ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠬᠡᠷᠡᠭᠵᠢᠭᠦᠯᠬᠦ ᠨᠠᠷᠢᠨ ᠲᠦᠷᠢᠮ》᠎ᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢᠨ ᠬᠠᠮᠲᠤ᠂ ᠬᠠᠮᠢᠶ᠎ᠠ ᠪᠥᠬᠥᠶ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠵᠦ ᠳᠠᠭᠤᠰᠤᠭᠰᠠᠨ᠎ᠤ ᠳᠠᠷᠠᠭ᠎ᠠ᠂ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠡᠨ ᠴᠠᠭ ᠲᠤᠬᠠᠶ᠎ᠳᠤᠨᠢ ᠲᠢᠩᠬᠢᠮ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠨᠠᠷᠢᠨ ᠲᠦᠷᠢᠮ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠬᠣᠯᠠ ᠵᠠᠶ ᠵᠢᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠦᠨᠡᠨ ᠬᠦ᠌ ᠴᠢᠩᠭ᠋ᠠᠳᠬᠠᠵᠤ᠂ ᠮᠠᠨ᠎ᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠡᠵᠡᠩᠨᠡᠯᠲᠡ ᠵᠢᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠵᠢᠷᠤᠮᠵᠢᠭᠤᠯᠬᠤ ᠵᠢᠨ ᠲᠥᠯᠥᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠦᠯᠭᠦᠢ ᠦᠢᠯᠡᠳᠪᠦᠷᠢᠯᠡᠯ᠎ᠤᠨ ᠬᠠᠤᠯᠢ》᠂ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》᠂ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠵᠢᠷᠤᠮᠵᠢᠯ》᠂ 《ᠠᠶᠦᠯᠭᠦᠢ ᠦᠢᠯᠡᠳᠪᠦᠷᠢᠯᠡᠯ᠎ᠤᠨ ᠬᠦᠨᠳᠦ ᠶᠡᠬᠡ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠠᠵᠢᠯ᠎ᠢ ᠭᠦᠨᠵᠡᠭᠡᠢ᠌ᠷᠡᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠠᠨᠠᠯ》᠂ 《ᠮᠤᠵᠢ ᠵᠢᠨ ᠬᠣᠭᠣᠷᠣᠨᠳᠣᠬᠢ ᠵᠠᠮᠤ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠂ 《〈ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠪᠣᠯᠤᠨ ᠬᠣᠲᠠ ᠵᠢᠨ ᠠᠶᠠᠨᠴᠢᠳ᠎ᠤᠨ ᠵᠥᠭᠡᠭᠡᠪᠦᠷᠢ ᠵᠢᠨ ᠠᠵᠤ ᠠᠬᠤᠢ᠌ᠯᠠᠯ᠎ᠤᠨ ᠠᠶᠦᠯᠭᠦᠢ ᠦᠢᠯᠡᠳᠪᠦᠷᠢᠯᠡᠯ᠎ᠤᠨ ᠬᠦᠨᠳᠦ ᠶᠡᠬᠡ ᠡᠨᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)〉 ᠵᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 ᠵᠡᠷᠭᠡ ᠲᠣᠭᠲᠠᠭ᠋ᠠᠯ᠎ᠢ ᠦᠨᠳᠦᠰᠦᠯᠡᠨ᠂ ᠲᠤᠰ ᠨᠠᠷᠢᠨ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠨᠠᠷᠢᠨ ᠳᠦᠷᠢᠮ ᠮᠠᠨ᠎ᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠳᠤ ᠲᠣᠬᠢᠷᠠᠨ᠎ᠠ᠃
ᠭᠤᠷᠪᠠᠳᠤᠭ᠋ᠠᠷ ᠵᠦᠢᠯ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ 《ᠬᠡᠨ ᠭᠣᠤᠯᠯᠠᠨ ᠬᠠᠮᠢᠶᠠᠷᠴᠤ ᠪᠠᠢ᠌ᠪᠠᠯ ᠲᠡᠷᠡ ᠬᠠᠷᠢᠭᠤᠴᠠᠬᠤ》 ᠵᠢᠴᠢ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ᠎ᠢ ᠵᠢᠷᠤᠮᠯᠠᠵᠤ᠂ ᠬᠠᠷᠢᠶ᠎ᠠ ᠭᠠᠵᠠᠷ᠎ᠤᠨ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠶ; 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠬᠠᠷᠢᠯᠴᠠᠨ ᠨᠡᠭᠡᠭᠡᠭᠰᠡᠨ ᠪᠠᠢ᠌ᠪᠠᠯ᠂ ᠵᠠᠮ ᠱᠤᠭᠤᠮ᠎ᠤᠨ ᠡᠬᠢᠯᠡᠯᠲᠡ ᠲᠡᠭᠦᠰᠬᠡᠯ᠎ᠤᠨ ᠭᠠᠵᠠᠷ᠎ᠲᠤ ᠬᠠᠷᠢᠶᠠᠯᠠᠭᠳᠠᠬᠤ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠮᠤᠷ ᠲᠥᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠬᠠᠮᠲᠤ᠎ᠪᠠᠷ ᠵᠥᠪᠳᠡᠯᠴᠡᠨ ᠦᠷᠨᠢᠭᠦᠯᠦᠨ᠎ᠡ᠃
ᠬᠣᠶᠠᠳᠤᠭ᠋ᠠᠷ ᠪᠦᠯᠦᠭ ᠦᠨᠡᠯᠡᠨ ᠵᠢᠱ᠌ᠢᠬᠦ ᠱᠠᠭ᠋ᠠᠷᠳᠠᠯᠭ᠎ᠠ ᠪᠠ ᠠᠭᠤᠯᠭ᠎ᠠ
