ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠡᠳ᠋᠎ᠤᠨ ᠵᠠᠰᠠᠭ᠎ᠤᠨ ᠲᠢᠩᠬᠢᠮ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-09-11

ᠡᠯ᠎ᠡ ᠠᠢ᠌ᠮᠠᠭ ᠬᠣᠲᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠄

《2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠨᠠᠷᠢᠨ ᠲᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠯᠪᠠᠨ ᠲᠢᠩᠬᠢᠮ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ ᠲᠡᠭᠡᠭᠡᠪᠦᠷᠢ [2025] 12 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠠᠵᠢᠯ᠎ᠢ ᠲᠦᠷᠭᠡᠳᠬᠡᠨ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠰᠤᠳᠤᠯᠤᠨ ᠲᠣᠭᠲᠠᠭ᠋ᠠᠪᠠ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭ᠋ᠠᠷᠠᠶ᠃

 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ

                 2025 ᠣᠨ᠎ᠤ 5 ᠳ᠋ᠤᠭ᠋ᠠᠷ ᠰᠠᠷ᠎ᠠ ᠵᠢᠨ 7᠎ᠤ ᠡᠳᠦᠷ

 

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠭᠤᠴᠢᠨ ᠡᠵᠡᠩᠨᠡᠯᠲᠡ ᠵᠢᠨ

     ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠨ ᠬᠡᠷᠡᠭᠵᠢᠭᠦᠯᠬᠦ ᠨᠠᠷᠢᠨ ᠲᠦᠷᠢᠮ

 

ᠨᠢᠭᠡᠳᠦᠭᠡᠷ ᠪᠦᠯᠦᠭ  ᠶᠡᠷᠦᠩᠬᠡᠢ ᠳᠦᠷᠢᠮ

ᠨᠢᠭᠡᠳᠦᠭᠡᠷ ᠵᠦᠢᠯ  《ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠯᠥᠪᠵᠢᠭᠦᠯᠭᠡ ᠲᠠᠷᠬᠠᠭ᠋ᠠᠭᠰᠠᠨ [2025] 17 ᠳ᠋ᠤᠭ᠋ᠠᠷ ᠲᠣᠭ᠋ᠠᠲᠤ)᠂ 《2025 ᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠠᠵᠢᠯ᠎ᠤᠨ ᠬᠡᠷᠡᠭᠵᠢᠭᠦᠯᠬᠦ ᠨᠠᠷᠢᠨ ᠲᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠯᠪᠠᠨ ᠲᠢᠩᠬᠢᠮ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠯᠪᠠᠨ ᠲᠢᠩᠬᠢᠮ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ ᠲᠡᠭᠡᠭᠡᠪᠦᠷᠢ [2025] 12 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠲᠣᠰ ᠨᠠᠷᠢᠨ ᠲᠦᠷᠢᠮ᠎ᠢ ᠲᠣᠭᠲᠠᠭ᠋ᠠᠪᠠ᠃

ᠬᠣᠶᠠᠳᠤᠭ᠋ᠠᠷ ᠵᠦᠢᠯ  2025 ᠣᠨ᠎ᠤ ᠪᠥᠬᠥ ᠣᠷᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ᠎ᠳᠤ ᠨᠥᠬᠥᠪᠥᠷᠢ ᠵᠢᠨ ᠪᠠᠯᠠ ᠮᠥᠩᠭᠥ ᠵᠢ ᠲᠥᠪ ᠪᠠ ᠣᠷᠣᠨ ᠨᠤᠲᠤᠭ ᠬᠠᠮᠲᠤ᠎ᠪᠠᠷ ᠡᠭᠦᠷᠭᠡᠯᠡᠬᠦ ᠵᠠᠷᠴᠢᠮ ᠶᠣᠰᠣᠭ᠋ᠠᠷ᠂ 《ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠣᠮᠣ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠪᠠ ᠥᠭᠡᠷᠡᠴᠢᠯᠡᠯᠲᠡ ᠣᠷᠴᠢᠨ ᠲᠣᠭᠣᠷᠢᠨ ᠪᠡᠯᠡ ᠦᠰᠦᠭ [2025] 279 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ ᠪᠣᠳᠠᠲᠠᠶ ᠬᠡᠷᠡᠭᠵᠢᠭᠦᠯᠦᠨ᠎ᠡ᠃

ᠬᠣᠶᠠᠳᠤᠭ᠋ᠠᠷ ᠪᠦᠯᠦᠭ  ᠬᠡᠷᠡᠭᠵᠢᠭᠦᠯᠬᠦ ᠴᠠᠭ ᠬᠤᠭᠤᠴᠠᠭ᠎ᠠ ᠬᠢᠭᠡᠳ ᠬᠡᠪᠴᠢᠶ᠎ᠡ

ᠭᠤᠷᠪᠠᠳᠤᠭ᠋ᠠᠷ ᠵᠦᠢᠯ  ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠴᠢ ᠰᠢᠨ᠎ᠡ ᠡᠨᠧᠷᠭᠢ ᠵᠢᠨ ᠬᠣᠲᠠ ᠵᠢᠨ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭ᠋ᠠᠨ᠎ᠤ ᠲᠡᠷᠭᠡ ᠵᠢ ᠰᠢᠨ᠎ᠡ᠎ᠪᠠᠷ ᠬᠤᠳᠠᠯᠳᠤᠨ ᠠᠪᠬᠤ ᠵᠢᠨ ᠨᠥᠬᠥᠪᠥᠷᠢ ᠥᠭᠬᠦ ᠴᠠᠭ᠎ᠨᠢ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ (ᠬᠡᠷᠡᠭᠯᠡᠭᠡᠨ᠎ᠠᠴᠠ ᠭᠠᠷᠭ᠋ᠠᠭᠰᠠᠨ ᠪᠠᠷᠠᠭ᠋ᠠᠨ᠎ᠤ ᠲᠡᠷᠭᠡ ᠵᠢᠨ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》᠂ 《ᠮᠠᠰᠢᠨ ᠲᠡᠷᠭᠡ ᠵᠢ ᠬᠦᠴᠦᠨ ᠥᠬᠡᠶ ᠪᠣᠯᠭ᠋ᠠᠭᠰᠠᠨ ᠭᠡᠷᠡᠴᠢ》 ᠵᠢᠨ ᠡᠳᠦᠷ ᠬᠤᠭᠤᠴᠠᠭ᠎ᠠ᠂ ᠰᠢᠨ᠎ᠡ᠎ᠪᠠᠷ ᠬᠤᠳᠠᠯᠳᠤᠨ ᠠᠪᠤᠭᠰᠠᠨ ᠪᠠᠷᠠᠭ᠋ᠠᠨ᠎ᠤ ᠲᠡᠷᠭᠡ ᠵᠢᠨ 《ᠮᠠᠰᠢᠨ ᠲᠡᠷᠭᠡᠨ᠎ᠤ ᠵᠠᠮᠨᠠᠬᠤ ᠦᠨᠡᠮᠯᠡᠯ》᠎ᠤᠨ ᠳᠡᠩᠰᠡᠯᠡᠨ ᠲᠡᠮᠳᠡᠭᠯᠡᠭᠰᠡᠨ ᠡᠳᠦᠷ ᠬᠤᠭᠤᠴᠠᠭ᠎ᠠ ᠪᠠ 《ᠵᠠᠮ ᠲᠡᠭᠡᠭᠡᠪᠦᠷᠢ ᠵᠢᠨ ᠦᠨᠡᠮᠯᠡᠯ》᠎ᠢ ᠣᠯᠭᠣᠭᠰᠠᠨ ᠡᠳᠦᠷ ᠬᠤᠭᠤᠴᠠᠭ᠎ᠠ᠎ᠨᠢ ᠴᠥᠮ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠋ᠠᠨ᠎ᠳᠤ ᠪᠠᠢ᠌ᠬᠤ ᠬᠡᠷᠡᠭᠲᠡᠶ)᠃ ᠲᠥᠪ᠎ᠤᠨ ᠪᠤᠰᠤᠳ ᠪᠡᠯᠡ ᠮᠥᠩᠭᠥ ᠵᠢᠨ ᠠᠷᠭ᠎ᠠ ᠵᠠᠮ᠎ᠤᠨ ᠳᠡᠮᠵᠢᠯᠭᠡ ᠵᠢ ᠨᠢᠭᠡᠨᠲᠡ ᠣᠯᠤᠭᠰᠠᠨ ᠲᠡᠷᠭᠡ ᠬᠥᠰᠬᠡ ᠵᠢ ᠲᠤᠰ ᠤᠳᠠᠭ᠋ᠠᠨ᠎ᠤ ᠨᠥᠬᠥᠪᠥᠷᠢ ᠵᠢᠨ ᠪᠡᠯᠡ ᠮᠥᠩᠭᠥ ᠵᠢᠨ ᠳᠡᠮᠵᠢᠬᠦ ᠬᠡᠪᠴᠢᠶᠡᠨ᠎ᠳᠤ ᠣᠷᠣᠭᠤᠯᠬᠤ ᠦᠭᠡᠶ᠃

