ᠡᠯ᠎ᠡ ᠠᠢᠮᠠᠭ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠲᠣᠪᠴᠢᠶ᠎ᠠ᠎ᠳᠤ᠄
《ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ 〈2025 ᠣᠨ᠎ᠤ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠬᠦ᠌ ᠨᠡᠮᠡᠭᠦᠷᠢ᠎ᠶᠢ ᠬᠡᠷᠡᠭ᠌ᠵᠢᠭᠦᠯᠬᠦ᠌ ᠨᠠᠷᠢᠨ ᠲᠦᠷᠢᠮ〉 ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭ᠌ᠳᠡᠯ》 (ᠵᠠᠮ ᠬᠠᠷᠢᠯᠴᠠᠭ᠎ᠠ ᠠᠯᠪᠠᠨ ᠲᠡᠭᠡᠭᠡᠪᠦᠷᠢ [2025] 4 ᠳ᠋ᠦ᠍ᠭᠡᠷ ᠲᠣᠭᠠᠲᠤ) ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠬᠦ᠌ ᠨᠡᠮᠡᠭᠦᠷᠢ᠎ᠶ᠋ᠢᠨ ᠪᠣᠳᠠᠲᠠᠶ ᠬᠡᠷᠡᠭ᠌ᠵᠢᠭᠦᠯᠬᠦ᠌ ᠨᠠᠷᠢᠨ ᠲᠦᠷᠢᠮ》 ᠢ ᠰᠤᠳᠤᠯᠤᠨ ᠲᠣᠭ᠍ᠲᠠᠭᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠱᠢᠯᠠᠭᠤᠯᠤᠨ ᠬᠡᠷᠡᠭ᠌ᠵᠢᠭᠦᠯᠲᠦᠭᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠤᠷᠢ᠎ᠶ᠋ᠢᠨ ᠲᠢᠩᠬᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠤ ᠡᠳ᠋᠎ᠦᠨ ᠵᠠᠰᠠᠭ᠎ᠤᠨ ᠲᠢᠩᠬᠢᠮ
2025 ᠣᠨ᠎ᠤ 4 ᠳ᠋ᠦ᠍ᠭᠡᠷ ᠰᠠᠷ᠎ᠠ᠎ᠶ᠋ᠢᠨ 30 ᠤ ᠡᠳᠦᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠬᠦ᠌ ᠨᠡᠮᠡᠭᠦᠷᠢ᠎ᠶ᠋ᠢᠨ ᠪᠣᠳᠠᠲᠠᠶ ᠬᠡᠷᠡᠭ᠌ᠵᠢᠭᠦᠯᠬᠦ᠌ ᠨᠠᠷᠢᠨ ᠲᠦᠷᠢᠮ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠤᠷᠪᠤᠰ 《〈ᠶᠡᠭᠡ ᠬᠡᠪᠴᠢᠶᠡᠨ᠎ᠤ ᠲᠥᠬᠦᠭᠡᠷᠦᠮᠵᠢ᠎ᠶ᠋ᠢ ᠱᠢᠨᠡᠳᠭᠡᠬᠦ᠌ ᠪᠠ ᠬᠡᠷᠡᠭ᠌ᠯᠡᠭᠡᠨ᠎ᠤ ᠵᠦᠢ᠍ᠯ᠎ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠲᠥᠰᠦᠯ〉 ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠮᠡᠳᠡᠭ᠌ᠳᠡᠯ》 (ᠲᠥᠷᠥ᠍ ᠲᠠᠷᠬᠠᠭᠠᠭ᠍ᠰᠠᠨ [2024] 7 ᠳ᠋ᠤᠭᠠᠷ ᠲᠣᠭᠠᠲᠤ)᠂ 《 〈 2025 ᠣᠨ᠎ᠤ ᠰᠢᠨ᠎ᠡ ᠡᠨᠧᠷᠭᠢ᠎ᠶᠢᠨ ᠬᠣᠲᠠ᠎ᠶᠢᠨ ᠨᠡᠶ᠋ᠢᠲᠡ᠎ᠶᠢᠨ ᠮᠠᠰᠢᠨ ᠲᠡᠷᠭᠡ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠬᠦ᠌ ᠨᠡᠮᠡᠭᠦᠷᠢ ᠶᠢᠨ ᠬᠡᠷᠡᠭᠵᠢᠭᠦᠯᠬᠦ ᠨᠠᠷᠢᠨ ᠳᠦᠷᠢᠮ 〉 ᠢ ᠳᠠᠷᠤᠮᠠᠯᠯᠠᠨ ᠲᠠᠷᠬᠠᠭᠠᠬᠤ ᠲᠤᠬᠠᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠠᠯᠪᠠᠨ ᠲᠢᠩᠬᠢᠮ᠂ ᠡᠳ᠋᠎ᠦᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠦᠨ ᠮᠡᠳᠡᠭᠳᠡᠯ 》 (ᠵᠠᠮ ᠬᠠᠷᠢᠯᠴᠠᠭ᠎ᠠ ᠠᠯᠪᠠᠨ ᠲᠡᠭᠡᠭᠡᠪᠦᠷᠢ [2025] 4 ᠳ᠋ᠦ᠍ᠭᠡᠷ ᠲᠣᠭᠠᠲᠤ)᠂ 《ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠶᠡᠭᠡ ᠬᠡᠪᠴᠢᠶᠡᠨ᠎ᠤ ᠲᠥᠬᠦᠭᠡᠷᠦᠮᠵᠢ᠎ᠶ᠋ᠢ ᠱᠢᠨᠡᠳᠭᠡᠬᠦ᠌ ᠪᠠ ᠬᠡᠷᠡᠭ᠌ᠯᠡᠭᠡᠨ᠎ᠤ ᠵᠦᠢ᠍ᠯ᠎ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠦᠷᠦ᠎ᠶᠢᠨ ᠪᠤᠳᠤᠯᠭ᠎ᠠ᠎ᠶᠢ ᠬᠦᠴᠦᠯᠡᠨ ᠦᠷᠭᠡᠳᠭᠡᠵᠦ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ》
( ᠥᠪᠥᠷ ᠬᠥᠭ᠌ᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠦᠰᠦᠭ [2025] 279 ᠳ᠋ᠤᠭᠡᠷ
ᠲᠣᠭᠠᠲᠤ ) ᠵᠡᠷᠭᠡ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ ᠶᠣᠰᠣᠭᠠᠷ᠂ ᠲᠣᠰ ᠨᠠᠷᠢᠨ ᠲᠦᠷᠢᠮ᠎ᠢ ᠲᠣᠭ᠍ᠲᠠᠭᠠᠪᠠ᠃
ᠬᠤᠶᠠᠳᠤᠭᠠᠷ ᠵᠤᠷᠪᠤᠰ 2025 ᠣᠨ᠎ᠳᠤ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠬᠦ᠌ ᠨᠡᠮᠡᠭᠦᠷᠢ᠎ᠶ᠋ᠢᠨ ᠪᠠᠯᠠ ᠮᠥᠩᠭᠦ᠎ᠶ᠋ᠢ ᠲᠥᠪ ᠪᠠ ᠭᠠᠵᠠᠷ ᠣᠷᠣᠨ᠎ᠤ ᠬᠠᠮᠲᠤ᠎ᠪᠠᠷ ᠡᠭᠦᠷᠭᠡᠯᠡᠬᠦ᠌ ᠵᠠᠷᠴᠢᠮ ᠶᠣᠰᠣᠭᠠᠷ᠂ 《ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠶᠡᠭᠡ ᠬᠡᠪᠴᠢᠶᠡᠨ᠎ᠤ ᠲᠥᠬᠦᠭᠡᠷᠦᠮᠵᠢ᠎ᠶ᠋ᠢ ᠱᠢᠨᠡᠳᠭᠡᠬᠦ᠌ ᠪᠠ ᠬᠡᠷᠡᠭ᠌ᠯᠡᠭᠡᠨ᠎ᠤ ᠵᠦᠢ᠍ᠯ᠎ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠦᠷᠦ᠎ᠶᠢᠨ ᠪᠤᠳᠤᠯᠭ᠎ᠠ᠎ᠶᠢ ᠬᠦᠴᠦᠯᠡᠨ ᠦᠷᠭᠡᠳᠭᠡᠵᠦ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ 》 ( ᠥᠪᠥᠷ ᠬᠥᠭ᠌ᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ [2025] 279 ᠳ᠋ᠤᠭᠡᠷ ᠲᠣᠭᠠᠲᠤ) ᠤᠨ ᠱᠠᠭᠠᠷᠳᠠᠯᠭ᠎ᠠ᠎ᠶ᠋ᠢ ᠦᠨᠳᠦᠰᠦᠯᠡᠨ ᠪᠣᠳᠠᠲᠠᠶ ᠬᠡᠷᠡᠭ᠌ᠵᠢᠭᠦᠯᠦᠨ᠎ᠡ᠃
ᠬᠣᠶᠠᠳᠤᠭᠠᠷ ᠪᠦᠯᠦᠭ ᠨᠡᠮᠡᠭᠦᠷᠢ ᠣᠯᠭᠣᠬᠤ ᠬᠡᠪᠴᠢᠶ᠎ᠡ ᠪᠣᠯᠤᠨ ᠪᠠᠷᠢᠮᠵᠢᠶ᠎ᠠ
ᠭᠤᠷᠪᠠᠳᠤᠭᠠᠷ ᠵᠤᠷᠪᠤᠰ ᠲᠣᠰ ᠨᠠᠷᠢᠨ ᠲᠦᠷᠢᠮ᠎ᠳᠤ ᠲᠡᠷᠭᠡᠨ᠎ᠦ ᠬᠤᠭᠤᠴᠠᠭ᠎ᠠ᠎ᠶᠢ 8 ᠵᠢᠯ ᠪᠤᠶᠤ ᠲᠡᠭᠦᠨ᠎ᠠᠴᠠ ᠳᠡᠭᠡᠭ᠌ᠰᠢ ᠪᠠᠢᠬᠤ᠎ᠶ᠋ᠢ ᠲᠡᠮᠵᠢᠨ᠎ᠠ᠂ ᠲᠤᠬᠠᠢᠯᠠᠪᠠᠯ 2017 ᠣᠨ᠎ᠤ 12 ᠳ᠋ᠤᠭᠠᠷ ᠰᠠᠷ᠎ᠠ᠎ᠶ᠋ᠢᠨ 31 ᠤ ᠡᠳᠦᠷ᠎ᠠᠴᠠ ᠡᠮᠦᠨ᠎ᠡ ᠳᠠᠩᠰᠠᠯᠠᠭᠤᠯᠤᠭ᠍ᠰᠠᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ᠎ᠶ᠋ᠢ ᠱᠢᠨᠡᠳᠭᠡᠬᠦ᠂ ᠵᠢᠴᠢ 2025 ᠣᠨ᠎ᠤ 12 ᠳ᠋ᠤᠭᠠᠷ ᠰᠠᠷ᠎ᠠ᠎ᠶ᠋ᠢᠨ 31 ᠤ ᠡᠳᠦᠷ᠎ᠠᠴᠠ ᠡᠮᠦᠨ᠎ᠡ ᠴᠢᠨᠠᠷ᠎ᠢ ᠪᠠᠲᠤᠯᠠᠬᠤ ᠬᠤᠭᠤᠴᠠᠭ᠎ᠠ᠎ᠠᠴᠠ ᠬᠡᠲᠦᠷᠡᠭ᠌ᠰᠡᠨ ᠪᠤᠶᠤ ᠠᠮᠤᠷ ᠲᠦᠪᠱᠢᠨ᠎ᠢᠶᠠᠷ ᠡᠵᠡᠩᠨᠡᠬᠦ᠌ ᠨᠥᠬᠦᠴᠡᠯ᠎ᠢ ᠥᠯᠥ᠍ ᠬᠠᠩᠭᠠᠬᠤ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠬᠥᠳᠡᠯᠭᠡᠬᠦ᠌ ᠬᠦᠴᠦᠨ᠎ᠤ ᠴᠡᠨᠡᠭ᠎ᠢ ᠰᠣᠯᠢᠨ᠎ᠠ᠃
ᠲᠤᠰ ᠨᠠᠷᠢᠨ ᠳᠦᠷᠢᠮ᠎ᠳᠦ ᠵᠢᠭᠠᠵᠤ ᠪᠠᠢᠭ᠎ᠠ ᠭᠤᠶᠤᠴᠢᠯᠠᠭ᠍ᠴᠢ ᠨᠢ 《 ᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠳᠦᠷᠢᠮ 》 ᠦᠨ ᠲᠣᠭ᠍ᠲᠠᠭᠠᠯ ᠶᠣᠰᠣᠭᠠᠷ ᠂ 《 ᠬᠣᠲᠠ᠎ᠶ᠋ᠢᠨ ᠣᠯᠠᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠲᠡᠷᠭᠡᠨ᠎ᠦ ᠠᠶᠠᠨᠴᠢᠳ᠎ᠤᠨ ᠲᠡᠭᠡᠭᠡᠪᠦᠷᠢ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠭᠠᠯ》 ( ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠵᠠᠷᠯᠢᠭ 2017 ᠣᠨ᠎ᠤ 5 ᠳ᠋ᠤᠭᠠᠷ ᠲᠣᠭᠠᠲᠤ) ᠪᠤᠶᠤ ᠲᠤᠬᠠᠶ᠎ᠶ᠋ᠢᠨ ᠭᠠᠵᠠᠷ᠎ᠤᠨ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ᠂ ᠳᠦᠷᠢᠮ ᠲᠣᠭ᠍ᠲᠠᠭᠠᠯ ᠢ ᠦᠨᠳᠦᠰᠦᠯᠡᠨ᠂ ᠣᠨᠴᠠ ᠵᠥᠪᠱᠢᠶᠡᠷᠡᠯ᠎ᠦᠨ ᠡᠵᠡᠩᠨᠡᠯᠲᠡ᠂ ᠵᠥᠪᠱᠢᠶᠡᠷᠡᠯ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠣᠲᠠ᠎ᠶ᠋ᠢᠨ ᠣᠯᠠᠨ ᠨᠡᠢᠲᠡ᠎ᠶ᠋ᠢᠨ ᠮᠠᠱᠢᠨ ᠲᠡᠷᠭᠡᠨ᠎ᠦ ᠵᠠᠮ ᠱᠤᠭᠤᠮ᠎ᠤᠨ ᠲᠡᠭᠡᠭᠡᠪᠦᠷᠢ ᠡᠵᠡᠩᠨᠡᠬᠦ᠌ ᠡᠷᠬᠡ᠎ᠶ᠋ᠢ ᠬᠠᠤᠯᠢ ᠶᠣᠰᠣᠭᠠᠷ ᠣᠯᠤᠭ᠍ᠰᠠᠨ ᠠᠵᠤ ᠠᠬᠤᠢᠯᠠᠯ ᠪᠣᠯᠤᠨ᠎ᠠ ᠃