ᠳᠥᠷᠪᠡᠳᠦᠭᠡᠷ ᠵᠦᠢ᠍ᠯ ᠬᠠᠷᠢᠶ᠎ᠠ ᠭᠠᠵᠠᠷ᠎ᠤᠨ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠬᠤ ᠪᠤᠶᠤ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ ᠪᠠᠢ᠌ᠭᠤᠯᠤᠮᠵᠢ᠎ᠳᠤ ᠨᠠᠢ᠌ᠳᠠᠵᠤ ᠦᠨᠡᠯᠡᠨ ᠵᠢᠱ᠌ᠢᠯᠲᠡ ᠬᠢᠯᠭᠡᠵᠦ ᠪᠣᠯᠤᠨ᠎ᠠ᠃ ᠦᠨᠡᠯᠡᠨ ᠵᠢᠱ᠌ᠢᠬᠦ ᠵᠠᠷᠤᠳᠠᠯ᠎ᠢ ᠦᠨᠡᠯᠡᠨ ᠵᠢᠱ᠌ᠢᠯᠲᠡ ᠬᠢᠯᠭᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠡᠭᠦᠷᠭᠡᠯᠡᠨ᠎ᠡ᠃ ᠦᠨᠡᠯᠡᠨ ᠵᠢᠱ᠌ᠢᠬᠦ ᠠᠵᠢᠯᠲᠠᠨ᠎ᠢ ᠡᠩ ᠲᠡᠷᠢᠭᠦᠨ᠎ᠳᠤ ᠬᠠᠮᠢᠶ᠎ᠠ ᠪᠦᠬᠦᠢ ᠲᠥᠷᠥᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ᠎ᠠᠴᠠ ᠰᠣᠩᠭᠣᠵᠤ᠂ ᠵᠠᠮ ᠲᠡᠭᠡᠭᠡᠪᠦᠷᠢ ᠵᠢᠨ ᠪᠠᠷᠢᠯᠭ᠎ᠠ ᠵᠢᠨ ᠳᠤᠮᠳᠠ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠠᠢ᠌ᠵᠤ᠂ ᠡᠭᠦᠨ᠎ᠳᠤ ᠠᠳᠠᠭ᠎ᠲᠤ᠎ᠪᠠᠨ ᠨᠢᠭᠡ ᠵᠠᠮ ᠲᠡᠭᠡᠭᠡᠪᠦᠷᠢ ᠵᠢᠨ ᠠᠶᠦᠯᠭᠦᠢ ᠵᠢᠨ ᠲᠥᠷᠥᠯ᠎ᠤᠨ ᠲᠤᠰᠬᠠᠶ ᠮᠡᠷᠭᠡᠵᠢᠯᠲᠡᠨ ᠪᠠᠢ᠌ᠬᠤ ᠬᠡᠷᠡᠭᠲᠡᠶ᠃
ᠲᠠᠪᠤᠳᠤᠭ᠋ᠠᠷ ᠵᠦᠢ᠍ᠯ ᠦᠨᠡᠯᠡᠨ ᠵᠢᠱ᠌ᠢᠬᠦ ᠠᠵᠢᠯ᠎ᠳᠤ ᠴᠢᠩᠭ᠎ᠠ ᠪᠠᠴᠢᠮ᠂ ᠬᠡᠮᠵᠢᠶᠡᠵᠢᠭᠦᠯᠦᠭᠰᠡᠨ ᠪᠠᠷᠢᠮᠵᠢᠶ᠎ᠠ᠂ ᠶᠡᠷᠦᠩᠬᠡᠢ᠌ᠯᠡᠨ ᠦᠨᠡᠯᠡᠨ ᠵᠢᠱ᠌ᠢᠬᠦ ᠵᠠᠷᠴᠢᠮ᠎ᠢ ᠪᠠᠷᠢᠮᠲᠠᠯᠠᠵᠤ᠂ ᠠᠮᠤᠷ ᠲᠥᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠦᠢ᠍ᠴᠡᠳᠬᠡᠯ ᠲᠣᠭ᠎ᠠ ᠵᠢ ᠵᠠᠮ ᠱᠤᠭᠤᠮ᠂ ᠲᠡᠷᠭᠡ ᠬᠥᠰᠬᠡ᠂ ᠠᠵᠢᠯ ᠡᠷᠬᠢᠯᠡᠭᠰᠡᠳ᠂ ᠬᠠᠮᠢᠶᠠᠷᠤᠯᠲᠠ ᠵᠢᠨ ᠳᠦᠷᠢᠮ᠂ ᠡᠵᠡᠩᠨᠡᠯᠲᠡ ᠵᠢᠨ ᠣᠳᠣᠬᠢ ᠪᠠᠢ᠌ᠳᠠᠯ 5 ᠲᠥᠷᠥᠯ ᠬᠤᠪᠢᠶᠠᠵᠤ᠂ ᠵᠠᠭᠤᠨ ᠬᠤᠪᠢ ᠵᠢᠨ ᠳᠦᠷᠢᠮ᠎ᠤᠨ ᠶᠤᠰᠤ᠎ᠪᠠᠷ ᠲᠦᠭᠰᠢᠭᠦᠷᠢ ᠵᠢ ᠦᠨᠡᠯᠡᠨ ᠵᠢᠱ᠌ᠢᠨ᠎ᠡ᠂ ᠡᠭᠦᠨ᠎ᠳᠤ ᠵᠠᠮ ᠱᠤᠭᠤᠮ 10 ᠬᠤᠪᠢ᠂ ᠲᠡᠷᠭᠡ ᠬᠥᠰᠬᠡ 20 ᠬᠤᠪᠢ᠂ ᠠᠵᠢᠯ ᠡᠷᠬᠢᠯᠡᠭᠰᠡᠳ 30 ᠬᠤᠪᠢ᠂ ᠬᠠᠮᠢᠶᠠᠷᠤᠯᠲᠠ ᠵᠢᠨ ᠳᠦᠷᠢᠮ 20 ᠬᠤᠪᠢ᠂ ᠡᠵᠡᠩᠨᠡᠯᠲᠡ ᠵᠢᠨ ᠣᠳᠣᠬᠢ ᠪᠠᠢ᠌ᠳᠠᠯ 20 ᠬᠤᠪᠢ ᠪᠣᠯᠤᠨ᠎ᠠ᠃
