《ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠵᠢᠨ ᠨᠢᠭᠡᠴᠢ ᠵᠢᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ ᠪᠠ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠶ ᠠᠵᠢᠯᠲᠠᠨ᠎ᠤ ᠠᠶᠦᠯᠬᠦᠢ ᠦᠢᠯᠡᠳᠪᠦᠷᠢᠯᠡᠯ᠎ᠢ ᠬᠢᠨᠠᠨ ᠰᠢᠯᠭ᠋ᠠᠬᠤ ᠬᠠᠮᠢᠶᠠᠷᠤᠯᠲᠠ ᠵᠢᠨ ᠠᠷᠭ᠎ᠠ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠵᠠᠷᠯᠢᠭ 2024 ᠣᠨ᠎ᠤ 2 ᠳ᠋ᠤᠭ᠋ᠠᠷ ᠲᠣᠭ᠋ᠠᠲᠤ) (ᠳᠣᠷᠣᠭᠰᠢ ᠬᠢᠨᠠᠨ ᠰᠢᠯᠭ᠋ᠠᠬᠤ ᠬᠠᠮᠢᠶᠠᠷᠤᠯᠲᠠ ᠵᠢᠨ ᠠᠷᠭ᠎ᠠ ᠭᠡᠵᠦ ᠲᠣᠪᠴᠢᠯᠠᠨ᠎ᠠ) ᠪᠠ 《ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ 〈ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠵᠢᠨ ᠨᠢᠭᠡᠴᠢ ᠵᠢᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ ᠪᠠ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠶ ᠠᠵᠢᠯᠲᠠᠨ᠎ᠤ ᠠᠶᠦᠯᠬᠦᠢ ᠦᠢᠯᠡᠳᠪᠦᠷᠢᠯᠡᠯ᠎ᠢ ᠬᠢᠨᠠᠨ ᠰᠢᠯᠭ᠋ᠠᠬᠤ ᠬᠠᠮᠢᠶᠠᠷᠤᠯᠲᠠ ᠵᠢᠨ ᠠᠷᠭ᠎ᠠ〉 ᠵᠢ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠠᠶᠦᠯᠬᠦᠢ ᠵᠢᠨ ᠬᠢᠨᠠᠯᠲᠠ [2024] 13 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ 2025 ᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠵᠢᠨ ᠨᠢᠭᠡᠴᠢ ᠵᠢᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ ᠪᠠ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠲᠤᠰᠬᠠᠶ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠵᠢᠯ᠎ᠢ ᠰᠠᠢ᠌ᠲᠤᠷ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠶᠦᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠡᠳᠦᠭᠡ ᠬᠣᠯᠪᠣᠭᠳᠠᠯ ᠪᠦᠬᠦᠢ ᠶᠠᠪᠤᠳᠠᠯ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠡᠲᠡᠭᠡᠳ
(ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠬᠢᠨᠠᠨ ᠣᠯᠭᠣᠭᠰᠠᠨ ᠬᠦᠴᠦᠨ ᠪᠦᠬᠦᠢ ᠬᠤᠭᠤᠴᠠᠭ᠋ᠠᠨ᠎ᠤ ᠳᠣᠲᠣᠷᠠᠬᠢ ᠵᠠᠰᠠᠮᠠᠯ ᠵᠠᠮ ᠤᠰᠤᠨ ᠲᠡᠭᠡᠭᠡᠪᠦᠷᠢ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠨ ᠪᠣᠯᠤᠨ ᠠᠶᠦᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠬᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠨᠡᠮᠯᠡᠯ᠎ᠲᠠᠢ ᠬᠥᠮᠦᠰ;
(ᠬᠣᠶᠠᠷ) ᠠᠶᠦᠯᠬᠦᠢ ᠦᠢᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠬᠢᠷᠢ ᠲᠡᠩᠴᠡᠭᠰᠡᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ ᠠᠶᠦᠯᠬᠦᠢ ᠦᠢᠯᠡᠳᠪᠦᠷᠢᠯᠡᠯ᠎ᠤᠨ ᠠᠵᠢᠯᠲᠠᠨ᠎ᠤ ᠠᠶᠦᠯᠬᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠯᠲᠠ ᠵᠢ ᠭᠤᠶᠤᠴᠢᠯᠠᠭ᠋ᠠᠳᠤᠶ ᠬᠥᠮᠦᠰ᠃
ᠬᠣᠶᠠᠷ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠷᠭ᠎ᠠ ᠮᠠᠶᠢᠭ