(ᠨᠢᠭᠡ) ᠬᠡᠷᠡᠭᠯᠡᠭᠡᠨ᠎ᠠᠴᠠ ᠭᠠᠷᠭ᠋ᠠᠭᠰᠠᠨ ᠪᠠᠷᠠᠭ᠋ᠠᠨ᠎ᠤ ᠲᠡᠷᠭᠡ᠎ᠨᠢ ᠳᠣᠤᠷᠠᠬᠢ ᠨᠥᠬᠥᠴᠡᠯ᠎ᠳᠤ ᠨᠡᠢ᠌ᠴᠡᠪᠡᠯ᠂ ᠲᠡᠷᠭᠡ ᠬᠥᠰᠬᠡ ᠵᠢᠨ ᠥᠮᠴᠢᠯᠡᠭᠴᠢ᠎ᠨᠢ ᠪᠠᠯᠠ ᠮᠥᠩᠭᠥ ᠭᠤᠶᠤᠴᠢᠯᠠᠵᠤ ᠪᠣᠯᠤᠨ᠎ᠠ᠄

1. ᠤᠯᠤᠰ᠎ᠤᠨ ᠳᠥᠷᠪᠡᠳᠦᠭᠡᠷ ᠵᠢᠴᠢ ᠲᠡᠭᠦᠨ᠎ᠠᠴᠠ ᠳᠣᠷᠣᠭᠰᠢᠬᠢ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠵᠢᠨ ᠳᠤᠮᠳᠠ ᠬᠡᠯᠪᠡᠷᠢ ᠵᠢᠨ᠂ ᠬᠦᠨᠳᠦ ᠬᠡᠯᠪᠡᠷᠢ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ;

2. ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠢᠵᠦ ᠥᠭᠭᠦᠭᠰᠡᠨ 《ᠮᠠᠰᠢᠨ ᠲᠡᠷᠭᠡ ᠵᠢ ᠬᠦᠴᠦᠨ ᠦᠭᠡᠶ ᠪᠣᠯᠭ᠋ᠠᠭᠰᠠᠨ ᠭᠡᠷᠡᠴᠢ》 ᠪᠣᠯᠤᠨ ᠬᠡᠷᠡᠭᠴᠡᠭᠡ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠵᠤ ᠵᠠᠳᠠᠯᠬᠤ ᠬᠢᠷᠢ ᠬᠡᠮ᠎ᠲᠠᠢ ᠠᠵᠤ ᠠᠬᠤᠢ᠌ᠯᠠᠯ᠎ᠤᠨ ᠬᠢᠵᠦ ᠥᠭᠭᠦᠭᠰᠡᠨ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》 ᠪᠣᠯᠣᠨ ᠲᠡᠷᠭᠡ ᠬᠥᠰᠬᠡ ᠵᠢ ᠬᠦᠴᠦᠨ ᠦᠭᠡᠶ ᠪᠣᠯᠭ᠋ᠠᠬᠤ᠎ᠠᠴᠠ ᠡᠮᠦᠨ᠎ᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠣᠯᠭᠣᠭᠰᠠᠨ ᠬᠦᠴᠦᠨ ᠪᠦᠬᠦᠢ 《ᠵᠠᠮ ᠲᠡᠭᠡᠭᠡᠪᠦᠷᠢ ᠵᠢᠨ ᠦᠨᠡᠮᠯᠡᠯ》 ᠪᠠᠢ᠌ᠬᠤ ᠬᠡᠷᠡᠭᠲᠡᠢ᠃

(ᠬᠣᠶᠠᠷ) ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠭᠰᠡᠨ ᠪᠠᠷᠠᠭ᠋ᠠᠨ᠎ᠤ ᠲᠡᠷᠭᠡ᠎ᠨᠢ ᠳᠣᠤᠷᠠᠬᠢ ᠨᠥᠬᠥᠴᠡᠯ᠎ᠳᠤ ᠨᠡᠢ᠌ᠴᠡᠪᠡᠯ᠂ ᠲᠡᠷᠭᠡ ᠬᠥᠰᠬᠡ ᠵᠢᠨ ᠥᠮᠴᠢᠯᠡᠭᠴᠢ᠎ᠨᠢ ᠪᠠᠯᠠ ᠮᠥᠩᠭᠥ ᠭᠤᠶᠤᠴᠢᠯᠠᠵᠤ ᠪᠣᠯᠤᠨ᠎ᠠ᠄

1. ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠬᠥᠰᠬᠡ᠎ᠨᠢ ᠳᠡᠭᠡᠷ᠎ᠡ ᠳᠤᠷᠠᠳᠤᠭᠰᠠᠨ (ᠨᠢᠭᠡ) ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ;

2. ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡ ᠬᠥᠰᠬᠡ᠎ᠨᠢ ᠳᠠᠩᠰᠠᠯᠠᠨ ᠲᠡᠮᠳᠡᠭᠯᠡᠭᠰᠡᠨ ᠤᠯᠤᠰ᠎ᠤᠨ ᠵᠢᠷᠭᠤᠳᠤᠭ᠋ᠠᠷ ᠱᠠᠲᠤ ᠵᠢᠨ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠪᠤᠶᠤ ᠰᠢᠨ᠎ᠡ ᠡᠨᠧᠷᠭᠢ ᠵᠢᠨ ᠲᠡᠷᠭᠡ ᠬᠥᠰᠬᠡ ᠪᠣᠯᠬᠤ ᠵᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠣᠯᠭᠣᠭᠰᠠᠨ ᠬᠦᠴᠦᠨ᠎ᠲᠠᠢ 《ᠵᠠᠮ ᠲᠡᠭᠡᠭᠡᠪᠦᠷᠢ ᠵᠢᠨ ᠦᠨᠡᠮᠯᠡᠯ》 ᠪᠠᠢ᠌ᠬᠤ ᠬᠡᠷᠡᠭᠲᠡᠶ᠃ ᠡᠭᠦᠨ᠎ᠳᠤ᠂ ᠰᠢᠨ᠎ᠡ ᠡᠨᠧᠷᠭᠢ ᠵᠢᠨ ᠲᠡᠷᠭᠡ ᠬᠥᠰᠬᠡ ᠵᠢ 《ᠲᠡᠷᠭᠡ ᠬᠥᠰᠬᠡ ᠬᠤᠳᠠᠯᠳᠤᠨ ᠠᠪᠬᠤ ᠭᠠᠢ᠌ᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠬᠤ ᠬᠡᠷᠡᠭᠲᠡᠶ;

3. ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠬᠢᠭᠡᠳ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢ ᠳᠠᠩᠰᠠᠯᠠᠨ ᠲᠡᠮᠳᠡᠭᠯᠡᠭᠰᠡᠨ ᠥᠮᠴᠢᠯᠡᠭᠴᠢ᠎ᠨᠢ ᠨᠢᠭᠡᠳᠦᠯᠲᠡᠶ ᠪᠠᠢ᠌ᠬᠤ ᠬᠡᠷᠡᠭᠲᠡᠶ᠃ (ᠭᠤᠷᠪᠠ) ᠰᠢᠨ᠎ᠡ᠎ᠪᠠᠷ ᠬᠤᠳᠠᠯᠳᠤᠨ ᠠᠪᠤᠭᠰᠠᠨ ᠪᠠᠷᠠᠭ᠋ᠠᠨ᠎ᠤ ᠲᠡᠷᠭᠡ᠎ᠨᠢ ᠳᠣᠤᠷᠠᠬᠢ ᠨᠥᠬᠥᠴᠡᠯ᠎ᠳᠤ ᠨᠡᠢ᠌ᠴᠡᠪᠡᠯ᠂ ᠲᠡᠷᠭᠡ ᠬᠥᠰᠬᠡ ᠵᠢᠨ ᠥᠮᠴᠢᠯᠡᠭᠴᠢ᠎ᠨᠢ ᠪᠠᠯᠠ ᠮᠥᠩᠭᠥ ᠭᠤᠶᠤᠴᠢᠯᠠᠵᠤ ᠪᠣᠯᠤᠨ᠎ᠠ᠄ ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡ ᠬᠥᠰᠬᠡ᠎ᠪᠠᠨ ᠳᠠᠩᠰᠠᠯᠠᠨ ᠲᠡᠮᠳᠡᠭᠯᠡᠭᠰᠡᠨ ᠰᠢᠨ᠎ᠡ ᠡᠨᠧᠷᠭᠢ ᠵᠢᠨ ᠬᠣᠲᠠ ᠵᠢᠨ ᠬᠦᠢ᠍ᠲᠡᠨ ᠬᠡᠯᠬᠢᠶᠡᠲᠦ ᠲᠤᠬᠢᠷᠠᠭᠤᠯᠤᠨ ᠬᠦᠷᠭᠡᠬᠦ ᠪᠠᠷᠠᠭ᠋ᠠᠨ᠎ᠤ ᠲᠡᠷᠭᠡ (ᠡᠷᠬᠡᠪᠰᠢ 《ᠬᠣᠲᠠ ᠵᠢᠨ ᠪᠠᠷᠠᠭ᠋ᠠᠨ᠎ᠤ ᠭᠦᠢ᠍ᠯᠭᠡᠭᠡ ᠵᠢᠨ ᠲᠤᠬᠢᠷᠠᠭᠤᠯᠤᠨ ᠬᠦᠷᠭᠡᠬᠦ ᠮᠠᠰᠢᠨ ᠲᠡᠷᠭᠡ ᠵᠢᠨ ᠬᠡᠯᠪᠡᠷᠢ ᠰᠣᠩᠭᠣᠬᠤ ᠮᠡᠷᠭᠡᠵᠢᠯ᠎ᠤᠨ ᠱᠠᠭ᠋ᠠᠷᠳᠠᠯᠭ᠎ᠠ》 (GB/T 29912) ᠵᠢᠨ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠨᠡᠢ᠌ᠴᠡᠬᠦ ᠵᠢᠨ ᠬᠠᠮᠲᠤ᠂ 《ᠲᠡᠷᠭᠡ ᠬᠥᠰᠬᠡ ᠬᠤᠳᠠᠯᠳᠤᠨ ᠠᠪᠬᠤ ᠭᠠᠢ᠌ᠯᠢ ᠵᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠯᠪᠡᠷᠢ ᠵᠢᠨ ᠭᠠᠷᠴᠠᠭ》᠎ᠲᠤ ᠣᠷᠣᠭᠤᠯᠤᠨ᠎ᠠ)᠂ ᠮᠥᠷᠲᠡᠭᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠣᠯᠭᠣᠭᠰᠠᠨ ᠬᠦᠴᠦᠨ᠎ᠲᠠᠢ 《ᠵᠠᠮ ᠲᠡᠭᠡᠭᠡᠪᠦᠷᠢ ᠵᠢᠨ ᠦᠨᠡᠮᠯᠡᠯ》 ᠪᠠᠢ᠌ᠬᠤ ᠬᠡᠷᠡᠭᠲᠡᠶ᠃

ᠭᠤᠷᠪᠠᠳᠤᠭ᠋ᠠᠷ ᠪᠦᠯᠦᠭ  ᠨᠥᠬᠥᠪᠥᠷᠢ ᠵᠢᠨ ᠪᠠᠷᠢᠮᠵᠢᠶ᠎ᠠ

ᠳᠥᠷᠪᠡᠳᠦᠭᠡᠷ ᠵᠦᠢ᠍ᠯ  《ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠬᠡᠷᠡᠭᠵᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠲᠥᠯᠥᠪᠵᠢᠭᠦᠯᠭᠡ ᠲᠠᠷᠬᠠᠭ᠋ᠠᠭᠰᠠᠨ [2025] 17 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠬᠤ᠂ ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠬᠤ ᠪᠦᠭᠡᠳ ᠤᠯᠤᠰ᠎ᠤᠨ ᠵᠢᠷᠭᠤᠳᠤᠭ᠋ᠠᠷ ᠱᠠᠲᠤ ᠵᠢᠨ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠪᠠᠷᠠᠭ᠋ᠠᠨ᠎ᠤ ᠲᠡᠷᠭᠡ ᠪᠤᠶᠤ ᠰᠢᠨ᠎ᠡ ᠡᠨᠧᠷᠭᠢ ᠵᠢᠨ ᠪᠠᠷᠠᠭ᠋ᠠᠨ᠎ᠤ ᠲᠡᠷᠭᠡ ᠵᠢ ᠰᠢᠨ᠎ᠡ᠎ᠪᠠᠷ ᠬᠤᠳᠠᠯᠳᠤᠨ ᠠᠪᠬᠤ᠂ ᠵᠥᠪᠬᠡᠨ ᠰᠢᠨ᠎ᠡ᠎ᠪᠠᠷ ᠬᠤᠳᠠᠯᠳᠤᠨ ᠠᠪᠤᠭᠰᠠᠨ ᠨᠥᠬᠥᠴᠡᠯ᠎ᠳᠤ ᠨᠡᠢ᠌ᠴᠡᠬᠦ ᠰᠢᠨ᠎ᠡ ᠡᠨᠧᠷᠭᠢ ᠵᠢᠨ ᠪᠠᠷᠠᠭ᠋ᠠᠨ᠎ᠤ ᠲᠡᠷᠭᠡ᠎ᠳᠤ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡᠨ᠎ᠤ ᠲᠥᠷᠥᠯ ᠬᠡᠯᠪᠡᠷᠢ᠂ ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠭᠰᠠᠨ ᠴᠠᠭ ᠬᠤᠭᠤᠴᠠᠭ᠎ᠠ ᠪᠠ ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡᠨ᠎ᠤ ᠬᠥᠳᠡᠯᠭᠡᠬᠦ ᠬᠦᠴᠦᠨ᠎ᠤ ᠲᠥᠷᠥᠯ ᠬᠡᠯᠪᠡᠷᠢ ᠵᠡᠷᠭᠡ ᠵᠢ ᠦᠨᠳᠦᠰᠦᠯᠡᠨ᠂ ᠨᠥᠬᠥᠪᠥᠷᠢ ᠵᠢᠨ ᠪᠠᠷᠢᠮᠵᠢᠶ᠎ᠠ ᠵᠢ ᠵᠥᠷᠢᠶᠡᠴᠢᠯᠠᠨ ᠬᠡᠷᠡᠭᠵᠢᠭᠦᠯᠦᠨ᠎ᠡ᠃

(ᠨᠢᠭᠡ) ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠭᠰᠠᠨ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢᠨ ᠪᠠᠷᠢᠮᠵᠢᠶ᠎ᠠ ᠵᠢ ᠬᠦᠰᠦᠨᠦᠭᠲᠦ 1᠎ᠳᠤ ᠦᠵᠡ;

(ᠬᠣᠶᠠᠷ) ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠭᠰᠠᠨ ᠪᠥᠭᠡᠳ ᠰᠢᠨ᠎ᠡ᠎ᠪᠠᠷ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠬᠤᠳᠠᠯᠳᠤᠨ ᠠᠪᠤᠭᠰᠠᠨ ᠨᠥᠬᠥᠪᠥᠷᠢ ᠵᠢᠨ ᠪᠠᠷᠢᠮᠵᠢᠶ᠎ᠠ ᠵᠢ ᠳᠣᠣᠷᠠᠬᠢ ᠠᠷᠭ᠎ᠠ᠎ᠪᠠᠷ ᠪᠣᠳᠣᠨ᠎ᠠ᠄

ᠬᠡᠷᠡᠭᠯᠡᠭᠡᠨ᠎ᠠᠴᠠ ᠭᠠᠷᠭ᠋ᠠᠭᠰᠠᠨ ᠪᠥᠭᠡᠳ ᠤᠯᠤᠰ᠎ᠤᠨ ᠵᠢᠷᠭᠤᠳᠤᠭ᠋ᠠᠷ ᠱᠠᠲᠤ ᠵᠢᠨ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠰᠢᠨ᠎ᠡ᠎ᠪᠠᠷ ᠬᠤᠳᠠᠯᠳᠤᠨ ᠠᠪᠤᠭᠰᠠᠨ ᠨᠥᠬᠥᠪᠥᠷᠢ = ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠭᠰᠠᠨ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ + ᠰᠢᠨ᠎ᠡ᠎ᠪᠠᠷ ᠬᠤᠳᠠᠯᠳᠤᠨ ᠠᠪᠤᠭᠰᠠᠨ ᠤᠯᠤᠰ᠎ᠤᠨ ᠵᠢᠷᠭᠤᠳᠤᠭ᠋ᠠᠷ ᠱᠠᠲᠤ ᠵᠢᠨ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ

ᠬᠡᠷᠡᠭᠯᠡᠭᠡᠨ᠎ᠠᠴᠠ ᠭᠠᠷᠭ᠋ᠠᠭᠰᠠᠨ ᠪᠥᠭᠡᠳ ᠰᠢᠨ᠎ᠡ᠎ᠪᠠᠷ ᠰᠢᠨ᠎ᠡ ᠡᠨᠧᠷᠭᠢ ᠵᠢᠨ ᠪᠠᠷᠠᠭ᠋ᠠᠨ᠎ᠤ ᠲᠡᠷᠭᠡ ᠵᠢ ᠬᠤᠳᠠᠯᠳᠤᠨ ᠠᠪᠬᠤ ᠨᠥᠬᠥᠪᠥᠷᠢ = ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠬᠤ ᠨᠥᠬᠥᠪᠥᠷᠢ + ᠰᠢᠨ᠎ᠡ ᠡᠨᠧᠷᠭᠢ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ᠃

ᠡᠭᠦᠨ᠎ᠳᠤ᠂ ᠰᠢᠨ᠎ᠡ᠎ᠪᠠᠷ ᠬᠤᠳᠠᠯᠳᠤᠨ ᠠᠪᠤᠭᠰᠠᠨ ᠤᠯᠤᠰ᠎ᠤᠨ ᠵᠢᠷᠭᠤᠳᠤᠭ᠋ᠠᠷ ᠱᠠᠲᠤ ᠵᠢᠨ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠪᠤᠶᠤ ᠰᠢᠨ᠎ᠡ ᠡᠨᠧᠷᠭᠢ ᠵᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢᠨ ᠪᠠᠷᠢᠮᠵᠢᠶ᠎ᠠ ᠵᠢ ᠬᠦᠰᠦᠨᠦᠭᠲᠦ 2᠎ᠲᠤ ᠦᠵᠡ᠃ ᠬᠡᠷᠡᠭᠯᠡᠭᠡᠨ᠎ᠠᠴᠠ ᠭᠠᠷᠭ᠋ᠠᠭᠰᠠᠨ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠭᠰᠠᠨ ᠴᠠᠭ᠎ᠨᠢ 1 ᠵᠢᠯ ᠬᠦᠷᠬᠦ ᠦᠭᠡᠶ ᠪᠣᠯ ᠬᠡᠷᠡᠭᠯᠡᠭᠡᠨ᠎ᠠᠴᠠ ᠭᠠᠷᠭ᠋ᠠᠭᠰᠠᠨ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢ ᠭᠤᠶᠤᠴᠢᠯᠠᠵᠤ ᠪᠣᠯᠬᠤ ᠦᠭᠡᠶ᠂ ᠭᠡᠪᠡᠴᠦ ᠰᠢᠨ᠎ᠡ᠎ᠪᠠᠷ ᠬᠤᠳᠠᠯᠳᠤᠨ ᠠᠪᠤᠭᠰᠠᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢ ᠭᠤᠶᠤᠴᠢᠯᠠᠵᠤ ᠪᠣᠯᠤᠨ᠎ᠠ᠃

(ᠭᠤᠷᠪᠠ) ᠵᠥᠪᠬᠡᠨ ᠰᠢᠨ᠎ᠡ᠎ᠪᠠᠷ ᠬᠤᠳᠠᠯᠳᠤᠨ ᠠᠪᠤᠭᠰᠠᠨ ᠰᠢᠨ᠎ᠡ ᠡᠨᠧᠷᠭᠢ ᠵᠢᠨ ᠬᠣᠲᠠ ᠵᠢᠨ ᠬᠦᠢᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢᠨ ᠪᠠᠷᠢᠮᠵᠢᠶ᠎ᠠ᠎ᠨᠢ ᠲᠡᠷᠭᠡ ᠪᠦᠷᠢ 3.5 ᠲᠦᠮᠡᠨ ᠲᠥᠭᠥᠷᠢᠭ ᠪᠣᠯᠤᠨ᠎ᠠ᠃