ᠲᠤᠰ ᠨᠠᠷᠢᠨ ᠳᠦᠷᠢᠮ᠎ᠳᠦ ᠬᠡᠯᠡᠵᠦ᠍ ᠪᠠᠢᠭ᠎ᠠ ᠬᠣᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠭᠡᠳᠡᠭ ᠨᠢ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠲᠣᠭ᠍ᠲᠠᠭᠠᠭ᠍ᠰᠠᠨ ᠬᠡᠪᠴᠢᠶᠡᠨ ᠳᠣᠲᠣᠷ᠎ᠠ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠲᠡᠭᠡᠭᠡᠪᠦᠷᠢᠯᠡᠨ ᠡᠵᠡᠩᠨᠡᠬᠦ᠌ ᠬᠢᠷᠢ ᠭᠡᠮ ᠢ ᠬᠠᠤᠯᠢ ᠶᠣᠰᠣᠭᠠᠷ ᠣᠯᠬᠤ᠎ᠶ᠋ᠢᠨ ᠬᠠᠮᠲᠤ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠦᠢᠯᠡᠴᠢᠯᠡᠭᠡ ᠬᠠᠩᠭᠠᠬᠤ ᠲᠡᠷᠭᠡ ᠬᠥᠰᠭᠡ᠎ᠶ᠋ᠢ ᠵᠢᠭᠠᠵᠤ ᠪᠤᠶ᠂ ᠪᠣᠳᠠᠲᠠᠶ ᠪᠠᠢᠭ᠎ᠠ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠮᠠᠭ᠋ᠠᠳᠯᠠᠨ ᠲᠣᠭᠲᠠᠭ᠋ᠠᠨ᠎ᠠ᠃
ᠱᠢᠨ᠎ᠡ ᠡᠨᠧᠷᠭᠢ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠳᠤ ᠨᠡᠮᠡᠭᠦᠷᠢ ᠠᠪᠬᠤ᠎ᠪᠠᠷ ᠭᠤᠶᠤᠴᠢᠯᠠᠵᠤ ᠪᠣᠯᠤᠨ᠎ᠠ᠂ ᠲᠤᠬᠠᠢᠯᠠᠪᠠᠯ ᠬᠠᠭᠤᠴᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ (ᠲᠡᠷᠭᠡ ᠬᠥᠰᠭᠡ ᠡᠵᠡᠩᠨᠡᠬᠦ᠌ ᠨᠢᠭᠡᠴᠢ᠎ᠶ᠋ᠢᠨ ᠳᠠᠩᠰᠠᠯᠠᠭᠤᠯᠤᠭ᠍ᠰᠠᠨ ᠭᠠᠵᠠᠷ ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ) ᠂ ᠡᠭᠦᠨ᠎ᠦ ᠬᠠᠮᠲᠦ 《ᠲᠡᠷᠭᠡ ᠣᠩᠭᠤᠴᠠ᠎ᠶᠢᠨ ᠭᠠᠢ᠌ᠯᠢ᠎ᠶᠢ ᠬᠠᠰᠤᠵᠤ ᠬᠡᠯᠲᠦᠷᠢᠭᠦᠯᠬᠦ᠌ ᠬᠠᠷᠠᠭᠠᠯᠵᠠᠯ ᠭᠥᠷᠳᠡᠵᠦ᠍ ᠪᠠᠢᠭ᠎ᠠ ᠡᠨᠧᠷᠭᠢ ᠠᠷᠪᠢᠯᠠᠬᠤ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》᠂ 《ᠲᠡᠷᠭᠡ ᠬᠥᠰᠭᠡ ᠬᠤᠳᠠᠯᠳᠤᠨ ᠠᠪᠬᠤ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》᠂ 《ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠦᠨ ᠬᠡᠷᠡᠭ᠌ᠯᠡᠵᠦ᠍ ᠲᠠᠨᠢᠯᠴᠠᠭᠤᠯᠬᠤ ᠮᠠᠱᠢᠨ ᠲᠡᠷᠭᠡᠨ᠎ᠤ ᠬᠡᠯᠪᠡᠷᠢ᠎ᠶ᠋ᠢᠨ ᠭᠠᠷᠴᠠᠭ》 ᠤᠨ ᠨᠢᠭᠡ ᠪᠣᠯᠬᠤ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ᠎ᠶ᠋ᠢ ᠬᠤᠳᠠᠯᠳᠤᠨ ᠠᠪᠬᠤ᠎ᠳᠤ ᠣᠷᠣᠭᠤᠯᠤᠨ᠎ᠠ᠃ ᠴᠤᠯᠤ ᠴᠠᠬᠢᠯᠭᠠᠨ ᠬᠥᠳᠡᠯᠭᠡᠭᠦᠷᠲᠦ᠂ ᠴᠠᠬᠢᠯᠭᠠᠨ ᠬᠠᠪᠴᠢᠭᠤᠯᠬᠤ ᠮᠠᠶᠢᠭ᠎ᠤᠨ ᠬᠣᠯᠢᠮᠠᠭ ᠬᠥᠳᠡᠯᠭᠡᠬᠦ᠌ ᠬᠦᠴᠦᠨ᠂ ᠤᠰᠤᠲᠥ᠋ᠷᠥᠭᠴᠢ ᠲᠦᠯᠡᠰᠢᠨ ᠴᠡᠨᠡᠭ᠎ᠦᠨ ᠲᠡᠷᠭᠡ ᠵᠡᠷᠭᠡ᠎ᠶᠢ ᠪᠠᠭ᠋ᠠᠲᠠᠭ᠋ᠠᠨᠠ᠃ ᠱᠢᠨ᠎ᠡ᠎ᠪᠠᠷ ᠬᠤᠳᠠᠯᠳᠤᠨ ᠠᠪᠤᠭ᠍ᠰᠠᠨ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ 《ᠮᠠᠱᠢᠨᠲᠤ ᠲᠡᠷᠭᠡᠨ᠎ᠤ ᠳᠠᠩᠰᠠᠯᠠᠭᠤᠯᠤᠭ᠍ᠰᠠᠨ ᠦᠨᠡᠮᠯᠡᠯ》 ᠳᠠᠬᠢ ᠬᠡᠷᠡᠭ᠌ᠯᠡᠬᠦ᠌ ᠱᠢᠨᠵᠢ ᠴᠢᠨᠠᠷ᠎ᠨᠢ 《ᠨᠡᠢᠲᠡ᠎ᠶ᠋ᠢᠨ ᠮᠠᠱᠢᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ》 ᠪᠠᠢᠵᠤ᠂ ᠬᠡᠷᠡᠭ᠌ᠯᠡᠬᠦ᠌ ᠲᠡᠷᠭᠡ᠎ᠶ᠋ᠢ ᠲᠣᠰ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠬᠦ᠌ ᠬᠡᠪᠴᠢᠶᠡᠨ᠎ᠳᠤ ᠣᠷᠣᠭᠤᠯᠬᠤ ᠥᠬᠡᠶ᠃
ᠲᠣᠰ ᠨᠠᠷᠢᠨ ᠲᠦᠷᠢᠮ᠎ᠳᠤ ᠬᠡᠯᠡᠵᠦ᠍ ᠪᠠᠢᠭ᠎ᠠ ᠬᠥᠳᠡᠯᠭᠡᠬᠦ᠌ ᠬᠦᠴᠦᠨ᠎ᠤ ᠴᠡᠨᠡᠭ᠎ᠢ ᠰᠣᠯᠢᠬᠤ ᠭᠡᠳᠡᠭ᠎ᠨᠢ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠬᠥᠳᠡᠯᠭᠡᠬᠦ᠌ ᠬᠦᠴᠦᠨ᠎ᠤ ᠴᠡᠨᠡᠭ᠎ᠢ ᠪᠦᠷᠢᠨ ᠢᠵᠢ ᠰᠣᠯᠢᠬᠤ᠎ᠶ᠋ᠢ ᠵᠢᠭᠠᠵᠤ ᠪᠣᠶ᠂ ᠰᠣᠯᠢᠭ᠍ᠰᠠᠨᠤ ᠳᠠᠷᠠᠭᠠᠬᠢ ᠬᠥᠳᠡᠯᠭᠡᠬᠦ᠌ ᠬᠦᠴᠦᠨ᠎ᠤ ᠴᠡᠨᠡᠭ᠎ᠢ 2024 ᠣᠨ᠎ᠤ 1 ᠳ᠋ᠦ᠍ᠭᠡᠷ ᠰᠠᠷ᠎ᠠ᠎ᠶ᠋ᠢᠨ 1 ᠤ ᠡᠳᠦᠷ (ᠲᠣᠰ ᠡᠳᠦᠷ᠎ᠢ ᠪᠠᠭ᠍ᠲᠠᠭᠠᠨ᠎ᠠ᠂ ᠳᠣᠷᠣᠭ᠍ᠰᠢ ᠠᠳᠠᠯᠢ) ᠤᠨ ᠳᠠᠷᠠᠭ᠎ᠠ ᠦᠢᠯᠡᠳᠪᠦᠷᠢᠯᠡᠵᠦ᠍᠂ ᠶᠠᠰᠤ ᠴᠢᠨᠠᠷ᠎ᠤᠨ ᠪᠠᠲᠤᠯᠠᠭ᠎ᠠ᠎ᠶᠢᠨ ᠵᠢᠯ ᠬᠤᠭᠤᠴᠠᠭ᠎ᠠ ᠶᠢ 5 ᠵᠢᠯ᠎ᠡᠴᠡ ᠳᠣᠣᠷ᠎ᠠ ᠪᠠᠢᠯᠭᠠᠵᠤ ᠪᠣᠯᠬᠤ ᠦᠭᠡᠢ᠂ ᠰᠣᠯᠢᠬᠤ ᠠᠵᠢᠯ᠎ᠨᠢ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠤᠯᠤᠰ᠎ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠎ᠶ᠋ᠢᠨ ᠠᠯᠪᠠᠨ ᠵᠠᠷ》 (2024 ᠣᠨ᠎ᠤ 22 ᠳ᠋ᠤᠭᠠᠷ ᠲᠣᠭᠠᠲᠤ) ᠤᠨ ᠬᠠᠮᠢᠶ᠎ᠠ ᠪᠥᠬᠦᠶ ᠱᠠᠭᠠᠷᠳᠠᠯᠭ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠃
ᠳᠥᠷᠪᠡᠳᠦᠭᠡᠷ ᠵᠤᠷᠪᠤᠰ ᠰᠢᠨ᠎ᠡ ᠡᠨᠧᠷᠭᠢ᠎ᠶᠢᠨ ᠬᠣᠲᠠ᠎ᠶᠢᠨ ᠨᠡᠢᠲᠡ᠎ᠶᠢᠨ ᠮᠠᠰᠢᠨ ᠲᠡᠷᠭᠡᠨᠦ᠌ ᠲᠡᠷᠭᠡ ᠪᠦᠷᠢ᠎ᠳ᠋ᠦ᠍ 11 ᠲᠦᠮᠡᠨ ᠲᠥᠭᠥᠷᠢᠭ᠎ᠦ᠋ᠨ ᠨᠡᠮᠡᠭᠦᠷᠢ ᠥᠭ᠌ᠭᠦᠨ᠎ᠡ᠃ ᠰᠢᠨᠡᠳᠭᠡᠬᠦ ᠲᠡᠷᠭᠡ ᠨᠢ ᠳᠣᠣᠷ᠎ᠠ ᠱᠠᠯᠠ ᠵᠢᠴᠢ ᠳᠣᠣᠷ᠎ᠠ ᠣᠷᠣᠬᠤ ᠡᠭᠦᠳᠡ ᠲᠠᠢ ᠰᠢᠨ᠎ᠡ ᠡᠨᠧᠷᠭᠢ᠎ᠶᠢᠨ ᠬᠣᠲᠠ᠎ᠶᠢᠨ ᠨᠡᠢᠲᠡ᠎ᠶᠢᠨ ᠮᠠᠰᠢᠨ ᠲᠡᠷᠭᠡ ᠪᠤᠯᠤᠨ᠎ᠠ᠂ ᠵᠢᠯ ᠪᠦᠷᠢ 1 ᠲᠦᠮᠡᠨ ᠲᠥᠭᠥᠷᠢᠭ᠎ᠦᠨ ᠨᠡᠮᠡᠭᠦᠷᠢ ᠦᠭᠭᠦᠨ᠎ᠡ᠃
ᠢᠵᠢ ᠪᠦᠷᠢᠨ ᠲᠡᠷᠭᠡ ᠬᠥᠰᠬᠡ᠎ᠶᠢᠨ ᠬᠥᠳᠡᠯᠭᠡᠬᠦ ᠬᠦᠴᠦᠨ᠎ᠦ ᠴᠡᠨᠡᠭ᠎ᠢ ᠰᠣᠯᠢᠬᠤ᠎ᠳᠤ᠂ ᠲᠡᠷᠭᠡ ᠪᠦᠷᠢ᠎ᠶᠢᠨ ᠨᠡᠮᠡᠭᠦᠷᠢ᠎ᠶᠢᠨ ᠲᠣᠭ᠎ᠠ᠎ᠶᠢ ᠰᠢᠨ᠎ᠡ᠎ᠪᠡᠷ ᠬᠤᠳᠠᠯᠳᠤᠨ ᠠᠪᠤᠭᠰᠠᠨ ᠬᠥᠳᠡᠯᠭᠡᠬᠦ ᠬᠦᠴᠦᠨ᠎ᠦ ᠴᠡᠨᠡᠭ᠎ᠦᠨ ᠦᠨ᠎ᠡ᠎ᠶᠢᠨ 50% ᠡᠴᠡ ᠥᠨᠳᠥᠷ ᠪᠠᠢᠯᠭᠠᠵᠤ ᠪᠣᠯᠬᠤ ᠦᠭᠡᠢ᠂ ᠬᠠᠮᠤᠭ᠎ᠤᠨ ᠥᠨᠳᠥᠷ᠎ᠲᠡᠬᠡᠨ 4.2 ᠲᠦᠮᠡᠨ ᠲᠥᠭᠥᠷᠢᠭ᠎ᠦᠨ ᠨᠡᠮᠡᠭᠦᠷᠢ ᠥᠭᠭᠦᠨ᠎ᠡ᠃
ᠭᠤᠷᠪᠠᠳᠤᠭᠠᠷ ᠪᠦᠯᠦᠭ ᠪᠡᠯᠡ ᠮᠥᠩᠭᠥ᠌ ᠮᠡᠳᠡᠭᠦᠯᠬᠦ᠂ ᠰᠠᠯᠭᠠᠨ ᠥᠭ᠌ᠬᠦ ᠪᠠ ᠢᠯᠭᠠᠷᠠᠭᠤᠯᠤᠨ ᠪᠣᠳᠣᠯᠲᠠ
ᠲᠠᠪᠤᠳᠤᠭᠠᠷ ᠵᠤᠷᠪᠤᠰ ᠨᠡᠮᠡᠭᠦᠷᠢ ᠶ᠋ᠢᠨ ᠭᠤᠶᠤᠴᠢᠯᠠᠯ᠎ᠢ 《ᠬᠤᠲᠠ ᠬᠥᠳᠡᠭᠡ᠎ᠶ᠋ᠢᠨ ᠠᠶᠠᠨᠴᠢᠳ᠎ᠤᠨ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ ᠬᠢᠭᠡᠳ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠱᠢᠰᠲ᠋ᠧᠮ》 (ky.motcats.com.cn) ᠢᠶᠠᠷ ᠳᠠᠮᠵᠢᠭᠤᠯᠤᠨ ᠲᠠᠭ᠍ᠯᠠᠨ ᠮᠡᠳᠡᠭᠦᠯᠬᠦ᠌ ᠬᠡᠷᠡᠭ᠌ᠲᠡᠶ᠃