(ᠨᠢᠭᠡ) ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠠᠷᠭ᠎ᠠ ᠮᠠᠶᠢᠭ᠎ᠢ ᠬᠡᠷᠡᠭᠯᠡᠨ ᠥᠷᠨᠢᠭᠦᠯᠵᠦ᠂ ᠪᠣᠯᠪᠠᠰᠤᠷᠠᠭᠤᠯᠬᠤ ᠡᠲᠡᠭᠡᠳ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠰᠤᠷᠤᠯᠴᠠᠭᠰᠠᠨ᠎ᠤ ᠳᠠᠷᠠᠭ᠎ᠠ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠭᠡᠷᠡᠴᠢ᠎ᠪᠠᠨ ᠳᠠᠷᠤᠮᠠᠯᠯᠠᠵᠤ ᠪᠣᠯᠤᠨ᠎ᠠ᠃
(ᠬᠣᠶᠠᠷ) ᠪᠣᠯᠪᠠᠰᠤᠷᠠᠭᠤᠯᠬᠤ ᠰᠦᠯᠵᠢᠶᠡᠨ᠎ᠤ ᠬᠠᠶᠢᠭ᠄ https᠄ / / japx . hangxintong . cn᠃
ᠭᠤᠷᠪᠠ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠴᠠᠭ
2025 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 2026 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ᠂ ᠰᠤᠷᠤᠯᠴᠠᠯᠭ᠎ᠠ ᠳᠠᠭᠤᠰᠤᠭᠰᠠᠨ᠎ᠤ ᠳᠠᠷᠠᠭ᠎ᠠ᠂ ᠰᠤᠷᠤᠯᠴᠠᠬᠤ ᠴᠠᠭ᠎ᠤᠨ ᠲᠣᠭ᠎ᠠ ᠪᠠᠷᠢᠮᠲᠠ᠎ᠨᠢ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠢᠨᠵᠧᠨᠧᠷᠢᠩ᠎ᠤᠨ ᠪᠠᠷᠢᠯᠭ᠎ᠠ ᠵᠢᠨ ᠨᠢᠭᠡᠴᠢ ᠵᠢᠨ ᠠᠶᠦᠯᠬᠦᠢ ᠦᠢᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠦᠯᠬᠦᠢ ᠦᠢᠯᠡᠳᠪᠦᠷᠢᠯᠡᠯ᠎ᠤᠨ ᠬᠢᠨᠠᠨ ᠰᠢᠯᠭ᠋ᠠᠬᠤ ᠬᠠᠮᠢᠶᠠᠷᠤᠯᠲᠠ ᠵᠢᠨ ᠰᠢᠰᠲ᠋ᠧᠮ᠎ᠲᠠᠢ ᠠᠶᠠᠨᠳᠠᠭ᠋ᠠᠨ ᠢᠵᠢᠯ ᠠᠯᠬᠤᠮ ᠵᠶ᠋ᠠᠷ ᠶᠠᠪᠤᠭᠳᠠᠨ᠎ᠠ᠃
ᠳᠥᠷᠪᠡ᠂ ᠬᠠᠮᠢᠶ᠎ᠠ ᠪᠦᠬᠦᠢ ᠱᠠᠭ᠋ᠠᠷᠳᠠᠯᠭ᠎ᠠ