ᠬᠦᠰᠦᠨᠦᠭᠲᠦ 1 ᠬᠡᠷᠡᠭᠯᠡᠭᠡᠨ᠎ᠠᠴᠠ ᠤᠷᠢᠳᠴᠢᠯᠠᠨ ᠭᠠᠷᠭ᠋ᠠᠬᠤ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠵᠢᠨ ᠪᠠᠷᠢᠮᠵᠢᠶ᠎ᠠ

ᠬᠦᠰᠦᠨᠦᠭᠲᠦ 2 ᠰᠢᠨ᠎ᠡ᠎ᠪᠠᠷ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠬᠤᠳᠠᠯᠳᠤᠨ ᠠᠪᠬᠤ ᠨᠥᠬᠥᠪᠥᠷᠢ ᠵᠢᠨ ᠪᠠᠷᠢᠮᠵᠢᠶ᠎ᠠ

ᠳᠥᠷᠪᠡᠳᠦᠭᠡᠷ ᠪᠦᠯᠦᠭ  ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠡᠯᠡ ᠮᠥᠩᠭᠥ ᠵᠢ ᠭᠤᠶᠤᠴᠢᠯᠠᠬᠤ᠂ ᠬᠢᠨᠠᠬᠤ ᠪᠠ ᠣᠯᠭᠣᠬᠤ ᠳᠡᠰ ᠳᠠᠷᠠᠭ᠋ᠠᠯᠠᠯ

ᠲᠠᠪᠤᠳᠤᠭ᠋ᠠᠷ ᠵᠦᠢ᠍ᠯ  ᠡᠯ᠎ᠡ ᠠᠢ᠌ᠮᠠᠭ ᠬᠤᠳᠠ (ᠮᠠᠨᠵᠤᠤᠷ ᠬᠤᠳᠠ᠂ ᠡᠷᠢᠶᠡᠨ ᠬᠤᠳᠠ ᠪᠠᠭᠲᠠᠨ᠎ᠠ) ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠲᠡᠷᠭᠡ ᠬᠥᠰᠬᠡ ᠵᠢᠨ 《ᠵᠠᠮ ᠲᠡᠭᠡᠭᠡᠪᠦᠷᠢ ᠵᠢᠨ ᠦᠨᠡᠮᠯᠡᠯ》᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠰᠠᠯᠠᠭ᠎ᠠ ᠮᠥᠴᠢᠷ ᠲᠦᠷᠦᠭᠦᠯᠡᠨ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢᠨ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠬᠤ ᠭᠡᠷᠡᠴᠢ》 ᠵᠢᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠦᠷᠦᠭᠦᠯᠡᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠲᠡᠷᠭᠡ ᠬᠥᠰᠬᠡ ᠵᠢ 《ᠮᠠᠰᠢᠨ ᠲᠡᠷᠭᠡ ᠵᠢ ᠬᠦᠴᠦᠨ ᠦᠭᠡᠢ ᠪᠣᠯᠭ᠋ᠠᠬᠤ ᠭᠡᠷᠡᠴᠢ》᠂ 《ᠮᠠᠰᠢᠨ ᠲᠡᠷᠭᠡᠨ᠎ᠤ ᠵᠠᠮᠨᠠᠬᠤ ᠦᠨᠡᠮᠯᠡᠯ》᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠬᠡᠷᠡᠭᠲᠡᠢ᠃

ᠵᠢᠷᠭᠤᠳᠤᠭ᠋ᠠᠷ ᠵᠦᠢ᠍ᠯ  ᠪᠡᠯᠡ ᠮᠥᠩᠭᠥ ᠭᠤᠶᠤᠴᠢᠯᠠᠬᠤ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠥᠷᠢ ᠪᠡᠯᠡ ᠮᠥᠩᠭᠥ ᠵᠢ ᠭᠤᠶᠤᠴᠢᠯᠠᠬᠤ ᠪᠠᠷᠠᠭ᠋ᠠᠨ᠎ᠤ ᠲᠡᠷᠭᠡ ᠵᠢᠨ ᠥᠮᠴᠢᠯᠡᠭᠴᠢ᠎ᠨᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠢ᠌ᠭ᠎ᠠ ᠬᠤᠭᠤᠴᠠᠭ᠋ᠠᠨ᠎ᠳᠤ ᠲᠡᠭᠦᠨ᠎ᠤ ᠪᠠᠢ᠌ᠭ᠎ᠠ ᠠᠢ᠌ᠮᠠᠭ ᠬᠣᠲᠠ (ᠮᠠᠨᠵᠤᠤᠷ ᠬᠣᠲᠠ᠂ ᠡᠷᠢᠶᠡᠨ ᠬᠣᠲᠠ) ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ 《ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠨᠥᠬᠥᠪᠥᠷᠢ ᠮᠥᠩᠭᠥ ᠭᠤᠶᠤᠴᠢᠯᠠᠬᠤ ᠬᠦᠰᠦᠨᠦᠭᠲᠦ》 (ᠳᠠᠭ᠋ᠠᠯᠳᠤᠭᠤᠯᠤᠯ᠎ᠳᠤ ᠨᠠᠷᠢᠨ ᠦᠵᠡ) ᠵᠢ ᠲᠠᠭᠯᠠᠨ ᠮᠡᠳᠡᠭᠦᠯᠬᠦ ᠵᠢᠨ ᠬᠠᠮᠲᠤ᠂ ᠱᠠᠭ᠋ᠠᠷᠳᠠᠯᠭ᠎ᠠ ᠶᠣᠰᠣᠭ᠋ᠠᠷ ᠭᠡᠷᠡᠴᠢᠯᠡᠬᠦ ᠮᠠᠲ᠋ᠧᠷᠢᠶᠠᠯ᠎ᠤᠨ ᠬᠠᠭᠤᠯᠪᠤᠷᠢ ᠪᠤᠶᠤ ᠰᠢᠷᠪᠢᠭᠰᠡᠨ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ; ᠡᠰᠡᠬᠦᠯ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠥᠷᠢ ᠭᠤᠶᠤᠴᠢᠯᠠᠨ ᠠᠪᠬᠤ ᠲᠠᠪᠴᠠᠩ》 ᠵᠶ᠋ᠠᠷ ᠳᠠᠮᠵᠢᠭᠤᠯᠤᠨ ᠰᠦᠯᠵᠢᠶᠡᠨ ᠳᠡᠭᠡᠷ᠎ᠡ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠬᠦ ᠪᠠ ᠨᠥᠬᠥᠪᠥᠷᠢ ᠭᠤᠶᠤᠴᠢᠯᠠᠨ ᠠᠪᠤᠨ᠎ᠠ᠃