ᠵᠢᠷᠭᠤᠳᠤᠭᠠᠷ ᠵᠤᠷᠪᠤᠰ ᠨᠡᠮᠡᠭᠦᠷᠢ᠎ᠶ᠋ᠢᠨ ᠪᠠᠯᠠ ᠮᠥᠩᠭᠦ᠌ ᠭᠤᠶᠤᠴᠢᠯᠠᠭ᠍ᠴᠢ᠎ᠨᠢ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ᠎ᠶ᠋ᠢ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠭ᠌ᠰᠡᠨᠤ ᠳᠠᠷᠠᠭ᠎ᠠ᠂ ᠣᠷᠣᠨ ᠨᠤᠲᠤᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠡᠮᠡᠭᠦᠷᠢ᠎ᠶ᠋ᠢᠨ ᠪᠠᠯᠠ ᠮᠥᠩᠭᠦ᠎ᠶ᠋ᠢᠨ ᠭᠤᠶᠤᠴᠢᠯᠠᠯ᠎ᠢ ᠲᠤᠱᠢᠶᠠᠵᠤ᠂ 2025 ᠣᠨ᠎ᠤ 12 ᠳ᠋ᠤᠭᠠᠷ ᠰᠠᠷ᠎ᠠ᠎ᠶ᠋ᠢᠨ 31 ᠤ ᠡᠳᠦᠷ ᠪᠣᠯᠲᠠᠯ᠎ᠠ᠃
1. ᠭᠤᠶᠤᠴᠢᠯᠠᠯ᠎ᠢᠶᠠᠨ ᠲᠤᠱᠢᠶᠠᠨ᠎ᠠ᠃ ᠨᠡᠮᠡᠭᠦᠷᠢ ᠥᠭ᠌ᠬᠦ ᠨᠥᠬᠦᠴᠡᠯ᠎ᠳᠤ ᠨᠡᠢᠴᠡᠬᠦ᠌ ᠭᠤᠶᠤᠴᠢᠯᠠᠭ᠍ᠴᠢ 《ᠬᠤᠲᠠ ᠬᠥᠳᠡᠭᠡ᠎ᠶ᠋ᠢᠨ ᠠᠶᠠᠨᠴᠢᠳ᠎ᠤᠨ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ ᠬᠢᠭᠡᠳ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠱᠢᠰᠲ᠋ᠧᠮ》 ᠢᠶᠠᠷ ᠳᠠᠮᠵᠢᠭᠤᠯᠤᠨ ᠪᠢᠴᠢᠭ ᠮᠠᠲ᠋ᠧᠷᠢᠶᠠᠯ᠎ᠢ ᠳᠡᠭᠡᠭ᠌ᠰᠢ ᠳᠠᠮᠵᠢᠭᠤᠯᠤᠨ᠎ᠠ᠃
2. ᠮᠠᠲ᠋ᠧᠷᠢᠶᠠᠯ᠎ᠢ ᠬᠢᠨᠠᠨ ᠬᠠᠷᠭᠤᠭᠤᠯᠤᠨ᠎ᠠ᠃ ᠨᠡᠮᠡᠭᠦᠷᠢ᠎ᠶ᠋ᠢᠨ ᠪᠡᠯᠡ ᠮᠥᠩᠭᠥ᠌ ᠭᠤᠶᠤᠴᠢᠯᠠᠬᠤ ᠭᠤᠶᠤᠴᠢᠯᠠᠭ᠍ᠴᠢ᠎ᠶ᠋ᠢᠨ ᠪᠠᠢᠭ᠎ᠠ ᠭᠠᠵᠠᠷ ᠨᠢ ᠬᠣᠱᠢᠭᠤ ᠱᠢᠶᠠᠨ ( ᠠᠢᠮᠠᠭ ᠬᠣᠲᠠ᠎ᠶ᠋ᠢᠨ ᠪᠤᠰᠤ ᠭᠣᠤᠯ ᠬᠣᠲᠠ᠎ᠶᠢᠨ ᠲᠣᠭᠣᠷᠢᠭ) ᠪᠣᠯ ᠬᠣᠱᠢᠭᠤ ᠱᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠮᠡᠳᠡᠭᠦᠯᠦᠭ᠌ᠰᠡᠨ ᠮᠠᠲ᠋ᠧᠷᠢᠶᠠᠯ᠎ᠳᠤ ᠠᠩᠬᠠᠨ᠎ᠤ ᠬᠢᠨᠠᠯᠲᠠ ᠲᠠᠯᠪᠢᠵᠤ᠂ ᠠᠢᠮᠠᠭ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠳᠠᠬᠢᠨ ᠬᠢᠨᠠᠭᠤᠯᠤᠨ᠎ᠠ ; ᠭᠤᠶᠤᠴᠢᠯᠠᠭ᠍ᠴᠢ᠎ᠶ᠋ᠢᠨ ᠪᠠᠢᠭ᠎ᠠ ᠭᠠᠵᠠᠷ ᠨᠢ ᠠᠢᠮᠠᠭ ᠬᠣᠲᠠ᠎ᠶ᠋ᠢᠨ ᠭᠣᠤᠯ ᠬᠣᠲᠠ᠎ᠶ᠋ᠢᠨ ᠲᠣᠭᠣᠷᠢᠭ ᠪᠠᠢᠪᠠᠯ᠂ ᠠᠢᠮᠠᠭ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠮᠡᠳᠡᠭᠦᠯᠦᠭ᠌ᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠤᠨ᠎ᠠ ᠃ ᠮᠠᠨᠵᠤᠤᠷ ᠬᠣᠲᠠ᠂ ᠡᠷᠢᠶᠡᠨ ᠬᠣᠲᠠ᠎ᠶ᠋ᠢ ᠲᠤᠬᠠᠶ᠎ᠶ᠋ᠢᠨ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠬᠢᠨᠠᠨ᠎ᠠ᠃
3. ᠨᠡᠮᠡᠭᠦᠷᠢ ᠲᠠᠷᠬᠠᠭ᠋ᠠᠨ᠎ᠠ᠃ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠢᠶᠠᠨ ᠢᠯᠡ ᠨᠡᠢᠲᠡᠯᠡᠭᠡᠳ ᠣᠨᠳᠣᠣ ᠰᠠᠨᠠᠯ ᠦᠭᠡᠢ ᠪᠠᠢᠪᠠᠯ᠂ ᠬᠠᠮᠢᠶ᠎ᠠ ᠪᠦᠬᠦᠢ ᠳᠡᠰ ᠳᠠᠷᠠᠭᠠᠯᠠᠯ ᠶᠣᠰᠣᠭᠠᠷ ᠨᠡᠮᠡᠭᠦᠷᠢ᠎ᠶ᠋ᠢᠨ ᠪᠡᠯᠡ ᠮᠥᠩᠭᠦ᠎ᠶ᠋ᠢ ᠰᠠᠯᠭᠠᠨ ᠥᠭ᠌ᠭᠦᠨ᠎ᠡ᠃
ᠳᠣᠯᠣᠳᠤᠭᠠᠷ ᠵᠤᠷᠪᠤᠰ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ᠎ᠶ᠋ᠢ ᠱᠢᠨᠡᠳᠭᠡᠬᠦ᠌ ᠨᠡᠮᠡᠭᠦᠷᠢ᠎ᠶ᠋ᠢ ᠭᠤᠶᠤᠴᠢᠯᠠᠬᠤ᠎ᠳᠤ ᠳᠣᠤᠷᠠᠬᠢ ᠮᠠᠲ᠋ᠧᠷᠢᠶᠠᠯ᠎ᠤᠳ᠎ᠢ ᠲᠤᠱᠢᠶᠠᠨ᠎ᠠ᠄
1. ᠬᠠᠶᠠᠭᠳᠠᠮᠠᠯ ᠲᠡᠷᠭᠡ ᠬᠥᠰᠭᠡ᠎ᠶ᠋ᠢ ᠠᠩᠬ᠎ᠠ ᠤᠳᠠᠭ᠎ᠠ ᠪᠦᠷᠢᠳᠭᠡᠨ ᠳᠠᠩᠰᠠᠯᠠᠬᠤ ᠴᠠᠭ᠎ᠤᠨ ᠭᠡᠷᠡᠴᠢ᠂ ᠬᠠᠭᠤᠴᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠵᠠᠮᠨᠠᠬᠤ ᠦᠨᠡᠮᠯᠡᠯ᠂ 《ᠬᠠᠶᠠᠭᠳᠠᠮᠠᠯ ᠮᠠᠱᠢᠨ ᠲᠡᠷᠭᠡ᠎ᠶ᠋ᠢ ᠬᠤᠷᠢᠶᠠᠨ ᠠᠪᠤᠭ᠍ᠰᠠᠨ ᠭᠡᠷᠡᠴᠢ》᠂ 《ᠮᠠᠱᠢᠨᠲᠤ ᠲᠡᠷᠭᠡ᠎ᠶ᠋ᠢ ᠬᠦᠴᠦᠨ ᠥᠬᠡᠶ ᠪᠣᠯᠭᠠᠭ᠍ᠰᠠᠨ ᠭᠡᠷᠡᠴᠢ》;
2. ᠱᠢᠨ᠎ᠡ ᠡᠨᠧᠷᠭᠢ ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠵᠠᠮᠨᠠᠬᠤ ᠦᠨᠡᠮᠯᠡᠯ᠂ ᠵᠣᠭᠤᠰ ᠲᠤᠱᠢᠶᠠᠭ᠍ᠰᠠᠨ ᠭᠡᠷᠡᠴᠢ ᠪᠠᠷᠢᠮᠲᠠ᠂ 《ᠮᠠᠱᠢᠨ ᠲᠡᠷᠭᠡ ᠪᠣᠷᠣᠯᠠᠭᠤᠯᠬᠤ ᠨᠢᠭᠡᠳᠦᠯᠲᠡᠶ ᠪᠠᠷᠢᠮᠲᠠ》᠂ 《ᠮᠠᠱᠢᠨ ᠲᠡᠷᠭᠡ ᠳᠠᠩᠰᠠᠯᠠᠭᠤᠯᠤᠭ᠍ᠰᠠᠨ ᠦᠨᠡᠮᠯᠡᠯ》 ;
3. ᠮᠠᠱᠢᠨ ᠲᠡᠷᠭᠡ᠎ᠨᠢ ᠳᠣᠣᠷ᠎ᠠ ᠱᠠᠯᠠ ᠪᠠ ᠳᠣᠣᠷ᠎ᠠ ᠣᠷᠣᠬᠤ ᠡᠭᠦᠳᠡ ᠲᠠᠢ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠭᠡᠷᠡᠴᠢ (ᠬᠡᠷᠪᠡ ᠱᠢᠨᠡᠴᠢᠯᠡᠬᠦ᠌᠎ᠳᠤ ᠬᠦᠷᠪᠡᠯ ᠬᠠᠩᠭᠠᠨ᠎ᠠ)᠃
ᠱᠢᠨ᠎ᠡ ᠡᠨᠧᠷᠭᠢ ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠬᠥᠳᠡᠯᠭᠡᠬᠦ᠌ ᠬᠦᠴᠦᠨ᠎ᠤ ᠴᠡᠨᠡᠭ᠎ᠢ ᠰᠣᠯᠢᠬᠤ ᠨᠡᠮᠡᠭᠦᠷᠢ᠎ᠶ᠋ᠢ ᠭᠤᠶᠤᠴᠢᠯᠠᠬᠤ᠎ᠳᠤ ᠳᠣᠤᠷᠠᠬᠢ ᠮᠠᠲ᠋ᠧᠷᠢᠶᠠᠯ᠎ᠤᠳ᠎ᠢ ᠲᠤᠱᠢᠶᠠᠨ᠎ᠠ ᠄
1. ᠬᠠᠭᠤᠴᠢᠨ ᠬᠣᠲᠠ᠎ᠶᠢᠨ ᠨᠡᠶ᠋ᠢᠲᠡ᠎ᠶᠢᠨ ᠮᠠᠰᠢᠨ ᠲᠡᠷᠭᠡᠨ᠎ᠦ ᠵᠠᠮᠨᠠᠬᠤ ᠦᠨᠡᠮᠯᠡᠯ᠂ ᠬᠠᠭᠤᠴᠢᠨ ᠬᠥᠳᠡᠯᠭᠡᠬᠦ ᠬᠦᠴᠦᠨ᠎ᠦ ᠴᠡᠨᠡᠭ᠎ᠦᠨ ᠪᠣᠭᠣᠳᠠᠯ᠎ᠤᠨ ᠲᠣᠭ᠎ᠠ ᠬᠡᠮᠵᠢᠶ᠎ᠡ᠂ ᠬᠠᠭᠤᠴᠢᠨ ᠬᠥᠳᠡᠯᠭᠡᠬᠦ ᠬᠦᠴᠦᠨ᠎ᠦ ᠴᠡᠨᠡᠭ᠎ᠦᠨ ᠪᠣᠭᠣᠳᠠᠯ᠎ᠤᠨ ᠳ᠋ᠤᠭᠠᠷᠯᠠᠯ ;
2. ᠰᠣᠯᠢᠭ᠍ᠰᠠᠨᠤ ᠳᠠᠷᠠᠭᠠᠬᠢ ᠬᠥᠳᠡᠯᠭᠡᠬᠦ᠌ ᠬᠦᠴᠦᠨ᠎ᠤ ᠴᠡᠨᠡᠭ᠎ᠦᠨ ᠪᠣᠭᠤᠳᠠᠯ᠎ᠤᠨ ᠲᠤᠭ᠎ᠠ ᠬᠡᠮᠵᠢᠶ᠎ᠡ᠂ ᠬᠥᠳᠡᠯᠭᠡᠬᠦ᠌ ᠬᠦᠴᠦᠨ᠎ᠤ ᠴᠡᠨᠡᠭ᠎ᠦᠨ ᠳ᠋ᠤᠭᠠᠷᠯᠠᠯ᠂ ᠦᠢᠯᠡᠳᠪᠦᠷᠢᠯᠡᠭ᠌ᠰᠡᠨ ᠡᠳᠦᠷ ᠬᠤᠭᠤᠴᠠᠭ᠎ᠠ ᠵᠡᠷᠭᠡ ᠮᠡᠳᠡᠭᠡ ᠵᠠᠩᠭᠢ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠰᠣᠯᠢᠬᠤ ᠭᠡᠷ᠎ᠡ ( ᠬᠥᠳᠡᠯᠭᠡᠬᠦ᠌ ᠬᠦᠴᠦᠨ᠎ᠤ ᠴᠡᠨᠡᠭ᠎ᠦᠨ ᠠᠮᠤᠷ ᠲᠦᠪᠱᠢᠨ᠎ᠤ ᠲᠣᠭ᠍ᠲᠠᠭᠠᠯ᠎ᠳᠤ ᠨᠡᠢᠴᠡᠬᠦ᠌ ᠴᠢᠨᠠᠷ᠎ᠤᠨ ᠱᠠᠭᠠᠷᠳᠠᠯᠭ᠎ᠠ ᠪᠠᠭ᠍ᠲᠠᠨ᠎ᠠ )᠂ ᠱᠢᠨ᠎ᠡ᠎ᠪᠠᠷ ᠬᠤᠳᠠᠯᠳᠤᠨ ᠠᠪᠤᠭ᠍ᠰᠠᠨ ᠫᠢᠶᠣᠣ ᠪᠠᠷᠢᠮᠲᠠ᠂ ᠵᠣᠭᠤᠰ ᠲᠤᠱᠢᠶᠠᠭ᠍ᠰᠠᠨ ᠭᠡᠷᠡᠴᠢ ᠪᠠᠷᠢᠮᠲᠠ ᠪᠠ ᠱᠢᠯᠭᠠᠨ ᠠᠪᠤᠭ᠍ᠰᠠᠨ ᠭᠡᠷᠡᠴᠢ ᠵᠡᠷᠭᠡ ᠭᠡᠷᠡᠴᠢ ᠮᠠᠲ᠋ᠧᠷᠢᠶᠠᠯ;
ᠳᠡᠭᠡᠷ᠎ᠡ ᠳᠤᠷᠠᠳᠤᠭ᠍ᠰᠠᠨ 《ᠬᠠᠶᠠᠭᠳᠠᠮᠠᠯ ᠮᠠᠱᠢᠨᠲᠤ ᠲᠡᠷᠭᠡ᠎ᠶ᠋ᠢ ᠡᠭᠡᠭᠦᠯᠦᠨ ᠬᠤᠷᠢᠶᠠᠭ᠍ᠰᠠᠨ ᠭᠡᠷᠡᠴᠢ》᠂ 《ᠮᠠᠱᠢᠨᠲᠤ ᠲᠡᠷᠭᠡ᠎ᠶ᠋ᠢ ᠬᠦᠴᠦᠨ ᠦᠭᠡᠢ ᠪᠣᠯᠭᠠᠭ᠍ᠰᠠᠨ ᠭᠡᠷᠡᠴᠢ》᠂ 《ᠮᠠᠱᠢᠨᠲᠤ ᠲᠡᠷᠭᠡ᠎ᠶ᠋ᠢ ᠳᠠᠩᠰᠠᠯᠠᠭᠤᠯᠤᠭ᠍ᠰᠠᠨ ᠦᠨᠡᠮᠯᠡᠯ》 ᠵᠢᠴᠢ ᠴᠠᠬᠢᠯᠭᠠᠨ ᠬᠦᠴᠦᠨ᠎ᠤ ᠴᠡᠨᠡᠭ᠎ᠢ ᠰᠣᠯᠢᠵᠤ ᠱᠢᠯᠭᠠᠨ ᠠᠪᠤᠭ᠍ᠰᠠᠨ ᠭᠡᠷᠡᠴᠢ᠎ᠶ᠋ᠢ 2025 ᠣᠨ᠎ᠤ 1 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ᠎ᠶ᠋ᠢᠨ 31 ᠤ ᠡᠳᠦᠷ ᠪᠣᠯᠲᠠᠯᠠᠬᠢ ᠬᠤᠭᠤᠴᠠᠭᠠᠨ᠎ᠳᠤ ᠠᠪᠤᠨ᠎ᠠ᠃
ᠨᠠᠶ᠋ᠮᠠᠳᠤᠭᠠᠷ ᠵᠤᠷᠪᠤᠰ ᠨᠡᠮᠡᠭᠦᠷᠢ᠎ᠶ᠋ᠢᠨ ᠪᠡᠯᠡ ᠮᠥᠩᠭᠥ᠎ᠶ᠋ᠢ ᠠᠢᠮᠠᠭ ᠬᠣᠲᠠ᠎ᠶ᠋ᠢᠨ ᠱᠠᠲᠤᠨ᠎ᠤ ᠡᠳ᠋᠎ᠦᠨ ᠵᠠᠰᠠᠭ᠎ᠲᠤ ᠰᠠᠯᠭᠠᠨ ᠥᠭ᠌ᠴᠦ᠂ ᠠᠢᠮᠠᠭ ᠬᠣᠲᠠ᠎ᠶ᠋ᠢᠨ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠠᠳᠠᠯᠢ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠳᠤᠷᠠᠳᠤᠭ᠍ᠰᠠᠨ ᠪᠡᠯᠡ ᠮᠥᠩᠭᠥ᠎ᠶ᠋ᠢᠨ ᠲᠣᠬᠢᠷᠠᠭᠤᠯᠤᠯᠲᠠ᠎ᠶ᠋ᠢᠨ ᠰᠠᠨᠠᠭᠤᠯᠭ᠎ᠠ᠎ᠶ᠋ᠢ ᠦᠨᠳᠦᠰᠦᠯᠡᠨ᠂ ᠨᠡᠮᠡᠭᠦᠷᠢ ᠶ᠋ᠢᠨ ᠪᠡᠯᠡ ᠮᠥᠩᠭᠥ᠎ᠶ᠋ᠢ ᠭᠤᠶᠤᠴᠢᠯᠠᠭ᠍ᠴᠢ᠎ᠳᠤ ᠨᠢᠭᠡᠳᠦᠯᠲᠡᠶ ᠰᠠᠯᠭᠠᠨ ᠥᠭ᠌ᠬᠦ ᠬᠡᠷᠡᠭ᠌ᠲᠡᠶ᠃ ᠮᠠᠨᠵᠤᠤᠷ ᠬᠣᠲᠠ᠂ ᠡᠷᠢᠶᠡᠨ ᠬᠣᠲᠠ᠎ᠶ᠋ᠢ ᠲᠤᠬᠠᠶ᠎ᠶ᠋ᠢᠨ ᠭᠠᠵᠠᠷ᠎ᠤᠨ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠨᠡᠮᠡᠭᠦᠷᠢ᠎ᠶ᠋ᠢᠨ ᠪᠡᠯᠡ ᠮᠥᠩᠭᠥ᠌ ᠰᠠᠯᠭᠠᠨ ᠥᠭ᠌ᠬᠦ᠎ᠶ᠋ᠢ ᠬᠠᠷᠢᠭᠤᠴᠠᠨ᠎ᠠ᠃ ᠡᠯ᠎ᠡ ᠠᠢᠮᠠᠭ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠦ ᠪᠡᠯᠡ ᠮᠥᠩᠭᠥ᠌ ᠭᠤᠶᠤᠴᠢᠯᠠᠬᠤ ᠦᠢ᠎ᠡ᠎ᠳᠦ᠂ ᠪᠡᠯᠡ ᠮᠥᠩᠭᠥ᠌ ᠲᠣᠬᠢᠷᠠᠭᠤᠯᠬᠤ ᠰᠠᠨᠠᠯ᠎ᠢᠶᠠᠨ ᠠᠳᠠᠯᠢ ᠱᠠᠲᠤᠨ᠎ᠤ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠲᠦ ᠬᠠᠮᠲᠤᠳᠤᠨᠢ ᠮᠡᠳᠡᠭᠦᠯᠦᠨ᠎ᠡ ᠃
ᠶᠢᠰᠦᠳᠦᠭᠡᠷ ᠵᠤᠷᠪᠤᠰ ᠨᠡᠮᠡᠭᠦᠷᠢ᠎ᠶ᠋ᠢᠨ ᠪᠡᠯᠡ ᠮᠥᠩᠭᠥ᠎ᠶ᠋ᠢ ᠮᠡᠳᠡᠭᠦᠯᠬᠦ᠌ ᠠᠵᠢᠯ ᠳᠠᠭᠤᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠨᠢ ᠪᠡᠯᠡ ᠮᠥᠩᠭᠥ᠎ᠶ᠋ᠢᠨ ᠬᠡᠷᠡᠭ᠌ᠯᠡᠭ᠌ᠰᠡᠨ ᠪᠠᠢᠳᠠᠯ᠎ᠢ ᠬᠢᠨᠠᠨ ᠪᠠᠢᠴᠠᠭᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠨᠢ ᠪᠡᠯᠡ ᠮᠥᠩᠭᠥ᠎ᠶ᠋ᠢ ᠬᠡᠷᠡᠭ᠌ᠯᠡᠭ᠌ᠰᠡᠨ ᠪᠠᠢᠳᠠᠯ᠎ᠳᠤ ᠢᠯᠭᠠᠷᠠᠭᠤᠯᠤᠨ ᠪᠣᠳᠣᠯᠲᠠ ᠬᠢᠨ᠎ᠡ᠃
ᠳᠥᠷᠪᠡᠳᠦᠭᠡᠷ ᠪᠦᠯᠦᠭ ᠪᠡᠯᠡ ᠮᠥᠩᠭᠥ᠎ᠶ᠋ᠢᠨ ᠬᠠᠮᠢᠶᠠᠷᠤᠯᠲᠠ
ᠠᠷᠪᠠᠳᠤᠭᠠᠷ ᠵᠤᠷᠪᠤᠰ ᠱᠢᠨ᠎ᠡ ᠡᠨᠧᠷᠭᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠵᠢᠴᠢ ᠬᠥᠳᠡᠯᠭᠡᠬᠦ᠌ ᠬᠦᠴᠦᠨ᠎ᠤ ᠴᠡᠨᠡᠭ᠎ᠢ ᠱᠢᠨᠡᠳᠭᠡᠬᠦ᠌᠎ᠳᠤ ᠬᠡᠷᠡᠭ᠌ᠯᠡᠬᠦ᠌ ᠬᠠᠮᠢᠶ᠎ᠠ ᠪᠦᠬᠦᠢ ᠪᠡᠯᠡ ᠮᠥᠩᠭᠦ᠎ᠶ᠋ᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠨ᠎ᠡ᠃
ᠠᠷᠪᠠᠨ ᠨᠢᠭᠡᠳᠦᠭᠡᠷ ᠵᠤᠷᠪᠤᠰ ᠨᠡᠮᠡᠭᠦᠷᠢ᠎ᠶ᠋ᠢᠨ ᠪᠡᠯᠡ ᠮᠥᠩᠭᠥ᠌ ᠶ᠋ᠢ ᠣᠯᠤᠭ᠍ᠰᠠᠨ ᠭᠤᠶᠤᠴᠢᠯᠠᠭ᠍ᠴᠢ ᠨᠢ ᠬᠢᠨᠠᠨ ᠪᠣᠳᠣᠬᠤ᠂ ᠡᠳ᠋᠎ᠦᠨ ᠵᠠᠰᠠᠭ᠂ ᠬᠥᠭ᠌ᠵᠢᠭᠦᠯᠦᠯᠲᠡ ᠥᠭᠡᠷᠡᠴᠢᠯᠡᠯᠲᠡ᠂ ᠬᠢᠨᠠᠨ ᠪᠠᠢᠴᠠᠭᠠᠬᠤ ᠰᠠᠯᠠᠭ᠎ᠠ ᠮᠥᠴᠢᠷ᠎ᠦᠨ ᠬᠢᠨᠠᠯᠲᠠ ᠪᠠᠢᠴᠠᠭᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠡᠳ᠋᠎ᠦᠨ ᠶᠠᠪᠤᠳᠠᠯ᠎ᠤᠨ ᠳᠦᠷᠢᠮ ᠲᠣᠭ᠍ᠲᠠᠭᠠᠯ ᠪᠣᠯᠤᠨ ᠨᠢᠭ᠍ᠲᠠᠯᠠᠨ ᠪᠣᠳᠣᠵᠤ ᠲᠣᠭᠠᠴᠠᠭ᠎ᠠ ᠬᠢᠬᠦ᠌ ᠠᠷᠭ᠎ᠠ᠎ᠶ᠋ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃
ᠠᠷᠪᠠᠨ ᠬᠣᠶᠠᠳᠤᠭᠠᠷ ᠵᠤᠷᠪᠤᠰ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠭ᠍ᠰᠠᠨ᠂ ᠡᠳ᠋᠎ᠦᠨ ᠵᠠᠰᠠᠭ᠎ᠤᠨ ᠨᠡᠮᠡᠭᠦᠷᠢ ᠪᠡᠯᠡ ᠮᠥᠩᠭᠥ᠎ᠶ᠋ᠢ ᠳᠤᠮᠳᠠ᠎ᠠᠴᠠ ᠨᠢ ᠲᠠᠰᠤᠳᠠᠨ ᠦᠯᠡᠳᠡᠭᠡᠭ᠌ᠰᠡᠨ᠂ ᠨᠡᠭᠦᠯᠭᠡᠨ ᠬᠡᠷᠡᠭ᠌ᠯᠡᠭ᠌ᠰᠡᠨ᠂ ᠱᠢᠬᠠᠨ ᠡᠵᠡᠯᠡᠭ᠌ᠰᠡᠨ ᠵᠡᠷᠭᠡ ᠦᠢᠯᠡ ᠠᠵᠢᠯᠯᠠᠭ᠎ᠠ᠎ᠶ᠋ᠢ ᠬᠠᠮᠢᠶ᠎ᠠ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠱᠢᠶ᠋ᠳᠪᠦᠷᠢᠯᠡᠬᠦ᠌᠎ᠶ᠋ᠢᠨ ᠬᠠᠮᠲᠤ ᠬᠣᠯᠪᠣᠭ᠍ᠳᠠᠯ ᠪᠦᠬᠦᠢ ᠨᠢᠭᠡᠴᠢ ᠪᠣᠯᠤᠨ ᠬᠥᠮᠦᠰ᠎ᠦᠨ ᠬᠠᠷᠢᠭᠤᠴᠠᠯᠭ᠎ᠠ᠎ᠶ᠋ᠢ ᠬᠠᠤᠯᠢ ᠶᠣᠰᠣᠭᠠᠷ ᠨᠡᠬᠡᠮᠵᠢᠯᠡᠬᠦ᠌ ᠬᠡᠷᠡᠭ᠌ᠲᠡᠶ᠃