(ᠨᠢᠭᠡ) ᠪᠣᠯᠪᠠᠰᠤᠷᠠᠯ᠎ᠤᠨ ᠠᠭᠤᠯᠭ᠎ᠠ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠮᠡᠷᠭᠡᠵᠢᠯ᠎ᠤᠨ ᠵᠢᠷᠤᠮᠵᠢᠯ᠂ ᠠᠶᠦᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠪᠣᠯᠤᠨ ᠠᠶᠦᠯᠬᠦᠢ ᠦᠢ᠍ᠯᠡᠳᠪᠦᠷᠢᠯᠡᠯ᠎ᠤᠨ ᠮᠡᠷᠭᠡᠵᠢᠯ ᠵᠡᠷᠭᠡ ᠪᠠᠭᠲᠠᠨ᠎ᠠ᠃
(ᠬᠣᠶᠠᠷ) ᠪᠣᠯᠪᠠᠰᠤᠷᠠᠭᠤᠯᠬᠤ ᠡᠲᠡᠭᠡᠳ᠎ᠨᠢ ᠡᠷᠬᠡᠪᠰᠢ ᠦᠨᠡᠮᠯᠡᠯ᠎ᠤᠨ ᠬᠦᠷᠢᠶ᠎ᠡ ᠬᠡᠪᠴᠢᠶ᠎ᠡ ᠪᠣᠯᠤᠨ ᠠᠵᠢᠯ᠎ᠤᠨ ᠪᠠᠢ᠌ᠷᠢ ᠵᠢᠨ ᠲᠥᠷᠥᠯ ᠬᠡᠯᠪᠡᠷᠢ ᠶᠣᠰᠣᠭ᠋ᠠᠷ ᠬᠠᠷᠠᠭ᠋ᠠᠯᠵᠠᠭᠰᠠᠨ ᠬᠢᠴᠢᠶᠡᠯ᠎ᠤᠨ ᠰᠤᠷᠤᠯᠴᠠᠯᠭ᠎ᠠ ᠵᠢ ᠪᠡᠶᠡᠯᠡᠭᠦᠯᠵᠦ᠂ ᠵᠢᠯ ᠪᠦᠷᠢ 12 ᠬᠢᠴᠢᠶᠡᠯ᠎ᠤᠨ ᠴᠠᠭ᠎ᠠᠴᠠ ᠳᠤᠲᠠᠭᠤ ᠦᠭᠡᠶ ᠪᠠᠢ᠌ᠯᠭ᠋ᠠᠵᠤ᠂ ᠦᠷᠭᠦᠯᠵᠢᠯᠡᠭᠦᠯᠬᠦ ᠭᠤᠶᠤᠴᠢᠯᠠᠯ ᠵᠶ᠋ᠠᠨ ᠲᠤᠰᠢᠶᠠᠬᠤ ᠦᠶ᠎ᠡ᠎ᠳᠤ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠢ 36 ᠬᠢᠴᠢᠶᠡᠯ᠎ᠤᠨ ᠴᠠᠭ᠎ᠠᠴᠠ ᠳᠤᠲᠠᠭᠤ ᠪᠠᠢ᠌ᠯᠭ᠋ᠠᠬᠤ ᠦᠭᠡᠶ᠂ ᠣᠯᠠᠨ ᠦᠨᠡᠮᠯᠡᠯ᠎ᠲᠠᠢ ᠠᠶᠦᠯᠬᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠨᠢ ᠲᠤᠰ ᠲᠤᠰ ᠬᠠᠷᠠᠭ᠋ᠠᠯᠵᠠᠭᠰᠠᠨ ᠬᠦᠷᠢᠶ᠎ᠡ ᠬᠡᠪᠴᠢᠶ᠎ᠡ ᠪᠣᠯᠤᠨ ᠠᠵᠢᠯ᠎ᠤᠨ ᠪᠠᠢ᠌ᠷᠢ ᠵᠢᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠣᠷᠣᠯᠴᠠᠬᠤ ᠬᠡᠷᠡᠭᠲᠡᠶ᠃
ᠲᠠᠪᠤ᠂ ᠪᠤᠰᠤᠳ ᠵᠦᠢ᠍ᠯ
(ᠨᠢᠭᠡ) ᠵᠢᠯ ᠪᠦᠷᠢ ᠵᠢᠨ ᠲᠣᠭᠲᠠᠭᠰᠠᠨ ᠬᠢᠴᠢᠶᠡᠯᠯᠡᠬᠦ ᠴᠠᠭ᠎ᠤᠨ ᠦᠷᠭᠦᠯᠵᠢᠯᠡᠭᠰᠡᠨ ᠰᠤᠷᠭ᠋ᠠᠨ ᠬᠦᠮᠦᠵᠢᠯ᠎ᠢ ᠪᠡᠶᠡᠯᠡᠭᠦᠯᠬᠦ᠎ᠨᠢ ᠦᠨᠡᠮᠯᠡᠯ᠎ᠤᠨ ᠬᠤᠭᠤᠴᠠᠭ᠎ᠠ ᠵᠢ ᠦᠷᠭᠦᠯᠵᠢᠯᠡᠭᠦᠯᠬᠦ ᠵᠢᠨ ᠴᠢᠬᠤᠯᠠ ᠪᠦᠬᠦᠢ ᠨᠥᠬᠥᠴᠡᠯ᠎ᠤᠨ ᠨᠢᠭᠡ ᠪᠣᠯᠤᠨ᠎ᠠ᠂ ᠦᠷᠭᠦᠯᠵᠢᠯᠡᠭᠰᠡᠨ ᠰᠤᠷᠭ᠋ᠠᠨ ᠬᠦᠮᠦᠵᠢᠯ᠎ᠢ ᠱᠠᠭ᠋ᠠᠷᠳᠠᠯᠭ᠎ᠠ ᠶᠣᠰᠣᠭ᠋ᠠᠷ ᠪᠡᠶᠡᠯᠡᠭᠦᠯᠦᠭᠰᠡᠨ ᠦᠭᠡᠶ ᠪᠣᠯ ᠦᠨᠡᠮᠯᠡᠯ᠎ᠤᠨ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠦᠷᠭᠦᠯᠵᠢᠯᠡᠭᠦᠯᠬᠦ ᠦᠭᠡᠶ᠃