(ᠨᠢᠭᠡ) ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠬᠤ ᠨᠥᠬᠥᠪᠥᠷᠢ ᠮᠥᠩᠭᠥ ᠵᠢ ᠭᠤᠶᠤᠴᠢᠯᠠᠭᠰᠠᠨ᠎ᠨᠢ᠂ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》᠂ 《ᠮᠠᠰᠢᠨ ᠲᠡᠷᠭᠡ ᠵᠢ ᠬᠦᠴᠦᠨ ᠥᠬᠡᠶ ᠪᠣᠯᠭ᠋ᠠᠭᠰᠠᠨ ᠭᠡᠷᠡᠴᠢ》᠂ 《ᠵᠠᠮ ᠲᠡᠭᠡᠭᠡᠪᠦᠷᠢ ᠵᠢᠨ ᠦᠨᠡᠮᠯᠡᠯ》 (ᠪᠤᠶᠤ 《ᠵᠠᠮ ᠲᠡᠭᠡᠭᠡᠪᠦᠷᠢ ᠵᠢᠨ ᠦᠨᠡᠮᠯᠡᠯ》᠎ᠢ ᠬᠦᠴᠦᠨ ᠥᠬᠡᠶ ᠪᠣᠯᠭ᠋ᠠᠭᠰᠠᠨ ᠭᠡᠷᠡᠴᠢ) ᠵᠢᠴᠢ ᠲᠡᠷᠭᠡ ᠬᠥᠰᠬᠡ ᠵᠢ ᠳᠠᠩᠰᠠᠯᠠᠨ ᠲᠡᠮᠳᠡᠭᠯᠡᠭᠰᠡᠨ ᠥᠮᠴᠢᠯᠡᠭᠴᠢ ᠵᠢᠨ ᠪᠡᠶ᠎ᠡ ᠵᠢᠨ ᠦᠨᠡᠮᠯᠡᠯ ᠪᠤᠶᠤ ᠡᠵᠡᠩᠨᠡᠯᠲᠡ ᠵᠢᠨ ᠦᠨᠡᠮᠯᠡᠯ ᠵᠶ᠋ᠡᠨ ᠲᠤᠰᠢᠶᠠᠨ᠎ᠠ᠃

(ᠬᠣᠶᠠᠷ) ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠨᠥᠬᠥᠪᠥᠷᠢ ᠮᠥᠩᠭᠥ ᠵᠢ ᠭᠤᠶᠤᠴᠢᠯᠠᠭᠰᠠᠨ᠎ᠨᠢ᠂ ᠬᠡᠷᠡᠭᠯᠡᠭᠡᠨ᠎ᠠᠴᠠ ᠭᠠᠷᠭ᠋ᠠᠭᠰᠠᠨ ᠲᠡᠷᠭᠡ ᠬᠥᠰᠬᠡ ᠵᠢᠨ 《ᠬᠡᠷᠡᠭᠯᠡᠭᠡᠨ᠎ᠠᠴᠠ ᠭᠠᠷᠭ᠋ᠠᠭᠰᠠᠨ ᠮᠠᠰᠢᠨ ᠲᠡᠷᠭᠡ ᠵᠢ ᠡᠭᠡᠭᠦᠯᠦᠨ ᠬᠤᠷᠢᠶᠠᠭᠰᠠᠨ ᠭᠡᠷᠡᠴᠢ》᠂ 《ᠮᠠᠰᠢᠨ ᠲᠡᠷᠭᠡ ᠵᠢ ᠬᠦᠴᠦᠨ ᠦᠭᠡᠶ ᠪᠣᠯᠭ᠋ᠠᠭᠰᠠᠨ ᠭᠡᠷᠡᠴᠢ》᠂ 《ᠵᠠᠮ ᠲᠡᠭᠡᠭᠡᠪᠦᠷᠢ ᠵᠢᠨ ᠦᠨᠡᠮᠯᠡᠯ》 (ᠪᠤᠶᠤ 《ᠵᠠᠮ ᠲᠡᠭᠡᠭᠡᠪᠦᠷᠢ ᠵᠢᠨ ᠦᠨᠡᠮᠯᠡᠯ》᠎ᠢ ᠬᠦᠴᠦᠨ ᠦᠭᠡᠶ ᠪᠣᠯᠭ᠋ᠠᠭᠰᠠᠨ ᠭᠡᠷᠡᠴᠢ) ᠂ ᠰᠢᠨ᠎ᠡ᠎ᠪᠠᠷ ᠬᠤᠳᠠᠯᠳᠤᠨ ᠠᠪᠤᠭᠰᠠᠨ ᠲᠡᠷᠭᠡ ᠬᠥᠰᠬᠡ ᠵᠢᠨ 《ᠮᠠᠰᠢᠨ ᠲᠡᠷᠭᠡᠨ᠎ᠤ ᠵᠠᠮᠨᠠᠬᠤ ᠦᠨᠡᠮᠯᠡᠯ》᠂ 《ᠵᠠᠮ ᠲᠡᠭᠡᠭᠡᠪᠦᠷᠢ ᠵᠢᠨ ᠦᠨᠡᠮᠯᠡᠯ》 ᠵᠢᠴᠢ ᠲᠡᠷᠭᠡ ᠬᠥᠰᠬᠡ ᠳᠠᠩᠰᠠᠯᠠᠨ ᠲᠡᠮᠳᠡᠭᠯᠡᠭᠰᠡᠨ ᠥᠮᠴᠢᠯᠡᠭᠴᠢ ᠵᠢᠨ ᠪᠡᠶ᠎ᠡ ᠵᠢᠨ ᠦᠨᠡᠮᠯᠡᠯ ᠪᠤᠶᠤ ᠡᠵᠡᠩᠨᠡᠯᠲᠡ ᠵᠢᠨ ᠦᠨᠡᠮᠯᠡᠯ ᠵᠶ᠋ᠡᠨ ᠲᠤᠰᠢᠶᠠᠨ᠎ᠠ᠃

(ᠭᠤᠷᠪᠠ) ᠰᠢᠨ᠎ᠡ ᠡᠨᠧᠷᠭᠢ ᠵᠢᠨ ᠬᠣᠲᠠ ᠵᠢᠨ ᠬᠦᠢ᠍ᠲᠡᠨ ᠬᠡᠯᠬᠢᠶᠡᠲᠦ ᠲᠤᠬᠢᠷᠠᠭᠤᠯᠤᠨ ᠬᠦᠷᠭᠡᠬᠦ ᠪᠠᠷᠠᠭ᠋ᠠᠨ᠎ᠤ ᠲᠡᠷᠭᠡ ᠵᠢ ᠰᠢᠨ᠎ᠡ᠎ᠪᠠᠷ ᠬᠤᠳᠠᠯᠳᠤᠨ ᠠᠪᠤᠭᠰᠠᠨ ᠨᠥᠬᠥᠪᠥᠷᠢ ᠪᠡᠯᠡ ᠮᠥᠩᠭᠥ ᠵᠢ ᠭᠤᠶᠤᠴᠢᠯᠠᠭᠰᠠᠨ᠎ᠨᠢ᠂ 《ᠮᠠᠰᠢᠨ ᠲᠡᠷᠭᠡᠨ᠎ᠤ ᠵᠠᠮᠨᠠᠬᠤ ᠦᠨᠡᠮᠯᠡᠯ》᠂ 《ᠵᠠᠮ ᠲᠡᠭᠡᠭᠡᠪᠦᠷᠢ ᠵᠢᠨ ᠦᠨᠡᠮᠯᠡᠯ》 ᠵᠢᠴᠢ ᠲᠡᠷᠭᠡ ᠬᠥᠰᠬᠡ ᠳᠠᠩᠰᠠᠯᠠᠨ ᠲᠡᠮᠳᠡᠭᠯᠡᠭᠰᠡᠨ ᠥᠮᠴᠢᠯᠡᠭᠴᠢ ᠵᠢᠨ ᠪᠡᠶ᠎ᠡ ᠵᠢᠨ ᠦᠨᠡᠮᠯᠡᠯ ᠪᠤᠶᠤ ᠡᠵᠡᠩᠨᠡᠯᠲᠡ ᠵᠢᠨ ᠦᠨᠡᠮᠯᠡᠯ ᠵᠶ᠋ᠠᠨ ᠲᠤᠰᠢᠶᠠᠨ᠎ᠠ᠃

ᠳᠣᠯᠣᠳᠤᠭ᠋ᠠᠷ ᠵᠦᠢ᠍ᠯ  ᠮᠠᠲ᠋ᠧᠷᠢᠶᠠᠯ᠎ᠢ ᠬᠢᠨᠠᠨ ᠬᠠᠷᠭᠤᠭᠤᠯᠬᠤ᠃ ᠡᠯ᠎ᠡ ᠠᠢ᠌ᠮᠠᠭ ᠬᠣᠲᠠ (ᠮᠠᠨᠵᠤᠤᠷ᠂ ᠡᠷᠢᠶᠡᠨ ᠬᠣᠲᠠ ᠪᠠᠭᠲᠠᠨ᠎ᠠ) ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳᠣᠲᠣᠭ᠋ᠠᠳᠤ ᠵᠢ ᠬᠠᠮᠠᠭ᠋ᠠᠯᠠᠬᠤ᠂ ᠬᠤᠳᠠᠯᠳᠤᠭ᠋ᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠭᠤᠶᠤᠴᠢᠯᠠᠯ᠎ᠢ ᠭᠥᠯᠢᠶᠡᠨ ᠠᠪᠤᠭᠰᠠᠨ᠎ᠤ ᠳᠠᠷᠠᠭ᠎ᠠ 10 ᠠᠵᠢᠯᠯᠠᠬᠤ ᠡᠳᠦᠷ᠎ᠤᠨ ᠳᠣᠲᠣᠷ᠎ᠠ ᠬᠢᠨᠠᠬᠤ ᠵᠢ ᠪᠡᠶᠡᠯᠡᠭᠦᠯᠬᠦ ᠬᠡᠷᠡᠭᠲᠡᠶ᠃ ᠭᠤᠶᠤᠴᠢᠯᠠᠭᠴᠢ ᠵᠢᠨ ᠳᠡᠪᠰᠢᠭᠦᠯᠦᠨ ᠲᠤᠰᠢᠶᠠᠭᠰᠠᠨ ᠮᠠᠲ᠋ᠧᠷᠢᠶᠠᠯ᠎ᠨᠢ ᠦᠨᠡᠨ ᠪᠣᠳᠠᠲᠠᠶ ᠪᠥᠭᠡᠳ ᠪᠦᠷᠢᠨ ᠭᠦᠢᠴᠡᠳ ᠪᠠᠢ᠌ᠵᠤ᠂ ᠲᠣᠰ ᠮᠡᠳᠡᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠪᠠᠯ᠂ ᠬᠢᠨᠠᠨ ᠬᠠᠷᠭᠤᠭᠤᠯᠵᠤ ᠪᠠᠲᠤᠯᠠᠬᠤ ᠬᠡᠷᠡᠭᠲᠡᠶ᠃ ᠭᠤᠶᠤᠴᠢᠯᠠᠭᠴᠢ ᠵᠢᠨ ᠳᠡᠪᠰᠢᠭᠦᠯᠦᠨ ᠲᠤᠰᠢᠶᠠᠭᠰᠠᠨ ᠮᠠᠲ᠋ᠧᠷᠢᠶᠠᠯ᠎ᠨᠢ ᠪᠦᠷᠢᠨ ᠪᠤᠰᠤ ᠪᠤᠶᠤ ᠲᠣᠳᠣᠷᠬᠠᠶ ᠪᠤᠰᠤ ᠢᠯᠭ᠋ᠠᠨ ᠲᠠᠨᠢᠬᠤ ᠵᠢᠨ ᠠᠷᠭ᠎ᠠ ᠥᠬᠡᠶ ᠪᠠᠢ᠌ᠪᠠᠯ᠂ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ᠎ᠨᠢ ᠨᠥᠬᠥᠪᠥᠷᠢᠯᠡᠵᠦ ᠵᠠᠯᠠᠷᠠᠭᠤᠯᠬᠤ ᠮᠡᠳᠡᠭᠡ ᠵᠠᠩᠭᠢ ᠵᠢᠨ ᠱᠠᠭ᠋ᠠᠷᠳᠠᠯᠭ᠎ᠠ ᠵᠢ ᠭᠤᠶᠤᠴᠢᠯᠠᠭᠴᠢ᠎ᠳᠤ ᠮᠡᠳᠡᠭᠳᠡᠵᠦ᠂ ᠭᠤᠶᠤᠴᠢᠯᠠᠭᠴᠢ᠎ᠨᠢ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠥᠬᠥᠶ ᠮᠡᠳᠡᠭᠡ ᠵᠠᠩᠭᠢ ᠵᠢ ᠨᠥᠬᠥᠪᠥᠷᠢᠯᠡᠬᠦ ᠬᠡᠷᠡᠭᠲᠡᠶ᠃

ᠨᠠᠢ᠍ᠮᠠᠳᠤᠭ᠋ᠠᠷ ᠵᠦᠢ᠍ᠯ  ᠪᠠᠯᠠ ᠮᠥᠩᠭᠥ ᠪᠠᠭᠤᠯᠭ᠋ᠠᠨ ᠥᠭᠬᠦ᠃ ᠡᠯ᠎ᠡ ᠠᠢ᠌ᠮᠠᠭ ᠬᠣᠲᠠ (ᠮᠠᠨᠵᠤᠤᠷ᠂ ᠡᠷᠢᠶᠡᠨ ᠬᠣᠲᠠ ᠪᠠᠭᠲᠠᠨ᠎ᠠ) ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠠᠭ᠋ᠠᠳᠤ ᠵᠠᠬ᠎ᠠ᠎ᠳᠤ᠎ᠪᠠᠨ ᠰᠠᠷ᠎ᠠ ᠪᠦᠷᠢ ᠨᠥᠬᠥᠴᠡᠯ᠎ᠳᠤ ᠨᠡᠢ᠌ᠴᠡᠬᠦ ᠭᠤᠶᠤᠴᠢᠯᠠᠯ᠎ᠤᠨ ᠮᠡᠳᠡᠭᠡ ᠵᠠᠩᠭᠢ ᠵᠢ ᠬᠤᠷᠢᠶᠠᠩᠭᠤᠢ᠌ᠯᠠᠵᠤ᠂ ᠪᠠᠯᠠ ᠮᠥᠩᠭᠥ ᠵᠢᠨ ᠵᠣᠭᠣᠰ᠎ᠤᠨ ᠲᠣᠭ᠎ᠠ᠎ᠪᠠᠨ ᠳᠤᠷᠠᠳᠬᠤ ᠵᠢᠨ ᠬᠠᠮᠲᠤ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠠᠯᠠ ᠮᠥᠩᠭᠥ ᠰᠢᠯᠵᠢᠭᠦᠯᠦᠨ ᠥᠭᠬᠦ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ; ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠤᠷᠠᠳᠤᠭᠰᠠᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠣᠯᠤᠨ ᠪᠡᠯᠡ ᠮᠥᠩᠭᠥ ᠲᠣᠬᠢᠷᠠᠭᠤᠯᠬᠤ ᠰᠠᠨᠠᠭᠤᠯᠭ᠎ᠠ ᠵᠢ ᠦᠨᠳᠦᠰᠦᠯᠡᠨ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠪᠡᠯᠡ ᠮᠥᠩᠭᠥ ᠪᠠᠭᠤᠯᠭ᠋ᠠᠨ ᠥᠭᠬᠦ ᠬᠡᠷᠡᠭᠲᠡᠶ; ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠨᠥᠬᠥᠪᠥᠷᠢ ᠵᠢᠨ ᠪᠠᠯᠠ ᠮᠥᠩᠭᠥ ᠵᠢᠨ ᠲᠣᠬᠢᠷᠠᠭᠤᠯᠤᠯᠲᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠨᠢᠭᠲᠠ ᠮᠥᠷᠳᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠰᠤᠭᠤᠴᠢᠨ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠳᠠᠭ᠎ᠠ ᠪᠦᠷᠢ ᠵᠢᠨ ᠰᠤᠭᠤᠴᠢᠨ ᠪᠠᠢ᠌ᠴᠠᠭ᠋ᠠᠬᠤ ᠬᠠᠷᠢᠴᠠᠯ᠎ᠢ 5%᠎ᠠᠴᠠ ᠳᠣᠤᠷ᠎ᠠ ᠪᠠᠢ᠌ᠯᠭ᠋ᠠᠵᠤ ᠪᠣᠯᠬᠤ ᠥᠬᠡᠶ᠃