ᠵᠢᠷᠭᠤᠳᠤᠭ᠋ᠠᠷ ᠵᠦᠢ᠍ᠯ ᠦᠨᠡᠯᠡᠨ ᠵᠢᠱ᠌ᠢᠬᠦ ᠠᠵᠢᠯ᠎ᠨᠢ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ᠂ ᠲᠤᠬᠠᠶ ᠵᠢᠨ ᠲᠠᠯᠠᠪᠤᠷ᠎ᠲᠤ ᠬᠢᠨᠠᠨ ᠪᠠᠢ᠌ᠴᠠᠭ᠋ᠠᠬᠤ ᠵᠡᠷᠭᠡ ᠠᠷᠭ᠎ᠠ ᠮᠠᠶᠢᠭᠲᠠᠢ ᠤᠶᠠᠯᠳᠤᠭᠤᠯᠤᠨ᠂ ᠶᠡᠷᠦᠩᠬᠡᠢ᠌ᠯᠡᠨ ᠦᠨᠡᠯᠡᠨ ᠵᠢᠱ᠌ᠢᠬᠦ ᠵᠢᠨ ᠬᠠᠮᠲᠤ ᠬᠤᠪᠢ ᠥᠭᠴᠦ᠂ ᠲᠦᠭᠰᠢᠭᠦᠷᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠲᠣᠭᠲᠠᠭ᠋ᠠᠨ᠎ᠠ᠃
ᠳᠣᠯᠣᠳᠤᠭ᠋ᠠᠷ ᠵᠦᠢ᠍ᠯ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠡᠩ᠎ᠤᠨ ᠲᠦᠭᠰᠢᠭᠦᠷᠢ᠂ ᠳᠤᠮᠳᠠ ᠲᠦᠭᠰᠢᠭᠦᠷᠢ᠂ ᠥᠨᠳᠥᠷ ᠲᠦᠭᠰᠢᠭᠦᠷᠢ ᠭᠡᠵᠦ ᠭᠤᠷᠪᠠᠨ ᠳᠡᠰ ᠬᠤᠪᠢᠶᠠᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠨᠡᠢ᠌ᠲᠡ ᠬᠠᠰᠤᠭᠰᠠᠨ ᠬᠤᠪᠢ ᠵᠢᠨ ᠥᠷᠲᠡᠭ᠎ᠨᠢ 20 ᠬᠤᠪᠢ᠎ᠠᠴᠠ ᠳᠣᠷᠣᠭᠰᠢ ᠪᠠᠢ᠌ᠬᠤ ᠮᠥᠷᠲᠡᠭᠡᠨ ᠵᠠᠮ ᠱᠤᠭᠤᠮ᠂ ᠲᠡᠷᠭᠡ ᠬᠥᠰᠬᠡ᠂ ᠠᠵᠢᠯ ᠡᠷᠭᠢᠯᠡᠭᠰᠡᠳ᠂ ᠬᠠᠮᠢᠶᠠᠷᠤᠯᠲᠠ ᠵᠢᠨ ᠲᠦᠷᠢᠮ᠂ ᠡᠵᠡᠩᠨᠡᠯᠲᠡ ᠵᠢᠨ ᠣᠳᠣᠬᠢ ᠪᠠᠢ᠌ᠳᠠᠯ ᠵᠡᠷᠭᠡ ᠪᠥᠬᠥ ᠲᠦᠭᠰᠢᠭᠦᠷᠢ ᠵᠢᠨ ᠲᠥᠷᠥᠯ ᠠᠩᠭᠢᠯᠠᠯ᠎ᠳᠤ ᠬᠠᠰᠤᠭᠰᠠᠨ ᠬᠤᠪᠢ᠎ᠨᠢ ᠲᠣᠰ ᠲᠥᠷᠥᠯ᠎ᠤᠨ ᠶᠡᠷᠦᠩᠬᠡᠶ ᠬᠤᠪᠢ ᠵᠢᠨ ᠥᠷᠲᠡᠭ᠎ᠤᠨ 20%᠎ᠠᠴᠠ ᠳᠣᠷᠣᠭᠰᠢ ᠪᠠᠢ᠌ᠪᠠᠯ᠂ ᠡᠩ᠎ᠤᠨ ᠲᠦᠭᠰᠢᠭᠦᠷᠢ᠎ᠪᠠᠷ ᠦᠨᠡᠯᠡᠨ ᠲᠣᠭᠲᠠᠭ᠋ᠠᠨ᠎ᠠ; ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠨᠡᠢ᠌ᠲᠡ ᠬᠠᠰᠤᠭᠰᠠᠨ ᠬᠤᠪᠢ ᠵᠢᠨ ᠥᠷᠲᠡᠭ᠎ᠨᠢ 20 ᠬᠤᠪᠢ᠎ᠠᠴᠠ 40 ᠬᠤᠪᠢ ᠵᠢᠨ ᠬᠣᠭᠣᠷᠣᠨᠳᠣ ᠪᠠᠢ᠌ᠬᠤ᠂ ᠡᠰᠡᠬᠦᠯ᠎ᠡ ᠵᠠᠮ ᠱᠤᠭᠤᠮ᠂ ᠲᠡᠷᠭᠡ ᠬᠥᠰᠬᠡ᠂ ᠠᠵᠢᠯ ᠡᠷᠭᠢᠯᠡᠭᠰᠡᠳ᠂ ᠬᠠᠮᠢᠶᠠᠷᠤᠯᠲᠠ ᠵᠢᠨ ᠲᠦᠷᠢᠮ᠂ ᠡᠵᠡᠩᠨᠡᠯᠲᠡ ᠵᠢᠨ ᠣᠳᠣᠬᠢ ᠪᠠᠢ᠌ᠳᠠᠯ ᠵᠡᠷᠭᠡ ᠲᠦᠭᠰᠢᠭᠦᠷᠢ ᠵᠢᠨ ᠲᠥᠷᠥᠯ ᠠᠩᠭᠢᠯᠠᠯ᠎ᠳᠤ᠂ ᠨᠢᠭᠡ ᠲᠥᠷᠥᠯ᠎ᠤᠨ ᠬᠠᠰᠤᠭᠰᠠᠨ ᠬᠤᠪᠢ ᠵᠢᠨ ᠥᠷᠲᠡᠭ᠎ᠨᠢ ᠲᠣᠰ ᠲᠥᠷᠥᠯ᠎ᠤᠨ ᠶᠡᠷᠦᠩᠬᠡᠶ ᠬᠤᠪᠢ ᠵᠢᠨ ᠥᠷᠲᠡᠭ᠎ᠤᠨ 20%᠎ᠠᠴᠠ 40% ᠵᠢᠨ ᠬᠣᠭᠣᠷᠣᠨᠳᠣ ᠪᠠᠢ᠌ᠪᠠᠯ᠂ ᠳᠤᠮᠳᠠ ᠲᠦᠭᠰᠢᠭᠦᠷᠢ᠎ᠪᠠᠷ ᠦᠨᠡᠯᠡᠨ ᠲᠣᠭᠲᠠᠭ᠋ᠠᠨ᠎ᠠ; ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠨᠡᠢ᠌ᠲᠡ ᠬᠠᠰᠤᠭᠰᠠᠨ ᠬᠤᠪᠢ ᠵᠢᠨ ᠥᠷᠲᠡᠭ᠎ᠨᠢ 40 ᠬᠤᠪᠢ ᠵᠢᠴᠢ ᠲᠡᠭᠦᠨ᠎ᠠᠴᠠ ᠳᠡᠭᠡᠭᠰᠢᠬᠢ᠂ ᠡᠰᠡᠬᠦᠯ᠎ᠡ ᠵᠠᠮ ᠱᠤᠭᠤᠮ᠂ ᠲᠡᠷᠭᠡ ᠬᠥᠰᠬᠡ᠂ ᠠᠵᠢᠯ ᠡᠷᠬᠢᠯᠡᠭᠰᠡᠳ᠂ ᠬᠠᠮᠢᠶᠠᠷᠤᠯᠲᠠ ᠵᠢᠨ ᠳᠦᠷᠢᠮ᠂ ᠡᠵᠡᠩᠨᠡᠯᠲᠡ ᠵᠢᠨ ᠣᠳᠣᠬᠢ ᠪᠠᠢ᠌ᠳᠠᠯ ᠵᠡᠷᠭᠡ ᠲᠦᠭᠰᠢᠭᠦᠷᠢ ᠵᠢᠨ ᠲᠥᠷᠥᠯ ᠠᠩᠭᠢᠯᠠᠯ᠎ᠳᠤ᠂ ᠨᠢᠭᠡ ᠲᠥᠷᠥᠯ᠎ᠤᠨ ᠬᠠᠰᠤᠭᠰᠠᠨ ᠬᠤᠪᠢ ᠵᠢᠨ ᠥᠷᠲᠡᠭ᠎ᠨᠢ ᠲᠤᠰ ᠲᠥᠷᠥᠯ᠎ᠤᠨ ᠶᠡᠷᠦᠩᠬᠡᠶ ᠬᠤᠪᠢ ᠵᠢᠨ ᠥᠷᠲᠡᠭ᠎ᠤᠨ 40% ᠵᠢᠴᠢ ᠲᠡᠭᠦᠨ᠎ᠠᠴᠠ ᠳᠡᠭᠡᠭᠰᠢᠬᠢ ᠵᠢ ᠡᠵᠡᠯᠡᠭᠰᠡᠨ ᠪᠠᠢ᠌ᠪᠠᠯ᠂ ᠥᠨᠳᠥᠷ ᠲᠦᠭᠰᠢᠭᠦᠷᠢ᠎ᠪᠠᠷ ᠦᠨᠡᠯᠡᠨ ᠲᠣᠭᠲᠠᠭ᠋ᠠᠨ᠎ᠠ᠃
ᠨᠠᠢᠮᠠᠳᠤᠭ᠋ᠠᠷ ᠵᠦᠢᠯ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠢ ᠭᠤᠶᠤᠴᠢᠯᠠᠨ ᠡᠵᠡᠩᠨᠡᠬᠦ ᠪᠤᠶᠤ ᠦᠷᠭᠦᠯᠵᠢᠯᠡᠨ ᠡᠵᠡᠩᠨᠡᠬᠦ᠎ᠳᠤ᠂ ᠠᠵᠤ ᠠᠬᠤᠢ᠌ᠯᠠᠯ᠎ᠤᠨ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠦᠨᠡᠯᠡᠨ ᠵᠢᠱ᠌ᠢᠬᠦ ᠭᠤᠶᠤᠴᠢᠯᠠᠯ ᠵᠶ᠋ᠠᠨ ᠳᠤᠷᠠᠳᠬᠤ ᠵᠢᠨ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠬᠦᠰᠦᠨᠦᠭᠲᠦ》 ᠵᠢᠨ ᠶᠣᠰᠣ᠎ᠪᠠᠷ ᠵᠠᠮ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ ᠥᠷᠨᠢᠭᠦᠯᠬᠦ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠶ᠃ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠡᠩ᠎ᠤᠨ ᠲᠦᠭᠰᠢᠭᠦᠷᠢ ᠪᠠᠢ᠌ᠪᠠᠯ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠠᠪᠬᠤ ᠭᠤᠶᠤᠴᠢᠯᠠᠯ᠎ᠤᠨ ᠮᠠᠲ᠋ᠧᠷᠢᠶᠠᠯ᠎ᠢ᠎ᠨᠢ ᠬᠦᠯᠢᠶᠡᠨ ᠠᠪᠴᠤ ᠰᠢᠢᠳᠪᠦᠷᠢᠯᠡᠨ᠎ᠡ; ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠳᠤᠮᠳᠠ᠂ ᠥᠨᠳᠥᠷ ᠲᠦᠭᠰᠢᠭᠦᠷᠢ ᠪᠠᠢ᠌ᠪᠠᠯ᠂ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠳᠠᠬᠢᠨᠲᠠ ᠦᠨᠡᠯᠡᠨ ᠵᠢᠱ᠌ᠢᠵᠦ᠂ ᠬᠠᠤᠯᠢ᠎ᠪᠠᠷ ᠲᠣᠭᠲᠠᠭ᠋ᠠᠭᠰᠠᠨ ᠵᠥᠪᠰᠢᠶᠡᠷᠡᠯ᠎ᠤᠨ ᠨᠥᠬᠥᠴᠡᠯ᠎ᠢ ᠪᠦᠷᠢᠯᠳᠦᠭᠦᠯᠦᠭᠰᠡᠨ ᠥᠬᠡᠶ ᠪᠠᠢ᠌ᠪᠠᠯ᠂ ᠬᠠᠤᠯᠢ ᠶᠣᠰᠣ᠎ᠪᠠᠷ ᠵᠥᠪᠰᠢᠶᠡᠷᠡᠬᠦ ᠦᠭᠡᠢ᠃
ᠶᠢᠰᠦᠳᠦᠭᠡᠷ ᠵᠦᠢ᠍ᠯ ᠨᠢᠭᠡᠨᠲᠡ ᠵᠠᠬ᠎ᠠ ᠳᠡᠯᠭᠡᠭᠦᠷ᠎ᠲᠤ ᠤᠷᠤᠭᠰᠠᠨ᠂ ᠡᠵᠡᠩᠨᠡᠬᠦ ᠬᠤᠭᠤᠴᠠᠭ᠎ᠠ᠎ᠨᠢ ᠬᠠᠷᠠᠬᠠᠨ ᠳᠦᠭᠦᠷᠦᠭᠡᠳᠦᠶ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠳᠤ ᠬᠠᠷᠢᠶ᠎ᠠ ᠭᠠᠵᠠᠷ᠎ᠤᠨ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠨᠠᠷᠢᠨ ᠳᠦᠷᠢᠮ᠎ᠤᠨ ᠶᠣᠰᠣ᠎ᠪᠠᠷ ᠲᠦᠭᠰᠢᠭᠦᠷᠢ ᠵᠢ ᠦᠨᠡᠯᠡᠨ ᠵᠢᠱ᠌ᠢᠬᠦ ᠪᠠ ᠳᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠶ᠃ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠡᠩ᠎ᠤᠨ ᠲᠦᠭᠰᠢᠭᠦᠷᠢ ᠪᠠᠢ᠌ᠪᠠᠯ ᠦᠷᠭᠦᠯᠵᠢᠯᠡᠨ ᠡᠵᠡᠩᠨᠡᠭᠦᠯᠦᠨ᠎ᠡ; ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠳᠤᠮᠳᠠ ᠲᠦᠭᠰᠢᠭᠦᠷᠢ ᠪᠠᠢ᠌ᠪᠠᠯ᠂ ᠬᠠᠷᠢᠶ᠎ᠠ ᠭᠠᠵᠠᠷ᠎ᠤᠨ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠮ ᠱᠤᠭᠤᠮ᠎ᠤᠨ ᠡᠵᠡᠩᠨᠡᠭᠴᠢ ᠵᠢ ᠰᠢᠮᠳᠠᠭᠤᠯᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠵᠤ᠂ ᠲᠦᠭᠰᠢᠭᠦᠷᠢ ᠵᠢᠨ ᠳᠠᠯᠳᠠ ᠭᠡᠮ᠎ᠢ ᠠᠷᠢᠯᠭ᠋ᠠᠬᠤ ᠵᠢᠨ ᠬᠠᠮᠲᠤ ᠮᠥᠷᠳᠡᠨ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ; ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠦᠨᠳᠦᠷ ᠲᠦᠭᠰᠢᠭᠦᠷᠢ ᠪᠠᠢ᠌ᠪᠠᠯ᠂ ᠬᠠᠷᠢᠶ᠎ᠠ ᠭᠠᠵᠠᠷ᠎ᠤᠨ ᠠᠢ᠌ᠮᠠᠭ ᠬᠣᠲᠠ ᠵᠢᠨ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠮ ᠱᠤᠭᠤᠮ᠎ᠤᠨ ᠡᠵᠡᠩᠨᠡᠭᠴᠢ ᠵᠢ ᠵᠠᠷᠯᠢᠭᠳᠠᠵᠤ ᠪᠠᠢ᠌ᠭ᠋ᠠᠳ ᠡᠵᠡᠩᠨᠡᠯᠲᠡ ᠵᠢ ᠲᠦᠷ ᠵᠣᠭᠰᠣᠭ᠋ᠠᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠵᠤ ᠳᠠᠭᠤᠰᠤᠭᠰᠠᠨ᠎ᠤ ᠳᠠᠷᠠᠭ᠎ᠠ ᠳᠠᠬᠢᠨᠲᠠ ᠦᠨᠡᠯᠡᠨ ᠵᠢᠱ᠌ᠢᠨ᠎ᠡ᠂ ᠦᠷ᠎ᠡ ᠳ᠋ᠦᠩ᠎ᠨᠢ ᠡᠩ᠎ᠤᠨ ᠲᠦᠭᠰᠢᠭᠦᠷᠢ ᠪᠤᠶᠤ ᠳᠣᠮᠳᠠ ᠲᠦᠭᠰᠢᠭᠦᠷᠢ ᠪᠠᠢ᠌ᠪᠠᠯ᠂ ᠳᠡᠭᠡᠷ᠎ᠡ ᠳᠤᠷᠠᠳᠤᠭᠰᠠᠨ ᠪᠠᠢ᠌ᠳᠠᠯ ᠵᠶ᠋ᠠᠷ ᠰᠢᠢᠳᠪᠦᠷᠢᠯᠡᠨ᠎ᠡ᠃ ᠳᠠᠬᠢᠨᠲᠠ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠮᠥᠨ ᠯᠠ ᠥᠨᠳᠥᠷ ᠲᠦᠭᠰᠢᠭᠦᠷᠢ ᠪᠠᠢ᠌ᠵᠤ ᠠᠶᠦᠯᠭᠦᠢ ᠦᠢᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠦᠭᠡᠳᠦᠶ ᠪᠠᠢ᠌ᠪᠠᠯ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠦᠯᠭᠦᠢ ᠦᠢᠯᠡᠳᠪᠦᠷᠢᠯᠡᠯ᠎ᠤᠨ ᠬᠠᠤᠯᠢ》᠂ 《ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠴᠢ ᠠᠶᠠᠨᠴᠢᠳ᠎ᠤᠨ ᠵᠥᠭᠡᠭᠡᠪᠦᠷᠢ ᠵᠢᠨ ᠥᠷᠲᠡᠭᠡ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠢ ᠦᠨᠳᠦᠰᠦᠯᠡᠨ᠂ ᠤᠤᠯ᠎ᠤᠨ ᠵᠥᠪᠰᠢᠶᠡᠷᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣ᠎ᠪᠠᠷ ᠬᠠᠷᠠᠭ᠋ᠠᠯᠵᠠᠭᠰᠠᠨ ᠵᠥᠪᠰᠢᠶᠡᠷᠡᠯ᠎ᠢ ᠬᠦᠴᠦᠨ ᠥᠬᠡᠶ ᠪᠣᠯᠭ᠋ᠠᠨ᠎ᠠ᠃
ᠠᠷᠪᠠᠳᠤᠭ᠋ᠠᠷ ᠵᠦᠢ᠍ᠯ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠵᠠᠮ ᠱᠤᠭᠤᠮ᠂ ᠲᠡᠷᠭᠡ ᠬᠥᠰᠬᠡ ᠵᠡᠷᠭᠡ ᠠᠶᠠᠨᠴᠢᠳ᠎ᠤᠨ ᠵᠥᠭᠡᠭᠡᠪᠦᠷᠢ ᠵᠢᠨ ᠠᠮᠤᠷ ᠲᠥᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠦᠢ᠍ᠯ᠎ᠳᠤ ᠬᠤᠪᠢᠷᠠᠯᠲᠠ ᠭᠠᠷᠴᠤ᠂ ᠡᠵᠡᠩᠨᠡᠯᠲᠡ ᠵᠢᠨ ᠬᠤᠭᠤᠴᠠᠭ᠋ᠠᠨ᠎ᠳᠤ ᠬᠥᠮᠦᠨ ᠦᠬᠦᠵᠦ ᠰᠢᠷᠬᠠᠲᠤᠭᠰᠠᠨ ᠪᠤᠶᠤ ᠡᠩ᠎ᠤᠨ ᠵᠢᠴᠢ ᠲᠡᠭᠦᠨ᠎ᠠᠴᠠ ᠳᠡᠭᠡᠭᠰᠢᠬᠢ ᠦᠢ᠍ᠯᠡᠳᠪᠦᠷᠢᠯᠡᠯ᠎ᠤᠨ ᠠᠶᠦᠯᠭᠦᠢ ᠵᠢᠨ ᠬᠠᠷᠢᠭᠤᠴᠠᠯᠭ᠎ᠠ ᠵᠢᠨ ᠡᠨᠳᠡᠯ ᠭᠠᠷᠤᠭᠰᠠᠨ ᠪᠣᠯ ᠠᠮᠤᠷ ᠲᠥᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠳᠠᠬᠢᠨ ᠥᠷᠨᠢᠭᠦᠯᠬᠦ ᠬᠡᠷᠡᠭᠲᠡᠶ᠃
ᠭᠤᠷᠪᠠᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠠᠷᠪᠠᠨ ᠨᠢᠭᠡᠳᠦᠭᠡᠷ ᠵᠦᠢ᠍ᠯ ᠲᠤᠰ ᠨᠠᠷᠢᠨ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃
ᠠᠷᠪᠠᠨ ᠬᠣᠶᠠᠳᠤᠭ᠋ᠠᠷ ᠵᠦᠢᠯ ᠲᠣᠰ ᠨᠠᠷᠢᠨ ᠲᠦᠷᠢᠮ᠎ᠢ 2025 ᠣᠨ᠎ᠤ 1 ᠳ᠋ᠦ᠍ᠭᠡᠷ ᠰᠠᠷ᠎ᠠ ᠵᠢᠨ 6᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 800 ᠺᠢᠯᠣᠮᠧᠲᠷ᠎ᠠᠴᠠ ᠳᠡᠭᠡᠭᠰᠢᠬᠢ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠱᠤᠭᠤᠮ᠎ᠤᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠬᠦᠰᠦᠨᠦᠭᠲᠦ