(ᠬᠣᠶᠠᠷ) ᠦᠷᠭᠦᠯᠵᠢᠯᠡᠭᠰᠡᠨ ᠰᠤᠷᠭ᠋ᠠᠨ ᠬᠦᠮᠦᠵᠢᠯ᠎ᠳᠤ ᠶᠠᠮᠠᠷ ᠴᠤ᠌ ᠰᠦᠢ᠍ᠳᠬᠡᠯ ᠬᠤᠷᠢᠶᠠᠬᠤ ᠦᠭᠡᠶ᠂ ᠪᠤᠰᠤᠳ ᠰᠠᠯᠠᠭ᠎ᠠ ᠮᠥᠴᠢᠷ᠂ ᠪᠠᠢ᠌ᠭᠤᠯᠤᠮᠵᠢ ᠵᠢᠨ ᠵᠣᠬᠢᠶᠠᠨ ᠪᠠᠢ᠌ᠭᠤᠯᠤᠭᠰᠠᠨ ᠡᠯ᠎ᠡ ᠲᠥᠷᠥᠯ᠎ᠤᠨ ᠪᠣᠯᠪᠠᠰᠤᠷᠠᠯ ᠴᠥᠮ ᠦᠷᠭᠦᠯᠵᠢᠯᠡᠭᠰᠡᠨ ᠰᠤᠷᠭ᠋ᠠᠨ ᠬᠦᠮᠦᠵᠢᠯ᠎ᠢ ᠣᠷᠣᠯᠠᠭᠤᠯᠵᠤ ᠪᠣᠯᠬᠤ ᠦᠭᠡᠶ᠃
(ᠭᠤᠷᠪᠠ) ᠡᠯ᠎ᠡ ᠭᠠᠵᠠᠷ ᠡᠯ᠎ᠡ ᠨᠢᠭᠡᠴᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰ ᠮᠡᠳᠡᠭᠳᠡᠯ᠎ᠢ ᠬᠠᠷᠢᠶ᠎ᠠ ᠣᠷᠣᠨ᠎ᠤ ᠳᠣᠲᠣᠷᠠᠬᠢ ᠪᠠ ᠬᠠᠷᠢᠶ᠎ᠠ ᠪᠤᠶ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠷᠢᠯᠭ᠎ᠠ ᠵᠢᠨ ᠠᠵᠤ ᠠᠬᠤᠢ᠌ᠯᠠᠯ᠎ᠳᠤ ᠳᠠᠷᠤᠢ᠌ᠬᠠᠨ ᠤᠯᠠᠮᠵᠢᠯᠠᠵᠤ᠂ ᠠᠵᠤ ᠠᠬᠤᠢ᠌ᠯᠠᠯ᠎ᠤᠨ ᠦᠨᠡᠮᠯᠡᠯ᠎ᠲᠠᠢ ᠬᠥᠮᠦᠰ᠎ᠢ ᠵᠢᠯᠣᠭᠣᠳᠤᠨ ᠰᠢᠮᠳᠠᠭᠤᠯᠵᠤ ᠪᠠᠢ᠌ᠭ᠋ᠠᠳ ᠲᠣᠭᠲᠠᠭᠰᠠᠨ ᠴᠠᠭ᠎ᠲᠤ ᠦᠷᠭᠦᠯᠵᠢᠯᠡᠭᠰᠡᠨ ᠰᠤᠷᠭ᠋ᠠᠨ ᠬᠦᠮᠦᠵᠢᠯ᠎ᠳᠤ ᠣᠷᠣᠯᠴᠠᠭᠤᠯᠬᠤ ᠬᠡᠷᠡᠭᠲᠡᠶ᠃
ᠬᠠᠷᠢᠯᠴᠠᠬᠤ ᠬᠥᠮᠦᠨ᠄ ᠹᠧᠩ ᠵᠢᠦᠢ ᠺᠠᠢ 0471 - 6551886; ᠶᠦᠨ ᠯᠢ ᠬᠤᠸᠠ 0471 - 6536743
ᠮᠡᠷᠭᠡᠵᠢᠯ᠎ᠤᠨ ᠦᠢᠯᠡᠴᠢᠯᠡᠭᠡᠨ᠎ᠤ ᠤᠲᠠᠰᠤ᠄ 0471 - 3134033
ᠮᠡᠷᠭᠡᠵᠢᠯ᠎ᠤᠨ ᠦᠢᠯᠡᠴᠢᠯᠡᠭᠡᠨ᠎ᠤ ᠬᠣᠶᠠᠷ ᠬᠡᠮᠵᠢᠯᠳᠦ ᠺᠣᠳ᠋᠄ ᠸᠢᠴᠠᠲ ᠵᠶ᠋ᠠᠷ ᠺᠣᠳ᠋ ᠰᠢᠷᠪᠢᠵᠦ ᠰᠢᠭᠤᠳ ᠠᠰᠠᠭᠤᠨ ᠯᠠᠪᠯᠠᠵᠤ ᠪᠣᠯᠤᠨ᠎ᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
2025 ᠣᠨ᠎ᠤ 10 ᠳ᠋ᠤᠭ᠋ᠠᠷ ᠰᠠᠷ᠎ᠠ ᠵᠢᠨ 11᠎ᠤ ᠡᠳᠦᠷ