢᠨ ᠪᠣᠳᠣᠯᠭ᠎ᠠ ᠵᠢᠨ ᠨᠥᠭᠡᠴᠡ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠰᠢᠦᠳᠠᠨ᠎ᠤ ᠲᠦᠷᠭᠡᠨ ᠬᠦᠷᠭᠡᠯᠲᠡ ᠵᠢᠨ ᠢᠯᠭ᠋ᠠᠬᠤ ᠲᠥᠬᠥᠭᠡᠷᠦᠮᠵᠢ ᠵᠢ ᠰᠢᠨᠡᠳᠬᠡᠬᠦ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠬᠤ ᠵᠢ ᠵᠣᠷᠢᠭᠵᠢᠭᠤᠯᠤᠨ᠎ᠠ᠃
    (ᠭᠤᠷᠪᠠ) ᠮᠥᠩᠭᠥᠨ ᠭᠦᠢᠯᠭᠡᠭᠡᠨ᠎ᠤ ᠳᠡᠮᠵᠢᠯᠭᠡ ᠵᠢ ᠰᠢᠯᠢᠳᠡᠭᠵᠢᠭᠦᠯᠦᠨ᠎ᠡ᠃ ᠮᠥᠩᠭᠥᠨ ᠭᠦᠢᠯᠭᠡᠭᠡᠨ᠎ᠤ ᠳᠡᠮᠵᠢᠯᠭᠡ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠮᠡᠷᠭᠡᠵᠢᠯ᠎ᠤᠨ ᠥᠭᠡᠷᠡᠴᠢᠯᠡᠯᠲᠡ᠎ᠳᠤ ᠳᠠᠬᠢᠨ ᠵᠢᠭᠡᠯᠡᠯᠭᠡ ᠲᠠᠯᠪᠢᠬᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠤᠷᠮᠠᠰᠢᠭᠤᠯᠬᠤ ᠦᠢᠯᠡᠳᠦᠯ᠎ᠢ ᠪᠠᠳᠠᠷᠠᠭᠤᠯᠤᠨ᠂ ᠣᠷᠣᠨ᠎ᠤ ᠳᠣᠲᠣᠷᠠᠬᠢ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠣᠭᠣᠳᠴᠤ ᠪᠠᠢ᠌ᠭ᠋ᠠᠳ ᠵᠠᠮ ᠬᠠᠷᠢᠯᠴᠠᠭ᠎ᠠ ᠲᠡᠭᠡᠭᠡᠪᠦᠷᠢ ᠵᠢᠨ ᠮᠡᠷᠭᠡᠵᠢᠯ᠎ᠤᠨ ᠥᠭᠡᠷᠡᠴᠢᠯᠡᠯᠲᠡ ᠪᠠ ᠲᠥᠬᠥᠭᠡᠷᠦᠮᠵᠢ ᠵᠢᠨ ᠰᠢᠨᠡᠴᠢᠯᠡᠯᠲᠡ ᠵᠢ ᠳᠡᠮᠵᠢᠬᠦ ᠵᠢ ᠴᠢᠩᠭ᠋ᠠᠷᠠᠭᠤᠯᠤᠨ᠎ᠠ᠃ ᠣᠷᠣᠨ᠎ᠤ ᠳᠣᠲᠣᠷᠠᠬᠢ ᠪᠠᠩᠬᠢ ᠳᠠᠭ᠋ᠠᠳᠬᠠᠯ᠎ᠤᠨ ᠪᠠᠢ᠌ᠭᠤᠯᠤᠮᠵᠢ ᠵᠢᠨ ᠣᠯᠠᠨ ᠶᠠᠩᠵᠤᠴᠢᠯᠠᠭᠰᠠᠨ ᠮᠥᠩᠭᠥᠨ ᠭᠦᠢᠯᠭᠡᠭᠡᠨ᠎ᠤ ᠦᠢᠯᠡᠴᠢᠯᠡᠭᠡ ᠬᠠᠩᠭ᠋ᠠᠬᠤ ᠵᠢ ᠵᠣᠷᠢᠭᠵᠢᠭᠤᠯᠵᠤ᠂ ᠪᠠᠯᠠ ᠲᠣᠬᠢᠷᠠᠭᠤᠯᠭ᠎ᠠ ᠵᠢᠨ ᠳᠥᠭᠥᠮ ᠦᠵᠡᠭᠦᠯᠬᠦ ᠬᠡᠮᠵᠢᠶ᠎ᠡ ᠪᠠ ᠳᠠᠭ᠋ᠠᠳᠬᠠᠯ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
    (ᠳᠥᠷᠪᠡ) ᠬᠢᠨᠠᠯᠲᠠ ᠲᠠᠯᠪᠢᠵᠤ ᠦᠨᠡᠯᠡᠨ ᠵᠢᠱ᠌ᠢᠬᠦ ᠵᠢ ᠴᠢᠩᠭ᠋ᠠᠷᠠᠭᠤᠯᠤᠨ᠎ᠠ᠃ ᠡᠯ᠎ᠡ ᠭᠠᠵᠠᠷ᠎ᠤᠨ᠎ᠬᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠬᠥᠭᠡᠷᠦᠮᠵᠢ ᠵᠢ ᠰᠢᠨᠡᠳᠬᠡᠬᠦ ᠵᠢ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠦᠭᠰᠢᠭᠦᠷᠢ ᠵᠢ ᠰᠡᠷᠭᠡᠢ᠌ᠯᠡᠬᠦ᠎ᠪᠠᠨ ᠴᠢᠩᠭ᠋ᠠᠳᠬᠠᠨ᠂ ᠣᠷᠣᠨ ᠨᠤᠲᠤᠭ᠎ᠤᠨ ᠬᠠᠮᠠᠭ᠋ᠠᠯᠠᠯᠲᠠ᠂ ᠠᠵᠤ ᠠᠬᠤᠢ᠌ᠯᠠᠯ᠎ᠤᠨ ᠵᠠᠪᠰᠢᠶᠠᠨ᠎ᠢ ᠳᠠᠯᠢᠮᠳᠠᠭᠤᠯᠤᠨ ᠦᠨ᠎ᠡ ᠥᠰᠬᠡᠬᠦ᠂ ᠲᠣᠭᠲᠠᠭ᠋ᠠᠯ᠎ᠠᠴᠠ ᠵᠥᠷᠢᠴᠡᠨ ᠨᠥᠬᠥᠪᠥᠷᠢ ᠮᠡᠬᠡᠯᠡᠨ ᠠᠪᠬᠤ ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠰᠡᠷᠭᠡᠢ᠌ᠯᠡᠵᠦ᠂ ᠪᠡᠯᠡ ᠮᠥᠩᠭᠥ ᠵᠢᠨ ᠬᠡᠷᠡᠭᠯᠡᠯᠲᠡ᠎ᠨᠢ ᠲᠣᠭᠲᠠᠭ᠋ᠠᠯ᠎ᠳᠤ ᠨᠡᠢ᠌ᠴᠡᠬᠦ᠂ ᠰᠢᠨᠡᠳᠬᠡᠬᠦ ᠲᠥᠬᠥᠭᠡᠷᠦᠮᠵᠢ ᠵᠢᠨ ᠶᠠᠰᠤ ᠴᠢᠨᠠᠷ᠎ᠤᠨ ᠨᠠᠢ᠌ᠳᠠᠪᠤᠷᠢᠲᠠᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠵᠤ ᠰᠢᠯᠭ᠋ᠠᠬᠤ ᠵᠢ ᠴᠢᠩᠭ᠋ᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠬᠥᠭᠡᠷᠦᠮᠵᠢ ᠵᠢᠨ ᠰᠢᠨᠡᠳᠬᠡᠵᠦ ᠰᠣᠯᠢᠭᠳᠠᠭᠰᠠᠨ ᠪᠠᠢ᠌ᠳᠠᠯ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠦᠨᠡᠯᠡᠬᠦ ᠰᠢᠰᠲ᠋ᠧᠮ ᠪᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠦᠨᠡᠯᠡᠨ ᠵᠢᠱ᠌ᠢᠬᠦ ᠰᠢᠰᠲ᠋ᠧᠮ᠎ᠳᠤ ᠣᠷᠣᠭᠤᠯᠤᠨ᠎ᠠ᠃ ᠡᠯ᠎ᠡ ᠭᠠᠵᠠᠷ᠎ᠤᠨ᠎ᠬᠢᠨ ᠲᠥᠬᠥᠭᠡᠷᠦᠮᠵᠢ ᠰᠢᠨᠡᠳᠬᠡᠬᠦ ᠠᠵᠢᠯ᠎ᠢ ᠠᠬᠢᠭᠤᠯᠤᠭᠰᠠᠨ ᠪᠠᠢ᠌ᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠵᠦ᠂ ᠠᠵᠢᠯ᠎ᠤᠨ ᠳᠤᠮᠳᠠᠬᠢ ᠰᠠᠢ᠌ᠨ ᠲᠤᠷᠰᠢᠯᠭ᠎ᠠ ᠪᠠ ᠰᠠᠢ᠌ᠨ ᠬᠢᠳᠡᠯ᠎ᠢ ᠴᠠᠭ ᠲᠤᠬᠠᠶ᠎ᠳᠤ᠎ᠨᠢ ᠳ᠋ᠦᠩᠨᠡᠨ ᠳᠡᠯᠭᠡᠷᠡᠭᠦᠯᠬᠦ ᠬᠡᠷᠡᠭᠲᠡᠶ᠃
    (ᠲᠠᠪᠤ) ᠲᠥᠯᠥᠪᠵᠢᠭᠦᠯᠦᠨ ᠬᠡᠷᠡᠭᠵᠢᠭᠦᠯᠬᠦ ᠵᠢ ᠰᠠᠢ᠌ᠲᠤᠷ ᠠᠳᠬᠤᠨ᠎ᠠ᠃ ᠡᠯ᠎ᠡ ᠭᠠᠵᠠᠷ᠎ᠤᠨ᠎ᠬᠢᠨ ᠵᠢᠭᠰᠠᠭ᠋ᠠᠨ ᠪᠠᠢ᠌ᠴᠠᠭ᠋ᠠᠵᠤ ᠪᠠᠢ᠌ᠳᠠᠯ᠎ᠢ ᠣᠢ᠌ᠯᠠᠭ᠋ᠠᠬᠤ ᠪᠠ ᠬᠡᠷᠡᠭᠴᠡᠭᠡ ᠱᠠᠭ᠋ᠠᠷᠳᠠᠯᠭ᠎ᠠ ᠵᠢ ᠨᠤᠲᠠᠯᠠᠬᠤ ᠵᠢ ᠭᠦᠨᠵᠡᠭᠡᠶ ᠥᠷᠨᠢᠭᠦᠯᠵᠦ᠂ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠪᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠲᠣᠰ ᠭᠠᠵᠠᠷ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠬᠥᠭᠡᠷᠦᠮᠵᠢ ᠵᠢ ᠰᠢᠨᠡᠳᠬᠡᠬᠦ ᠨᠠᠷᠢᠨ ᠬᠠᠭᠤᠳᠠᠰᠤ ᠵᠢ ᠡᠮᠬᠢᠯᠡᠨ ᠲᠣᠭᠲᠠᠭ᠋ᠠᠵᠤ᠂ ᠠᠵᠢᠯ᠎ᠤᠨ ᠲᠥᠯᠥᠪᠯᠡᠭᠡ ᠲᠣᠭᠲᠠᠭ᠋ᠠᠨ᠂ ᠲᠥᠷᠥᠯ ᠵᠦᠢᠯ᠎ᠤᠨ ᠨᠦᠬᠡᠴᠡᠯᠡᠬᠦ ᠵᠢ ᠰᠢᠮᠳᠠᠭᠤᠯᠵᠤ᠂ ᠲᠥᠷᠥᠯ ᠵᠦᠢᠯ᠎ᠤᠨ ᠡᠮᠦᠨᠡᠬᠢ ᠬᠤᠭᠤᠴᠠᠭ᠎ᠠ ᠵᠢ ᠰᠠᠢ᠌ᠲᠤᠷ ᠬᠢᠵᠦ᠂ ᠡᠯ᠎ᠡ ᠵᠦᠢᠯ᠎ᠤᠨ ᠠᠵᠢᠯ᠎ᠤᠨ ᠰᠠᠨᠠᠭ᠋ᠠᠴᠢᠯᠠᠭ᠋ᠠᠲᠤ ᠡᠷᠬᠡ ᠵᠢ ᠡᠵᠡᠮᠰᠢᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠤᠳᠤᠯᠭ᠋ᠠᠨ ᠵᠶ᠋ᠠᠨ ᠴᠢᠩᠭ᠋ᠠᠳᠬᠠᠵᠤ᠂ ᠬᠡᠷᠡᠭᠯᠡᠵᠦ ᠪᠣᠯᠬᠤᠢ᠌ᠴᠠ ᠲᠥᠷᠥ ᠵᠢᠨ ᠪᠣᠳᠣᠯᠭ᠎ᠠ ᠵᠢᠨ ᠪᠠᠭ᠋ᠠᠵᠢ ᠪᠣᠯᠤᠨ ᠪᠠᠯᠠ ᠮᠥᠩᠭᠥᠨ᠎ᠤ ᠡᠬᠢ ᠪᠠᠶᠠᠯᠢᠭ᠎ᠢ ᠭᠦᠢᠴᠡᠳ ᠰᠠᠢ᠌ᠲᠤᠷ ᠬᠡᠷᠡᠭᠯᠡᠵᠦ᠂ ᠲᠥᠷᠥᠯ ᠵᠦᠢᠯ᠎ᠢ ᠲᠥᠯᠥᠪᠵᠢᠭᠦᠯᠬᠦ ᠪᠠ ᠭᠤᠶᠤᠴᠢᠯᠠᠨ ᠮᠡᠳᠡᠭᠦᠯᠬᠦ ᠠᠵᠢᠯ᠎ᠢ ᠨᠠᠷᠢᠨ ᠬᠢᠨᠠᠮᠠᠭ᠋ᠠᠶ ᠵᠣᠬᠢᠶᠠᠨ ᠪᠠᠢ᠌ᠭᠤᠯᠤᠨ ᠥᠷᠨᠢᠭᠦᠯᠵᠦ᠂ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠵᠢᠯᠣᠭᠣᠳᠤᠨ ᠰᠠᠢ᠌ᠲᠤᠷ ᠬᠢᠵᠦ᠂ ᠲᠥᠬᠥᠭᠡᠷᠦᠮᠵᠢ ᠵᠢ ᠰᠢᠨᠡᠳᠬᠡᠬᠦ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠃
    ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠄ ᠵᠢᠷᠤᠭᠲᠤ  ᠲᠠᠢ᠍ᠯᠤᠮᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠲᠥᠰᠦᠯ》

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠬᠤᠪᠢᠶᠠᠨ ᠳᠠᠭ᠋ᠠᠭ᠋ᠠᠴᠢᠯᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠬᠤᠪᠢᠶᠠᠨ ᠳᠠᠭ᠋ᠠᠭ᠋ᠠᠴᠢᠯᠠᠬᠤ ᠭᠡᠷ᠎ᠡ ᠵᠢᠨ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠲᠤᠷᠠᠯᠴᠠᠭ᠋ᠠᠨ᠎ᠤ ᠵᠢᠱ᠌ᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠠᠵᠢᠯ᠎ᠤᠨ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ ᠵᠢᠴᠢ ᠲᠠᠰᠤᠯᠤᠯᠲᠠ ᠵᠢᠨ ᠦᠨᠳᠦᠰᠦᠨ ᠪᠠᠷᠢᠮᠵᠢᠶ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ
 
            