ᠲᠠᠪᠤᠳᠤᠭ᠋ᠠᠷ ᠪᠦᠯᠦᠭ  ᠠᠵᠢᠯ᠎ᠤᠨ ᠱᠠᠭ᠋ᠠᠷᠳᠠᠯᠭ᠎ᠠ

ᠶᠢᠰᠦᠳᠦᠭᠡᠷ ᠵᠦᠢ᠍ᠯ ᠡᠯ᠎ᠡ ᠠᠢ᠌ᠮᠠᠭ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠳᠣᠲᠣᠭ᠋ᠠᠳᠤ ᠵᠢ ᠬᠠᠮᠠᠭ᠋ᠠᠯᠠᠬᠤ᠂ ᠡᠳ᠋᠎ᠤᠨ ᠵᠠᠰᠠᠭ᠂ ᠬᠤᠳᠠᠯᠳᠤᠭ᠋ᠠᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠤᠳ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠷᠠᠭᠤᠯᠤᠨ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠨᠠᠷᠢᠯᠢᠬ᠍ᠵᠢᠭᠤᠯᠵᠤ᠂ ᠨᠥᠬᠥᠪᠥᠷᠢ ᠪᠠᠯᠠ ᠮᠥᠩᠭᠥ ᠵᠢ ᠨᠠᠢ᠌ᠳᠠᠪᠤᠷᠢᠵᠢᠭᠤᠯᠤᠨ᠂ ᠡᠮᠬᠢ ᠵᠢᠷᠤᠮ᠎ᠲᠠᠢ᠎ᠪᠠᠷ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠥᠷᠭᠡᠨ ᠣᠯᠠᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢᠨ ᠵᠢᠯᠣᠭᠣᠴᠢ ᠵᠢᠨ ᠠᠩᠬᠠᠷᠴᠤ ᠪᠠᠢ᠌ᠭ᠎ᠠ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠠᠯᠠ ᠮᠥᠩᠭᠥ ᠵᠢᠨ ᠲᠥᠷᠥ ᠵᠢᠨ ᠪᠣᠳᠣᠯᠭ᠎ᠠ᠂ ᠭᠦᠢᠴᠡᠳᠬᠡᠬᠦ ᠴᠤᠪᠤᠷᠠᠯ ᠵᠡᠷᠭᠡ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠣᠷᠴᠢᠨ ᠲᠣᠭᠣᠷᠢᠨ᠎ᠢ ᠪᠤᠢ ᠪᠣᠯᠭ᠋ᠠᠵᠤ᠂ ᠥᠷᠭᠡᠨ ᠣᠯᠠᠨ ᠵᠠᠮ᠎ᠤᠨ ᠪᠠᠷᠠᠭ᠎ᠠ ᠵᠢᠨ ᠲᠡᠭᠡᠭᠡᠪᠦᠷᠢ ᠵᠢᠨ ᠡᠵᠡᠩᠨᠡᠯᠲᠡ ᠵᠢᠨ ᠡᠷᠦᠬᠡ ᠵᠢᠨ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ ᠵᠣᠷᠢᠭᠵᠢᠭᠤᠯᠤᠨ ᠬᠥᠲᠥᠯᠥᠨ ᠵᠢᠯᠣᠭᠣᠳᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠦᠷᠦᠭᠦᠯᠡᠨ ᠬᠢᠬᠦ ᠦᠢᠯᠡᠳᠦᠯ ᠵᠶ᠋ᠡᠨ ᠪᠠᠳᠠᠷᠠᠭᠤᠯᠵᠤ᠂ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠠᠵᠢᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠨ᠂ ᠲᠣᠪᠣᠢ᠌ᠮ᠎ᠠ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠵᠦ ᠮᠡᠳᠡᠭᠦᠯᠬᠦ ᠵᠢᠨ ᠬᠠᠮᠲᠤ᠂ ᠰᠠᠷ᠎ᠠ ᠪᠦᠷᠢ ᠵᠢᠨ 5᠎ᠤ ᠡᠳᠦᠷ᠎ᠠᠴᠠ ᠡᠮᠦᠨ᠎ᠡ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠳᠤ ᠠᠵᠢᠯ᠎ᠤᠨ ᠠᠬᠢᠴᠠ ᠵᠢᠨ ᠪᠠᠢ᠌ᠳᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ᠃

ᠵᠢᠷᠭᠤᠳᠤᠭ᠋ᠠᠷ ᠪᠦᠯᠦᠭ  ᠳᠠᠭ᠋ᠠᠯᠳᠤᠭᠤᠯᠤᠭᠰᠠᠨ ᠲᠤᠢ᠍ᠷᠢᠮ

ᠠᠷᠪᠠᠳᠤᠭ᠋ᠠᠷ ᠵᠦᠢ᠍ᠯ  ᠲᠤᠰ ᠨᠠᠷᠢᠨ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠬᠠᠷᠢᠭᠤᠴᠠᠨ ᠲᠠᠢ᠌ᠯᠪᠤᠷᠢᠯᠠᠨ᠎ᠠ ᠃

ᠠᠷᠪᠠᠨ ᠨᠢᠭᠡᠳᠦᠭᠡᠷ ᠵᠦᠢ᠍ᠯ  ᠲᠤᠰ ᠨᠠᠷᠢᠨ ᠳᠦᠷᠢᠮ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠡᠨᠡᠬᠦ ᠬᠤᠭᠤᠴᠠᠭ᠋ᠠᠨ᠎ᠳᠤ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠲᠣᠬᠢᠶᠠᠯᠳᠤᠪᠠᠯ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃

ᠳᠠᠭ᠋ᠠᠯᠳᠤᠭᠤᠯᠤᠯ᠄ ᠬᠠᠭᠤᠴᠢᠨ ᠡᠵᠡᠩᠨᠡᠯᠲᠡ ᠵᠢᠨ ᠪᠠᠷᠠᠭ᠋ᠠᠨ᠎ᠤ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠡᠯᠡ ᠮᠥᠩᠭᠥ ᠭᠤᠶᠤᠴᠢᠯᠠᠬᠤ ᠬᠦᠰᠦᠨᠦᠭᠲᠦ docx

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            