ᠠᠷᠪᠠᠨ ᠭᠤᠷᠪᠠᠳᠤᠭᠠᠷ ᠵᠤᠷᠪᠤᠰ ᠭᠤᠶᠤᠴᠢᠯᠠᠨ ᠮᠡᠳᠡᠭᠦᠯᠬᠦ᠌ ᠭᠤᠤᠯ ᠴᠣᠭ᠍ᠴᠠ᠎ᠨᠢ ᠡᠷᠬᠡᠪᠰᠢ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠢ ᠬᠠᠷᠢᠭᠤᠴᠠᠬᠤ᠎ᠶ᠋ᠢᠨ ᠬᠠᠮᠲᠤ ᠠᠮᠠᠯᠠᠯᠲᠠ᠎ᠪᠠᠨ ᠴᠢᠩᠭ᠎ᠠ ᠰᠠᠬᠢᠬᠤ ᠬᠡᠷᠡᠭ᠌ᠲᠡᠶ᠃ ᠮᠡᠳᠡᠭᠡ ᠵᠠᠩᠭᠢ᠎ᠶᠢ ᠬᠤᠳᠠᠯ᠎ᠢᠶᠠᠷ ᠮᠡᠳᠡᠭᠦᠯᠦᠭᠰᠡᠨ ᠪᠤᠶᠤ ᠠᠮᠠᠯᠠᠯᠲᠠ᠎ᠪᠠᠨ ᠥᠯᠥ ᠭᠦᠢᠴᠡᠳᠬᠡᠭᠰᠡᠨ ᠮᠡᠳᠡᠭᠦᠯᠬᠦ ᠭᠣᠣᠯ ᠴᠣᠭᠴᠠ᠎ᠶᠢᠨ ᠨᠡᠮᠡᠭᠦᠷᠢ᠎ᠶᠢᠨ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ᠎ᠶᠢᠨ ᠬᠠᠮᠲᠤ ᠨᠡᠮᠡᠭᠦᠷᠢ᠎ᠶᠢᠨ ᠪᠡᠯᠡ ᠮᠥᠩᠭᠥ᠎ᠶᠢ ᠨᠢ ᠬᠠᠤᠯᠢ ᠶᠣᠰᠣᠭᠠᠷ ᠨᠡᠬᠡᠮᠵᠢᠯᠡᠨ ᠠᠪᠴᠢᠷᠠᠬᠤ ᠬᠡᠷᠡᠭᠲᠡᠢ᠃
ᠠᠷᠪᠠᠨ ᠳᠥᠷᠪᠡᠳᠦᠭᠡᠷ ᠵᠤᠷᠪᠤᠰ 2024 ᠣᠨ᠎ᠤ 7 ᠳ᠋ᠤᠭᠠᠷ ᠰᠠᠷ᠎ᠠ᠎ᠶ᠋ᠢᠨ 1 ᠤ ᠡᠳᠦᠷ᠎ᠠᠴᠠ 2024 ᠣᠨ᠎ᠤ 12 ᠳ᠋ᠤᠭᠠᠷ ᠰᠠᠷ᠎ᠠ᠎ᠶ᠋ᠢᠨ 31 ᠤ ᠡᠳᠦᠷ ᠪᠣᠯᠲᠠᠯᠠᠬᠢ ᠬᠤᠭᠤᠴᠠᠭᠠᠨ᠎ᠳᠤ᠂ ᠨᠡᠮᠡᠭᠦᠷᠢ᠎ᠶ᠋ᠢᠨ ᠪᠠᠯᠠ ᠮᠥᠩᠭᠦ᠎ᠶ᠋ᠢ ᠭᠤᠶᠤᠴᠢᠯᠠᠭ᠍ᠰᠠᠨ ᠪᠣᠯᠪᠠᠴᠤ᠌ ᠪᠠᠯᠠ ᠮᠥᠩᠭᠦ᠌ ᠰᠠᠯᠭᠠᠨ ᠥᠭ᠌ᠭᠦᠭ᠌ᠰᠡᠨ ᠥᠬᠡᠶ ᠪᠠᠢᠪᠠᠯ᠂ ᠬᠢᠨᠠᠨ ᠬᠠᠷᠭᠤᠭᠤᠯᠵᠤ ᠪᠠᠲᠤᠯᠠᠭ᠍ᠰᠠᠨ᠎ᠤ ᠳᠠᠷᠠᠭ᠎ᠠ ᠲᠣᠰ ᠪᠣᠳᠠᠲᠠᠶ ᠬᠡᠷᠡᠭ᠌ᠵᠢᠭᠦᠯᠬᠦ᠌ ᠨᠠᠷᠢᠨ ᠲᠦᠷᠢᠮ᠎ᠳᠤ ᠲᠣᠳᠣᠷᠬᠠᠢᠯᠠᠭ᠍ᠰᠠᠨ ᠪᠠᠷᠢᠮᠵᠢᠶ᠎ᠠ᠎ᠪᠠᠷ ᠬᠡᠷᠡᠭ᠌ᠵᠢᠭᠦᠯᠦᠨ᠎ᠡ᠃
ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ
ᠠᠷᠪᠠᠨ ᠲᠠᠪᠤᠳᠤᠭᠠᠷ ᠵᠤᠷᠪᠤᠰ ᠲᠣᠰ ᠨᠠᠷᠢᠨ ᠳᠦᠷᠢᠮ᠎ᠳᠦ ᠲᠣᠭᠲᠠᠭᠠᠭᠰᠠᠨ ᠦᠭᠡᠢ ᠵᠦᠢᠯᠡᠰ᠎ᠢ 《 ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ᠎ᠶᠢᠨ ᠬᠣᠷᠢᠶ᠎ᠠ᠎ᠶᠢᠨ ᠠᠯᠪᠠᠨ ᠲᠢᠩᠬᠢᠮ᠂ ᠡᠳ᠋᠎ᠦᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠦᠨ 〈 2025 ᠣᠨ᠎ᠤ ᠰᠢᠨ᠎ᠡ ᠡᠨᠧᠷᠭᠢ᠎ᠶᠢᠨ ᠬᠣᠲᠠ᠎ᠶᠢᠨ ᠨᠡᠶ᠋ᠢᠲᠡ᠎ᠶᠢᠨ ᠮᠠᠰᠢᠨ ᠲᠡᠷᠭᠡ ᠵᠢᠴᠢ ᠬᠥᠳᠡᠯᠭᠡᠭᠴᠢ ᠬᠦᠴᠦᠨ᠎ᠦ ᠴᠡᠨᠡᠭ᠎ᠢ ᠰᠢᠨᠡᠳᠭᠡᠬᠦ ᠨᠡᠮᠡᠭᠦᠷᠢ᠎ᠶᠢᠨ ᠬᠡᠷᠡᠭᠵᠢᠭᠦᠯᠬᠦ ᠨᠠᠷᠢᠨ ᠳᠦᠷᠢᠮ〉 ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ 》 ( ᠵᠠᠮ ᠬᠠᠷᠢᠯᠴᠠᠭ᠎ᠠ ᠠᠯᠪᠠᠨ ᠲᠡᠭᠡᠭᠡᠪᠦᠷᠢ [2025] 4 ᠳ᠋ᠦ᠍ᠭᠡᠷ
ᠲᠣᠭᠠᠲᠤ )᠎ᠤᠨ ᠶᠣᠰᠣᠭᠠᠷ ᠬᠡᠷᠡᠭᠵᠢᠭᠦᠯᠦᠨ᠎ᠡ ᠃
ᠠᠷᠪᠠᠨ ᠵᠢᠷᠭᠤᠳᠤᠭᠠᠷ ᠵᠤᠷᠪᠤᠰ ᠲᠤᠰ ᠨᠠᠷᠢᠨ ᠳᠦᠷᠢᠮ ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ᠎ᠶ᠋ᠢᠨ ᠶᠣᠰᠣᠭᠠᠷ ᠬᠠᠷᠢᠭᠤᠴᠠᠨ ᠲᠠᠢᠯᠪᠤᠷᠢᠯᠠᠨ᠎ᠠ᠃
ᠠᠷᠪᠠᠨ ᠳᠣᠯᠣᠳᠤᠭᠠᠷ ᠵᠤᠷᠪᠤᠰ ᠲᠤᠰ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠤᠭ᠍ᠰᠠᠨ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ᠂ ᠡᠨᠡ ᠬᠤᠭᠤᠴᠠᠭᠠᠨ᠎ᠳᠤ ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ ᠲᠣᠬᠢᠶᠠᠯᠳᠤᠪᠠᠯ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ᠃
ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